ᠣᠯᠠᠨ᠎ᠤ ᠠᠩᠬᠠᠷᠤᠯ ᠢ ᠲᠠᠲᠠᠭᠰᠠᠨ ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠭᠤᠷᠪᠠᠳᠤᠭᠠᠷ ᠬᠤᠷᠠᠯ ᠡᠨᠡ ᠡᠳᠦᠷ ᠡᠬᠢᠯᠡᠪᠡ᠃ ᠪᠦᠬᠦ ᠣᠷᠣᠨ᠎ᠤ ᠡᠯ᠎ᠡ ᠭᠠᠵᠠᠷ᠂ ᠡᠯ᠎ᠡ ᠹᠷᠣᠨᠲ᠎ᠡᠴᠡ ᠢᠷᠡᠭᠰᠡᠨ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠲᠥᠯᠥᠭᠡᠯᠡᠭᠴᠢᠳ ᠬᠠᠷᠢᠭᠤᠴᠠᠯᠭ᠎ᠠ ᠪᠠ ᠡᠭᠦᠷᠭᠡ᠎ᠶᠢ ᠡᠭᠦᠷᠭᠡᠯᠡᠵᠦ᠂ ᠬᠦᠰᠡᠯ ᠡᠷᠡᠮᠡᠯᠵᠡᠯ ᠪᠠ ᠬᠦᠨᠳᠦ ᠨᠠᠶ᠋ᠢᠳᠠᠯᠭ᠎ᠠ᠎ᠶᠢ ᠡᠭᠦᠷᠭᠡᠯᠡᠵᠦ᠂ ᠬᠡᠬᠦᠳᠡᠭ ᠳᠦᠭᠦᠷᠡᠩ ᠤᠯᠤᠰ ᠲᠦᠷᠦ ᠶᠢᠨ ᠤᠷᠮ᠎ᠠ ᠰᠡᠳᠬᠢᠯᠭᠡ᠎ᠪᠡᠷ ᠬᠥᠭᠵᠢᠯᠲᠡ᠎ᠶᠢᠨ ᠶᠡᠬᠡ ᠪᠣᠳᠣᠯᠭ᠎ᠠ᠎ᠶᠢ ᠬᠠᠮᠲᠤ ᠪᠠᠷ ᠵᠥᠪᠯᠡᠵᠦ᠂ ᠥᠭᠡᠷᠡᠴᠢᠯᠡᠯᠲᠡ᠎ᠶᠢᠨ ᠰᠢᠨ᠎ᠡ ᠬᠠᠭᠤᠳᠠᠰᠤ᠎ᠶᠢ ᠬᠠᠮᠲᠤ ᠪᠠᠷ ᠲᠦᠯᠦᠪᠵᠢᠭᠦᠯᠬᠦ ᠪᠤᠯᠦᠨ᠎ᠠ᠃ ᠪᠢᠳᠡ ᠲᠥᠯᠥᠭᠡᠯᠡᠭᠴᠢᠳ᠎ᠲᠦ ᠴᠢᠩ ᠰᠡᠳᠬᠢᠯ᠎ᠦᠨ ᠮᠡᠨᠳᠦᠴᠢᠯᠡᠯ ᠬᠦᠷᠭᠡᠵᠦ᠂ ᠶᠡᠬᠡ ᠬᠤᠷᠠᠯ᠎ᠤᠨ ᠬᠤᠷᠠᠯᠳᠤᠭᠰᠠᠨ᠎ᠳᠤ ᠬᠠᠯᠠᠭᠤᠨ ᠪᠠᠶᠠᠷ ᠬᠦᠷᠭᠡᠵᠦ ᠪᠠᠢᠨ᠎ᠠ!
ᠡᠨᠡ ᠤᠳᠠᠭ᠎ᠠ᠎ᠶᠢᠨ ᠶᠡᠬᠡ ᠬᠤᠷᠠᠯ ᠪᠣᠯ ᠣᠷᠣᠨ ᠳᠠᠶᠠᠭᠠᠷ ᠨᠠᠮ᠎ᠤᠨ ᠬᠣᠷᠢᠳᠤᠭᠠᠷ ᠬᠤᠭᠤᠴᠠᠭᠠᠨ ᠤ ᠲᠥᠪ ᠬᠣᠷᠢᠶ᠎ᠠ ᠵᠢᠨ ᠭᠤᠷᠪᠠᠳᠤᠭᠠᠷ ᠪᠦᠬᠦᠳᠠ ᠬᠤᠷᠠᠯ᠎ᠤᠨ ᠵᠣᠷᠢᠭ᠋ ᠰᠠᠨᠠᠭ᠎ᠠ᠎ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠶᠡᠷᠦᠩᠬᠡᠢ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠤᠨ ᠲᠤᠬᠠᠢ ᠴᠢᠬᠤᠯᠠ ᠵᠢᠭᠠᠪᠤᠷᠢ᠎ᠶᠢᠨ ᠵᠣᠷᠢᠭ᠋ ᠰᠠᠨᠠᠭ᠎ᠠ ᠶᠢ ᠭᠦᠨᠵᠡᠭᠡᠢ ᠨᠠᠢᠳᠠᠪᠤᠷᠢᠵᠢᠭᠤᠯᠬᠤ ᠵᠠᠩᠭᠢᠯᠠᠭ᠎ᠠ ᠶᠢᠨ ᠦᠶ᠎ᠡ᠎ᠳᠦ ᠬᠤᠷᠠᠯᠳᠤᠭᠰᠠᠨ ᠨᠢᠭᠡ ᠤᠳᠠᠭ᠎ᠠ᠎ᠶᠢᠨ ᠮᠠᠰᠢ ᠴᠢᠬᠤᠯᠠ ᠬᠤᠷᠠᠯ ᠪᠣᠯᠣᠨ᠎ᠠ᠂ ᠪᠦᠬᠦ ᠣᠷᠣᠨ᠎ᠤ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠦ ᠤᠯᠤᠰ ᠲᠦᠷᠦ ᠶᠢᠨ ᠠᠮᠢᠳᠤᠷᠠᠯ ᠳᠤᠮᠳᠠᠬᠢ ᠨᠢᠭᠡᠨ ᠲᠣᠮᠣ᠌ ᠶᠠᠪᠤᠳᠠᠯ ᠪᠣᠯᠣᠨ᠎ᠠ᠃ ᠡᠨᠡ ᠤᠳᠠᠭ᠎ᠠ᠎ᠶᠢᠨ ᠶᠡᠬᠡ ᠬᠤᠷᠠᠯ᠎ᠢ ᠰᠠᠢᠲᠤᠷ ᠬᠤᠷᠠᠯᠳᠤᠭᠤᠯᠬᠤ ᠨᠢ ᠦᠵᠡᠯ ᠰᠠᠨᠠᠭ᠎ᠠ ᠵᠢ ᠤᠯᠠᠮ ᠨᠢᠭᠡ ᠠᠯᠬᠤᠮ ᠨᠢᠭᠡᠳᠬᠡᠵᠦ᠂ ᠬᠦᠴᠦᠨ ᠴᠢᠳᠠᠯ ᠢ᠋ ᠨᠢᠭ᠍ᠲᠠᠷᠠᠭᠤᠯᠤᠨ᠂ ᠪᠦᠬᠦ ᠣᠷᠣᠨ᠎ᠤ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠢ ᠲᠠᠢ᠍ᠢᠴᠢᠯᠠᠨ ᠤᠶᠤᠨ ᠤᠬᠠᠭᠠᠨ ᠪᠣᠯᠣᠨ ᠬᠦᠴᠦᠨ ᠴᠢᠳᠠᠯ᠎ᠢᠶᠡᠨ ᠨᠠᠮ᠎ᠤᠨ ᠲᠥᠪ ᠬᠣᠷᠢᠶ᠎ᠠ ᠵᠢᠨ ᠴᠢᠭᠯᠡᠯᠲᠡ ᠲᠦᠷᠦ ᠶᠢᠨ ᠪᠣᠳᠣᠯᠭ᠎ᠠ ᠪᠣᠯᠣᠨ ᠠᠵᠢᠯ᠎ᠤᠨ ᠪᠠᠢᠷᠢᠯᠠᠭᠤᠯᠤᠯᠲᠠ ᠳᠡᠭᠡᠷ᠎ᠡ ᠲᠥᠪᠯᠡᠷᠡᠭᠦᠯᠵᠦ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠪᠠᠢᠷᠢᠯᠠᠭᠤᠯᠤᠭᠰᠠᠨ ᠬᠠᠷᠠᠯᠲᠠ ᠡᠭᠦᠷᠭᠡ᠎ᠶᠢ ᠴᠢᠷᠮᠠᠢᠨ ᠪᠡᠶᠡᠯᠡᠭᠦᠯᠬᠦ᠎ᠳᠦ ᠲᠤᠢᠯ᠎ᠤᠨ ᠴᠢᠬᠤᠯᠠ ᠠᠴᠢ ᠬᠣᠯᠪᠣᠭᠳᠠᠯ᠎ᠲᠠᠢ ᠶᠤᠮ᠃
ᠴᠢᠷᠮᠠᠢᠨ ᠲᠡᠮᠡᠴᠡᠵᠦ᠍ ᠢᠷᠠᠭᠤ ᠠᠯᠳᠠᠷ᠎ᠢ ᠪᠢᠴᠢᠭ᠌ᠯᠡᠨ᠎ᠡ᠃ 2024 ᠣᠨ ᠪᠣᠯ ᠪᠥᠬᠥᠳᠡ ᠨᠠᠢᠷᠠᠮᠳᠠᠬᠤ ᠳᠤᠮᠳᠠᠳᠤ ᠠᠷᠠᠳ ᠤᠯᠤᠰ ᠪᠠᠢᠭᠤᠯᠤᠭ᠍ᠳᠠᠭ᠍ᠰᠠᠨ 75 ᠵᠢᠯ᠎ᠦᠨ ᠣᠶ ᠪᠣᠯᠤᠨ᠎ᠠ᠃ ᠡᠨᠡ ᠨᠢᠭᠡ ᠵᠢᠯ᠎ᠳᠦ᠂ ᠥᠪᠥᠷ ᠮᠣᠩᠭᠣᠯ ᠶᠡᠷᠦᠩᠬᠡᠢ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠤᠨ ᠲᠤᠬᠠᠢ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠭᠦᠨᠵᠡᠭᠡᠢ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ ᠢ ᠪᠠᠲᠤ ᠴᠣᠭ᠍ᠴᠠᠯᠠᠬᠤ ᠠᠵᠢᠯ ᠤᠨ ᠭᠣᠣᠯ ᠱᠢᠵᠢᠮ᠎ᠲᠡᠶ ᠨᠢᠭ᠍ᠲᠠ ᠤᠶᠠᠯᠳᠤᠭᠤᠯᠵᠤ᠂ ᠰᠡᠳᠭᠢᠯ ᠨᠢᠭᠡᠳᠦᠨ ᠬᠦᠴᠦ᠍᠎ᠪᠡᠨ ᠬᠠᠮᠲᠤᠳᠭᠠᠵᠤ ᠬᠣᠶᠠᠷ ᠶᠡᠬᠡ ᠶᠠᠪᠤᠳᠠᠯ᠎ᠢ ᠰᠠᠢᠲᠤᠷ ᠬᠢᠵᠦ᠍᠂《ᠵᠢᠷᠭᠤᠭᠠᠨ ᠢᠨᠵᠧᠨᠧᠷᠢᠩ》 ᠢ᠋ ᠰᠠᠢᠲᠤᠷ ᠠᠳᠭᠤᠵᠤ᠂ ᠠᠵᠤ ᠠᠬᠤᠢ ᠨᠡᠢᠭᠡᠮ᠎ᠦᠨ ᠬᠥᠭ᠌ᠵᠢᠯᠲᠡ᠎ᠶ᠋ᠢᠨ ᠡᠯ᠎ᠡ ᠵᠦᠢᠯ᠎ᠦᠨ ᠠᠵᠢᠯ᠎ᠢ ᠨᠢᠭᠡᠳᠦᠯᠲᠡᠢ ᠲᠥᠯᠥᠪᠵᠢᠭᠦᠯᠦᠨ ᠰᠠᠢᠲᠤᠷ ᠬᠢᠵᠦ᠍᠂ ᠱᠢᠨ᠎ᠡ ᠵᠠᠮ ᠨᠡᠭᠡᠭᠡᠵᠦ᠍ ᠳᠤᠮᠳᠠ ᠲᠦᠪᠰᠢᠨ ᠳ᠋ᠤ ᠣᠷᠣᠬᠤ ᠪᠣᠳᠠᠲᠠᠢ ᠠᠯᠬᠤᠮ᠎ᠢ ᠠᠯᠬᠤᠪᠠ᠃ ᠬᠥᠮᠦᠰ᠎ᠢ ᠵᠣᠷᠢᠭ᠍ᠵᠢᠭᠤᠯᠤᠮ᠎ᠠ ᠠᠮᠵᠢᠯᠲᠠ ᠪᠦᠲᠦᠮᠵᠢ ᠪᠣᠯ ᠶᠡᠷᠦᠩᠬᠡᠢ ᠱᠦᠵᠢ ᠰᠢ ᠵᠢᠨ ᠫᠢᠩ ᠵᠠᠯᠠᠭᠤᠷ᠎ᠢ ᠠᠳᠭᠤᠨ ᠠᠶᠠᠯᠠᠯ᠎ᠢ ᠳᠠᠭᠠᠭᠤᠯᠤᠬᠰᠠᠨ ᠳᠣᠲᠣᠨᠣ ᠬᠠᠯᠠᠮᠵᠢᠯᠠᠯ ᠪᠣᠯᠤᠨ ᠨᠠᠮ᠎ᠤᠨ ᠲᠥᠪ ᠬᠣᠷᠢᠶ᠎ᠠ ᠵᠢᠨ ᠪᠠᠲᠤ ᠴᠢᠩᠭ᠎ᠠ ᠤᠳᠤᠷᠢᠳᠤᠯᠭ᠎ᠠ᠎ᠶ᠋ᠢᠨ ᠦᠷ᠎ᠡ ᠳ᠋ᠦᠩ ᠮᠥᠨ᠂ ᠥᠪᠡᠷᠲᠡᠭᠡᠨ ᠵᠠᠰᠠᠬᠤ ᠣᠷᠣᠨ ᠤ ᠨᠠᠮ᠎ᠤᠨ ᠬᠣᠷᠢᠶ᠎ᠠ ᠣᠷᠣᠨ ᠳᠠᠶᠠᠭᠠᠷ ᠢ ᠳᠠᠭᠠᠭᠤᠯᠤᠨ ᠪᠦᠯᠬᠦᠮᠳᠡᠨ ᠨᠢᠬᠳᠠᠷᠠᠵᠦ᠍᠂ ᠬᠦᠴᠢᠷ ᠢ ᠰᠦᠷᠦᠨ ᠤᠷᠤᠭ᠍ᠰᠢᠯᠠᠵᠤ᠂ ᠡᠷᠡᠮᠡᠬᠡᠢᠯᠡᠨ ᠲᠡᠮᠡᠴᠡᠭ᠌ᠰᠡᠨ᠎ᠦ ᠦᠷ᠎ᠡ ᠳ᠋ᠦᠩ ᠮᠥᠨ᠃
2024 ᠣᠨ ᠪᠣᠯ ᠪᠠᠰᠠ ᠴᠤ᠌ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ ᠪᠠᠢᠭᠤᠯᠤᠭ᠍ᠳᠠᠭ᠍ᠰᠠᠨ 70 ᠵᠢᠯ᠎ᠦᠨ ᠤᠢ᠂ ᠣᠷᠣᠨ ᠨᠤᠲᠤᠭ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠳᠤ ᠪᠠᠢᠩᠭᠤ᠎ᠶ᠋ᠢᠨ ᠬᠣᠷᠢᠶ᠎ᠠ ᠪᠠᠢᠭᠤᠯᠤᠭ᠍ᠳᠠᠭ᠍ᠰᠠᠨ 45 ᠵᠢᠯ᠎ᠦᠨ ᠤᠢ ᠪᠣᠯᠤᠨ᠎ᠠ᠃ ᠦᠨᠭᠭᠡᠷᠡᠭᠰᠡᠨ ᠨᠢᠭᠡ ᠵᠢᠯ᠎ᠢ ᠡᠷᠭᠢᠴᠡᠭᠦᠯᠬᠦᠶ᠎ᠡ᠂ ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭᠠᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ ᠨᠠᠮ᠎ᠤᠨ ᠤᠳᠤᠷᠢᠳᠤᠯᠭ᠎ᠠ᠂ ᠠᠷᠠᠳ ᠲᠦᠮᠡᠨ ᠡᠷᠬᠡ ᠮᠡᠳᠡᠵᠦ᠍ ᠡᠵᠡᠨ ᠰᠠᠭᠤᠬᠤ᠂ ᠬᠠᠤᠯᠢ᠎ᠪᠠᠷ ᠤᠯᠤᠰ᠎ᠢᠶᠠᠨ ᠵᠠᠰᠠᠬᠤ᠎ᠶ᠋ᠢᠨ ᠣᠷᠭᠠᠨᠢᠭ ᠨᠢᠭᠡᠳᠦᠯ᠎ᠢ ᠪᠠᠷᠢᠮᠲᠠᠯᠠᠵᠤ᠂ ᠪᠥᠬᠥ᠌ ᠶᠠᠪᠤᠴᠠ᠎ᠶ᠋ᠢᠨ ᠠᠷᠠᠳ᠎ᠤᠨ ᠠᠷᠠᠳᠴᠢᠯᠠᠯ᠎ᠤᠨ ᠴᠢᠬᠤᠯᠠ ᠶᠡᠬᠡ ᠣᠢᠯᠠᠭᠠᠭ᠍ᠳᠠᠬᠤᠨ᠎ᠢ ᠭᠦᠨᠵᠡᠭᠡᠶ ᠦᠶ᠋ᠯᠡᠳᠦᠯᠭᠡᠵᠢᠭᠦᠯᠵᠦ᠍᠂ ᠦᠨᠳᠦᠰᠦᠨ ᠬᠠᠤᠯᠢ ᠪᠠ ᠬᠠᠤᠯᠢ ᠴᠠᠭᠠᠵᠠ᠎ᠡᠴᠡ ᠣᠯᠭᠣᠭ᠍ᠰᠠᠨ ᠡᠭᠦᠷᠭᠡ ᠬᠠᠷᠢᠭᠤᠴᠠᠯᠭ᠎ᠠ᠎ᠪᠠᠨ ᠪᠥᠬᠥ᠌ ᠲᠠᠯ᠎ᠠ᠎ᠪᠠᠷ ᠭᠦᠶ᠋ᠴᠡᠳᠭᠡᠵᠦ᠍᠂ ᠬᠠᠤᠯᠢ ᠲᠣᠭ᠍ᠲᠠᠭᠠᠬᠤ ᠶᠠᠰᠤ ᠴᠢᠨᠠᠷ ᠪᠠ ᠦᠷ᠎ᠡ ᠪᠦᠲᠦᠮᠵᠢ᠎ᠶ᠋ᠢ ᠬᠦᠴᠦᠯᠡᠨ ᠳᠡᠭᠡᠭ᠌ᠰᠢᠯᠡᠭᠦᠯᠵᠦ᠍᠂ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠬᠢᠨᠠᠯᠲᠠ ᠲᠠᠯᠪᠢᠬᠤ ᠬᠠᠲᠠᠭᠤ ᠴᠢᠨᠠᠷ ᠪᠠ ᠪᠣᠳᠠᠲᠤ ᠦᠷ᠎ᠡ ᠪᠦᠲᠦᠮᠵᠢ᠎ᠶ᠋ᠢ ᠲᠠᠰᠤᠷᠠᠯᠲᠠ ᠥᠬᠡᠶ ᠳᠡᠭᠡᠭ᠌ᠰᠢᠯᠡᠭᠦᠯᠵᠦ᠍᠂ ᠲᠥᠯᠥᠭᠡᠯᠡᠭ᠌ᠴᠢᠳ᠎ᠦᠨ ᠠᠵᠢᠯ ᠪᠠ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠣᠰ ᠪᠡᠶ᠎ᠡ᠎ᠶ᠋ᠢᠨ ᠪᠠᠢᠭᠤᠯᠤᠯᠲᠠ ᠵᠡᠷᠭᠡ ᠲᠠᠯ᠎ᠠ᠎ᠪᠠᠷ ᠱᠢᠨ᠎ᠡ ᠳᠦᠷᠰᠦ ᠪᠠᠢᠳᠠᠯ ᠢᠯᠡᠷᠡᠪᠡ᠃ ᠪᠥᠬᠥ᠌ ᠣᠷᠣᠨ᠎ᠤ ᠡᠯ᠎ᠡ ᠱᠠᠲᠤᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢᠳ ᠬᠣᠶᠠᠷ ᠶᠡᠬᠡ ᠶᠠᠪᠤᠳᠠᠯ᠎ᠢ ᠰᠠᠢᠲᠤᠷ ᠬᠢᠬᠦ᠌᠎ᠳᠦ ᠠᠩᠬᠠᠷᠤᠯ᠎ᠢᠶᠠᠨ ᠲᠥᠪᠯᠡᠷᠡᠭᠦᠯᠵᠦ᠍᠂ ᠲᠤᠬᠠᠢᠯᠠᠭ᠍ᠰᠠᠨ ᠠᠵᠢᠯ᠎ᠳᠠᠭᠠᠨ ᠰᠠᠭᠤᠷᠢᠯᠠᠨ᠂ ᠬᠠᠤᠯᠢ ᠶᠣᠰᠣᠭᠠᠷ ᠲᠤᠱᠢᠶᠠᠯ ᠬᠠᠷᠢᠭᠤᠴᠠᠯᠭ᠎ᠠ᠎ᠪᠠᠨ ᠭᠦᠶ᠋ᠴᠡᠳᠭᠡᠵᠦ᠍᠂ ᠥᠪᠡᠷᠲᠡᠭᠡᠨ ᠵᠠᠰᠠᠬᠤ ᠣᠷᠣᠨ᠎ᠤ ᠠᠵᠤ ᠠᠬᠤᠶ ᠨᠡᠢᠭᠡᠮ᠎ᠦᠨ ᠬᠥᠭ᠌ᠵᠢᠯᠲᠡ᠎ᠶ᠋ᠢᠨ ᠭᠤᠤᠯ ᠲᠡᠢᠯᠠᠯᠳᠤᠭᠠᠨ᠎ᠦ ᠲᠠᠯᠠᠪᠤᠷ ᠨᠢᠭᠡᠳᠦᠭᠡᠷ ᠹᠷᠣᠨᠲ᠎ᠲᠤ ᠢᠳᠡᠪᠬᠢᠲᠡᠶ ᠣᠷᠣᠯᠴᠠᠵᠤ᠂ ᠨᠠᠮ ᠪᠣᠯᠤᠨ ᠲᠥᠷᠥ᠎ᠶ᠋ᠢᠨ ᠪᠠᠢᠭᠤᠯᠭ᠎ᠠ᠎ᠶ᠋ᠢᠨ ᠠᠷᠠᠳ ᠣᠯᠠᠨ᠎ᠲᠠᠶ ᠬᠠᠷᠢᠯᠴᠠᠬᠤ ᠬᠥᠭᠥᠷᠭᠡ ᠬᠤᠯᠪᠤᠭᠠᠰᠤ ᠪᠣᠯᠵᠣ᠂ ᠨᠠᠮ᠎ᠤᠨ ᠴᠢᠭ᠌ᠯᠡᠯᠲᠡ ᠲᠥᠷᠥ᠎ᠶ᠋ᠢᠨ ᠪᠣᠳᠣᠯᠭ᠎ᠠ ᠪᠣᠯᠤᠨ ᠱᠢᠶ᠋ᠳᠪᠦᠷᠢᠲᠦ ᠪᠣᠳᠣᠯᠭ᠎ᠠ ᠪᠠᠢᠷᠢᠯᠠᠭᠤᠯᠤᠯᠲᠠ᠎ᠶ᠋ᠢ ᠥᠷᠭᠡᠨ᠎ᠢᠶᠡᠷ ᠤᠬᠠᠭᠤᠯᠵᠤ᠂ ᠣᠯᠠᠨ ᠲᠦᠮᠡᠨ᠎ᠦ ᠬᠦᠰᠡᠯ ᠱᠠᠭᠠᠷᠳᠠᠯᠭ᠎ᠠ᠎ᠶ᠋ᠢ ᠭᠦᠨᠵᠡᠭᠡᠶ ᠤᠢᠯᠠᠭᠠᠨ ᠲᠤᠰᠭᠠᠵᠤ᠂ ᠬᠠᠤᠯᠢ ᠲᠣᠭ᠍ᠲᠠᠭᠠᠬᠤ᠂ ᠬᠢᠨᠠᠯᠲᠠ ᠲᠠᠯᠪᠢᠬᠤ ᠠᠵᠢᠯᠯᠠᠭ᠎ᠠ᠎ᠳᠤ ᠢᠳᠡᠪᠬᠢᠲᠡᠶ ᠣᠷᠣᠯᠴᠠᠵᠤ᠂ ᠣᠯᠠᠨ ᠲᠦᠮᠡᠨ᠎ᠲᠡᠶ ᠣᠢᠷᠠᠲᠤᠭ᠍ᠰᠠᠨ᠂ ᠦᠨᠡᠨ ᠬᠦ᠌ ᠲᠤᠰᠠᠲᠠᠶ ᠮᠠᠰᠢ ᠣᠯᠠᠨ ᠰᠠᠨᠠᠯ ᠰᠠᠨᠠᠭᠤᠯᠭ᠎ᠠ ᠳᠤᠷᠠᠳᠴᠤ᠌᠂ ᠥᠪᠡᠷᠲᠡᠭᠡᠨ ᠵᠠᠰᠠᠬᠤ ᠣᠷᠣᠨ᠎ᠤ ᠴᠢᠨᠠᠷ ᠰᠠᠢᠲᠠᠶ ᠬᠥᠭ᠌ᠵᠢᠯᠲᠡ᠎ᠳᠦ ᠴᠢᠬᠤᠯᠠ ᠬᠦᠴᠦᠨ ᠴᠢᠳᠠᠯ᠎ᠢᠶᠠᠨ ᠡᠷᠭᠦᠪᠡ᠃
ᠠᠭᠤᠯᠠ ᠵᠢ ᠲᠠᠪᠠᠵᠤ ᠤᠰᠤ ᠵᠢ ᠭᠡᠳᠦᠯᠦᠨ ᠳᠠᠷᠪᠠᠭᠤᠯ ᠬᠡᠢᠰᠭᠡᠨ ᠱᠢᠨ᠎ᠡ ᠠᠶᠠᠨ᠎ᠢᠶᠠᠨ ᠡᠬᠢᠯᠡᠭᠦᠯᠦᠨ᠎ᠡ᠃ ᠡᠨᠡ ᠵᠢᠯ ᠪᠣᠯ《ᠠᠷᠪᠠᠨ ᠳᠥᠷᠪᠡᠳᠦᠭᠡᠷ ᠲᠠᠪᠤᠨ ᠵᠢᠯ》᠎ᠤ᠋ᠨ ᠲᠥᠯᠥᠪᠵᠢᠭᠦᠯᠭᠡ᠎ᠶ᠋ᠢᠨ ᠰᠡᠭᠦᠯ ᠬᠤᠷᠢᠶᠠᠬᠤ ᠵᠢᠯ ᠮᠥᠨ᠂ ᠪᠠᠰᠠ ᠴᠤ᠌《ᠠᠷᠪᠠᠨ ᠲᠠᠪᠤᠳᠤᠭᠠᠷ ᠲᠠᠪᠤᠨ ᠵᠢᠯ》 ᠤ᠋ᠨ ᠲᠥᠯᠥᠪᠵᠢᠭᠦᠯᠭᠡ᠎ᠶ᠋ᠢ ᠲᠥᠯᠥᠪᠵᠢᠭᠦᠯᠬᠦ᠌ ᠵᠢᠯ ᠮᠥᠨ᠃ 《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠱᠢᠶ᠋ᠳᠪᠦᠷᠢᠲᠦ ᠢᠯᠠᠯᠲᠠ᠎ᠶ᠋ᠢ ᠲᠡᠮᠡᠴᠡᠨ ᠤᠯᠬᠤ ᠪᠡᠷ ᠬᠦᠴᠦᠯᠡᠨ ᠤᠷᠤᠭ᠍ᠰᠢᠯᠠᠵᠤ᠂ ᠪᠢᠳᠡ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ ᠪᠡᠷ ᠵᠢᠯᠤᠭᠤᠳᠤᠯᠭ᠎ᠠ ᠪᠤᠯᠭᠠᠵᠤ᠂ ᠨᠠᠮ᠎ᠤᠨ ᠬᠣᠷᠢᠳᠤᠭᠠᠷ ᠶᠡᠬᠡ ᠬᠤᠷᠠᠯ ᠪᠤᠯᠤᠨ ᠬᠣᠷᠢᠳᠤᠭᠠᠷ ᠬᠤᠭᠤᠴᠠᠭᠠᠨ᠎ᠤ ᠲᠦᠪ ᠬᠤᠷᠢᠶ᠎ᠠ ᠵᠢᠨ ᠬᠣᠶᠠᠳᠤᠭᠠᠷ᠂ ᠭᠤᠷᠪᠠᠳᠤᠭᠠᠷ ᠪᠥᠬᠥᠳᠡ ᠬᠤᠷᠠᠯ ᠤᠨ ᠵᠣᠷᠢᠭ ᠰᠠᠨᠠᠭ᠎ᠠ᠎ᠶ᠋ᠢ ᠭᠦᠨᠵᠡᠭᠡᠶ ᠲᠤᠭᠤᠱᠢᠯᠠᠭᠤᠯᠵᠤ᠂ ᠶᠡᠷᠦᠩᠬᠡᠢ ᠱᠦᠵᠢ ᠰᠢ ᠵᠢᠨ ᠫᠢᠩ ᠦᠨ ᠥᠪᠥᠷ ᠮᠣᠩᠭᠣᠯ᠎ᠤᠨ ᠲᠤᠬᠠᠢ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠪᠦᠬᠦ᠌ ᠲᠠᠯ᠎ᠠ ᠪᠠᠷ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠨᠠᠮ ᠤᠨ ᠪᠠᠢᠭᠤᠯᠤᠯᠲᠠ ᠪᠠᠷ ᠤᠳᠤᠷᠢᠳᠤᠮᠵᠢ ᠪᠣᠯᠭᠠᠵᠤ᠂ ᠥᠭᠡᠷᠡᠴᠢᠯᠡᠯᠲᠡ᠎ᠶ᠋ᠢ ᠪᠦᠬᠦ᠌ ᠲᠠᠯ᠎ᠠ ᠪᠠᠷ ᠭᠦᠨᠵᠡᠭᠡᠢᠷᠡᠭᠦᠯᠵᠦ᠂ ᠲᠣᠭ᠍ᠲᠠᠭᠤᠨ ᠤ ᠲᠤᠮᠳᠠ ᠤᠷᠤᠭᠰᠢᠯᠠᠨ ᠲᠠᠪᠰᠢᠬᠤ᠂ ᠲᠥᠪ ᠶᠣᠰᠣ ᠶ᠋ᠢ ᠪᠠᠷᠢᠮᠲᠠᠯᠠᠨ ᠱᠢᠨ᠎ᠡ᠎ᠶ᠋ᠢ ᠡᠭᠦᠳᠬᠦ᠂ ᠬᠢᠬᠦ᠌᠎ᠶ᠋ᠢ ᠲᠡᠷᠢᠭᠦᠨ᠎ᠳᠦ ᠲᠠᠯᠪᠢᠬᠤ ᠵᠢ ᠪᠠᠷᠢᠮᠳᠠᠯᠠᠵᠤ᠂ ᠬᠥᠭ᠌ᠵᠢᠯᠲᠡ ᠪᠠ ᠠᠮᠤᠷ ᠲᠦᠪᠱᠢᠨ᠎ᠢ ᠨᠠᠩ ᠰᠠᠢᠲᠤᠷ ᠨᠢᠭᠡᠳᠦᠯᠲᠡᠶ ᠲᠥᠯᠥᠪᠵᠢᠭᠦᠯᠵᠦ᠂《ᠨᠢᠭᠡ ᠭᠤᠤᠯ ᠰᠢᠵᠢᠮ᠎ᠢ ᠲᠤᠭᠤᠰᠢᠯᠠᠭᠤᠯᠬᠤ᠂ ᠬᠣᠶᠠᠷ ᠶᠡᠬᠡ ᠶᠠᠪᠤᠳᠠᠯ᠎ᠢ ᠰᠠᠢᠳᠤᠷ ᠬᠢᠬᠦ᠂ ᠮᠣᠩᠭᠣᠯ ᠮᠣᠷᠢᠨ᠎ᠤ ᠵᠣᠷᠢᠭ ᠰᠠᠨᠠᠭ᠎ᠠ᠎ᠶ᠋ᠢ ᠪᠠᠳᠠᠷᠠᠭᠤᠯᠬᠤ᠂ ᠱᠢᠨ᠎ᠡ ᠵᠠᠮ ᠨᠡᠭᠡᠭᠡᠵᠦ ᠳᠤᠮᠳᠠ ᠲᠦᠪᠰᠢᠨ᠎ᠳᠤ ᠣᠷᠣᠬᠤ》 ᠲᠠᠯ᠎ᠠ ᠪᠡᠷ ᠨᠡᠩ ᠶᠡᠬᠡ ᠠᠬᠢᠴᠠ ᠲᠠᠢ ᠪᠤᠯᠬᠤ ᠪᠡᠷ ᠴᠢᠷᠮᠠᠢᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠥᠪᠥᠷ ᠮᠣᠩᠭᠣᠯ᠎ᠤᠨ ᠱᠢᠨ᠎ᠡ ᠬᠠᠭᠤᠳᠠᠰᠤ᠎ᠶ᠋ᠢ ᠲᠠᠰᠤᠷᠠᠯᠳᠠ ᠦᠭᠡᠢ ᠪᠢᠴᠢᠭ᠌ᠯᠡᠰᠦᠭᠡᠢ᠃
ᠴᠢᠷᠮᠠᠢᠨ ᠠᠵᠢᠯᠯᠠᠪᠠᠯ ᠰᠠᠶᠢ ᠠᠵᠢᠯ ᠦᠶ᠋ᠯᠡᠰ᠎ᠢᠶᠡᠨ ᠪᠦᠲᠦᠭᠡᠵᠦ᠍ ᠴᠢᠳᠠᠨ᠎ᠠ; ᠤᠷᠤᠬᠰᠢ ᠵᠠᠮᠨᠠᠪᠠᠯ ᠰᠠᠶᠢ ᠳᠠᠷᠳᠠᠩ ᠵᠠᠮ᠎ᠢ ᠨᠡᠭᠡᠭᠡᠵᠦ᠍ ᠴᠢᠳᠠᠨ᠎ᠠ᠃ ᠱᠢᠨ᠎ᠡ ᠭᠠᠷᠤᠭ᠎ᠠ ᠳᠡᠭᠡᠷ᠎ᠡ ᠵᠣᠭ᠍ᠰᠣᠨ ᠱᠢᠨ᠎ᠡ ᠪᠠᠢᠳᠠᠯ᠎ᠢ ᠨᠡᠭᠡᠭᠡᠨ ᠡᠭᠦᠳᠬᠦ᠌᠎ᠳᠦ᠂ ᠣᠷᠣᠨ ᠳᠠᠶᠠᠭᠠᠷ ᠦᠵᠡᠯ ᠰᠠᠨᠠᠭ᠎ᠠ ᠪᠠ ᠦᠶ᠋ᠯᠡ ᠠᠵᠢᠯᠯᠠᠭ᠎ᠠ᠎ᠪᠠᠨ ᠨᠠᠮ᠎ᠤᠨ ᠲᠥᠪ ᠬᠣᠷᠢᠶ᠎ᠠ᠎ᠶᠢᠨ ᠵᠣᠷᠢᠭ ᠰᠠᠨᠠᠭ᠎ᠠ ᠳᠡᠭᠡᠷ᠎ᠡ ᠨᠢᠭᠡᠳᠭᠡᠵᠦ᠍᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠪᠠᠢᠷᠢᠯᠠᠭᠤᠯᠤᠯᠲᠠ ᠱᠠᠭᠠᠷᠳᠠᠯᠭ᠎ᠠ ᠳᠡᠭᠡᠷ᠎ᠡ ᠨᠢᠭᠡᠳᠭᠡᠵᠦ᠍᠂ ᠶᠡᠷᠦᠩᠬᠡᠶ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠳᠤ ᠣᠯᠭᠣᠭ᠍ᠰᠠᠨ ᠪᠠᠢᠯᠳᠤᠬᠤ ᠪᠣᠳᠣᠯᠭ᠎ᠠ᠎ᠶ᠋ᠢᠨ ᠪᠠᠢᠷᠢ ᠲᠣᠭ᠍ᠲᠠᠭᠠᠯᠲᠠ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ 《ᠲᠠᠪᠤᠨ ᠶᠡᠬᠡ ᠡᠭᠦᠷᠭᠡ 》 ᠪᠡᠷ ᠭᠤᠤᠯᠳᠠᠭᠤᠯᠵᠤ᠂ ᠨᠢᠭᠡ ᠵᠢᠷᠤᠭ ᠲᠥᠰᠦᠪ᠎ᠢ ᠡᠴᠦᠰ ᠲᠤᠨᠢ ᠲᠤᠯᠲᠠᠯ᠎ᠠ ᠵᠢᠷᠤᠭᠯᠠᠵᠤ᠂ 《ᠵᠢᠷᠭᠤᠭᠠᠨ ᠢᠨᠵᠧᠨᠧᠷᠢᠩ 》 ᠢ᠋ ᠦᠷᠭᠦᠯᠵᠢᠯᠡᠨ ᠬᠡᠷᠡᠭ᠌ᠵᠢᠭᠦᠯᠵᠦ᠍᠂ 《 ᠵᠢᠷᠭᠤᠭᠠᠨ ᠠᠵᠢᠯᠯᠠᠭ᠎ᠠ 》 ᠶ᠋ᠢ ᠵᠣᠬᠢᠶᠠᠨ ᠪᠠᠢᠭᠤᠯᠤᠨ ᠥᠷᠨᠢᠭᠦᠯᠵᠦ᠍᠂ 11 ᠲᠠᠯ᠎ᠠ᠎ᠶ᠋ᠢᠨ ᠠᠵᠢᠯ᠎ᠢ ᠭᠤᠤᠯᠳᠠᠯᠭ᠎ᠠ᠎ᠲᠠᠶ ᠰᠠᠢᠲᠤᠷ ᠬᠢᠵᠦ᠍᠂ ᠪᠥᠬᠥ᠌ ᠣᠷᠣᠨ᠎ᠤ ᠠᠵᠤ ᠠᠬᠤᠶ ᠨᠡᠢᠭᠡᠮ᠎ᠦᠨ ᠴᠢᠨᠠᠷ ᠰᠠᠢᠲᠠᠶ ᠬᠥᠭ᠌ᠵᠢᠯᠲᠡ᠎ᠶ᠋ᠢ ᠪᠥᠬᠥ᠌ ᠬᠦᠴᠦᠨ᠎ᠢᠶᠡᠷ᠎ᠢᠶᠡᠨ ᠠᠬᠢᠭᠤᠯᠬᠤ ᠬᠡᠷᠡᠭ᠌ᠲᠡᠶ᠃ ᠠᠭᠤᠯᠠ ᠲᠠᠭᠠᠷᠠᠪᠠᠯ ᠵᠠᠮ ᠨᠡᠭᠡᠭᠡᠵᠦ᠍᠂ ᠤᠰᠤ ᠲᠠᠭᠠᠷᠠᠪᠠᠯ ᠬᠥᠭᠥᠷᠭᠡ ᠲᠠᠯᠪᠢᠬᠤ ᠣᠮᠣᠭ ᠵᠣᠷᠢᠭ᠎ᠢᠶᠠᠷ ᠡᠷᠡᠮᠡᠬᠡᠢᠯᠡᠨ ᠤᠷᠤᠭ᠍ᠰᠢᠯᠠᠵᠤ᠂ ᠪᠣᠳᠠᠲᠠᠢ ᠠᠵᠢᠯᠯᠠᠨ ᠬᠠᠷᠢᠭᠤᠴᠠᠯᠭ᠎ᠠ ᠡᠭᠦᠷᠭᠡᠯᠡᠪᠡᠯ᠂ ᠡᠴᠦᠰ᠎ᠤᠨ ᠢᠯᠠᠯᠲᠠ ᠴᠤᠴᠠᠯᠲᠠ ᠦᠭᠡᠢ ᠤᠷᠤᠭ᠍ᠰᠢᠯᠠᠵᠦ ᠪᠠᠢᠭ᠎ᠠ ᠪᠢᠳᠡᠨ᠎ᠤ ᠬᠢ ᠶᠤᠮ᠃
ᠤᠯᠠᠨ᠎ᠤ ᠬᠦᠴᠦᠨ᠎ᠳᠤ ᠤᠪᠤᠭ᠎ᠠ ᠪᠤᠰᠤᠨ᠎ᠠ᠂ ᠪᠦᠭᠦᠳᠠ᠎ᠶᠢᠨ ᠴᠢᠷᠮᠠᠢᠯᠭ᠎ᠠ᠎ᠳᠤ ᠦᠢᠯᠡᠰ ᠪᠦᠳᠦᠨ᠎ᠠ᠃ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢᠨ ᠱᠢᠨ᠎ᠡ ᠠᠶᠠᠨ᠎ᠳᠤ᠂ ᠬᠥᠮᠦᠨ ᠨᠢᠭᠡᠪᠦᠷᠢ ᠴᠥᠮ ᠭᠣᠣᠯ ᠪᠠᠭᠠᠲᠤᠷ ᠪᠤᠯᠵᠤ᠂ ᠬᠤᠪᠢ ᠨᠡᠮᠡᠷᠢ ᠨᠢᠭᠡᠪᠦᠷᠢ ᠨᠢ ᠴᠥᠮ ᠡᠷᠬᠢᠮ ᠨᠠᠨᠳᠢᠨ ᠪᠠᠢᠳᠠᠭ᠃ ᠬᠤᠷᠠᠯ᠎ᠳᠤ ᠣᠷᠣᠯᠴᠠᠭ᠍ᠰᠠᠨ ᠠᠷᠠᠳ᠎ᠤᠨ ᠲᠥᠯᠥᠭᠡᠯᠡᠭ᠌ᠴᠢᠳ ᠠᠷᠠᠳ ᠲᠦᠮᠡᠨ᠎ᠦ ᠳᠤᠮᠳᠠ᠎ᠡᠴᠡ ᠢᠷᠡᠭ᠌ᠰᠡᠨ᠂ ᠠᠷᠠᠳ ᠲᠦᠮᠡᠨ᠎ᠦ ᠳᠤᠮᠳᠠ ᠦᠨᠳᠦᠰᠦᠯᠡᠭ᠌ᠰᠡᠨ ᠳᠠᠪᠠᠭᠤᠯᠢᠭ᠎ᠢᠶᠠᠨ ᠭᠦᠢᠴᠡᠳ ᠪᠠᠳᠠᠷᠠᠭᠤᠯᠵᠤ᠂ ᠳᠡᠭᠡᠳᠦ ᠬᠡᠮᠵᠢᠶᠡᠨ᠎ᠦ ᠤᠯᠤᠰ ᠲᠦᠷᠦ᠍᠎ᠶ᠋ᠢᠨ ᠬᠠᠷᠢᠭᠤᠴᠠᠯᠭᠠᠲᠤ ᠰᠡᠳᠭᠢᠯᠭᠡ᠂ ᠰᠠᠢ᠌ᠨ ᠰᠠᠢᠬᠠᠨ ᠤᠶᠤᠨ ᠰᠠᠨᠠᠭᠠᠨ᠎ᠤ ᠳᠦᠷᠰᠦ ᠪᠠᠢᠳᠠᠯ᠎ᠢᠶᠠᠷ ᠲᠤᠰᠢᠶᠠᠯ ᠬᠠᠷᠢᠭᠤᠴᠠᠯᠭ᠎ᠠ᠎ᠪᠠᠨ ᠭᠦᠢᠴᠡᠳᠭᠡᠵᠦ᠍᠂ ᠶᠡᠬᠡ ᠬᠤᠷᠠᠯ᠎ᠤᠨ ᠵᠢᠱ᠌ᠢᠭ᠌ᠰᠡᠨ ᠡᠯ᠎ᠡ ᠵᠦᠢᠯ᠎ᠦᠨ ᠡᠭᠦᠷᠭᠡ᠎ᠶ᠋ᠢ ᠲᠡᠭᠦᠰ ᠠᠮᠵᠢᠯᠲᠠ᠎ᠲᠠᠶ ᠪᠡᠶᠡᠯᠡᠭᠦᠯᠬᠦ᠌᠎ᠶ᠋ᠢ ᠪᠢᠳᠡ ᠢᠲᠡᠭᠡᠵᠦ᠍ ᠪᠠᠢᠨ᠎ᠠ᠃ ᠮᠣᠩᠭᠣᠯ ᠮᠤᠷᠢᠨ᠎ᠤ ᠵᠣᠷᠢᠭ ᠰᠠᠨᠠᠭ᠎ᠠ᠎ᠶ᠋ᠢ ᠪᠣᠯ ᠭᠦᠶᠦᠵᠦ᠍ ᠪᠠᠢᠭᠠᠳ ᠪᠤᠢ ᠪᠤᠯᠭᠠᠬᠰᠠᠨ ᠶᠤᠮ᠂ ᠤᠮᠠᠷᠠᠲᠤ᠎ᠶ᠋ᠢᠨ ᠭᠤᠷᠪᠠᠨ ᠣᠷᠣᠨ᠎ᠤ ᠵᠣᠷᠢᠭ ᠰᠠᠨᠠᠭ᠎ᠠ᠎ᠶ᠋ᠢ ᠪᠣᠯ ᠲᠡᠮᠡᠴᠡᠵᠦ᠍ ᠪᠠᠢᠭᠠᠳ ᠪᠤᠢ ᠪᠤᠯᠭᠠᠬᠰᠠᠨ ᠶᠤᠮ᠂ ᠦᠵᠡᠰᠭᠦᠯᠡᠩᠲᠦ ᠰᠠᠢᠬᠠᠨ ᠥᠪᠥᠷ ᠮᠣᠩᠭᠣᠯ᠎ᠢ ᠪᠣᠯ ᠲᠡᠮᠡᠴᠡᠵᠦ᠍ ᠪᠠᠢᠭᠠᠳ ᠪᠦᠲᠦᠭᠡᠭᠰᠡᠨ ᠶᠤᠮ᠃ ᠪᠢᠳᠡ ᠰᠢ ᠵᠢᠨ ᠫᠢᠩ ᠨᠥᠬᠥᠷ᠎ᠢᠶᠡᠷ ᠭᠤᠤᠯ ᠪᠣᠯᠭᠠᠭ᠍ᠰᠠᠨ ᠨᠠᠮ᠎ᠤᠨ ᠲᠥᠪ ᠬᠣᠷᠢᠶ᠎ᠠ᠎ᠶᠢᠨ ᠲᠣᠭᠣᠷᠢᠨ᠎ᠳᠤ ᠨᠠᠩ ᠨᠢᠭ᠍ᠲᠠᠷᠠᠨ ᠪᠦᠯᠬᠦᠮᠳᠡᠵᠦ᠍᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠳᠠᠭᠠᠭᠤᠯᠭ᠎ᠠ ᠳᠤᠤᠷ᠎ᠠ᠂ ᠢᠲᠡᠭᠡᠯ ᠵᠣᠷᠢᠭ᠎ᠢᠶᠠᠨ ᠪᠠᠲᠤᠳᠭᠠᠵᠤ᠂ ᠦᠨᠡᠨ ᠬᠦ᠌ ᠠᠳᠭᠤᠨ ᠪᠣᠳᠠᠲᠠᠶ ᠠᠵᠢᠯᠯᠠᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢᠨ ᠪᠥᠲᠥᠭᠡᠨ ᠪᠠᠢᠭᠤᠯᠤᠯᠲᠠ᠎ᠶ᠋ᠢᠨ ᠥᠪᠥᠷ ᠮᠣᠩᠭᠣᠯ ᠤᠨ ᠦᠶ᠋ᠯᠡᠳᠦᠯᠭᠡ᠎ᠶ᠋ᠢᠨ ᠳᠠᠬᠢᠨ ᠱᠢᠨ᠎ᠡ ᠳᠡᠭ᠌ᠲᠡᠷ᠎ᠲᠦ ᠭᠠᠷᠬᠤ᠎ᠶ᠋ᠢ ᠠᠬᠢᠭᠤᠯᠤᠶ᠎ᠠ᠃
ᠥᠩᠭᠡᠷᠡᠭ᠌ᠰᠡᠨ᠎ᠢᠶᠡᠨ ᠡᠷᠭᠢᠴᠡᠭᠦᠯᠬᠦᠶ᠎ᠡ᠂ ᠪᠢᠳᠡᠨ᠎ᠦ ᠣᠮᠣᠭ ᠵᠣᠷᠢᠭ ᠬᠢᠵᠠᠭᠠᠯᠠᠰᠢ ᠦᠭᠡᠢ; ᠢᠷᠡᠭᠡᠳᠦᠢ᠎ᠪᠡᠨ ᠪᠠᠷᠠᠯᠠᠬᠤᠶ᠎ᠠ᠂ ᠪᠢᠳᠡ ᠢᠲᠡᠭᠡᠯ ᠵᠣᠷᠢᠭ ᠲᠡᠭᠦᠯᠳᠡᠷ ᠪᠠᠢᠨ᠎ᠠ᠃ ᠱᠢᠨ᠎ᠡ ᠬᠠᠷᠢᠭᠤᠯᠲᠠ᠎ᠶ᠋ᠢᠨ ᠬᠠᠭᠤᠳᠠᠰᠤ ᠨᠢᠭᠡᠨᠲᠡ ᠤᠮᠠᠷᠠᠲᠤ ᠬᠢᠯᠢ᠎ᠶ᠋ᠢᠨ ᠡᠬᠡ ᠭᠠᠵᠠᠷ᠎ᠲᠤ ᠠᠭᠠᠵᠢᠮ᠎ᠢᠶᠠᠷ ᠳᠡᠯᠭᠡᠭ᠌ᠳᠡᠵᠦ᠍᠂ ᠪᠢᠳᠡᠨ᠎ᠦ ᠨᠠᠩ ᠭᠣᠢᠳᠠ ᠰᠠᠢᠬᠠᠨ ᠬᠠᠷᠢᠭᠤᠯᠲᠠ ᠥᠭ᠌ᠬᠦ᠎ᠶ᠋ᠢ ᠲᠡᠦᠬᠡ ᠬᠦᠰᠡᠵᠦ᠍ ᠪᠠᠢᠨ᠎ᠠ᠃
ᠶᠡᠬᠡ ᠬᠤᠷᠠᠯ᠎ᠤᠨ ᠲᠡᠭᠦᠰ ᠠᠮᠵᠢᠯᠲᠠ ᠤᠯᠬᠤ᠎ᠶ᠋ᠢ ᠵᠥᠩᠨᠡᠶ᠎ᠡ!