— ᠦᠪᠡᠷᠳᠡᠭᠡᠨ ᠵᠠᠰᠠᠬᠤ ᠤᠷᠤᠨ ᠤ᠋ ᠰᠤᠶᠤᠯ ᠤ᠋ᠨ ᠠᠵᠤ ᠠᠬᠤᠢᠯᠠᠯ ᠤ᠋ᠨ ᠠᠷᠪᠠᠨ ᠬᠦᠴᠦᠷᠭᠡᠭ ᠤ᠋ᠨ ᠨᠢᠭᠡ ᠪᠤᠯᠬᠤ ᠥᠪᠥᠷ ᠮᠣᠩᠭᠣᠯ᠎ᠤᠨ ᠮᠸᠩ ᡁᠢ ᠯᠢᠦᠢ ᠠᠮᠠᠷᠠᠯᠳᠠ ᠵᠢᠭᠤᠯᠴᠢᠯᠠᠯ᠎ᠤᠨ ᠬᠢᠵᠠᠭᠠᠷᠲᠤ ᠺᠣᠮᠫᠠᠨᠢ
ᠭᠤᠷᠪᠠ ᠳᠥᠷᠪᠡᠨ ᠮᠢᠩᠭᠠᠨ ᠬᠥᠮᠦᠨ ᠬᠠᠮᠲᠤ ᠪᠠᠷ ᠠᠬᠳᠠ ᠵᠢᠨ ᠲᠦᠪᠡᠷᠭᠡᠨᠤ ᠪᠣᠳᠠᠲᠤ ᠦᠵᠡᠭ᠌ᠳᠡᠯᠲᠦ ᠮᠣᠷᠢᠨ ᠮᠡᠷᠭᠡᠵᠢᠯ᠎ᠦᠨ ᠵᠦᠴᠦᠭᠡ 《ᠪᠠᠭᠠᠲᠤᠷ》 ᠢ᠋ ᠰᠣᠨᠢᠷᠬᠠᠵᠤ᠂ ᠡᠪᠡᠰᠦᠨ ᠳ᠋ᠤ ᠭᠤᠯᠭᠤᠨ ᠥᠷᠭᠡᠨ ᠠᠭᠤᠳᠠᠮ ᠲᠠᠯ᠎ᠠ ᠨᠤᠲᠤᠭ᠎ᠤ᠋ᠨ ᠦᠩᠭᠡ ᠦᠵᠡᠮᠵᠢ ᠵᠢ ᠰᠤᠨᠢᠷᠬᠠᠵᠤ᠂ ᠭᠣᠶᠣ ᠬᠡᠭᠡᠨᠴᠢᠷ ᠦᠨᠳᠦᠰᠦᠲᠡᠨ᠎ᠦ ᠬᠤᠪᠴᠠᠰᠤ ᠵᠠᠰᠠᠯ᠎ᠢᠶᠠᠷ ᠶᠤᠸᠠᠨ ᠤᠯᠤᠰ᠎ᠤᠨ ᠦᠶ᠎ᠡ᠎ᠶ᠋ᠢᠨ ᠣᠷᠳᠣᠨ᠎ᠤ ᠦᠪᠡᠳᠡᠭ᠌ᠰᠢ ᠶᠡᠬᠡ ᠳᠠᠢᠯᠠᠯᠭ᠎ᠠ 《ᠵᠤᠮ᠎ᠠ ᠵᠢᠨ ᠳᠠᠢᠯᠠᠯᠭ᠎ᠠ》 ᠶ᠋ᠢ ᠪᠡᠶᠡᠴᠢᠯᠡᠨ ᠣᠢᠯᠠᠭᠠᠵᠤ᠂ ᠲᠠᠯ᠎ᠠ ᠨᠤᠲᠤᠭ᠎ᠲᠤ ᠲᠦᠳᠡᠭ ᠭᠠᠯᠢ᠋ ᠲᠤᠭᠤᠷᠢᠨ ᠳᠠᠭᠤᠯᠠᠨ ᠪᠥᠵᠢᠭ᠌ᠯᠡᠵᠦ᠍ ᠤᠮᠠᠷᠠᠲᠤ ᠬᠢᠯᠢ᠎ᠶ᠋ᠢᠨ ᠬᠥᠪᠡᠭᠦᠳ ᠥᠬᠢᠳ᠎ᠦᠨ ᠣᠷᠭᠢᠯᠤᠮ᠎ᠠ ᠬᠠᠯᠠᠭᠤᠨ ᠰᠡᠳᠭᠢᠯᠭᠡ᠎ᠶ᠋ᠢ ᠮᠡᠳᠡᠷᠡᠨ᠎ᠡ ᠁ ᠣᠷᠳᠣᠰ᠎ᠤᠨ ᠲᠠᠯ᠎ᠠ ᠨᠤᠲᠤᠭ᠎ᠤᠨ ᠦᠵᠡᠮᠵᠢ᠎ᠶ᠋ᠢᠨ ᠣᠷᠣᠨ᠎ᠤ ᠣᠨᠴᠠᠯᠢᠭ᠍ᠲᠤ ᠲᠥᠷᠥᠯ ᠵᠦᠶ᠋ᠯ ᠤ᠋ᠨ ᠪᠡᠶᠡᠴᠢ ᠣᠢᠯᠠᠭᠠᠯᠲᠠ ᠨᠢ ᠪᠥᠬᠥ᠌ ᠤᠯᠤᠰ᠎ᠤᠨ ᠡᠯ᠎ᠡ ᠭᠠᠵᠠᠷ᠎ᠡᠴᠡ ᠢᠷᠡᠭ᠌ᠰᠡᠨ 40 ᠭᠠᠷᠤᠶ ᠲᠦᠮᠡᠨ ᠵᠢᠭᠤᠯᠴᠢᠯᠠᠭ᠍ᠰᠠᠳ᠎ᠲᠤ ᠲᠠᠯ᠎ᠠ ᠨᠤᠲᠤᠭ᠎ᠤᠨ ᠪᠠᠢᠭᠠᠯᠢ᠎ᠶ᠋ᠢᠨ ᠭᠤᠤ᠎ᠠ ᠰᠠᠢᠬᠠᠨ ᠪᠠ ᠤᠮᠠᠷᠠᠲᠤ ᠬᠢᠯᠢ᠎ᠶ᠋ᠢᠨ ᠰᠣᠶᠣᠯ᠎ᠤᠨ ᠥᠪᠡᠷᠮᠢᠴᠡ ᠷᠢᠳᠢ ᠱᠢᠳᠢ᠎ᠶ᠋ᠢ ᠮᠡᠳᠡᠷᠡᠭᠦᠯᠵᠦ᠂ ᠪᠥᠬᠥ᠌ ᠤᠯᠤᠰ᠎ᠤᠨ ᠣᠯᠠᠨ᠎ᠤ ᠬᠦᠷᠢᠶᠡᠯᠡᠯ᠎ᠢ ᠣᠯᠤᠭ᠍ᠰᠠᠨ 《ᠰᠦᠯᠵᠢᠶᠡᠨ᠎ᠦ ᠬᠠᠯᠠᠮᠰᠢᠯ ᠵᠢᠭᠤᠯᠴᠢᠯᠠᠯ ᠤ᠋ᠨ ᠤᠷᠤᠨ》 ᠪᠣᠯᠪᠠ᠃
《ᠪᠤᠳᠠᠳᠤ ᠦᠵᠡᠭ᠌ᠳᠡᠯᠲᠦ ᠮᠤᠷᠢᠨ ᠮᠡᠷᠭᠡᠵᠢᠯ᠎ᠦᠨ ᠵᠦᠴᠦᠭᠡ 〈ᠪᠠᠭᠠᠲᠤᠷ〉 ᠦᠨᠡᠬᠡᠷ ᠭᠠᠢᠬᠠᠮᠱᠢᠭ᠍ᠲᠠᠢ᠂ ᠤᠷᠳᠤᠰ᠎ᠤᠨ ᠲᠠᠯ᠎ᠠ ᠨᠤᠲᠤᠭ᠎ᠲᠤ ᠡᠢᠮᠦ᠍ ᠭᠣᠢᠳᠠ ᠰᠠᠢᠬᠠᠨ ᠲᠣᠭ᠍ᠯᠠᠯᠲᠠ ᠪᠠᠢᠨ᠎ᠠ ᠭᠡᠵᠦ᠍ ᠪᠤᠳᠤᠵᠤ ᠣᠯᠤᠭ᠍ᠰᠠᠨ ᠦᠭᠡᠢ》 ᠭᠡᠵᠦ ᠵᠢᠶᠠᠩᠰᠦ ᠮᠤᠵᠢ᠎ᠡᠴᠡ ᠢᠷᠡᠭ᠌ᠰᠡᠨ ᠶᠤᠸᠠᠢ ᠠᠪᠤᠭᠠᠶ ᠡᠨᠡ ᠬᠦ᠌ ᠬᠤᠷᠴᠠ ᠵᠡᠪᠰᠡᠭ ᠬᠤᠶᠠᠭᠳᠤ ᠮᠣᠷᠢᠨ᠎ᠤ ᠪᠣᠳᠠᠲᠤ ᠦᠵᠡᠭ᠌ᠳᠡᠯ᠎ᠦᠨ ᠲᠣᠭ᠍ᠯᠠᠯᠲᠠ᠎ᠳᠤ ᠭᠠᠢᠬᠠᠰᠢᠷᠠᠨ᠂ ᠡᠨᠡ ᠤᠳᠠᠭᠠᠨ᠎ᠤ ᠠᠶᠠᠯᠠᠯ᠎ᠳᠠᠭᠠᠨ ᠬᠠᠨᠤᠮᠵᠢᠳᠠᠢ ᠪᠠᠢᠯ᠎ᠠ᠃
ᠣᠷᠳᠣᠰ ᠬᠣᠲᠠ᠎ᠶ᠋ᠢᠨ ᠬᠠᠩᠭᠢᠨ ᠬᠣᠱᠢᠭᠤᠨ᠎ᠤ ᠬᠢᠯᠢ᠎ᠳᠡᠬᠢ ᠣᠷᠳᠣᠰ᠎ᠤᠨ ᠲᠠᠯ᠎ᠠ ᠨᠤᠲᠤᠭ᠎ᠤᠨ ᠦᠵᠡᠮᠵᠢ᠎ᠶ᠋ᠢᠨ ᠣᠷᠣᠨ᠎ᠢ 2004 ᠣᠨ᠎ᠡᠴᠡ ᠡᠬᠢᠯᠡᠨ ᠪᠠᠢᠭᠤᠯᠵᠤ᠂ ᠥᠪᠥᠷ ᠮᠣᠩᠭᠣᠯ᠎ᠤᠨ ᠮᠸᠩ ᡁᠢ ᠯᠢᠦᠢ ᠵᠢᠭᠤᠯᠴᠢᠯᠠᠯ᠎ᠤᠨ ᠬᠢᠵᠠᠭᠠᠷᠲᠤ ᠺᠣᠮᠫᠠᠨᠢ᠎ᠶ᠋ᠢᠨ ᠭᠤᠤᠯᠳᠠᠯᠭ᠎ᠠ᠎ᠲᠠᠶ ᠪᠠᠢᠭᠤᠯᠤᠭ᠍ᠰᠠᠨ ᠵᠢᠭᠤᠯᠴᠢᠯᠠᠯ᠎ᠤᠨ ᠦᠵᠡᠮᠵᠢ᠎ᠶ᠋ᠢᠨ ᠣᠷᠣᠨ ᠪᠣᠯᠤᠨ᠎ᠠ᠃ ᠦᠵᠡᠮᠵᠢ᠎ᠶ᠋ᠢᠨ ᠣᠷᠣᠨ᠎ᠤ ᠲᠠᠯᠠᠪᠠᠶ᠎ᠨᠢ 1.6 ᠲᠦᠮᠡᠨ ᠮᠥ᠍ ᠪᠠᠢᠵᠤ᠂ ᠤᠯᠤᠰ᠎ᠤᠨ 4A ᠲᠠᠰ᠎ᠤᠨ ᠵᠢᠭᠤᠯᠴᠢᠯᠠᠯ᠎ᠤᠨ ᠦᠵᠡᠮᠵᠢ᠎ᠶ᠋ᠢᠨ ᠣᠷᠣᠨ᠂ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠵᠢᠭᠤᠯᠴᠢᠯᠠᠯ᠎ᠤᠨ ᠠᠮᠠᠷᠠᠯᠲᠠᠵᠢᠭᠤᠯᠴᠢᠯᠠᠯ ᠤ᠋ᠨ ᠣᠷᠣᠨ ᠪᠠᠢᠵᠤ᠂ ᠣᠯᠠᠨ ᠵᠢᠯ ᠳᠠᠷᠠᠭᠠᠯᠠᠨ 《ᠳᠤᠮᠳᠠᠳᠤ ᠤᠯᠤᠰ᠎ᠤᠨ ᠱᠢᠨ᠎ᠡ᠎ᠶ᠋ᠢ ᠡᠭᠦᠳᠦᠭ᠌ᠰᠡᠨ ᠰᠠᠢᠨ ᠦᠵᠡᠮᠵᠢ᠎ᠶ᠋ᠢᠨ ᠣᠷᠣᠨ》᠂ 《ᠵᠢᠭᠤᠯᠴᠢᠯᠠᠯ᠎ᠤᠨ ᠦᠶ᠋ᠯᠡᠴᠢᠯᠡᠭᠡᠨ᠎ᠦ ᠴᠢᠨᠠᠷ ᠰᠠᠢᠲᠠᠶ ᠱᠠᠩᠨᠠᠯ》 ᠵᠡᠷᠭᠡ ᠢᠷᠠᠭᠤ ᠠᠯᠳᠠᠷ᠎ᠢ ᠭᠥᠷᠳᠡᠪᠡ᠃ ᠣᠳᠣᠬᠠᠨ᠎ᠳᠤ᠂ ᠦᠵᠡᠮᠵᠢ᠎ᠶ᠋ᠢᠨ ᠣᠷᠣᠨ᠎ᠨᠢ ᠳᠤᠮᠳᠠᠳᠤ ᠭᠠᠳᠠᠭᠠᠳᠤ᠎ᠶ᠋ᠢᠨ ᠵᠢᠭᠤᠯᠴᠢᠯᠠᠭ᠍ᠰᠠᠳ᠎ᠢ ᠨᠡᠢᠲᠡ 330 ᠲᠦᠮᠡᠨ ᠬᠥᠮᠦᠨ ᠤᠳᠠᠭ᠎ᠠ ᠭᠥᠯᠢᠶᠡᠨ ᠠᠪᠴᠤ᠌᠂ ᠥᠪᠥᠷ ᠮᠣᠩᠭᠣᠯ᠎ᠤᠨ ᠪᠠᠷᠠᠭᠤᠨ ᠬᠡᠰᠡᠭ᠎ᠦᠨ ᠭᠠᠵᠠᠷ ᠣᠷᠣᠨ᠎ᠤ ᠲᠠᠯ᠎ᠠ ᠨᠤᠲᠤᠭ᠎ᠤᠨ ᠲᠥᠷᠥᠯ᠎ᠦᠨ ᠠᠮᠠᠷᠠᠯᠲᠠ ᠵᠢᠭᠤᠯᠴᠢᠯᠠᠯ ᠤ᠋ᠨ ᠦᠵᠡᠮᠵᠢ᠎ᠶ᠋ᠢᠨ ᠣᠷᠣᠨ᠎ᠤ ᠲᠥᠯᠥᠭᠡᠯᠡᠭ᠌ᠴᠢ ᠪᠣᠯᠪᠠ᠃
ᠭᠡᠲᠡᠯ᠎ᠡ 10 ᠵᠢᠯ᠎ᠦᠨ ᠡᠮᠦᠨ᠎ᠡ᠂ ᠡᠨᠡ ᠶᠠᠪᠤᠳᠠᠯ ᠪᠤᠯ ᠪᠡᠶᠡᠯᠡᠭᠳᠡᠰᠢ ᠦᠭᠡᠢ ᠤᠴᠢᠷ ᠶᠤᠮ᠃ 10 ᠵᠢᠯ ᠤ᠋ᠨ ᠡᠮᠦᠨ᠎ᠡ ᠤᠷᠳᠤᠰ᠎ᠤᠨ ᠲᠠᠯ᠎ᠠ ᠨᠤᠲᠤᠭ ᠤ᠋ᠨ ᠦᠵᠡᠮᠵᠢ᠎ᠶ᠋ᠢᠨ ᠣᠷᠣᠨ᠎ᠢᠶᠠᠷ ᠵᠢᠭᠤᠯᠴᠢᠯᠠᠬᠤ᠎ᠳᠤ᠂ ᠵᠢᠭᠤᠯᠴᠢᠯᠠᠭ᠍ᠰᠠᠳ ᠵᠥᠪᠬᠡᠨ ᠮᠣᠷᠢ ᠤᠨᠤᠬᠤ᠂ ᠰᠤᠷ ᠬᠠᠷᠪᠤᠬᠤ᠂ ᠮᠣᠩᠭᠣᠯ ᠭᠡᠷ᠎ᠲᠦ ᠰᠠᠭᠤᠵᠤ᠂ ᠮᠢᠬ᠎ᠠ ᠢᠳᠡᠬᠦ᠌ ᠵᠡᠷᠭᠡ ᠤᠯᠠᠮᠵᠢᠯᠠᠯᠲᠤ ᠲᠦᠷᠦᠯ ᠵᠦᠢᠯ᠎ᠢ ᠯᠡ ᠣᠢᠯᠠᠭᠠᠵᠤ ᠴᠢᠳᠠᠨ᠎ᠠ᠂ ᠲᠡᠭᠡᠷ᠎ᠡ ᠨᠢ ᠦᠢᠯᠡᠳᠬᠦᠨ ᠨᠢ ᠲᠠᠩ ᠴᠤᠯᠭᠤᠢ᠂ ᠵᠠᠮ ᠱᠤᠭᠤᠮ ᠨᠢ ᠬᠠᠭᠤᠴᠢᠷᠠᠭ᠍ᠰᠠᠨ᠂ ᠰᠣᠶᠣᠯ᠎ᠤᠨ ᠲᠦᠷᠦᠯ ᠵᠦᠢᠯ ᠳᠤᠲᠠᠭ᠍ᠳᠠᠵᠤ ᠪᠠᠢᠬᠤ ᠵᠡᠷᠭᠡ ᠠᠰᠠᠭᠤᠳᠠᠯ ᠡᠴᠡ ᠪᠤᠯᠵᠤ ᠲᠠᠯ᠎ᠠ ᠨᠤᠲᠤᠭ᠎ᠤᠨ ᠵᠢᠭᠤᠯᠴᠢᠯᠠᠯ᠎ᠤᠨ ᠦᠢᠯᠡᠰ᠎ᠦᠨ ᠬᠥᠭ᠌ᠵᠢᠯᠲᠡ᠎ᠶ᠋ᠢ ᠬᠦᠨᠳᠦ ᠨᠣᠴᠢᠲᠠᠢ ᠬᠢᠵᠠᠭᠠᠷᠯᠠᠵᠤ ᠪᠠᠢᠪᠠ᠃ ᠲᠤᠬᠠᠶ᠎ᠶ᠋ᠢᠨ ᠦᠶ᠎ᠡ᠎ᠳᠦ ᠨᠢᠭᠡᠨᠲᠡ ᠪᠠᠢᠭᠤᠯᠤᠭ᠍ᠳᠠᠭᠠᠳ 10 ᠵᠢᠯ ᠪᠣᠯᠤᠭ᠍ᠰᠠᠨ ᠣᠷᠳᠣᠰ᠎ᠤᠨ ᠲᠠᠯ᠎ᠠ ᠨᠤᠲᠤᠭ᠎ᠤᠨ ᠦᠵᠡᠮᠵᠢ᠎ᠶ᠋ᠢᠨ ᠣᠷᠣᠨ᠎ᠢ ᠲᠤᠬᠠᠶ᠎ᠶ᠋ᠢᠨ ᠭᠠᠵᠠᠷ᠎ᠤᠨ ᠬᠥᠮᠦᠰ ᠴᠤ᠌ ᠲᠡᠮᠡᠢ ᠮᠡᠳᠡᠬᠦ᠌ ᠦᠭᠡᠢ ᠪᠠᠢᠭ᠍ᠰᠠᠨ ᠪᠥᠭᠡᠳ ᠨᠠᠩ ᠢᠯᠠᠩᠭᠤᠶ᠎ᠠ ᠪᠥᠬᠥ᠌ ᠤᠯᠤᠰ᠎ᠤᠨ ᠵᠢᠭᠤᠯᠴᠢᠯᠠᠭ᠍ᠰᠠᠳ ᠨᠠᠩ ᠴᠤ᠌ ᠮᠡᠳᠡᠬᠦ᠌ ᠥᠬᠡᠶ ᠪᠠᠢᠪᠠ᠃ ᠡᠵᠡᠩᠨᠡᠯᠲᠡ᠎ᠶ᠋ᠢᠨ ᠬᠦᠴᠢᠷᠳᠡᠯ᠎ᠦᠨ ᠡᠮᠦᠨ᠎ᠡ᠂ ᠺᠣᠮᠫᠠᠨᠢ ᠨᠢ ᠵᠣᠷᠢᠭ᠍ᠲᠠᠶ ᠪᠠᠷ ᠥᠭᠡᠷᠡᠴᠢᠯᠡᠯᠲᠡ ᠬᠢᠵᠦ᠍ ᠱᠢᠨ᠎ᠡ᠎ᠶ᠋ᠢ ᠡᠭᠦᠳᠦᠨ᠂ ᠭᠠᠳᠠᠭ᠍ᠰᠢ ᠭᠠᠷᠴᠤ᠌ ᠪᠠᠢᠴᠠᠭᠠᠨ ᠰᠤᠷᠤᠯᠴᠠᠵᠤ᠂ 2014 ᠣᠨ᠎ᠡᠴᠡ ᠡᠬᠢᠯᠡᠨ ᠦᠵᠡᠮᠵᠢ᠎ᠶ᠋ᠢᠨ ᠣᠷᠣᠨ᠎ᠳᠤ ᠬᠣᠶᠠᠳᠠᠬᠢ ᠤᠳᠠᠭ᠎ᠠ ᠲᠠᠰ ᠳᠡᠪᠱᠢᠭᠦᠯᠦᠨ ᠥᠭᠡᠷᠡᠴᠢᠯᠡᠵᠦ᠍᠂ ᠦᠵᠡᠰᠭᠦᠯᠡᠩᠲᠦ ᠰᠠᠢᠬᠠᠨ ᠪᠠᠢᠭᠠᠯᠢ ᠶ᠋ᠢᠨ ᠡᠬᠢ ᠪᠠᠶᠠᠯᠢᠭ ᠬᠢᠭᠡᠳ ᠥᠩᠭᠡ ᠢᠯᠭᠠᠷᠠᠭ᠍ᠰᠠᠨ ᠦᠨᠳᠦᠰᠦᠲᠡᠨ᠎ᠦ ᠰᠣᠶᠣᠯ᠎ᠢ ᠠᠭᠤᠰᠭᠠᠨ ᠨᠡᠢᠯᠡᠭᠦᠯᠵᠦ᠍᠂ ᠵᠢᠭᠤᠯᠴᠢᠯᠠᠭ᠍ᠰᠠᠳ᠎ᠤᠨ ᠪᠠᠬᠠᠷᠬᠠᠯ ᠪᠠ ᠬᠦᠰᠡᠯ ᠡᠷᠡᠮᠡᠯᠵᠡᠯ᠎ᠢ ᠭᠦᠨ ᠭᠥᠷᠳᠡᠭ᠌ᠰᠡᠨ ᠪᠠᠷᠠᠭᠤᠨ ᠬᠡᠰᠡᠭ᠎ᠦᠨ ᠲᠠᠯ᠎ᠠ ᠨᠤᠲᠤᠭ᠎ᠤᠨ ᠵᠢᠭᠤᠯᠴᠢᠯᠠᠯ ᠠᠮᠠᠷᠠᠯᠲᠠ᠎ᠶ᠋ᠢᠨ ᠵᠣᠷᠢᠭ᠍ᠰᠠᠨ ᠭᠠᠵᠠᠷ ᠪᠣᠯᠭᠠᠨ ᠪᠥᠲᠥᠭᠡᠨ ᠪᠠᠢᠭᠤᠯᠪᠠ᠃ ᠰᠢᠨᠳᠠᠷᠠᠰᠢ ᠦᠭᠡᠢ ᠴᠢᠷᠮᠠᠢᠯᠭ᠎ᠠ ᠭᠠᠷᠭᠠᠵᠤ ᠣᠷᠳᠣᠰ᠎ᠤᠨ ᠲᠠᠯ᠎ᠠ ᠨᠤᠲᠤᠭ᠎ᠤᠨ ᠦᠵᠡᠮᠵᠢ᠎ᠶ᠋ᠢᠨ ᠣᠷᠣᠨ᠎ᠤ ᠬᠥᠭ᠌ᠵᠢᠯᠲᠡ᠎ᠶ᠋ᠢᠨ ᠵᠠᠭ᠍ᠪᠤᠷ᠎ᠢᠶᠠᠷ ᠲᠣᠯᠢᠳᠠᠭᠤᠰᠢᠳᠠᠢ ᠠᠮᠵᠢᠯᠳᠠ ᠪᠤᠯᠵᠠᠢ᠃
ᠰᠣᠶᠣᠯ ᠵᠢᠭᠤᠯᠴᠢᠯᠠᠯ᠎ᠤᠨ ᠭᠤᠤᠯᠯᠠᠬᠤ ᠦᠶ᠋ᠯᠡᠳᠬᠦᠨ ᠵᠢᠡᠷ ᠦᠵᠡᠮᠵᠢ᠎ᠶ᠋ᠢᠨ ᠣᠷᠣᠨ ᠤ᠋ ᠬᠦᠭᠵᠢᠨ ᠴᠡᠴᠡᠭᠯᠡᠬᠦ ᠵᠢ ᠲᠠᠢᠴᠢᠯᠠᠪᠠ
ᠣᠷᠳᠣᠰ᠎ᠤᠨ ᠲᠠᠯ᠎ᠠ ᠨᠤᠲᠤᠭ ᠤ᠋ᠨ ᠦᠵᠡᠮᠵᠢ᠎ᠶ᠋ᠢᠨ ᠣᠷᠣᠨ᠎ᠤ ᠨᠢᠭᠡᠳᠦᠭᠡᠷ ᠥᠷᠲᠡᠭᠡ᠎ᠳᠦ ᠬᠦᠷᠴᠦ ᠤᠴᠢᠬᠤ ᠳ᠋ᠤ᠂ ᠮᠠᠰᠢ ᠣᠯᠠᠨ ᠵᠢᠭᠤᠯᠴᠢᠯᠠᠭ᠍ᠰᠠᠳ ᠮᠣᠷᠢᠨ ᠮᠡᠷᠭᠡᠵᠢᠯ᠎ᠦᠨ ᠺᠯᠦᠪ᠎ᠲᠦ ᠬᠦᠷᠴᠦ᠍᠂ ᠲᠤᠰᠭᠠᠶ ᠮᠡᠷᠭᠡᠵᠢᠯ᠎ᠦᠨ ᠬᠠᠮᠠᠭᠠᠯᠠᠯᠲᠠ᠎ᠶ᠋ᠢᠨ ᠪᠠᠭᠠᠵᠢ ᠰᠣᠯᠢᠵᠤ᠂ ᠲᠤᠰᠭᠠᠶ ᠮᠡᠷᠭᠡᠵᠢᠯ᠎ᠦᠨ ᠳᠠᠰᠭᠠᠯᠵᠢᠭᠤᠯᠤᠭ᠍ᠴᠢ᠎ᠶ᠋ᠢᠨ ᠵᠢᠯᠣᠭᠣᠳᠣᠯᠭ᠎ᠠ ᠳᠤᠤᠷ᠎ᠠ ᠤᠳᠤᠮᠳᠤ ᠮᠣᠷᠢ ᠤᠨᠤᠬᠤ ᠬᠠᠪᠤ ᠴᠡᠩᠭᠡᠯ᠎ᠢ ᠪᠡᠶᠡᠴᠢᠯᠡᠨ ᠣᠢᠯᠠᠭᠠᠵᠠᠭᠠᠨᠠ᠃
《ᠵᠢᠭᠤᠯᠴᠢᠯᠠᠯ ᠤ᠋ᠨ ᠦᠢᠯᠡᠰ ᠢ᠋ ᠠᠩᠬ᠎ᠠ ᠡᠬᠢᠯᠡᠭᠦᠯᠦᠭᠰᠡᠨ ᠲᠡᠳᠡᠭᠡᠷ ᠵᠢᠯ᠎ᠦᠳ᠎ᠲᠦ᠂ ᠦᠵᠡᠮᠵᠢ᠎ᠶ᠋ᠢᠨ ᠣᠷᠣᠨ᠎ᠤ ᠢᠵᠢᠯᠢᠱᠢᠬᠦ᠌ ᠥᠷᠢᠰᠥᠯᠳᠦᠭᠡᠨ ᠨᠡᠯᠢᠶᠡᠳ ᠬᠦᠨᠳᠦ ᠨᠣᠴᠢᠲᠠᠢ ᠪᠠᠢᠵᠤ᠂ ᠵᠢᠭᠤᠯᠴᠢᠯᠠᠯ᠎ᠤᠨ ᠦᠢᠯᠡᠳᠬᠦᠨᠤ᠋ ᠱᠢᠨ᠎ᠡ ᠵᠢ ᠡᠭᠦᠳᠬᠦ ᠲᠠᠯ᠎ᠠ ᠪᠡᠷ ᠠᠨᠠᠢ ᠪᠠᠢᠵᠤ᠂ ᠵᠥᠪᠬᠡᠨ ᠦᠨ᠎ᠡ ᠪᠠᠨ ᠬᠢᠮᠳᠠᠷᠠᠭᠤᠯᠬᠤ ᠪᠡᠷ ᠲᠠᠮᠵᠢᠨ ᠮᠠᠭᠤ ᠥᠷᠢᠰᠥᠯᠳᠦᠭᠡᠨ ᠢ᠋ ᠠᠷᠭᠠᠴᠠᠵᠤ᠂ ᠺᠣᠮᠫᠠᠨᠢ ᠠᠭᠠᠵᠢᠮ᠎ᠢᠶᠠᠷ ᠳᠠᠮᠫᠤᠷᠠᠬᠤ ᠬᠡᠮᠵᠢᠶᠡᠨ᠎ᠳᠦ ᠬᠦᠷᠴᠡᠢ》 ᠭᠡᠵᠦ ᠥᠪᠥᠷ ᠮᠣᠩᠭᠣᠯ᠎ᠤᠨ ᠮᠸᠩ ᡁᠢ ᠯᠢᠦᠢ ᠠᠮᠠᠷᠠᠯᠲᠠ ᠵᠢᠭᠤᠯᠴᠢᠯᠠᠯ᠎ᠤᠨ ᠬᠢᠵᠠᠭᠠᠷᠲᠤ ᠺᠣᠮᠫᠠᠨᠢ᠎ᠶ᠋ᠢᠨ ᠶᠡᠷᠦᠩᠬᠡᠢ ᠳᠠᠭᠠᠭᠠᠮᠠᠯ ᠸᠠᠩ ᠱᠢᠶᠤᠤ ᠯᠢ ᠲᠤᠬᠠᠢ᠎ᠶ᠋ᠢᠨ ᠦᠶ᠎ᠡ᠎ᠶ᠋ᠢᠨ ᠠᠵᠢᠯ ᠲᠦᠷᠦᠯ᠎ᠦᠨ ᠬᠦᠴᠢᠷᠳᠡᠯ ᠵᠢᠡᠨ ᠡᠷᠬᠢᠴᠡᠬᠦᠯᠦᠨ᠎ᠠ᠃ ᠲᠡᠭᠡᠭᠡᠳ ᠪᠠᠢᠳᠠᠯ ᠵᠢᠡᠨ ᠬᠤᠪᠢᠷᠠᠭᠤᠯᠬᠤ᠎ᠶ᠋ᠢᠨ ᠲᠥᠯᠥᠭᠡ ᠲᠣᠰ ᠺᠣᠮᠫᠠᠨᠢ ᠦᠨᠳᠦᠰᠦᠲᠡᠨ᠎ᠦ ᠰᠣᠶᠣᠯ᠎ᠤᠨ ᠠᠭᠤᠯᠤᠭ᠍ᠳᠠᠬᠤᠨ᠎ᠢ ᠳᠣᠪᠣᠢᠯᠭᠠᠵᠤ᠂ ᠰᠣᠶᠣᠯ ᠵᠢᠭᠤᠯᠴᠢᠯᠠᠯ᠎ᠤᠨ ᠭᠤᠤᠯᠯᠠᠬᠤ ᠦᠢᠯᠡᠳᠬᠦᠨ᠎ᠢ ᠪᠣᠶ ᠪᠣᠯᠭᠠᠬᠤ ᠣᠢᠯᠠᠭᠠᠭ᠍ᠳᠠᠬᠤᠨ᠎ᠢ ᠳᠤᠷᠠᠳᠤᠭ᠍ᠰᠠᠨ ᠪᠥᠭᠡᠳ 2014 ᠣᠨ᠎ᠡᠴᠡ 2015 ᠣᠨ᠎ᠤ ᠬᠣᠭᠣᠷᠣᠨᠳᠣ ᠥᠨᠳᠥᠷ ᠨᠢᠭ᠍ᠲᠠᠴᠠ᠎ᠲᠠᠶ ᠲᠠᠰ ᠳᠡᠪᠱᠢᠭᠦᠯᠦᠨ ᠥᠭᠡᠷᠡᠴᠢᠯᠡᠬᠦ᠌ ᠲᠥᠯᠥᠪᠯᠡᠭᠡ᠎ᠶ᠋ᠢ ᠡᠬᠢᠯᠡᠨ ᠬᠡᠷᠡᠭ᠌ᠵᠢᠭᠦᠯᠵᠦ᠍᠂ ᠰᠠᠭᠤᠷᠢ ᠲᠥᠬᠥᠭᠡᠷᠦᠮᠵᠢ ᠪᠠ ᠰᠣᠶᠣᠯ ᠵᠢᠭᠤᠯᠴᠢᠯᠠᠯ᠎ᠤᠨ ᠦᠢᠯᠡᠳᠭᠦᠨ ᠵᠢᠡᠨ ᠲᠠᠰ ᠳᠡᠪᠱᠢᠭᠦᠯᠪᠡ᠃
10 ᠵᠢᠯ᠎ᠦᠨ ᠲᠡᠭᠦᠯᠳᠡᠷᠵᠢᠯᠲᠡ ᠪᠠ ᠥᠭᠡᠷᠡᠴᠢᠯᠡᠯᠲᠡ᠎ᠪᠡᠷ ᠳᠡᠮᠵᠢᠨ᠂ ᠦᠵᠡᠮᠵᠢ᠎ᠶ᠋ᠢᠨ ᠣᠷᠣᠨ᠎ᠨᠢ ᠮᠣᠩᠭᠣᠯ ᠬᠡᠷ᠎ᠦᠨ ᠬᠣᠨᠣᠭ ᠪᠠᠭᠤᠳᠠᠯ᠂ ᠬᠣᠭᠣᠯᠠᠨ ᠲᠢᠩᠬᠢᠮ᠂ ᠣᠯᠠᠨ ᠴᠢᠳᠠᠮᠵᠢᠲᠤ ᠲᠢᠩᠬᠢᠮ᠂ ᠵᠢᠭᠤᠯᠴᠢᠯᠠᠭ᠍ᠰᠠᠳ᠎ᠢ ᠵᠤᠴᠢᠯᠠᠬᠤ ᠲᠥᠪ ᠵᠡᠷᠭᠡ ᠪᠦᠷᠢᠨ ᠲᠦᠬᠦᠷ ᠰᠠᠭᠤᠷᠢ ᠲᠥᠬᠥᠭᠡᠷᠦᠮᠵᠢ ᠲᠡᠶᠪᠤᠯᠤᠭᠰᠠᠨ ᠵᠢᠡᠷ ᠪᠠᠷᠠᠬᠤ ᠥᠬᠡᠶ᠂ ᠪᠠᠰᠠ ᠪᠣᠳᠠᠲᠤ ᠦᠵᠡᠭᠳᠡᠯᠳᠦ ᠮᠣᠷᠢᠨ ᠮᠡᠷᠭᠡᠵᠢᠯ᠎ᠦᠨ ᠵᠦᠴᠦᠭᠡ 《ᠪᠠᠭᠠᠲᠤᠷ》᠂ ᠼᠢᠷᠺ᠎ᠦᠨ ᠰᠣᠳᠣᠨ ᠪᠦᠲᠦᠭᠡᠯ 《ᠲᠡᠭᠷᠢ ᠲᠠᠯ᠎ᠠ ᠨᠤᠲᠤᠭ》᠂ ᠶᠤᠸᠠᠨ ᠤᠯᠤᠰ᠎ᠤᠨ ᠣᠷᠳᠣᠨ᠎ᠤ ᠰᠣᠶᠣᠯ᠎ᠤᠨ ᠦᠪᠡᠳᠡᠭ᠌ᠰᠢ ᠳᠠᠢᠯᠠᠯᠭ᠎ᠠ 《ᠵᠤᠮ᠎ᠠ ᠵᠢᠨ ᠳᠠᠢᠯᠠᠯᠭ᠎ᠠ》᠂ ᠦᠨᠳᠦᠰᠦᠲᠡᠨ᠎ᠦ ᠣᠨᠴᠠᠯᠢᠭ᠎ᠢᠶᠠᠷ ᠪᠢᠯᠬᠠᠮ᠎ᠠ 《ᠣᠷᠳᠣᠰ ᠬᠤᠷᠢᠮ》 ᠵᠡᠷᠭᠡ ᠭᠤᠤᠯ ᠪᠣᠯᠬᠤ ᠰᠣᠶᠣᠯ ᠵᠢᠭᠤᠯᠴᠢᠯᠠᠯ᠎ᠤᠨ ᠦᠶ᠋ᠯᠡᠳᠬᠦᠨ᠎ᠢ ᠨᠠᠷᠢᠨ ᠨᠢᠮᠪᠠᠶ ᠵᠣᠬᠢᠶᠠᠨ ᠪᠦᠲᠦᠭᠡᠭ᠌ᠰᠡᠨ ᠪᠥᠭᠡᠳ ᠪᠠᠰᠠ ᠡᠪᠡᠰᠦ ᠭᠤᠯᠭᠤᠬᠤ᠂ ᠺᠠᠷᠲ᠋ᠢᠨ ᠲᠡᠷᠭᠡ᠂ ᠵᠢᠵᠢᠭ ᠭᠠᠯᠲᠤ ᠲᠡᠷᠭᠡ ᠵᠡᠷᠭᠡ ᠬᠡᠷ᠎ᠦᠨ ᠭᠠᠳᠠᠨᠠᠬᠢ 20 ᠭᠠᠷᠤᠶ ᠵᠦᠶ᠋ᠯ᠎ᠦᠨ ᠵᠤᠭ᠎ᠠ ᠴᠡᠩᠭᠡᠯ᠎ᠦᠨ ᠲᠥᠷᠥᠯ ᠵᠦᠶ᠋ᠯ᠎ᠢ ᠨᠡᠭᠡᠭᠡᠨ ᠬᠥᠭ᠌ᠵᠢᠭᠦᠯᠵᠦ᠍᠂ ᠠᠳᠠᠯᠢ ᠪᠤᠰᠤ ᠬᠥᠮᠦᠰ᠎ᠦᠨ ᠵᠢᠭᠤᠯᠴᠢᠯᠠᠯ᠎ᠤᠨ ᠬᠡᠷᠡᠭ᠌ᠴᠡᠭᠡ᠎ᠶ᠋ᠢ ᠬᠠᠩᠭᠠᠵᠤ᠂ ᠵᠢᠭᠤᠯᠴᠢᠯᠠᠯ᠎ᠤᠨ ᠣᠷᠣᠯᠭ᠎ᠠ᠎ᠶ᠋ᠢ ᠶᠡᠬᠡ ᠪᠡᠷ ᠨᠡᠮᠡᠭᠳᠡᠭᠦᠯᠬᠦ ᠵᠢ ᠪᠡᠶᠡᠯᠡᠭᠦᠯᠵᠡᠢ᠃ 2023 ᠣᠨ᠎ᠳᠤ᠂ ᠣᠷᠳᠣᠰ᠎ᠤᠨ ᠲᠠᠯ᠎ᠠ ᠨᠤᠲᠤᠭ ᠤ᠋ᠨ ᠦᠵᠡᠮᠵᠢ᠎ᠶ᠋ᠢᠨ ᠣᠷᠣᠨ 50 ᠭᠠᠷᠤᠶ ᠲᠦᠮᠡᠨ ᠬᠥᠮᠦᠨ ᠤᠳᠠᠭ᠎ᠠ᠎ᠶ᠋ᠢᠨ ᠵᠢᠭᠤᠯᠴᠢᠯᠠᠭ᠍ᠰᠠᠳ᠎ᠢ ᠭᠥᠯᠢᠶᠡᠨ ᠠᠪᠴᠤ᠌᠂ ᠵᠢᠭᠤᠯᠴᠢᠯᠠᠯ᠎ᠤᠨ ᠣᠷᠣᠯᠭ᠎ᠠ ᠠᠩᠬ᠎ᠠ ᠤᠳᠠᠭ᠎ᠠ 1 ᠳ᠋ᠦᠩᠱᠢᠭᠤᠷ ᠲᠥᠭᠥᠷᠢᠭ᠎ᠢ ᠳᠠᠪᠠᠪᠠ᠃
ᠳᠤᠷᠠᠳᠤᠭᠤᠱᠢᠲᠠᠶ ᠨᠢ᠂ ᠵᠢᠭᠤᠯᠴᠢᠯᠠᠭ᠍ᠰᠠᠳ᠎ᠤᠨ ᠠᠳᠤᠭᠤᠨ ᠰᠣᠶᠣᠯ᠎ᠤᠨ ᠲᠤᠬᠠᠶ ᠬᠦᠰᠡᠯ ᠡᠷᠡᠮᠡᠯᠵᠡᠯ᠎ᠢ ᠬᠠᠩᠭᠠᠬᠤ᠎ᠶ᠋ᠢᠨ ᠲᠥᠯᠥᠭᠡ᠂ 2018 ᠣᠨ᠎ᠳᠤ ᠦᠵᠡᠮᠵᠢ᠎ᠶ᠋ᠢᠨ ᠣᠷᠣᠨ᠎ᠳᠤ ᠠᠳᠤᠭᠤᠨ ᠰᠣᠶᠣᠯ ᠪᠠ ᠠᠳᠤᠭᠤᠨ᠎ᠤ ᠠᠵᠤ ᠦᠶ᠋ᠯᠡᠰ᠎ᠦᠨ ᠰᠠᠭᠤᠷᠢᠨ᠎ᠢ ᠭᠤᠤᠯᠳᠠᠯᠭ᠎ᠠ᠎ᠲᠠᠶ ᠪᠠᠢᠭᠤᠯᠵᠤ᠂ 30 ᠲᠦᠮᠡᠨ ᠲᠡᠭ᠌ᠰᠢ ᠳᠥᠷᠪᠡᠯᠵᠢᠨ ᠮᠧᠲ᠋ᠷ ᠲᠠᠯᠠᠪᠠᠶ ᠪᠥᠬᠥᠶ ᠣᠳᠣᠬᠢᠴᠢᠯᠠᠭ᠍ᠰᠠᠨ ᠮᠣᠷᠢ ᠤᠷᠤᠯᠳᠤᠬᠤ ᠲᠠᠯᠠᠪᠠᠶ᠎ᠶ᠋ᠢ ᠪᠠᠢᠭᠤᠯᠵᠤ᠂ ᠡᠯ᠎ᠡ ᠤᠯᠤᠰ᠎ᠤᠨ 259 ᠨᠡᠷᠡᠲᠦ ᠮᠣᠷᠢ᠎ᠵᠢ ᠴᠤᠭᠯᠠᠭᠤᠯᠵᠤ᠂ ᠲᠤᠰᠭᠠᠶ ᠮᠡᠷᠭᠡᠵᠢᠯ᠎ᠦᠨ ᠮᠣᠷᠢ ᠤᠷᠤᠯᠳᠤᠬᠤ᠂ ᠮᠣᠷᠢ ᠤᠨᠤᠬᠤ ᠵᠤᠰᠠᠯᠠᠩ᠂ ᠠᠳᠤᠭᠤᠨ ᠰᠣᠶᠣᠯ᠎ᠤᠨ ᠵᠢᠵᠢᠭ ᠬᠢᠴᠢᠶᠡᠯ᠎ᠦᠨ ᠲᠠᠩᠬᠢᠮ᠂ ᠮᠣᠷᠢᠨ ᠮᠡᠷᠭᠡᠵᠢᠯ᠎ᠦᠨ ᠺᠯᠦᠪ ᠵᠡᠷᠭᠡ ᠠᠳᠤᠭᠤᠨ᠎ᠤ ᠲᠥᠷᠥᠯ᠎ᠦᠨ ᠵᠢᠭᠤᠯᠴᠢᠯᠠᠯ᠎ᠤᠨ ᠪᠦᠲᠦᠭᠡᠭ᠌ᠳᠡᠬᠦᠨ᠎ᠢ ᠨᠢᠭᠡ ᠴᠣᠭ᠍ᠴᠠᠵᠢᠭᠤᠯᠵᠤ᠂ ᠤᠯᠤᠰ᠎ᠤᠨ ᠳᠣᠲᠣᠭᠠᠳᠤ ᠭᠠᠳᠠᠭᠠᠳᠤ᠎ᠶ᠋ᠢᠨ ᠵᠢᠭᠤᠯᠴᠢᠯᠠᠭ᠍ᠰᠠᠳ᠎ᠤᠨ ᠮᠣᠷᠢ ᠤᠷᠤᠯᠳᠤᠬᠤ ᠪᠡᠶᠡᠴᠢ ᠣᠢᠯᠠᠭᠠᠯᠲᠠ᠎ᠶ᠋ᠢ ᠨᠢᠭᠡ ᠥᠷᠲᠡᠭᠡᠴᠢᠯᠡᠭᠰᠡᠨ ᠮᠠᠶᠢᠭ᠎ᠢᠶᠠᠷ ᠬᠠᠩᠭᠠᠵᠤ᠂ ᠦᠵᠡᠮᠵᠢ᠎ᠶ᠋ᠢᠨ ᠣᠷᠣᠨ᠎ᠤ ᠬᠠᠮᠤᠭ᠎ᠤᠨ ᠲᠠᠲᠠᠬᠤ ᠬᠦᠴᠦᠨ᠎ᠲᠡᠶ ᠥᠪᠡᠷᠮᠢᠴᠡ ᠲᠥᠷᠥᠯ ᠵᠦᠶ᠋ᠯ ᠪᠣᠯᠵᠠᠢ᠃
ᠦᠪᠡᠷᠮᠢᠴᠡ ᠦᠶ᠋ᠯᠡᠴᠢᠯᠡᠭᠡ᠎ᠪᠡᠷ ᠬᠥᠳᠡᠭᠡ ᠲᠣᠰᠭᠣᠨ᠎ᠤ ᠰᠣᠶᠣᠯ ᠵᠢᠭᠤᠯᠴᠢᠯᠠᠯ᠎ᠤᠨ ᠱᠢᠨ᠎ᠡ ᠤᠷᠤᠰᠭᠠᠯ᠎ᠢ ᠬᠥᠲᠥᠯᠥᠨ ᠳᠠᠭᠠᠭᠤᠯᠪᠠ
ᠬᠥᠮᠦᠰ᠎ᠦᠨ ᠠᠮᠢᠳᠤᠷᠠᠯ᠎ᠤᠨ ᠲᠦᠪᠱᠢᠨ᠎ᠦ ᠳᠡᠭᠡᠭ᠌ᠰᠢᠯᠡᠬᠦ᠌᠎ᠶ᠋ᠢ ᠳᠠᠭᠠᠯᠳᠤᠨ᠂ ᠵᠢᠭᠤᠯᠴᠢᠯᠠᠯ᠎ᠤᠨ ᠥᠪᠡᠷᠮᠢᠴᠡ ᠬᠡᠷᠡᠭ᠌ᠴᠡᠭᠡ ᠴᠦ᠍ ᠤᠯᠠᠮ᠎ᠠᠴᠠ ᠤᠯᠠᠮ ᠦᠨᠳᠦᠷᠵᠢᠵᠤ ᠪᠠᠢᠨ᠎ᠠ᠃ ᠵᠢᠭᠤᠯᠴᠢᠯᠠᠭ᠍ᠰᠠᠳ᠎ᠤᠨ ᠣᠯᠠᠨ ᠶᠠᠩᠵᠤᠴᠢᠯᠠᠭ᠍ᠰᠠᠨ᠂ ᠨᠠᠷᠢᠯᠢᠬ᠍ᠵᠢᠭᠤᠯᠤᠭ᠍ᠰᠠᠨ ᠬᠡᠷᠡᠭ᠌ᠴᠡᠭᠡ᠎ᠶ᠋ᠢ ᠭᠦᠶ᠋ᠴᠡᠳ ᠬᠠᠩᠭᠠᠬᠤ᠎ᠶ᠋ᠢᠨ ᠲᠥᠯᠥᠭᠡ᠂ ᠣᠷᠳᠣᠰ᠎ᠤᠨ ᠲᠠᠯ᠎ᠠ ᠨᠤᠲᠤᠭ ᠤ᠋ᠨ ᠦᠵᠡᠮᠵᠢ᠎ᠶ᠋ᠢᠨ ᠣᠷᠣᠨ ᠨᠢ ᠦᠪᠡᠷᠮᠢᠴᠡ ᠵᠢᠭᠤᠯᠴᠢᠯᠠᠯ᠎ᠤᠨ ᠦᠶ᠋ᠯᠡᠳᠬᠦᠨ᠎ᠢ ᠨᠡᠭᠡᠭᠡᠨ ᠬᠥᠭ᠌ᠵᠢᠭᠦᠯᠪᠡ᠂ ᠳᠠᠷᠤᠢ ᠠᠷᠠᠳ᠎ᠤᠨ ᠤᠯᠠᠮᠵᠢᠯᠠᠯᠲᠤ ᠪᠠᠭᠤᠴᠠ ᠲᠥᠪᠯᠡᠷᠡᠭ᠌ᠰᠡᠨ ᠱᠢᠨ᠎ᠡ ᠮᠠᠶᠢᠭ᠎ᠤᠨ ᠲᠠᠯ᠎ᠠ ᠨᠤᠲᠤᠭ᠎ᠤᠨ ᠠᠮᠠᠷᠠᠯᠲᠠ᠎ᠶ᠋ᠢᠨ ᠤᠷᠤᠨ᠎ᠳᠤ ᠲᠠᠯ᠎ᠠ ᠨᠤᠲᠤᠭ᠎ᠤᠨ ᠮᠠᠯᠵᠢᠬᠤ ᠣᠷᠣᠨ᠎ᠤ ᠠᠮᠢᠳᠤᠷᠠᠯ᠎ᠢ ᠭᠦᠨᠵᠡᠭᠡᠶ ᠣᠢᠯᠠᠭᠠᠵᠤ ᠪᠤᠯᠤᠨ᠎ᠠ᠃
《ᠮᠠᠯᠴᠢᠳ᠎ᠤᠨ ᠡᠷᠬᠢᠯᠡᠭᠰᠡᠨ ᠠᠷᠠᠳ᠎ᠤᠨ ᠤᠯᠠᠮᠵᠢᠯᠠᠯᠲᠤ ᠪᠠᠭᠤᠴᠠᠳ᠋ᠤ᠌ ᠮᠠᠯᠴᠢᠳ᠎ᠲᠠᠶ ᠬᠠᠮᠲᠤ ᠮᠠᠯ ᠮᠠᠯᠵᠢᠵᠤ᠂ ᠬᠤᠷᠤᠳ ᠬᠢᠵᠦ᠍᠂ ᠮᠣᠩᠭᠣᠯ ᠬᠣᠭᠣᠯᠠ ᠢᠳᠡᠵᠦ᠍᠂ ᠮᠠᠯᠵᠢᠬᠤ ᠣᠷᠣᠨ᠎ᠤ ᠠᠮᠢᠳᠤᠷᠠᠯ᠎ᠢ ᠭᠦᠨᠵᠡᠭᠡᠶ ᠪᠠᠶᠡᠴᠢᠯᠡᠨ ᠣᠢᠯᠠᠭᠠᠵᠤ᠂ ᠥᠪᠡᠷ᠎ᠦᠨ ᠣᠶᠤᠨ ᠰᠠᠨᠠᠭᠠᠨ᠎ᠳᠠᠭᠠᠨ 〈ᠴᠢᠯᠥᠭᠡ ᠲᠠᠯᠪᠢᠨ᠎ᠠ〉᠂ ᠡᠢᠮᠦ᠍ ᠲᠥᠷᠥᠭ᠌ᠳᠡᠯ ᠮᠠᠰᠢ ᠰᠠᠢᠬᠠᠨ ᠪᠠᠢᠨ᠎ᠠ》 ᠭᠡᠵᠦ ᠲᠠᠢᠸᠠᠨ᠎ᠠᠴᠠ ᠢᠷᠡᠭ᠌ᠰᠡᠨ ᠵᠢᠭᠤᠯᠴᠢᠯᠠᠭᠴᠢ ᠣᠷᠳᠣᠰ᠎ᠤᠨ ᠲᠠᠯ᠎ᠠ ᠨᠤᠲᠤᠭ᠎ᠤᠨ ᠤᠨᠴᠠ ᠲᠣᠭ᠍ᠲᠠᠭᠠᠭ᠍ᠰᠠᠨ ᠵᠢᠭᠤᠯᠴᠢᠯᠠᠯ᠎ᠤᠨ ᠦᠶ᠋ᠯᠡᠳᠬᠦᠨ᠎ᠢ ᠰᠣᠩᠭᠣᠵᠤ᠂ ᠮᠠᠰᠢ ᠰᠡᠳᠬᠢᠯ ᠬᠤᠷᠭᠤᠳᠠᠨ ᠬᠡᠯᠡᠨ᠎ᠡ᠃
ᠡᠢᠮᠦ᠍ᠷᠬᠦᠦ ᠱᠢᠨ᠎ᠡ ᠪᠡᠷ ᠲᠤᠭᠲᠠᠭᠠᠭᠰᠠᠨ ᠵᠢᠭᠤᠯᠴᠢᠯᠠᠯ᠎ᠤᠨ ᠦᠶ᠋ᠯᠡᠴᠢᠯᠡᠭᠡ ᠨᠢ ᠬᠡᠰᠡᠭ ᠬᠥᠮᠦᠰ᠎ᠦᠨ ᠥᠪᠡᠷᠮᠢᠴᠡ ᠱᠠᠭᠠᠷᠳᠠᠯᠭ᠎ᠠ᠎ᠳᠤ ᠨᠡᠢᠴᠡᠵᠡᠢ᠃ 2023 ᠣᠨ᠎ᠤ 7 ᠰᠠᠷ᠎ᠠ᠎ᠳᠤ᠂ ᠣᠷᠳᠣᠰ᠎ᠤᠨ ᠲᠠᠯ᠎ᠠ ᠨᠤᠲᠤᠭ ᠤ᠋ᠨ ᠦᠵᠡᠮᠵᠢ᠎ᠶ᠋ᠢᠨ ᠣᠷᠣᠨ ᠨᠢ ᠬᠠᠩᠭᠢᠨ ᠬᠣᠱᠢᠭᠤᠨ᠎ᠤ ᠵᠠᠰᠠᠭ᠎ᠤᠨ ᠣᠷᠳᠣᠨ᠎ᠲᠠᠶ ᠬᠠᠮᠲᠤᠷᠠᠯᠴᠠᠵᠤ᠂ ᠪᠠᠶᠠᠨᠪᠤᠯᠠᠭ ᠭᠠᠴᠠᠭᠠᠨ᠎ᠤ ᠲᠠᠯ᠎ᠠ ᠨᠤᠲᠤᠭ᠎ᠢᠶᠠᠷ ᠭᠤᠤᠯ ᠲᠣᠭᠣᠷᠢᠭ ᠪᠣᠯᠭᠠᠭ᠍ᠰᠠᠨ 《ᠢᠷᠡᠭᠡᠳᠦᠶ᠎ᠶ᠋ᠢᠨ ᠲᠠᠯ᠎ᠠ ᠨᠤᠲᠤᠭ》᠎ᠤ᠋ᠨ ᠱᠢᠨ᠎ᠡ ᠮᠠᠶᠢᠭ᠎ᠤᠨ ᠵᠢᠭᠤᠯᠴᠢᠯᠠᠯᠠᠮᠠᠷᠠᠯᠲᠠᠵᠢᠨ ᠭᠠᠵᠠᠷ᠎ᠢ ᠪᠠᠢᠭᠤᠯᠵᠤ᠂ 30 ᠳᠡᠭᠡᠳᠦ ᠲᠠᠰ᠎ᠤᠨ ᠠᠷᠠᠳ᠎ᠤᠨ ᠤᠯᠠᠮᠵᠢᠯᠠᠯᠲᠤ ᠪᠠᠭᠤᠴᠠ᠎ᠶ᠋ᠢᠨ ᠪᠦᠯᠦᠭ᠌ᠵᠢᠯ ᠪᠠ ᠣᠯᠠᠨ ᠨᠡᠢᠲᠡ᠎ᠶ᠋ᠢᠨ ᠤᠩᠱᠢᠯᠭ᠎ᠠ᠂ ᠪᠣᠳᠠᠰ᠎ᠤᠨ ᠪᠤᠰᠤ ᠰᠣᠶᠣᠯ᠎ᠤᠨ ᠥᠪ᠎ᠦᠨ ᠦᠵᠡᠭᠦᠯᠭᠡ᠂ ᠤᠷᠠᠨ ᠰᠠᠢᠬᠠᠨ᠎ᠤ ᠲᠣᠭ᠍ᠯᠠᠯᠲᠠ᠂ ᠳᠡᠯᠭᠡᠨ ᠦᠵᠡᠭᠦᠯᠭᠡ᠂ ᠬᠤᠪᠢᠶᠠᠯᠴᠠᠨ ᠰᠣᠯᠢᠯᠴᠠᠭ᠎ᠠ ᠬᠢᠬᠦ᠌᠂ ᠰᠣᠶᠣᠯ᠎ᠤᠨ ᠡᠭᠦᠳᠦᠯᠲᠡ᠎ᠶ᠋ᠢᠨ ᠪᠣᠷᠣᠯᠠᠭᠤᠯᠭ᠎ᠠ᠂ ᠬᠤᠷᠠᠯ᠎ᠤᠨ ᠭᠡᠷ ᠠᠯᠪᠠᠨ ᠭᠡᠷ ᠵᠡᠷᠭᠡ ᠠᠷᠪᠠᠨ ᠬᠡᠳᠦ᠎ᠵᠢ ᠠᠭᠤᠰᠤᠯᠴᠠᠭᠤᠯᠤᠭ᠍ᠰᠠᠨ ᠡᠵᠡᠩᠨᠡᠯᠲᠡ᠎ᠶ᠋ᠢᠨ ᠬᠡᠯᠪᠡᠷᠢ ᠪᠠᠢᠳᠠᠯ᠎ᠲᠠᠶ ᠳᠡᠭᠡᠳᠦ ᠲᠠᠰ᠎ᠤᠨ ᠴᠢᠳᠠᠮᠵᠢ᠎ᠶ᠋ᠢᠨ ᠴᠢᠨᠠᠷᠲᠠᠶ ᠶᠡᠷᠦᠩᠬᠡᠢᠯᠡᠭ᠌ᠰᠡᠨ ᠴᠣᠭ᠍ᠴᠠ᠎ᠶ᠋ᠢ ᠲᠥᠪᠯᠡᠷᠡᠭᠦᠯᠦᠨ ᠪᠠᠢᠭᠤᠯᠵᠤ᠂ ᠮᠠᠯᠵᠢᠬᠤ ᠪᠠ ᠵᠢᠭᠤᠯᠴᠢᠯᠠᠯ᠎ᠤᠨ ᠠᠭᠤᠰᠤᠯᠴᠠᠭ᠍ᠰᠠᠨ ᠱᠢᠨ᠎ᠡ ᠡᠵᠡᠩᠨᠡᠯᠲᠡ᠎ᠶ᠋ᠢᠨ ᠬᠡᠯᠪᠡᠷᠢ᠎ᠶ᠋ᠢ ᠬᠠᠢᠨ ᠰᠦᠪᠡᠭ᠌ᠴᠢᠯᠡᠬᠦ᠌᠎ᠶ᠋ᠢᠨ ᠬᠠᠮᠲᠤ ᠡᠷᠬᠢᠨ ᠲᠣᠭᠣᠷᠢᠨ᠎ᠤ ᠮᠠᠯᠵᠢᠬᠤ ᠲᠠᠷᠢᠶᠠᠯᠠᠬᠤ ᠡᠷᠦᠬᠡ᠎ᠶ᠋ᠢ ᠬᠥᠲᠥᠯᠥᠨ ᠵᠢᠯᠣᠭᠣᠳᠴᠤ᠌ ᠪᠠᠢᠭᠠᠳ ᠵᠢᠭᠤᠯᠴᠢᠯᠠᠯ᠎ᠤᠨ ᠨᠡᠭᠡᠭᠡᠨ ᠬᠥᠭ᠌ᠵᠢᠭᠦᠯᠦᠯᠲᠡ᠂ ᠠᠱᠢᠭ ᠲᠤᠰᠠ᠎ᠶ᠋ᠢ ᠬᠠᠮᠲᠤ᠎ᠪᠠᠷ ᠭᠥᠷᠳᠡᠬᠦ᠌᠎ᠳᠦ ᠭᠦᠨᠵᠡᠭᠡᠶ ᠣᠷᠣᠯᠴᠠᠭᠤᠯᠪᠠ᠃
《ᠲᠣᠰᠭᠣᠨ᠎ᠤ ᠬᠠᠮᠲᠤᠡᠴᠠ ᠮᠠᠯᠴᠢᠳ᠎ᠤᠨ ᠣᠷᠣᠨ ᠰᠠᠭᠤᠴᠠ᠎ᠶ᠋ᠢᠨ ᠭᠠᠵᠠᠷ ᠳᠡᠭᠡᠷ᠎ᠡ ᠪᠠᠯᠠ ᠣᠷᠣᠭᠤᠯᠤᠨ ᠠᠷᠠᠳ᠎ᠤᠨ ᠤᠯᠠᠮᠵᠢᠯᠠᠯᠲᠤ ᠪᠠᠭᠤᠴᠠ ᠪᠠᠢᠭᠤᠯᠵᠤ᠂ ᠣᠷᠳᠣᠰ᠎ᠤᠨ ᠲᠠᠯ᠎ᠠ ᠨᠤᠲᠤᠭ ᠤ᠋ᠨ ᠦᠵᠡᠮᠵᠢ᠎ᠶ᠋ᠢᠨ ᠣᠷᠣᠨ ᠲᠦᠷᠢᠶᠡᠰᠦᠯᠡᠬᠦ᠌ ᠠᠷᠭ᠎ᠠ ᠮᠠᠶᠢᠭ᠎ᠢᠶᠠᠷ ᠠᠷᠠᠳ᠎ᠤᠨ ᠤᠯᠠᠮᠵᠢᠯᠠᠯᠲᠤ ᠪᠠᠭᠤᠴᠠ᠎ᠶ᠋ᠢ 11 ᠵᠢᠯ ᠡᠵᠡᠩᠨᠡᠵᠦ᠍᠂ ᠵᠢᠯ ᠪᠦᠷᠢ ᠮᠠᠯᠴᠢᠳ᠎ᠲᠤ 7 ᠲᠦᠮᠡᠨ ᠲᠥᠭᠥᠷᠢᠭ᠎ᠦᠨ ᠲᠦᠷᠢᠶᠡᠰᠦᠨ ᠰᠦᠶ᠋ᠳᠭᠡᠯ ᠪᠠ ᠠᠷᠠᠳ᠎ᠤᠨ ᠤᠯᠠᠮᠵᠢᠯᠠᠯᠲᠤ ᠪᠠᠭᠤᠴᠠ᠎ᠶ᠋ᠢᠨ ᠦᠯᠡᠳᠡᠪᠦᠷᠢ᠎ᠶ᠋ᠢᠨ 30%᠎ᠶ᠋ᠢᠨ ᠠᠱᠢᠭ ᠬᠤᠪᠢᠶᠠᠷᠢᠯᠠᠯᠲᠠ᠎ᠶ᠋ᠢ ᠪᠠᠲᠤᠯᠠᠵᠤ᠂ 11 ᠵᠢᠯ᠎ᠦᠨ ᠳᠠᠷᠠᠭ᠎ᠠ᠂ ᠪᠠᠢᠭᠤᠯᠤᠭ᠍ᠰᠠᠨ ᠠᠷᠠᠳ᠎ᠤᠨ ᠤᠯᠠᠮᠵᠢᠯᠠᠯᠲᠤ ᠪᠠᠭᠤᠴᠠ᠎ᠨᠢ ᠮᠠᠯᠴᠢᠳ᠎ᠲᠤ ᠥᠮᠴᠢᠯᠡᠭ᠌ᠳᠡᠵᠦ᠍᠂ ᠲᠠᠳᠠ ᠰᠠᠭᠤᠵᠤ ᠪᠣᠯᠬᠤ ᠪᠤᠶᠤ ᠦᠷᠭᠦᠯᠵᠢᠯᠡᠨ ᠲᠥᠷᠥᠯ ᠵᠦᠶ᠋ᠯ᠎ᠦᠨ ᠡᠵᠡᠩᠨᠡᠯᠲᠡ᠎ᠳᠦ ᠣᠷᠣᠯᠴᠠᠵᠤ ᠪᠣᠯᠤᠨ᠎ᠠ》 ᠬᠡᠵᠤ ᠬᠣᠯᠪᠣᠭ᠍ᠳᠠᠯ ᠪᠥᠬᠥᠶ ᠬᠠᠷᠢᠭᠤᠴᠠᠯᠭᠠᠲᠠᠨ᠂ ᠲᠣᠰ ᠲᠦᠷᠦᠯ ᠵᠦᠶ᠋ᠯ᠎ᠢ ᠡᠨᠡ ᠵᠢᠯ᠎ᠦᠨ ᠡᠴᠦᠰ᠎ᠡᠴᠡ ᠡᠮᠦᠨ᠎ᠡ ᠳᠠᠭᠤᠰᠭᠠᠵᠤ᠂ ᠢᠷᠡᠬᠦ᠌ ᠵᠢᠯ᠎ᠦᠨ 5 ᠰᠠᠷ᠎ᠠ᠎ᠳᠤ ᠵᠢᠩᠬᠢᠨᠢ᠎ᠪᠡᠷ ᠠᠱᠢᠭ᠍ᠯᠠᠯᠲᠠ᠎ᠳᠤ ᠣᠷᠣᠬᠤ ᠪᠤᠯᠤᠨ᠎ᠠ ᠭᠡᠵᠦ ᠲᠠᠨᠢᠯᠴᠠᠭᠤᠯᠪᠠ᠃
ᠪᠠᠢ ᠮᠦᠳᠠᠨ ᠪᠣᠯ 《ᠢᠷᠡᠭᠡᠳᠦᠢ᠎ᠶ᠋ᠢᠨ ᠲᠠᠯ᠎ᠠ ᠨᠤᠲᠤᠭ》 ᠵᠢᠭᠤᠯᠴᠢᠯᠠᠯ᠎ᠢ ᠨᠡᠭᠡᠭᠡᠨ ᠬᠥᠭ᠌ᠵᠢᠭᠦᠯᠬᠦ᠌ ᠲᠦᠷᠦᠯ ᠵᠦᠢᠯ᠎ᠳᠦ ᠣᠷᠣᠯᠴᠠᠭ᠍ᠰᠠᠨ ᠠᠩᠬᠠᠳᠠᠭ᠍ᠴᠢ ᠲᠤᠬᠠᠢ᠎ᠶ᠋ᠢᠨ ᠭᠠᠵᠠᠷ᠎ᠤᠨ ᠮᠠᠯᠴᠢᠨ ᠪᠣᠯᠤᠨ᠎ᠠ᠂ ᠡᠨᠡ ᠵᠢᠯ᠎ᠦᠨ 7 ᠰᠠᠷ᠎ᠠ᠎ᠳᠤ ᠲᠡᠭᠦᠨ᠎ᠦ 《ᠨᠡᠭᠦᠳᠡᠯ ᠮᠠᠯᠵᠢᠯ᠎ᠤᠨ ᠠᠢᠯ》 ᠭᠡᠬᠦ ᠠᠷᠠᠳ᠎ᠤᠨ ᠤᠯᠠᠮᠵᠢᠯᠠᠯᠲᠤ ᠪᠠᠭᠤᠴᠠ ᠨᠢ ᠡᠩ ᠲᠡᠷᠢᠭᠦᠨ᠎ᠳᠦ ᠡᠵᠡᠩᠨᠡᠯᠲᠡ᠎ᠪᠡᠨ ᠡᠬᠢᠯᠡᠭᠦᠯᠪᠡ᠃ 《ᠮᠢᠨᠦ᠍ ᠠᠷᠠᠳ᠎ᠤᠨ ᠤᠯᠠᠮᠵᠢᠯᠠᠯᠲᠤ ᠪᠠᠭᠤᠴᠠ ᠳᠡᠭᠡᠷ᠎ᠡ ᠳᠣᠣᠷ᠎ᠠ ᠬᠣᠶᠠᠷ ᠳᠠᠪᠬᠤᠷ᠂ 600 ᠭᠠᠷᠤᠢ ᠲᠡᠭ᠌ᠰᠢ ᠳᠥᠷᠪᠡᠯᠵᠢᠨ ᠮᠸᠲᠷ ᠪᠠᠢᠵᠤ᠂ ᠬᠠᠮᠤᠭ ᠤᠯᠠᠨ᠎ᠳᠠᠭᠠᠨ ᠠᠷᠪᠠᠨ ᠬᠡᠳᠦᠨ ᠵᠣᠴᠢᠨ ᠬᠠᠮᠲᠤ ᠢᠳᠡᠵᠦ᠍ ᠬᠣᠨᠣᠵᠤ ᠪᠣᠯᠤᠨ᠎ᠠ᠃ ᠡᠵᠡᠨᠭᠨᠡᠯᠲᠡ ᠡᠬᠢᠯᠡᠭ᠌ᠰᠡᠨ᠎ᠡᠴᠡ ᠨᠠᠭᠠᠰᠢ ᠬᠤᠪᠢ ᠬᠥᠮᠦᠨ᠎ᠦ ᠵᠠᠬᠢᠶᠠᠯᠠᠭ᠎ᠠ ᠲᠠᠢ ᠵᠢᠭᠤᠯᠴᠢᠯᠠᠭ᠍ᠰᠠᠳ ᠬᠣᠢᠨ᠎ᠠ ᠬᠣᠢᠨ᠎ᠠ᠎ᠡᠴᠡ᠎ᠪᠠᠨ ᠬᠦᠷᠦᠯᠴᠡᠨ ᠢᠷᠡᠵᠦ᠍᠂ 6 ᠥᠷᠥᠭᠡ ᠡᠳᠦᠷ ᠪᠦᠷᠢ ᠳᠦᠭᠦᠷᠴᠦ᠍᠂ ᠪᠢ ᠣᠷᠳᠣᠰ᠎ᠤᠨ ᠲᠠᠯ᠎ᠠ ᠨᠤᠲᠤᠭ ᠤ᠋ᠨ ᠦᠵᠡᠮᠵᠢ᠎ᠶ᠋ᠢᠨ ᠣᠷᠣᠨ᠎ᠲᠠᠶ ᠬᠠᠮᠲᠤᠷᠠᠯᠴᠠᠵᠤ᠂ ᠢᠷᠡᠭᠰᠡᠨ ᠵᠢᠭᠤᠯᠴᠢᠯᠠᠭ᠍ᠰᠠᠳ᠎ᠲᠤ ᠢᠳᠡᠵᠦ᠍ ᠤᠤᠭᠤᠬᠤ ᠬᠣᠨᠣᠵᠤ ᠬᠡᠪᠲᠡᠬᠦ᠌ ᠵᠤᠭᠠᠴᠠᠬᠤ᠎ᠶ᠋ᠢ ᠪᠠᠭᠲᠠᠭᠠᠭᠰᠠᠨ ᠬᠠᠮᠢᠶᠠᠷᠤᠭᠴᠢ ᠮᠠᠶᠢᠭ᠎ᠤᠨ ᠬᠡᠯᠬᠢᠶ᠎ᠡ ᠦᠶ᠋ᠯᠡᠴᠢᠯᠡᠭᠡ ᠬᠠᠩᠭᠠᠵᠤ᠂ ᠡᠨᠡ ᠵᠢᠯ᠎ᠦᠨ ᠯᠠᠪᠲᠠᠶ ᠭᠠᠨᠵᠤᠭ᠎ᠠ ᠲᠦᠬᠦᠷᠡᠩ ᠪᠤᠯᠤᠨ᠎ᠠ》 ᠭᠡᠵᠦ ᠲᠡᠷᠡ ᠬᠡᠯᠡᠨ᠎ᠡ᠃ ᠵᠢᠭᠤᠯᠴᠢᠯᠠᠯ᠎ᠤᠨ ᠦᠪᠡᠷᠮᠢᠴᠡ ᠦᠶ᠋ᠯᠡᠴᠢᠯᠡᠭᠡ᠎ᠨᠢ ᠪᠠᠶ ᠮᠦᠳ᠋ᠠᠨ ᠵᠡᠷᠭᠡ ᠮᠠᠯᠴᠢᠨ ᠲᠠᠷᠢᠶᠠᠴᠢᠨ᠎ᠳᠤ ᠱᠢᠨ᠎ᠡ ᠠᠮᠢᠳᠤᠷᠠᠯ᠎ᠤᠨ ᠠᠷᠭ᠎ᠠ ᠮᠠᠶᠢᠭ᠎ᠢ ᠨᠡᠭᠡᠭᠡᠨ ᠥᠭ᠌ᠴᠦ᠂ ᠣᠷᠳᠣᠰ᠎ᠤᠨ ᠲᠠᠯ᠎ᠠ ᠨᠤᠲᠤᠭ ᠤ᠋ᠨ ᠦᠵᠡᠮᠵᠢ᠎ᠶ᠋ᠢᠨ ᠣᠷᠣᠨ᠎ᠤ ᠤᠨᠴᠠ ᠲᠤᠭᠲᠠᠭᠠᠭᠰᠠᠨ ᠵᠢᠭᠤᠯᠴᠢᠯᠠᠯ᠎ᠤᠨ ᠦᠶ᠋ᠯᠡᠴᠢᠯᠡᠭᠡ᠎ᠪᠡᠷ ᠬᠥᠳᠡᠭᠡ ᠲᠣᠰᠭᠣᠨ᠎ᠤ ᠰᠣᠶᠣᠯ ᠵᠢᠭᠤᠯᠴᠢᠯᠠᠯ᠎ᠤᠨ ᠱᠢᠨ᠎ᠡ ᠤᠷᠤᠰᠭᠠᠯ᠎ᠢ ᠬᠥᠲᠥᠯᠥᠨ ᠳᠠᠭᠠᠭᠤᠯᠪᠠ᠃
ᠰᠡᠳᠭᠢᠯ ᠨᠢᠬᠡᠳᠦᠨ ᠬᠦᠴᠦ᠍᠎ᠪᠡᠨ ᠬᠠᠮᠲᠤᠳᠭᠠᠵᠤ ᠴᠡᠴᠡᠭ᠌ᠯᠡᠨ ᠬᠥᠭ᠌ᠵᠢᠬᠦ᠌ ᠱᠢᠨ᠎ᠡ ᠪᠠᠢᠳᠠᠯ᠎ᠢ ᠡᠭᠦᠳᠪᠡ
《ᠮᠠᠨ᠎ᠤ ᠺᠣᠮᠫᠠᠨᠢ ᠪᠣᠯ ᠣᠷᠳᠣᠰ᠎ᠤᠨ ᠬᠠᠮᠤᠭ᠎ᠤᠨ ᠡᠷᠲᠡ ᠨᠢᠭᠡ ᠪᠦᠯᠦᠭ ᠵᠢᠭᠤᠯᠴᠢᠯᠠᠯ᠎ᠳᠤ ᠪᠠᠯᠠ ᠣᠷᠣᠭᠤᠯᠤᠭᠰᠠᠨ ᠠᠷᠠᠳ᠎ᠤᠨ ᠡᠵᠡᠩᠨᠡᠯᠲᠡ ᠶ᠋ᠢᠨ ᠠᠵᠤ ᠠᠬᠤᠢᠯᠠᠯ ᠪᠣᠯᠤᠨ᠎ᠠ᠂ 20 ᠭᠠᠷᠤᠶ ᠵᠢᠯ᠎ᠦᠨ ᠲᠤᠷᠰᠢ ᠵᠢᠭᠤᠯᠴᠢᠯᠠᠯ᠎ᠤᠨ ᠠᠵᠢᠯ ᠲᠥᠷᠥᠯ᠎ᠳᠦ ᠪᠠᠭ᠎ᠠ ᠰᠠᠭ᠎ᠠ ᠠᠮᠵᠢᠯᠲᠠ ᠪᠦᠲᠦᠮᠵᠢ ᠣᠯᠤᠭ᠍ᠰᠠᠨ᠎ᠨᠢ ᠪᠢᠳᠡᠨ᠎ᠦ ᠭᠤᠤᠯ ᠬᠥᠭ᠌ᠵᠢᠯᠲᠡ᠎ᠶ᠋ᠢᠨ ᠣᠢᠯᠠᠭᠠᠭ᠍ᠳᠠᠬᠤᠨ᠎ᠲᠠᠶ ᠰᠠᠯᠤᠰᠢ ᠥᠬᠡᠶ ᠶᠤᠮ》 ᠬᠡᠵᠤ ᠸᠠᠩ ᠱᠢᠶᠤᠤ ᠯᠢ ᠺᠣᠮᠫᠠᠨᠢ᠎ᠶ᠋ᠢᠨ ᠭᠤᠤᠯ ᠬᠥᠭ᠌ᠵᠢᠯᠲᠡ᠎ᠶ᠋ᠢᠨ ᠣᠢᠯᠠᠭᠠᠭ᠍ᠳᠠᠬᠤᠨᠵᠢᠡᠨ ᠪᠣᠳᠠᠲᠠᠶ᠎ᠶ᠋ᠢ ᠡᠷᠬᠢᠮᠯᠡᠬᠦ᠌᠂ ᠳᠠᠷᠤᠤ ᠬᠢᠴᠢᠶᠡᠨᠭᠭᠦᠢ ᠪᠠ ᠪᠠᠷᠢᠮᠲᠠᠯᠠᠯ ᠭᠡᠵᠦ ᠬᠤᠷᠢᠶᠠᠩᠭᠤᠢᠯᠠᠪᠠ᠃
2014 ᠣᠨ᠎ᠳᠤ ᠦᠵᠡᠮᠵᠢ᠎ᠶ᠋ᠢᠨ ᠣᠷᠣᠨ᠎ᠢ ᠬᠣᠶᠠᠳᠤᠭᠠᠷ ᠤᠳᠠᠭ᠎ᠠ ᠳᠡᠰ ᠳᠡᠪᠱᠢᠭᠦᠯᠦᠨ ᠥᠭᠡᠷᠡᠴᠢᠯᠡᠨ ᠪᠠᠢᠭᠤᠯᠤᠭᠰᠠᠨ᠎ᠠᠴᠠ ᠡᠬᠢᠯᠡᠨ᠂ ᠺᠣᠮᠫᠠᠨᠢ᠎ᠶ᠋ᠢᠨ ᠪᠦᠬᠦ᠌ ᠠᠵᠢᠯᠲᠠᠳ ᠶᠡᠬᠡ ᠱᠢᠨᠵᠢᠯᠡᠨ ᠪᠠᠢᠴᠠᠭᠠᠯᠲᠠ᠂ ᠶᠡᠬᠡ ᠰᠤᠷᠤᠯᠴᠠᠯᠭ᠎ᠠ᠎ᠶ᠋ᠢᠨ ᠱᠠᠲᠤᠨ᠎ᠳᠤ ᠣᠷᠣᠪᠠ᠃ ᠵᠢᠯ ᠪᠦᠷᠢ᠎ᠶ᠋ᠢᠨ 5 ᠰᠠᠷ᠎ᠠ᠎ᠠᠴᠠ 10 ᠰᠠᠷ᠎ᠠ ᠪᠣᠯ ᠦᠵᠡᠮᠵᠢ᠎ᠶ᠋ᠢᠨ ᠣᠷᠣᠨ᠎ᠤ ᠵᠢᠭᠤᠯᠴᠢᠯᠠᠯ᠎ᠤᠨ ᠬᠥᠭ᠌ᠵᠢᠶᠡᠨᠲᠦ ᠤᠯᠠᠷᠢᠯ ᠪᠠᠢᠵᠤ᠂ ᠺᠣᠮᠫᠠᠨᠢ᠎ᠶ᠋ᠢᠨ ᠪᠦᠯᠬᠦᠮ ᠨᠡᠢᠲᠡ᠎ᠶ᠋ᠢᠨ ᠬᠢᠨ ᠦᠯᠡᠳᠡᠭ᠌ᠰᠡᠨ ᠬᠠᠭᠠᠰ ᠵᠢᠯ᠎ᠦᠨ ᠰᠡᠯᠡᠭᠦᠦ ᠴᠠᠭ᠎ᠢᠶᠠᠨ ᠠᠱᠢᠭ᠍ᠯᠠᠵᠤ᠂ ᠱᠢᠨᠵᠢᠯᠡᠨ ᠪᠠᠢᠴᠠᠭᠠᠬᠤ᠂ ᠰᠤᠷᠤᠯᠴᠠᠬᠤ᠎ᠪᠠᠷ ᠭᠠᠷᠴᠤ᠌᠂ ᠬᠠᠷᠢᠵᠤ ᠢᠷᠡᠭ᠌ᠰᠡᠨ᠎ᠦ᠎ᠪᠡᠨ ᠳᠠᠷᠠᠭ᠎ᠠ ᠤᠯᠠᠨ᠎ᠢᠶᠠᠷ᠎ᠢᠶᠠᠨ ᠬᠠᠮᠲᠤ ᠰᠠᠭᠤᠵᠤ ᠰᠠᠨᠠᠯ ᠪᠤᠳᠤᠯ᠎ᠵᠢᠡᠨ ᠶᠠᠷᠢᠯᠴᠠᠵᠤ᠂ ᠵᠥᠷᠢᠢ᠎ᠡ᠎ᠪᠡᠨ ᠡᠷᠢᠵᠦ᠍᠂ ᠬᠦᠷᠦᠯᠴᠡᠬᠦ᠌ ᠦᠭᠡᠢ ᠲᠠᠯ᠎ᠠ᠎ᠪᠠᠨ ᠡᠷᠢᠵᠦ᠍᠂ ᠬᠠᠮᠢᠶᠠᠷᠤᠯᠲᠠ᠎ᠪᠠᠨ ᠰᠠᠢᠵᠢᠷᠠᠭᠤᠯᠵᠤ᠂ ᠦᠢᠯᠡᠴᠢᠯᠡᠭᠡ᠎ᠪᠡᠨ ᠳᠡᠭᠡᠭ᠌ᠰᠢᠯᠡᠭᠦᠯᠵᠦ᠍᠂ ᠰᠡᠳᠭᠢᠯ᠎ᠢᠶᠡᠨ ᠨᠢᠭᠡᠳᠭᠡᠨ ᠬᠦᠴᠦ᠍᠎ᠪᠡᠨ ᠬᠠᠮᠲᠤᠳᠭᠠᠵᠤ ᠬᠥᠭ᠌ᠵᠢᠯᠲᠡ᠎ᠶ᠋ᠢ ᠡᠷᠢᠯᠬᠢᠯᠡᠳᠡᠭ᠃ ᠪᠦᠬᠦ᠌ ᠠᠵᠢᠯᠲᠠᠨ᠎ᠤ ᠴᠢᠷᠮᠠᠢᠯᠭ᠎ᠠ ᠳᠤᠤᠷ᠎ᠠ᠂ ᠺᠣᠮᠫᠠᠨᠢ ᠡᠴᠦᠰ᠎ᠲᠡᠬᠡᠨ ᠠᠯᠳᠠᠭ᠍ᠳᠠᠯᠠᠴᠠ ᠣᠯᠵᠠᠪᠤᠷᠢ ᠲᠠᠶ ᠪᠣᠯᠵᠤ᠂ ᠲᠣᠭ᠍ᠲᠠᠭᠤᠨ᠎ᠢᠶᠠᠷ ᠬᠥᠭ᠌ᠵᠢᠵᠦ᠍᠂ ᠠᠵᠢᠯ ᠲᠥᠷᠥᠯ᠎ᠦᠨ ᠣᠷᠣᠢᠯᠠᠭ᠍ᠴᠢ ᠪᠣᠯᠵᠠᠶ᠃
《ᠪᠠᠢᠭᠠᠯᠢᠯᠢᠬ ᠦᠩᠭᠡ ᠦᠵᠡᠮᠵᠢ᠂ ᠤᠯᠠᠮᠵᠢᠯᠠᠯᠳᠦ ᠵᠠᠩ ᠦᠢᠯᠡ ᠪᠡᠷ ᠤᠮᠠᠷᠠᠲᠤ ᠬᠢᠯᠢ᠎ᠶ᠋ᠢᠨ ᠰᠣᠶᠣᠯ᠎ᠢ ᠪᠠᠳᠠᠷᠠᠭᠤᠯᠵᠤ᠂ ᠵᠢᠭᠤᠯᠴᠢᠯᠠᠯ᠎ᠤᠨ ᠰᠣᠳᠣᠨ ᠪᠦᠲᠦᠭᠡᠯ᠎ᠢ ᠴᠤᠬᠴᠠᠯᠠᠵᠤ᠂ ᠲᠠᠯ᠎ᠠ ᠨᠤᠲᠤᠭ᠎ᠤᠨ ᠥᠪᠡᠷᠮᠢᠴᠡ ᠣᠨᠴᠠᠯᠢᠭ᠎ᠲᠠᠶ ᠤᠯᠤᠰ᠎ᠤᠨ ᠲᠠᠰ᠎ᠤᠨ ᠵᠢᠭᠤᠯᠴᠢᠯᠠᠯ ᠠᠮᠠᠷᠠᠯᠲᠠ᠎ᠶ᠋ᠢᠨ ᠣᠷᠣᠨ᠎ᠢ ᠪᠠᠢᠭᠤᠯᠤᠨ᠎ᠠ》 ᠭᠡᠵᠦ᠍ ᠬᠤᠵᠢᠮ᠎ᠤᠨ ᠲᠦᠰᠦᠯ ᠵᠢᠨᠨ ᠸᠠᠩ ᠱᠢᠶᠤᠤ ᠯᠢ ᠰᠢᠭᠤᠤᠨᠮᠠᠭ ᠬᠡᠯᠡᠪᠡ᠃