2024 ᠣᠨ᠎ᠤ 12 ᠰᠠᠷ᠎ᠠ᠎ᠶᠢᠨ 31 ᠤ᠋ ᠡᠳᠦᠷ᠂ ᠥᠪᠥᠷ ᠮᠣᠩᠭᠣᠯ᠎ᠤᠨ ᠮᠦᠽᠧᠢ᠎ᠶᠢᠨ ᠬᠣᠶᠠᠷ ᠶᠡᠬᠡ ᠣᠨᠴᠠ ᠦᠵᠡᠭᠦᠯᠭᠡ ᠵᠡᠷᠭᠡ ᠪᠡᠷ ᠡᠬᠢᠯᠡᠵᠤ᠂ ᠦᠵᠡᠭᠴᠢᠳ ᠲᠠᠢ ᠬᠠᠮᠳᠦ ᠪᠡᠷ ᠰᠢᠨ᠎ᠡ ᠵᠢᠯ᠎ᠢ ᠤᠭᠳᠤᠪᠠ᠃ 《ᠤᠮᠠᠷᠠᠲᠤ ᠬᠢᠯᠢ ᠵᠢᠨ ᠯᠤᠤ — ᠬᠤᠩᠱᠠᠨ ᠰᠣᠶᠣᠯ᠎ᠤᠨ ᠢᠯᠡᠷᠡᠭᠦᠯᠦᠭᠰᠡᠨ ᠬᠠᠮᠤᠭ᠎ᠤᠨ ᠲᠣᠮᠣ᠌ ᠭᠠᠬᠠᠢ᠎ᠶᠢᠨ ᠲᠦᠷᠰᠦ᠎ᠳᠤ ᠯᠣᠣ》 ᠪᠠ 《ᠦᠨᠢᠳᠡ ᠮᠦᠩᠬᠡᠷᠡᠬᠦ ᠰᠤᠶᠤᠯ — ᠥᠪᠥᠷ ᠮᠣᠩᠭᠣᠯ᠎ᠤᠨ ᠬᠠᠳᠤᠨ ᠭᠣᠣᠯ᠎ᠤᠨ ᠰᠣᠶᠣᠯ᠎ᠤᠨ ᠦᠵᠡᠭᠦᠯᠭᠡ》 ᠵᠢᠨ ᠨᠢᠭᠡ ᠨᠢ 2024 ᠣᠨ᠎ᠤ ᠥᠪᠥᠷ ᠮᠣᠩᠭᠣᠯ᠎ᠤᠨ ᠬᠠᠭᠤᠴᠢ ᠰᠤᠳᠤᠯᠤᠯ᠎ᠤᠨ ᠦᠪᠡᠳᠡᠭᠰᠢ ᠠᠮᠵᠢᠯᠳᠠ ᠵᠢ ᠳᠡᠯᠭᠡᠨ ᠦᠵᠡᠭᠦᠯᠵᠦ᠂ ᠨᠦᠭᠦᠭᠡ ᠨᠢ ᠥᠪᠥᠷ ᠮᠣᠩᠭᠣᠯ᠎ᠤᠨ ᠬᠠᠳᠤᠨ ᠭᠣᠣᠯ᠎ᠤᠨ ᠰᠠᠪᠠ ᠭᠠᠵᠠᠷ᠎ᠤᠨ ᠡᠷᠲᠡᠨ ᠡᠳᠦᠭᠡ᠎ᠶᠢᠨ ᠬᠤᠪᠢᠰᠤᠯᠲᠠ᠎ᠶᠢ ᠢᠯᠡᠷᠡᠭᠦᠯᠵᠦ᠂ ᠬᠤᠶᠠᠷ ᠦᠵᠡᠭᠦᠯᠭᠡ ᠳ᠋ᠤ ᠤᠮᠠᠷᠠᠲᠤ ᠬᠢᠯᠢ᠎ᠶᠢᠨ ᠰᠣᠶᠣᠯ᠎ᠤᠨ ᠪᠤᠭᠤᠷᠤᠯ ᠲᠡᠤᠬᠡ᠂ ᠭᠦᠨ ᠵᠤᠵᠠᠭᠠᠨ ᠤᠳᠬ᠎ᠠ ᠠᠭᠤᠯᠬᠤᠨ ᠢ᠋ ᠬᠠᠷᠠᠭᠤᠯᠪᠠ᠃
2024 ᠣᠨ᠎ᠳᠤ᠂ ᠥᠪᠥᠷ ᠮᠣᠩᠭᠣᠯ᠎ᠤᠨ ᠰᠣᠶᠣᠯ᠎ᠤᠨ ᠬᠦᠷᠢᠶᠡᠨ᠎ᠳᠦ ᠤᠮᠠᠷᠠᠲᠤ ᠬᠢᠯᠢ᠎ᠶᠢᠨ ᠰᠣᠶᠣᠯ᠎ᠢ ᠪᠠᠶ᠋ᠢᠭᠤᠯᠬᠤ᠎ᠪᠠᠷ ᠶᠡᠷᠦᠩᠬᠡᠢ ᠭᠠᠷᠳᠠᠴᠠ ᠪᠣᠯᠭᠠᠵᠤ᠂ ᠦᠨᠡᠨᠬᠦ ᠬᠦᠴᠦ ᠣᠷᠣᠭᠤᠯᠵᠤ᠂ ᠡᠯ᠎ᠡ ᠲᠠᠯ᠎ᠠ᠎ᠶᠢᠨ ᠬᠢᠨ᠎ᠤ ᠴᠢᠷᠮᠠᠢᠯᠭ᠎ᠠ᠎ᠪᠠᠷ᠂ ᠤᠮᠠᠷᠠᠲᠤ ᠬᠢᠯᠢ᠎ᠶᠢᠨ ᠰᠣᠶᠣᠯ᠎ᠤᠨ ᠲᠥᠷᠥᠯ ᠲᠡᠮᠳᠡᠭ᠎ᠢ ᠴᠤᠭᠴᠠᠯᠠᠪᠠ᠃
2024 ᠣᠨ ᠪᠣᠯ ᠤᠮᠠᠷᠠᠲᠤ ᠬᠢᠯᠢ᠎ᠶᠢᠨ ᠰᠣᠶᠣᠯ᠎ᠤᠨ ᠲᠤᠮᠳᠠᠳᠤ᠎ᠶᠢᠨ ᠡᠭᠡ ᠭᠠᠵᠠᠷ᠎ᠲᠤ ᠬᠡᠷᠡᠯ ᠭᠢᠯᠪᠠᠭ᠎ᠠ᠎ᠪᠠᠨ ᠰᠠᠴᠤᠷᠠᠭᠤᠯᠤᠭᠰᠠᠨ ᠨᠢᠭᠡ ᠵᠢᠯ ᠪᠣᠯᠣᠨ᠎ᠠ᠃
2024 ᠣᠨ᠎ᠤ 11 ᠰᠠᠷ᠎ᠠ᠎ᠶᠢᠨ 16 ᠤ᠋ ᠣᠷᠣᠢ᠂ ᠶᠦᠩᠵᠢᠶᠠᠩ ᠮᠥᠷᠡᠨ᠎ᠦ ᠬᠥᠪᠡᠭᠡᠨ᠎ᠳᠦ᠂ ᠮᠠᠨ᠎ᠤ ᠤᠯᠤᠰ᠎ᠤᠨ ᠦᠨᠳᠦᠰᠦᠲᠡᠨ᠎ᠦ ᠤᠳᠬ᠎ᠠ ᠵᠣᠬᠢᠶᠠᠯ᠎ᠤᠨ ᠬᠠᠮᠤᠭ᠎ᠤᠨ ᠳᠡᠭᠡᠳᠦ ᠢᠷᠠᠭᠤ ᠠᠯᠳᠠᠷ ᠪᠤᠯᠬᠤ 《ᠠᠵᠢᠨᠠᠢ ᠬᠦᠯᠦᠭ ᠱᠠᠩᠨᠠᠯ》 ᠢ᠋ ᠣᠯᠭᠣᠵᠤ᠂ ᠥᠪᠥᠷ ᠮᠣᠩᠭᠣᠯ᠎ᠤᠨ 3 ᠵᠣᠬᠢᠶᠠᠯᠴᠢ ᠪᠠ 1 ᠣᠷᠴᠢᠭᠤᠯᠤᠭ᠍ᠴᠢ ᠣᠨᠴᠠ ᠢᠷᠠᠭᠤ ᠠᠯᠳᠠᠷ ᠭᠥᠷᠳᠡᠪᠡ᠃
《ᠠᠵᠢᠨᠠᠢ ᠬᠦᠯᠦᠭ ᠱᠠᠩᠨᠠᠯ》 ᠤ᠋ᠨ ᠮᠡᠳᠡᠭᠡᠯᠡᠯ᠎ᠦᠨ ᠤᠳᠬ᠎ᠠ ᠵᠣᠬᠢᠶᠠᠯ᠎ᠤᠨ ᠱᠠᠩᠨᠠᠯ ᠭᠥᠷᠳᠡᠭᠰᠡᠨ ᠵᠣᠬᠢᠶᠠᠯᠴᠢ ᠨᠢᠦ ᠬᠠᠢ ᠺᠦᠨ 《ᠳᠡᠯᠡᠬᠡᠢ ᠵᠢᠨ ᠬᠠᠷᠠᠭᠠᠨ ᠳ᠋ᠤ》 ᠭᠡᠬᠦ ᠪᠦᠲᠦᠭᠡᠯ᠎ᠳᠡᠭᠡᠨ ᠬᠢᠩᠭᠠᠨ ᠠᠢᠮᠠᠭ᠎ᠤᠨ ᠡᠮᠡᠭᠲᠡᠢ ᠪᠠᠢ ᠵᠢᠩ ᠶᠢᠩ᠎ᠦᠨ ᠬᠣᠷᠴᠢᠨ ᠪᠠᠷᠠᠭᠤᠨ ᠭᠠᠷᠤᠨ ᠳᠤᠮᠳᠠᠳᠤ ᠬᠣᠰᠢᠭᠤᠨ᠎ᠤ 2 ᠲᠦᠮᠡ ᠭᠠᠷᠤᠢ ᠮᠠᠯᠴᠢᠨ ᠲᠠᠷᠢᠶᠠᠴᠢᠨ᠎ᠢ ᠳᠠᠭᠠᠭᠤᠯᠤᠨ ᠶᠠᠳᠠᠭᠤ ᠡᠴᠡ ᠠᠩᠭᠢᠵᠢᠷᠠᠭᠤᠯᠬᠤ ᠪᠣᠭᠣᠮᠲᠠ ᠰᠢᠪᠲᠤᠯᠤᠭᠰᠠᠨ ᠰᠡᠳᠬᠢᠯ ᠬᠥᠳᠡᠯᠭᠡᠮ᠎ᠡ ᠥᠯᠢᠭᠡᠷ᠎ᠢ ᠲᠡᠮᠳᠡᠭᠯᠡᠵᠡᠢ᠃
ᠱᠠᠩᠨᠠᠯ ᠣᠯᠭᠣᠬᠤ ᠶᠣᠰᠣᠯᠠᠯ ᠳᠡᠭᠡᠷ᠎ᠡ᠂ ᠨᠢᠤ ᠬᠠᠢ ᠺᠦᠨ᠄《ᠬᠠᠳᠭᠤᠮᠠᠯᠴᠢᠳ᠎ᠤᠨ ᠦᠯᠢᠭᠡᠷ ᠨᠠᠮᠠᠶ᠋ᠢ ᠳᠣᠭ᠍ᠳᠣᠯᠤᠭᠤᠯᠪᠠ᠂ ᠮᠣᠩᠭᠣᠯ ᠦᠨᠳᠦᠰᠦᠲᠡᠨ᠎ᠦ ᠬᠠᠳᠭᠤᠮᠠᠯᠲᠡᠳᠡᠨᠤ ᠠᠮᠢᠳᠤᠷᠠᠯ᠎ᠢ ᠬᠤᠪᠢᠷᠠᠭᠤᠯᠤᠬᠰᠠᠨ ᠢᠶᠡᠷ ᠪᠠᠷᠠᠬᠤ ᠦᠭᠡᠢ ᠨᠡᠩ ᠴᠤ᠌ ᠤᠶᠤᠨ ᠰᠠᠨᠠᠭᠠᠨ᠎ᠤ ᠬᠥᠭᠡᠭᠡᠴᠡᠯᠳᠦᠯ ᠪᠤᠯᠵᠤ ᠪᠢᠯᠡ᠂ ᠡᠨᠡ ᠪᠣᠯ ᠳᠤᠮᠳᠠᠳᠤ ᠤᠯᠤᠰ᠎ᠤᠨ ᠶᠠᠳᠠᠭᠤ᠎ᠡᠴᠡ ᠠᠩᠭᠢᠵᠢᠷᠠᠭᠤᠯᠬᠤ ᠪᠣᠭᠣᠮᠲᠠ ᠱᠢᠪᠲᠤᠯᠬᠤ ᠳᠠᠢᠯᠠᠯᠳᠤᠭᠠᠨ᠎ᠤ ᠤᠮᠠᠷᠠᠲᠤ ᠬᠢᠯᠢ᠎ᠶ᠋ᠢᠨ ᠡᠬᠡ ᠭᠠᠵᠠᠷ᠎ᠲᠠᠬᠢ ᠣᠷᠭᠢᠯᠤᠮ᠎ᠠ ᠬᠠᠯᠠᠭᠤᠨ ᠴᠤᠤᠷᠢᠶ᠎ᠠ ᠪᠣᠯᠤᠨ᠎ᠠ᠂ ᠡᠷᠬᠢᠮ ᠨᠠᠨᠳᠢᠨ ᠲᠤᠷᠱᠢᠯᠭ᠎ᠠ ᠪᠠ ᠤᠶᠤᠨ ᠤᠬᠠᠭᠠᠨ᠎ᠢᠶᠠᠨ ᠳᠡᠯᠡᠬᠡᠢ ᠳ᠋ᠠᠬᠢᠨ᠎ᠳᠤ ᠮᠡᠳᠡᠭᠦᠯᠬᠦ᠌ ᠴᠢᠬᠤᠯᠠᠲᠠᠢ ᠪᠠᠢᠨ᠎ᠠ᠂ ᠤᠷᠠᠨ ᠪᠦᠳᠦᠭᠡᠯᠢᠶᠡᠷᠢᠶᠡᠨ ᠤᠮᠠᠷᠠᠲᠤ ᠬᠢᠯᠢ᠎ᠶ᠋ᠢᠨ ᠰᠣᠶᠣᠯ᠎ᠢ ᠪᠠᠳᠠᠷᠠᠭᠤᠯᠵᠤ᠂ ᠳᠤᠮᠳᠠᠳᠤ ᠤᠯᠤᠰ᠎ᠤᠨ ᠦᠯᠢᠭᠡᠷ᠎ᠢ ᠰᠠᠢᠲᠤᠷ ᠶᠠᠷᠢᠵᠤ᠂ ᠥᠪᠥᠷ ᠮᠣᠩᠭᠣᠯ᠎ᠤᠨ ᠦᠯᠢᠭᠡᠷ᠎ᠢ ᠰᠠᠢᠲᠤᠷ ᠶᠠᠷᠢᠬᠤ ᠪᠣᠯ ᠦᠰᠦᠭ ᠪᠢᠴᠢᠭ᠎ᠦᠨ ᠠᠵᠢᠯᠳᠠᠨ᠎ᠤ ᠪᠢᠳᠠᠨ᠎ᠤ ᠭᠦᠢᠴᠡᠳᠭᠡᠪᠡᠰᠦ ᠵᠣᠬᠢᠬᠤ ᠡᠭᠦᠷᠭᠡ ᠬᠠᠷᠢᠭᠤᠴᠠᠯᠭ᠎ᠠ ᠪᠣᠯᠤᠨ᠎ᠠ》 ᠭᠡᠵᠤ ᠰᠡᠳᠬᠢᠯ ᠲᠤᠬᠳᠤᠯᠤᠨ ᠬᠡᠯᠡᠨ᠎ᠠ᠃
4 ᠵᠣᠬᠢᠶᠠᠯᠴᠢ 《ᠠᠵᠢᠨᠠᠶ ᠬᠦᠯᠦᠭ ᠱᠠᠩᠨᠠᠯ》 ᠢ᠋ ᠭᠥᠷᠳᠡᠪᠡ᠂ ᠡᠨᠡ ᠪᠣᠯ ᠥᠪᠥᠷ ᠮᠣᠩᠭᠣᠯ᠎ᠤᠨ ᠤᠳᠭ᠎ᠠ ᠵᠣᠬᠢᠶᠠᠯ᠎ᠤᠨ ᠪᠠᠰᠠ ᠨᠢᠭᠡ ᠤᠳᠠᠭ᠎ᠠ ᠵᠢᠨ 《ᠣᠷᠭᠢᠯ᠎ᠳᠤ ᠭᠠᠷᠤᠭ᠍ᠰᠠᠨ》 ᠶᠠᠪᠤᠳᠠᠯ ᠮᠥᠨ᠂ ᠥᠪᠥᠷ ᠮᠣᠩᠭᠣᠯ᠎ᠤᠨ ᠵᠣᠬᠢᠶᠠᠯᠴᠢᠳ ᠪᠢᠷ᠎ᠢᠶᠡᠷ ᠠᠨᠵᠢᠰᠤ ᠪᠣᠯᠭᠠᠵᠤ᠂ ᠨᠤᠲᠤᠭ ᠤᠰᠤᠨ᠎ᠤ᠎ᠪᠠᠨ ᠥᠩ ᠱᠢᠮᠡᠯᠢᠭ ᠬᠥᠷᠥᠰᠥ᠍ᠨᠳᠤ ᠭᠦᠨ ᠦᠨᠳᠤᠰᠤᠯᠡᠵᠤ᠂ ᠦᠨᠡᠨ ᠰᠡᠳᠭᠢᠯ᠎ᠡᠴᠡ᠎ᠪᠡᠨ ᠨᠤᠲᠤᠭ ᠤᠰᠤᠨ᠎ᠤ᠎ᠪᠠᠨ ᠥᠯᠢᠭᠡᠷ᠎ᠢ ᠪᠢᠴᠢᠭ᠌ᠯᠡᠵᠦ᠍᠂ ᠤᠮᠠᠷᠠᠲᠤ ᠬᠢᠯᠢ᠎ᠶ᠋ᠢᠨ ᠰᠣᠶᠣᠯ᠎ᠢ ᠤᠯᠠᠮᠵᠢᠯᠠᠨ ᠳᠡᠯᠭᠡᠷᠡᠭᠦᠯᠦᠭ᠌ᠰᠡᠨ ᠱᠢᠨ᠎ᠡ ᠦᠶ᠋ᠯᠡᠳᠦᠯᠭᠡ ᠮᠥᠨ᠃
2024 ᠣᠨ ᠪᠣᠯ ᠥᠪᠥᠷ ᠮᠣᠩᠭᠣᠯ᠎ᠤᠨ ᠤᠳᠭ᠎ᠠ ᠤᠷᠠᠯᠢᠭ᠎ᠤᠨ ᠰᠣᠳᠣᠨ ᠪᠦᠲᠦᠭᠡᠯ ᠵᠠᠯᠭᠠᠭ᠎ᠠ᠎ᠪᠠᠷ ᠴᠤᠯᠭᠤᠷᠠᠬᠰᠡᠨ ᠨᠢᠭᠡ ᠵᠢᠯ ᠪᠣᠯᠤᠨ᠎ᠠ᠃
《ᠲᠠᠯ᠎ᠠ ᠨᠤᠲᠤᠭ᠎ᠡᠴᠡ ᠲᠢᠶᠠᠨ ᠠᠨ ᠮᠸᠨ ᠲᠡᠯᠡᠪᠡᠢ ᠳ᠋ᠤ ᠬᠦᠷᠴᠤ ᠢᠷᠡᠭᠡᠳ ᠠᠯᠳᠠᠨ ᠬᠤᠨᠳᠠᠭ᠎ᠠ᠎ᠪᠠᠨ ᠡᠷᠬᠦᠨ ᠪᠠᠷᠢᠶ᠎ᠠ ᠁》 ᠭᠡᠬᠦ ᠮᠠᠭ᠍ᠲᠠᠭᠠᠯ ᠳᠠᠭᠤᠤ᠂ 60 ᠵᠢᠯ᠎ᠦᠨ ᠤᠨ ᠰᠠᠷ᠎ᠠ ᠵᠢ ᠬᠣᠯᠪᠣᠨ᠎ᠠ᠃
2024 ᠣᠨ᠎ᠤ 12 ᠰᠠᠷ᠎ᠠ᠎ᠶ᠋ᠢᠨ 10 ᠤ᠋ ᠡᠳᠦᠷ᠂ ᠤᠯᠠᠭᠠᠨᠮᠥ᠋ᠴᠢᠷ᠎ᠦᠨ ᠬᠠᠮᠤᠭ᠎ᠦᠨ ᠠᠩᠬ᠎ᠠ ᠤᠳᠠᠭ᠎ᠠ ᠪᠡᠭᠡᠵᠢᠩ᠎ᠳᠦ ᠲᠣᠭ᠍ᠯᠠᠯᠲᠠ ᠭᠠᠷᠭᠠᠭ᠍ᠰᠠᠨ 60 ᠵᠢᠯ᠎ᠦᠨ ᠣᠶ᠎ᠶ᠋ᠢ ᠳᠤᠷᠠᠰᠭᠠᠬᠤ ᠰᠣᠳᠣᠨ ᠲᠣᠭ᠍ᠯᠠᠯᠲᠠ ᠪᠡᠭᠡᠵᠢᠩ᠎ᠦᠨ ᠦᠨᠳᠦᠰᠦᠲᠡᠨ᠎ᠦ ᠰᠣᠶᠣᠯ᠎ᠤᠨ ᠣᠷᠳᠣᠨ᠎ᠳᠤ ᠶᠠᠪᠤᠭ᠍ᠳᠠᠪᠠ᠃ ᠱᠢᠨ᠎ᠡ ᠨᠢᠭᠡ ᠦᠶ᠎ᠡ᠎ᠶ᠋ᠢᠨ ᠤᠯᠠᠭᠠᠨᠮᠥ᠋ᠴᠢᠷ᠎ᠦᠨ ᠭᠡᠱᠢᠭᠦᠳ 《ᠮᠣᠷᠢᠨ ᠬᠣᠩᠬᠣ ᠵᠤᠯ ᠵᠢᠷᠭᠠᠯ ᠤ᠋ᠨ ᠲᠠᠭᠤᠤ ᠵᠢ ᠬᠠᠩᠭᠢᠨᠠᠭᠤᠯᠤᠨ᠎ᠠ》 ᠶ᠋ᠢ ᠪᠦᠵᠢᠭᠯᠡᠵᠤ᠂ ᠣᠷᠭᠢᠯᠤᠮ᠎ᠠ ᠬᠠᠯᠠᠭᠤᠨ ᠰᠡᠳᠭᠢᠯᠭᠡ᠎ᠲᠡᠶ᠂ ᠦᠨᠳᠦᠰᠦᠲᠡᠨ᠎ᠦ ᠪᠥᠵᠢᠭ ᠨᠢ ᠦᠵᠡᠭ᠌ᠴᠢᠳ᠎ᠢ ᠭᠠᠢᠬᠠᠰᠢ ᠠᠯᠳᠠᠭᠤᠯᠵᠤ ᠪᠢᠯᠡ᠃
《ᠮᠣᠷᠢᠨ ᠬᠣᠩᠬᠣ ᠵᠤᠯ ᠵᠢᠷᠭᠠᠯ ᠤ᠋ᠨ ᠲᠠᠭᠤᠤ ᠵᠢ ᠬᠠᠩᠭᠢᠨᠠᠭᠤᠯᠤᠨ᠎ᠠ》 ᠨᠢ ᠠᠷᠪᠠᠨ ᠳᠥᠷᠪᠡᠳᠦᠭᠡᠷ ᠬᠤᠭᠤᠴᠠᠭᠠᠨ᠎ᠤ ᠳᠤᠮᠳᠠᠳᠤ ᠤᠯᠤᠰ᠎ᠤᠨ ᠪᠥᠵᠢᠭ᠎ᠦᠨ 《ᠯᠢᠨᠭᠬᠣᠠ ᠱᠠᠩᠨᠠᠯ》 ᠤ᠋ᠨ ᠦᠨᠳᠦᠰᠦᠲᠡᠨ᠎ᠦ ᠠᠷᠠᠳ᠎ᠤᠨ ᠪᠥᠵᠢᠭᠲᠦ ᠲᠦᠷᠦᠭᠦᠯᠡᠪᠡ᠂ ᠡᠨᠡ ᠪᠣᠯ ᠥᠪᠥᠷ ᠮᠣᠩᠭᠣᠯ᠎ᠤᠨ ᠪᠥᠵᠢᠭ ᠵᠢᠷᠭᠤᠭᠠᠨ ᠵᠢᠯ ᠳᠠᠷᠠᠭᠠᠯᠠᠨ 《ᠯᠢᠨᠭᠬᠣᠠ ᠱᠠᠩᠨᠠᠯ》 ᠭᠥᠷᠳᠡᠵᠤ ᠪᠠᠢᠭ᠎ᠠ ᠶᠠᠪᠤᠳᠠᠯ ᠪᠣᠯᠤᠨ᠎ᠠ᠃
2024 ᠣᠨ᠎ᠤ 9 ᠰᠠᠷ᠎ᠠ᠎ᠳᠤ᠂ ᠲᠥᠪ᠎ᠦᠨ ᠷᠠᠳᠢᠣ᠋ ᠲᠧᠯᠸᠢᠰ᠎ᠦᠨ ᠶᠡᠷᠦᠩᠬᠡᠶ ᠬᠣᠷᠢᠶ᠎ᠠ ᠵᠡᠷᠭᠡ᠎ᠡᠴᠡ ᠦᠶ᠋ᠯᠡᠳᠦᠭ᠌ᠰᠡᠨ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠤᠬᠠᠭᠤᠯᠬᠤ ᠬᠡᠯᠲᠡᠰ ᠵᠡᠷᠭᠡ᠎ᠵᠢᠨ ᠬᠠᠮᠲᠤᠷᠠᠨ ᠦᠶ᠋ᠯᠡᠳᠦᠭ᠌ᠰᠡᠨ ᠲᠧᠯᠸᠢᠰ ᠵᠦᠴᠦᠭᠡ 《ᠠᠪᠤ᠎ᠶ᠋ᠢᠨ ᠦᠶ᠎ᠡ᠎ᠶ᠋ᠢᠨ ᠬᠦᠮᠦᠰ᠎ᠤᠨ ᠢᠷᠠᠭᠤ ᠠᠯᠳᠠᠷ》 ᠨᠢ ᠳᠤᠮᠳᠠᠳᠤ ᠤᠯᠤᠰ᠎ᠤᠨ ᠲᠧᠯᠸᠢᠰ ᠵᠦᠴᠦᠭᠡ᠎ᠶ᠋ᠢᠨ 《ᠨᠢᠰᠬᠦ ᠲᠠᠬᠢᠨᠢ ᠨᠡᠷᠡᠮᠵᠢᠲᠤ ᠱᠠᠩᠨᠠᠯ》 ᠢ᠋ ᠭᠥᠷᠳᠡᠪᠡ᠃ ᠲᠤᠰ ᠵᠦᠴᠦᠭᠡ ᠨᠢ ᠳᠡᠭᠡᠷ᠎ᠡ ᠵᠠᠭᠤᠨ᠎ᠤ ᠶᠡᠷᠡᠭᠡᠳ ᠣᠨ᠎ᠤ ᠤᠢ ᠱᠢᠭᠤᠢ᠎ᠶ᠋ᠢᠨ ᠥᠭᠡᠷᠡᠴᠢᠯᠡᠯᠲᠡ᠎ᠪᠡᠷ ᠠᠬᠤᠢ ᠪᠠᠢᠳᠠᠯ ᠪᠣᠯᠭᠠᠵᠤ᠂ ᠭᠤᠷᠪᠠᠨ ᠦᠶ᠎ᠡ᠎ᠶ᠋ᠢᠨ ᠤᠢ ᠱᠢᠭᠤᠢ᠎ᠶ᠋ᠢᠨ ᠠᠵᠢᠯᠲᠡᠨ᠎ᠤ ᠤᠯᠠᠮᠵᠢᠯᠠᠯ ᠪᠠ ᠪᠠᠷᠢᠮᠲᠠᠯᠠᠯ᠎ᠢ ᠬᠦᠤᠷᠨᠢᠵᠦ᠂ ᠱᠢᠷᠭᠠᠭᠤ ᠬᠠᠲᠠᠭᠤᠵᠢᠯᠲᠠᠢ ᠲᠡᠮᠡᠴᠡᠬᠦ᠌᠂ ᠬᠠᠷᠠᠮ ᠦᠭᠡᠢ ᠵᠣᠷᠢᠭᠤᠯᠬᠤ᠂ ᠴᠥᠬᠥᠷᠡᠰᠢ ᠦᠭᠡᠢ ᠴᠢᠷᠮᠠᠢᠬᠤ᠂ ᠤᠳᠠᠭᠠᠨ ᠳᠠᠭᠠᠭᠠᠮᠠᠭᠠᠢ ᠵᠢᠳᠬᠦᠨ ᠴᠢᠷᠮᠠᠢᠬᠤ 《ᠤᠮᠠᠷᠠᠲᠤ᠎ᠶ᠋ᠢᠨ ᠭᠤᠷᠪᠠᠨ ᠣᠷᠣᠨ᠎ᠤ ᠵᠣᠷᠢᠭ ᠰᠠᠨᠠᠭ᠎ᠠ》 ᠵᠢ ᠢᠯᠡᠷᠡᠭᠦᠯᠪᠡ᠃
2024 ᠣᠨ᠎ᠳᠤ᠂ ᠥᠪᠥᠷ ᠮᠣᠩᠭᠣᠯ ᠰᠢ ᠵᠢᠨ ᠫᠢᠩ᠎ᠦᠨ ᠰᠣᠶᠣᠯ᠎ᠤᠨ ᠦᠵᠡᠯ ᠰᠠᠨᠠᠭ᠎ᠠ᠎ᠶ᠋ᠢ ᠭᠦᠨᠵᠡᠭᠡᠶ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠬᠣᠶᠠᠷ ᠶᠡᠬᠡ ᠶᠠᠪᠤᠳᠠᠯ᠎ᠢ ᠴᠢᠷᠮᠠᠢᠨ ᠰᠠᠢᠳᠤᠷ ᠪᠡᠶᠡᠯᠡᠭᠦᠯᠵᠦ᠍᠂ ᠤᠮᠠᠷᠠᠲᠤ ᠬᠢᠯᠢ᠎ᠶ᠋ᠢᠨ ᠰᠣᠶᠣᠯ᠎ᠤᠨ ᠲᠥᠷᠥᠯ ᠲᠡᠮᠳᠡᠭ᠎ᠢ ᠨᠡᠷ᠎ᠡ ᠠᠯᠳᠠᠷᠰᠢᠭᠤᠯᠵᠤ᠂ ᠴᠢᠬᠤᠯᠠ ᠶᠡᠬᠡ ᠭᠤᠤᠯ ᠰᠡᠳᠦᠪᠲᠦ ᠤᠳᠭ᠎ᠠ ᠤᠷᠠᠯᠢᠭ᠎ᠤᠨ ᠵᠣᠬᠢᠶᠠᠨ ᠪᠦᠲᠦᠭᠡᠯᠭᠡ᠎ᠶ᠋ᠢ ᠵᠣᠬᠢᠶᠠᠨ ᠪᠠᠢᠭᠤᠯᠵᠤ᠂ ᠡᠯᠪᠡᠭ ᠪᠠᠶᠠᠯᠢᠭ ᠦᠷ᠎ᠡ ᠪᠦᠲᠦᠭᠡᠯ ᠣᠯᠵᠤ᠂ ᠳᠤᠮᠳᠠᠳᠤ ᠤᠯᠤᠰ᠎ᠤᠨ ᠵᠣᠷᠢᠭ ᠰᠠᠨᠠᠭ᠎ᠠ᠂ ᠴᠠᠭ ᠦᠶ᠎ᠡ᠎ᠶ᠋ᠢᠨ ᠳᠦᠷᠰᠦ ᠪᠠᠢᠳᠠᠯ᠂ ᠤᠮᠠᠷᠠᠲᠤ ᠬᠢᠯᠢ᠎ᠶ᠋ᠢᠨ ᠬᠡᠪ ᠨᠠᠮᠪᠠ᠎ᠶ᠋ᠢ ᠢᠯᠡᠷᠡᠭᠦᠯᠦᠭ᠌ᠰᠡᠨ ᠤᠳᠭ᠎ᠠ ᠤᠷᠠᠯᠢᠭ᠎ᠤᠨ ᠰᠣᠳᠣᠨ ᠪᠦᠲᠦᠭᠡᠯ ᠲᠠᠰᠤᠷᠠᠯᠲᠠ ᠥᠬᠡᠶ ᠴᠣᠯᠭᠣᠷᠠᠨ ᠭᠠᠷᠪᠠ᠃
ᠤᠳᠭ᠎ᠠ ᠤᠷᠠᠯᠢᠭ᠎ᠤᠨ ᠰᠣᠳᠣᠨ ᠪᠦᠲᠦᠭᠡᠯ ᠣᠯᠠᠨ ᠠᠷᠪᠢᠨ ᠴᠣᠯᠭᠣᠷᠠᠨ ᠭᠠᠷᠤᠭ᠍ᠰᠠᠨ᠎ᠤ ᠰᠢᠯᠲᠠᠭᠠᠨ ᠨᠢ ᠤᠮᠠᠷᠠᠲᠤ ᠬᠢᠯᠢ᠎ᠶ᠋ᠢᠨ ᠰᠣᠶᠣᠯ᠎ᠤᠨ ᠬᠦᠮᠦᠰ ᠲᠤ᠌ ᠬᠦᠷᠢᠶᠡᠯᠡᠭᠳᠡᠵᠦ ᠬᠠᠯᠠᠮᠰᠢᠯ ᠪᠤᠯᠤᠭᠰᠠᠨ᠎ᠳᠤ ᠪᠠᠢᠨ᠎ᠠ᠃ 2024 ᠣᠨ᠎ᠳᠤ᠂ ᠥᠪᠥᠷ ᠮᠣᠩᠭᠣᠯ ᠤᠮᠠᠷᠠᠲᠤ ᠬᠢᠯᠢ᠎ᠶ᠋ᠢᠨ ᠰᠣᠶᠣᠯ᠎ᠢ 《ᠭᠠᠳᠠᠭᠰᠢ ᠲᠡᠯᠭᠡᠷᠡᠭᠦᠯᠬᠦ》 ᠱᠢᠷᠢᠰ ᠠᠵᠢᠯᠯᠠᠭ᠎ᠠ ᠥᠷᠨᠢᠭᠦᠯᠵᠦ᠍᠂ ᠣᠷᠣᠨ᠎ᠤ ᠭᠠᠳᠠᠨᠠᠬᠢ ᠦᠵᠡᠰᠭᠦᠯᠡᠩ ᠪᠠ ᠲᠡᠯᠭᠡᠨ ᠦᠵᠡᠭᠦᠯᠭᠡ᠂ ᠤᠷᠠᠨ ᠰᠠᠢᠬᠠᠨ᠎ᠤ ᠲᠣᠭ᠍ᠯᠠᠯᠲᠠ ᠵᠡᠷᠭᠡ ᠰᠣᠶᠣᠯ᠎ᠤᠨ ᠰᠣᠯᠢᠯᠴᠠᠭᠠᠨ᠎ᠤ 82 ᠵᠦᠢᠯ᠎ᠤᠨ ᠠᠵᠢᠯᠯᠠᠭ᠎ᠠ᠎ᠶ᠋ᠢ ᠨᠠᠷᠢᠨ ᠨᠢᠮᠪᠠᠢ ᠵᠣᠬᠢᠶᠠᠨ ᠪᠠᠢᠭᠤᠯᠤᠨ ᠤᠬᠠᠭᠠᠯᠠᠪᠠ᠃ ᠡᠲᠡᠭᠡᠷ ᠠᠵᠢᠯᠯᠠᠭ᠎ᠠ᠎ᠶ᠋ᠢᠨ ᠬᠡᠯᠪᠡᠷᠢ ᠨᠢ ᠣᠯᠠᠨ ᠶᠠᠩᠵᠤᠪᠠᠢᠵᠤ᠂ ᠶᠡᠷᠦ᠍ ᠪᠤᠰᠤ᠎ᠶ᠋ᠢᠨ ᠲᠤᠰᠭᠠᠯᠭᠠᠷᠴᠤ᠂ ᠤᠮᠠᠷᠠᠲᠤ ᠬᠢᠯᠢ᠎ᠶ᠋ᠢᠨ ᠰᠣᠶᠣᠯ᠎ᠢ ᠬᠦᠮᠦᠰ ᠲᠤ᠌ ᠪᠠᠬᠠᠷᠬᠠᠭᠤᠯᠤᠭᠰᠠᠨ ᠮᠦᠷᠲᠡᠭᠡᠨ ᠬᠠᠯᠠᠮᠰᠢᠯ ᠪᠤᠯᠤᠭᠰᠠᠨᠪᠠᠢᠨᠠ᠃
ᠰᠣᠶᠣᠯ᠎ᠢᠶᠠᠷ ᠵᠢᠭᠤᠯᠴᠢᠯᠠᠯ᠎ᠢ ᠠᠬᠢᠭᠤᠯᠵᠤ᠂ ᠵᠢᠭᠤᠯᠴᠢᠯᠠᠯ᠎ᠢᠶᠠᠷ ᠰᠣᠶᠣᠯ᠎ᠢ ᠢᠯᠡᠷᠡᠭᠦᠯᠬᠦ᠌ ᠪᠣᠯ ᠰᠣᠶᠣᠯ ᠵᠢᠭᠤᠯᠴᠢᠯᠠᠯ᠎ᠢ ᠠᠭᠤᠰᠤᠯᠴᠠᠭᠤᠯᠤᠨ ᠬᠥᠭ᠌ᠵᠢᠭᠦᠯᠬᠦ᠌᠎ᠶ᠋ᠢᠨ ᠭᠣᠣᠯ ᠴᠢᠮᠥᠭᠡ ᠪᠣᠯᠤᠨ᠎ᠠ᠃ 2024 ᠣᠨ ᠪᠣᠯ ᠥᠪᠥᠷ ᠮᠣᠩᠭᠣᠯ᠎ᠤᠨ ᠰᠣᠶᠣᠯ ᠵᠢᠭᠤᠯᠴᠢᠯᠠᠯ᠎ᠤᠨ ᠭᠦᠨᠵᠡᠭᠡᠶ ᠠᠭᠤᠰᠤᠯᠴᠠᠭᠰᠠᠨ᠂ ᠰᠠᠢᠨ ᠡᠬᠢᠯᠡᠯᠲᠡ ᠲᠠᠢ ᠮᠦᠷᠲᠡᠭᠡᠨ ᠰᠠᠢᠳᠤᠷ ᠬᠦᠭᠵᠢᠭᠰᠡᠨ ᠨᠢᠭᠡ ᠵᠢᠯ ᠪᠣᠯᠤᠨ᠎ᠠ᠃
2024 ᠣᠨ᠎ᠤ 7 ᠰᠠᠷ᠎ᠠ᠎ᠶ᠋ᠢᠨ 14 ᠤ᠋ ᠡᠳᠦᠷ᠂ ᠦᠵᠡᠰᠭᠦᠯᠡᠩᠲᠦ ᠰᠠᠢᠬᠠᠨ ᠱᠢᠯᠢ᠎ᠶ᠋ᠢᠨ ᠭᠤᠤᠯ᠎ᠤᠨ ᠬᠥᠪᠡᠭᠡᠨ᠎ᠳᠦ 《ᠲᠠᠯ᠎ᠠ ᠨᠤᠲᠤᠭ᠎ᠤ᠋ᠨ ᠨᠠᠨᠳᠢᠨ ᠪᠣᠯᠵᠣᠭ᠎ᠠ·ᠲᠠᠩᠰᠤᠭ ᠨᠠᠭᠠᠳᠤᠮ᠎ᠤᠨ ᠪᠠᠶᠠᠷᠳᠤ ᠵᠤᠯᠭᠠᠯᠳᠠ》 ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 34 ᠳ᠋ᠤᠭᠡᠷ ᠬᠤᠭᠤᠴᠠᠭᠠᠨ᠎ᠤ ᠲᠠᠯ᠎ᠠ ᠨᠤᠲᠤᠭ᠎ᠤᠨ ᠨᠠᠭᠠᠳᠤᠮ ᠱᠢᠯᠢᠨᠭᠬᠤᠳᠠᠳᠤ ᠡᠬᠢᠯᠡᠵᠦ᠍᠂ ᠪᠠᠷᠤᠭ 10 ᠲᠦᠮᠡᠨ ᠵᠢᠭᠤᠯᠴᠢᠯᠠᠭᠰᠠᠳ ᠥᠷᠭᠡᠨ ᠠᠭᠤᠳᠠᠮ ᠲᠠᠯ᠎ᠠ ᠨᠤᠲᠤᠭ᠎ᠲᠤ ᠬᠦᠷᠴᠦ ᠤᠨᠴᠠᠯᠢᠬ᠍ᠳᠤ ᠰᠣᠶᠣᠯ᠎ᠢ ᠪᠡᠶᠡᠴᠢᠯᠡᠨ ᠣᠢᠯᠠᠭᠠᠪᠠ᠃
ᠳᠡᠯᠭᠡᠷ ᠵᠤᠨ᠎ᠤ ᠥᠪᠥᠷ ᠮᠣᠩᠭᠣᠯ ᠳ᠋ᠤ᠂ ᠡᠳᠦᠷ ᠪᠦᠷᠢ ᠦᠪᠡᠳᠡᠭ᠌ᠰᠢ ᠴᠤᠭ᠍ᠯᠠᠭᠠᠨ ᠪᠤᠯᠵᠤ᠂ ᠭᠠᠵᠠᠷ ᠪᠣᠯᠭᠠᠨ᠎ᠳᠤ ᠠᠶᠠᠯᠭᠤ ᠳᠠᠭᠤᠤᠴᠤᠤᠷᠢᠶᠠᠲᠤᠨᠠ᠃ ᠪᠤᠭᠤᠲᠤ ᠬᠣᠲᠠ᠂ ᠬᠢᠩᠭᠠᠨ ᠠᠢᠮᠠᠭ᠂ ᠤᠯᠠᠭᠠᠨᠴᠠᠪ ᠬᠣᠲᠠ᠂ ᠬᠥᠯᠥᠨ ᠪᠣᠢᠷ ᠬᠣᠲᠠ ᠵᠡᠷᠭᠡ ᠣᠯᠠᠨ ᠠᠢᠮᠠᠭ ᠬᠣᠲᠠ ᠴᠥᠮ ᠪᠥᠬᠥ᠌ ᠠᠷᠠᠳ᠎ᠢᠶᠠᠷ᠎ᠢᠶᠠᠨ ᠣᠷᠣᠯᠴᠠᠬᠤ᠂ ᠪᠥᠬᠥ᠌ ᠠᠷᠠᠳ᠎ᠢᠶᠠᠷ᠎ᠢᠶᠠᠨ ᠴᠡᠩᠬᠡᠯᠳᠤᠬᠦ ᠨᠠᠢᠷ ᠨᠠᠭᠠᠳᠤᠮ ᠤ᠋ᠨ ᠠᠵᠢᠯᠯᠠᠭ᠎ᠠ᠎ᠶ᠋ᠢ ᠡᠬᠢᠯᠡᠭᠦᠯᠪᠡ᠃
《34 ᠳ᠋ᠤᠭᠡᠷ ᠬᠤᠭᠤᠴᠠᠭᠠᠨ᠎ᠤ ᠲᠠᠯ᠎ᠠ ᠨᠤᠲᠤᠭ᠎ᠤᠨ ᠨᠠᠭᠠᠳᠤᠮ》᠂ 《ᠡᠳᠦᠷ ᠪᠦᠷᠢ᠎ᠶ᠋ᠢᠨ ᠨᠠᠢᠷ ᠨᠠᠭᠠᠳᠤᠮ》 ᠵᠡᠷᠭᠡ ᠵᠠᠩᠭᠢᠯᠠᠭ᠎ᠠ᠎ᠶ᠋ᠢᠨ ᠦᠭᠡ ᠤᠯᠤᠰ᠎ᠤᠨ ᠳᠣᠲᠣᠭᠠᠳᠤ᠎ᠶ᠋ᠢᠨ ᠵᠢᠭᠤᠯᠴᠢᠯᠠᠯ᠎ᠤᠨ ᠲᠠᠪᠴᠠᠩ᠎ᠤᠨ ᠵᠣᠨ᠎ᠤ ᠤᠯᠠᠷᠢᠯ᠎ᠤᠨ ᠬᠠᠯᠠᠮᠱᠢᠯ ᠴᠡᠭ ᠪᠤᠯᠵᠤ ᠪᠥᠬᠥ᠌ ᠤᠯᠤᠰ᠎ᠤᠨ ᠡᠮᠦᠨ᠎ᠡ ᠡᠩᠨᠡᠭᠡᠨ᠎ᠳᠦ ᠣᠷᠣᠪᠠ᠃
ᠲᠦᠷᠪᠡᠨ ᠵᠦᠭ ᠨᠠᠢ᠍ᠮᠠᠨ ᠵᠤᠪᠬᠢᠰ ᠤ᠋ᠨ ᠵᠢᠭᠤᠯᠴᠢᠯᠠᠭ᠍ᠰᠠᠳ ᠥᠪᠥᠷ ᠮᠣᠩᠭᠣᠯ᠎ᠳᠤ ᠢᠷᠡᠭᠡᠳ᠂ ᠤᠯᠠᠮᠵᠢᠯᠠᠯᠲᠤ ᠤᠷᠤᠯᠳᠤᠭᠠᠨ᠎ᠦ ᠲᠦᠷᠦᠯ ᠵᠦᠢᠯ᠎ᠳᠦ ᠣᠷᠭᠢᠯᠤᠮ᠎ᠠ ᠬᠠᠯᠠᠭᠤᠨ ᠰᠡᠳᠭᠢᠯᠭᠡ᠎ᠪᠡᠨ ᠢᠯᠡᠷᠡᠭᠦᠯᠵᠦ᠂ ᠤᠨᠴᠠᠯᠢᠬ᠍ᠳᠤ ᠠᠮᠲᠠᠲᠤ ᠢᠳᠡᠭᠡᠨ ᠤᠮᠳᠠᠭᠠᠨ ᠡᠴᠡ ᠠᠮᠳᠠᠯᠠᠵᠤ᠂ ᠲᠠᠯ᠎ᠠ ᠨᠤᠲᠤᠭ᠎ᠤᠨ ᠦᠵᠡᠰᠭᠦᠯᠡᠩᠲᠦ ᠰᠠᠢᠬᠠᠨ ᠦᠵᠡᠮᠵᠢ᠎ᠶ᠋ᠢ ᠪᠠᠬᠠᠷᠬᠠᠨ ᠰᠤᠨᠢᠷᠬᠠᠯ᠎ᠠ ᠁ ᠨᠠᠭᠠᠳᠤᠮ᠎ᠤᠨ ᠶᠡᠬᠡ ᠬᠤᠷᠠᠯ ᠨᠢ ᠡᠯᠪᠡᠭ ᠬᠤᠷᠢᠶᠠᠯᠲᠠ᠎ᠶ᠋ᠢ ᠪᠡᠯᠭᠡᠯᠡᠬᠦ᠌᠎ᠶ᠋ᠢᠨ ᠲᠥᠯᠥᠭᠡ ᠬᠢᠭ᠌ᠰᠡᠨ ᠰᠣᠶᠣᠯ ᠪᠡᠶ᠎ᠡ᠎ᠶ᠋ᠢᠨ ᠲᠠᠮᠢᠷ ᠵᠤᠭ᠎ᠠ ᠴᠡᠩᠭᠡᠯ᠎ᠦᠨ ᠶᠡᠬᠡ ᠬᠤᠷᠠᠯ ᠪᠣᠯᠬᠤ᠎ᠪᠠᠷ ᠪᠠᠷᠠᠬᠤ ᠦᠭᠡᠢ᠂ ᠨᠡᠩ ᠴᠤ᠌ ᠨᠢᠭᠡᠨ ᠭᠡᠷᠡᠯ ᠰᠠᠴᠤᠷᠠᠩᠭᠤᠢ ᠰᠣᠶᠣᠯ ᠪᠠ ᠵᠢᠭᠤᠯᠴᠢᠯᠠᠯ᠎ᠤᠨ ᠨᠡᠷ᠎ᠡ᠎ᠶ᠋ᠢᠨ ᠬᠠᠭᠤᠳᠠᠰᠤ ᠪᠤᠯᠵᠤ᠂ ᠥᠪᠥᠷ ᠮᠣᠩᠭᠣᠯ᠎ᠤᠨ ᠦᠵᠡᠰᠭᠦᠯᠡᠩᠲᠦ ᠰᠠᠢᠬᠠᠨ ᠦᠵᠡᠮᠵᠢ᠂ ᠱᠢᠨ᠎ᠡ ᠴᠠᠭ ᠦᠶ᠎ᠡ᠎ᠶ᠋ᠢᠨ ᠵᠣᠯ ᠵᠢᠷᠭᠠᠯᠲᠤ ᠠᠮᠢᠳᠤᠷᠠᠯ᠎ᠢ ᠳᠡᠯᠭᠡᠨ ᠦᠵᠡᠭᠦᠯᠦᠭ᠌ᠰᠡᠨ ᠦᠵᠡᠰᠭᠦᠯᠡᠩᠲᠦ ᠰᠠᠢᠬᠠᠨ ᠵᠢᠷᠤᠭ ᠪᠤᠯᠵᠤ ᠪᠢᠯᠡ᠃
ᠬᠡᠷᠪᠡ ᠵᠣᠨ᠎ᠤ ᠤᠯᠠᠷᠢᠯ ᠤ᠋ᠨ 《ᠨᠠᠢᠷ ᠨᠠᠭᠠᠳᠤᠮ》 ᠨᠢ ᠥᠪᠥᠷ ᠮᠣᠩᠭᠣᠯ᠎ᠤᠨ ᠰᠣᠶᠣᠯ ᠪᠠ ᠵᠢᠭᠤᠯᠴᠢᠯᠠᠯ᠎ᠤᠨ ᠥᠭᠡᠳᠡᠯᠡᠨ ᠳᠠᠪᠱᠢᠬᠤ ᠬᠠᠨᠳᠤᠰᠢ᠎ᠶ᠋ᠢ ᠠᠬᠢᠭᠤᠯᠤᠭ᠍ᠰᠠᠨ ᠪᠣᠯ᠂ ᠠᠯᠲᠠᠨ ᠨᠠᠮᠤᠷ᠎ᠤᠨ ᠤᠯᠠᠷᠢᠯ᠎ᠤᠨ 《ᠠᠶᠠᠯᠭᠤᠳᠤ ᠵᠢᠭᠤᠯᠴᠢᠯᠠᠯ ᠥᠪᠥᠷ ᠮᠣᠩᠭᠣᠯ》 ᠨᠢ ᠨᠠᠩ ᠴᠤ᠌ ᠥᠪᠥᠷ ᠮᠣᠩᠭᠣᠯ᠎ᠤᠨ ᠰᠣᠶᠣᠯ ᠵᠢᠭᠤᠯᠴᠢᠯᠠᠯ᠎ᠳᠤ 《ᠭᠦᠭ》 ᠨᠡᠮᠡᠷᠢᠯᠡᠭ᠌ᠰᠡᠨ ᠪᠠᠢᠨ᠎ᠠ᠃
《ᠠᠶᠠᠯᠭᠤ᠎ᠲᠦ ᠵᠢᠭᠤᠯᠴᠢᠯᠠᠯ ᠥᠪᠥᠷ ᠮᠣᠩᠭᠣᠯ》 ᠪᠣᠯ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠎ᠦᠨ ᠭᠠᠷᠭᠠᠭ᠍ᠰᠠᠨ ᠣᠷᠣᠨ ᠪᠦᠰᠡ᠎ᠶ᠋ᠢᠨ ᠰᠣᠶᠣᠯ ᠵᠢᠭᠤᠯᠴᠢᠯᠠᠯ᠎ᠤᠨ ᠲᠦᠷᠦᠯ ᠲᠡᠮᠳᠡᠭ ᠪᠣᠯᠤᠨ᠎ᠠ᠃ 2024 ᠣᠨ᠎ᠤ ᠤᠯᠤᠰ᠎ᠤᠨ ᠪᠠᠶᠠᠷ᠎ᠤᠨ ᠬᠤᠭᠤᠴᠠᠭᠠᠨ᠎ᠳᠤ᠂ ᠪᠥᠬᠥ᠌ ᠣᠷᠣᠨ᠎ᠢᠶᠡᠷ᠎ᠢᠶᠡᠨ 《ᠠᠶᠠᠯᠭᠤ᠎ᠲᠦ ᠵᠢᠭᠤᠯᠴᠢᠯᠠᠯ ᠥᠪᠥᠷ ᠮᠣᠩᠭᠣᠯ》 ᠭᠡᠬᠦ ᠭᠤᠤᠯ ᠰᠡᠳᠦᠪ᠎ᠦᠨ ᠲᠣᠭᠣᠷᠢᠨ᠎ᠳᠤ 20 ᠵᠤᠷᠪᠤᠰ ᠰᠣᠳᠣᠨ ᠵᠢᠭᠤᠯᠴᠢᠯᠠᠯ᠎ᠤᠨ ᠱᠤᠭᠤᠮ ᠭᠠᠷᠭᠠᠵᠦ᠂ 130 ᠵᠦᠶ᠋ᠯ᠎ᠦᠨ ᠭᠤᠤᠯᠳᠠᠯᠭ᠎ᠠ᠎ᠲᠠᠶ ᠰᠣᠶᠣᠯ ᠵᠢᠭᠤᠯᠴᠢᠯᠠᠯ᠎ᠤᠨ ᠠᠵᠢᠯᠯᠠᠭᠠᠦᠷᠨᠢᠬᠦᠯᠪᠠ᠃
《ᠳᠠᠭᠤᠤ ᠬᠥᠭ᠌ᠵᠢᠮ ᠬᠤᠤᠰᠯᠠᠨ᠂ ᠪᠠᠶᠠᠷ ᠬᠦᠷ᠎ᠲᠡᠶ ᠵᠢᠭᠤᠯᠴᠢᠯᠠᠨ᠎ᠠ》᠃ ᠤᠯᠤᠰ᠎ᠤᠨ ᠪᠠᠶᠠᠷ᠎ᠤᠨ ᠬᠤᠭᠤᠴᠠᠭᠠᠨ᠎ᠳᠤ᠂ ᠥᠪᠥᠷ ᠮᠣᠩᠭᠣᠯ᠎ᠤᠨ ᠵᠢᠭᠤᠯᠴᠢᠯᠠᠯ᠎ᠤᠨ ᠵᠠᠬᠢᠶᠠᠯᠠᠭ᠎ᠠ᠎ᠶ᠋ᠢᠨ ᠬᠡᠮᠵᠢᠶ᠎ᠡ ᠠᠳᠠᠯᠢ ᠬᠤᠭᠤᠴᠠᠭᠠᠨ᠎ᠤ᠎ᠬᠢ᠎ᠡᠴᠡ 15% ᠪᠠᠷ ᠨᠡᠮᠡᠭ᠌ᠳᠡᠵᠦ᠍᠂ ᠡᠭᠦᠳᠡᠨ ᠪᠢᠯᠧᠲ᠎ᠦᠨ ᠵᠠᠬᠢᠶᠠᠯᠠᠭ᠎ᠠ᠎ᠶ᠋ᠢᠨ ᠬᠡᠮᠵᠢᠶ᠎ᠡ ᠠᠳᠠᠯᠢ ᠬᠤᠭᠤᠴᠠᠭᠠᠨ᠎ᠤ᠎ᠬᠢ᠎ᠡᠴᠡ 23% ᠪᠠᠷ ᠨᠡᠮᠡᠭ᠌ᠳᠡᠵᠦ᠍᠂ ᠬᠢᠯᠢ᠎ᠪᠡᠷ ᠣᠷᠣᠵᠤ ᠢᠷᠡᠭ᠌ᠰᠡᠨ ᠵᠠᠬᠢᠶᠠᠯᠠᠭ᠎ᠠ᠎ᠶ᠋ᠢᠨ ᠬᠡᠮᠵᠢᠶ᠎ᠡ ᠠᠳᠠᠯᠢ ᠬᠤᠭᠤᠴᠠᠭᠠᠨ᠎ᠤ᠎ᠬᠢ᠎ᠡᠴᠡ 23% ᠪᠠᠷ ᠨᠡᠮᠡᠭ᠌ᠳᠡᠵᠦ᠍᠂ ᠪᠡᠭᠡᠵᠢᠩ᠂ ᠱᠠᠩᠬᠠᠶ᠂ ᠲᠢᠶᠠᠨᠵᠢᠨ᠂ ᠮᠦᠭ᠌ᠳᠡᠨ᠂ ᠰᠢ ᠠᠨ ᠵᠡᠷᠭᠡ ᠭᠠᠵᠠᠷ᠎ᠤᠨ ᠦᠯᠡᠮᠵᠢ ᠣᠯᠠᠨ ᠵᠢᠭᠤᠯᠴᠢᠯᠠᠭ᠍ᠰᠠᠳ ᠣᠷᠣᠵᠤ ᠢᠷᠡᠵᠦ᠍᠂ ᠥᠪᠥᠷ ᠮᠣᠩᠭᠣᠯ᠎ᠤᠨ ᠨᠠᠮᠤᠷ᠎ᠤᠨ ᠥᠩᠭᠡᠳᠦ ᠭᠣᠢᠳᠠ ᠰᠠᠢᠬᠠᠨ ᠦᠵᠡᠮᠵᠢ᠎ᠶ᠋ᠢ ᠪᠢᠴᠢᠭ᠌ᠯᠡᠪᠡ᠃
ᠮᠥᠰᠥ᠍ ᠴᠠᠰᠤᠨ᠎ᠤ ᠤᠯᠠᠷᠢᠯ᠎ᠳᠤ᠂ ᠥᠪᠥᠷ ᠮᠣᠩᠭᠣᠯ᠎ᠤᠨ ᠰᠣᠶᠣᠯ ᠵᠢᠭᠤᠯᠴᠢᠯᠠᠯ 《ᠠᠶᠠᠯᠭᠤ᠎ᠲᠦ ᠵᠢᠭᠤᠯᠴᠢᠯᠠᠯ ᠥᠪᠥᠷ ᠮᠣᠩᠭᠣᠯ》 ᠵᠢᠨᠷ ᠳᠠᠮᠵᠢᠨ ᠳᠠᠬᠢᠨᠲᠠ ᠬᠦᠭᠵᠢᠶᠡᠨ ᠲᠠᠢ ᠪᠤᠯᠵᠤ᠂ ᠵᠢᠨᠢᠩ᠎ᠡᠴᠡ ᠳ᠋ᠠᠲ᠋ᠦ᠋ᠩᠢ ᠦᠨᠭᠭᠡᠷᠡᠨ ᠶᠤᠸᠠᠨᠫᠢᠩ ᠬᠦᠷᠬᠦ᠌ ᠲᠦᠷᠭᠡᠨ᠎ᠦ ᠵᠠᠮ᠎ᠤᠨ ᠠᠩᠬᠠᠨ᠎ᠤ ᠡᠭᠡᠯᠵᠢ᠎ᠶ᠋ᠢᠨ ᠰᠣᠶᠣᠯ ᠵᠢᠭᠤᠯᠴᠢᠯᠠᠯ᠎ᠤᠨ ᠲᠤᠰᠭᠠᠢ ᠭᠠᠯᠲᠤ ᠲᠡᠷᠭᠡ ᠬᠥᠳᠡᠯᠵᠦ᠍᠂ ᠤᠯᠠᠭᠠᠨᠮᠥ᠋ᠴᠢᠷ᠎ᠦᠨ ᠭᠡᠱᠢᠭᠦᠳ ᠱᠠᠨ ᠰᠢ᠎ᠶ᠋ᠢᠨ ᠵᠢᠭᠤᠯᠴᠢᠯᠠᠭᠰᠡᠳ᠎ᠲᠠᠶ ᠬᠠᠮᠲᠤ ᠵᠠᠮ ᠲᠤᠷᠰᠢ ᠳᠠᠭᠤᠯᠠᠨ ᠨᠠᠷᠬᠢᠵᠦ ᠥᠪᠥᠷ ᠮᠣᠩᠭᠣᠯ᠎ᠳᠤ ᠬᠦᠷᠴᠦ᠍ ᠢᠷᠡᠪᠡ᠃ ᠱᠠᠨ ᠰᠢ᠎ᠶᠢᠨ ᠵᠢᠭᠤᠯᠴᠢᠯᠠᠭᠴᠢ᠄《ᠥᠪᠦᠷ ᠮᠤᠨᠭᠭᠤᠯ᠎ᠤᠨ ᠬᠦᠮᠦᠰ ᠮᠠᠰᠢ ᠬᠠᠯᠠᠭᠤᠮᠰᠤᠭ᠂ ᠪᠢᠳᠡ ᠯᠠᠪᠲᠠᠢ ᠦᠷᠭᠦᠯᠵᠢ ᠡᠨᠳᠡ ᠢᠷᠡᠨ᠎ᠡ》 ᠭᠡᠪᠡ᠃
2024 ᠣᠨ᠎ᠢ ᠡᠷᠭᠢᠴᠡᠭᠦᠯᠬᠦᠶ᠎ᠡ᠂ ᠥᠪᠥᠷ ᠮᠣᠩᠭᠣᠯ᠎ᠤᠨ ᠰᠣᠶᠣᠯ᠎ᠤᠨ ᠪᠠᠢᠭᠤᠯᠤᠯᠲᠠ ᠤᠮᠠᠷᠠᠲᠤ ᠬᠢᠯᠢ᠎ᠶ᠋ᠢᠨ ᠰᠣᠶᠣᠯ᠎ᠢᠶᠠᠷ ᠥᠷᠨᠢᠵᠦ᠍᠂ ᠰᠣᠶᠣᠯ᠎ᠤᠨ ᠢᠲᠡᠭᠡᠯ᠎ᠢᠶᠡᠷ ᠰᠣᠶᠣᠯ᠎ᠤᠨ ᠴᠡᠴᠡᠭ᠌ᠯᠡᠯ ᠬᠥᠭ᠌ᠵᠢᠯ᠎ᠢ ᠠᠬᠢᠭᠤᠯᠪᠠ᠃ ᠲᠦᠷᠦᠭᠦᠬᠡᠨ ᠥᠪᠥᠷ ᠮᠣᠩᠭᠣᠯ ᠤᠮᠠᠷᠠᠲᠤ ᠬᠢᠯᠢ᠎ᠶ᠋ᠢᠨ ᠰᠣᠶᠣᠯ᠎ᠤᠨ ᠪᠠᠢᠭᠤᠯᠤᠯᠲᠠ᠎ᠶ᠋ᠢ ᠳᠡᠭᠡᠭ᠌ᠰᠢᠯᠡᠭᠦᠯᠬᠦ᠌ ᠠᠵᠢᠯᠯᠠᠭ᠎ᠠ᠎ᠶ᠋ᠢ ᠳᠤᠷᠠᠳᠴᠤ᠌᠂ ᠥᠪᠥᠷ ᠮᠣᠩᠭᠣᠯ ᠦᠷᠭᠦᠯᠵᠢᠯᠡᠨ ᠤᠮᠠᠷᠠᠲᠤ ᠬᠢᠯᠢ᠎ᠶ᠋ᠢᠨ ᠰᠣᠶᠣᠯ᠎ᠤᠨ ᠪᠠᠢᠭᠤᠯᠤᠯᠳᠠ᠎ᠶᠢᠨ ᠢᠷᠠᠭᠤ ᠬᠠᠭᠤᠳᠠᠰᠤ᠎ᠶᠢ ᠪᠢᠴᠢᠭ᠌ᠯᠡᠵᠦ᠍᠂ ᠲᠡᠭᠦᠨ᠎ᠢ ᠳᠤᠮᠳᠠᠳᠤ ᠤᠯᠤᠰ᠎ᠤᠨ ᠮᠠᠶᠢᠭ᠎ᠤᠨ ᠤᠳᠤᠬᠢᠴᠢᠯᠠᠯᠳᠠ᠎ᠶᠢᠨ ᠥᠪᠥᠷ ᠮᠣᠩᠭᠣᠯ᠎ᠤᠨ ᠬᠠᠭᠤᠳᠠᠰᠤᠨ᠎ᠳᠠᠬᠢ ᠬᠠᠮᠤᠭ᠎ᠤᠨ ᠲᠠᠲᠠᠬᠤ ᠬᠦᠴᠦᠨ᠎ᠲᠡᠶ᠂ ᠬᠠᠮᠤᠭ᠎ᠤᠨ ᠬᠢᠯᠡᠰ ᠴᠡᠭ ᠪᠣᠯᠭᠠᠬᠤ ᠪᠠᠷ ᠪᠤᠢ᠃