ᠦᠪᠤᠷ ᠮᠤᠡᠭᠭᠤᠯ 《 ᠳᠤᠯᠠᠭᠠᠯᠠᠭ᠎ᠠ ᠶ᠋ᠢᠨ ᠢᠨᠵᠧᠨᠧᠷᠢᠩ 》 ᠢ᠋ ᠯᠠᠪᠳᠠᠭᠤᠨ ᠪᠠᠳᠤᠳᠠᠢ ᠠᠬᠢᠭᠤᠯᠵᠤ ᠪᠤᠢ
《ᠳᠤᠯᠠᠭᠠᠯᠠᠭ᠎ᠠ ᠬᠠᠡᠭᠭᠠᠭᠰᠠᠨ ᠡᠴᠡ ᠦᠷᠤᠭᠡ ᠭᠡᠷ ᠮᠠᠨᠢ ᠲᠤᠯᠠᠭᠠᠨ ᠳᠠᠭᠠᠯᠠᠮᠵᠢᠳᠠᠢ ᠪᠤᠯᠤᠯ᠎ᠠ》᠃ 9 ᠰᠠᠷ᠎ᠠ ᠶ᠋ᠢᠨ 1 ᠤ᠋ ᠥᠷᠯᠥᠭᠡ ᠶ᠋ᠢᠨ 8 ᠴᠠᠭ ᠲᠦ᠍ ᠂ ᠥᠪᠥᠷ ᠮᠣᠩᠭᠣᠯ ᠤ᠋ᠨ ᠭᠡᠭᠡᠨ ᠭᠣᠣᠯ ᠬᠤᠳᠠ ᠶ᠋ᠢᠨ ᠠᠭᠠᠷ ᠤ᠋ᠨ ᠳᠤᠯᠠᠭᠠᠨ 6 ᠭᠷᠠᠳᠦ᠋ᠰ ᠤᠷᠴᠢᠮ ᠪᠠᠢᠭᠰᠠᠨ ᠴᠦ᠍᠂ ᠣᠬᠣᠷ ᠬᠠᠨᠴᠤᠢᠳᠤ ᠬᠠᠨᠳᠠᠭᠠᠰᠤ ᠡᠮᠤᠰᠦᠭᠰᠡᠨ ᠰᠠᠭᠤᠭᠠᠯᠢ ᠠᠷᠠᠳ ᠲᠠᠨ ᠴᠠᠩ ᠾᠧᠩ ᠬᠠᠷᠢᠨ ᠲᠤᠭᠤᠭᠠᠨ ᠭᠡᠷ ᠲᠡᠭᠡᠨ ᠦᠷᠯᠦᠭᠡᠵᠢᠨ ᠬᠤᠭᠤᠯᠠ ᠪᠠᠨ ᠪᠠᠵᠠᠭᠠᠵᠤ ᠶᠠᠭᠠᠷᠠᠨ᠎ᠠ᠃ ᠲᠤᠰ ᠡᠳᠦᠷ᠂ 《ᠳᠤᠮᠳᠠᠳᠤ ᠤᠯᠤᠰ ᠤ᠋ᠨ ᠬᠦᠢᠲᠡᠨᠦ ᠲᠤᠢᠯ》 ᠬᠡᠮᠡᠭ᠌ᠳᠡᠭ᠌ᠰᠡᠨ ᠬᠥᠯᠥᠨ ᠪᠤᠢ᠌ᠷ ᠤ᠋ᠨ ᠭᠡᠭᠡᠨ ᠭᠣᠣᠯ ᠬᠤᠳᠠ ᠪᠣᠯᠤᠨ ᠡᠷᠭᠦᠨ᠎ᠡ ᠬᠤᠳᠠ ᠪᠦᠬᠦ ᠱᠤᠭᠤᠮ ᠶ᠋ᠢᠡᠷ ᠳᠤᠯᠠᠭᠠᠯᠠᠭ᠎ᠠ ᠬᠠᠡᠭᠭᠠᠵᠤ ᠡᠬᠢᠯᠡᠭᠰᠡᠨ ᠪᠠᠢᠨ᠎ᠠ᠃
ᠳᠤᠯᠠᠭᠠᠯᠠᠭ᠎ᠠ ᠬᠠᠩᠭᠠᠬᠤ ᠨᠢ ᠲᠦᠭ ᠲᠦᠮᠡᠨ ᠠᠢᠯ ᠡᠷᠦᠬᠡ ᠳ᠋ᠦ ᠬᠣᠯᠪᠣᠭ᠍ᠳᠠᠵᠤ᠂ ᠣᠯᠠᠨ ᠲᠦᠮᠡᠨᠦ ᠬᠠᠮᠤᠭᠠᠴᠠ ᠠᠩᠬᠠᠷᠴᠤ᠌ ᠪᠠᠢᠭ᠎ᠠ ᠠᠷᠠᠳ ᠤ᠋ᠨ ᠠᠮᠢᠳᠤᠷᠠᠯ ᠤ᠋ᠨ ᠪᠣᠳᠠᠲᠤ ᠶᠠᠪᠤᠳᠠᠯ ᠤ᠋ᠨ ᠨᠢᠭᠡ ᠪᠣᠯᠤᠨ᠎ᠠ ᠃ ᠥᠪᠥᠷ ᠮᠣᠩᠭᠣᠯ ᠡᠬᠡ ᠤᠯᠤᠰ ᠤ᠋ᠨ ᠤᠮᠠᠷᠠᠲᠤ ᠬᠢᠯᠢ ᠳ᠋ᠦ ᠪᠠᠢᠷᠢᠯᠠᠵᠤ᠂ ᠡᠪᠦᠯ ᠤ᠋ᠨ ᠤᠯᠠᠷᠢᠯ ᠤᠷᠳᠤ ᠮᠦᠷᠲᠡᠭᠡᠨ ᠬᠠᠬᠢᠷ ᠬᠦᠶ᠋ᠲᠡᠨ᠂ ᠪᠥᠬᠥ᠌ ᠣᠷᠣᠨ ᠤ᠋ ᠡᠯ᠎ᠡ ᠭᠠᠵᠠᠷ ᠤ᠋ᠨ ᠡᠪᠦᠯ ᠤ᠋ᠨ ᠤᠯᠠᠷᠢᠯ ᠤ᠋ᠨ ᠳᠤᠯᠠᠭᠠᠯᠠᠭ᠎ᠠ ᠶ᠋ᠢᠨ ᠬᠤᠭᠤᠴᠠᠭ᠎ᠠ ᠣᠯᠠᠩᠬᠢᠳᠠᠭᠠᠨ 6 ᠰᠠᠷ᠎ᠠ ᠪᠠᠢᠵᠤ᠂ ᠬᠠᠬᠢᠷ ᠬᠦᠶ᠋ᠲᠡᠨ ᠭᠠᠵᠠᠷ ᠣᠷᠣᠨ ᠳᠠᠭᠠᠨ 9 ᠰᠠᠷ᠎ᠠ ᠦᠷᠭᠦᠯᠵᠢᠯᠡᠵᠦ᠍ ᠂ ᠪᠥᠬᠥ᠌ ᠣᠷᠣᠨ ᠤ᠋ ᠳᠤᠯᠠᠭᠠᠯᠠᠭ᠎ᠠ ᠶ᠋ᠢᠨ ᠲᠠᠯᠠᠪᠠᠶ 10 ᠳ᠋ᠦᠩᠱᠢᠭᠤᠷ ᠲᠡᠭ᠌ᠰᠢ ᠳᠥᠷᠪᠡᠯᠵᠢᠨ ᠮᠧᠲ᠋ᠷᠲᠦ ᠬᠦᠷᠴᠦ ᠪᠤᠢ᠃
2023 ᠣᠨ ᠤ᠋ 12 ᠰᠠᠷ᠎ᠠ ᠳ᠋ᠦ ᠬᠤᠷᠠᠯᠳᠤᠭ᠍ᠰᠠᠨ ᠥᠪᠡᠷᠲᠡᠭᠡᠨ ᠵᠠᠰᠠᠬᠤ ᠣᠷᠣᠨ ᠤ᠋ ᠨᠠᠮ ᠤ᠋ᠨ ᠬᠣᠷᠢᠶᠠᠨ ᠤ᠋ ᠠᠷᠪᠠᠨ ᠨᠢᠭᠡᠳᠦᠭᠡᠷ ᠬᠤᠭᠤᠴᠠᠭᠠᠨ ᠤ᠋ ᠳᠣᠯᠣᠳᠤᠭᠠᠷ ᠪᠦᠬᠦᠳᠡ ᠬᠤᠷᠠᠯ ᠵᠢᠴᠢ ᠪᠦᠬᠦ᠌ ᠣᠷᠣᠨ ᠤ᠋ ᠠᠵᠤ ᠠᠬᠤᠢ ᠶ᠋ᠢᠨ ᠠᠵᠢᠯ ᠤ᠋ᠨ ᠬᠤᠷᠠᠯᠠᠴᠠ ᠥᠪᠥᠷ ᠮᠣᠩᠭᠣᠯ ᠤ᠋ᠨ ᠪᠦᠬᠦ᠌ ᠣᠷᠣᠨ ᠪᠦᠰᠡ ᠳ᠋ᠦ 《ᠳᠤᠯᠠᠭᠠᠯᠠᠭ᠎ᠠ ᠶ᠋ᠢᠨ ᠢᠨᠵᠧᠨᠧᠷᠢᠩ》 ᠢ᠋ ᠬᠡᠷᠡᠭ᠌ᠵᠢᠭᠦᠯᠬᠦ᠌ ᠪᠡᠷ ᠲᠣᠭ᠍ᠲᠠᠪᠠ᠃
《ᠮᠠᠨ ᠤ᠋ ᠥᠪᠥᠷ ᠮᠣᠩᠭᠣᠯ ᠳ᠋ᠦ ᠨᠡᠭᠦᠷᠡᠰᠦ ᠳᠤᠲᠠᠬᠤ ᠦᠭᠡᠢ ᠴᠠᠬᠢᠯᠭᠠᠨ ᠳᠤᠲᠠᠬᠤ ᠦᠭᠡᠢ ᠰᠢᠲᠠᠮᠠᠬᠠᠢ ᠬᠡᠢ ᠳᠤᠲᠠᠬᠤ ᠦᠭᠡᠢ ᠂ ᠳᠤᠯᠠᠭᠠᠯᠠᠭ᠎ᠠ ᠮᠠᠭᠤ ᠡᠴᠡ ᠪᠤᠯᠵᠤ ᠠᠷᠠᠳ ᠤᠯᠠᠨ ᠶ᠋ᠢᠡᠨ ᠬᠠᠬᠢᠷ ᠬᠦᠢᠲᠡᠨ ᠳ᠋ᠦ ᠳᠠᠭᠠᠷᠠᠵᠤ ᠪᠡᠭᠡᠷᠡᠭᠦᠯᠬᠦ ᠦᠬᠡᠢ》᠂ 《ᠳᠤᠯᠠᠭᠠᠯᠠᠭ᠎ᠠ ᠵᠤᠭᠰᠤᠬᠤ ᠡᠳᠦᠷ ᠪᠣᠯ ᠳᠠᠷᠤᠢ 〈ᠳᠤᠯᠠᠭᠠᠯᠠᠭ᠎ᠠ ᠶ᠋ᠢᠨ ᠢᠨᠵᠧᠨᠧᠷᠢᠩ〉 ᠤ᠋ᠨ ᠠᠵᠢᠯᠡᠬᠢᠯᠡᠭᠦᠯᠬᠦ᠌ ᠴᠠᠭ ᠪᠣᠯᠤᠨ᠎ᠠ》᠃ ᠥᠪᠡᠷᠲᠡᠭᠡᠨ ᠵᠠᠰᠠᠬᠤ ᠣᠷᠣᠨ ᠤ᠋ ᠨᠠᠮ ᠵᠠᠰᠠᠭ ᠤ᠋ᠨ ᠤᠳᠤᠷᠢᠳᠤᠯᠭ᠎ᠠ ᠤᠯᠠᠨ ᠲᠦᠮᠡᠨᠦ ᠳᠤᠯᠠᠭᠠᠯᠠᠭ᠎ᠠ ᠶ᠋ᠢᠨ ᠶᠠᠪᠤᠳᠠᠯ ᠢ᠋ ᠢᠮᠠᠭ᠍ᠲᠠ ᠰᠡᠳᠭᠢᠯᠳᠡᠭᠡᠨ ᠪᠤᠳᠤᠵᠤ᠂ ᠤᠯᠠᠨ ᠤᠳᠠᠭᠠᠨ ᠤ᠋ ᠬᠤᠷᠠᠯ ᠲᠡᠭᠡᠷ᠎ᠠ ᠴᠢᠬᠤᠯᠠᠴᠢᠯᠠᠵᠤ ᠪᠠᠢᠷᠢᠯᠠᠭᠤᠯᠤᠭ᠍ᠰᠠᠨ ᠵᠢᠡᠷ ᠪᠠᠷᠠᠬᠤ ᠦᠭᠡᠢ᠂ ᠪᠤᠳᠠᠳᠠᠢ ᠭᠠᠵᠠᠷ ᠲᠦ᠍ ᠭᠦᠨᠵᠡᠭᠡᠢᠷᠡᠨ ᠪᠠᠢᠴᠠᠭᠠᠨ ᠰᠤᠳᠤᠯᠵᠤ ᠱᠠᠯᠠᠪᠳᠠᠭᠤᠯᠤᠨ ᠵᠢᠯᠣᠭᠣᠳᠴᠤ᠌᠂ ᠡᠯ᠎ᠡ ᠭᠠᠵᠠᠷ ᠤ᠋ᠨ ᠬᠢᠨᠦ ᠱᠠᠯᠠᠪᠳᠠᠨ ᠠᠳᠭᠤᠵᠤ ᠲᠦᠷᠭᠡᠨ ᠠᠵᠢᠯᠯᠠᠬᠤ ᠵᠢ ᠴᠢᠡᠭᠭᠠᠳᠬᠠᠨ᠂ ᠪᠤᠳᠠᠳᠠᠢ ᠰᠠᠢ᠌ᠨ ᠶᠠᠪᠤᠳᠠᠯ ᠢ᠋ ᠦᠨᠡᠨ ᠬᠦ᠌ ᠰᠠᠢᠲᠤᠷ ᠬᠢᠬᠦ᠌ ᠵᠢ ᠠᠬᠢᠭᠤᠯᠤᠭᠰᠠᠭᠠᠷ ᠢᠷᠠᠵᠠᠢ ᠃
2024 ᠣᠨ ᠤ᠋ ᠵᠢᠯ ᠤ᠋ᠨ ᠡᠬᠢᠨ ᠡᠴᠡ ᠨᠠᠭᠠᠰᠢ᠂ ᠥᠪᠥᠷ ᠮᠣᠩᠭᠣᠯ ᠸᠢᠳᠢᠣ᠋ ᠬᠤᠷᠠᠯ ᠵᠢᠴᠢ ᠲᠤᠰᠭᠠᠶ ᠰᠡᠳᠦᠪᠲᠦ ᠬᠤᠷᠠᠯ ᠢ᠋ ᠵᠠᠯᠭᠠᠭᠠᠪᠠᠷ ᠬᠤᠷᠠᠯᠳᠤᠭᠤᠯᠵᠤ᠂ ᠠᠢᠮᠠᠭ ᠬᠣᠲᠠ ᠳᠠᠷᠠᠭᠠᠯᠠᠨ ᠠᠬᠢᠴᠠ ᠪᠠᠢᠳᠠᠯᠳᠠᠭᠠᠨ ᠲᠤᠬᠢᠷᠠᠭᠤᠯᠤᠯᠳᠠ ᠬᠢᠵᠤ᠂ ᠲᠥᠷᠥᠯ ᠵᠦᠶ᠋ᠯ ᠤ᠋ᠨ ᠪᠠᠷᠢᠯᠭ᠎ᠠ ᠡᠬᠢᠯᠡᠬᠦ᠌ ᠂ ᠪᠠᠯᠠ ᠮᠥᠩᠭᠥ ᠵᠢ ᠨᠠᠢᠳᠠᠪᠤᠷᠢᠵᠢᠭᠤᠯᠬᠤ ᠵᠡᠷᠭᠡ ᠠᠵᠢᠯ ᠤ᠋ᠨ ᠳᠤᠮᠳᠠ ᠣᠷᠣᠱᠢᠵᠤ ᠪᠠᠢᠭ᠎ᠠ ᠬᠦᠴᠢᠷᠳᠡᠯ ᠪᠠ ᠠᠰᠠᠭᠤᠳᠠᠯ ᠢ᠋ ᠰᠤᠳᠤᠯᠤᠨ ᠱᠢᠶ᠋ᠳᠪᠦᠷᠢᠯᠡᠪᠡ᠃ ᠥᠪᠡᠷᠲᠡᠭᠡᠨ ᠵᠠᠰᠠᠬᠤ ᠣᠷᠣᠨ ᠤ᠋ ᠣᠷᠣᠨ ᠰᠠᠭᠤᠴᠠ ᠪᠠ ᠬᠣᠲᠠ ᠬᠥᠳᠡᠭᠡ ᠶ᠋ᠢᠨ ᠪᠥᠲᠥᠭᠡᠨ ᠪᠠᠢᠭᠤᠯᠤᠯᠲᠠ ᠶ᠋ᠢᠨ ᠲᠢᠩᠬᠢᠮᠡᠴᠡ ᠲᠤᠬᠠᠢᠯᠠᠭ᠍ᠰᠠᠨ ᠠᠵᠢᠯ ᠤ᠋ᠨ ᠭᠤᠤᠯᠯᠠᠭ᠍ᠴᠢ ᠬᠦᠴᠦᠨ ᠢ᠋ ᠲᠠᠲᠠᠵᠤ ᠲᠥᠪᠯᠡᠷᠡᠭᠦᠯᠦᠨ ᠠᠵᠢᠯᠯᠠᠭᠤᠯᠵᠤ᠂ ᠪᠥᠬᠥ᠌ ᠣᠷᠣᠨ ᠤ᠋ 《ᠳᠤᠯᠠᠭᠠᠯᠠᠭ᠎ᠠ ᠶ᠋ᠢᠨ ᠢᠨᠵᠧᠨᠧᠷᠢᠩ》 ᠢ᠋ ᠨᠢᠭᠡᠳᠦᠯᠲᠡᠶ ᠲᠥᠯᠥᠪᠯᠡᠵᠤ ᠳᠣᠭᠢᠷᠠᠭᠤᠯᠪᠠ᠃
ᠡᠨᠡ ᠵᠢᠯ ᠤ᠋ᠨ 1 ᠰᠠᠷ᠎ᠠ ᠶ᠋ᠢᠨ 27 ᠤ᠋ ᠡᠳᠦᠷ᠂ ᠥᠪᠡᠷᠲᠡᠭᠡᠨ ᠵᠠᠰᠠᠬᠤ ᠣᠷᠣᠨ ᠤ᠋ ᠵᠠᠰᠠᠭ ᠤ᠋ᠨ ᠣᠷᠳᠣᠨᠠᠴᠠ 《ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠬᠣᠲᠠ ᠪᠠᠯᠭᠠᠰᠤᠨ ᠤ᠋ ᠳᠤᠯᠠᠭᠠᠯᠠᠭ᠎ᠠ ᠶ᠋ᠢᠨ ᠢᠨᠵᠧᠨᠧᠷᠢᠩ ᠢ᠋ ᠬᠡᠷᠡᠭ᠌ᠵᠢᠭᠦᠯᠬᠦ᠌ ᠲᠥᠰᠦᠯ》 (ᠳᠣᠷᠣᠭ᠍ᠰᠢ 《ᠬᠡᠷᠡᠭ᠌ᠵᠢᠭᠦᠯᠬᠦ᠌ ᠲᠥᠰᠦᠯ》 ᠭᠡᠵᠦ᠍ ᠲᠣᠪᠴᠢᠯᠠᠨ᠎ᠠ) ᠢ᠋ ᠳᠠᠷᠤᠮᠠᠯᠯᠠᠨ ᠲᠠᠷᠬᠠᠭᠠᠪᠠ᠃ 《ᠬᠡᠷᠡᠭ᠌ᠵᠢᠭᠦᠯᠬᠦ᠌ ᠲᠥᠰᠦᠯ》 ᠤ᠋ᠨ ᠱᠠᠭᠠᠷᠳᠠᠯᠭ᠎ᠠ ᠶᠣᠰᠣᠭᠠᠷ᠂ ᠥᠪᠡᠷᠲᠡᠭᠡᠨ ᠵᠠᠰᠠᠬᠤ ᠣᠷᠣᠨ ᠤ᠋ ᠣᠷᠣᠨ ᠰᠠᠭᠤᠴᠠ ᠪᠠ ᠬᠣᠲᠠ ᠬᠥᠳᠡᠭᠡ ᠶ᠋ᠢᠨ ᠪᠥᠲᠥᠭᠡᠨ ᠪᠠᠢᠭᠤᠯᠤᠯᠲᠠ ᠶ᠋ᠢᠨ ᠱᠢᠰᠲ᠋ᠧᠮ ᠤ᠋ᠨ ᠬᠢᠨ ᠰᠠᠭᠤᠭᠠᠯᠢ ᠲᠣᠭᠣᠷᠢᠭ ᠶ᠋ᠢᠡᠷ ᠨᠢᠭᠡᠴᠢ ᠪᠣᠯᠭᠠᠨ᠂ ᠠᠰᠠᠷ ᠳᠠᠷᠠᠭᠠᠯᠠᠨ ᠡᠷᠦᠬᠡ ᠳᠠᠷᠠᠭᠠᠯᠠᠨ ᠪᠦᠬᠦᠨ ᠢ᠋ ᠬᠠᠮᠤᠷᠤᠭᠰᠠᠨ ᠵᠢᠭᠰᠠᠭᠠᠨ ᠪᠠᠢᠴᠠᠭᠠᠯᠲᠠ ᠶ᠋ᠢᠨ ᠠᠵᠢᠯᠯᠠᠭ᠎ᠠ ᠥᠷᠨᠢᠭᠦᠯᠵᠦ᠍᠂ ᠢᠯᠴᠢ ᠶ᠋ᠢᠨ ᠢᠷᠡᠯᠲᠡ᠂ ᠢᠯᠴᠢ ᠶ᠋ᠢᠨ ᠬᠤᠭᠤᠯᠠᠢ ᠲᠤᠤᠷ᠂ ᠢᠯᠴᠢ ᠶ᠋ᠢᠨ ᠬᠦᠴᠦᠨᠦ ᠥᠷᠲᠡᠭᠡ᠂ ᠰᠠᠭᠤᠭᠠᠯᠢ ᠡᠷᠦᠬᠡ ᠵᠡᠷᠭᠡ ᠳ᠋ᠦ ᠪᠥᠬᠥ᠌ ᠬᠡᠯᠬᠢᠶᠡᠰᠦ ᠪᠡᠷ ᠵᠢᠭ᠍ᠰᠠᠭᠠᠨ ᠪᠠᠢᠴᠠᠭᠠᠯᠲᠠ ᠬᠢᠵᠦ ᠂ ᠢᠯᠠᠩᠭᠤᠶ᠎ᠠ ᠵᠠᠭᠠᠯᠳᠤᠯᠭ᠎ᠠ ᠲᠦᠪᠯᠡᠷᠡᠭᠰᠡᠨ ᠰᠠᠭᠤᠭᠠᠯᠢ ᠲᠣᠭᠣᠷᠢᠭ ᠲᠦ᠍ ᠴᠢᠭ᠌ᠯᠡᠭᠦᠯᠦᠨ ᠭᠤᠤᠯᠳᠠᠯᠭᠠᠲᠠᠶ ᠵᠢᠭ᠍ᠰᠠᠭᠠᠨ ᠪᠠᠢᠴᠠᠭᠠᠵᠤ᠂ ᠪᠥᠲᠥᠭᠡᠨ ᠪᠠᠢᠭᠤᠯᠵᠤ ᠥᠭᠡᠷᠡᠴᠢᠯᠡᠨ ᠱᠢᠨᠡᠳᠭᠡᠬᠦ᠌ ᠪᠣᠳᠠᠲᠠᠶ ᠲᠥᠷᠥᠯ ᠵᠦᠶ᠋ᠯ ᠤ᠋ᠨ ᠨᠠᠷᠢᠨ ᠳᠠᠡᠭᠰᠠ ᠵᠢ ᠪᠦᠷᠢᠯᠳᠦᠭᠦᠯᠦᠨ᠂ ᠳᠤᠯᠠᠭᠠᠯᠠᠭ᠎ᠠ ᠬᠠᠩᠭᠠᠬᠤ ᠬᠦᠷᠢᠶ᠎ᠡ ᠴᠠᠷᠠᠭ᠎ᠠ ᠶ᠋ᠢᠨ ᠢᠯᠴᠢ ᠶ᠋ᠢᠨ ᠢᠷᠡᠯᠲᠡ ᠵᠢ ᠪᠠᠲᠤᠯᠠᠬᠤ᠂ ᠢᠯᠴᠢ ᠶ᠋ᠢᠨ ᠬᠤᠭᠤᠯᠠᠢ ᠲᠤᠤᠷ ᠢ᠋ ᠱᠢᠨᠡᠳᠭᠡᠬᠦ᠌᠂ ᠢᠯᠴᠢ ᠶ᠋ᠢᠨ ᠬᠦᠴᠦᠨᠦ ᠥᠷᠲᠡᠭᠡ ᠵᠢ ᠳᠡᠰ ᠳᠡᠪᠰᠢᠭᠦᠯᠬᠦ᠂ ᠦᠷᠦᠭᠡᠨ ᠳᠤᠲᠤᠷᠠᠬᠢ ᠵᠢ ᠥᠭᠡᠷᠡᠴᠢᠯᠡᠨ ᠱᠢᠨᠡᠳᠭᠡᠬᠦ᠌᠂ ᠤᠶᠤᠨᠴᠢᠯᠠᠭ᠍ᠰᠠᠨ ᠪᠥᠲᠥᠭᠡᠨ ᠪᠠᠢᠭᠤᠯᠤᠯᠲᠠ᠂ ᠪᠠᠴᠢᠮ ᠪᠠᠢᠳᠠᠯ ᠢ᠋ ᠠᠷᠭᠠᠴᠠᠭᠠᠬᠤ ᠪᠠᠲᠤᠯᠠᠭ᠎ᠠ᠂ ᠲᠠᠷᠠᠬᠠᠶ ᠪᠤᠲᠠᠷᠬᠠᠶ ᠨᠡᠭᠦᠷᠡᠰᠦᠰᠢᠲᠠᠭᠠᠵᠤ ᠪᠠᠢᠬᠤ ᠪᠠᠢᠳᠠᠯ ᠢ᠋ ᠴᠡᠭᠴᠡᠯᠡᠨ ᠵᠠᠰᠠᠬᠤ ᠵᠡᠷᠭᠡ 7 ᠲᠠᠯ᠎ᠠ᠎ᠠᠴᠠ ᠠᠰᠠᠭᠤᠳᠠᠯ ᠢ᠋ ᠪᠠᠢᠴᠠᠭᠠᠵᠤ᠂ ᠳᠤᠲᠠᠭᠤᠳᠠᠯ ᠢ᠋ ᠨᠦᠬᠦᠪᠦᠷᠢᠯᠡᠨ ᠨᠠᠢᠳᠠᠪᠤᠷᠢᠵᠢᠭᠤᠯᠤᠯᠲᠠ ᠵᠢ ᠠᠳᠬᠤᠪᠠ᠃ ᠵᠢᠷᠭᠤᠭᠠᠨ ᠡᠭᠡᠯᠵᠢ ᠶ᠋ᠢᠨ ᠪᠠᠢᠳᠠᠯ ᠢ᠋ ᠤᠢᠯᠠᠭᠠᠬᠤᠪᠠᠢᠴᠠᠭᠠᠯᠲᠠ ᠪᠡᠷ ᠳᠡᠮᠵᠢᠨ᠂ 2024 ᠣᠨ ᠳ᠋ᠦ ᠪᠦᠬᠦ ᠤᠷᠤᠨ ᠤ᠋ ᠬᠡᠪᠴᠢᠶᠡᠨ ᠳ᠋ᠦ 539 《ᠳᠤᠯᠠᠭᠠᠯᠠᠭ᠎ᠠ ᠶ᠋ᠢᠨ ᠢᠨᠵᠧᠨᠧᠷᠢᠩ》 ᠤ᠋ᠨ ᠬᠠᠷᠠᠯᠲᠠᠲᠤ ᠡᠭᠦᠷᠭᠡ ᠵᠢ ᠬᠡᠷᠡᠭ᠌ᠵᠢᠭᠦᠯᠬᠦ᠌ ᠪᠡᠷ ᠲᠤᠭᠲᠠᠪᠠ᠃
ᠡᠯ᠎ᠡ ᠭᠠᠵᠠᠷ ᠤ᠋ᠨ ᠬᠢᠨ ᠡᠭᠦᠷᠭᠡ ᠬᠠᠷᠢᠭᠤᠴᠠᠯᠭ᠎ᠠ ᠪᠡᠨ ᠲᠤᠭᠤᠰᠢᠳᠠᠢ ᠨᠠᠢᠳᠠᠪᠤᠷᠢᠵᠢᠭᠤᠯᠵᠤ᠂ ᠴᠠᠭ ᠤ᠋ᠨ ᠬᠦᠰᠦᠨᠦᠭᠲᠦ ᠪᠡᠷ ᠪᠠᠷᠢᠮᠵᠢᠶ᠎ᠠ ᠪᠤᠯᠭᠠᠨ᠂ ᠬᠦᠴᠦ ᠪᠠᠨ ᠬᠠᠮᠳᠤᠳᠬᠠᠨ ᠪᠤᠭᠤᠮᠳᠠ ᠰᠢᠪᠲᠤᠯᠵᠤ᠂ 《ᠳᠤᠯᠠᠭᠠᠯᠠᠭ᠎ᠠ ᠶ᠋ᠢᠨ ᠢᠨᠵᠧᠨᠧᠷᠢᠩ》 ᠭᠡᠬᠦ᠌ ᠡᠨᠡ ᠬᠦ᠌ ᠠᠷᠠᠳ ᠤ᠋ᠨ ᠠᠮᠢᠳᠤᠷᠠᠯ ᠳ᠋ᠦ ᠬᠣᠯᠪᠣᠭ᠍ᠳᠠᠭ᠍ᠰᠠᠨ 《ᠰᠡᠳᠭᠢᠯ ᠢ᠋ ᠳᠤᠯᠠᠭᠠᠴᠠᠭᠤᠯᠬᠤ ᠶᠡᠭᠡ ᠶᠠᠪᠤᠳᠠᠯ》 ᠢ᠋ ᠪᠥᠬᠥ᠌ ᠬᠦᠴᠦᠨ ᠶ᠋ᠢᠡᠷ ᠶ᠋ᠢᠡᠨ ᠠᠬᠢᠭᠤᠯᠤᠭᠰᠠᠨ ᠪᠠᠢᠨ᠎ᠠ᠃
ᠠᠯᠳᠠᠨ ᠨᠠᠮᠤᠷ ᠤ᠋ᠨ ᠤᠯᠠᠷᠢᠯ ᠵᠢᠡᠷ᠂ ᠤᠯᠠᠭᠠᠨᠴᠠᠪ ᠬᠤᠳᠠ ᠶ᠋ᠢᠨ ᠴᠠᠬᠠᠷ ᠪᠠᠷᠠᠭᠤᠨ ᠭᠠᠷᠤᠨ ᠡᠮᠦᠨᠡᠲᠦ ᠬᠣᠱᠢᠭᠤᠨ ᠤ᠋ ᠲᠤᠭ ᠤ᠋ᠨ ᠠᠭᠤᠯᠠ ᠪᠠᠯᠭᠠᠰᠤ ᠶ᠋ᠢᠨ ᠵᠢᠶᠸ ᠹᠠᠡᠭ ᠨᠡᠢᠭᠡᠮ ᠲᠣᠭᠣᠷᠢᠭ ᠤ᠋ᠨ ᠪᠠᠷᠢᠯᠭ᠎ᠠ ᠶ᠋ᠢᠨ ᠭᠠᠵᠠᠷ ᠲᠦ᠍᠂ ᠨᠢᠭᠡ ᠪᠦᠯᠦᠭ ᠪᠠᠷᠢᠯᠭ᠎ᠠ ᠶ᠋ᠢᠨ ᠠᠩᠬᠢ ᠵᠢᠨ ᠬᠢᠨ ᠬᠠᠭᠤᠴᠢᠨ ᠰᠠᠭᠤᠭᠠᠯᠢ ᠲᠣᠭᠣᠷᠢᠭ ᠤ᠋ᠨ ᠠᠰᠠᠷ ᠤ᠋ᠨ ᠭᠠᠳᠠᠷ ᠲᠠᠯ᠎ᠠ ᠪᠠᠷ ᠳᠤᠯᠠᠭᠠᠨ ᠢ᠋ ᠬᠠᠮᠠᠭᠠᠯᠠᠬᠤ ᠳᠠᠪᠬᠤᠷᠭ᠎ᠠ ᠨᠡᠮᠡᠵᠦ᠍ ᠤᠭ᠍ᠰᠠᠷᠠᠨ᠂ ᠨᠦᠬᠦᠭᠡ ᠪᠦᠯᠦᠭ ᠪᠠᠷᠢᠯᠭ᠎ᠠ ᠶ᠋ᠢᠨ ᠠᠩᠬᠢ ᠵᠢᠨ ᠬᠢᠨ ᠬᠣᠭᠣᠯᠠᠢ ᠲᠣᠣᠷ ᠢ᠋ ᠰᠢᠨᠡᠳᠭᠡᠨ ᠤᠭᠰᠠᠷᠠᠵᠤ᠂ ᠪᠦᠬᠦ᠌ ᠪᠠᠷᠢᠯᠭ᠎ᠠ ᠶ᠋ᠢᠨ ᠠᠵᠢᠯ ᠰᠢᠪᠲᠤᠷᠠᠭᠠᠨ ᠳ᠋ᠠᠭᠠᠨ ᠤᠷᠤᠪᠠ᠃
《ᠡᠨᠡ ᠵᠢᠯ ᠪᠢᠳᠡ ᠳᠤᠯᠠᠭᠠᠯᠠᠭ᠎ᠠ ᠵᠣᠭ᠍ᠰᠣᠬᠰᠠᠨ ᠡᠳᠦᠷᠡᠴᠡ ᠡᠬᠢᠯᠡᠨ ᠰᠠᠭᠤᠭᠠᠯᠢ ᠠᠷᠠᠳ ᠢ᠋ ᠱᠠᠯᠠᠪᠳᠠᠨ ᠵᠣᠬᠢᠶᠠᠨ ᠪᠠᠢᠭᠤᠯᠵᠤ ᠵᠥᠪᠳᠡᠯᠴᠡᠵᠦ᠍ ᠂ ᠰᠠᠭᠤᠭᠠᠯᠢ ᠠᠷᠠᠳ ᠤ᠋ᠨ ᠰᠠᠨᠠᠯ ᠢ᠋ ᠬᠤᠷᠢᠶᠠᠪᠠ᠃ ᠴᠠᠬᠠᠷ ᠪᠠᠷᠠᠭᠤᠨ ᠭᠠᠷᠤᠨ ᠡᠮᠦᠨᠡᠲᠦ ᠬᠣᠱᠢᠭᠤᠨ ᠤ᠋ ᠵᠢᠶᠸ ᠹᠠᠡᠭ ᠨᠡᠢᠭᠡᠮ ᠲᠣᠭᠣᠷᠢᠭ ᠤ᠋ᠨ ᠬᠠᠷᠢᠶᠠᠨ ᠳ᠋ᠦ ᠬᠠᠭᠤᠴᠢᠨ ᠰᠠᠭᠤᠭᠠᠯᠢ ᠠᠷᠠᠳ ᠤ᠋ᠨ ᠲᠣᠭᠣᠷᠢᠭ ᠨᠡᠯᠢᠶᠡᠳ ᠤᠯᠠᠨ᠂ ᠰᠠᠭᠤᠭᠠᠯᠢ ᠠᠷᠠᠳ ᠤ᠋ᠨ ᠤᠯᠠᠡᠭᠬᠢ ᠨᠢ ᠨᠠᠰᠤᠲᠠᠢᠴᠤᠳ ᠪᠠᠢᠵᠤ᠂ ᠨᠡᠢᠭᠡᠮ ᠲᠣᠭᠣᠷᠢᠭ ᠤ᠋ᠨ ᠠᠵᠢᠯᠳᠠᠨ ᠡᠷᠦᠬᠡ ᠳᠠᠷᠠᠭᠠᠯᠠᠨ ᠰᠤᠷᠪᠤᠯᠵᠢᠯᠠᠵᠤ᠂ ᠰᠠᠭᠤᠭᠠᠯᠢ ᠠᠷᠠᠳᠲᠠᠶ ᠬᠦᠯᠢᠴᠡᠩᠭᠦᠢ ᠪᠥᠭᠡᠳ ᠨᠢᠭ᠍ᠲᠠ ᠬᠠᠷᠢᠯᠴᠠᠵᠤ᠂ ᠣᠬᠣᠷᠬᠠᠨ ᠬᠤᠭᠤᠴᠠᠭᠠᠨ ᠳ᠋ᠦ ᠪᠡᠯᠡ ᠮᠥᠩᠭᠥ᠌ ᠬᠤᠷᠠᠮᠳᠤᠭᠤᠯᠵᠤ ᠂ 〈ᠳᠤᠯᠠᠭᠠᠯᠠᠭ᠎ᠠ ᠶ᠋ᠢᠨ ᠢᠨᠵᠧᠨᠧᠷᠢᠩ〉 ᠤ᠋ᠨ ᠪᠦᠲᠦᠭᠡᠨ ᠪᠠᠢᠭᠤᠯᠤᠯᠲᠠ ᠶ᠋ᠢᠨ ᠠᠵᠢᠯ ᠢ᠋ ᠦᠳᠲᠡᠷ ᠲᠦᠷᠭᠡᠨ ᠥᠷᠨᠢᠭᠦᠯᠵᠡᠢ᠃ ᠣᠳᠣᠬᠠᠨ ᠳ᠋ᠦ ᠣᠯᠠᠨ ᠰᠠᠯᠠᠭ᠎ᠠ ᠮᠥᠴᠢᠷ ᠬᠣᠯᠪᠣᠭᠠᠯᠠᠨ ᠬᠥᠳᠡᠯᠦᠯᠴᠡᠵᠦ᠍᠂ ᠱᠠᠲᠤ ᠬᠤᠪᠢᠶᠠᠨ ᠲᠥᠷᠥᠯ ᠬᠤᠪᠢᠶᠠᠵᠤ᠂ ᠳᠡᠪᠢᠰᠴᠦ ᠪᠤᠯᠠᠬᠤ ᠠᠵᠢᠯ ᠢ᠋ ᠵᠡᠷᠭᠡ ᠪᠡᠷ ᠶᠠᠪᠤᠭᠳᠠᠭᠤᠯᠵᠤ᠂ ᠠᠰᠠᠷ ᠤ᠋ᠨ ᠲᠣᠰ ᠪᠡᠶ᠎ᠡ ᠶ᠋ᠢᠨ ᠳᠤᠯᠠᠭᠠᠨ ᠢ᠋ ᠬᠠᠮᠠᠭᠠᠯᠠᠬᠤ ᠴᠢᠳᠠᠮᠵᠢ ᠵᠢ ᠦᠨᠡᠨ ᠬᠦ᠌ ᠪᠠᠲᠤᠯᠠᠬᠤ ᠶ᠋ᠢᠨ ᠬᠠᠮᠲᠤ᠂ ᠳᠤᠯᠠᠭᠠᠯᠠᠭ᠎ᠠ ᠬᠠᠩᠭᠠᠬᠤ ᠱᠢᠰᠲ᠋ᠧᠮ ᠤ᠋ᠨ ᠪᠠᠲᠤᠯᠠᠭ᠎ᠠ ᠶ᠋ᠢᠨ ᠴᠢᠳᠠᠪᠤᠷᠢ ᠵᠢ ᠳᠡᠭᠡᠭ᠌ᠰᠢᠯᠡᠭᠦᠯᠵᠦ᠍᠂ ᠬᠣᠶᠠᠷ ᠲᠠᠯ᠎ᠠ ᠵᠢ ᠬᠠᠮᠲᠤ ᠳ᠋ᠤᠨᠢ ᠠᠬᠢᠭᠤᠯᠵᠤ ᠡᠪᠦᠯ ᠤ᠋ᠨ ᠤᠯᠠᠷᠢᠯ ᠤ᠋ᠨ ᠳᠤᠯᠠᠭᠠᠯᠠᠭ᠎ᠠ ᠶ᠋ᠢᠨ ᠠᠰᠠᠭᠤᠳᠠᠯ ᠢ᠋ ᠱᠢᠶ᠋ᠳᠪᠦᠷᠢᠯᠡᠵᠦ᠍ ᠪᠠᠢᠨ᠎ᠠ》 ᠭᠡᠵᠦ᠍ ᠴᠠᠬᠠᠷ ᠪᠠᠷᠠᠭᠤᠨ ᠭᠠᠷᠤᠨ ᠡᠮᠦᠨᠡᠲᠦ ᠬᠣᠱᠢᠭᠤᠨ ᠤ᠋ ᠵᠢᠶᠸ ᠹᠠᠡᠭ ᠨᠡᠢᠭᠡᠮ ᠲᠣᠭᠣᠷᠢᠭ ᠤ᠋ᠨ ᠳᠡᠳ᠋ ᠱᠦᠵᠢ ᠭᠸᠩ ᠵᠢᠶᠠ ᠴᠢ ᠬᠡᠯᠡᠪᠠ᠃
ᠢᠯᠴᠢ ᠰᠣᠯᠢᠬᠤ ᠦᠷᠳᠡᠭᠡᠡᠴᠡ ᠰᠠᠭᠤᠭᠠᠯᠢ ᠠᠷᠠᠳ ᠤ᠋ᠨ ᠲᠣᠭᠣᠷᠢᠭ ᠵᠢᠴᠢ ᠵᠡᠭᠡᠯᠢ ᠭᠤᠳᠤᠮᠵᠢᠪᠠᠷ ᠲᠦᠭᠡᠭ᠌ᠰᠡᠨ ᠢᠯᠴᠢ ᠬᠠᠩᠭᠠᠬᠤ ᠬᠣᠭᠣᠯᠠᠢ ᠲᠤᠤᠷ ᠬᠦᠷᠲᠡᠯ᠎ᠡ᠂ ᠲᠠᠬᠢᠭᠠᠳ ᠬᠠᠭᠤᠴᠢᠨ ᠬᠣᠭᠣᠯᠠᠢ ᠶ᠋ᠢᠨ ᠲᠣᠣᠷ ᠢ᠋ ᠱᠢᠨᠡᠳᠭᠡᠨ ᠥᠭᠡᠷᠡᠴᠢᠯᠡᠬᠦ᠌ ᠪᠠᠷᠢᠯᠭ᠎ᠠ ᠶ᠋ᠢᠨ ᠭᠠᠵᠠᠷ ᠬᠦᠷᠲᠡᠯ᠎ᠡ᠂ ᠮᠠᠱᠢᠨ ᠮᠧᠬᠠᠨᠢᠭ ᠬᠦᠷᠴᠢᠭᠢᠨᠡᠨ᠂ ᠪᠠᠷᠢᠯᠭ᠎ᠠ ᠶ᠋ᠢᠨ ᠠᠵᠢᠯᠲᠠᠳ ᠶᠠᠭᠠᠷᠠᠯᠲᠠᠢᠬᠠᠨ ᠠᠵᠢᠯᠯᠠᠨ᠎ᠠ᠃ ᠲᠠᠳᠠ ᠱᠢᠨ᠎ᠡ ᠬᠣᠭᠣᠯᠠᠶ ᠲᠤᠤᠷ ᠳᠡᠪᠢᠰᠴᠦ᠍᠂ ᠭᠠᠩᠨᠠᠨ ᠵᠠᠯᠭᠠᠵᠤ᠂ ᠡᠮᠬᠢ ᠴᠡᠭ᠌ᠴᠡᠲᠡᠶ᠂ ᠲᠦᠷᠭᠡᠨ ᠪᠥᠭᠡᠳ ᠥᠨᠳᠥᠷ ᠪᠦᠲᠦᠮᠵᠢᠲᠡᠶ ᠠᠵᠢᠯᠯᠠᠵᠠᠭᠠᠨ᠎ᠠ ᠁ ᠡᠨᠡ ᠪᠣᠯ ᠬᠢᠩᠭᠠᠨ ᠠᠢᠮᠠᠭ ᠤ᠋ᠨ 《ᠳᠤᠯᠠᠭᠠᠯᠠᠭ᠎ᠠ ᠶ᠋ᠢᠨ ᠢᠨᠵᠧᠨᠧᠷᠢᠩ》 ᠤ᠋ᠨ ᠪᠠᠷᠢᠯᠭ᠎ᠠ ᠶ᠋ᠢᠨ ᠠᠬᠤᠢ ᠲᠠᠯᠠᠪᠠᠢ ᠶ᠋ᠢᠨ ᠪᠤᠳᠠᠲᠠᠢ ᠪᠠᠢᠳᠠᠯ ᠪᠤᠯᠤᠨ᠎ᠠ᠃
4 ᠰᠠᠷ᠎ᠠ ᠳ᠋ᠦ ᠳᠤᠯᠠᠭᠠᠯᠠᠭ᠎ᠠ ᠵᠣᠭ᠍ᠰᠣᠭ᠍ᠰᠠᠨᠠᠴᠠ ᠨᠠᠭᠠᠰᠢ᠂ ᠬᠢᠩᠭᠠᠨ ᠠᠢᠮᠠᠭ 《ᠳᠤᠯᠠᠭᠠᠯᠠᠭ᠎ᠠ ᠶ᠋ᠢᠨ ᠢᠨᠵᠧᠨᠧᠷᠢᠩ》 ᠤ᠋ᠨ ᠪᠥᠲᠥᠭᠡᠨ ᠪᠠᠢᠭᠤᠯᠤᠯᠲᠠ ᠵᠢ ᠲᠦᠷᠭᠡᠳᠭᠡᠨ ᠠᠬᠢᠭᠤᠯᠵᠤ᠂ ᠡᠪᠦᠯ ᠤ᠋ᠨ ᠤᠯᠠᠷᠢᠯ ᠳᠤ ᠣᠯᠠᠨ ᠲᠦᠮᠡᠨᠢ ᠬᠠᠯᠠᠭᠤᠨ ᠳᠤᠯᠠᠭᠠᠬᠠᠨ ᠦᠡᠭᠭᠡᠷᠡᠭᠦᠯᠬᠦ ᠵᠢ ᠦᠨᠡᠨ ᠬᠦ᠌ ᠪᠠᠲᠤᠯᠠᠬᠤ ᠪᠡᠷ ᠴᠢᠷᠮᠠᠢᠭᠰᠠᠨ ᠪᠠᠢᠨ᠎ᠠ ᠃ 8 ᠰᠠᠷ᠎ᠠ ᠶ᠋ᠢᠨ ᠰᠡᠭᠦᠯᠴᠢ ᠪᠣᠯᠲᠠᠯ᠎ᠠ᠂ ᠪᠥᠬᠥ᠌ ᠠᠢᠮᠠᠭ ᠤ᠋ᠨ ᠬᠢᠨ 6.66 ᠺᠢᠯᠣᠮᠧᠲ᠋ᠷ ᠤ᠋ᠨ ᠬᠠᠷᠢᠯᠴᠠᠨ ᠬᠣᠯᠪᠣᠯᠳᠤᠵᠤ ᠬᠠᠷᠢᠯᠴᠠᠨ ᠨᠡᠪᠲᠡᠷᠡᠯᠴᠡᠬᠦ᠌ ᠨᠢᠭᠡᠳᠦᠭᠡᠷ ᠳᠡᠰ ᠤ᠋ᠨ ᠬᠣᠭᠣᠯᠠᠶ ᠲᠤᠤᠷ ᠢ᠋ ᠱᠢᠨ᠎ᠡ ᠪᠡᠷ ᠪᠠᠢᠭᠤᠯᠵᠤ᠂ 101.68 ᠺᠢᠯᠣᠮᠧᠲ᠋ᠷ ᠤ᠋ᠨ ᠬᠠᠭᠤᠴᠢᠨ ᠨᠢᠭᠡᠳᠦᠭᠡᠷ ᠳᠡᠰ ᠤ᠋ᠨ ᠬᠣᠭᠣᠯᠠᠶ ᠲᠤᠤᠷ᠂ 284.86 ᠺᠢᠯᠣᠮᠧᠲ᠋ᠷ ᠤ᠋ᠨ ᠬᠠᠭᠤᠴᠢᠨ ᠬᠤᠶᠠᠳᠤᠭᠠᠷ ᠳᠡᠰ ᠤ᠋ᠨ ᠬᠣᠭᠣᠯᠠᠶ ᠲᠤᠤᠷ᠂ 118.72 ᠺᠢᠯᠣᠮᠧᠲ᠋ᠷ ᠤ᠋ᠨ ᠠᠰᠠᠷ ᠤ᠋ᠨ ᠪᠣᠰᠣᠭ᠎ᠠ ᠬᠣᠭᠣᠯᠠᠶ ᠲᠤᠤᠷ ᠪᠠ 120 ᠢᠯᠴᠢ ᠰᠣᠯᠢᠬᠤ ᠥᠷᠲᠡᠭᠡ ᠵᠢ ᠥᠭᠡᠷᠡᠴᠢᠯᠡᠵᠦ᠍᠂ 9 ᠰᠠᠭᠤᠷᠢ ᠢᠯᠴᠢ ᠰᠣᠯᠢᠬᠤ ᠥᠷᠲᠡᠭᠡ ᠵᠢ ᠱᠢᠨ᠎ᠡ ᠪᠡᠷ ᠪᠠᠢᠭᠤᠯᠵᠤ᠂ 《ᠳᠤᠯᠠᠭᠠᠯᠠᠭ᠎ᠠ ᠶ᠋ᠢᠨ ᠢᠨᠵᠧᠨᠧᠷᠢᠩ》 ᠤ᠋ᠨ ᠬᠤᠷᠳᠤ ᠨᠡᠮᠡᠨ ᠠᠵᠢᠯᠯᠠᠬᠤ ᠵᠠᠭᠪᠤᠷ ᠢ᠋ ᠡᠬᠢᠯᠡᠭᠦᠯᠪᠡ᠃
ᠲᠦᠭ᠌ᠵᠢᠷᠡᠯ ᠤ᠋ᠨ ᠠᠰᠠᠭᠤᠳᠠᠯ ᠢ᠋ ᠱᠢᠢᠳᠪᠦᠷᠢᠯᠡᠬᠦ ᠶ᠋ᠢᠨ ᠬᠠᠮᠲᠤ 《ᠳᠤᠯᠠᠭᠠᠯᠠᠭ᠎ᠠ ᠶ᠋ᠢᠨ ᠢᠨᠵᠧᠨᠧᠷᠢᠩ》 ᠢ᠋ ᠪᠦᠬᠦᠨ ᠢ᠋ ᠪᠦᠷᠬᠦᠬᠦᠯᠬᠦ᠌ ᠵᠢ ᠪᠡᠶᠡᠯᠡᠭᠦᠯᠦᠨ᠂ ᠪᠠᠰᠠ ᠶᠠᠰᠤ ᠴᠢᠨᠠᠷ ᠦᠷ᠎ᠡ ᠪᠦᠲᠦᠮᠵᠢ ᠵᠢ ᠡᠷᠬᠢᠮᠯᠡᠵᠦ᠍᠂ ᠳᠤᠯᠠᠭᠠᠯᠠᠭ᠎ᠠ ᠶ᠋ᠢᠨ ᠪᠣᠬᠢᠷᠲᠤᠯ ᠦᠭᠡᠢ᠂ ᠤᠶᠤᠨᠴᠢᠯᠠᠯᠲᠠ ᠶ᠋ᠢᠨ ᠲᠦᠪᠱᠢᠨ ᠢ᠋ ᠳᠡᠭᠡᠭᠰᠢᠯᠡᠭᠦᠯᠪᠠ᠃
8 ᠰᠠᠷ᠎ᠠ ᠶ᠋ᠢᠨ 21 ᠤ᠋ ᠡᠳᠦᠷ᠂ 《ᠳᠤᠯᠠᠭᠠᠯᠠᠭ᠎ᠠ ᠶ᠋ᠢᠨ ᠢᠨᠵᠧᠨᠧᠷᠢᠩ》 ᠢ᠋ ᠰᠠᠢᠲᠤᠷ ᠬᠡᠷᠡᠭ᠌ᠵᠢᠭᠦᠯᠵᠤ᠂ ᠳᠤᠯᠠᠭᠠᠯᠠᠭ᠎ᠠ ᠬᠠᠩᠭᠠᠬᠤ ᠮᠡᠷᠭᠡᠵᠢᠯ ᠤ᠋ᠨ ᠱᠢᠨ᠎ᠡ ᠵᠢ ᠡᠭᠦᠳᠬᠦ᠌ ᠵᠢ ᠠᠬᠢᠭᠤᠯᠬᠤ ᠶᠡᠬᠡ ᠬᠤᠷᠠᠯ — ᠳᠣᠯᠣᠳᠤᠭᠠᠷ ᠬᠤᠭᠤᠴᠠᠭᠠᠨ ᠤ᠋ ᠳᠤᠮᠳᠠᠳᠤ ᠤᠯᠤᠰ ᠤ᠋ᠨ ᠳᠤᠯᠠᠭᠠᠯᠠᠭ᠎ᠠ ᠬᠠᠩᠭᠠᠬᠤ ᠡᠷᠳᠡᠮ ᠱᠢᠨᠵᠢᠯᠡᠭᠡᠨᠦ ᠣᠨ ᠤ᠋ ᠬᠤᠷᠠᠯ ᠣᠷᠳᠣᠰ ᠬᠣᠲᠠ ᠳ᠋ᠦ ᠬᠦᠰᠢᠭᠡ ᠪᠠᠨ ᠰᠡᠭᠦᠪᠡ᠃
《ᠲᠣᠰ ᠤᠳᠠᠭᠠᠨ ᠤ᠋ ᠶᠡᠬᠡ ᠬᠤᠷᠠᠯ ᠤ᠋ᠨ ᠵᠣᠷᠢᠯᠭ᠎ᠠ ᠨᠢ ᠳᠤᠯᠠᠭᠠᠯᠠᠭ᠎ᠠ ᠬᠠᠩᠭᠠᠬᠤ ᠠᠵᠢᠯ ᠲᠥᠷᠥᠯ ᠳ᠋ᠦ ᠲᠤᠷᠱᠢᠯᠭ᠎ᠠ ᠪᠠ ᠰᠡᠩᠬᠡᠷᠡᠭᠦᠯᠦᠯ ᠬᠠᠩᠭᠠᠵᠤ᠂ ᠠᠵᠢᠯ ᠲᠥᠷᠥᠯ ᠤ᠋ᠨ ᠡᠷᠳᠡᠮ ᠱᠢᠨᠵᠢᠯᠡᠭᠡᠨᠦ ᠠᠭᠤᠷ ᠠᠮᠢᠰᠭᠤᠯ ᠢ᠋ ᠦᠳᠭᠡᠷᠡᠬᠦᠯᠵᠤ᠂ ᠳᠤᠯᠠᠭᠠᠯᠠᠭ᠎ᠠ ᠬᠠᠩᠭᠠᠬᠤ ᠮᠡᠷᠭᠡᠵᠢᠯ ᠤ᠋ᠨ ᠬᠥᠭ᠌ᠵᠢᠯᠲᠡ ᠪᠠ ᠱᠢᠨ᠎ᠡ ᠡᠬᠦᠳᠤᠯᠳᠠᠵᠢ ᠤᠯᠠᠮ ᠨᠢᠭᠡ ᠠᠯᠬᠤᠮ ᠠᠬᠢᠭᠤᠯᠵᠤ᠂ ᠪᠥᠬᠥ᠌ ᠰᠢᠰᠲᠸᠮ ᠤ᠋ᠨ ᠠᠵᠢᠯ ᠤ᠋ᠨ ᠲᠦᠪᠱᠢᠨ ᠶ᠋ᠢᠡᠨ ᠬᠠᠮᠲᠤᠪᠠᠷ ᠳᠡᠭᠡᠭ᠌ᠰᠢᠯᠡᠭᠦᠯᠬᠦ᠌ ᠵᠢ ᠵᠣᠷᠢᠭ᠍ᠵᠢᠭᠤᠯᠬᠤ ᠶ᠋ᠢᠨ ᠲᠥᠯᠥᠭᠡ ᠶᠤᠮ》 ᠭᠡᠵᠦ᠍ ᠣᠷᠳᠣᠰ ᠬᠣᠲᠠ ᠶ᠋ᠢᠨ ᠠᠷᠠᠳ ᠤ᠋ᠨ ᠵᠠᠰᠠᠭ ᠤ᠋ᠨ ᠣᠷᠳᠣᠨ ᠤ᠋ ᠬᠠᠮᠢᠶ᠎ᠡ ᠪᠥᠬᠥᠶ ᠬᠠᠷᠢᠭᠤᠴᠠᠯᠭᠠᠲᠠᠨ ᠭᠡᠯᠡᠵᠠᠢ᠃
ᠣᠷᠳᠣᠰ ᠬᠤᠲᠠ ᠡᠨᠡ ᠬᠦ᠌ 《ᠤᠯᠤᠰ ᠤ᠋ᠨ ᠴᠢᠬᠤᠯᠠ ᠡᠨᠧᠷᠭᠢ ᠶ᠋ᠢᠨ ᠰᠠᠭᠤᠷᠢᠨ》᠂ 《ᠳᠤᠮᠳᠠᠳᠤ ᠤᠯᠤᠰ ᠤ᠋ᠨ ᠬᠠᠮᠤᠭᠤᠨ ᠵᠢᠷᠭᠠᠯᠲᠤ ᠲᠦᠷᠦᠭᠳᠡᠯ ᠲᠠᠢ ᠬᠤᠲᠠ》 ᠭᠡᠬᠦ᠌ ᠨᠡᠷᠡᠢᠳᠦᠯᠲᠡᠶ 《ᠳᠤᠯᠠᠭᠠᠨ ᠬᠣᠲᠠ》 ᠨᠢ ᠡᠨᠡ ᠵᠢᠯ ᠨᠡᠢᠲᠡ 39.4 ᠳ᠋ᠦᠩᠱᠢᠭᠤᠷ ᠲᠥᠭᠥᠷᠢᠭ ᠤ᠋ᠨ ᠪᠠᠯᠠ ᠣᠷᠣᠭᠤᠯᠵᠤ 《ᠳᠤᠯᠠᠭᠠᠯᠠᠭ᠎ᠠ ᠶ᠋ᠢᠨ ᠢᠨᠵᠧᠨᠧᠷᠢᠩ》 ᠤ᠋ᠨ 45 ᠵᠦᠶ᠋ᠯ ᠢ᠋ ᠬᠡᠷᠡᠭ᠌ᠵᠢᠭᠦᠯᠵᠦ᠍᠂ ᠪᠥᠬᠥ᠌ ᠬᠣᠲᠠ ᠶ᠋ᠢᠨ ᠳᠤᠯᠠᠭᠠᠯᠠᠭ᠎ᠠ ᠶ᠋ᠢᠨ ᠴᠢᠳᠠᠪᠤᠷᠢ ᠵᠢ 1500 ᠲᠦᠮᠡᠨ ᠲᠡᠭ᠌ᠰᠢ ᠳᠥᠷᠪᠡᠯᠵᠢᠨ ᠮᠧᠲ᠋ᠷ ᠱᠢᠨ᠎ᠡ ᠪᠡᠷ ᠨᠡᠮᠡᠭ᠌ᠳᠡᠭᠦᠯᠬᠦ᠌ ᠪᠡᠷ ᠲᠥᠯᠥᠪᠯᠡᠵᠦ᠍᠂ 《ᠤᠰᠤ᠂ ᠴᠠᠬᠢᠯᠭᠠᠨ᠂ ᠬᠡᠶ᠂ ᠢᠯᠴᠢ》 ᠵᠡᠷᠭᠡ 4 ᠵᠦᠶ᠋ᠯ ᠤ᠋ᠨ ᠪᠠᠲᠤᠯᠠᠭ᠎ᠠ ᠶ᠋ᠢᠨ ᠠᠵᠢᠯ ᠢ᠋ ᠬᠠᠮᠤᠷᠴᠤ᠌᠂ ᠳᠤᠯᠠᠭᠠᠯᠠᠭ᠎ᠠ ᠬᠠᠩᠭᠠᠬᠤ ᠬᠦᠷᠢᠶᠡᠨᠦ ᠲᠣᠪᠣᠢᠮ᠎ᠠ ᠠᠰᠠᠭᠤᠳᠠᠯ ᠢ᠋ ᠪᠦᠬᠦᠨ ᠢ᠋ ᠱᠢᠶ᠋ᠳᠪᠦᠷᠢᠯᠡᠬᠦ᠌ ᠶ᠋ᠢᠨ ᠬᠠᠮᠲᠤ ᠪᠥᠬᠥ᠌ ᠶᠠᠪᠤᠴᠠ ᠶ᠋ᠢᠨ ᠳᠤᠯᠠᠭᠠᠯᠠᠭ᠎ᠠ ᠬᠠᠩᠭᠠᠬᠤ ᠠᠵᠢᠯᠯᠠᠭᠠᠨ ᠤ᠋ ᠬᠢᠨᠠᠨ ᠬᠠᠮᠢᠶᠠᠷᠤᠯᠲᠠ ᠵᠢ ᠪᠡᠶᠡᠯᠡᠭᠦᠯᠬᠦ ᠪᠤᠯᠤᠨ᠎ᠠ᠃
9 ᠰᠠᠷ᠎ᠠ ᠶ᠋ᠢᠨ 7 ᠤ᠋ ᠡᠳᠦᠷ᠂ ᠬᠥᠬᠡᠬᠣᠲᠠ ᠶ᠋ᠢᠨ ᠱᠢᠲᠠᠮᠠᠬᠠᠶ ᠬᠡᠶ ᠶ᠋ᠢᠨ ᠢᠯᠴᠢ ᠶ᠋ᠢᠨ ᠬᠦᠴᠦᠨᠦ ᠪᠦᠯᠦᠭ᠌ᠯᠡᠯᠡᠴᠡ ᠵᠣᠬᠢᠶᠠᠨ ᠪᠠᠢᠭᠤᠯᠵᠤ ᠬᠡᠷᠡᠭ᠌ᠵᠢᠭᠦᠯᠦᠭ᠌ᠰᠡᠨ ᠢᠯᠴᠢ ᠶ᠋ᠢᠨ ᠬᠣᠭᠣᠯᠠᠶ ᠲᠤᠤᠷ ᠤ᠋ᠨ ᠬᠠᠷᠢᠯᠴᠠᠨ ᠬᠤᠯᠪᠤᠯᠳᠤᠵᠤ ᠬᠠᠷᠢᠯᠴᠠᠨ ᠨᠡᠪᠲᠡᠷᠡᠯᠴᠡᠬᠦ᠌ ᠢᠨᠵᠧᠨᠧᠷᠢᠩ ᠤ᠋ᠨ ᠵᠣᠣ ᠵᠢᠶᠦ᠋ᠨ ᠵᠠᠮ ᠤ᠋ᠨ ᠪᠠᠭ᠎ᠠ ᠲᠦᠷᠭᠡᠨ ᠭᠤᠤᠯ ᠤ᠋ᠨ ᠬᠡᠰᠡᠭ ᠢ᠋ ᠲᠤᠷᠰᠢᠨ ᠠᠵᠢᠯᠯᠠᠭᠤᠯᠪᠠ᠃
《 ᠲᠣᠰ ᠢᠨᠵᠧᠨᠧᠷᠢᠩ ᠤ᠋ᠨ ᠪᠥᠬᠥ᠌ ᠣᠷᠳᠣᠨᠢ ᠪᠠᠷᠤᠭ 380 ᠮᠧᠲ᠋ᠷ ᠪᠠᠢᠵᠤ᠂ 8 ᠰᠠᠷ᠎ᠠ ᠶ᠋ᠢᠨ 6 ᠤ᠋ ᠡᠳᠦᠷ ᠬᠤᠭᠤᠯᠠᠢ ᠲᠤᠤᠷ ᠢ᠋ ᠤᠭᠰᠠᠷᠬᠤ ᠠᠵᠢᠯ ᠶ᠋ᠢᠡᠨ ᠳᠠᠭᠤᠰᠭᠠᠵᠤ᠂ ᠤᠰᠤ ᠨᠡᠪᠲᠡᠷᠡᠭᠦᠯᠵᠤ ᠡᠬᠢᠯᠡᠪᠡ᠃ ᠲᠤᠰ ᠬᠡᠰᠡᠭ ᠤ᠋ᠨ ᠢᠯᠴᠢ ᠶ᠋ᠢᠨ ᠬᠣᠭᠣᠯᠠᠢ ᠲᠣᠣᠷ ᠢ᠋ ᠤᠷᠳᠤᠳᠬᠠᠵᠤ᠂ ᠳ᠋ᠠ ᠲᠠᠩ ᠪᠦᠯᠦᠭᠯᠡᠯ ᠤ᠋ᠨ ᠬᠣᠭᠣᠯᠠᠢ ᠲᠣᠣᠷ ᠲᠠᠢ ᠵᠠᠯᠭᠠᠯᠳᠤᠭᠤᠯᠵᠤ᠂ ᠡᠷᠬᠢᠨ ᠲᠣᠭᠣᠷᠢᠨ ᠤ᠋ ᠣᠷᠣᠨ ᠪᠦᠰᠡ ᠶ᠋ᠢᠨ ᠳᠤᠯᠠᠭᠠᠯᠠᠭ᠎ᠠ ᠬᠠᠩᠭᠠᠬᠤ ᠵᠢ ᠪᠡᠶᠡᠯᠡᠭᠦᠯᠵᠦ᠍᠂ ᠬᠥᠬᠡᠬᠣᠲᠠ ᠶ᠋ᠢᠨ ᠭᠣᠣᠯ ᠬᠤᠲᠠ ᠶ᠋ᠢᠨ ᠲᠣᠭᠣᠷᠢᠭ ᠤ᠋ᠨ 〈ᠨᠢᠭᠡ ᠬᠤᠲᠠ ᠨᠢᠭᠡ ᠰᠦᠯᠵᠢᠶ᠎ᠡ᠂ ᠨᠢᠭᠡ ᠰᠦᠯᠵᠢᠶ᠎ᠡ ᠤᠯᠠᠨ ᠰᠤᠷᠪᠤᠯᠵᠢ᠂ ᠬᠠᠷᠢᠯᠴᠠᠨ ᠬᠣᠯᠪᠣᠯᠳᠤᠨ ᠬᠠᠷᠢᠯᠴᠠᠨ ᠨᠡᠪᠲᠡᠷᠡᠯᠴᠡᠬᠦ᠌᠂ ᠡᠬᠢ ᠪᠠᠶᠠᠯᠢᠭ ᠢ᠋ ᠬᠠᠮᠲᠤᠪᠠᠷ ᠡᠳ᠋ᠯᠡᠬᠦ᠌᠂ ᠨᠢᠭᠡᠳᠦᠯᠲᠡᠢ ᠲᠥᠯᠥᠪᠵᠢᠭᠦᠯᠦᠨ ᠲᠤᠬᠢᠷᠠᠭᠤᠯᠬᠤ᠂ ᠠᠮᠤᠷ ᠲᠦᠪᠱᠢᠨ ᠲᠣᠭ᠍ᠲᠠᠭᠤᠨ〉 ᠳᠤᠯᠠᠭᠠᠯᠠᠭ᠎ᠠ ᠬᠠᠩᠭᠠᠬᠤ ᠱᠢᠨ᠎ᠡ ᠪᠠᠢᠷᠢᠱᠢᠯ ᠢ᠋ ᠪᠡᠶᠡᠯᠡᠭᠦᠯᠬᠦ᠌ ᠳ᠋ᠦ ᠬᠦᠴᠦᠨ ᠨᠡᠮᠡᠷᠢᠯᠡᠬᠦ᠌ ᠪᠣᠯᠤᠨ᠎ᠠ》 ᠭᠡᠵᠦ᠍ ᠬᠥᠬᠡᠬᠣᠲᠠ ᠶ᠋ᠢᠨ ᠹᠦ᠋ᠲᠡᠶ ᠢᠯᠴᠢ ᠶ᠋ᠢᠨ ᠬᠦᠴᠦᠨᠦ ᠺᠣᠮᠫᠠᠨᠢ ᠶ᠋ᠢᠨ ᠪᠠᠷᠢᠯᠭ᠎ᠠ ᠶ᠋ᠢᠨ ᠬᠡᠯᠲᠡᠰ ᠤ᠋ᠨ ᠳᠡᠳ᠋ ᠳᠠᠷᠤᠭ᠎ᠠ ᠯᠢ ᠶᠤᠸᠠᠨ ᠲᠠᠨᠢᠯᠴᠠᠭᠤᠯᠤᠨ᠎ᠠ᠃
《〈ᠳᠤᠯᠠᠭᠠᠯᠠᠭ᠎ᠠ ᠵᠤᠭᠰᠤᠭᠰᠠᠭᠠᠷ ᠠᠵᠢᠯ ᠡᠬᠢᠯᠡᠭᠦᠯᠬᠦ〉 ᠱᠠᠭᠠᠷᠳᠠᠯᠭ᠎ᠠ ᠶᠣᠰᠣᠭᠠᠷ᠂ ᠡᠯ᠎ᠡ ᠭᠠᠵᠠᠷ ᠤ᠋ᠨᠬᠢᠨ ᠠᠯᠢ ᠡᠷᠲᠡᠡᠴᠡ ᠴᠠᠭ ᠢ᠋ ᠠᠮᠵᠢᠨ ᠪᠥᠬᠥ᠌ ᠬᠤᠷᠳᠤᠴᠠᠪᠠᠷ ᠠᠵᠢᠯ ᠤ᠋ᠨ ᠠᠬᠢᠴᠠ ᠪᠡᠨ ᠠᠬᠢᠭᠤᠯᠪᠠ᠃ ᠡᠨᠡ ᠵᠢᠯ ᠪᠥᠬᠥ᠌ ᠣᠷᠣᠨ ᠳ᠋ᠦ 539 〈ᠳᠤᠯᠠᠭᠠᠯᠠᠭ᠎ᠠ ᠶ᠋ᠢᠨ ᠢᠨᠵᠧᠨᠧᠷᠢᠩ〉 ᠤ᠋ᠨ ᠲᠥᠷᠥᠯ ᠵᠦᠶ᠋ᠯ ᠢ᠋ ᠬᠡᠷᠡᠭ᠌ᠵᠢᠭᠦᠯᠬᠦ᠌ ᠪᠡᠷ ᠲᠥᠯᠥᠪᠯᠡᠪᠡ᠃ ᠣᠳᠣᠬᠠᠨ ᠪᠣᠯᠲᠠᠯ᠎ᠠ 143 ᠳ᠋ᠦᠩᠱᠢᠭᠤᠷ ᠲᠥᠭᠥᠷᠢᠭ ᠤ᠋ᠨ ᠪᠠᠯᠠ ᠣᠷᠣᠭᠤᠯᠤᠯᠲᠠ ᠵᠢ ᠪᠡᠶᠡᠯᠡᠭᠦᠯᠵᠦ᠍᠂ ᠪᠠᠯᠠ ᠣᠷᠣᠭᠤᠯᠤᠯᠲᠠ ᠵᠢ ᠪᠡᠶᠡᠯᠡᠭᠦᠯᠦᠭ᠌ᠰᠡᠨ ᠨᠣᠷᠮ᠎ᠠ 64% ᠳ᠋ᠦ ᠬᠦᠷᠴᠠᠢ》 ᠭᠡᠵᠦ ᠥᠪᠡᠷᠲᠡᠭᠡᠨ ᠵᠠᠰᠠᠬᠤ ᠣᠷᠣᠨ ᠤ᠋ ᠣᠷᠣᠨ ᠰᠠᠭᠤᠴᠠ ᠪᠠ ᠬᠣᠲᠠ ᠬᠥᠳᠡᠭᠡ ᠶ᠋ᠢᠨ ᠪᠥᠲᠥᠭᠡᠨ ᠪᠠᠢᠭᠤᠯᠤᠯᠲᠠ ᠶ᠋ᠢᠨ ᠲᠢᠩᠬᠢᠮ ᠤ᠋ᠨ ᠬᠣᠲᠠ ᠶ᠋ᠢᠨ ᠬᠠᠮᠢᠶᠠᠷᠤᠯᠲᠠ ᠶ᠋ᠢᠨ ᠭᠠᠵᠠᠷ ᠤ᠋ᠨ ᠳᠠᠷᠤᠭ᠎ᠠ ᠱ᠌ᠢ ᡁᠢ ᠭᠠᠩ ᠭᠡᠯᠡᠪᠠ᠃
《ᠳᠤᠯᠠᠭᠠᠯᠠᠭ᠎ᠠ ᠶ᠋ᠢᠨ ᠢᠨᠵᠧᠨᠧᠷᠢᠩ》 ᠢ᠋ ᠪᠦᠬᠦ᠌ ᠬᠦᠴᠦᠨ ᠶ᠋ᠢᠡᠷ ᠶ᠋ᠢᠡᠨ ᠠᠬᠢᠭᠤᠯᠬᠤ ᠪᠣᠯ ᠠᠷᠠᠳ ᠤ᠋ᠨ ᠠᠮᠢᠳᠤᠷᠠᠯ ᠳ᠋ᠦ ᠬᠣᠯᠪᠣᠭ᠍ᠳᠠᠬᠤ ᠵᠠᠩᠭᠢᠯᠠᠭ᠎ᠠ ᠶ᠋ᠢᠨ ᠶᠠᠪᠤᠳᠠᠯ ᠪᠣᠯᠬᠤ ᠪᠥᠭᠡᠳ ᠪᠠᠰᠠ ᠴᠤ᠌ ᠬᠥᠮᠦᠰ ᠤ᠋ᠨ ᠰᠡᠳᠭᠢᠯ ᠢ᠋ ᠳᠤᠯᠠᠭᠠᠴᠠᠭᠤᠯᠬᠤ ᠠᠵᠢᠯᠯᠠᠭ᠎ᠠ ᠪᠣᠯᠤᠨ᠎ᠠ᠃ 《ᠳᠤᠯᠠᠭᠠᠯᠠᠭ᠎ᠠ ᠶ᠋ᠢᠨ ᠢᠨᠵᠧᠨᠧᠷᠢᠩ》 ᠢ᠋ ᠬᠡᠷᠡᠭ᠌ᠵᠢᠭᠦᠯᠦᠭ᠌ᠰᠡᠨᠡᠴᠡ ᠨᠠᠭᠠᠰᠢ᠂ ᠥᠪᠡᠷᠲᠡᠭᠡᠨ ᠵᠠᠰᠠᠬᠤ ᠣᠷᠣᠨ ᠤ᠋ ᠣᠷᠣᠨ ᠰᠠᠭᠤᠴᠠ ᠪᠠ ᠬᠣᠲᠠ ᠬᠥᠳᠡᠭᠡ ᠶ᠋ᠢᠨ ᠪᠥᠲᠥᠭᠡᠨ ᠪᠠᠢᠭᠤᠯᠤᠯᠲᠠ ᠶ᠋ᠢᠨ ᠲᠢᠩᠬᠢᠮᠤᠨ ᠬᠢᠨ ᠪᠥᠬᠥ᠌ ᠤᠯᠤᠰ ᠤ᠋ᠨ ᠢᠯᠴᠢ ᠬᠠᠩᠭᠠᠬᠤ ᠨᠡᠢᠭᠡᠮᠯᠢᠭ ᠤ᠋ᠨ 46 ᠲᠤᠰᠭᠠᠶ ᠮᠡᠷᠭᠡᠵᠢᠯᠲᠡᠨ ᠢ᠋ ᠤᠷᠢᠨ ᠪᠦᠬᠦ ᠤᠷᠤᠨ ᠤ᠋ ᠡᠯ᠎ᠡ ᠭᠠᠵᠠᠷ ᠲᠦ᠍ ᠤᠷᠢᠳ ᠬᠣᠵᠢᠳ 18 ᠤᠳᠠᠭ᠎ᠠ 《ᠳᠤᠯᠠᠭᠠᠯᠠᠭ᠎ᠠ ᠶ᠋ᠢᠨ ᠢᠨᠵᠧᠨᠧᠷᠢᠩ》 ᠤ᠋ᠨ ᠲᠥᠯᠥᠪᠵᠢᠭᠦᠯᠭᠡ᠂ ᠪᠥᠲᠥᠭᠡᠨ ᠪᠠᠢᠭᠤᠯᠤᠯᠲᠠ᠂ ᠠᠵᠢᠯᠯᠠᠭᠠᠨ ᠪᠠ ᠬᠠᠮᠢᠶᠠᠷᠤᠯᠲᠠ ᠵᠡᠷᠭᠡ ᠲᠠᠯᠠᠪᠠᠷ ᠪᠥᠬᠥ᠌ ᠲᠠᠯ᠎ᠠ ᠶ᠋ᠢᠨ ᠵᠢᠯᠣᠭᠣᠳᠣᠯᠭ᠎ᠠ ᠬᠢᠯᠭᠡᠵᠦ᠂ ᠡᠯ᠎ᠡ ᠭᠠᠵᠠᠷ ᠢ᠋ ᠬᠠᠪᠰᠤᠷᠤᠨ ᠱᠢᠰᠲ᠋ᠧᠮᠲᠡᠶ ᠲᠥᠯᠥᠪᠵᠢᠭᠦᠯᠤᠨ᠂ ᠨᠠᠷᠢᠯᠢᠭ ᠤᠨᠤᠴᠢᠲᠠᠢ ᠡᠮᠬᠢ ᠵᠢᠷᠤᠮᠲᠠᠶ ᠠᠵᠢᠯ ᠶ᠋ᠢᠡᠨ ᠦᠷᠨᠢᠭᠦᠯᠬᠦ ᠵᠢ ᠠᠬᠢᠭᠤᠯᠪᠠ᠃ ᠡᠭᠦᠨ ᠤ᠋ ᠬᠠᠮᠲᠤ᠂ ᠲᠤᠰᠭᠠᠢ ᠮᠡᠷᠭᠡᠵᠢᠯᠲᠡᠳ ᠤ᠋ᠨ ᠲᠣᠭᠣᠷᠢᠨ ᠵᠢᠯᠣᠭᠣᠳᠭᠤ ᠲᠥᠷᠢᠮ ᠢ᠋ ᠪᠠᠢᠭᠤᠯᠤᠨ᠂ ᠬᠥᠬᠡᠬᠣᠲᠠ᠂ ᠪᠤᠭᠤᠲᠤ ᠵᠡᠷᠭᠡ ᠭᠣᠣᠯᠳᠠᠯᠭᠠᠲᠠᠶ ᠬᠤᠳᠠ ᠳ᠋ᠦ ᠲᠤᠰᠭᠠᠢ ᠵᠦᠢᠯ ᠤ᠋ᠨ ᠬᠠᠮᠲᠤᠷᠠᠨ ᠣᠨᠣᠱᠢᠯᠠᠬᠤ ᠠᠵᠢᠯ ᠥᠷᠨᠢᠭᠦᠯᠵᠦ᠍᠂ 《ᠳᠤᠯᠠᠭᠠᠯᠠᠭ᠎ᠠ ᠶ᠋ᠢᠨ ᠢᠨᠵᠧᠨᠧᠷᠢᠩ》 ᠢ᠋ ᠬᠡᠷᠡᠭ᠌ᠵᠢᠭᠦᠯᠬᠦ᠌ ᠶᠠᠪᠤᠴᠠ ᠳ᠋ᠦ ᠣᠷᠣᠱᠢᠵᠤ ᠪᠠᠢᠭ᠎ᠠ ᠠᠰᠠᠭᠤᠳᠠᠯ ᠢ᠋ ᠪᠠᠢᠴᠠᠭᠠᠨ ᠢᠯᠡᠷᠡᠭᠦᠯᠬᠦ ᠶ᠋ᠢᠨ ᠬᠠᠮᠲᠤ ᠵᠠᠯᠠᠷᠠᠭᠤᠯᠵᠤ᠂ ᠲᠥᠷᠥᠯ ᠵᠦᠢᠯ ᠢ᠋ ᠣᠨᠣᠪᠴᠢᠲᠠᠢ ᠬᠡᠷᠡᠭ᠌ᠵᠢᠭᠦᠯᠬᠦ᠌ ᠶ᠋ᠢ ᠦᠨᠡᠨ ᠬᠦ᠌ ᠪᠠᠲᠤᠯᠠᠵᠠᠢ᠃
《ᠬᠤᠢᠰᠢᠳᠠ ᠪᠢᠳᠡ ᠲᠥᠷᠥᠯ ᠵᠦᠶ᠋ᠯ ᠤ᠋ᠨ ᠠᠬᠢᠴᠠ ᠵᠢ ᠦᠷᠭᠦᠯᠵᠢᠯᠡᠨ ᠰᠠᠢᠲᠤᠷ ᠠᠳᠭᠤᠵᠤ᠂ ᠡᠯ᠎ᠡ ᠭᠠᠵᠠᠷ ᠤ᠋ᠨ ᠪᠠᠷᠢᠯᠭ᠎ᠠ ᠶ᠋ᠢᠨ ᠠᠵᠢᠯᠢ ᠡᠷᠴᠢᠮᠲᠡᠢ ᠠᠬᠢᠭᠤᠯᠵᠤ᠂ ᠴᠠᠭ ᠢ᠋ ᠠᠮᠵᠢᠨ ᠠᠵᠢᠯᠯᠠᠬᠤ ᠵᠢ ᠱᠠᠯᠠᠪᠳᠠᠭᠤᠯᠤᠨ ᠵᠢᠯᠣᠭᠣᠳᠤᠨ᠎ᠠ᠃ ᠡᠭᠦᠨᠦ ᠬᠠᠮᠲᠤ᠂ ᠳᠤᠯᠠᠭᠠᠯᠠᠭ᠎ᠠ ᠬᠠᠩᠭᠠᠬᠤ ᠠᠵᠤ ᠠᠬᠤᠢᠯᠠᠯ ᠢ᠋ ᠵᠣᠬᠢᠶᠠᠨ ᠪᠠᠢᠭᠤᠯᠵᠤ ᠡᠨᠧᠷᠭᠢ ᠨᠥᠭᠡᠴᠡᠯᠡᠬᠦ᠌᠂ ᠪᠠᠴᠢᠮ ᠪᠠᠢᠳᠠᠯ ᠢ᠋ ᠠᠷᠭᠠᠴᠠᠭᠠᠬᠤ ᠡᠩᠨᠡᠭᠡ ᠵᠢᠴᠢ ᠡᠳ᠋ ᠪᠠᠷᠠᠭ᠎ᠠ ᠲᠣᠬᠢᠷᠠᠭᠤᠯᠬᠤ᠂ ᠬᠣᠭᠣᠯᠠᠶ ᠲᠤᠤᠷ ᠲᠦ᠍ ᠤᠰᠤ ᠨᠡᠪᠲᠡᠷᠡᠭᠦᠯᠬᠦ ᠵᠡᠷᠭᠡ ᠡᠮᠦᠨᠡᠬᠢ ᠬᠤᠭᠤᠴᠠᠭᠠᠨ ᠤ᠋ ᠠᠵᠢᠯ ᠢ᠋ ᠰᠠᠢᠲᠤᠷ ᠬᠢᠵᠦ᠍᠂ ᠲᠥᠷᠥᠯ ᠵᠦᠶ᠋ᠯ ᠤ᠋ᠨ ᠬᠤᠭᠤᠴᠠᠭ᠎ᠠ ᠶᠣᠰᠣᠭᠠᠷ ᠪᠤᠶᠤ ᠤᠷᠢᠳᠴᠢᠯᠠᠨ ᠳᠤᠯᠠᠭᠠᠯᠠᠭ᠎ᠠ ᠬᠠᠩᠭᠠᠬᠤ ᠵᠢ ᠦᠨᠡᠨ ᠬᠦ᠌ ᠪᠠᠲᠤᠯᠠᠬᠤ ᠪᠤᠯᠤᠨ᠎ᠠ᠃ ᠡᠭᠦᠨᠡᠴᠡ ᠭᠠᠳᠠᠨ᠎ᠠ ᠂ ᠬᠥᠬᠡᠬᠣᠲᠠ᠂ ᠪᠤᠭᠤᠲᠤ᠂ ᠣᠷᠳᠣᠰ᠂ ᠦᠬᠠᠶ ᠪᠠ ᠤᠯᠠᠭᠠᠨᠬᠠᠳᠠ ᠵᠡᠷᠭᠡ 5 ᠬᠣᠲᠠ ᠳ᠋ᠦ ᠣᠶᠤᠨᠴᠢᠪᠠᠷ ᠳᠤᠯᠠᠭᠠᠯᠠᠭ᠎ᠠ ᠬᠠᠩᠭᠠᠬᠤ ᠲᠤᠷᠱᠢᠯᠲᠠ ᠶ᠋ᠢᠨ ᠠᠵᠢᠯ ᠢ᠋ ᠦᠷᠭᠦᠯᠵᠢᠯᠡᠨ ᠥᠷᠨᠢᠭᠦᠯᠵᠦ᠍᠂ ᠲᠤᠷᠱᠢᠯᠭ᠎ᠠ ᠪᠠ ᠦᠷ᠎ᠡ ᠪᠦᠲᠦᠮᠵᠢᠵᠢ ᠠᠯᠢ ᠲᠦᠷᠭᠡᠨ ᠶ᠋ᠢᠡᠷ ᠳ᠋ᠦᠡᠭᠨᠡᠨ ᠭᠠᠷᠭᠠᠵᠤ᠂ ᠪᠥᠬᠥ᠌ ᠣᠷᠣᠨ ᠳ᠋ᠦ ᠠᠯᠬᠤᠮ ᠠᠯᠬᠤᠮ ᠶ᠋ᠢᠡᠷ ᠳᠡᠯᠭᠡᠷᠡᠭᠦᠯᠦᠨ᠂ ᠳᠤᠯᠠᠭᠠᠯᠠᠭ᠎ᠠ ᠬᠠᠩᠭᠠᠬᠤ ᠣᠶᠤᠨᠴᠢᠯᠠᠯᠲᠠ ᠶ᠋ᠢᠨ ᠲᠦᠪᠰᠢᠨ ᠢ᠋ ᠪᠦᠬᠦᠯᠢ ᠴᠣᠭ᠍ᠴᠠᠪᠠᠷᠨᠢ ᠳᠡᠭᠡᠭ᠌ᠰᠢᠯᠡᠭᠦᠯᠦᠨᠡ 》 ᠭᠡᠵᠦ᠍ ᠱ᠌ᠢ ᡁᠢ ᠭᠠᠩ ᠭᠡᠯᠡᠯ᠎ᠠ᠃