ᠥᠪᠥᠷ ᠮᠣᠩᠭᠣᠯ 《ᠲᠤᠯᠠᠭᠠᠯᠠᠭ᠎ᠠ ᠵᠢᠨ ᠢᠨᠵᠧᠨᠧᠷᠢᠩ》 ᠢ᠋ ᠬᠥᠴᠤᠯᠠᠨ ᠠᠬᠢᠭᠤᠯᠵᠤ ᠲᠤᠭᠳᠠᠭᠰᠠᠨ ᠬᠤᠭᠤᠴᠠᠭᠠᠨ ᠳ᠋ᠤ ᠲᠤᠯᠠᠭᠠᠯᠠᠭ᠎ᠠ ᠬᠠᠩᠭᠠᠬᠤ᠎ᠶ᠋ᠢ ᠪᠠᠲᠤᠯᠠᠵᠤ ᠪᠤᠢ
2024-09-23 10:05:09
ᠵᠣᠬᠢᠶᠠᠭ᠍ᠴᠢ᠄
ᠢ ᠺᠸ ᠱᠢᠨ ᠱᠢᠤᠸᠠᠢ ᠯᠠᠢ ᠵᠧᠩ ᠱᠢᠤᠸᠠᠢ ᠯᠢᠶᠠᠩ ᠬᠤᠤ ᠪᠢᠶᠤᠤ ᠯᠢ ᠱᠢᠤᠸᠠᠢ ᠶᠣᠣ ᠭᠤᠤ ᠮᠢᠨ ᠨᠠ ᠭᠦᠸᠧ ᠴᠢ ᠨᠠᠨ ᠬᠤᠤ ᠱᠢᠤᠸᠠᠢ ᠯᠢᠶᠠᠨ ᠯᠢᠦ ᠬᠣᠩ ᠵᠠᠩ ᠵᠦ᠍ ᠶᠤᠸᠠᠨ ᠯᠢ ᠰᠦᠩ ᠠ ᠨᠠᠨ ᠱᠢᠤᠸᠠᠢ ᠢ ᠴᠢᠶᠦ᠋ᠨ ᠭᠦᠸᠧ ᠨᠠ
ᠣᠩᠱᠢᠭ᠍ᠰᠠᠨ ᠣᠳᠠᠭ᠎ᠠ᠄
★★★☆☆

 ᠡᠪᠦᠯ᠎ᠤᠨ ᠤᠯᠠᠷᠢᠯ ᠤᠢᠷᠠᠳᠬᠤ ᠳ᠋ᠤ᠂ ᠥᠪᠥᠷ ᠮᠣᠩᠭᠣᠯ᠎ᠤᠨ ᠡᠯ᠎ᠡ ᠭᠠᠵᠠᠷ᠎ᠤᠨ《ᠲᠤᠯᠠᠭᠠᠯᠠᠭ᠎ᠠ ᠵᠢᠨ ᠢᠨᠵᠧᠨᠧᠷᠢᠩ》 ᠴᠦ᠍ ᠰᠡᠬᠦᠯ ᠬᠤᠷᠢᠶᠠᠬᠤ ᠱᠠᠲᠤᠨ᠎ᠳᠤ ᠣᠷᠣᠵᠤ᠂ ᠡᠯ᠎ᠡ ᠪᠠᠷᠢᠯᠭ᠎ᠠ᠎ᠶ᠋ᠢᠨ ᠲᠤᠬᠠᠢ᠎ᠶ᠋ᠢᠨ ᠲᠠᠯᠠᠪᠠᠢ ᠳ᠋ᠤ ᠮᠠᠱᠢᠨ ᠮᠧᠬᠠᠨᠢᠭ ᠬᠦᠷᠴᠢᠭᠢᠨᠡᠵᠦ᠂ ᠪᠠᠷᠢᠯᠭ᠎ᠠ᠎ᠶ᠋ᠢᠨ ᠠᠵᠢᠯᠲᠠᠳ ᠠᠵᠢᠯ᠎ᠤᠨ ᠬᠤᠭᠤᠴᠠᠭ᠎ᠠ᠎ᠶ᠋ᠢ ᠠᠮᠵᠢᠵᠤ᠂ ᠶᠠᠰᠤ ᠴᠢᠨᠠᠷ᠎ᠢ ᠪᠠᠲᠤᠯᠠᠵᠤ᠂ ᠠᠬᠢᠴᠠ᠎ᠶ᠋ᠢ ᠱᠠᠯᠠᠪᠳᠠᠭᠤᠯᠵᠤ᠂ 《ᠲᠤᠯᠠᠭᠠᠯᠠᠭ᠎ᠠ ᠵᠢᠨ ᠢᠨᠵᠧᠨᠧᠷᠢᠩ》 ᠢ᠋ ᠨᠠᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠵᠤ᠂ ᠲᠣᠭ᠍ᠲᠠᠭ᠍ᠰᠠᠨ ᠬᠤᠭᠤᠴᠠᠭᠠᠨ᠎ᠳᠤ ᠲᠤᠯᠠᠭᠠᠯᠠᠬᠤ᠎ᠶ᠋ᠢ ᠪᠠᠲᠤᠯᠠᠬᠤ ᠪᠡᠷ  ᠴᠢᠷᠮᠠᠢᠵᠠᠭᠠᠵᠤ ᠪᠠᠢᠯ᠎ᠠ ᠃

9 ᠰᠠᠷ᠎ᠠ᠎ᠶ᠋ᠢᠨ 1 ᠎ᠤ᠋ ᠲᠡᠭ ᠴᠠᠭ᠎ᠲᠤ᠂ 《ᠭᠠᠯ ᠵᠢᠡᠨ ᠬᠦᠭᠵᠢᠭᠡ》 ᠭᠡᠰᠡᠨ ᠵᠠᠷᠯᠢᠭ ᠪᠠᠭᠤᠯᠭᠠᠬᠤ᠎ᠶ᠋ᠢ ᠲᠠᠭᠠᠯᠳᠤᠨ᠂ ᠡᠷᠭᠦᠨ᠎ᠡ ᠬᠤᠳᠠ᠎ᠶ᠋ᠢᠨ ᠬᠤᠳᠠ᠎ᠶ᠋ᠢᠨ ᠰᠠᠭᠤᠷᠢ ᠲᠥᠬᠥᠭᠡᠷᠦᠮᠵᠢ᠎ᠶ᠋ᠢᠨ ᠡᠵᠡᠩᠨᠡᠯᠲᠡ᠎ᠶ᠋ᠢᠨ ᠪᠦᠯᠦᠭ᠌ᠯᠡᠯ ᠺᠣᠮᠫᠠᠨᠢ᠎ᠶ᠋ᠢᠨ ᠢᠯᠴᠢ ᠴᠠᠬᠢᠯᠭᠠᠨ᠎ᠤ ᠦᠢᠯᠡᠳᠪᠦᠷᠢ᠎ᠶ᠋ᠢᠨ ᠳᠣᠲᠣᠷᠠᠬᠢ ᠭᠣᠣᠯ ᠵᠤᠤᠬ᠎ᠠ ᠬᠦᠷᠴᠢᠭᠢᠨᠡᠵᠦ᠍᠂ ᠵᠢᠩᠬᠢᠨᠢ᠎ᠪᠡᠷ ᠠᠵᠢᠯ᠎ᠢᠶᠠᠨ ᠰᠡᠷᠭᠦᠭᠡᠵᠦ᠍ ᠠᠵᠢᠯᠯᠡᠪᠡ᠃ ᠥᠪᠡᠷᠲᠡᠭᠡᠨ ᠵᠠᠰᠠᠬᠤ ᠣᠷᠣᠨ᠎ᠤ ᠥᠷᠭᠡᠷᠢᠭ᠎ᠢᠶᠡᠷ ᠬᠠᠮᠤᠭ᠎ᠤᠨ ᠥᠨᠳᠥᠷ ᠱᠢᠶᠠᠨ᠎ᠤ ᠲᠠᠰ ᠎ᠤᠨ  ᠬᠣᠲᠠ᠎ᠶ᠋ᠢᠨ ᠨᠢᠭᠡ ᠪᠣᠯᠤᠭ᠍ᠰᠠᠨ᠎ᠤ ᠬᠤᠪᠢ᠎ᠳᠤ᠂ ᠡᠷᠭᠦᠨ᠎ᠡ ᠬᠣᠲᠠ᠎ᠶ᠋ᠢᠨ ᠳᠤᠯᠠᠭᠠᠯᠠᠭ᠎ᠠ᠎ᠶ᠋ᠢᠨ ᠬᠤᠭᠤᠴᠠᠭ᠎ᠠ 9 ᠰᠠᠷ᠎ᠠ ᠦᠷᠭᠦᠯᠵᠢᠯᠡᠬᠥ ᠪᠤᠯᠤᠨ᠎ᠠ᠃ ᠢᠯᠴᠢ ᠬᠠᠩᠭᠠᠬᠤ ᠴᠢᠳᠠᠪᠤᠷᠢ᠎ᠶ᠋ᠢ ᠴᠢᠩᠭᠠᠳᠭᠠᠬᠤ᠎ᠶ᠋ᠢᠨ ᠲᠥᠯᠥᠭᠡ᠂ 2024 ᠣᠨ᠎ᠳᠤ 3.6 ᠳ᠋ᠦᠩᠱᠢᠭᠤᠷ ᠲᠥᠭᠥᠷᠢᠭ᠎ᠦᠨ ᠪᠠᠯᠠ ᠣᠷᠣᠭᠤᠯᠤᠨ ᠬᠠᠭᠤᠴᠢᠨ ᠰᠠᠭᠤᠭᠠᠯᠢ ᠲᠣᠭᠣᠷᠢᠭ᠎ᠤᠨ ᠳᠤᠯᠠᠭᠠᠯᠠᠭ᠎ᠠ᠎ᠶ᠋ᠢᠨ ᠥᠭᠡᠷᠡᠴᠢᠯᠡᠯᠲᠡ ᠵᠡᠷᠭᠡ ᠲᠥᠷᠥᠯ ᠵᠦᠶ᠋ᠯ᠎ᠳᠦ ᠬᠡᠷᠡᠭ᠌ᠯᠡᠵᠦ᠍᠂ 17 ᠰᠠᠭᠤᠭᠠᠯᠢ ᠲᠣᠭᠣᠷᠢᠭ᠎ᠲᠤ ᠠᠱᠢᠭ ᠬᠦᠷᠲᠡᠭᠡᠪᠡ᠃

ᠡᠨᠡ ᠵᠢᠯ ᠬᠥᠯᠥᠨ ᠪᠣᠢᠷ ᠬᠣᠲᠠ᠎ᠶ᠋ᠢᠨ 《ᠲᠤᠯᠠᠭᠠᠯᠠᠭ᠎ᠠ ᠵᠢᠨ ᠢᠨᠵᠧᠨᠧᠷᠢᠩ》 41 ᠲᠥᠷᠥᠯ ᠵᠦᠶ᠋ᠯ᠎ᠢ ᠬᠡᠷᠡᠭ᠌ᠵᠢᠭᠦᠯᠬᠦ᠌᠎ᠪᠡᠷ ᠲᠥᠯᠥᠪᠯᠡᠵᠦ᠍᠂ ᠶᠡᠷᠦᠩᠬᠡᠶ ᠪᠠᠯᠠ ᠣᠷᠣᠭᠤᠯᠤᠯᠲᠠ᠎ᠨᠢ 16.83 ᠳ᠋ᠦᠩᠱᠢᠭᠤᠷ ᠲᠥᠭᠥᠷᠢᠭ᠎ᠲᠦ ᠬᠦᠷᠴᠦ᠍᠂ 9 ᠰᠠᠷ᠎ᠠ᠎ᠶ᠋ᠢᠨ 15 ᠎ᠤ᠋ ᠡᠳᠦᠷ ᠪᠦᠬᠦᠨ᠎ᠢ ᠳᠠᠭᠤᠰᠭᠠᠪᠠ ᠃

ᠣᠢᠷ᠎ᠠ᠎ᠶ᠋ᠢᠨ ᠡᠳᠦᠷ᠎ᠦᠳ᠎ᠲᠦ᠂ ᠪᠠᠶᠠᠨᠨᠠᠭᠤᠷ ᠬᠣᠲᠠ ᠴᠠᠭ᠎ᠢ ᠠᠮᠵᠢᠨ ᠠᠬᠢᠴᠠ᠎ᠶ᠋ᠢ ᠱᠠᠯᠠᠪᠳᠠᠭᠤᠯᠵᠤ᠂ 《 ᠲᠤᠯᠠᠭᠠᠯᠠᠭ᠎ᠠ ᠵᠢᠨ ᠢᠨᠵᠧᠨᠧᠷᠢᠩ 》 ᠤ᠋ᠨ ᠲᠥᠷᠥᠯ ᠵᠦᠶ᠋ᠯ᠎ᠦᠨ ᠪᠥᠲᠥᠭᠡᠨ ᠪᠠᠢᠭᠤᠯᠤᠯᠲᠠ᠎ᠶ᠋ᠢ ᠢᠳᠡᠪᠬᠢᠲᠡᠶ ᠠᠬᠢᠭᠤᠯᠤᠭᠰᠠᠨ ᠪᠠᠢᠨ᠎ᠠ᠃ ᠡᠨᠡ ᠵᠢᠯ ᠪᠠᠶᠠᠨᠨᠠᠭᠤᠷ ᠬᠣᠲᠠ 7 ᠬᠣᠱᠢᠭᠤ ᠱᠢᠶᠠᠨ ᠲᠣᠭᠣᠷᠢᠭ᠎ᠲᠤ 《ᠲᠤᠯᠠᠭᠠᠯᠠᠭ᠎ᠠ ᠵᠢᠨ ᠢᠨᠵᠧᠨᠧᠷᠢᠩ》 ᠢ᠋ ᠬᠡᠷᠡᠭ᠌ᠵᠢᠭᠦᠯᠵᠦ᠍᠂ ᠨᠡᠢᠲᠡ 6.78 ᠳ᠋ᠦᠩᠱᠢᠭᠤᠷ ᠲᠥᠭᠥᠷᠢᠭ᠎ᠦᠨ ᠪᠠᠯᠠ ᠣᠷᠣᠭᠤᠯᠪᠠ᠃ ᠣᠳᠣᠬᠠᠨ᠎ᠳᠤ ᠤᠷᠠᠳ᠎ᠤᠨ ᠬᠣᠢᠲᠤ ᠬᠣᠱᠢᠭᠤᠨ᠎ᠤ 《ᠲᠤᠯᠠᠭᠠᠯᠠᠭ᠎ᠠ ᠵᠢᠨ ᠢᠨᠵᠧᠨᠧᠷᠢᠩ》 ᠨᠢᠭᠡᠨᠲᠡ ᠪᠠᠷᠢᠯᠭ᠎ᠠ ᠵᠢᠨ ᠠᠵᠢᠯ᠎ᠢ ᠳᠠᠭᠤᠰᠬᠠᠵᠤ᠌᠂ ᠪᠤᠰᠤᠳ ᠬᠣᠱᠢᠭᠤ ᠱᠢᠶᠠᠨ ᠲᠣᠭᠣᠷᠢᠭ᠎ᠤᠨ  《ᠲᠤᠯᠠᠭᠠᠯᠠᠭ᠎ᠠ ᠵᠢᠨ ᠢᠨᠵᠧᠨᠧᠷᠢᠩ》 ᠨᠢᠭᠡᠨᠲᠡ 95%  ᠵᠢᠨ ᠠᠵᠢᠯ᠎ᠢᠶᠡᠨ ᠪᠡᠶᠡᠯᠡᠭᠦᠯᠵᠦ᠍᠂ ᠵᠢᠱ᠌ᠢᠯᠲᠡ᠎ᠪᠡᠷ 10 ᠰᠠᠷ᠎ᠠ᠎ᠶ᠋ᠢᠨ ᠡᠬᠢ᠎ᠪᠡᠷ ᠪᠦᠬᠦᠨ᠎ᠢ ᠪᠠᠷᠢᠯᠭ᠎ᠠ ᠳᠠᠭᠤᠰᠭᠠᠵᠤ᠂ ᠪᠥᠬᠥ᠌ ᠬᠣᠲᠠ᠎ᠶ᠋ᠢᠨ ᠰᠠᠭᠤᠭᠠᠯᠢ ᠠᠷᠠᠳ᠎ᠤᠨ ᠬᠠᠯᠠᠭᠤᠨ ᠳᠤᠯᠠᠭᠠᠨ ᠡᠪᠦᠯᠵᠢᠬᠦ᠌᠎ᠶ᠋ᠢ ᠴᠠᠭ ᠲᠤᠬᠠᠶ᠎ᠳᠤᠨᠢ ᠪᠠᠲᠤᠯᠠᠬᠤ ᠪᠣᠯᠤᠨ᠎ᠠ᠃

9 ᠰᠠᠷ᠎ᠠ᠎ᠶ᠋ᠢᠨ 5 ᠎ᠤ᠋ ᠡᠳᠦᠷ᠂ ᠬᠥᠬᠡᠬᠣᠲᠠ᠎ᠶ᠋ᠢᠨ ᠬᠢᠩᠭᠠᠨ ᠡᠮᠦᠨ᠎ᠡ ᠵᠠᠮ᠎ᠤᠨ 《ᠲᠤᠯᠠᠭᠠᠯᠠᠭ᠎ᠠ ᠵᠢᠨ ᠢᠨᠵᠧᠨᠧᠷᠢᠩ》 ᠤ᠋ᠨ ᠪᠠᠷᠢᠯᠭ᠎ᠠ᠎ᠶ᠋ᠢᠨ ᠲᠤᠬᠠᠢ᠎ᠶ᠋ᠢᠨ ᠲᠠᠯᠠᠪᠠᠢ᠎ᠳᠤ᠂ ᠵᠠᠮ᠎ᠤᠨ ᠪᠠᠷᠠᠭᠤᠨ ᠲᠠᠯ᠎ᠠ᠎ᠶ᠋ᠢᠨ ᠭᠤᠤ ᠰᠤᠪᠠᠭ᠎ᠢ ᠨᠢᠭᠡᠨᠲᠡ ᠮᠠᠯᠲᠠᠵᠤ᠂ ᠪᠠᠷᠢᠯᠭ᠎ᠠ᠎ᠶ᠋ᠢᠨ ᠠᠵᠢᠯᠲᠠᠳ ᠶᠠᠭ ᠬᠣᠭᠣᠯᠠᠢ᠎ᠶ᠋ᠢ ᠭᠠᠩᠨᠠᠨ ᠵᠠᠯᠭᠠᠵᠤ ᠪᠠᠢᠪᠠ᠃ ᠬᠢᠩᠭᠠᠨ ᠵᠠᠮ ᠎ᠤᠨ《ᠲᠤᠯᠠᠭᠠᠯᠠᠭ᠎ᠠ ᠵᠢᠨ ᠢᠨᠵᠧᠨᠧᠷᠢᠩ》 ᠤ᠋ᠨ ᠲᠥᠷᠥᠯ ᠵᠦᠶ᠋ᠯ ᠳᠠᠭᠤᠰᠤᠭ᠍ᠰᠠᠨ᠎ᠤ ᠳᠠᠷᠠᠭ᠎ᠠ ᠭᠤᠸᠠᠩ ᠬᠤᠸᠠ ᠵᠡᠭᠡᠯᠢ᠎ᠶ᠋ᠢᠨ ᠴᠠᠬᠢᠯᠭᠠᠨ ᠮᠠᠱᠢᠨ᠎ᠤ ᠪᠠᠭ᠎ᠠ ᠲᠣᠭᠣᠷᠢᠭ ᠵᠢᠴᠢ ᠬᠢᠩᠭᠠᠨ ᠵᠠᠮ ᠳᠠᠭᠠᠤ᠎ᠶ᠋ᠢᠨ ᠢᠯᠴᠢ ᠬᠠᠩᠭᠠᠬᠤ ᠲᠠᠯᠠᠪᠠᠶ᠎ᠶ᠋ᠢᠨ ᠣᠷᠣᠨ ᠪᠦᠰᠡ᠎ᠶ᠋ᠢ ᠪᠦᠬᠦᠨ᠎ᠢ ᠲᠥᠪᠯᠡᠷᠡᠭᠦᠯᠦᠨ ᠢᠯᠴᠢ ᠬᠠᠩᠭᠠᠬᠤ ᠬᠣᠭᠣᠯᠠᠶ᠎ᠳᠤ ᠵᠠᠯᠭᠠᠵᠤ ᠣᠷᠣᠭᠤᠯᠤᠨ᠂ ᠲᠠᠷᠠᠭᠠᠴᠢ᠎ᠶ᠋ᠢᠨ ᠠᠯᠬᠤᠮ᠎ᠳᠤ ᠳ᠋ᠠ ᠲᠠᠩ᠎ᠤᠨ ᠲᠠᠮᠵᠢᠭᠤᠯᠬᠤ ᠬᠤᠭᠤᠯᠠᠢ ᠳ᠋ᠤ ᠢᠯᠴᠢ ᠬᠠᠩᠭᠠᠬᠤ ᠬᠣᠭᠣᠯᠠᠶ᠎ᠶ᠋ᠢ ᠵᠠᠯᠭᠠᠵᠤ ᠣᠷᠣᠭᠤᠯᠬᠤ᠎ᠳᠤ ᠨᠥᠬᠥᠴᠡᠯ ᠪᠦᠷᠢᠯᠳᠦᠭᠦᠯᠵᠦ᠍ ᠥᠭ᠌ᠭᠦᠨ᠎ᠡ᠃

ᠲᠠᠨᠢᠯᠴᠠᠭᠤᠯᠤᠭ᠍ᠰᠠᠨ᠎ᠢᠶᠠᠷ᠂ ᠬᠥᠬᠡᠬᠣᠲᠠ ᠡᠨᠡ ᠵᠢᠯ 《ᠲᠤᠯᠠᠭᠠᠯᠠᠭ᠎ᠠ ᠵᠢᠨ ᠢᠨᠵᠧᠨᠧᠷᠢᠩ》ᠤ᠋ᠨ 62 ᠲᠦᠷᠦᠯ ᠵᠦᠢᠯ᠎ᠢ ᠬᠡᠷᠡᠭ᠌ᠵᠢᠭᠦᠯᠬᠦ᠌᠎ᠪᠡᠷ ᠲᠥᠯᠥᠪᠯᠡᠵᠦ᠍᠂ ᠢᠯᠴᠢ᠎ᠶ᠋ᠢᠨ ᠰᠤᠷᠪᠤᠯᠵᠢ᠂ ᠢᠯᠴᠢ᠎ᠶ᠋ᠢᠨ ᠲᠣᠣᠷ᠂ ᠢᠯᠴᠢ᠎ᠶ᠋ᠢᠨ ᠬᠡᠷᠡᠭ᠌ᠯᠡᠭ᠌ᠴᠢ᠎ᠶ᠋ᠢᠨ ᠲᠠᠯ᠎ᠠ᠎ᠪᠠᠷ ᠵᠡᠷᠭᠡ᠎ᠳᠤᠨᠢ  ᠬᠦᠴᠦᠯᠡᠵᠦ᠍᠂ ᠣᠳᠣᠬᠠᠨ᠎ᠳᠤ ᠡᠯ᠎ᠡ ᠲᠦᠷᠦᠯ ᠵᠦᠢᠯ᠎ᠢ ᠲᠦᠷᠭᠡᠨ ᠠᠬᠢᠭᠤᠯᠵᠤ ᠪᠠᠢᠨ᠎ᠠ᠃

ᠦᠬᠠᠢ ᠬᠤᠲᠠ᠎ᠶ᠋ᠢᠨ ᠬᠠᠢ᠌ᠷᠤᠪ᠎ᠤᠨ ᠲᠤᠬᠤᠢ ᠲᠣᠭᠣᠷᠢᠭ᠎ᠤᠨ ᠬᠤᠢᠳᠤ ᠬᠡᠰᠡᠭ᠎ᠦᠨ ᠪᠠᠴᠢᠮ ᠪᠠᠢᠳᠠᠯ᠎ᠢ ᠠᠷᠭᠠᠴᠡᠭᠠᠬᠤ ᠱᠢᠲᠠᠮᠠᠬᠠᠢ ᠬᠡᠢ᠎ᠶ᠋ᠢᠨ ᠵᠤᠤᠬ᠎ᠠ ᠵᠢᠨ ᠲᠦᠷᠦᠯ ᠵᠦᠢᠯ ᠪᠣᠯ ᠦᠬᠠᠢ ᠬᠤᠲᠠ᠎ᠶ᠋ᠢᠨ 《ᠳᠤᠯᠠᠭᠠᠯᠠᠭ᠎ᠠ ᠵᠢᠨ ᠢᠨᠵᠧᠨᠧᠷᠢᠩ》 ᠤ᠋ᠨ ᠭᠣᠣᠯᠳᠠᠯᠭ᠎ᠠ᠎ᠲᠠᠶ ᠲᠦᠷᠦᠯ ᠵᠦᠢᠯ᠎ᠦᠨ ᠨᠢᠭᠡ ᠪᠣᠯᠤᠨ᠎ᠠ᠃ 9 ᠰᠠᠷ᠎ᠠ᠎ᠶ᠋ᠢᠨ 8 ᠤ᠋ ᠡᠳᠦᠷ᠂ ᠲᠥᠷᠥᠯ ᠵᠦᠶ᠋ᠯ᠎ᠦᠨ ᠪᠥᠲᠥᠭᠡᠨ ᠪᠠᠢᠭᠤᠯᠤᠯᠲᠠ᠎ᠶ᠋ᠢᠨ ᠠᠬᠤᠶ ᠲᠠᠯᠠᠪᠠᠶ᠎ᠳᠤ ᠮᠠᠱᠢᠨ ᠲᠡᠷᠭᠡ ᠬᠦᠷᠴᠢᠭᠢᠨᠡᠨ ᠰᠦᠯᠵᠢᠯᠳᠦᠵᠦ᠍᠂ ᠠᠵᠢᠯᠴᠢᠳ ᠲᠣᠰ ᠲᠣᠰ᠎ᠤᠨ ᠠᠵᠢᠯ ᠵᠢᠡᠨ ᠱᠠᠯᠠᠪᠳᠠᠨ ᠬᠢᠵᠦ ᠪᠠᠢᠪᠠ᠃ ᠦᠬᠠᠢ ᠬᠤᠲᠠ᠎ᠶ᠋ᠢᠨ 《ᠳᠤᠯᠠᠭᠠᠯᠠᠭ᠎ᠠ ᠵᠢᠨ ᠢᠨᠵᠧᠨᠧᠷᠢᠩ》 ᠤ᠋ᠨ 18 ᠲᠦᠷᠦᠯ ᠵᠦᠢᠯ ᠪᠦᠬᠦᠨ᠎ᠢᠶᠡᠷ᠎ᠢᠶᠡᠨ ᠠᠵᠢᠯ ᠡᠬᠢᠯᠡᠵᠦ᠍᠂ ᠨᠢᠭᠡᠨᠲᠡ 68.7 ᠺᠢᠯᠤᠮᠸᠲᠷ ᠬᠣᠭᠣᠯᠠᠢ ᠲᠣᠣᠷ᠎ᠤᠨ ᠥᠭᠡᠷᠡᠴᠢᠯᠡᠯᠲᠡ᠎ᠶ᠋ᠢ ᠬᠡᠷᠡᠭ᠌ᠵᠢᠭᠦᠯᠵᠦ᠍᠂ 210 ᠢᠯᠴᠢ ᠰᠣᠯᠢᠬᠤ ᠦᠷᠲᠡᠭᠡ᠎ᠶ᠋ᠢ ᠪᠠᠢᠭᠤᠯᠤᠭᠰᠠᠨ ᠪᠤᠶᠤ ᠥᠭᠡᠷᠡᠴᠢᠯᠡᠨ ᠵᠠᠰᠠᠵᠤ᠂ 583 ᠲᠥᠬᠥᠭᠡᠷᠦᠮᠵᠢ ᠵᠢ ᠰᠣᠯᠢᠵᠤ᠂ 4 ᠢᠯᠴᠢ ᠬᠠᠩᠭᠠᠬᠤ ᠣᠶᠤᠨᠴᠢ ᠲᠠᠪᠴᠠᠩ ᠢ᠋ ᠶᠠᠭ ᠲᠡᠰ ᠳᠡᠪᠱᠢᠭᠦᠯᠵᠦ᠍ ᠪᠤᠢ᠃

9 ᠰᠠᠷ᠎ᠠ᠎ᠶ᠋ᠢᠨ 9 ᠤ᠋ ᠡᠳᠦᠷ᠂ ᠤᠯᠠᠭᠠᠨᠬᠠᠳᠠ ᠬᠣᠲᠠ᠎ᠶ᠋ᠢᠨ ᠰᠦᠩᠱᠠᠨ ᠲᠣᠭᠣᠷᠢᠭ᠎ᠤᠨ 《ᠳᠤᠯᠠᠭᠠᠯᠠᠭ᠎ᠠ ᠵᠢᠨ ᠢᠨᠵᠧᠨᠧᠷᠢᠩ》 ᠤ᠋ᠨ ᠨᠢᠭᠡᠳᠦᠭᠡᠷ ᠳᠡᠰ᠎ᠤᠨ ᠬᠣᠭᠣᠯᠠᠶ ᠲᠤᠤᠷ᠎ᠢ ᠥᠭᠡᠷᠡᠴᠢᠯᠡᠨ ᠵᠠᠰᠠᠬᠤ ᠢᠨᠵᠧᠨᠧᠷᠢᠩ᠎ᠦᠨ ᠱᠢᠨ ᠬᠣᠶ ᠵᠠᠮ᠎ᠤᠨ ᠪᠠᠷᠢᠯᠭ᠎ᠠ᠎ᠶ᠋ᠢᠨ ᠲᠤᠬᠠᠶ᠎ᠶ᠋ᠢᠨ ᠲᠠᠯᠠᠪᠠᠶ᠎ᠳᠤ᠂ ᠮᠠᠱᠢᠨ ᠮᠸᠬᠠᠨᠢᠭ ᠪᠥᠬᠥ᠌ ᠬᠦᠴᠦ᠍ᠨ᠎ᠵᠢᠡᠷ ᠎ᠢᠶᠡᠨ ᠠᠵᠢᠯᠯᠠᠵᠤ᠂ ᠪᠠᠷᠢᠯᠭ᠎ᠠ᠎ᠶ᠋ᠢᠨ ᠠᠵᠢᠯᠲᠠᠳ ᠭᠤᠤ ᠰᠤᠪᠠᠭ ᠮᠠᠯᠲᠠᠬᠤ ᠵᠢᠨ ᠬᠠᠮᠳᠤ ᠬᠣᠭᠣᠯᠠᠶ ᠵᠢ ᠭᠠᠩᠨᠠᠨ ᠵᠠᠯᠭᠠᠵᠤ᠂ ᠲᠤᠬᠠᠶ᠎ᠶ᠋ᠢᠨ ᠲᠠᠯᠠᠪᠠᠶ ᠳ᠋ᠤ ᠲᠦᠢᠯ ᠤ᠋ᠨ ᠶᠠᠭᠠᠷᠠᠯᠳᠠᠢ ᠪᠠᠢᠯ᠎ᠠ᠃ 2024 ᠣᠨ᠎ᠳᠤ ᠤᠯᠠᠭᠠᠨᠬᠠᠳᠠ ᠬᠣᠲᠠ 《ᠳᠤᠯᠠᠭᠠᠯᠠᠭ᠎ᠠ ᠵᠢᠨ ᠢᠨᠵᠧᠨᠧᠷᠢᠩ》 ᠤ᠋ᠨ ᠲᠥᠷᠥᠯ ᠵᠦᠶ᠋ᠯ᠎ᠢ 63 ᠬᠡᠷᠡᠭ᠌ᠵᠢᠭᠦᠯᠬᠦ᠌᠎ᠪᠡᠷ ᠲᠥᠯᠥᠪᠯᠡᠵᠦ᠍᠂ ᠶᠡᠷᠦᠩᠬᠡᠶ ᠪᠠᠯᠠ ᠣᠷᠣᠭᠤᠯᠤᠯᠲᠠ᠎ᠨᠢ 15.08 ᠳ᠋ᠦᠩᠱᠢᠭᠤᠷ ᠲᠥᠭᠥᠷᠢᠭ᠎ᠲᠦ ᠬᠦᠷᠴᠦ᠍᠂ ᠭᠤᠤᠯ ᠪᠥᠲᠥᠭᠡᠨ ᠪᠠᠢᠭᠤᠯᠤᠯᠲᠠ᠎ᠶ᠋ᠢᠨ ᠠᠭᠤᠯᠭ᠎ᠠ᠎ᠳᠤ 2 ᠰᠠᠭᠤᠷᠢ ᠢᠯᠴᠢ ᠡᠭᠦᠰᠭᠡᠭ᠌ᠴᠢ᠂ 1100 ᠺᠢᠯᠣᠮᠧᠲ᠋ᠷ᠎ᠦᠨ ᠡᠯ᠎ᠡ ᠲᠥᠷᠥᠯ᠎ᠦᠨ ᠢᠯᠴᠢ ᠬᠠᠩᠭᠠᠬᠤ ᠬᠣᠭᠣᠯᠠᠶ ᠲᠤᠤᠷ᠂ 351 ᠰᠠᠭᠤᠷᠢ ᠢᠯᠴᠢ ᠰᠣᠯᠢᠬᠤ ᠥᠷᠲᠡᠭᠡ᠎ᠶ᠋ᠢ ᠱᠢᠨ᠎ᠡ᠎ᠪᠡᠷ ᠪᠠᠢᠭᠤᠯᠬᠤ ᠪᠤᠶᠤ ᠥᠭᠡᠷᠡᠴᠢᠯᠡᠨ ᠵᠠᠰᠠᠵᠤ᠂ 3200 ᠲᠦᠮᠡᠨ ᠲᠡᠭ᠌ᠰᠢ ᠳᠥᠷᠪᠡᠯᠵᠢᠨ ᠮᠧᠲ᠋ᠷ ᠲᠠᠯᠠᠪᠠᠶ᠎ᠲᠠᠶ ᠬᠣᠯᠪᠣᠭ᠍ᠳᠠᠨ᠎ᠠ᠃ ᠣᠳᠣᠬᠠᠨ ᠪᠣᠯᠲᠠᠯ᠎ᠠ ᠨᠢᠭᠡᠨᠲᠡ 10 .1 ᠳ᠋ᠦᠩᠱᠢᠭᠤᠷ ᠲᠥᠭᠥᠷᠢᠭ᠎ᠦᠨ ᠪᠡᠯᠡ ᠣᠷᠣᠭᠤᠯᠤᠯᠲᠠ᠎ᠶ᠋ᠢ ᠪᠡᠶᠡᠯᠡᠭᠦᠯᠵᠦ᠍᠂ 11 ᠲᠥᠷᠥᠯ ᠵᠦᠢᠯ᠎ᠦᠨ ᠪᠦᠲᠦᠭᠡᠨ ᠪᠠᠢᠭᠤᠯᠤᠯᠲᠠ᠎ᠶ᠋ᠢ ᠪᠡᠶᠡᠯᠡᠭᠦᠯᠪᠡ᠃

ᠬᠢᠩᠭᠠᠨ ᠠᠢᠮᠠᠭ᠎ᠤᠨ ᠤᠯᠠᠭᠠᠨᠬᠣᠲᠠ᠎ᠶ᠋ᠢᠨ ᠲᠡᠮᠦᠷ ᠵᠠᠮ᠎ᠤᠨ ᠰᠠᠭᠤᠭᠠᠯᠢ ᠠᠷᠠᠳ᠎ᠤᠨ ᠲᠣᠭᠣᠷᠢᠭ᠎ᠲᠤ᠂ ᠬᠤᠸᠠ ᠨᠸᠩ ᠪᠦᠯᠦᠭ᠌ᠯᠡᠯ᠎ᠦᠨ ᠤᠮᠠᠷᠠᠲᠤ᠎ᠶ᠋ᠢᠨ ᠴᠠᠬᠢᠯᠭᠠᠨ ᠬᠦᠴᠦᠨ᠎ᠦ ᠺᠤᠮᠫᠠᠨᠢ ᠵᠢᠨ ᠬᠢᠩᠭᠠᠨ ᠠᠢᠮᠠᠭ᠎ᠤᠨ ᠢᠯᠴᠢ᠎ᠶ᠋ᠢᠨ ᠴᠠᠬᠢᠯᠭᠠᠨ᠎ᠤ ᠬᠢᠵᠠᠭᠠᠷᠲᠤ ᠺᠣᠮᠫᠠᠨᠢ᠎ᠶ᠋ᠢᠨ ᠬᠣᠭᠣᠯᠠᠢ ᠲᠣᠣᠷ᠎ᠢ ᠥᠭᠡᠷᠡᠴᠢᠯᠡᠨ ᠵᠠᠰᠠᠬᠤ ᠠᠵᠢᠯ ᠢᠳᠡ ᠬᠦᠭ᠎ᠲᠡᠶ ᠶᠠᠪᠤᠭ᠍ᠳᠠᠵᠤ ᠪᠠᠢᠯ᠎ᠠ᠃ 2024 ᠣᠨ᠎ᠳᠤ ᠬᠢᠩᠭᠠᠨ ᠠᠢᠮᠠᠭ ᠨᠡᠢᠲᠡ 31 《ᠳᠤᠯᠠᠭᠠᠯᠠᠭ᠎ᠠ ᠵᠢᠨ ᠢᠨᠵᠧᠨᠧᠷᠢᠩ》 ᠤ᠋ᠨ ᠲᠥᠷᠥᠯ ᠵᠦᠶ᠋ᠯ᠎ᠢ ᠲᠥᠯᠥᠪᠵᠢᠭᠦᠯᠵᠦ᠍᠂ ᠨᠡᠢᠲᠡ 15 ᠳ᠋ᠦᠩᠱᠢᠭᠤᠷ ᠲᠥᠭᠥᠷᠢᠭ᠎ᠦᠨ ᠪᠠᠯᠠ ᠣᠷᠣᠭᠤᠯᠬᠤ᠎ᠪᠠᠷ ᠲᠥᠯᠥᠪᠯᠡᠭᠰᠡᠨ ᠪᠠᠢᠨ᠎ᠠ᠃ 8 ᠰᠠᠷ᠎ᠠ᠎ᠶ᠋ᠢᠨ ᠡᠴᠦᠰ ᠪᠣᠯᠲᠠᠯ᠎ᠠ ᠪᠥᠬᠥ᠌ ᠠᠢᠮᠠᠭ᠎ᠲᠤ ᠨᠢᠭᠡᠨᠲᠡ 6.66 ᠺᠢᠯᠣᠮᠧᠲ᠋ᠷ᠎ᠦᠨ ᠬᠤᠯᠪᠤᠯᠳᠤᠨ ᠨᠡᠪᠳᠡᠷᠡᠯᠴᠡᠬᠦ᠌ ᠨᠢᠭᠡᠳᠦᠭᠡᠷ ᠳᠡᠰ᠎ᠤᠨ ᠬᠣᠭᠣᠯᠠᠶ ᠲᠤᠤᠷ᠎ᠢ ᠱᠢᠨ᠎ᠡ᠎ᠪᠡᠷ ᠪᠠᠢᠭᠤᠯᠤᠭ᠍ᠰᠠᠨ ᠪᠥᠭᠡᠳ 101.68 ᠺᠢᠯᠣᠮᠧᠲ᠋ᠷ᠎ᠦᠨ ᠬᠠᠭᠤᠴᠢᠨ ᠬᠣᠭᠣᠯᠠᠶ ᠲᠤᠤᠷ ᠪᠣᠯᠤᠨ 284.86 ᠺᠢᠯᠣᠮᠧᠲ᠋ᠷ᠎ᠦᠨ ᠬᠠᠭᠤᠴᠢᠨ ᠬᠣᠶᠠᠳᠤᠭᠠᠷ ᠳᠡᠰ᠎ᠤᠨ ᠬᠣᠭᠣᠯᠠᠶ ᠲᠤᠤᠷ ᠢ᠋ ᠦᠭᠡᠷᠡᠴᠢᠯᠡᠨ ᠵᠠᠰᠠᠪᠠ᠃ ᠡᠭᠦᠨ᠎ᠡᠴᠡ ᠭᠠᠳᠠᠨ᠎ᠠ᠂ ᠪᠠᠰᠠ 118.72 ᠺᠢᠯᠣᠮᠧᠲ᠋ᠷ᠎ᠦᠨ ᠠᠰᠠᠷ ᠤ᠋ᠨ ᠪᠤᠰᠤᠭ᠎ᠠ ᠬᠤᠭᠤᠯᠠᠢ ᠵᠢ ᠦᠭᠡᠷᠡᠴᠢᠯᠡᠨ ᠵᠠᠰᠠᠵᠤ᠂ 9 ᠰᠠᠭᠤᠷᠢ ᠢᠯᠴᠢ ᠰᠣᠯᠢᠬᠤ ᠥᠷᠲᠡᠭᠡ᠎ᠶ᠋ᠢ ᠱᠢᠨ᠎ᠡ᠎ᠪᠡᠷ ᠪᠠᠢᠭᠤᠯᠤᠭ᠍ᠰᠠᠨ ᠪᠥᠭᠡᠳ 120 ᠰᠠᠭᠤᠷᠢ ᠢᠯᠴᠢ ᠰᠣᠯᠢᠬᠤ ᠥᠷᠲᠡᠭᠡ᠎ᠶ᠋ᠢ ᠥᠭᠡᠷᠡᠴᠢᠯᠡᠨ ᠵᠠᠰᠠᠪᠠ᠃

ᠤᠯᠠᠭᠠᠨᠴᠠᠪ ᠬᠤᠳᠠ᠎ᠶ᠋ᠢᠨ ᠵᠢᠨᠢᠩ ᠲᠣᠭᠣᠷᠢᠭ᠎ᠤᠨ ᠬᠤᠸᠠᠢ ᠶᠤᠸᠠᠨ ᠵᠠᠮ ᠤ᠋ᠨ ᠲᠦᠩ ᠳ᠋ᠡ ᠵᠡᠭᠡᠯᠢ᠎ᠶ᠋ᠢᠨ 《ᠳᠤᠯᠠᠭᠠᠯᠠᠭ᠎ᠠ ᠵᠢᠨ ᠢᠨᠵᠧᠨᠧᠷᠢᠩ》 ᠤ᠋ᠨ ᠲᠤᠬᠠᠢ᠎ᠶ᠋ᠢᠨ ᠲᠠᠯᠠᠪᠠᠢ᠎ᠳᠤ᠂ ᠠᠵᠢᠯᠴᠢᠳ ᠴᠠᠭ ᠮᠥᠴᠡ ᠲᠠᠢ ᠤᠷᠤᠯᠳᠤᠨ ᠵᠠᠮ᠎ᠨᠠᠪᠳᠡᠷᠡᠯᠭᠡ ᠵᠢ ᠰᠡᠷᠭᠦᠭᠡᠵᠦ᠍ ᠪᠠᠢᠯ᠎ᠠ᠃ ᠢᠯᠴᠢ ᠬᠠᠩᠭᠠᠬᠤ ᠶᠠᠰᠤ ᠴᠢᠨᠠᠷ ᠪᠣᠯᠤᠨ ᠦᠢᠯᠡᠴᠢᠯᠡᠭᠡᠨ᠎ᠦ ᠲᠦᠪᠱᠢᠨ᠎ᠢ ᠪᠦᠲᠦᠮᠵᠢᠲᠡᠢ ᠳᠡᠭᠡᠭ᠌ᠰᠢᠯᠡᠭᠦᠯᠬᠦ᠌᠎ᠶ᠋ᠢᠨ ᠲᠥᠯᠥᠭᠡ᠂ ᠵᠢᠨᠢᠩ ᠲᠣᠭᠣᠷᠢᠭ  《ᠳᠤᠯᠠᠭᠠᠯᠠᠭ᠎ᠠ ᠵᠢᠨ ᠢᠨᠵᠧᠨᠧᠷᠢᠩ 》 ᠢ᠋ ᠡᠬᠢᠯᠡᠭᠦᠯᠦᠭ᠌ᠰᠡᠨ᠎ᠡᠴᠡ ᠨᠠᠭᠠᠰᠢ᠂ ᠭᠣᠣᠯᠳᠠᠭᠤ ᠢᠯᠴᠢ ᠡᠭᠦᠰᠭᠡᠭᠴᠢ᠂ ᠢᠯᠴᠢ᠎ᠶ᠋ᠢᠨ ᠲᠣᠣᠷ᠂ ᠢᠯᠴᠢ᠎ᠶ᠋ᠢᠨ ᠬᠦᠴᠦᠨ᠎ᠦ ᠦᠷᠳᠡᠭᠡ ᠵᠡᠷᠭᠡ ᠵᠢ ᠪᠠᠢᠭᠤᠯᠬᠤ ᠠᠵᠢᠯ᠎ᠤᠨ ᠲᠠᠯ᠎ᠠ᠎ᠪᠠᠷ ᠤᠨᠤᠴᠠᠳᠠᠢ  ᠬᠦᠴᠦᠯᠡᠵᠦ᠍᠂ ᠢᠯᠴᠢ ᠬᠠᠩᠭᠠᠬᠤ ᠨᠥᠬᠥᠴᠡᠯ᠎ᠢ ᠦᠨᠡᠨ ᠬᠦ᠌ ᠰᠠᠢᠵᠢᠷᠠᠭᠤᠯᠪᠠ᠃ ᠡᠨᠡ ᠵᠢᠯ ᠤᠯᠠᠭᠠᠨᠴᠠᠪ ᠬᠣᠲᠠ16.02 ᠳ᠋ᠦᠩᠱᠢᠭᠤᠷ ᠲᠥᠭᠥᠷᠢᠭ᠎ᠦᠨ ᠪᠠᠯᠠ ᠣᠷᠣᠭᠤᠯᠬᠤ᠎ᠪᠠᠷ ᠲᠥᠯᠥᠪᠯᠡᠵᠦ᠍᠂ 9 ᠲᠥᠷᠥᠯ᠎ᠦᠨ 115 《ᠳᠤᠯᠠᠭᠠᠯᠠᠭ᠎ᠠ ᠵᠢᠨ ᠢᠨᠵᠧᠨᠧᠷᠢᠩ》 ᠤ᠋ᠨ ᠲᠥᠷᠥᠯ ᠵᠦᠶ᠋ᠯ᠎ᠢ ᠭᠤᠤᠯᠳᠠᠯᠭ᠎ᠠ᠎ᠲᠠᠶ ᠬᠡᠷᠡᠭ᠌ᠵᠢᠭᠦᠯᠬᠦ᠌᠎ᠪᠡᠷ ᠪᠣᠶ᠃ ᠣᠲᠣ ᠪᠣᠯᠲᠠᠯ᠎ᠠ ᠨᠢᠭᠡᠨᠲᠡ 29 ᠎ᠶ᠋ᠢ ᠨᠢ ᠳᠠᠭᠤᠰᠭᠠᠵᠤ᠂ 6 ᠢᠯᠴᠢ ᠡᠭᠦᠰᠭᠡᠭ᠌ᠴᠢ ᠵᠢ ᠦᠭᠡᠷᠡᠴᠢᠯᠡᠨ ᠵᠠᠰᠠᠵᠤ᠂ 27.83 ᠺᠢᠯᠣᠮᠧᠲ᠋ᠷ᠎ᠤᠨ ᠨᠢᠭᠡᠳᠦᠭᠡᠷ ᠳᠡᠰ ᠤ᠋ᠨ ᠬᠣᠭᠣᠯᠠᠶ ᠲᠤᠤᠷ᠂ 218 .57 ᠺᠢᠯᠣᠮᠧᠲ᠋ᠷ᠎ᠤᠨ ᠬᠤᠶᠠᠳᠤᠭᠠᠷ ᠳᠡᠰ ᠤ᠋ᠨ ᠬᠣᠭᠣᠯᠠᠶ ᠲᠤᠤᠷ᠂ 113 .84 ᠺᠢᠯᠣᠮᠧᠲ᠋ᠷ᠎ᠤᠨ ᠠᠰᠠᠷ᠎ᠤᠨ ᠪᠤᠰᠤᠭ᠎ᠠ ᠬᠣᠭᠣᠯᠠᠶ᠎ᠶ᠋ᠢ ᠦᠭᠡᠷᠡᠴᠢᠯᠡᠨ ᠵᠠᠰᠠᠵᠤ᠂ 63 ᠢᠯᠴᠢ ᠰᠣᠯᠢᠬᠤ ᠥᠷᠲᠡᠭᠡ᠎ᠶ᠋ᠢ ᠥᠭᠡᠷᠡᠴᠢᠯᠡᠨ ᠵᠠᠰᠠᠵᠤ᠂ 6 ᠎ᠶ᠋ᠢ ᠨᠢ ᠱᠢᠨ᠎ᠡ᠎ᠪᠡᠷ ᠪᠠᠢᠭᠤᠯᠵᠤ᠂ 1173 ᠡᠷᠦᠬᠡ ᠳ᠋ᠤ ᠬᠡᠷ᠎ᠦᠨ ᠳᠤᠯᠠᠭᠠᠨ ᠤ᠋ ᠬᠡᠮᠵᠢᠭᠦᠷ ᠤᠭ᠍ᠰᠠᠷᠠᠵᠤ᠂ ᠨᠡᠢᠲᠡ 9 .35 ᠳ᠋ᠦᠩᠱᠢᠭᠤᠷ ᠲᠥᠭᠥᠷᠢᠭ᠎ᠦᠨ ᠪᠠᠯᠠ ᠣᠷᠣᠭᠤᠯᠤᠯᠲᠠ᠎ᠶ᠋ᠢ ᠪᠡᠶᠡᠯᠡᠭᠦᠯᠪᠡ᠃

ᠤᠷᠳᠤᠰ ᠬᠤᠳᠠ᠎ᠶ᠋ᠢᠨ ᠳ᠋ᠦᠩᠱᠧᠩ ᠲᠣᠭᠣᠷᠢᠭ᠎ᠤᠨ ᠲᠢᠶᠠᠨ ᠵᠢᠶᠤᠤ ᠵᠠᠮ᠎ᠤᠨ ᠬᠣᠭᠣᠯᠠᠢ ᠲᠣᠣᠷ᠎ᠤᠨ ᠬᠣᠯᠪᠣᠯᠳᠤᠨ ᠨᠡᠪᠲᠡᠷᠡᠯᠴᠡᠬᠦ᠌ ᠪᠠᠷᠢᠯᠭ᠎ᠠ ᠵᠢᠨ ᠲᠤᠬᠠᠢ᠎ᠶ᠋ᠢᠨ ᠲᠠᠯᠠᠪᠠᠢ᠎ᠳᠤ᠂ ᠠᠷᠪᠠᠨ ᠬᠡᠳᠦᠨ ᠠᠵᠢᠯᠴᠢᠨ ᠳᠤᠯᠠᠭᠠᠯᠠᠭ᠎ᠠ᠎ᠶ᠋ᠢᠨ ᠨᠢᠭᠡᠳᠦᠭᠡᠷ ᠳᠡᠰ᠎ᠤᠨ ᠬᠣᠭᠣᠯᠠᠢ ᠲᠣᠣᠷ᠎ᠢ ᠳᠡᠪᠢᠰᠴᠦ᠍᠂ ᠬᠣᠭᠣᠯᠠᠢ᠎ᠶ᠋ᠢ ᠭᠠᠩᠨᠠᠨ ᠵᠠᠯᠭᠠᠵᠤ᠂ ᠮᠠᠰᠢ ᠶᠠᠭᠠᠷᠠᠯᠲᠠᠢ ᠠᠵᠢᠯᠯᠠᠵᠤ ᠪᠠᠢᠯ᠎ᠠ᠃ ᠲᠣᠰ ᠪᠠᠷᠢᠯᠭ᠎ᠠ᠎ᠶ᠋ᠢᠨ ᠵᠠᠮ᠎ᠤᠨ ᠪᠥᠬᠥ᠌ ᠣᠷᠳᠣ᠎ᠨᠢ 4.2 ᠺᠢᠯᠣᠮᠧᠲ᠋ᠷ ᠪᠠᠢᠵᠤ᠂ ᠭᠤᠤᠯᠳᠠᠭᠤ ᠳᠤᠯᠠᠭᠠᠯᠠᠮᠵᠢ ᠨᠢ ᠦᠯᠦ ᠬᠠᠯᠠᠬᠤ ᠠᠰᠠᠭᠤᠳᠠᠯ ᠭᠠᠷᠬᠤ ᠵᠢ ᠱᠢᠶ᠋ᠳᠪᠦᠷᠢᠯᠡᠨ᠎ᠡ᠃ 2024 ᠣᠨ᠎ᠳᠤ ᠣᠷᠳᠣᠰ ᠬᠣᠲᠠ ᠵᠢᠨ ᠬᠢᠨ ᠨᠡᠢᠲᠡ ᠢᠯᠴᠢ᠎ᠶ᠋ᠢᠨ ᠢᠷᠡᠯᠲᠡ᠂ ᠢᠯᠴᠢ᠎ᠶ᠋ᠢᠨ ᠲᠤᠤᠷ᠂ ᠢᠯᠴᠢ᠎ᠶ᠋ᠢᠨ ᠬᠦᠴᠦᠨ᠎ᠦ ᠥᠷᠲᠡᠭᠡ ᠵᠡᠷᠭᠡ ᠪᠥᠲᠥᠭᠡᠨ ᠪᠠᠢᠭᠤᠯᠵᠤ ᠥᠭᠡᠷᠡᠴᠢᠯᠡᠬᠦ᠌ 45 ᠲᠥᠷᠥᠯ ᠵᠦᠶ᠋ᠯ᠎ᠢ ᠬᠡᠷᠡᠭ᠌ᠵᠢᠭᠦᠯᠵᠦ᠍᠂ ᠶᠡᠷᠦᠩᠬᠡᠶ ᠪᠠᠯᠠ ᠣᠷᠣᠭᠤᠯᠤᠯᠲᠠ᠎ᠨᠢ 39.38 ᠳ᠋ᠦᠩᠱᠢᠭᠤᠷ ᠲᠥᠭᠥᠷᠢᠭ᠎ᠲᠦ ᠬᠦᠷᠴᠡᠶ᠂ ᠣᠲᠣ ᠪᠣᠯᠲᠠᠯ᠎ᠠ ᠨᠡᠢᠲᠡ 31 .36 ᠳ᠋ᠦᠩᠱᠢᠭᠤᠷ ᠲᠥᠭᠥᠷᠢᠭ᠎ᠦᠨ ᠪᠠᠯᠠ ᠣᠷᠣᠭᠤᠯᠤᠯᠲᠠ᠎ᠶ᠋ᠢ ᠪᠡᠶᠡᠯᠡᠭᠦᠯᠵᠡᠶ᠂ ᠡᠭᠦᠨ᠎ᠳᠦ 13 ᠲᠥᠷᠥᠯ ᠵᠦᠶ᠋ᠯ᠎ᠨᠢ ᠨᠢᠭᠡᠨᠲᠡ ᠪᠠᠷᠢᠯᠭ᠎ᠠ ᠳᠠᠭᠤᠰᠴᠤ ᠂ ᠪᠤᠰᠤᠳ ᠲᠥᠷᠥᠯ ᠵᠦᠶ᠋ᠯ᠎ᠢ ᠶᠠᠭ ᠡᠮᠬᠢ ᠵᠢᠷᠤᠮ᠎ᠲᠠᠶ ᠠᠬᠢᠭᠤᠯᠵᠤ ᠪᠤᠢ᠃

ᠡᠨᠡ ᠵᠢᠯ ᠠᠯᠠᠱᠠ ᠠᠢᠮᠠᠭ 11 ᠵᠦᠶ᠋ᠯ᠎ᠦᠨ 《ᠲᠤᠯᠠᠭᠠᠯᠠᠭ᠎ᠠ ᠵᠢᠨ ᠢᠨᠵᠧᠨᠧᠷᠢᠩ》 ᠎ᠢ᠋ ᠬᠡᠷᠡᠭ᠌ᠵᠢᠭᠦᠯᠬᠦ᠌᠎ᠪᠡᠷ ᠲᠥᠯᠥᠪᠯᠡᠪᠡ᠂ ᠣᠲᠣᠬᠠᠨ ᠪᠣᠯᠲᠠᠯ᠎ᠠ ᠲᠣᠰ ᠠᠢᠮᠠᠭ ᠨᠢᠭᠡᠨᠳᠡ  《ᠲᠤᠯᠠᠭᠠᠯᠠᠭ᠎ᠠ ᠵᠢᠨ ᠢᠨᠵᠧᠨᠧᠷᠢᠩ》 ᠳ᠋ᠤ 2.12 ᠳ᠋ᠦᠩᠱᠢᠭᠤᠷ ᠲᠥᠭᠥᠷᠢᠭ᠎ᠦᠨ ᠪᠠᠯᠠ ᠣᠷᠣᠭᠤᠯᠤᠯᠲᠠ᠎ᠶ᠋ᠢ ᠪᠡᠶᠡᠯᠡᠭᠦᠯᠵᠦ᠍᠂ ᠡᠯ᠎ᠡ ᠲᠥᠷᠥᠯ᠎ᠦᠨ ᠬᠣᠭᠣᠯᠠᠶ ᠲᠤᠤᠷ᠎ᠢ ᠨᠡᠢᠲᠡ 122 ᠺᠢᠯᠣᠮᠧᠲ᠋ᠷ ᠱᠢᠨᠡᠳᠭᠡᠨ ᠵᠠᠰᠠᠨ ᠦᠭᠡᠷᠡᠴᠢᠯᠡᠵᠦ᠂ 2 ᠢᠯᠴᠢ ᠡᠭᠦᠰᠭᠡᠭ᠌ᠴᠢ᠎ᠶ᠋ᠢ ᠥᠭᠡᠷᠡᠴᠢᠯᠡᠵᠦ᠂ 2452 ᠡᠷᠦᠬᠡ᠎ᠶ᠋ᠢᠨ ᠢᠯᠴᠢ ᠬᠡᠷᠡᠭ᠌ᠯᠡᠬᠦ᠌ ᠲᠦᠭᠦᠭᠡᠷᠦᠮᠵᠢ ᠵᠢ ᠥᠭᠡᠷᠡᠴᠢᠯᠡᠵᠦ᠂ ᠶᠡᠷᠦᠩᠬᠡᠶ ᠪᠠᠯᠠ ᠣᠷᠣᠭᠤᠯᠤᠯᠲᠠ᠎ᠶ᠋ᠢᠨ 79.1 % ᠵᠢ ᠪᠡᠶᠡᠯᠡᠭᠦᠯᠵᠦ᠍᠂ ᠵᠢᠱ᠌ᠢᠯᠲᠡ᠎ᠪᠡᠷ 9 ᠰᠠᠷ᠎ᠠ᠎ᠶ᠋ᠢᠨ ᠰᠡᠭᠦᠯᠴᠢ᠎ᠪᠡᠷ ᠪᠦᠬᠦᠨ᠎ᠢ ᠪᠠᠷᠢᠯᠭ᠎ᠠ ᠳᠠᠭᠤᠰᠭᠠᠬᠤ ᠪᠣᠯᠤᠨ᠎ᠠ᠃

9 ᠰᠠᠷ᠎ᠠ᠎ᠶ᠋ᠢᠨ 9 ᠎ᠤ᠋ ᠡᠳᠦᠷ᠂ ᠲᠡᠭᠷᠢ ᠬᠦᠶ᠋ᠲᠡᠷᠡᠪᠡ᠂ ᠱᠢᠯᠢᠩᠬᠣᠲᠠ᠎ᠶ᠋ᠢᠨ ᠪᠢᠨ ᠾᠧ ᠵᠠᠮ᠎ᠳᠤ᠂ ᠰᠤᠷᠪᠤᠯᠵᠢᠯᠠᠭ᠍ᠴᠢ ᠪᠠᠷᠢᠯᠭ᠎ᠠ᠎ᠶ᠋ᠢᠨ ᠮᠠᠱᠢᠨ ᠲᠡᠷᠭᠡ ᠪᠣᠯᠤᠨ ᠪᠠᠷᠢᠯᠭ᠎ᠠ᠎ᠶ᠋ᠢᠨ ᠠᠵᠢᠯᠲᠠᠳ ᠢᠯᠴᠢ ᠬᠠᠩᠭᠠᠬᠤ ᠬᠣᠭᠣᠯᠠᠶ᠎ᠶ᠋ᠢ ᠡᠮᠬᠢ ᠵᠢᠷᠤᠮ᠎ᠲᠠᠶ ᠰᠣᠯᠢᠵᠤ᠂ ᠡᠪᠦᠯ᠎ᠦᠨ ᠤᠯᠠᠷᠢᠯ᠎ᠤᠨ ᠢᠯᠴᠢ ᠬᠠᠩᠭᠠᠬᠤ᠎ᠶ᠋ᠢ ᠪᠥᠬᠥ᠌ ᠬᠦᠴᠦᠨ᠎ᠢᠶᠡᠷ᠎ᠪᠠᠲᠤᠯᠠᠵᠤ ᠪᠠᠢᠬᠤ᠎ᠶ᠋ᠢ ᠣᠯᠵᠤ ᠬᠠᠷᠠᠪᠠ᠃ ᠡᠨᠡ ᠵᠢᠯ᠎ᠦᠨ 2 ᠰᠠᠷ᠎ᠠ᠎ᠳᠤ᠂ ᠱᠢᠯᠢ᠎ᠶ᠋ᠢᠨ ᠭᠤᠤᠯ ᠠᠢᠮᠠᠭ ᠬᠣᠲᠠ ᠪᠠᠯᠭᠠᠰᠤᠨ᠎ᠤ ᠢᠯᠴᠢ ᠬᠠᠩᠭᠠᠬᠤ ᠬᠣᠭᠣᠯᠠᠶ ᠲᠤᠤᠷ᠎ᠤᠨ ᠲᠦᠭᠦᠭᠡᠷᠦᠮᠵᠢ᠎ᠶ᠋ᠢᠨ 《ᠡᠪᠦᠯ᠎ᠦᠨ ᠡᠪᠡᠳᠴᠢᠨ᠎ᠢ ᠵᠣᠨ ᠵᠠᠰᠠᠬᠤ》 ᠠᠵᠢᠯ᠎ᠢ ᠡᠬᠢᠯᠡᠭᠦᠯᠵᠦ᠍᠂ ᠢᠯᠴᠢ ᠬᠠᠩᠭᠠᠬᠤ ᠲᠦᠭᠦᠭᠡᠷᠦᠮᠵᠢ᠎ᠶ᠋ᠢᠨ ᠬᠡᠮ ᠰᠣᠭᠣᠭ᠎ᠢ ᠵᠢᠭ᠍ᠰᠠᠭᠠᠨ ᠪᠠᠢᠴᠠᠭᠠᠬᠤ ᠪᠠ ᠰᠡᠯᠪᠢᠨ ᠵᠠᠰᠠᠵᠤ ᠠᠷᠠᠴᠢᠯᠠᠬᠤ ᠠᠵᠢᠯ᠎ᠢ ᠱᠠᠲᠤ ᠳᠠᠷᠠᠭᠠᠯᠠᠨ ᠥᠷᠨᠢᠭᠦᠯᠵᠦ᠍᠂ ᠢᠯᠴᠢ ᠬᠠᠩᠭᠠᠬᠤ ᠤᠯᠠᠷᠢᠯ᠎ᠤᠨ ᠣᠯᠠᠨ ᠲᠦᠮᠡᠨ᠎ᠦ ᠲᠤᠰᠭᠠᠯ ᠴᠢᠩᠭ᠎ᠠ ᠪᠠᠢᠭ᠎ᠠ ᠲᠣᠪᠣᠢᠮ᠎ᠠ ᠠᠰᠠᠭᠤᠳᠠᠯ᠎ᠢ ᠵᠠᠳᠠᠯᠬᠤ᠎ᠲᠠᠶ ᠤᠶᠠᠯᠳᠤᠭᠤᠯᠤᠨ᠂ ᠲᠣᠰ ᠠᠢᠮᠠᠭ᠎ᠤᠨ 《ᠲᠤᠯᠠᠭᠠᠯᠠᠭ᠎ᠠ ᠵᠢᠨ ᠢᠨᠵᠧᠨᠧᠷᠢᠩ》 ᠎ᠤ᠋ᠨ 45 ᠲᠥᠷᠥᠯ ᠵᠦᠶ᠋ᠯ ᠎ᠢ ᠲᠣᠭ᠍ᠲᠠᠭᠠᠵᠤ᠂ ᠨᠡᠢᠲᠡ 11.8 ᠳ᠋ᠦᠩᠱᠢᠭᠤᠷ ᠲᠥᠭᠥᠷᠢᠭ᠎ᠦᠨ ᠪᠠᠯᠠ ᠣᠷᠣᠭᠤᠯᠬᠤ᠎ᠪᠠᠷ ᠲᠥᠯᠥᠪᠯᠡᠪᠡ᠃ ᠣᠳᠣᠬᠠᠨ ᠪᠣᠯᠲᠠᠯ᠎ᠠ᠂ ᠨᠢᠭᠡᠨᠲᠡ 8 ᠳ᠋ᠦᠩᠱᠢᠭᠤᠷ ᠲᠥᠭᠥᠷᠢᠭ᠎ᠦᠨ ᠪᠠᠯᠠ ᠣᠷᠣᠭᠤᠯᠤᠯᠲᠠ᠎ᠶ᠋ᠢ ᠪᠡᠶᠡᠯᠡᠭᠦᠯᠵᠦ᠍᠂ ᠢᠯᠴᠢ ᠬᠠᠩᠭᠠᠬᠤ ᠬᠣᠭᠣᠯᠠᠶ ᠲᠤᠤᠷ᠎ᠢ 270 ᠺᠢᠯᠣᠮᠧᠲ᠋ᠷ ᠱᠢᠨ᠎ᠡ᠎ᠪᠡᠷ ᠪᠠᠢᠭᠤᠯᠬᠤ ᠪᠠ ᠥᠭᠡᠷᠡᠴᠢᠯᠡᠨ ᠪᠠᠢᠭᠤᠯᠵᠤ᠂ ᠵᠢᠯ᠎ᠦᠨ ᠲᠥᠯᠥᠪᠯᠡᠭᠰᠡᠨ ᠡᠭᠦᠷᠭᠡ᠎ᠶ᠋ᠢᠨ 80% ᠎ᠶ᠋ᠢ ᠪᠡᠶᠡᠯᠡᠭᠦᠯᠵᠦ᠍᠂ ᠪᠤᠰᠤᠳ ᠪᠠᠷᠢᠯᠭ᠎ᠠ᠎ᠶ᠋ᠢ ᠵᠢᠱ᠌ᠢᠯᠲᠡ᠎ᠪᠡᠷ 9 ᠰᠠᠷ᠎ᠠ᠎ᠶ᠋ᠢᠨ ᠳᠤᠮᠳᠠᠴᠢ᠎ᠪᠠᠷ ᠪᠡᠶᠡᠯᠡᠭᠦᠯᠬᠦ᠌ ᠪᠣᠯᠤᠨ᠎ᠠ᠃

ᠪᠤᠭᠤᠲᠤ ᠬᠣᠲᠠ᠎ᠶ᠋ᠢᠨ ᠲᠦᠮᠡᠳ ᠪᠠᠷᠠᠭᠤᠨ ᠬᠣᠱᠢᠭᠤᠨ᠎ᠤ 《ᠲᠤᠯᠠᠭᠠᠯᠠᠭ᠎ᠠ ᠵᠢᠨ ᠢᠨᠵᠧᠨᠧᠷᠢᠩ》ᠨᠢᠭᠡᠨᠲᠡ ᠪᠥᠬᠥ᠌ ᠲᠠᠯ᠎ᠠ᠎ᠶ᠋ᠢᠨ ᠱᠢᠪᠲᠤᠯᠤᠯᠲᠠ᠎ᠶ᠋ᠢᠨ ᠱᠠᠲᠤᠨ᠎ᠳᠤ ᠣᠷᠣᠵᠤ᠂ ᠢᠨᠵᠧᠨᠧᠷᠢᠩ ᠳ᠋ᠤ 1.98 ᠳ᠋ᠦᠩᠱᠢᠭᠤᠷ ᠲᠥᠭᠥᠷᠢᠭ᠎ᠦᠨ ᠪᠠᠯᠠ ᠣᠷᠣᠭᠤᠯᠬᠤ ᠪᠡᠷ ᠲᠦᠯᠦᠪᠯᠡᠵᠦ᠂ ᠨᠡᠢᠲᠡ 33 ᠲᠥᠷᠥᠯ ᠵᠦᠶ᠋ᠯ᠎ᠢ ᠬᠡᠷᠡᠭ᠌ᠵᠢᠭᠦᠯᠬᠦ᠌᠎ᠪᠡᠷ ᠪᠣᠶ᠃ ᠣᠳᠣᠬᠠᠨ᠎ᠳᠤ 32 ᠲᠥᠷᠥᠯ ᠵᠦᠶ᠋ᠯ ᠨᠢ ᠨᠢᠭᠡᠨᠳᠡ ᠠᠵᠢᠯ ᠡᠬᠢᠯᠡᠵᠦ᠍᠂ 27 ᠲᠥᠷᠥᠯ ᠵᠦᠶ᠋ᠯ᠎ᠢ ᠨᠢ ᠨᠢᠭᠡᠨᠳᠡ ᠲᠠᠭᠤᠰᠬᠠᠵᠤ᠂ ᠪᠥᠬᠥ᠌ ᠲᠥᠷᠥᠯ ᠵᠦᠶ᠋ᠯ᠎ᠢ 9 ᠰᠠᠷ᠎ᠠ᠎ᠶ᠋ᠢᠨ ᠰᠡᠭᠦᠯᠴᠢ᠎ᠡᠴᠡ ᠡᠮᠦᠨ᠎ᠡ ᠪᠦᠬᠦᠨ᠎ᠢ ᠠᠵᠢᠯ ᠳᠠᠭᠤᠰᠭᠠᠬᠤ ᠪᠤᠯᠤᠨ᠎ᠠ᠃

ᠳᠤᠯᠠᠭᠠᠯᠠᠭ᠎ᠠ᠎ᠶ᠋ᠢᠨ ᠬᠤᠭᠤᠴᠠᠭ᠎ᠠ ᠣᠢᠷᠠᠳᠤᠬᠤ᠎ᠶ᠋ᠢ ᠳᠠᠭᠠᠯᠳᠤᠨ᠂ ᠲᠦᠩᠯᠢᠶᠣᠤ᠎ᠶ᠋ᠢᠨ ᠠᠵᠤ ᠠᠬᠤᠶ ᠵᠢᠨ ᠮᠡᠷᠭᠡᠵᠢᠯ᠎ᠦᠨ ᠨᠡᠭᠡᠭᠡᠯᠲᠡ᠎ᠶ᠋ᠢᠨ ᠲᠣᠭᠣᠷᠢᠭ᠎ᠤᠨ ᠵᠢᠨ ᠶᠤᠸᠠᠨ ᠯᠢ ᠳ᠋ᠦ᠋ ᠰᠠᠭᠤᠭᠠᠯᠢ ᠠᠷᠠᠳ᠎ᠤᠨ ᠲᠣᠭᠣᠷᠢᠭ᠎ᠤᠨ 《ᠲᠤᠯᠠᠭᠠᠯᠠᠭ᠎ᠠ ᠵᠢᠨ ᠢᠨᠵᠧᠨᠧᠷᠢᠩ》 ᠎ᠤ᠋ᠨ ᠠᠵᠢᠯ ᠲᠠᠭᠤᠰᠬᠤ ᠰᠢᠬᠠᠵᠤ᠂ ᠬᠡᠷ᠎ᠦᠨ ᠭᠠᠳᠠᠨᠠᠬᠢ ᠢᠯᠴᠢ ᠬᠠᠩᠭᠠᠬᠤ ᠬᠣᠭᠣᠯᠠᠶ ᠲᠤᠤᠷ᠎ᠢ ᠶᠠᠭ ᠶᠠᠭᠠᠷᠠᠯᠲᠠᠢ ᠲᠡᠪᠢᠰᠴᠤ ᠪᠠᠢᠨ᠎ᠠ᠃ ᠣᠢᠯᠠᠭᠠᠭ᠍ᠰᠠᠨ᠎ᠢᠶᠠᠷ᠂ ᠲᠣᠰ ᠢᠨᠵᠧᠨᠧᠷᠢᠩ᠎ᠢ 8 ᠰᠠᠷ᠎ᠠ᠎ᠶ᠋ᠢᠨ 2 ᠎ᠤ᠋ᠨ ᠡᠳᠦᠷ ᠡᠴᠡ ᠠᠵᠢᠯ ᠡᠬᠢᠯᠡᠭᠦᠯᠵᠤ᠂ ᠨᠢᠭᠡᠨᠲᠡ 2000 ᠮᠧᠲ᠋ᠷ᠎ᠤᠨ ᠬᠣᠭᠣᠯᠠᠶ ᠲᠤᠤᠷ᠎ᠢ ᠥᠭᠡᠷᠡᠴᠢᠯᠡᠪᠡ᠃ ᠣᠲᠣ ᠪᠣᠯᠲᠠᠯ᠎ᠠ ᠲᠦᠩᠯᠢᠶᠣᠤ ᠬᠣᠲᠠ ᠨᠢᠭᠡᠨᠲᠡ 559 ᠺᠢᠯᠣᠮᠧᠲ᠋ᠷ᠎ᠤᠨ ᠢᠯᠴᠢ ᠬᠠᠩᠭᠠᠬᠤ ᠬᠣᠭᠣᠯᠠᠶ ᠲᠤᠤᠷ᠎ᠢ ᠥᠭᠡᠷᠡᠴᠢᠯᠡᠨ ᠵᠠᠰᠠᠵᠤ᠂ 350 ᠢᠯᠴᠢ ᠰᠣᠯᠢᠬᠤ ᠥᠷᠲᠡᠭᠡ᠎ᠶ᠋ᠢ ᠥᠭᠡᠷᠡᠴᠢᠯᠡᠨ ᠵᠠᠰᠠᠵᠤ᠂ ᠵᠢᠱ᠌ᠢᠯᠲᠡ᠎ᠪᠡᠷ 9 ᠰᠠᠷ᠎ᠠ᠎ᠶ᠋ᠢᠨ ᠰᠡᠭᠦᠯᠴᠢ᠎ᠪᠡᠷ ᠪᠦᠬᠦᠨ᠎ᠢ ᠪᠠᠷᠢᠯᠭ᠎ᠠ ᠳᠠᠭᠤᠰᠭᠠᠬᠤ ᠪᠣᠯᠤᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号