ᠳᠤᠮᠳᠠᠳᠤ᠎ᠶ᠋ᠢᠨ ᠪᠣᠯᠪᠠᠰᠤᠨ ᠣᠳᠣᠨ ᠮᠡᠴᠢᠳᠰᠢᠭ ᠬᠢᠯᠠᠯᠵᠠᠨ᠎ᠠ᠃
ᠪᠣᠯᠪᠠᠰᠤᠨ᠎ᠤ ᠭᠡᠷᠡᠯ ᠭᠡᠭᠡ ᠰᠠᠴᠤᠷᠠᠭ᠍ᠰᠠᠨ ᠴᠠᠭ ᠦᠶ᠎ᠠ᠎ᠳᠤ᠂ ᠬᠥᠬᠡᠮᠥ᠋ᠷᠡᠨ ᠯᠢᠶᠠᠩ ᠵᠦ᠍᠎ᠶ᠋ᠢᠨ ᠰᠣᠶᠣᠯ᠎ᠢ ᠪᠣᠢᠵᠢᠭᠤᠯᠵᠤ᠂ ᠬᠠᠳᠤᠨ ᠭᠤᠤᠯ ᠶᠠᠩᠱᠤᠤ᠎ᠶ᠋ᠢᠨ ᠰᠣᠶᠣᠯ ᠢ ᠪᠣᠢᠵᠢᠭᠤᠯᠵᠤ᠂ ᠪᠠᠷᠠᠭᠤᠨ ᠯᠢᠶᠣᠤᠾᠧ ᠭᠤᠤᠯ ᠬᠣᠩᠱᠠᠨ ᠰᠣᠶᠣᠯ ᠢ ᠪᠣᠢᠵᠢᠭᠤᠯᠪᠠ᠃
ᠡᠨᠡ ᠵᠢᠯ᠎ᠦᠨ 2 ᠰᠠᠷ᠎ᠠ᠎ᠳᠤ᠂ ᠤᠯᠠᠭᠠᠨᠬᠠᠳᠠ ᠬᠣᠲᠠ᠎ᠶ᠋ᠢᠨ ᠬᠤᠩᠱᠠᠨ ᠲᠣᠭᠣᠷᠢᠭ᠎ᠤᠨ ᠬᠣᠲᠠ᠎ᠶ᠋ᠢᠨ IP ᠳᠦᠷᠢ ᠲᠥᠷᠬᠦ — ᠬᠣᠩᠱᠠᠨ ᠤ 《ᠬᠠᠰ ᠰᠢᠳᠢᠳᠤ ᠬᠦᠪᠡᠬᠦᠨ》᠎ᠢ ᠨᠡᠢᠲᠡᠯᠡᠪᠡ᠃ 《ᠬᠠᠰ ᠰᠢᠳᠢᠳᠤ ᠬᠦᠪᠡᠬᠦᠨ》᠎ᠤ ᠳᠦᠷᠢ ᠲᠥᠷᠬᠦ᠌ ᠨᠢ ᠳᠤᠮᠳᠠᠳᠤ᠎ᠶ᠋ᠢᠨ ᠨᠢᠭᠡᠳᠦᠭᠡᠷ ᠯᠤᠤ᠂ ᠬᠣᠩᠱᠠᠨᠤ ᠳᠦᠷᠢ ᠲᠥᠷᠬᠦ᠌ ᠪᠠ ᠬᠠᠰ ᠡᠳ᠋ᠯᠡᠯ ᠦᠨ ᠬᠥᠬᠡ ᠥᠩᠭᠡ᠂ ᠬᠠᠷᠠᠪᠳᠤᠷ ᠨᠣᠭᠣᠭᠠᠨ ᠥᠩᠭᠡ ᠵᠡᠷᠭᠡ ᠬᠣᠩᠱᠠᠨᠰᠣᠶᠣᠯᠤᠨ ᠬᠠᠷᠠᠭᠠᠨ ᠰᠡᠷᠡᠯ᠎ᠦᠨ ᠡᠯᠧᠮᠧᠨ᠋ᠲ᠎ᠢ ᠲᠥᠪᠯᠡᠷᠡᠭᠦᠯᠵᠦ᠍᠂ ᠳᠡᠯᠡᠬᠡᠶ ᠳ᠋ᠠᠬᠢᠨ ᠤ ᠠᠩᠬᠠᠷᠤᠯ᠎ᠢ ᠲᠠᠲᠠᠵᠠᠶ᠃
ᠬᠡᠳᠦᠢᠪᠡᠷ ᠡᠨᠡ ᠵᠢᠯ ᠢᠯᠡᠷᠡᠭᠦᠯᠦᠭ᠌ᠰᠡᠨ ᠵᠠᠭᠤ ᠭᠠᠷᠤᠶ ᠬᠠᠰ ᠡᠳ᠋ᠯᠡᠯ ᠨᠢ ᠦᠨᠡᠨ ᠳᠦᠷᠢ᠎ᠪᠡᠨ ᠢᠯᠡᠷᠡᠭᠦᠯᠦᠭᠡ ᠥᠬᠡᠶ ᠪᠣᠯᠪᠠᠴᠤ᠌ ᠡᠷᠲᠡᠨ᠎ᠡᠴᠡ ᠣᠲᠣ ᠪᠣᠯᠲᠠᠯ᠎ᠠ ᠬᠠᠰ᠎ᠢᠶᠠᠷ ᠵᠠᠭᠤᠴᠢ ᠪᠣᠯᠭᠠᠵᠤ᠂ ᠬᠤᠩᠱᠠᠨ ᠬᠠᠰ ᠡᠳ᠋ᠯᠡᠯ ᠨᠢ ᠶᠡᠷᠦ᠍᠎ᠡᠴᠡ ᠬᠠᠮᠤᠭ᠎ᠤᠨ ᠤᠬᠢ ᠰᠣᠶᠣᠯ᠎ᠤᠨ 《ᠵᠠᠭᠤᠴᠢ》 ᠵᠢᠨ ᠨᠢᠭᠡ ᠪᠣᠯᠤᠭ᠍ᠰᠠᠭᠠᠷ ᠢᠷᠡᠵᠡᠶ᠃
ᠬᠠᠭᠤᠴᠢ ᠰᠤᠳᠤᠯᠤᠯ᠎ᠤᠨ ᠭᠠᠷᠮᠠᠭᠠᠶ ᠡᠷᠳᠡᠮᠲᠡᠨ ᠰᠤ᠌ ᠪᠢᠩ ᠴᠢ ᠠᠪᠤᠭᠠᠶ 1982 ᠣᠨ᠎ᠳᠤ 《ᠳᠤᠮᠳᠠᠳᠤ᠎ᠶ᠋ᠢᠨ ᠦᠨᠳᠦᠰᠦᠲᠡᠨ ᠪᠣᠯ ᠨᠢᠭᠡᠨ ᠲᠣᠮᠣ ᠬᠠᠢᠯᠤᠭᠤᠯᠬᠤ ᠵᠤᠤᠬ᠎ᠠ ᠮᠥᠨ》 ᠭᠡᠵᠦ᠍ ᠳᠤᠷᠠᠳᠤᠭ᠍ᠰᠠᠨ ᠪᠠᠢᠳᠠᠭ᠃ ᠳᠤᠮᠳᠠᠳᠤ᠎ᠶ᠋ᠢᠨ ᠪᠣᠯᠪᠠᠰᠤᠨ ᠢ ᠪᠦᠷᠢᠯᠳᠦᠭᠦᠯᠦᠭ᠌ᠰᠡᠨ ᠤᠯᠠᠨ ᠡᠱᠢᠲᠦ ᠰᠣᠶᠣᠯ ᠬᠠᠢᠯᠤᠭᠤᠯᠬᠤ ᠵᠤᠤᠬᠠᠨ᠎ᠳᠤ ᠴᠤᠭ᠍ᠯᠠᠷᠠᠭ᠍ᠰᠠᠨᠤ ᠲᠠᠷᠠᠭ᠎ᠠ᠂ ᠥᠷᠭᠡᠨ ᠳᠡᠯᠭᠡᠷ ᠭᠦᠨ ᠭᠦᠨᠵᠡᠭᠡᠢ᠂ ᠬᠢᠵᠠᠭᠠᠷ ᠦᠭᠡᠢ ᠠᠭᠤᠳᠠᠮ ᠪᠠᠭᠲᠠᠭᠠᠮᠵᠢᠲᠠᠢ ᠳᠤᠮᠳᠠᠳᠤ᠎ᠶ᠋ᠢᠨ ᠰᠣᠶᠣᠯ᠎ᠢ ᠪᠦᠷᠢᠯᠳᠦᠭᠦᠯᠦᠭᠰᠡᠨ ᠶᠤᠮ ᠭᠡᠵᠦ᠍ ᠦᠵᠡᠪᠡ᠃
ᠴᠢᠬᠤᠯᠠ ᠪᠦᠷᠢᠯᠳᠦᠬᠦᠨ ᠬᠡᠰᠡᠭ ᠪᠣᠯᠤᠭ᠍ᠰᠠᠨ᠎ᠤ ᠬᠤᠪᠢ᠎ᠳᠤ᠂ ᠬᠤᠩᠱᠠᠨ ᠰᠣᠶᠣᠯ ᠨᠢ ᠳᠤᠮᠳᠠᠳᠤ᠎ᠶ᠋ᠢᠨ ᠪᠣᠯᠪᠠᠰᠤᠨ᠎ᠤ ᠪᠠᠭ᠍ᠲᠠᠭᠠᠮᠵᠢᠲᠤ ᠴᠢᠨᠠᠷ᠎ᠢ ᠠᠭᠤᠯᠵᠤ᠂ ᠪᠤᠰᠤᠳ ᠪᠣᠯᠪᠠᠰᠤᠨ᠎ᠤ ᠱᠢᠮ᠎ᠡ ᠲᠡᠵᠢᠭᠡᠯ᠎ᠢ ᠱᠢᠩᠭᠡᠭᠡᠨ ᠠᠪᠴᠤ᠌᠂ ᠮᠥᠷᠭᠥᠯᠳᠦᠨ ᠠᠭᠤᠰᠤᠯᠴᠠᠵᠤ ᠱᠢᠨ᠎ᠡ ᠰᠣᠶᠣᠯ᠎ᠤᠨ ᠳᠦᠷᠰᠦ ᠪᠠᠢᠳᠠᠯ᠎ᠢ ᠪᠤᠢ ᠪᠣᠯᠭᠠᠭ᠍ᠰᠠᠨ ᠪᠥᠭᠡᠳ ᠪᠠᠷᠠᠭᠤᠨ ᠯᠢᠶᠣᠤᠾᠧ ᠭᠣᠣᠯ᠎ᠡᠴᠡ 《ᠭᠠᠷᠴᠤ᠌》᠂ ᠭᠡᠷᠡᠯ ᠰᠠᠴᠤᠷᠠᠩᠭᠤᠢ ᠪᠣᠯᠪᠠᠰᠤᠨ᠎ᠤ ᠤᠴᠢ᠎ᠶ᠋ᠢ ᠳᠡᠯᠡᠬᠡᠢ᠎ᠶ᠋ᠢᠨ ᠡᠯ᠎ᠡ ᠭᠠᠵᠠᠷ᠎ᠲᠤ ᠰᠠᠴᠤᠵᠠᠢ᠃
ᠲᠤᠰᠭᠠᠶ ᠮᠡᠷᠭᠡᠵᠢᠯᠲᠡᠨ ᠦ ᠱᠢᠯᠭᠠᠨ ᠨᠤᠲᠠᠯᠠᠭ᠍ᠰᠠᠨ᠎ᠢᠶᠠᠷ᠂ ᠬᠤᠩᠱᠠᠨ ᠰᠣᠶᠣᠯ ᠪᠣᠯᠤᠨ ᠨᠣᠮᠣᠬᠠᠨ ᠲᠡᠯᠡᠶ ᠶ᠋ᠢ ᠲᠣᠭᠣᠷᠢᠭ᠍ᠰᠠᠨ ᠣᠷᠣᠨ ᠪᠦᠰᠡ᠎ᠶ᠋ᠢᠨ ᠬᠣᠭᠣᠷᠣᠨᠳᠣ 《ᠬᠠᠰ ᠴᠢᠯᠠᠭᠤᠨ ᠵᠠᠮ》 ᠣᠷᠣᠱᠢᠵᠤ ᠪᠠᠢᠪᠠ᠃
1987 ᠣᠨ᠎ᠤ 1 ᠰᠠᠷ᠎ᠠ᠎ᠶ᠋ᠢᠨ 18 ᠤ᠋ ᠡᠳᠦᠷ᠎ᠤᠨ 《ᠠᠷᠠᠳ᠎ᠤᠨ ᠡᠳᠦᠷ᠎ᠦᠨ ᠰᠣᠨᠢᠨ》 ᠳ᠋ᠤ 《ᠠᠮᠧᠷᠢᠺᠠ ᠲᠢᠪ᠎ᠦᠨ ᠢᠨᠳᠢᠶᠠᠨ ᠬᠥᠮᠦᠨ ᠠᠽᠢᠶ᠎ᠠ ᠲᠢᠪ ᠡᠴᠡ ᠡᠭᠦᠰᠦᠯ᠎ᠲᠡᠶ》 ᠭᠡᠬᠦ᠌ ᠵᠣᠬᠢᠶᠠᠯ ᠨᠡᠢᠲᠡᠯᠡᠵᠦ᠍᠂ ᠲᠤᠰ ᠵᠣᠬᠢᠶᠠᠯ᠎ᠳᠤ ᠳᠤᠮᠳᠠᠳᠤ ᠤᠯᠤᠰ᠎ᠤᠨ ᠯᠢᠶᠣᠤᠰᠢ᠎ᠡᠴᠡ ᠢᠯᠡᠷᠡᠭᠦᠯᠦᠭ᠌ᠰᠡᠨ ᠲᠠᠪᠤᠨ ᠮᠢᠩᠭᠠᠨ ᠵᠢᠯ᠎ᠦᠨ ᠡᠮᠦᠨᠡᠬᠢ ᠡᠷᠲᠡᠨ᠎ᠦ ᠲᠡᠦᠬᠡ᠎ᠶ᠋ᠢᠨ ᠳᠤᠷᠠᠰᠭᠠᠯᠲᠤ ᠵᠦᠢᠯᠡᠰ ᠨᠢ ᠡᠷᠲᠡᠨ᠎ᠦ ᠢᠨᠳᠢᠶᠠᠨ ᠲᠡᠦᠬᠡ᠎ᠶ᠋ᠢᠨ ᠳᠤᠷᠠᠰᠭᠠᠯᠲᠤ ᠵᠦᠢᠯᠡᠰ᠎ᠲᠡᠶ ᠠᠳᠠᠯᠢᠪᠲᠤᠷ ᠪᠠᠢᠵᠤ᠂ ᠳᠤᠮᠳᠠᠳᠤ ᠤᠯᠤᠰ᠎ᠤᠨ ᠵᠡᠭᠦᠨ ᠬᠣᠢᠲᠤ ᠣᠷᠣᠨ ᠨᠢ ᠶᠠᠭ ᠡᠷᠲᠡᠨ᠎ᠦ ᠠᠽᠢᠶ᠎ᠠ ᠲᠢᠪ᠎ᠦᠨ ᠬᠥᠮᠦᠰ᠎ᠦᠨ ᠠᠮᠧᠷᠢᠺᠠ ᠲᠢᠪ᠎ᠲᠦ ᠬᠦᠷᠬᠦ᠌᠎ᠳᠦ ᠵᠠᠪᠠᠯ ᠥᠩᠭᠡᠷᠡᠬᠦ᠌ ᠭᠠᠵᠠᠷ ᠪᠣᠯᠤᠨ᠎ᠠ ᠭᠡᠵᠦ᠍ ᠳᠤᠷᠠᠳᠴᠠᠶ᠃
ᠬᠤᠩᠱᠠᠨ ᠰᠣᠶᠣᠯ᠎ᠤᠨ ᠬᠠᠰ ᠡᠳ᠋ᠯᠡᠯ᠎ᠦᠨ ᠳᠣᠲᠣᠷ᠎ᠠ᠂ ᠡᠭᠦᠯᠡᠨ ᠬᠡᠯᠪᠡᠷᠢ᠎ᠶ᠋ᠢᠨ ᠬᠠᠰ ᠡᠳ᠋ᠯᠡᠯ ᠦᠷᠭᠦᠯᠵᠢ ᠬᠠᠷᠠᠭ᠍ᠳᠠᠳᠠᠭ᠂ ᠨᠠᠷᠢᠨ ᠨᠢᠮᠪᠠᠶ ᠠᠵᠢᠭᠯᠠᠪᠠᠯ ᠪᠠᠰᠠ ᠵᠢᠭᠠᠬᠠᠨ ᠵᠥᠷᠢᠶ᠎ᠡ᠎ᠲᠡᠶ ᠪᠠᠢᠳᠠᠭ᠃ ᠨᠢᠭᠡ ᠵᠢᠵᠢᠭ᠌ᠬᠡᠨ ᠬᠠᠰ ᠡᠳ᠋ᠯᠡᠯ ᠨᠢ ᠪᠣᠳᠠᠲᠠᠢ ᠳᠦᠷᠰᠦ᠎ᠡᠴᠡ ᠬᠡᠢᠰᠪᠦᠷᠢᠵᠢᠵᠦ᠍᠂ ᠪᠤᠳᠤᠯᠢᠶᠠᠨᠲᠠᠢ᠎ᠡᠴᠡ ᠲᠦᠭᠦᠮ ᠪᠤᠯᠵᠤ᠂ ᠤᠯᠠᠨ ᠶᠠᠩᠵᠤ᠎ᠡᠴᠡ ᠨᠢᠭᠡᠳᠦᠯᠲᠡᠢ ᠪᠤᠯᠵᠤ ᠤᠯᠠᠷᠢᠨ ᠬᠤᠪᠢᠷᠠᠬᠤ ᠶᠠᠪᠤᠴᠠ᠎ᠶ᠋ᠢ ᠥᠩᠭᠡᠷᠡᠭᠦᠯᠵᠦ᠍᠂ ᠵᠣᠬᠢᠬᠤ ᠬᠡᠮᠵᠢᠶᠡᠨ᠎ᠡ ᠬᠤᠩᠱᠠᠨ ᠰᠣᠶᠣᠯ᠎ᠤᠨ ᠪᠦᠬᠦᠨ᠎ᠢ ᠠᠪᠴᠤ ᠪᠠᠢᠳᠠᠭ᠎ᠢ ᠬᠠᠳᠠᠭᠠᠯᠠᠭ᠍ᠰᠠᠨ ᠰᠣᠶᠣᠯ᠎ᠤᠨ ᠬᠡᠯᠪᠡᠷᠢ᠎ᠶ᠋ᠢᠨ ᠣᠨᠴᠠᠯᠢᠭ᠎ᠢ ᠲᠤᠰᠭᠠᠵᠠᠢ᠃
ᠬᠠᠰᠤᠨ ᠲᠤᠬᠠᠢ ᠬᠡᠯᠡᠯᠴᠡᠭᠰᠡᠨ ᠦᠭᠡᠢ ᠪᠠᠢᠲᠠᠯ᠎ᠠ ᠬᠡᠯᠡ ᠨᠡᠢᠯᠡᠭᠰᠡᠨ᠌ ᠱᠢᠲᠦᠯᠭᠡ ᠪᠠ ᠬᠥᠭᠡᠭᠡᠴᠡᠯᠳᠦᠯ ᠨᠢ ᠬᠠᠰ ᠴᠢᠯᠠᠭᠤᠨ᠎ᠤ ᠲᠠᠷᠬᠠᠯᠲᠠ᠎ᠶ᠋ᠢ ᠪᠣᠯᠤᠯᠴᠠᠭ᠎ᠠ᠎ᠲᠠᠶ ᠪᠣᠯᠭᠠᠪᠠ᠃
ᠬᠤᠩᠱᠠᠨ ᠰᠣᠶᠣᠯ᠎ᠤᠨ ᠬᠠᠰ ᠡᠳ᠋ᠯᠡᠯ᠎ᠦᠨ ᠡᠯᠧᠮᠧᠨ᠋ᠲ᠎ᠢ ᠵᠡᠭᠦᠨ ᠡᠮᠦᠨᠡᠲᠦ᠍᠎ᠶ᠋ᠢᠨ ᠲᠠᠯᠠᠢ ᠳᠠᠭᠠᠤ ᠣᠷᠣᠨ᠎ᠡᠴᠡ ᠪᠠᠰᠠ ᠢᠯᠡᠷᠡᠭᠦᠯᠦᠭ᠌ᠰᠡᠨ ᠪᠠᠢᠨ᠎ᠠ᠂ ᠵᠢᠱ᠌ᠢᠶᠡᠯᠡᠪᠡᠯ ᠱᠠᠨᠳᠦ᠋ᠩ᠎ᠦᠨ ᠳ᠋ᠡ ᠸᠸᠨ ᠺᠸᠤ ᠵᠢᠨ ᠰᠣᠶᠣᠯ ᠪᠣᠯᠤᠨ᠎ᠲᠠᠶ ᠬᠤ᠌ ᠨᠠᠭᠤᠷ᠎ᠢ ᠲᠣᠭᠣᠷᠢᠭ᠍ᠰᠠᠨ ᠣᠷᠣᠨ᠎ᠤ ᠰᠦᠩᠽᠸ ᠵᠢᠨ ᠰᠣᠶᠣᠯ ᠵᠢᠴᠢ ᠵᠡᠷᠭᠡᠯᠡᠳᠡᠭᠡ ᠰᠣᠶᠣᠯ᠎ᠤᠨ ᠳᠣᠲᠣᠷ᠎ᠠ ᠦᠷᠭᠦᠯᠵᠢ ᠬᠤᠩᠱᠠᠨ ᠰᠣᠶᠣᠯᠤᠨᠮᠠᠶᠢᠭᠤᠨ ᠬᠠᠰ ᠪᠣᠯᠤᠨ ᠤᠯᠠᠨ ᠬᠣᠯᠪᠣᠭ᠎ᠠ ᠬᠠᠰ ᠪᠠᠢᠳᠠᠭ᠃ ᠮᠠᠨ᠎ᠤ ᠤᠯᠤᠰ᠎ᠤᠨ ᠡᠮᠦᠨᠡᠲᠦ ᠣᠷᠣᠨ᠂ ᠴᠢᠨᠠᠭ᠍ᠰᠢᠯᠠᠪᠠᠯ ᠶᠠᠫᠣᠨ᠂ ᠹᠢᠯᠢᠫᠢᠨ᠂ ᠸᠢᠶᠧᠲ᠋ᠨᠠᠮ ᠵᠡᠷᠭᠡ ᠭᠠᠵᠠᠷ᠎ᠲᠤ ᠪᠦᠷ ᠬᠠᠰ ᠳᠠᠬᠢᠨ ᠳᠠᠪᠲᠠᠨ ᠢᠯᠡᠷᠡᠵᠦ᠍ ᠪᠤᠢ᠃
ᠬᠤᠩᠱᠠᠨ ᠬᠠᠰ ᠡᠳ᠋ᠯᠡᠯ ᠨᠢ ᠠᠳᠠᠯᠢ ᠪᠤᠰᠤ ᠣᠷᠣᠨ ᠪᠦᠰᠡ᠎ᠶ᠋ᠢᠨ ᠰᠣᠶᠣᠯ᠎ᠤᠨ ᠬᠣᠭᠣᠷᠣᠨᠳᠣ ᠰᠣᠯᠢᠯᠴᠠᠭ᠎ᠠ ᠪᠠ ᠤᠯᠠᠮᠵᠢᠯᠠᠯ ᠶᠠᠪᠤᠭᠤᠯᠵᠤ᠂ ᠳᠤᠮᠳᠠᠳᠤ᠎ᠶ᠋ᠢᠨ ᠦᠨᠳᠦᠰᠦᠲᠡᠨ᠎ᠦ ᠲᠡᠦᠬᠡᠨ᠎ᠳᠡᠬᠢ ᠰᠣᠶᠣᠯ᠎ᠤᠨ ᠳᠤᠷᠠᠰᠤᠮᠵᠢ᠎ᠶ᠋ᠢ ᠪᠦᠷᠢᠯᠳᠦᠭᠦᠯᠵᠡᠶ᠃
ᠬᠠᠰ ᠡᠳ᠋ᠯᠡᠯ᠎ᠡᠴᠡ ᠭᠠᠳᠠᠨ᠎ᠠ ᠥᠩᠭᠡᠲᠦ ᠸᠠᠭᠠᠷ ᠨᠢ ᠪᠠᠰᠠ ᠰᠣᠶᠣᠯ᠎ᠤᠨ ᠰᠣᠯᠢᠯᠴᠠᠭ᠎ᠠ ᠠᠭᠤᠰᠤᠯᠴᠠᠯ᠎ᠤᠨ ᠠᠴᠢᠶᠠᠯᠠᠭ᠍ᠴᠢ ᠪᠤᠯᠪᠠ᠃ ᠬᠤᠩᠱᠠᠨ ᠰᠣᠶᠣᠯ᠎ᠤᠨ ᠦᠶ᠎ᠡ᠎ᠶ᠋ᠢᠨ ᠥᠩᠭᠡᠲᠦ ᠸᠠᠭᠠᠷ᠎ᠤᠨ ᠳᠡᠭᠡᠷ᠎ᠡ᠎ᠡᠴᠡ ᠮᠤᠨᠳᠠᠭ ᠶᠡᠬᠡ ᠰᠣᠶᠣᠯ᠎ᠤᠨ ᠰᠣᠯᠢᠯᠴᠠᠭᠠᠨ᠎ᠤ ᠱᠤᠭᠤᠮ᠎ᠢ ᠣᠯᠵᠤ ᠬᠠᠷᠠᠵᠦ ᠪᠤᠯᠤᠨ᠎ᠠ᠃
ᠯᠢᠶᠣᠤᠨᠢᠩ ᠮᠤᠵᠢ᠎ᠶ᠋ᠢᠨ ᠲᠡᠦᠬᠡ᠎ᠶ᠋ᠢᠨ ᠳᠤᠷᠠᠰᠭᠠᠯᠲᠤ ᠵᠦᠢᠯᠡᠰ ᠬᠠᠭᠤᠴᠢ ᠰᠤᠳᠤᠯᠤᠯ᠎ᠤᠨ ᠬᠦᠷᠢᠶᠡᠯᠡᠩ᠎ᠦᠨ ᠨᠡᠷ᠎ᠡ ᠬᠦᠨᠳᠦᠲᠦ ᠳᠠᠷᠤᠭ᠎ᠠ ᠭᠦᠸᠧ ᠳ᠋ᠡ ᠱᠦᠨ᠎ᠤ ᠦᠵᠡᠬᠦ᠌᠎ᠪᠡᠷ᠂ ᠬᠤᠩᠱᠠᠨ ᠰᠣᠶᠣᠯ᠎ᠤᠨ ᠦᠶ᠎ᠡ᠎ᠶ᠋ᠢᠨ 《ᠥᠩᠭᠡᠲᠦ ᠸᠠᠭᠠᠷ᠎ᠤᠨ ᠵᠠᠮ》 ᠨᠢ ᠨᠡᠯᠢᠶᠡᠳ ᠡᠷᠲᠡ ᠪᠠᠢᠵᠤ᠂ ᠲᠠᠯ᠎ᠠ ᠨᠤᠲᠤᠭ᠎ᠤᠨ ᠲᠣᠷᠭᠠᠨ ᠵᠠᠮ᠎ᠤᠨ ᠤᠷᠢᠳᠤ ᠪᠡᠶ᠎ᠡ ᠪᠣᠯᠤᠨ᠎ᠠ᠃ ᠬᠤᠩᠱᠠᠨ ᠰᠣᠶᠣᠯ᠎ᠤᠨ ᠴᠠᠭ ᠦᠶ᠎ᠡ ᠪᠣᠯ ᠶᠠᠭ ᠰᠠᠢᠬᠠᠨ ᠡᠯ᠎ᠡ ᠭᠠᠵᠠᠷ ᠣᠷᠣᠨ᠎ᠤ ᠪᠠᠯᠠᠷ ᠡᠷᠲᠡᠨ᠎ᠦ ᠰᠣᠶᠣᠯ᠎ᠤᠨ ᠥᠪᠡᠷᠮᠢᠴᠡ ᠴᠢᠨᠠᠷ ᠭᠦᠢᠴᠡᠳ ᠬᠥᠭ᠌ᠵᠢᠭ᠌ᠰᠡᠨ ᠪᠥᠭᠡᠳ ᠳᠠᠬᠢᠨ ᠳᠠᠪᠲᠠᠨ ᠰᠣᠯᠪᠢᠴᠠᠵᠤ ᠪᠠᠢᠭ᠍ᠰᠠᠨ ᠴᠠᠭ ᠦᠶ᠎ᠡ ᠪᠣᠯᠤᠨ᠎ᠠ᠂ ᠵᠢᠱ᠌ᠢᠶᠡᠯᠡᠪᠡᠯ ᠤᠮᠠᠷᠠᠲᠤ ᠣᠷᠣᠨ᠂ ᠭᠣᠣᠯᠳᠠᠭᠤ ᠵᠡᠭᠦᠨ ᠬᠣᠢᠲᠤ ᠣᠷᠣᠨ᠎ᠤ ᠡᠷᠲᠡᠨ᠎ᠦ ᠰᠣᠶᠣᠯ᠎ᠤᠨ ᠣᠨᠴᠠᠯᠢᠭ᠎ᠲᠠᠶ ᠦᠰᠦᠭ᠎ᠦᠨ ᠬᠡ ᠤᠭᠠᠯᠵᠠ᠎ᠲᠠᠶ ᠬᠠᠢᠷ ᠬᠠᠪᠴᠢᠭᠤᠯᠤᠭ᠍ᠰᠠᠨ ᠪᠣᠷᠲᠣᠭᠣ ᠪᠣᠯᠤᠨ ᠶᠠᠩᠱᠤᠤ ᠵᠢᠨ ᠰᠣᠶᠣᠯ᠎ᠤᠨ ᠣᠨᠴᠠᠯᠢᠭ᠎ᠲᠠᠶ ᠱᠢᠪᠠᠷᠯᠢᠭ ᠤᠯᠠᠭᠠᠨ ᠸᠠᠭᠠᠷ ᠪᠠ ᠥᠩᠭᠡᠲᠦ ᠸᠠᠭᠠᠷ ᠵᠡᠷᠭᠡ᠎ᠪᠡᠷ ᠣᠷᠣᠱᠢᠵᠤ ᠪᠠᠢᠪᠠ᠃
ᠤᠯᠠᠨ ᠵᠦᠢᠯ᠎ᠦᠨ ᠰᠣᠶᠣᠯ᠎ᠤᠨ ᠣᠨᠴᠠᠯᠢᠭ ᠪᠦᠬᠦᠢ ᠥᠩᠭᠡᠲᠦ ᠸᠠᠭᠠᠷ 《ᠵᠡᠷᠭᠡᠴᠡᠨ ᠣᠷᠣᠱᠢᠭᠰᠠᠨ》 ᠨᠢ ᠬᠤᠩᠱᠠᠨ ᠰᠣᠶᠣᠯ᠎ᠤᠨ ᠯᠤᠲᠤ ᠶᠡᠬᠡ ᠪᠠᠭ᠍ᠲᠠᠭᠠᠮᠵᠢ᠎ᠶ᠋ᠢ ᠬᠠᠷᠠᠭᠤᠯᠵᠤ ᠪᠠᠢᠨ᠎ᠠ᠃ ᠠᠷᠤ ᠬᠣᠷᠴᠢᠨ ᠬᠣᠱᠢᠭᠤᠨ᠎ᠡᠴᠡ ᠣᠯᠳᠠᠭ᠍ᠰᠠᠨ ᠬᠤᠩᠱᠠᠨ᠂ ᠳᠤᠮᠳᠠᠳᠤ ᠣᠷᠣᠨ᠂ ᠳᠤᠮᠳᠠᠳᠤ ᠠᠽᠢᠶ᠎ᠠ ᠵᠡᠷᠭᠡ ᠭᠤᠷᠪᠠᠨ ᠲᠥᠷᠥᠯ᠎ᠦᠨ ᠰᠣᠶᠣᠯ᠎ᠤᠨ ᠪᠡᠯᠭᠡ ᠲᠡᠮᠳᠡᠭ᠎ᠦᠨ ᠴᠢᠨᠠᠷᠲᠠᠶ ᠵᠢᠷᠤᠭ ᠳᠦᠷᠰᠦ᠎ᠲᠡᠶ ᠥᠩᠭᠡᠲᠦ ᠸᠠᠭᠠᠷ ᠰᠠᠪᠠ ᠪᠣᠯ 《ᠵᠡᠷᠭᠡᠴᠡᠨ ᠣᠷᠣᠱᠢᠭ᠍ᠰᠠᠨ》 ᠦ ᠳᠠᠷᠠᠭᠠᠬᠢ ᠠᠭᠤᠰᠤᠯᠴᠠᠯ ᠤᠨ ᠪᠦᠲᠦᠭᠡᠭ᠌ᠳᠡᠬᠦᠨ ᠪᠣᠯᠬᠤ ᠪᠥᠭᠡᠳ ᠪᠠᠰᠠ ᠴᠤ᠌ ᠰᠣᠶᠣᠯ᠎ᠤᠨ ᠶᠡᠬᠡ ᠠᠭᠤᠰᠤᠯᠴᠠᠯ᠎ᠤᠨ ᠴᠠᠭ ᠦᠶ᠎ᠡ᠎ᠶ᠋ᠢᠨ ᠬᠠᠮᠤᠭ᠎ᠤᠨ ᠰᠠᠢᠨ ᠭᠡᠷᠡᠴᠢ ᠪᠣᠯᠤᠨ᠎ᠠ᠃
ᠡᠭᠦᠨ᠎ᠡᠴᠡ ᠭᠠᠳᠠᠨ᠎ᠠ ᠂ ᠬᠠᠰ ᠡᠳ᠋ᠯᠡᠯ ᠪᠠ ᠥᠩᠭᠡᠲᠦ ᠸᠠᠭᠠᠷ᠎ᠡᠴᠡ ᠭᠠᠳᠠᠨ᠎ᠠ᠂ ᠨᠠᠷᠢᠮᠤ ᠪᠣᠯ ᠬᠣᠩᠱᠠᠨᠤ ᠡᠪᠦᠭᠡ ᠳᠡᠭᠡᠳᠦᠰ᠎ᠦᠨ ᠬᠠᠮᠤᠭ ᠤᠨ ᠡᠷᠲᠡ ᠳᠠᠷᠢᠭ᠍ᠰᠠᠨ ᠲᠠᠷᠢᠮᠠᠯ᠎ᠤᠨ ᠨᠢᠭᠡ ᠪᠣᠯᠤᠨ᠎ᠠ᠃
ᠳᠤᠮᠳᠠᠳᠤ ᠤᠯᠤᠰ᠎ᠤᠨ ᠨᠡᠢᠭᠡᠮ᠎ᠦᠨ ᠱᠢᠨᠵᠢᠯᠡᠬᠦ᠌ ᠤᠬᠠᠭᠠᠨ᠎ᠤ ᠬᠦᠷᠢᠶᠡᠯᠡᠩ᠎ᠦᠨ ᠮᠡᠷᠭᠡᠵᠢᠯᠲᠡᠨᠨᠦᠭᠦᠳ 2002 ᠣᠨ᠎ᠡᠴᠡ 2003 ᠣᠨ᠎ᠤ ᠬᠣᠭᠣᠷᠣᠨᠳᠣ ᠠᠤᠬᠠᠨ ᠬᠣᠱᠢᠭᠤᠨ᠎ᠤ ᠱᠢᠩ ᠯᠦᠩᠭᠸᠦᠶᠢᠨ ᠪᠠᠭᠤᠷᠢ ᠳ᠋ᠤ ᠣᠯᠠᠨ ᠤᠳᠠᠭ᠎ᠠ ᠬᠠᠭᠤᠴᠢ ᠰᠤᠳᠤᠯᠤᠯ᠎ᠤᠨ ᠮᠠᠯᠲᠠᠯᠲᠠ ᠬᠢᠵᠦ᠍᠂ ᠬᠥᠮᠦᠨ᠎ᠦ ᠬᠦᠴᠦ᠍ ᠪᠡᠷ ᠲᠠᠷᠢᠵᠤ ᠤᠷᠭᠤᠭᠤᠯᠤᠭ᠍ᠰᠠᠨ ᠨᠡᠭᠦᠷᠡᠰᠦᠵᠢᠭ᠌ᠰᠡᠨ ᠨᠠᠷᠢᠮᠤ ᠱᠢᠯᠦᠬᠡᠢ ᠠᠮᠤ᠎ᠶ᠋ᠢᠨ ᠦᠷ᠎ᠡ᠎ᠶ᠋ᠢ ᠣᠯᠤᠭ᠍ᠰᠠᠨ ᠪᠠᠢᠨ᠎ᠠ᠃ ᠨᠡᠭᠦᠷᠡᠰᠦᠲᠥ᠋ᠷᠥᠭ᠌ᠴᠢ 14ᠢ᠋ᠢᠨ ᠬᠡᠮᠵᠢᠯᠲᠡ᠎ᠪᠡᠷ ᠳᠠᠮᠵᠢᠨ᠂ ᠡᠳᠡᠭᠡᠷ ᠨᠡᠭᠦᠷᠡᠰᠦᠵᠢᠭ᠌ᠰᠡᠨ ᠨᠠᠷᠢᠮᠤ ᠰᠢᠯᠦᠭᠡᠢ ᠠᠮᠤ᠎ᠨᠢ ᠤᠳᠤ᠎ᠡᠴᠡ 8000 ᠵᠢᠯ᠎ᠦᠨ ᠡᠮᠦᠨ᠎ᠡ ᠪᠠᠢᠵᠤ᠂ ᠡᠭᠦᠨ᠎ᠡᠴᠡ ᠡᠮᠦᠨ᠎ᠡ ᠳᠤᠮᠳᠠᠳᠤ ᠧᠦ᠋ᠷᠣᠫᠠ᠎ᠶ᠋ᠢᠨ ᠭᠠᠵᠠᠷ ᠣᠷᠣᠨ᠎ᠡᠴᠡ ᠢᠯᠡᠷᠡᠭᠦᠯᠦᠭᠰᠡᠨ ᠠᠮᠤ ᠪᠤᠳᠠᠭ᠎ᠠ᠎ᠡᠴᠡ 2700 ᠵᠢᠯ ᠡᠷᠲᠡ ᠪᠤᠯᠬᠤ᠎ᠵᠢ ᠮᠡᠳᠡᠪᠡ᠃ ᠠᠯᠢ ᠡᠷᠲᠡ 2012 ᠣᠨ᠎ᠳᠤ᠂ ᠠᠸ᠋ᠬᠠᠨ ᠬᠣᠱᠢᠭᠤᠨ᠎ᠤ ᠬᠠᠭᠤᠷᠠᠶ ᠲᠠᠷᠢᠮᠠᠯ᠎ᠤᠨ ᠲᠠᠷᠢᠶᠠᠯᠠᠩ᠎ᠤᠨ ᠱᠢᠰᠲ᠋ᠧᠮ᠎ᠨᠢ ᠣᠯᠠᠨ ᠤᠯᠤᠰ᠎ᠤᠨ ᠬᠣᠯᠪᠣᠭᠠᠲᠤ ᠪᠠᠢᠭᠤᠯᠭ᠎ᠠ᠎ᠶ᠋ᠢᠨ ᠠᠮᠤ ᠪᠤᠳᠠᠭ᠎ᠠ ᠲᠠᠷᠢᠶᠠᠯᠠᠩ᠎ᠤᠨ ᠵᠣᠬᠢᠶᠠᠨ ᠪᠠᠢᠭᠤᠯᠤᠯᠲᠠ᠎ᠳᠤ 《ᠪᠥᠬᠥ᠌ ᠪᠥᠮᠪᠥᠷᠴᠡᠭ᠎ᠦᠨ ᠴᠢᠬᠤᠯᠠ ᠲᠠᠷᠢᠶᠠᠯᠠᠩ᠎ᠤᠨ ᠰᠣᠶᠣᠯ᠎ᠤᠨ ᠥᠪ》᠎ᠢ᠋ᠢᠡᠷ ᠦᠨᠡᠯᠡᠭ᠌ᠳᠡᠪᠡ᠃
9 ᠰᠠᠷ᠎ᠠ᠎ᠶ᠋ᠢᠨ 6᠎ᠤ᠋ ᠡᠳᠦᠷ᠂《ᠠᠤᠬᠠᠨ᠎ᠤ ᠨᠠᠷᠢᠮᠤ》 ᠶ᠋ᠢᠨ ᠶᠡᠬᠡ ᠬᠤᠷᠠᠯ ᠪᠡᠭᠡᠵᠢᠩ᠎ᠳᠦ ᠶᠠᠪᠤᠭ᠍ᠳᠠᠪᠠ᠃ ᠠᠵᠢᠯ ᠲᠥᠷᠥᠯ᠎ᠦᠨ ᠲᠥᠯᠥᠭᠡᠯᠡᠭ᠌ᠴᠢ᠂ ᠲᠤᠰᠭᠠᠶ ᠮᠡᠷᠭᠡᠵᠢᠯᠲᠡᠨ ᠡᠷᠳᠡᠮᠲᠡᠳ ᠨᠢᠭᠡ ᠲᠠᠩᠬᠢᠮ᠎ᠳᠤ ᠴᠤᠭ᠍ᠯᠠᠷᠠᠵᠤ᠂ ᠨᠠᠷᠢᠮᠤ ᠶ᠋ᠢᠨ ᠲᠥᠷᠥᠯ ᠲᠡᠮᠳᠡᠭ᠌᠎ᠤᠨ ᠥᠷᠲᠡᠭ᠎ᠢᠶᠡᠷ ᠠᠵᠤ ᠦᠶ᠋ᠯᠡᠰ᠎ᠦᠨ ᠲᠠᠰ ᠳᠡᠪᠱᠢᠬᠦ᠌ ᠶ᠋ᠢ ᠬᠥᠲᠥᠯᠥᠨ ᠳᠠᠭᠠᠭᠤᠯᠬᠤ᠂ ᠲᠠᠷᠢᠶᠠᠯᠠᠬᠤ ᠰᠣᠶᠣᠯ ᠬᠢᠭᠡᠳ ᠠᠵᠤ ᠦᠶ᠋ᠯᠡᠰ᠎ᠦᠨ ᠱᠢᠨ᠎ᠡ᠎ᠶ᠋ᠢ ᠡᠭᠦᠳᠬᠦ᠌᠎ᠶ᠋ᠢ ᠠᠭᠤᠰᠤᠯᠴᠠᠭᠤᠯᠬᠤ᠂ ᠰᠣᠶᠣᠯ᠎ᠢᠶᠠᠷ ᠣᠷᠣᠨ ᠪᠦᠰᠡ᠎ᠶ᠋ᠢᠨ ᠲᠥᠷᠥᠯ ᠲᠡᠮᠳᠡᠭ᠌᠎ᠢ ᠴᠣᠭ᠍ᠴᠠᠯᠠᠬᠤ᠎ᠳᠤ ᠴᠢᠳᠠᠪᠬᠢ ᠤᠯᠭᠤᠬᠤ᠌ ᠵᠡᠷᠭᠡ ᠵᠥᠪᠯᠡᠬᠦ᠌ ᠰᠡᠳᠦᠪ᠎ᠦᠨ ᠲᠣᠭᠣᠷᠢᠨ᠎ᠳᠤ ᠭᠦᠨᠵᠡᠭᠡᠶ ᠰᠤᠳᠤᠯᠤᠨ ᠶᠠᠷᠢᠯᠴᠠᠬᠤ ᠪᠠ ᠰᠣᠯᠢᠯᠴᠠᠭ᠎ᠠ ᠥᠷᠨᠢᠭᠦᠯᠪᠡ᠃ ᠬᠤᠷᠠᠯ ᠳᠡᠭᠡᠷ᠎ᠡ ᠪᠠᠰᠠ 《ᠭᠠᠵᠠᠷ ᠵᠦᠶ᠎ᠶ᠋ᠢᠨ ᠢᠯᠡᠷᠭᠡᠢᠯᠡᠯᠳᠤ ᠦᠶ᠋ᠯᠡᠳᠬᠦᠨ ᠠᠸ᠋ᠬᠠᠨ᠎ᠤ ᠨᠠᠷᠢᠮᠤ》 ᠶ᠋ᠢᠨ ᠣᠷᠣᠨ ᠨᠤᠲᠤᠭ᠎ᠤᠨ ᠪᠠᠷᠢᠮᠵᠢᠶ᠎ᠠ (ᠵᠠᠰᠠᠪᠤᠷᠢ ᠣᠷᠣᠭᠤᠯᠤᠭ᠍ᠰᠠᠨ ᠬᠡᠪᠯᠡᠯ)᠎ᠶ᠋ᠢ ᠨᠡᠢᠲᠡᠯᠡᠭ᠌ᠰᠡᠨ ᠪᠥᠭᠡᠳ 《ᠠᠸ᠋ᠬᠠᠨ᠎ᠤ ᠨᠠᠷᠢᠮᠤ》 ᠶ᠋ᠢᠨ ᠦᠶ᠋ᠯᠡᠳᠪᠦᠷᠢᠯᠡᠯ ᠵᠢᠭᠠᠨ ᠰᠤᠷᠭᠠᠯᠲᠠ ᠰᠤᠳᠤᠯᠭᠠᠨ᠎ᠤ ᠬᠣᠯᠪᠣᠭᠠᠲᠤ ᠴᠣᠭ᠍ᠴᠠ᠎ᠶ᠋ᠢ ᠡᠭᠦᠰᠭᠡᠨ ᠪᠠᠢᠭᠤᠯᠪᠠ᠃
ᠤᠳᠤ ᠤᠯᠠᠭᠠᠨᠬᠠᠳᠠ ᠬᠤᠳᠠ᠎ᠶ᠋ᠢᠨ ᠡᠯ᠎ᠡ ᠭᠠᠵᠠᠷ᠎ᠤᠨ ᠮᠦᠽᠧᠢ᠎ᠳᠦ ᠱᠢᠨ᠎ᠡ ᠴᠢᠯᠠᠭᠤᠨ ᠵᠡᠪᠰᠡᠭ᠎ᠦᠨ ᠦᠶ᠎ᠡ᠎ᠶ᠋ᠢᠨ ᠬᠤᠩᠱᠠᠨ ᠣᠷᠣᠨ᠎ᠤ ᠨᠡᠭᠦᠷᠡᠰᠦᠵᠢᠭᠰᠡᠨ ᠨᠠᠷᠢᠮᠤ᠎ᠶ᠋ᠢ ᠤᠯᠠᠨ ᠳ᠋ᠤ ᠳᠡᠯᠭᠡᠨ ᠦᠵᠡᠭᠦᠯᠵᠦ᠍ ᠪᠠᠢᠳᠠᠭ᠂ ᠪᠠᠰᠠ ᠮᠠᠰᠢ ᠤᠯᠠᠨ ᠴᠢᠯᠠᠭᠤᠨ ᠪᠠᠭᠠᠵᠢ ᠪᠤᠢ᠂ ᠵᠢᠱ᠌ᠢᠶᠡᠯᠡᠪᠡᠯ ᠴᠢᠯᠠᠭᠤᠨ ᠰᠦᠬᠡ᠂ ᠴᠢᠯᠠᠭᠤᠨ ᠬᠢᠳᠤᠭ᠎ᠠ᠂ ᠴᠢᠯᠠᠭᠤᠨ ᠬᠦᠷᠵᠡ ᠪᠣᠯᠤᠨ ᠲᠡᠭᠡᠷᠮ᠎ᠡ᠎ᠶ᠋ᠢᠨ ᠬᠠᠮᠢᠶ᠎ᠠ ᠪᠦᠬᠦᠢ ᠪᠠᠭᠠᠵᠢ ᠬᠡᠷᠡᠭᠰᠡᠯ ᠵᠡᠷᠭᠡ ᠪᠤᠢ᠂ ᠡᠳᠡᠭᠡᠷ ᠨᠢ ᠪᠦᠷ ᠬᠤᠩᠱᠠᠨ᠎ᠤ ᠤᠷᠢᠳᠤᠰ᠎ᠤᠨ ᠶᠡᠬᠡ ᠬᠡᠮᠵᠢᠶᠡᠨ᠎ᠦ ᠲᠠᠷᠢᠶᠠᠯᠠᠩ᠎ᠤᠨ ᠲᠠᠷᠢᠮᠠᠯ ᠡᠷᠬᠢᠯᠡᠭ᠌ᠰᠡᠡᠦ ᠬᠠᠮᠤᠭ᠎ᠤᠨ ᠢᠲᠡᠭᠡᠭᠦᠯᠬᠦ᠌ ᠬᠦᠴᠦᠨ᠎ᠲᠡᠶ ᠪᠣᠳᠠᠲᠤ ᠪᠣᠳᠠᠰ᠎ᠤᠨ ᠭᠡᠷᠡᠴᠢ ᠪᠣᠯᠤᠨ᠎ᠠ᠃
ᠪᠠᠷᠠᠭᠤᠨ ᠯᠢᠶᠣᠤᠾᠧ ᠭᠣᠣᠯ᠎ᠤᠨ ᠰᠠᠪᠠ ᠭᠠᠵᠠᠷ᠎ᠤᠨ ᠨᠠᠷᠢᠮᠤ᠎ᠶ᠋ᠢᠨ ᠲᠠᠷᠢᠮᠠᠯ᠎ᠤᠨ ᠥᠨᠢ ᠤᠳᠠᠭᠠᠨ ᠲᠡᠦᠬᠡ ᠪᠣᠯᠤᠨ ᠥᠷᠭᠡᠨ ᠳᠡᠯᠭᠡᠷ ᠲᠠᠷᠢᠮᠠᠯ᠎ᠤᠨ ᠲᠠᠯᠠᠪᠠᠢ ᠨᠢ ᠨᠠᠷᠢᠮᠤ᠎ᠶ᠋ᠢᠨ ᠲᠠᠷᠢᠮᠠᠯ᠎ᠤᠨ ᠲᠠᠷᠬᠠᠯᠲᠠ᠎ᠳᠤ ᠰᠠᠭᠤᠷᠢ ᠲᠠᠯᠪᠢᠵᠤ᠂ ᠨᠠᠷᠢᠮᠤ᠎ᠶ᠋ᠢᠨ ᠠᠩᠬᠢᠯᠤᠮ᠎ᠠ ᠦᠨᠦᠷ ᠨᠢ ᠳᠡᠯᠡᠬᠡᠢ ᠳ᠋ᠠᠬᠢᠨ᠎ᠳᠤ ᠬᠡᠳᠦᠨ ᠮᠢᠩᠭᠠᠨ ᠵᠢᠯ ᠬᠠᠨᠭᠬᠤᠯᠤᠨ ᠦᠯᠡᠳᠡᠵᠡᠢ᠃
《ᠬᠠᠭᠤᠴᠢ ᠰᠤᠳᠤᠯᠤᠯ᠎ᠤᠨ ᠢᠯᠡᠷᠡᠭᠦᠯᠦᠯᠲᠡ᠎ᠶ᠋ᠢ ᠦᠨᠳᠦᠰᠦᠯᠡᠪᠡᠯ᠂ ᠣᠷᠣᠰ᠎ᠤᠨ ᠠᠯᠤᠰ ᠳᠣᠷᠣᠨᠠᠲᠤ᠎ᠶ᠋ᠢᠨ ᠭᠠᠵᠠᠷ ᠣᠷᠣᠨ᠂ ᠺᠣᠷᠢᠶᠠ᠂ ᠺᠠᠽᠠᠭ᠍ᠰᠲ᠋ᠠᠨ᠂ ᠲᠠᠢ ᠤᠯᠤᠰ᠎ᠡᠴᠡ ᠴᠥᠮ ᠣᠲᠣ᠎ᠡᠴᠡ 4000 ᠵᠢᠯ᠎ᠦᠨ ᠡᠮᠦᠨᠡᠬᠢ ᠨᠠᠷᠢᠮᠤ᠂ ᠱᠢᠯᠦᠬᠡᠢ ᠠᠮᠤ᠎ᠶ᠋ᠢ ᠢᠯᠡᠷᠡᠭᠦᠯᠦᠭ᠌ᠰᠡᠨ ᠪᠠᠢᠨ᠎ᠠ》᠃ ᠤᠯᠠᠭᠠᠨᠬᠠᠳᠠ ᠳᠡᠭᠡᠳᠦ ᠰᠤᠷᠭᠠᠭᠤᠯᠢ᠎ᠶ᠋ᠢᠨ ᠳᠡᠳ᠋ ᠵᠠᠬᠢᠷᠤᠯ ᠰᠦᠨ ᠶᠦᠩ ᠭᠠᠩ᠎ᠤᠨ ᠦᠵᠡᠬᠦ᠌᠎ᠪᠡᠷ᠂ ᠳᠤᠮᠳᠠᠳᠤ ᠤᠯᠤᠰ᠎ᠤᠨ ᠲᠠᠷᠢᠮᠠᠯ᠎ᠢ ᠳᠠᠷᠢᠵᠤ ᠪᠣᠢᠵᠢᠭᠤᠯᠤᠭ᠍ᠰᠠᠨ ᠪᠠ ᠤᠯᠠᠮᠵᠢᠯᠠᠨ ᠲᠠᠷᠬᠠᠭᠠᠭ᠍ᠰᠠᠨ᠎ᠨᠢ ᠳᠡᠯᠡᠬᠡᠶ᠎ᠶ᠋ᠢᠨ ᠬᠣᠭᠣᠯᠠᠨ ᠱᠢᠷᠡᠭᠡ᠎ᠶ᠋ᠢ ᠪᠠᠶᠠᠯᠢᠭ᠍ᠵᠢᠭᠤᠯᠵᠤ᠂ ᠳᠡᠯᠡᠬᠡᠶ᠎ᠶ᠋ᠢᠨ ᠪᠤᠰᠤᠳ ᠭᠠᠵᠠᠷ ᠣᠷᠣᠨ᠎ᠤ ᠨᠡᠢᠭᠡᠮ᠎ᠦᠨ ᠪᠦᠲᠦᠴᠡ᠎ᠶ᠋ᠢᠨ ᠬᠤᠪᠢᠷᠠᠯᠲᠠ᠎ᠶ᠋ᠢ ᠨᠥᠯᠥᠭᠡᠯᠡᠵᠦ᠍᠂ ᠡᠲᠡᠭᠡᠷ ᠭᠠᠵᠠᠷ ᠣᠷᠣᠨ᠎ᠤ ᠪᠣᠯᠪᠠᠰᠤᠨ᠎ᠤ ᠠᠬᠢᠴᠠ᠎ᠳᠤ ᠵᠣᠬᠢᠬᠤ ᠬᠤᠪᠢ ᠨᠡᠮᠡᠷᠢ ᠦᠵᠡᠭᠦᠯᠵᠡᠶ᠃
ᠬᠤᠩᠱᠠᠨ ᠤ ᠤᠷᠢᠳᠤᠰ ᠤᠨ ᠦᠯᠡᠳᠡᠭᠡᠭ᠌ᠰᠡᠨ ᠰᠣᠶᠣᠯ᠎ᠤᠨ ᠦᠯᠡᠳᠡᠭ᠌ᠳᠡᠯ᠎ᠡᠴᠡ ᠬᠤᠩᠱᠠᠨᠰᠣᠶᠣᠯ ᠲᠤᠰ ᠪᠡᠶ᠎ᠡ᠎ᠶ᠋ᠢᠨ ᠰᠣᠶᠣᠯ᠎ᠤᠨ ᠣᠨᠴᠠᠯᠢᠭ᠎ᠢᠶᠠᠨ ᠦᠷᠭᠦᠯᠵᠢᠯᠡᠭᠦᠯᠬᠦ᠌᠎ᠶ᠋ᠢᠨ ᠬᠠᠮᠲᠤ᠂ ᠤᠯᠠᠨ ᠡᠱᠢᠲᠦ ᠰᠣᠶᠣᠯ᠎ᠢ ᠲᠠᠰᠤᠷᠠᠯᠳᠠ ᠦᠭᠡᠢ ᠱᠢᠩᠭᠡᠭᠡᠨ ᠠᠪᠴᠤ᠌᠂ ᠰᠣᠶᠣᠯ᠎ᠤᠨ ᠳᠦᠷᠰᠦ ᠪᠠᠢᠳᠠᠯ ᠨᠢ ᠬᠡᠨ ᠠᠯᠢᠨᠡᠴᠡᠪᠠᠨ ᠰᠠᠯᠵᠤ ᠴᠢᠳᠠᠬᠤ ᠦᠭᠡᠢ ᠪᠠᠢᠵᠤ᠂ ᠲᠠᠪᠤᠨ ᠮᠢᠩᠭᠠᠨ ᠵᠢᠯ᠎ᠦᠨ ᠡᠮᠦᠨᠡᠬᠢ ᠳᠤᠮᠳᠠᠳᠤ᠎ᠶ᠋ᠢᠨ ᠡᠬᠡ ᠭᠠᠵᠠᠷ᠎ᠲᠠᠬᠢ ᠬᠠᠮᠤᠭ᠎ᠤᠨ ᠡᠷᠲᠡᠨ᠎ᠦ 《ᠰᠣᠶᠣᠯ᠎ᠤᠨ ᠬᠠᠮᠲᠤ᠎ᠶ᠋ᠢᠨ ᠲᠠᠨᠢᠯᠲᠠ》 ᠵᠢ ᠬᠠᠮᠲᠤ᠎ᠪᠠᠷ ᠪᠤᠢ ᠪᠣᠯᠭᠠᠭ᠍ᠰᠠᠨᠢ ᠣᠯᠵᠤ ᠬᠠᠷᠠᠵᠤ ᠪᠣᠯᠤᠨ᠎ᠠ᠃ ᠬᠤᠩᠱᠠᠨ ᠰᠣᠶᠣᠯ ᠨᠢ ᠨᠡᠭᠡᠭᠡᠯᠲᠡᠲᠡᠢ ᠬᠡᠬᠦᠳᠡᠭ ᠴᠡᠭᠡᠵᠢ᠎ᠪᠡᠷ ᠳᠤᠮᠳᠠᠳᠤ᠎ᠶ᠋ᠢᠨ ᠪᠣᠯᠪᠠᠰᠤᠨ᠎ᠤ ᠥᠷᠭᠡᠨ ᠠᠭᠤᠳᠠᠮ ᠰᠣᠶᠣᠯ᠎ᠤᠨ ᠳᠦᠷᠰᠦ ᠪᠠᠢᠳᠠᠯ᠎ᠢ ᠴᠣᠭ᠍ᠴᠠᠯᠠᠵᠤ᠂ ᠳᠤᠮᠳᠠᠳᠤ᠎ᠶ᠋ᠢᠨ ᠪᠣᠯᠪᠠᠰᠤᠨ᠎ᠤ ᠲᠠᠰᠤᠷᠠᠯᠳᠠ ᠦᠭᠡᠢ ᠦᠷᠭᠦᠯᠵᠢᠯᠡᠬᠦ᠌ ᠪᠠᠲᠤ ᠪᠡᠬᠢ ᠰᠠᠭᠤᠷᠢ᠎ᠶ᠋ᠢ ᠲᠠᠯᠪᠢᠪᠠ᠃