— 2024 ᠣᠨ ᠤ᠋ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶ᠋ᠢᠨ ᠵᠥᠪᠯᠡᠯᠭᠡᠨ ᠤ᠋ ᠭᠡᠱᠢᠭᠦᠳ ᠲᠤ᠌ ᠦᠶ᠋ᠯᠡᠴᠢᠯᠡᠵᠤ ᠬᠠᠮᠢᠶᠠᠷᠬᠤ ᠵᠢ ᠴᠢᠩᠭᠠᠳᠬᠠᠭᠰᠠᠨ ᠠᠵᠢᠯ᠎ᠤᠨ ᠡᠷᠭᠢᠴᠡᠭᠦᠯᠦᠯ
ᠤᠯᠤᠰ ᠲᠥᠷᠤ ᠶ᠋ᠢᠨ ᠵᠥᠪᠯᠡᠯᠭᠡᠨ᠎ᠦ ᠭᠡᠱᠢᠭᠦᠳ᠎ᠦᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠬᠦ᠌ 《ᠵᠢᠷᠭᠤᠭᠠᠨ ᠨᠢᠭᠡ》 ᠪᠣᠯ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠤ᠎ᠶ᠋ᠢᠨ ᠵᠥᠪᠯᠡᠯᠭᠡᠨ᠎ᠦ ᠱᠢᠨ᠎ᠡ᠎ᠶ᠋ᠢ ᠡᠭᠦᠳᠦᠭ᠌ᠰᠡᠨ ᠠᠵᠢᠯᠯᠠᠭ᠎ᠠ ᠪᠣᠯᠤᠨ᠎ᠠ᠃ ᠡᠨᠡ ᠨᠢ ᠳᠠᠷᠤᠢ ᠭᠡᠱᠢᠭᠦᠳ ᠵᠢᠯ ᠪᠦᠷᠢ ᠨᠢᠭᠡ ᠤᠳᠠᠭ᠎ᠠ ᠪᠥᠬᠥᠳᠡ ᠬᠤᠷᠠᠯ᠎ᠳᠤ ᠣᠷᠣᠯᠴᠠᠵᠤ᠂ ᠨᠠᠭᠠᠳᠤ ᠵᠠᠬ᠎ᠠ᠎ᠳᠠᠭᠠᠨ ᠨᠢᠭᠡ ᠬᠤᠪᠢ ᠰᠠᠨᠠᠯ ᠳᠤᠷᠠᠳᠤᠯᠭ᠎ᠠ᠂ ᠨᠢᠭᠡ ᠬᠤᠪᠢ ᠨᠡᠢᠭᠡᠮ᠎ᠦᠨ ᠪᠠᠢᠳᠠᠯ ᠠᠷᠠᠳ᠎ᠤᠨ ᠰᠠᠨᠠᠭᠠᠨ᠎ᠤ ᠮᠡᠳᠡᠭᠡ ᠵᠠᠩᠭᠢ ᠲᠤᠰᠢᠶᠠᠵᠤ᠂ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠤ᠎ᠶ᠋ᠢᠨ ᠵᠥᠪᠯᠡᠯᠭᠡᠨ ᠪᠤᠶᠤ ᠠᠢᠮᠠᠭ ᠬᠤᠳᠠ᠎ᠶ᠋ᠢᠨ ᠤᠯᠤᠰ ᠲᠥᠷᠤ᠎ᠶ᠋ᠢᠨ ᠵᠥᠪᠯᠡᠯᠭᠡᠨ᠎ᠦ ᠵᠣᠬᠢᠶᠠᠨ ᠪᠠᠢᠭᠤᠯᠤᠭ᠍ᠰᠠᠨ ᠠᠵᠢᠯ ᠪᠠᠢᠴᠠᠭᠠᠵᠤ ᠪᠠᠢᠴᠠᠭᠠᠨ ᠰᠤᠳᠤᠯᠬᠤ ᠳ᠋ᠤ ᠤᠷᠤᠯᠴᠠᠬᠤ ᠵᠡᠷᠭᠡ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠬᠦ᠌ ᠠᠵᠢᠯᠯᠠᠭ᠎ᠠ᠎ᠳᠤ ᠨᠢᠭᠡ ᠤᠳᠠᠭ᠎ᠠ ᠣᠷᠣᠯᠴᠠᠵᠤ᠂ ᠨᠢᠭᠡ ᠤᠳᠠᠭ᠎ᠠ ᠵᠢᠨ ᠰᠤᠷᠤᠯᠴᠠᠯᠭ᠎ᠠ ᠪᠣᠯᠪᠠᠰᠤᠷᠠᠯ ᠪᠠ ᠨᠢᠭᠡ ᠤᠳᠠᠭ᠎ᠠ ᠵᠢᠨ ᠡᠲᠡᠭᠡᠳ ᠢᠯᠭᠠᠯ᠎ᠤᠨ ᠠᠵᠢᠯᠯᠠᠭ᠎ᠠ᠎ᠳᠤ ᠣᠷᠣᠯᠴᠠᠬᠤ᠎ᠶ᠋ᠢᠨ ᠬᠠᠮᠲᠤ ᠨᠠᠭᠠᠳᠤ ᠵᠠᠬ᠎ᠠ ᠳ᠋ᠠᠭᠠᠠ ᠡᠲᠡᠭᠡᠳᠢᠯᠭᠠᠯᠤᠨ 5 ᠤᠯᠠᠨ ᠲᠦᠮᠡᠨ᠎ᠲᠡᠶ ᠬᠠᠷᠢᠯᠴᠠᠬᠤ᠂ ᠵᠦᠢ ᠶᠣᠰᠣᠨ᠎ᠤ ᠱᠢᠯᠲᠠᠭᠠᠨ ᠥᠬᠡᠢ᠎ᠪᠡᠷ ᠣᠨ᠎ᠤ ᠡᠭᠦᠷᠭᠡ ᠬᠠᠷᠢᠭᠤᠴᠠᠯᠭ᠎ᠠ ᠪᠠᠨ ᠪᠡᠶᠡᠯᠡᠭᠦᠯᠵᠦ᠍ ᠳᠡᠢᠯᠦᠭᠰᠡᠨ ᠥᠬᠡᠢ ᠭᠡᠱᠢᠭᠦᠳ ᠰᠠᠨᠠᠭᠠᠴᠢᠯᠠᠭ᠎ᠠ ᠡᠴᠡ᠎ᠪᠠᠨ ᠲᠤᠱᠢᠶᠠᠯ ᠡᠴᠡ᠎ᠪᠠᠨ ᠪᠠᠭᠤᠬᠤ ᠵᠢ ᠱᠠᠭᠠᠷᠳᠠᠬᠰᠠᠨᠢ ᠬᠡᠯᠡᠵᠤ ᠪᠤᠢ᠃ ᠡᠨᠡ ᠬᠦ᠌ ᠠᠵᠢᠯ ᠨᠢ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶ᠋ᠢᠨ 《ᠱᠢᠨ᠎ᠡ ᠵᠢ ᠡᠭᠦᠳᠦᠭᠰᠡᠨ ᠦᠷ᠎ᠡ ᠪᠦᠲᠦᠭᠡᠯ ᠪᠣᠯᠤᠨ ᠨᠡᠢᠲᠡᠯᠢᠭ ᠲᠤᠷᠱᠢᠯᠭ᠎ᠠ ᠵᠢ ᠲᠤᠢᠯᠪᠤᠷᠢᠳᠠᠢ ᠪᠠᠢᠴᠠᠭᠠᠬᠤ ᠵᠦᠢᠯ》 ᠳ᠋ᠤ ᠰᠤᠩᠭᠤᠭᠳᠠᠵᠤ᠂ 《ᠠᠷᠠᠳ᠎ᠤᠨ ᠡᠳᠦᠷ᠎ᠦᠨ ᠰᠣᠨᠢᠨ》 ᠭᠦᠨᠵᠡᠭᠡᠢ ᠰᠤᠷᠪᠤᠯᠵᠢᠯᠠᠨ ᠮᠡᠳᠡᠭᠡᠯᠡᠪᠡ᠃
ᠡᠭᠦᠷᠭᠡ ᠬᠠᠷᠢᠭᠤᠴᠠᠯᠭ᠎ᠠ ᠵᠢ ᠬᠡᠮᠵᠢᠶᠡᠯᠡᠵᠤ ᠠᠵᠢᠯ ᠳᠠᠭᠠᠭᠠᠯᠭᠠᠪᠤᠷᠢ ᠵᠢ ᠲᠣᠳᠣᠷᠬᠠᠢᠯᠠᠪᠠ
ᠤᠯᠤᠰ ᠲᠦᠷᠦ᠍᠎ᠶ᠋ᠢᠨ ᠵᠥᠪᠯᠡᠯᠭᠡᠨ᠎ᠦ ᠭᠡᠱᠢᠭᠦᠳ《ᠲᠡᠬᠡᠷ᠎ᠠ ᠱᠠᠳᠤ ᠲᠠᠢ ᠨᠡᠪᠳᠡᠷᠡᠵᠤ ᠦᠨᠳᠦᠰᠦᠨ ᠱᠠᠳᠤ ᠲᠠᠢ ᠬᠠᠷᠢᠯᠴᠠᠵᠤ》 ᠨᠠᠮ ᠪᠠ ᠵᠠᠰᠠᠭ᠎ᠤᠨ ᠣᠷᠳᠣᠨ ᠬᠢᠭᠡᠳ ᠡᠲᠡᠭᠡᠳ ᠢᠯᠭᠠᠯ ᠤᠨ ᠤᠯᠠᠨ ᠲᠦᠮᠡᠨ᠎ᠦ ᠬᠣᠭᠣᠷᠣᠨᠳᠣ ᠴᠢᠬᠤᠯᠠ ᠬᠥᠭᠥᠷᠭᠡ ᠬᠣᠯᠪᠣᠭᠠᠰᠤ᠎ᠶ᠋ᠢᠨ ᠦᠢᠯᠡᠳᠦᠯ ᠢ᠋ ᠪᠠᠳᠠᠷᠠᠭᠤᠯᠵᠤ ᠪᠠᠢᠳᠠᠭ᠃ ᠤᠯᠤᠰ ᠲᠦᠷᠦ᠍᠎ᠶ᠋ᠢᠨ ᠵᠥᠪᠯᠡᠯᠭᠡᠨ᠎ᠦ ᠭᠡᠱᠢᠭᠦᠨ ᠪᠣᠯᠤᠭ᠍ᠰᠠᠨ᠎ᠤ ᠬᠤᠪᠢ᠎ᠳᠤ᠂ ᠲᠤᠬᠠᠢᠯᠠᠭ᠍ᠰᠠᠨ ᠠᠵᠢᠯ᠎ᠢᠶᠡᠨ ᠬᠦᠢᠴᠡᠳᠬᠡᠬᠦ ᠲᠤᠮᠳᠠ ᠪᠠᠨ ᠳᠠᠭᠠᠭᠤᠯᠬᠤ ᠦᠢᠯᠡᠳᠦᠯ ᠦᠵᠡᠬᠦᠯᠵᠤ᠂ ᠤᠯᠤᠰ ᠲᠦᠷᠦ᠍᠎ᠶ᠋ᠢᠨ ᠵᠥᠪᠯᠡᠯᠭᠡᠨ᠎ᠦ ᠠᠵᠢᠯᠲᠤᠮᠳᠠ ᠭᠣᠣᠯ ᠴᠣᠭ᠍ᠴᠠ᠎ᠶ᠋ᠢᠨ ᠦᠢᠯᠡᠳᠦᠯ᠎ᠢ ᠡᠬᠦᠷᠬᠡᠯᠡᠵᠤ᠂ ᠡᠲᠡᠭᠡᠳ ᠢᠯᠭᠠᠯ᠎ᠤᠨ ᠤᠯᠠᠨ ᠲᠦᠮᠡᠨ᠎ᠦ ᠳᠤᠮᠳᠠ ᠲᠥᠯᠥᠭᠡᠯᠡᠬᠦ᠌ ᠦᠢᠯᠡᠳᠦᠯ᠎ᠢ ᠭᠦᠢᠴᠡᠳ ᠪᠠᠳᠠᠷᠠᠭᠤᠯᠵᠤ᠂ ᠲᠤᠬᠠᠢᠯᠠᠭ᠍ᠰᠠᠨ ᠠᠵᠢᠯ ᠪᠣᠯᠤᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠬᠦ᠌ ᠵᠢ ᠠᠭᠤᠰᠤᠯᠴᠠᠭᠤᠯᠤᠨ ᠨᠡᠪᠲᠡᠷᠡᠭᠦᠯᠵᠦ᠍᠂ ᠬᠠᠨᠳᠤᠯᠭᠠᠳᠤ ᠴᠢᠨᠠᠷᠲᠠᠢ᠎ᠪᠠᠷ ᠨᠠᠮ ᠪᠣᠯᠤᠨ ᠵᠠᠰᠠᠭ᠎ᠤᠨ ᠣᠷᠳᠣᠨ᠎ᠳᠤ ᠪᠠᠢᠳᠠᠯ ᠢ᠋ ᠲᠤᠰᠭᠠᠵᠤ᠂ ᠰᠠᠨᠠᠭᠤᠯᠭ᠎ᠠ ᠳᠤᠷᠠᠳᠪᠠ᠃ ᠭᠡᠱᠢᠭᠦᠳ᠎ᠦᠨ ᠡᠭᠦᠷᠭᠡ ᠬᠠᠷᠢᠭᠤᠴᠠᠯᠭ᠎ᠠ᠎ᠪᠠᠨ ᠭᠦᠶ᠋ᠴᠡᠳᠭᠡᠬᠦ᠌ ᠠᠮᠠᠯᠠᠯᠲᠠ ᠬᠢᠬᠦ ᠠᠮᠠᠯᠠᠯᠳᠠ ᠪᠠᠨ ᠦᠢᠯᠡᠳᠦᠯᠭᠡᠵᠢᠭᠦᠯᠬᠦ ᠪᠠ ᠰᠠᠨᠠᠭᠠᠴᠢᠯᠠᠭ᠎ᠠ ᠡᠴᠠ᠎ᠪᠠᠨ ᠲᠤᠱᠢᠶᠠᠯ ᠡᠴᠡ᠎ᠪᠠᠨ ᠪᠠᠭᠤᠬᠤ ᠲᠦᠷᠢᠮ᠎ᠦᠨ ᠰᠠᠭᠤᠷᠢᠨ ᠳᠡᠭᠡᠷ᠎ᠡ ᠪᠠᠢᠭᠤᠯᠤᠭ᠍ᠳᠠᠭ᠍ᠰᠠᠨ 《ᠵᠢᠷᠭᠤᠭᠠᠨ ᠨᠢᠭᠡ 》 ᠶ᠋ᠢᠨ ᠲᠤᠰᠢᠶᠠᠯ ᠬᠠᠷᠢᠭᠤᠴᠠᠯᠭ᠎ᠠ ᠪᠠᠨ ᠬᠦᠢᠴᠡᠳᠬᠡᠬᠦ ᠡᠭᠦᠷᠭᠡ᠎ᠶ᠋ᠢ ᠲᠦᠷᠢᠮ᠎ᠢ ᠵᠢᠷᠤᠵᠤ ᠲᠥᠯᠥᠪᠯᠡᠬᠦ ᠲᠠᠯ᠎ᠠ ᠡᠴᠡ ᠡᠳᠡᠬᠡᠷ ᠬᠠᠷᠢᠭᠤᠴᠠᠯᠭ᠎ᠠ ᠵᠢ ᠦᠨᠡᠨ ᠬᠥ᠌ ᠪᠣᠳᠠᠲᠠᠶ ᠪᠤᠯᠭᠠᠨ ᠬᠤᠪᠢᠷᠠᠭᠤᠯᠪᠠ᠃
ᠨᠠᠷᠠᠰᠤ ᠪᠣᠯᠤᠨ ᠪᠠᠶ ᠱᠤᠸᠠᠩ ᠴᠧᠩ ᠪᠣᠯ ᠲᠣᠰ ᠲᠣᠰ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶ᠋ᠢᠨ ᠵᠥᠪᠯᠡᠯᠭᠡᠨ᠎ᠦ ᠣᠷᠴᠢᠨ ᠲᠣᠭᠣᠷᠢᠨ᠎ᠤ ᠡᠬᠢ ᠪᠠᠶᠠᠯᠢᠭ᠎ᠤᠨ ᠡᠲᠡᠭᠡᠳ ᠪᠠ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠡᠲᠡᠭᠡᠳ᠎ᠦᠨ ᠭᠡᠱᠢᠭᠦᠨ ᠮᠥᠨ᠂ ᠲᠣᠰ ᠲᠣᠰ ᠴᠠᠭ ᠠᠭᠤᠷ ᠪᠠ ᠵᠣᠬᠢᠶᠠᠮᠠᠯ ᠣᠶᠤᠨ ᠴᠢᠳᠠᠪᠤᠷᠢ᠎ᠶ᠋ᠢᠨ ᠰᠤᠳᠤᠯᠭᠠᠨ᠎ᠤ ᠠᠵᠢᠯ ᠬᠢᠵᠦ᠍ ᠪᠣᠶ᠃ 2024 ᠣᠨ᠎ᠤ 6 ᠰᠠᠷ᠎ᠠ᠎ᠳᠤ᠂ ᠬᠣᠶᠠᠷ ᠭᠡᠱᠢᠭᠦᠨ ᠬᠠᠮᠲᠤᠷᠠᠨ ᠡᠲᠡᠭᠡᠳ ᠢᠯᠭᠠᠯ᠎ᠤᠨ ᠤᠯᠠᠨ ᠲᠦᠮᠡᠨ᠎ᠲᠡᠶ ᠬᠠᠷᠢᠯᠴᠠᠬᠤ ᠠᠵᠢᠯᠯᠠᠭ᠎ᠠ ᠥᠷᠨᠢᠭᠦᠯᠪᠡ᠃ ᠲᠣᠰ ᠤᠳᠠᠭ᠎ᠠ ᠵᠢᠨ ᠡᠲᠡᠭᠡᠳ ᠢᠯᠭᠠᠯ᠎ᠤᠨ ᠠᠵᠢᠯᠯᠠᠭ᠎ᠠ᠎ᠳᠤ᠂ ᠲᠤᠰᠭᠠᠶ ᠮᠡᠷᠭᠡᠵᠢᠯᠲᠡᠳ ᠵᠣᠬᠢᠶᠠᠮᠠᠯ ᠣᠶᠤᠨ ᠴᠢᠳᠠᠪᠤᠷᠢ᠎ᠶ᠋ᠢ ᠠᠮᠢ ᠠᠬᠤᠶ ᠴᠠᠭ ᠠᠭᠤᠷ᠎ᠤᠨ ᠦᠶ᠋ᠯᠡᠴᠢᠯᠡᠭᠡᠨ᠎ᠦ ᠬᠦᠷᠢᠶᠡᠨ᠎ᠳᠦ ᠭᠦᠨᠵᠡᠭᠡᠶ ᠠᠭᠤᠰᠤᠯᠴᠠᠭᠤᠯᠤᠨ ᠬᠡᠷᠡᠭ᠌ᠯᠡᠬᠦ᠌ ᠵᠡᠷᠭᠡ ᠲᠠᠯ᠎ᠠ᠎ᠪᠠᠷ ᠭᠦᠨᠵᠡᠭᠡᠶ ᠰᠤᠳᠤᠯᠤᠨ ᠶᠠᠷᠢᠯᠴᠠᠵᠤ ᠰᠠᠨᠠᠯ᠎ᠢᠶᠠᠨ ᠰᠣᠯᠢᠯᠴᠠᠵᠤ᠂ ᠨᠠᠷᠠᠰᠤ ᠪᠣᠯᠤᠨ ᠪᠠᠶ ᠱᠤᠸᠠᠩ ᠴᠧᠩ ᠮᠠᠰᠢ ᠶᠡᠬᠡ ᠣᠯᠤᠯᠲᠠ ᠲᠠᠢ ᠪᠠᠢᠵᠤ᠂ ᠵᠣᠬᠢᠶᠠᠮᠠᠯ ᠣᠶᠤᠨ ᠴᠢᠳᠠᠪᠤᠷᠢ᠂ ᠴᠠᠭ ᠠᠭᠤᠷ ᠤᠨ ᠦᠶ᠋ᠯᠡᠴᠢᠯᠡᠭᠡ᠎ᠪᠡᠷ ᠠᠮᠢ ᠠᠬᠤᠶ᠎ᠶ᠋ᠢᠨ ᠪᠥᠲᠥᠭᠡᠨ ᠪᠠᠢᠭᠤᠯᠤᠯᠲᠠ᠎ᠳᠤ ᠬᠦᠴᠦᠨ ᠨᠡᠮᠡᠷᠢᠯᠡᠬᠦ᠌ ᠲᠠᠯ᠎ᠠ᠎ᠪᠠᠷ᠎ᠬᠢ ᠰᠠᠨᠠᠯ ᠳᠤᠷᠠᠳᠤᠯᠭ᠎ᠠ ᠪᠤᠶᠤ ᠨᠡᠢᠭᠡᠮ᠎ᠦᠨ ᠪᠠᠢᠳᠠᠯ ᠠᠷᠠᠳ᠎ᠤᠨ ᠰᠠᠨᠠᠭᠠᠨ᠎ᠤ ᠮᠡᠳᠡᠭᠡ ᠵᠠᠩᠭᠢ᠎ᠶ᠋ᠢ ᠬᠠᠮᠲᠤᠷᠠᠨ ᠳᠤᠷᠠᠳᠭᠤ᠎ᠪᠠᠷ ᠲᠥᠯᠥᠪᠯᠡᠵᠦ᠍ ᠪᠠᠢᠨ᠎ᠠ᠃ 《ᠦᠨᠡᠨ᠎ᠢ ᠬᠡᠯᠡᠬᠦ᠌᠎ᠳᠦ᠂ ᠤᠯᠤᠰ ᠲᠥᠷᠥ᠎ᠶ᠋ᠢᠨ ᠵᠥᠪᠯᠡᠯᠭᠡᠨ᠎ᠦ ᠭᠡᠱᠢᠭᠦᠨ᠎ᠦ ᠲᠤᠱᠢᠶᠠᠯ᠎ᠢ ᠠᠨᠭᠬ᠎ᠠ ᠡᠭᠦᠷᠭᠡᠯᠡᠬᠦ᠌ ᠦᠶ᠎ᠡ᠎ᠳᠦ᠂ ᠨᠠᠮ ᠪᠠ ᠠᠷᠠᠳ ᠲᠦᠮᠡᠨ᠎ᠦ ᠢᠲᠡᠭᠡᠯ᠎ᠢ ᠨᠠᠩ ᠢᠯᠡᠭᠦᠦ ᠣᠢᠯᠠᠭᠠᠵᠤ᠂ ᠤᠯᠤᠰ ᠲᠥᠷᠥ᠎ᠶ᠋ᠢᠨ ᠵᠥᠪᠯᠡᠯᠭᠡᠨ᠎ᠦ ᠭᠡᠱᠢᠭᠦᠨ᠎ᠦ ᠮᠥᠷᠥᠨ ᠳᠡᠭᠡᠷᠡᠬᠢ ᠬᠠᠷᠢᠭᠤᠴᠠᠯᠭ᠎ᠠ᠎ᠶ᠋ᠢ ᠭᠦᠨᠵᠡᠭᠡᠶ ᠲᠠᠨᠢᠭᠠᠳᠤᠶ ᠪᠠᠢᠬᠰᠠᠨ ᠶᠤᠮ᠃ ᠬᠣᠶᠠᠷ ᠵᠢᠯ᠎ᠦᠨ ᠲᠤᠷᠰᠢ᠂ 〈ᠵᠢᠷᠭᠤᠭᠠᠨ ᠨᠢᠭᠡ 〉 ᠶ᠋ᠢᠨ ᠡᠬᠦᠷᠭᠡ ᠬᠠᠷᠢᠭᠤᠴᠠᠯᠭ᠎ᠠ ᠪᠡᠨ ᠭᠦᠶ᠋ᠴᠡᠳᠭᠡᠬᠦ᠌ ᠡᠭᠦᠷᠭᠡ᠎ᠨᠢ ᠨᠠᠳᠠ᠎ᠳᠤ ᠡᠬᠦᠷᠭᠡ ᠬᠠᠷᠢᠭᠤᠴᠠᠯᠭ᠎ᠠ ᠪᠡᠨ ᠭᠦᠶ᠋ᠴᠡᠳᠭᠡᠬᠦ᠌ ᠴᠢᠳᠠᠪᠤᠷᠢ᠎ᠶ᠋ᠢᠨ ᠳᠡᠭᠡᠭ᠌ᠰᠢᠯᠡᠯᠲᠡ᠎ᠨᠢ ᠡᠭᠦᠷᠢᠳᠡ ᠵᠤᠬ᠍ᠰᠤᠰᠢ ᠥᠬᠡᠶ᠂ ᠤᠯᠤᠰ ᠲᠥᠷᠥ᠎ᠶ᠋ᠢᠨ ᠵᠥᠪᠯᠡᠯᠭᠡᠨ᠎ᠦ ᠭᠡᠱᠢᠭᠦᠳ ᠡᠬᠦᠷᠭᠡ ᠬᠠᠷᠢᠭᠤᠴᠠᠯᠭ᠎ᠠ ᠪᠡᠨ ᠭᠦᠶ᠋ᠴᠡᠳᠭᠡᠬᠦ᠌ ᠲᠠᠯ᠎ᠠ᠎ᠪᠠᠷ ᠴᠢᠨᠠᠷ ᠰᠠᠢᠲᠠᠶ ᠪᠠᠢᠬᠤ᠎ᠶ᠋ᠢ ᠬᠥᠭᠡᠭᠡᠴᠡᠯᠳᠦᠬᠦ᠌ᠪᠦᠭᠡᠳ ᠪᠠᠰᠠ ᠰᠠᠬᠢᠯᠭ᠎ᠠ ᠪᠠᠲᠤ ᠣᠪᠣᠷ ᠰᠤᠷᠲᠠᠯ᠎ᠤᠨ ᠲᠠᠯ᠎ᠠ᠎ᠪᠠᠷ ᠥᠯᠢᠭᠡᠷ ᠳᠠᠭᠤᠷᠢᠶᠠᠯ ᠪᠣᠯᠬᠤ ᠬᠡᠷᠡᠭ᠌ᠲᠡᠶ ᠭᠡᠳᠡᠭ ᠢ᠋ ᠬᠦᠨᠵᠡᠭᠡᠢ ᠤᠢᠯᠠᠭᠠᠵᠠᠢ》 ᠭᠡᠵᠦ᠍ ᠨᠠᠷᠠᠰᠤ ᠬᠡᠯᠡᠪᠡ᠃
ᠭᠡᠱᠢᠭᠦᠳ᠎ᠦᠨ ᠡᠬᠦᠷᠭᠡ ᠬᠠᠷᠢᠭᠤᠴᠠᠯᠭ᠎ᠠ ᠪᠡᠨ ᠭᠦᠶ᠋ᠴᠡᠳᠭᠡᠬᠦ᠌ ᠠᠮᠠᠯᠠᠯᠲᠠ ᠬᠢᠬᠦ ᠠᠮᠠᠯᠠᠯᠲᠠ᠎ᠪᠠᠨ ᠦᠶ᠋ᠯᠡᠳᠦᠯᠭᠡᠵᠢᠭᠦᠯᠬᠦ᠌ ᠪᠠ ᠰᠠᠨᠠᠭᠠᠴᠢᠯᠠᠭ᠎ᠠ᠎ᠡᠴᠡ᠎ᠪᠠᠨ ᠲᠤᠱᠢᠶᠠᠯ᠎ᠡᠴᠡ ᠪᠠᠨ ᠪᠠᠭᠤᠬᠤ ᠲᠦᠷᠢᠮ᠎ᠢ ᠠᠮᠵᠢᠯᠲᠠ᠎ᠲᠠᠶ ᠬᠡᠷᠡᠭ᠌ᠵᠢᠭᠦᠯᠵᠦ᠍᠂ ᠠᠮᠠᠯᠠᠯᠲᠠ ᠬᠢᠬᠦ ᠪᠠ ᠠᠮᠠᠯᠠᠯᠲᠠ᠎ᠪᠠᠨ ᠦᠶ᠋ᠯᠡᠳᠦᠯᠭᠡᠵᠢᠭᠦᠯᠬᠦ᠌᠎ᠶ᠋ᠢ ᠨᠢᠭ᠍ᠲᠠ ᠤᠶᠠᠯᠳᠤᠭᠤᠯᠬᠤ᠎ᠪᠠᠷ ᠳᠠᠮᠵᠢᠭᠤᠯᠤᠨ ᠨᠢᠭᠡᠨ ᠰᠠᠢᠨ ᠰᠠᠢᠬᠠᠨ ᠣᠷᠴᠢᠯ᠎ᠢ ᠪᠣᠶ ᠪᠣᠯᠭᠠᠵᠤ᠂ ᠤᠯᠤᠰ ᠲᠥᠷᠥ ᠶ᠋ᠢᠨ ᠵᠥᠪᠯᠡᠯᠭᠡᠨ᠎ᠦ ᠭᠡᠱᠢᠭᠦᠳ᠎ᠦᠨ ᠡᠬᠦᠷᠭᠡ ᠬᠠᠷᠢᠭᠤᠴᠠᠯᠭ᠎ᠠ ᠪᠡᠨ ᠭᠦᠶ᠋ᠴᠡᠳᠭᠡᠬᠦ᠌ ᠴᠢᠳᠠᠪᠤᠷᠢ᠎ᠪᠠᠨ ᠳᠡᠭᠡᠭ᠌ᠰᠢᠯᠡᠭᠦᠯᠬᠦ᠌᠎ᠶ᠋ᠢ ᠤᠷᠮᠠᠱᠢᠭᠤᠯᠤᠨ ᠵᠣᠷᠢᠭ᠍ᠵᠢᠭᠤᠯᠵᠤ᠂ ᠤᠯᠤᠰ ᠲᠥᠷᠥ᠎ᠶ᠋ᠢᠨ ᠵᠥᠪᠯᠡᠯᠭᠡᠨ᠎ᠦ ᠭᠡᠱᠢᠭᠦᠳ᠎ᠦᠨ ᠡᠩᠨᠡᠭᠡ ᠵᠢᠨ ᠪᠠᠢᠭᠤᠯᠤᠯᠲᠠ᠎ᠶ᠋ᠢᠨ ᠲᠠᠯ᠎ᠠ᠎ᠪᠠᠷ ᠪᠦᠲᠦᠮᠵᠢᠲᠡᠶ ᠰᠥᠪᠡᠭ᠌ᠴᠢᠯᠡᠯᠲᠡ ᠬᠢᠵᠡᠶ᠃
ᠨᠢᠭᠡ ᠲᠠᠯ᠎ᠠ᠎ᠪᠠᠷ ᠲᠦᠷᠢᠮ ᠲᠣᠭ᠍ᠲᠠᠴᠠ᠎ᠶ᠋ᠢ ᠠᠳᠭᠤᠵᠤ ᠨᠥᠭᠥᠭᠡ ᠲᠠᠯ᠎ᠠ᠎ᠪᠠᠷ ᠡᠬᠦᠷᠭᠡ ᠬᠠᠷᠢᠭᠤᠴᠠᠯᠭ᠎ᠠ ᠪᠡᠨ ᠭᠦᠶ᠋ᠴᠡᠳᠭᠡᠬᠦ᠌ ᠦᠶ᠋ᠯᠡᠴᠢᠯᠡᠭᠡ᠎ᠶ᠋ᠢ ᠰᠠᠢᠲᠤᠷ ᠬᠢᠪᠠ
2024 ᠣᠨ᠎ᠳᠤ᠂ ᠥᠪᠡᠷᠲᠡᠭᠡᠨ ᠵᠠᠰᠠᠬᠤ ᠣᠷᠣᠨ᠎ᠤ ᠤᠯᠤᠰ ᠲᠦᠷᠦ᠍᠎ᠶ᠋ᠢᠨ ᠵᠥᠪᠯᠡᠯᠭᠡᠨ ᠨᠢ ᠪᠠᠢᠩᠭᠤ᠎ᠶ᠋ᠢᠨ ᠬᠣᠷᠢᠶ᠎ᠠ ᠵᠢᠨ ᠬᠤᠷᠠᠯ᠎ᠢᠶᠡᠷ ᠵᠥᠪᠯᠡᠬᠦ᠂ ᠲᠤᠰᠭᠠᠢ ᠰᠡᠳᠦᠪ᠎ᠢᠶᠡᠷ ᠵᠥᠪᠯᠡᠬᠦ᠌᠂ ᠠᠵᠢᠯ ᠲᠦᠷᠦᠯ᠎ᠢᠶᠡᠷ ᠵᠥᠪᠯᠡᠬᠦ᠌᠂ ᠡᠲᠡᠭᠡᠳ ᠢᠯᠭᠠᠯ᠎ᠢᠶᠠᠷ ᠵᠥᠪᠯᠡᠬᠦ᠌᠂ ᠰᠠᠨᠠᠯ ᠳᠤᠷᠠᠳᠤᠯᠭ᠎ᠠ᠎ᠶ᠋ᠢ ᠱᠢᠢᠳᠪᠦᠷᠢᠯᠡᠬᠦ᠌᠎ᠪᠡᠷ ᠵᠥᠪᠯᠡᠬᠦ᠌᠂ ᠬᠣᠯᠪᠣᠭᠠᠯᠠᠨ ᠵᠥᠪᠯᠡᠬᠦ᠌ ᠵᠢᠴᠢ ᠠᠵᠢᠯ ᠪᠠᠢᠴᠠᠭᠠᠵᠤ ᠱᠢᠨᠵᠢᠯᠡᠨ ᠪᠠᠢᠴᠠᠭᠠᠬᠤ ᠵᠡᠷᠭᠡ ᠪᠠᠢᠴᠠᠭᠠᠨ ᠰᠤᠳᠤᠯᠵᠤ ᠵᠥᠪᠯᠡᠬᠦ᠌ ᠠᠵᠢᠯᠯᠠᠭ᠎ᠠ᠎ᠶ᠋ᠢ ᠥᠷᠨᠢᠭᠦᠯᠪᠡ᠃ ᠭᠡᠱᠢᠭᠦᠳ᠎ᠦᠨ ᠲᠤᠰᠭᠠᠢ ᠰᠡᠳᠦᠪᠲᠦ ᠪᠣᠯᠪᠠᠰᠤᠷᠠᠯ᠎ᠤᠨ ᠠᠩᠭᠢ᠂ ᠭᠡᠱᠢᠭᠦᠳ᠎ᠦᠨ ᠬᠢᠴᠢᠶᠡᠯ᠎ᠦᠨ ᠲᠠᠩᠬᠢᠮ᠂ ᠲᠤᠰᠭᠠᠢ ᠰᠡᠳᠦᠪᠲᠦ ᠲᠠᠢᠯᠤᠮᠵᠢ᠂ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠶ᠋ᠢ ᠰᠤᠷᠤᠯᠴᠠᠬᠤ ᠶᠠᠷᠢᠯᠴᠠᠬᠤ ᠬᠤᠷᠠᠯ ᠵᠡᠷᠭᠡ ᠮᠠᠰᠢ ᠤᠯᠠᠨ ᠰᠤᠷᠤᠯᠴᠠᠯᠭ᠎ᠠ ᠵᠢᠨ ᠠᠵᠢᠯᠯᠠᠭ᠎ᠠ᠎ᠶ᠋ᠢ ᠡᠷᠬᠢᠯᠡᠵᠦ᠍᠂ ᠤᠯᠤᠰ ᠲᠦᠷᠦ᠍᠎ᠶ᠋ᠢᠨ ᠵᠥᠪᠯᠡᠯᠭᠡᠨ᠎ᠦ ᠭᠡᠱᠢᠭᠦᠳ᠎ᠦᠨ ᠡᠬᠦᠷᠭᠡ ᠬᠠᠷᠢᠭᠤᠴᠠᠯᠭ᠎ᠠ᠎ᠪᠠᠨ ᠭᠦᠢᠴᠡᠳᠭᠡᠬᠦ᠌ ᠬᠡᠯᠪᠡᠷᠢ᠎ᠶ᠋ᠢ ᠪᠠᠶᠠᠯᠢᠭ᠍ᠵᠢᠭᠤᠯᠪᠠ᠃ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶ᠋ᠢᠨ ᠵᠥᠪᠯᠡᠯᠭᠡᠨ᠎ᠦ ᠭᠡᠱᠢᠭᠦᠳ᠎ᠦᠨ ᠠᠢᠮᠠᠭ ᠬᠣᠲᠠ᠎ᠳᠤ ᠰᠠᠭᠤᠭ᠎ᠠ ᠤᠯᠤᠰ ᠲᠥᠷᠥ᠎ᠶ᠋ᠢᠨ ᠵᠥᠪᠯᠡᠯᠭᠡᠨ᠎ᠦ ᠬᠣᠯᠪᠣᠭ᠍ᠳᠠᠯ ᠪᠥᠬᠥᠶ ᠡᠬᠦᠷᠭᠡ ᠬᠠᠷᠢᠭᠤᠴᠠᠯᠭ᠎ᠠ᠎ᠪᠠᠨ ᠭᠦᠶ᠋ᠴᠡᠳᠭᠡᠬᠦ᠌ ᠠᠵᠢᠯᠯᠠᠭ᠎ᠠ᠎ᠳᠤ ᠣᠷᠣᠯᠴᠠᠬᠤ᠂ ᠦᠨᠳᠦᠰᠦᠨ ᠱᠠᠲᠤᠨ᠎ᠤ ᠡᠲᠡᠭᠡᠳ ᠢᠯᠭᠠᠯ᠎ᠤᠨ ᠭᠡᠱᠢᠭᠦᠳ᠎ᠦᠨ ᠠᠵᠢᠯᠯᠠᠬᠤ ᠥᠷᠲᠡᠭᠡ (ᠲᠠᠰᠤᠭ) ᠶ᠋ᠢᠨ ᠵᠥᠪᠯᠡᠯᠬᠦᠳᠦ ᠣᠷᠣᠯᠴᠠᠬᠤ᠂ ᠪᠡᠶ᠎ᠡ᠎ᠪᠡᠨ ᠳᠠᠭᠠᠭᠠᠵᠤ ᠪᠠᠢᠴᠠᠭᠠᠨ ᠰᠤᠳᠤᠯᠬᠤ ᠪᠠ ᠠᠷᠠᠳ᠎ᠤᠨ ᠲᠥᠯᠥᠭᠡ ᠦᠶ᠋ᠯᠡᠴᠢᠯᠡᠬᠦ᠌ ᠵᠡᠷᠭᠡ ᠠᠵᠢᠯᠯᠠᠭ᠎ᠠ᠎ᠶ᠋ᠢ 《ᠵᠢᠷᠭᠤᠭᠠᠨ ᠨᠢᠭᠡ》 ᠶ᠋ᠢᠨ ᠡᠬᠦᠷᠭᠡ ᠬᠠᠷᠢᠭᠤᠴᠠᠯᠭ᠎ᠠ᠎ᠪᠠᠨ ᠭᠦᠶ᠋ᠴᠡᠳᠭᠡᠬᠦ᠌ ᠲᠣᠭ᠎ᠠ ᠪᠦᠷᠢᠳᠭᠡᠯ᠎ᠳᠦ ᠣᠷᠣᠭᠤᠯᠵᠤ᠂《ᠪᠡᠭᠡᠵᠢᠩ ᠥᠪᠥᠷ ᠮᠣᠩᠭᠣᠯ᠎ᠤᠨ ᠬᠠᠮᠵᠢᠯᠴᠠᠭ᠎ᠠ ᠳ᠋ᠤ ᠤᠯᠤᠰ ᠲᠥᠷᠥ᠎ᠶ᠋ᠢᠨ ᠵᠥᠪᠯᠡᠯᠭᠡᠨ᠎ᠦ ᠬᠦᠴᠤᠨ ᠴᠢᠳᠠᠯ ᠢ᠋ ᠨᠠᠮᠠᠷᠢᠯᠡᠬᠦ》᠂ 《ᠤᠯᠤᠰ ᠲᠥᠷᠥ᠎ᠶ᠋ᠢᠨ ᠵᠥᠪᠯᠡᠯᠭᠡᠨ + ᠱᠢᠭᠦᠬᠦ᠌ ᠬᠣᠷᠢᠶ᠎ᠠ》᠎ᠶ᠋ᠢᠨ ᠢᠷᠭᠡᠨ᠎ᠦ ᠪᠠ ᠬᠤᠳᠠᠯᠳᠤᠭᠠᠨ᠎ᠤ ᠶᠠᠪᠤᠳᠠᠯ᠎ᠤᠨ ᠵᠠᠭᠤᠷᠠᠯᠳᠤᠭᠠᠨ᠎ᠢ ᠣᠯᠠᠨ ᠡᠱᠢᠵᠢᠬᠦᠯᠦᠨ ᠱᠢᠶ᠋ᠳᠪᠦᠷᠢᠯᠡᠬᠦ᠌ ᠪᠠ ᠵᠠᠬᠢᠳᠠᠯ ᠰᠤᠷᠪᠤᠯᠵᠢᠯᠠᠯ ᠤᠨ ᠣᠷᠣᠯᠠᠨ ᠭᠦᠶ᠋ᠴᠡᠳᠭᠡᠬᠦ᠌ ᠠᠵᠢᠯ ᠵᠡᠷᠭᠡ᠎ᠳᠦ ᠣᠷᠣᠯᠴᠠᠬᠤ ᠵᠡᠷᠭᠡ᠎ᠶ᠋ᠢ ᠭᠡᠱᠢᠭᠦᠳ ᠦᠨ ᠡᠬᠦᠷᠭᠡ ᠬᠠᠷᠢᠭᠤᠴᠠᠯᠭ᠎ᠠ᠎ᠪᠠᠨ ᠭᠦᠶ᠋ᠴᠡᠳᠭᠡᠬᠦ᠌᠎ᠶ᠋ᠢ ᠤᠷᠮᠠᠱᠢᠭᠤᠯᠬᠤ ᠴᠢᠨᠠᠷᠲᠠᠶ ᠭᠦᠶ᠋ᠴᠡᠳᠭᠡᠯ ᠲᠣᠭ᠎ᠠ᠎ᠳᠤ ᠣᠷᠣᠭᠤᠯᠵᠤ᠂ ᠣᠯᠠᠨ᠎ᠢᠶᠠᠷ᠎ᠢᠶᠠᠨ ᠡᠬᠦᠷᠭᠡ ᠬᠠᠷᠢᠭᠤᠴᠠᠯᠭ᠎ᠠ᠎ᠪᠠᠨ ᠭᠦᠶ᠋ᠴᠡᠳᠭᠡᠬᠦ᠌ ᠲᠤᠬᠠᠢ ᠲᠠᠪᠴᠠᠩ ᠨᠠᠩ ᠣᠯᠠᠨ ᠪᠣᠯᠵᠣ᠂ ᠡᠬᠦᠷᠭᠡ ᠬᠠᠷᠢᠭᠤᠴᠠᠯᠭ᠎ᠠ᠎ᠪᠠᠨ ᠭᠦᠶ᠋ᠴᠡᠳᠭᠡᠬᠦ᠌ ᠠᠵᠢᠯᠯᠠᠭ᠎ᠠ ᠨᠠᠩ ᠪᠠᠶᠠᠯᠢᠭ ᠪᠤᠯᠵᠠᠢ ᠭᠡᠵᠤ ᠢᠯᠡᠳᠭᠡᠵᠡᠭᠡᠪᠡ᠃
ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶ᠋ᠢᠨ ᠵᠥᠪᠯᠡᠯᠭᠡᠨ᠎ᠦ ᠨᠠᠮ᠎ᠤᠨ ᠤᠳᠤᠷᠢᠳᠭᠤ ᠳᠤᠭᠤᠢᠯᠠᠩ᠎ᠨᠢ ᠭᠡᠱᠢᠭᠦᠳ᠎ᠦᠨ ᠡᠬᠦᠷᠭᠡ ᠬᠠᠷᠢᠭᠤᠴᠠᠯᠭ᠎ᠠ᠎ᠪᠠᠨ ᠭᠦᠶ᠋ᠴᠡᠳᠭᠡᠬᠦ᠌ ᠠᠮᠠᠯᠠᠯᠲᠠ ᠬᠢᠬᠦ ᠠᠮᠠᠯᠠᠯᠳᠠ ᠪᠡᠨ ᠦᠢᠯᠡᠳᠤᠯᠭᠡᠵᠢᠬᠦᠯᠬᠦ ᠪᠠ ᠰᠠᠨᠠᠭᠠᠴᠢᠯᠠᠭ᠎ᠠ᠎ᠡᠴᠡ ᠪᠠᠨ ᠲᠤᠱᠢᠶᠠᠯ᠎ᠡᠴᠡ᠎ᠪᠠᠨ ᠪᠠᠭᠤᠬᠤ ᠲᠦᠷᠢᠮ᠎ᠢ ᠨᠠᠢᠳᠠᠪᠤᠷᠢᠵᠢᠭᠤᠯᠬᠤ᠎ᠶ᠋ᠢ ᠤᠯᠤᠰ ᠲᠥᠷᠥ᠎ᠶ᠋ᠢᠨ ᠵᠥᠪᠯᠡᠯᠭᠡᠨ᠎ᠦ ᠨᠠᠮ᠎ᠤᠨ ᠤᠳᠤᠷᠢᠳᠭᠤ ᠳᠤᠭᠤᠢᠯᠠᠩ ᠪᠠ ᠪᠠᠢᠩᠭᠤ᠎ᠶ᠋ᠢᠨ ᠬᠣᠷᠢᠶ᠎ᠠ ᠵᠢᠨ ᠠᠵᠢᠯ᠎ᠤᠨ ᠭᠤᠤᠯᠳᠠᠯᠭ᠎ᠠ᠎ᠳᠤ ᠣᠷᠣᠭᠤᠯᠵᠤ᠂ ᠲᠦᠷᠢᠮ ᠪᠠ ᠠᠷᠭ᠎ᠠ ᠬᠡᠮᠵᠢᠶ᠎ᠡ ᠲᠣᠭ᠍ᠲᠠᠭᠠᠵᠤ ᠭᠡᠱᠢᠭᠦᠳ᠎ᠦᠨ ᠡᠬᠦᠷᠭᠡ ᠬᠠᠷᠢᠭᠤᠴᠠᠯᠭ᠎ᠠ᠎ᠪᠠᠨ ᠭᠦᠶ᠋ᠴᠡᠳᠭᠡᠬᠦ᠌᠎ᠳᠦ ᠦᠶ᠋ᠯᠡᠴᠢᠯᠡᠬᠦ᠌ ᠠᠵᠢᠯ᠎ᠢ ᠠᠬᠢᠭᠤᠯᠪᠠ᠃ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶ᠋ᠢᠨ ᠵᠥᠪᠯᠡᠯᠭᠡᠨ᠎ᠦ ᠲᠡᠷᠢᠭᠦᠯᠡᠭ᠌ᠴᠢᠳ᠎ᠦᠨ ᠬᠤᠷᠠᠯ᠎ᠤᠨ ᠪᠦᠷᠢᠯᠳᠦᠬᠦᠨ ᠲᠣᠰ ᠲᠣᠰ᠎ᠲᠠᠭᠠᠨ ᠳᠤᠭᠤᠢᠯᠠᠩ ᠳᠠᠭᠠᠭᠤᠯᠵᠤ᠂ ᠪᠥᠬᠥ᠌ ᠣᠷᠣᠨ᠎ᠤ 12 ᠠᠢᠮᠠᠭ ᠬᠣᠲᠠ᠎ᠳᠤ ᠭᠦᠨᠵᠡᠭᠡᠢᠷᠡᠵᠦ᠍᠂ ᠱᠢᠨ᠎ᠡ ᠴᠠᠭ ᠦᠶ᠎ᠡ᠎ᠶ᠋ᠢᠨ ᠤᠯᠤᠰ ᠲᠥᠷᠥ᠎ᠶ᠋ᠢᠨ ᠵᠥᠪᠯᠡᠯᠭᠡᠨ᠎ᠦ ᠭᠡᠱᠢᠭᠦᠨ ᠦ ᠦᠶ᠋ᠯᠡᠳᠦᠯ᠎ᠢ ᠭᠦᠶ᠋ᠴᠡᠳ ᠪᠠᠳᠠᠷᠠᠭᠤᠯᠤᠭ᠍ᠰᠠᠨ ᠪᠠᠢᠳᠠᠯ᠎ᠢ ᠱᠠᠯᠠᠪᠳᠠᠭᠤᠯᠤᠨ ᠵᠢᠯᠣᠭᠣᠳᠪᠠ᠃ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶ᠋ᠢᠨ ᠵᠥᠪᠯᠡᠯᠭᠡᠨ᠎ᠦ ᠠᠯᠪᠠᠨ ᠲᠢᠩᠬᠢᠮ ᠬᠠᠷᠢᠭᠤᠴᠠᠯᠭ᠎ᠠ᠎ᠶ᠋ᠢᠨ ᠨᠠᠷᠢᠨ ᠲᠠᠩᠰᠠ᠎ᠶ᠋ᠢ ᠲᠣᠭ᠍ᠲᠠᠭᠠᠵᠤ᠂ ᠡᠯ᠎ᠡ ᠲᠤᠰᠭᠠᠶ ᠵᠥᠪᠯᠡᠯ ᠢᠳᠡᠪᠬᠢᠲᠡᠶ ᠬᠠᠮᠵᠢᠯᠴᠠᠵᠤ᠂ ᠲᠣᠭ᠍ᠲᠠᠭ᠍ᠰᠠᠨ ᠬᠤᠭᠤᠴᠠᠭ᠎ᠠ᠎ᠲᠠᠶ᠎ᠪᠠᠷ ᠭᠡᠱᠢᠭᠦᠳ᠎ᠲᠦ ᠰᠠᠨᠠᠭᠤᠯᠵᠤ᠂ ᠴᠥᠭᠡᠨ ᠪᠤᠰᠤ ᠭᠡᠱᠢᠭᠦᠳ 《ᠡᠬᠦᠷᠭᠡ ᠬᠠᠷᠢᠭᠤᠴᠠᠯᠭ᠎ᠠ᠎ᠪᠠᠨ ᠭᠦᠶ᠋ᠴᠡᠳᠭᠡᠬᠦ᠌᠎ᠳᠦ ᠨᠠᠩ ᠬᠠᠷᠠᠯᠲᠠ᠎ᠲᠠᠶ᠂ ᠨᠠᠩ ᠴᠢᠭ᠌ᠯᠡᠯ᠎ᠲᠡᠶ ᠪᠣᠯᠵᠠᠶ!》 ᠭᠡᠵᠤ ᠢᠯᠡᠳᠭᠡᠵᠡᠭᠡᠪᠡ᠃ ᠬᠠᠷᠢᠯᠴᠠᠨ ᠤᠷᠤᠯᠳᠤᠵᠤ ᠡᠭᠦᠷᠭᠡ ᠬᠠᠷᠢᠭᠤᠴᠠᠯᠭ᠎ᠠ ᠪᠡᠨ ᠢᠳᠡᠪᠬᠢᠳᠡᠢ ᠭᠦᠢᠴᠡᠳᠭᠡᠬᠦ᠌ ᠠᠭᠤᠷ ᠠᠮᠢᠰᠭᠤᠯ ᠭᠡᠱᠢᠭᠦᠳ᠎ᠦᠨ ᠳᠤᠮᠳᠠ ᠠᠭᠠᠵᠢᠮ ᠵᠢᠡᠷ ᠪᠦᠷᠢᠯᠳᠦᠵᠦ᠍᠂ ᠡᠬᠦᠷᠭᠡ ᠬᠠᠷᠢᠭᠤᠴᠠᠯᠭ᠎ᠠ ᠪᠡᠨ ᠭᠦᠢᠴᠡᠳᠭᠡᠬᠦ᠌ ᠠᠵᠢᠯᠯᠠᠭ᠎ᠠ ᠳ᠋ᠤ ᠤᠷᠤᠯᠴᠠᠬᠤ ᠵᠢ ᠰᠠᠨᠠᠭᠠᠴᠢᠯᠠᠭ᠎ᠠ᠎ᠡᠴᠡ᠎ᠪᠠᠨ ᠱᠠᠭᠠᠷᠳᠠᠬᠤ ᠭᠡᠱᠢᠭᠦᠳ ᠨᠡᠡᠭ ᠤᠯᠡᠠ ᠪᠤᠯᠵᠦ᠍᠂ ᠵᠥᠪᠳᠡᠯᠴᠡᠨ ᠶᠠᠷᠢᠯᠴᠠᠬᠤ ᠨᠢ ᠨᠡᠡᠭ ᠢᠳᠡᠪᠬᠢᠲᠡᠢ ᠪᠤᠯᠵᠦ᠍᠂ ᠰᠠᠨᠠᠯ ᠲᠤᠷᠠᠳᠤᠯᠭ᠎ᠠ ᠪᠠ ᠨᠡᠢᠭᠡᠮ᠎ᠦᠨ ᠪᠠᠢᠳᠠᠯ ᠠᠷᠠᠳ᠎ᠤᠨ ᠰᠠᠨᠠᠭᠠᠨ᠎ᠤ ᠲᠤᠬᠠᠢ ᠮᠡᠳᠡᠭᠡ ᠵᠠᠩᠭᠢ᠎ᠶ᠋ᠢᠨ ᠲᠣᠭ᠎ᠠ ᠬᠡᠮᠵᠢᠶ᠎ᠡ ᠣᠯᠠᠱᠢᠷᠠᠵᠤ᠂ ᠶᠠᠰᠤ ᠴᠢᠨᠠᠷ ᠳᠡᠭᠡᠭ᠌ᠰᠢᠯᠡᠪᠡ᠃
ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶ᠋ᠢᠨ ᠵᠥᠪᠯᠡᠯᠭᠡᠨ᠎ᠦ ᠭᠡᠱᠢᠭᠦᠨ᠂ ᠬᠥᠬᠡᠬᠣᠲᠠ᠎ᠶ᠋ᠢᠨ ᠤᠯᠠᠨ ᠤᠯᠤᠰ᠎ᠤᠨ ᠠᠷᠠᠯᠵᠢᠶ᠎ᠠ ᠵᠢ ᠠᠬᠢᠭᠤᠯᠬᠤ ᠵᠦᠪᠯᠡᠯ᠎ᠤᠨ ᠳᠠᠷᠤᠭ᠎ᠠ ᠵᠠᠩ ᠵᠢᠶᠦ᠋ᠨ 2024 ᠣᠨ᠎ᠳᠤ 10 ᠬᠤᠪᠢ ᠰᠠᠨᠠᠯ ᠳᠤᠷᠠᠳᠤᠯᠭ᠎ᠠ ᠳᠡᠪᠱᠢᠭᠦᠯᠪᠡ᠂ ᠡᠭᠦᠨ᠎ᠳᠦ 9 ᠬᠤᠪᠢ᠎ᠶ᠋ᠢ ᠨᠢ ᠬᠡᠷᠡᠭ ᠪᠤᠯᠭᠠᠨ ᠲᠠᠩᠰᠠᠯᠠᠪᠠ; ᠨᠡᠢᠭᠡᠮ᠎ᠦᠨ ᠪᠠᠢᠳᠠᠯ ᠠᠷᠠᠳ᠎ᠤᠨ ᠰᠠᠨᠠᠭᠠᠨ᠎ᠤ ᠮᠡᠳᠡᠭᠡ ᠵᠠᠩᠭᠢ᠎ᠶ᠋ᠢ 18 ᠬᠤᠪᠢ ᠳᠡᠪᠱᠢᠭᠦᠯᠪᠡ᠃ ᠲᠡᠷᠡ 2024 ᠣᠨ᠎ᠤ ᠳᠡᠭᠡᠷ᠎ᠡ ᠬᠠᠭᠠᠰ ᠵᠢᠯ᠎ᠳᠦ ᠳᠠᠷᠤᠶ《ᠵᠢᠷᠭᠤᠭᠠᠨ ᠨᠢᠭᠡ》 ᠶ᠋ᠢᠨ ᠲᠤᠱᠢᠶᠠᠯ ᠬᠠᠷᠢᠭᠤᠴᠠᠯᠭ᠎ᠠ᠎ᠪᠠᠨ ᠭᠦᠶ᠋ᠴᠡᠳᠭᠡᠬᠦ᠌ ᠡᠭᠦᠷᠭᠡ᠎ᠪᠡᠨ ᠪᠡᠶᠡᠯᠡᠭᠦᠯᠪᠡ᠃ 《〈ᠵᠢᠷᠭᠤᠭᠠᠨ ᠨᠢᠭᠡ〉 ᠨᠢ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶ᠋ᠢᠨ ᠵᠥᠪᠯᠡᠯᠭᠡᠨ᠎ᠦ ᠭᠡᠱᠢᠭᠦᠨ ᠨᠢᠭᠡᠪᠦᠷᠢ᠎ᠶ᠋ᠢᠨ ᠲᠤᠱᠢᠶᠠᠯ ᠬᠠᠷᠢᠭᠤᠴᠠᠯᠭ᠎ᠠ᠎ᠪᠠᠨ ᠭᠦᠶ᠋ᠴᠡᠳᠭᠡᠬᠦ᠌ ᠦᠨᠳᠦᠰᠦᠨ ᠵᠦᠢᠯ ᠪᠣᠯᠬᠤ᠎ᠪᠠᠷ ᠪᠠᠷᠠᠬᠤ ᠥᠬᠡᠶ᠂ ᠪᠠᠰᠠ ᠴᠤ᠌ ᠤᠯᠤᠰ ᠲᠥᠷᠥ᠎ᠶ᠋ᠢᠨ ᠵᠥᠪᠯᠡᠯᠭᠡᠨ᠎ᠦ ᠠᠵᠢᠯ᠎ᠤᠨ ᠲᠣᠭ᠍ᠲᠠᠴᠠ ᠪᠠ ᠠᠵᠢᠯ᠎ᠤᠨ ᠨᠠᠷᠢᠨ ᠵᠦᠶ᠋ᠯᠡᠰ ᠦᠨ ᠬᠤᠷᠢᠶᠠᠩᠭᠤᠢ ᠪᠠᠢᠳᠠᠯ ᠪᠠᠢᠵᠤ᠂ ᠤᠯᠤᠰ ᠲᠥᠷᠥ᠎ᠶ᠋ᠢᠨ ᠵᠥᠪᠯᠡᠯᠭᠡᠨ᠎ᠦ ᠭᠡᠱᠢᠭᠦᠨ ᠨᠢᠭᠡᠪᠦᠷᠢ᠎ᠶ᠋ᠢ ᠢᠳᠡᠪᠬᠢ ᠣᠪᠣᠷ᠎ᠲᠠᠶ᠂ ᠲᠦᠷᠬᠡᠨ᠂ ᠡᠷᠴᠢᠮᠲᠡᠶ᠂ ᠬᠠᠢᠷ᠎ᠠ ᠰᠡᠳᠭᠢᠯᠭᠡ᠎ᠲᠡᠶ᠎ᠪᠡᠷ ᠲᠤᠱᠢᠶᠠᠯ ᠬᠠᠷᠢᠭᠤᠴᠠᠯᠭ᠎ᠠ᠎ᠪᠠᠨ ᠭᠦᠶ᠋ᠴᠡᠳᠭᠡᠭ᠌ᠰᠡᠨ ᠨᠠᠩ ᠰᠢᠯᠢᠳᠡᠭ ᠬᠠᠷᠢᠭᠤᠯᠲᠠ᠎ᠶ᠋ᠢᠨ ᠬᠠᠭᠤᠳᠠᠰᠤ ᠲᠤᠱᠢᠶᠠᠯᠭᠠᠬᠤ ᠪᠣᠯᠤᠨ᠎ᠠ 》 ᠭᠡᠵᠦ᠍ ᠵᠠᠩ ᠵᠢᠶᠦ᠋ᠨ ᠬᠡᠯᠡᠪᠡ᠃
ᠠᠷᠠᠳ ᠤᠯᠠᠨ᠎ᠤ ᠲᠦᠪᠡᠭᠳᠡᠵᠤ ᠪᠠᠢᠭ᠎ᠠ ᠶᠠᠪᠤᠳᠠᠯ ᠪᠣᠯ ᠭᠡᠱᠢᠭᠦᠳ᠎ᠦᠨ ᠰᠠᠨᠠᠭᠠᠰᠢᠷᠠᠬᠤ ᠶᠠᠪᠤᠳᠠᠯ ᠮᠥᠨ
《ᠲᠠᠨ᠎ᠤ ᠲᠦᠪᠡᠭᠳᠡᠵᠤ ᠪᠠᠢᠭ᠎ᠠ ᠶᠠᠪᠤᠳᠠᠯ ᠪᠣᠯ ᠮᠢᠨᠦ᠍ ᠰᠡᠳᠭᠢᠯ᠎ᠦᠨ ᠶᠠᠪᠤᠳᠠᠯ ᠮᠥᠨ᠂ ᠨᠢᠭᠤᠷᠲᠠᠨ ᠠᠭᠤᠯᠵᠠᠵᠤ᠂ ᠦᠨᠡᠨᠴᠢ ᠰᠡᠳᠭᠢᠯ᠎ᠢ ᠡᠪᠦᠷᠯᠡᠨ᠂ ᠡᠨᠳᠡᠬᠢ᠎ᠶ᠋ᠢᠨ ᠬᠠᠮᠢᠶ᠎ᠠ ᠪᠥᠬᠥᠶ ᠰᠠᠯᠠᠭ᠎ᠠ ᠮᠥᠴᠢᠷ᠂ ᠲᠡᠨᠳᠡᠬᠢ᠎ᠶ᠋ᠢᠨ ᠬᠥᠷᠰᠢ ᠵᠡᠷᠭᠡᠯᠡᠳᠡᠭᠡ᠂ ᠤᠯᠤᠰ ᠲᠥᠷᠥ᠎ᠶ᠋ᠢᠨ ᠵᠥᠪᠯᠡᠯᠭᠡᠨ᠎ᠦ ᠭᠡᠱᠢᠭᠦᠳ ᠬᠦᠬᠦᠷᠬᠡ ᠬᠤᠯᠪᠤᠭᠠᠰᠤ ᠪᠤᠯᠵᠤ᠂ ᠤᠴᠢᠷ ᠶᠠᠪᠤᠳᠠᠯ ᠪᠠᠢᠪᠠᠯ ᠣᠯᠠᠨ᠎ᠢᠶᠠᠷ᠎ᠢᠶᠠᠨ ᠵᠥᠪᠳᠡᠯᠴᠡᠨ᠎ᠡ ᠁》
2024 ᠣᠨ᠎ᠤ 9 ᠰᠠᠷ᠎ᠠ᠎ᠶ᠋ᠢᠨ 20 ᠤ᠋ ᠣᠷᠣᠶ᠂ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶ᠋ᠢᠨ ᠵᠥᠪᠯᠡᠯᠭᠡᠨ᠎ᠦ ᠪᠥᠬᠥᠳᠡ ᠨᠠᠢᠷᠠᠮᠳᠠᠬᠤ ᠳᠤᠮᠳᠠᠳᠤ ᠠᠷᠠᠳ ᠤᠯᠤᠰ ᠪᠠᠢᠭᠤᠯᠤᠭ᠍ᠳᠠᠭ᠍ᠰᠠᠨ 75 ᠵᠢᠯ᠎ᠦᠨ ᠣᠶ ᠪᠠ ᠳᠤᠮᠳᠠᠳᠤ ᠤᠯᠤᠰ᠎ᠤᠨ ᠠᠷᠠᠳ᠎ᠤᠨ ᠤᠯᠤᠰ ᠲᠥᠷᠥ᠎ᠶ᠋ᠢᠨ ᠵᠥᠪᠯᠡᠯᠭᠡᠨ᠎ᠦ ᠬᠤᠷᠠᠯ ᠪᠠᠢᠭᠤᠯᠤᠭ᠍ᠳᠠᠭ᠍ᠰᠠᠨ 75 ᠵᠢᠯ᠎ᠦᠨ ᠣᠶ᠎ᠶ᠋ᠢ ᠪᠡᠯᠭᠡᠯᠡᠬᠦ᠌ ᠤᠷᠠᠨ ᠰᠠᠢᠬᠠᠨ᠎ᠤ ᠲᠣᠭ᠍ᠯᠠᠯᠲᠠ ᠶᠠᠭᠬᠦᠷ ᠬᠦᠭᠵᠢᠶᠠᠨ ᠲᠠᠢ ᠶᠠᠪᠤᠭ᠍ᠳᠠᠵᠤ ᠪᠠᠢᠯ᠎ᠠ᠃ ᠥᠪᠡᠷᠲᠡᠭᠡᠨ ᠵᠠᠰᠠᠬᠤ ᠣᠷᠣᠨ᠎ᠤ ᠤᠯᠤᠰ ᠲᠦᠷᠦ᠍᠎ᠶ᠋ᠢᠨ ᠵᠥᠪᠯᠡᠯᠭᠡᠨ᠎ᠦ ᠪᠠᠢᠩᠭᠤ᠎ᠶ᠋ᠢᠨ ᠭᠡᠱᠢᠭᠦᠨ᠂ ᠵᠠᠯᠠᠭᠤ ᠳᠠᠭᠤᠴᠢᠨ ᠲᠢᠶᠠᠨ ᠵᠢᠶᠦ᠋ᠨ᠎ᠤ ᠳᠠᠭᠤᠯᠠᠭᠰᠠᠨ《ᠨᠢᠭᠤᠷᠳᠠᠨ ᠠᠭᠤᠯᠵᠠᠵᠤ ᠬᠠᠮᠲᠤᠪᠡᠷ ᠵᠥᠪᠳᠡᠯᠴᠡᠶᠡ》 ᠭᠡᠬᠦ᠌ ᠳᠠᠭᠤᠤ ᠨᠢ ᠠᠷᠠᠳ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠠᠷᠠᠳ ᠲᠦᠮᠡᠨ᠎ᠦ ᠲᠥᠯᠥᠭᠡ ᠭᠡᠬᠦ᠌ ᠴᠢᠩ ᠦᠨᠡᠨᠴᠢ ᠬᠠᠢᠷ᠎ᠠ ᠰᠡᠳᠭᠢᠯᠭᠡ᠎ᠶ᠋ᠢ ᠪᠢᠯᠬᠠᠮ᠎ᠠ ᠢᠯᠡᠷᠡᠬᠦᠯᠪᠡ᠃ ᠡᠨᠡ ᠰᠢᠨ᠎ᠠ ᠪᠡᠷ ᠵᠤᠬᠢᠶᠠᠨ ᠪᠦᠳᠦᠭᠡᠭᠰᠡᠨ ᠳᠠᠭᠤᠤ᠎ᠶ᠋ᠢᠨ ᠨᠣᠲ ᠵᠢ ᠲᠢᠶᠠᠨ ᠵᠢᠶᠦ᠋ᠨ ᠦᠪᠡᠷ᠎ᠢᠶᠡᠨ ᠵᠤᠬᠢᠶᠠᠬᠰᠠᠨ ᠶᠤᠮ᠂ ᠲᠤᠰ ᠲᠠᠭᠤᠤ ᠵᠢ ᠵᠤᠬᠢᠶᠠᠬᠰᠠᠨ ᠤᠨᠭᠭᠤᠳ ᠬᠡᠪᠡᠯ ᠲᠡᠷᠡ ᠪᠡᠷ ᠪᠤᠭᠤᠲᠤ ᠬᠤᠳᠠ᠎ᠶ᠋ᠢᠨ ᠡᠯ᠎ᠡ ᠭᠡᠱᠢᠭᠦᠨ᠎ᠦ ᠠᠵᠢᠯᠯᠠᠬᠤ ᠲᠠᠰᠤᠭ᠎ᠤᠨ ᠠᠷᠠᠳᠴᠢᠯᠠᠯ᠎ᠢᠶᠠᠷ ᠵᠥᠪᠯᠡᠬᠦ᠌ ᠠᠵᠢᠯ᠎ᠳᠤ ᠤᠯᠠᠨ ᠤᠳᠠᠭ᠎ᠠ ᠣᠷᠣᠯᠴᠠᠵᠤ᠂ ᠤᠯᠠᠨ ᠲᠦᠮᠡᠨ᠎ᠦ ᠬᠦᠴᠢᠷᠳᠡᠯ᠎ᠢ ᠱᠢᠢᠳᠪᠦᠷᠢᠯᠡᠵᠦ᠍ ᠥᠭ᠌ᠭᠦᠭ᠌ᠰᠡᠨᠢ ᠨᠢᠳᠤ ᠪᠡᠷ᠎ᠢᠶᠡᠨ ᠦᠵᠡᠵᠤ ᠴᠢᠬᠢ ᠪᠡᠷ᠎ᠢᠶᠡᠨ ᠰᠤᠨᠤᠰᠤᠬᠰᠠᠨ᠎ᠡᠴᠡ ᠢᠷᠡᠭᠰᠡᠨ ᠶᠤᠮ᠃
ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶ᠋ᠢᠨ ᠵᠥᠪᠯᠡᠯᠭᠡᠨ᠂ ᠪᠥᠬᠥ᠌ ᠣᠷᠣᠨ᠎ᠤ ᠡᠯ᠎ᠡ ᠱᠠᠲᠤᠨ᠎ᠤ ᠤᠯᠤᠰ ᠲᠥᠷᠥ᠎ᠶ᠋ᠢᠨ ᠵᠥᠪᠯᠡᠯᠭᠡᠨ 2300 ᠭᠠᠷᠤᠶ ᠭᠡᠱᠢᠭᠦᠳ᠎ᠦᠨ ᠠᠵᠢᠯᠯᠠᠬᠤ ᠥᠷᠲᠡᠭᠡ (ᠲᠠᠰᠤᠭ) ᠶ᠋ᠢ ᠪᠠᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶ᠋ᠢᠨ ᠵᠥᠪᠯᠡᠯᠭᠡᠨ᠎ᠦ ᠭᠡᠱᠢᠭᠦᠳ ᠰᠠᠨᠠᠭᠠᠴᠢᠯᠠᠭ᠎ᠠ᠎ᠡᠴᠡ᠎ᠪᠠᠨ ᠳᠣᠷᠣᠭ᠍ᠰᠢ ᠪᠠᠭᠤᠵᠤ᠂ ᠭᠡᠱᠢᠭᠦᠳ᠎ᠦᠨ ᠠᠷᠠᠳ᠎ᠤᠨ ᠲᠥᠯᠥᠭᠡ ᠲᠤᠰᠢᠶᠠᠯ ᠬᠠᠷᠢᠭᠤᠴᠠᠯᠭ᠎ᠠ᠎ᠪᠠᠨ ᠭᠦᠶ᠋ᠴᠡᠳᠭᠡᠬᠦ᠌ 《ᠡᠴᠦᠰ᠎ᠦᠨ ᠨᠢᠭᠡ ᠺᠢᠯᠣᠮᠧᠲ᠋ᠷ》᠎ᠢ᠋ ᠨᠡᠪᠲᠡᠷᠡᠭᠦᠯᠬᠦ᠌᠎ᠶ᠋ᠢ ᠰᠠᠨᠠᠭᠠᠴᠢᠯᠠᠬᠰᠠᠨ ᠶᠤᠮ᠃ ᠠᠷᠠᠳ᠎ᠤᠨ ᠠᠮᠢᠳᠤᠷᠠᠯ᠎ᠤᠨ ᠪᠣᠳᠠᠲᠤ ᠶᠠᠪᠤᠳᠠᠯ᠎ᠤᠳ᠎ᠢ ᠱᠢᠢᠳᠪᠦᠷᠢᠯᠡᠬᠦ᠌ ᠨᠢ ᠤᠷᠮ᠎ᠠ ᠰᠡᠳᠭᠢᠯᠭᠡ᠎ᠶ᠋ᠢ ᠠᠷᠭᠠᠳᠠᠵᠤ᠂ ᠵᠥᠷᠢᠴᠡᠯ᠎ᠢ ᠨᠠᠮᠳᠠᠭᠤᠯᠵᠤ᠂ ᠤᠯᠤᠰ ᠲᠦᠷᠦ᠍᠎ᠶ᠋ᠢᠨ ᠵᠥᠪᠯᠡᠯᠭᠡᠨ᠎ᠦ ᠵᠥᠪᠯᠡᠬᠦ ᠠᠵᠢᠯ ᠤᠨ ᠦᠨᠳᠦᠰᠦᠨ ᠱᠠᠲᠤᠨ᠎ᠤ ᠵᠠᠰᠠᠯᠲᠠ ᠳᠤᠮᠳᠠᠬᠢ ᠴᠢᠬᠤᠯᠠ ᠦᠢᠯᠡᠳᠦᠯ᠎ᠢ ᠢᠯᠡᠷᠡᠭᠦᠯᠵᠦ᠍᠂ ᠥᠷᠭᠡᠨ ᠤᠯᠠᠨ ᠲᠦᠮᠡᠨ᠎ᠳᠦ ᠤᠯᠤᠰ ᠲᠦᠷᠦ᠍᠎ᠶ᠋ᠢᠨ ᠵᠥᠪᠯᠡᠯᠭᠡᠨ᠎ᠦ ᠭᠡᠱᠢᠭᠦᠨ ᠳᠡᠷᠭᠡᠳᠡ ᠨᠢ ᠪᠠᠢᠬᠤ᠂ ᠤᠯᠤᠰ ᠲᠦᠷᠦ᠍᠎ᠶ᠋ᠢᠨ ᠵᠥᠪᠯᠡᠯᠭᠡᠨ ᠥᠪᠡᠷ᠎ᠡᠴᠡ ᠨᠢ ᠮᠠᠰᠢ ᠣᠢᠷᠠᠬᠠᠨ ᠪᠠᠢᠬᠤ᠎ᠶ᠋ᠢ ᠮᠡᠳᠡᠷᠡᠭᠦᠯᠪᠡ᠃
ᠭᠡᠱᠢᠭᠦᠳ᠎ᠦᠨ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠬᠦ᠌ ᠢᠳᠡᠪᠬᠢᠵᠢᠯ᠎ᠢ ᠭᠦᠢᠴᠡᠳ ᠲᠠᠢ᠌ᠴᠢᠯᠠᠵᠤ᠂ ᠭᠡᠱᠢᠭᠦᠳ᠎ᠦᠨ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠬᠦ᠌ ᠴᠢᠳᠠᠪᠤᠷᠢ᠎ᠶ᠋ᠢ ᠳᠡᠭᠡᠭ᠌ᠰᠢᠯᠡᠭᠦᠯᠦᠨ᠂ ᠭᠡᠱᠢᠭᠦᠳ᠎ᠦᠨ ᠡᠩᠨᠡᠭᠡᠳ᠋ᠤ ᠰᠠᠢᠲᠤᠷ ᠦᠢᠯᠡᠴᠢᠯᠡᠨ ᠬᠠᠮᠢᠶᠠᠷᠬᠤ ᠪᠣᠯ ᠤᠯᠤᠰ ᠲᠦᠷᠦ᠍᠎ᠶ᠋ᠢᠨ ᠵᠥᠪᠯᠡᠯᠭᠡᠨ᠎ᠦ ᠵᠣᠬᠢᠶᠠᠨ ᠪᠠᠢᠭᠤᠯᠤᠯᠲᠠ᠎ᠶ᠋ᠢᠨ ᠲᠤᠱᠢᠶᠠᠯ ᠬᠠᠷᠢᠭᠤᠴᠠᠯᠭ᠎ᠠ ᠮᠥᠨ᠃ 《ᠵᠢᠷᠭᠤᠭᠠᠨ ᠨᠢᠭᠡ》᠎ᠶ᠋ᠢᠨ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠬᠦ᠌ ᠡᠭᠦᠷᠭᠡ ᠨᠢ ᠭᠡᠱᠢᠭᠦᠳ᠎ᠦᠨ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠬᠦ᠌ ᠢᠳᠡᠪᠬᠢᠵᠢᠯ᠎ᠢ ᠲᠠᠢ᠌ᠴᠢᠯᠠᠬᠰᠠᠨ ᠪᠠ ᠭᠦᠢᠴᠡᠳ ᠬᠦᠨᠳᠦᠳᠭᠡᠵᠦ᠍᠂ ᠤᠯᠤᠰ ᠲᠦᠷᠦ᠍᠎ᠶ᠋ᠢᠨ ᠵᠥᠪᠯᠡᠯᠭᠡᠨ᠎ᠦ ᠪᠠᠢᠭᠤᠯᠭ᠎ᠠ᠎ᠶ᠋ᠢᠨ ᠭᠡᠱᠢᠭᠦᠳ᠎ᠦᠨ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠬᠦ᠌᠎ᠳᠦ ᠦᠢᠯᠡᠴᠢᠯᠡᠬᠦ᠌ ᠴᠢᠳᠠᠪᠤᠷᠢ᠎ᠶ᠋ᠢ ᠳᠡᠭᠡᠭ᠌ᠰᠢᠯᠡᠭᠦᠯᠵᠦ᠍᠂ ᠤᠯᠤᠰ ᠲᠦᠷᠦ᠍᠎ᠶ᠋ᠢᠨ ᠵᠥᠪᠯᠡᠯᠭᠡᠨ᠎ᠦ ᠠᠵᠢᠯ᠎ᠳᠤ ᠱᠢᠨ᠎ᠡ ᠠᠮᠢᠵᠢᠷᠠᠯ᠎ᠤᠨ ᠬᠦᠴᠦᠨ ᠨᠡᠮᠡᠷᠢᠯᠡᠪᠡ᠃
ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶ᠋ᠢᠨ ᠵᠥᠪᠯᠡᠯᠭᠡᠨ ᠥᠭᠡᠷᠡᠴᠢᠯᠡᠯᠲᠡ ᠬᠢᠵᠦ᠍ ᠱᠢᠨ᠎ᠡ᠎ᠶ᠋ᠢ ᠡᠭᠦᠳᠬᠦ᠌᠎ᠶ᠋ᠢ ᠦᠷᠭᠦᠯᠵᠢᠯᠡᠨ ᠠᠬᠢᠭᠤᠯᠵᠤ᠂ ᠭᠡᠱᠢᠭᠦᠳ᠎ᠦᠨ ᠲᠤᠰᠢᠶᠠᠯ ᠬᠠᠷᠢᠭᠤᠴᠠᠯᠭ᠎ᠠ᠎ᠪᠠᠨ ᠭᠦᠶ᠋ᠴᠡᠳᠭᠡᠬᠦ᠌᠎ᠳᠦ ᠨᠠᠩ ᠥᠷᠭᠡᠨ ᠠᠭᠤᠳᠠᠮ ᠣᠷᠣᠨ ᠵᠠᠶ᠎ᠶ᠋ᠢ ᠪᠣᠶ ᠪᠣᠯᠭᠠᠵᠤ ᠦᠭᠬᠦᠨ᠂ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶ᠋ᠢᠨ ᠵᠥᠪᠯᠡᠯᠭᠡᠨ᠎ᠦ ᠭᠡᠱᠢᠭᠦᠳ᠎ᠦᠨ ᠲᠤᠰᠢᠶᠠᠯ ᠬᠠᠷᠢᠭᠤᠴᠠᠯᠭ᠎ᠠ᠎ᠪᠠᠨ ᠭᠦᠶ᠋ᠴᠡᠳᠭᠡᠬᠦ᠌ ᠠᠮᠠᠯᠠᠯᠲᠠ᠎ᠶ᠋ᠢ ᠤᠯᠠᠮ ᠨᠢᠭᠡ ᠠᠯᠬᠤᠮ ᠪᠣᠳᠠᠲᠤ ᠠᠵᠢᠯᠯᠠᠭ᠎ᠠ ᠪᠣᠯᠭᠠᠨ ᠬᠤᠪᠢᠷᠠᠭᠤᠯᠵᠤ᠂ ᠥᠪᠡᠷᠲᠡᠭᠡᠨ ᠵᠠᠰᠠᠬᠤ ᠣᠷᠣᠨ᠎ᠤ ᠱᠢᠨ᠎ᠡ ᠵᠠᠮᠨᠡᠬᠡᠬᠡᠵᠤ ᠳᠤᠮᠳᠠ ᠲᠦᠪᠰᠢᠨ᠎ᠳᠤ ᠤᠷᠤᠬᠤ ᠲᠡᠮᠡᠴᠡᠬᠦ᠌ ᠬᠠᠷᠠᠯᠲᠠ᠎ᠶ᠋ᠢ ᠪᠡᠶᠡᠯᠡᠭᠦᠯᠬᠦ᠌᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠳᠠ ᠵᠢᠨ ᠥᠪᠥᠷ ᠮᠣᠩᠭᠣᠯ᠎ᠤᠨ ᠱᠢᠨ᠎ᠡ ᠬᠠᠭᠤᠳᠠᠰᠤ᠎ᠶ᠋ᠢ ᠪᠢᠴᠢᠭ᠌ᠯᠡᠬᠦ᠌᠎ᠳᠦ ᠣᠶᠤᠨ ᠤᠬᠠᠭᠠᠨ ᠪᠠ ᠬᠦᠴᠦᠨ ᠴᠢᠳᠠᠯ᠎ᠢᠶᠠᠨ ᠡᠷᠭᠦᠨ᠎ᠡ᠃