ᠰᠦᠨ ᠱᠤᠤ ᠴᠧᠩ ᠬᠥᠬᠡᠬᠣᠲᠠ᠎ᠶ᠋ᠢᠨ ᠲᠥᠯᠥᠭᠡᠯᠡᠭ᠌ᠴᠢᠳ᠎ᠦᠨ ᠪᠦᠯᠬᠦᠮ᠎ᠦᠨ ᠬᠢᠨᠠᠨ ᠵᠥᠪᠯᠡᠬᠦ᠌᠎ᠳᠦ ᠣᠷᠣᠯᠴᠠᠬᠤ᠎ᠳᠠᠭᠠᠨ ᠴᠢᠬᠤᠯᠠᠴᠢᠯᠠᠭ᠍ᠰᠠᠨ ᠨᠢ — ᠣᠷᠣᠨ᠎ᠤ ᠲᠥᠪ ᠎ᠤᠨ ᠬᠢᠨ ᠪᠦᠬᠦ᠌ ᠣᠷᠣᠨ᠎ᠤ ᠬᠥᠭ᠌ᠵᠢᠯᠲᠡ᠎ᠶ᠋ᠢᠨ ᠶᠡᠬᠡ ᠲᠠᠯ᠎ᠠ᠎ᠳᠤ ᠵᠤᠷᠢᠭᠲᠠᠢ᠎ᠪᠡᠷ ᠴᠢᠬᠤᠯᠠ ᠡᠭᠦᠷᠭᠡ᠎ᠶ᠋ᠢ ᠡᠭᠦᠷᠭᠡᠯᠡᠵᠦ᠍ ᠢᠯᠡᠭᠦᠬᠡᠨ ᠬᠤᠪᠢ ᠨᠡᠮᠡᠷᠢ ᠦᠵᠡᠭᠦᠯᠬᠦ᠌ ᠬᠡᠷᠡᠭ᠌ᠲᠡᠢ
2025-01-15 09:49:45
ᠵᠣᠬᠢᠶᠠᠭ᠍ᠴᠢ᠄
ᠯᠢ ᠬᠠᠨ
ᠣᠩᠱᠢᠭ᠍ᠰᠠᠨ ᠣᠳᠠᠭ᠎ᠠ᠄
★★★☆☆

1 ᠰᠠᠷ᠎ᠠ᠎ᠶ᠋ᠢᠨ 14 ᠎ᠤ᠋ ᠡᠳᠦᠷ᠂ ᠰᠦᠨ ᠱᠤᠤ ᠴᠧᠩ ᠲᠡᠭᠦᠨ᠎ᠦ ᠪᠠᠢᠭ᠎ᠠ ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭᠠᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ ᠎ᠤᠨ ᠭᠤᠷᠪᠠᠳᠤᠭᠠᠷ ᠬᠤᠷᠠᠯ ᠎ᠤᠨ ᠬᠥᠬᠡᠬᠣᠲᠠ᠎ᠶ᠋ᠢᠨ ᠲᠥᠯᠥᠭᠡᠯᠡᠭ᠌ᠴᠢᠳ᠎ᠦᠨ ᠪᠦᠯᠬᠦᠮ᠎ᠦᠨ ᠬᠢᠨᠠᠨ ᠵᠥᠪᠯᠡᠬᠦ᠌᠎ᠳᠦ ᠣᠷᠣᠯᠴᠠᠪᠠ᠃

ᠲᠥᠯᠥᠭᠡᠯᠡᠭ᠌ᠴᠢᠳ᠎ᠦᠨ ᠪᠦᠯᠬᠦᠮ᠎ᠤᠨ ᠬᠢᠨ ᠢᠳᠡᠪᠬᠢᠲᠡᠢ ᠦᠭᠡ ᠬᠡᠯᠡᠵᠦ᠍᠂ ᠤᠷᠮ᠎ᠠ ᠰᠡᠳᠬᠢᠯᠬᠡ ᠲᠠᠢ ᠬᠢᠨᠡᠨ ᠵᠦᠪᠯᠡᠵᠤ ᠠᠬᠤᠢ ᠲᠠᠯᠠᠪᠠᠢ ᠮᠠᠰᠢ ᠬᠥᠷ ᠬᠥᠭ᠌ᠵᠢᠶᠡᠨ ᠲᠠᠢ ᠪᠠᠢᠯ᠎ᠠ᠃ ᠪᠦᠦ ᠭᠠᠩ᠂ ᠵᠠᠩ ᠳ᠋ᠠᠩ ᠬᠤᠢ᠂ ᠵᠠᠩ ᡁᠢ ᠺᠦᠢ᠂ ᠴᠧᠩ ᠲᠤᠤ᠂ ᠾᠧ ᠬᠠᠢ ᠳ᠋ᠦᠩ᠂ ᠮᠠ ᠬᠣᠩ ᠵᠢᠶᠦ᠋ᠨ᠂ ᠳ᠋ᠦᠩ ᠵᠦᠩ᠂ ᠵᠠᠩ ᠶᠠᠨ᠂ ᠯᠢᠦ ᠬᠠᠢ ᠶᠠᠨ᠂ ᠯᠦ᠍ ᠵᠠᠨ ᠶᠤᠸᠠᠨ᠂ ᠴᠢᠶᠣᠤ ᠸᠸᠨ ᠵᠢᠶ᠍ᠸ᠂ ᠠᠯᠲᠠᠨᠰᠠᠩ᠂ ᠵᠠᠩ ᠵᠢᠶᠠᠨ ᠴᠢᠦ᠂ ᠵᠤᠤ ᠶᠦᠩ ᠨᠠᠷ ᠤᠷᠢᠳ ᠬᠣᠵᠢᠳ ᠦᠭᠡ ᠬᠡᠯᠡᠪᠠ᠂ ᠤᠯᠠᠨ ᠎ᠤ  ᠶᠠᠷᠢᠬᠤ ᠵᠢ ᠰᠤᠨᠤᠰᠬᠤ ᠲᠤᠮᠳᠠ ᠰᠦᠨ ᠱᠤᠤ ᠴᠸᠩ ᠪᠠᠢᠨ ᠪᠠᠢᠨ ᠯᠠᠪᠯᠠᠨ ᠠᠰᠠᠭᠤᠵᠤ᠂ ᠤᠯᠠᠨ᠎ᠲᠠᠶ ᠶᠠᠷᠢᠯᠴᠠᠨ ᠰᠣᠯᠢᠯᠴᠠᠪᠠ᠃

ᠰᠦᠨ ᠱᠤᠤ ᠴᠧᠩ ᠶᠠᠷᠢᠶᠠᠨ᠎ᠳᠠᠭᠠᠨ᠂ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ ᠶᠡᠷᠦᠩᠬᠡᠢ ᠱᠦᠵᠢ ᠰᠢ ᠵᠢᠨ ᠫᠢᠩ ᠎ᠦᠨ ᠥᠪᠥᠷ ᠮᠣᠩᠭᠣᠯ᠎ᠤᠨ ᠲᠤᠬᠠᠢ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ ᠪᠣᠯᠤᠨ ᠲᠥᠪ ᠎ᠦᠨ ᠠᠵᠤ ᠠᠬᠤᠢ᠎ᠶ᠋ᠢᠨ ᠠᠵᠢᠯ᠎ᠤᠨ ᠬᠤᠷᠠᠯ᠎ᠤᠨ ᠵᠣᠷᠢᠭ ᠰᠠᠨᠠᠭ᠎ᠠ᠎ᠶ᠋ᠢ ᠪᠦᠬᠦ᠌ ᠲᠠᠯ᠎ᠠ᠎ᠪᠠᠷ ᠲᠤᠭᠤᠱᠢᠯᠠᠭᠤᠯᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠡᠨᠡ ᠵᠢᠯ ᠎ᠦᠨ ᠠᠵᠢᠯ ᠎ᠤᠨ ᠲᠤᠬᠠᠢ ᠪᠠᠢᠷᠢᠯᠠᠭᠤᠯᠤᠯᠲᠠ ᠱᠠᠭᠠᠷᠳᠠᠯᠭ᠎ᠠ᠎ᠶ᠋ᠢ ᠢᠯᠡᠷᠡᠭᠦᠯᠵᠤ᠂ ᠦᠨᠡᠨ᠎ᠢ ᠪᠠᠷᠢᠮᠲᠠᠯᠠᠨ ᠪᠣᠳᠠᠲᠠᠢ᠎ᠶ᠋ᠢ ᠡᠷᠬᠢᠮᠯᠡᠭ᠌ᠰᠡᠨ ᠰᠠᠢ᠌ᠨ ᠢᠯᠡᠳᠭᠡᠯ ᠪᠣᠯᠵᠠᠢ᠂ ᠪᠢ ᠪᠦᠷᠢᠮᠦᠰᠦᠨ ᠵᠥᠪᠱᠢᠶᠡᠷᠡᠨ᠎ᠡ ᠭᠡᠪᠡ᠃


QQ20250115-094801.png


1 ᠰᠠᠷ᠎ᠠ᠎ᠶ᠋ᠢᠨ 14 ᠤ᠋ ᠡᠳᠦᠷ᠂ ᠰᠦᠨ ᠱᠤᠤ ᠴᠧᠩ ᠲᠡᠭᠦᠨ ᠎ᠤ ᠪᠠᠢᠭ᠎ᠠ ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭᠠᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠭᠤᠷᠪᠠᠳᠤᠭᠠᠷ ᠬᠤᠷᠠᠯ᠎ᠤᠨ ᠬᠥᠬᠡᠬᠣᠲᠠ᠎ᠶ᠋ᠢᠨ ᠲᠥᠯᠥᠭᠡᠯᠡᠭ᠌ᠴᠢᠳ᠎ᠦᠨ ᠪᠦᠯᠬᠦᠮ᠎ᠦᠨ ᠬᠢᠨᠠᠨ ᠵᠥᠪᠯᠡᠬᠦ᠌᠎ᠳᠦ ᠣᠷᠣᠯᠴᠠᠪᠠ᠃ 

    ᠲᠤᠰ ᠰᠣᠨᠢᠨ᠎ᠤ ᠰᠤᠷᠪᠤᠯᠵᠢᠯᠠᠭ᠍ᠴᠢ ᠮᠠ ᠵᠢᠶᠠᠨ ᠪᠢᠩ ᠰᠡᠭᠦᠳᠡᠷᠯᠡᠪᠡ


ᠰᠦᠨ ᠱᠤᠤ ᠴᠧᠩ᠂ ᠥᠩᠭᠡᠷᠡᠭ᠌ᠰᠡᠨ ᠨᠢᠭᠡ ᠵᠢᠯ᠎ᠳᠦ᠂ ᠬᠥᠬᠡᠬᠣᠲᠠ᠎ᠶ᠋ᠢᠨ ᠠᠵᠢᠯ ᠮᠠᠰᠢ ᠰᠠᠢ᠌ᠨ ᠶᠠᠪᠤᠭ᠍ᠳᠠᠵᠤ᠂ ᠡᠯ᠎ᠡ ᠲᠠᠯ᠎ᠠ᠎ᠶ᠋ᠢᠨ ᠬᠥᠭ᠌ᠵᠢᠯᠲᠡ᠎ᠶ᠋ᠢᠨ ᠰᠠᠢᠨ ᠬᠠᠨᠳᠤᠰᠢ ᠢᠯᠡᠷᠡᠪᠠ᠂ ᠬᠣᠢᠱᠢᠳᠠ ᠣᠷᠣᠨ ᠎ᠤ ᠲᠥᠪ ᠬᠤᠳᠠ ᠵᠢᠨ ᠬᠠᠷᠢᠭᠤᠴᠠᠯᠭ᠎ᠠ ᠎ᠪᠠᠨ ᠦᠷᠭᠦᠯᠵᠢᠯᠡᠨ ᠪᠠᠲᠤ ᠡᠭᠦᠷᠭᠡᠯᠡᠵᠦ᠍᠂ ᠨᠢᠭᠡ ᠭᠣᠣᠯ ᠰᠢᠵᠢᠮ᠎ᠢ ᠲᠤᠭᠤᠱᠢᠯᠠᠭᠤᠯᠬᠤ᠂ ᠬᠣᠶᠠᠷ ᠶᠡᠬᠡ ᠶᠠᠪᠤᠳᠠᠯ᠎ᠢ ᠰᠠᠢᠲᠤᠷ ᠬᠢᠬᠦ᠌᠂ 《ᠲᠠᠪᠤᠨ ᠶᠡᠬᠡ ᠡᠭᠦᠷᠭᠡ 》 ᠵᠢ ᠪᠡᠶᠡᠯᠡᠭᠦᠯᠬᠦ᠌᠂ 《ᠵᠢᠷᠭᠤᠭᠠᠨ ᠢᠨᠵᠧᠨᠧᠷᠢᠩ 》 ᠎ᠢ᠋ ᠬᠡᠷᠡᠭ᠌ᠵᠢᠭᠦᠯᠬᠦ᠌᠂ 《ᠵᠢᠷᠭᠤᠭᠠᠨ ᠠᠵᠢᠯᠯᠠᠭ᠎ᠠ》᠎ᠵᠢ ᠥᠷᠨᠢᠭᠦᠯᠬᠦ᠌ ᠲᠠᠯ᠎ᠠ᠎ᠪᠠᠷ ᠱᠢᠨ᠎ᠡ ᠵᠢᠳᠬᠦᠯ ᠴᠢᠷᠮᠠᠢᠯᠭ᠎ᠠ ᠭᠠᠷᠭᠠᠵᠤ᠂ ᠪᠦᠬᠦ᠌ ᠣᠷᠣᠨ᠎ᠤ ᠬᠥᠭ᠌ᠵᠢᠯᠲᠡ᠎ᠶ᠋ᠢᠨ ᠶᠡᠬᠡ ᠲᠠᠯ᠎ᠠ᠎ᠳᠤ ᠵᠣᠷᠢᠭ᠍ᠲᠠᠢ᠎ᠪᠠᠷ ᠶᠡᠬᠡ ᠡᠭᠦᠷᠭᠡ᠎ᠶ᠋ᠢ ᠡᠭᠦᠷᠭᠡᠯᠡᠵᠦ᠍᠂ ᠢᠯᠡᠭᠦᠬᠡᠨ ᠬᠤᠪᠢ ᠨᠡᠮᠡᠷᠢ ᠦᠵᠡᠭᠦᠯᠬᠦ᠌ ᠬᠡᠷᠡᠭ᠌ᠲᠡᠢ᠃ ᠨᠢᠭᠡ᠎ᠳᠦ᠂ ᠥᠭᠡᠷᠡᠴᠢᠯᠡᠯᠲᠡ᠎ᠳᠦ ᠲᠦᠱᠢᠭ᠌ᠯᠡᠨ ᠬᠥᠭ᠌ᠵᠢᠯᠲᠡ᠎ᠶ᠋ᠢᠨ ᠬᠦᠴᠢᠷᠳᠡᠯ ᠎ᠢ ᠱᠢᠢᠳᠪᠦᠷᠢᠯᠡᠵᠦ᠍᠂ ᠤᠯᠤᠰ᠎ᠤᠨ ᠥᠮᠴᠢᠯᠡᠯ᠎ᠦᠨ ᠠᠵᠤ ᠠᠬᠤᠢᠯᠠᠯ᠎ᠤᠨ《ᠪᠦᠰᠡᠯᠡᠯᠲᠡ ᠱᠢᠪᠲᠤᠯᠬᠤ》᠂ ᠨᠡᠭᠡᠭᠡᠯᠲᠡ᠎ᠶᠢᠨ ᠲᠤᠭᠤᠷᠢᠭ᠎ᠤᠨ ᠪᠦᠳᠦᠭᠡᠨ ᠪᠠᠢᠭᠤᠯᠤᠯᠲᠠ᠂ ᠤᠰᠤ᠎ᠶ᠋ᠢ ᠠᠷᠪᠢᠯᠠᠨ ᠬᠡᠷᠡᠭ᠌ᠯᠡᠬᠦ᠌ ᠵᠡᠷᠭᠡ᠎ᠲᠡᠶ ᠤᠶᠠᠯᠳᠤᠭᠤᠯᠤᠨ ᠥᠭᠡᠷᠡᠴᠢᠯᠡᠯᠲᠡ᠎ᠶ᠋ᠢ ᠰᠦᠪᠡᠭ᠌ᠴᠢᠯᠡᠬᠦ᠎ᠶ᠋ᠢ ᠴᠢᠩᠭᠠᠳᠭᠠᠵᠤ᠂ ᠵᠠᠬ᠎ᠠ ᠳᠡᠯᠭᠡᠭᠦᠷᠴᠢᠯᠡᠬᠦ᠌ ᠠᠷᠭ᠎ᠠ ᠪᠠᠷᠢᠯ᠎ᠢ ᠬᠡᠷᠡᠭ᠌ᠯᠡᠨ ᠠᠵᠤ ᠠᠬᠤᠢ᠎ᠶ᠋ᠢᠨ ᠬᠥᠭ᠌ᠵᠢᠯᠲᠡ᠂ ᠨᠡᠢᠭᠡᠮ᠎ᠦᠨ ᠵᠠᠰᠠᠯᠲᠠ ᠪᠠ ᠤᠯᠠᠨ ᠲᠦᠮᠡᠨ᠎ᠳᠦ ᠦᠢᠯᠡᠴᠢᠯᠡᠬᠦ᠌ ᠲᠦᠪᠱᠢᠨ᠎ᠢᠶᠡᠨ ᠳᠡᠭᠡᠭ᠌ᠰᠢᠯᠡᠭᠦᠯᠬᠦ ᠬᠡᠷᠡᠭᠳᠡᠢ᠃ ᠬᠣᠶᠠᠷ᠎ᠲᠤ᠂ ᠱᠢᠨ᠎ᠡ᠎ᠪᠡᠷ ᠮᠠᠨᠳᠤᠭ᠍ᠰᠠᠨ ᠠᠵᠤ ᠦᠢᠯᠡᠰ ᠎ᠢ ᠲᠦᠷᠭᠡᠳᠬᠡᠨ ᠬᠥᠭ᠌ᠵᠢᠭᠦᠯᠵᠦ᠍᠂ ᠦᠢᠯᠡᠳᠪᠦᠷᠢᠯᠡᠯ ᠵᠢᠭᠠᠨ ᠰᠤᠷᠭᠠᠯᠲᠠ ᠰᠤᠳᠤᠯᠭᠠᠨ᠎ᠤ ᠭᠦᠨᠵᠡᠭᠡᠢ ᠠᠭᠤᠰᠤᠯᠴᠠᠯ᠎ᠢ ᠠᠬᠢᠭᠤᠯᠵᠤ᠂ ᠤᠢᠷ᠎ᠠ ᠤᠭᠲᠠᠷᠭᠤᠢ᠎ᠶᠢᠨ ᠠᠵᠤ ᠠᠬᠤᠢ᠂ ᠵᠢᠯᠣᠭᠣᠴᠢ ᠦᠭᠡᠢ ᠮᠠᠱᠢᠨ᠂ ᠬᠤᠳᠠᠯᠳᠤᠭᠠᠨ᠎ᠤ ᠰᠠᠨᠰᠠᠷ᠎ᠤᠨ ᠠᠶᠠᠯᠠᠯ᠂ ᠪᠣᠬᠢᠷᠲᠤᠯ ᠦᠭᠡᠢ ᠪᠤᠳᠤᠯᠲᠠ᠎ᠶᠢᠨ ᠬᠦᠴᠦᠨ᠂ ᠴᠠᠬᠢᠭᠤᠷᠲᠤ ᠱᠢᠨ᠎ᠡ ᠮᠠᠲ᠋ᠧᠷᠢᠶᠠᠯ᠂ ᠬᠠᠶᠠᠭ᠍ᠳᠠᠮᠠᠯ ᠬᠠᠭᠤᠴᠢᠨ ᠳ᠋ᠢᠶᠠᠨ ᡂᠢ᠎ᠶ᠋ᠢ ᠡᠭᠡᠭᠦᠯᠦᠨ ᠬᠤᠷᠢᠶᠠᠵᠤ ᠠᠱᠢᠭ᠍ᠯᠠᠬᠤ ᠵᠡᠷᠭᠡ ᠠᠵᠤ ᠦᠢᠯᠡᠰ᠎ᠢ ᠤᠷᠢᠳᠴᠢᠯᠠᠨ ᠤᠬᠠᠭᠠᠯᠠᠨ ᠲᠥᠯᠥᠪᠯᠡᠵᠦ ᠪᠠᠢᠷᠢᠱᠢᠭᠤᠯᠵᠤ᠂ ᠱᠢᠨ᠎ᠡ ᠤᠷᠤᠯᠳᠤᠭᠠᠨ᠎ᠤ ᠵᠠᠮ᠎ᠢ ᠵᠠᠪᠳᠤᠨ ᠡᠵᠡᠯᠡᠵᠦ᠍᠂ ᠱᠢᠨ᠎ᠡ ᠬᠥᠳᠡᠯᠭᠡᠬᠦ᠌ ᠡᠨᠧᠷᠭᠢ᠎ᠶ᠋ᠢ ᠪᠣᠢᠵᠢᠭᠤᠯᠬᠤ ᠬᠡᠷᠡᠭᠳᠡᠢ᠃ ᠭᠤᠷᠪᠠ᠎ᠳᠤ᠂ ᠨᠡᠢᠭᠡᠮ᠎ᠦᠨ ᠬᠠᠮᠢᠶᠠᠷᠤᠯᠲᠠ᠎ᠶ᠋ᠢᠨ ᠳᠡᠰ ᠳᠡᠪᠱᠢᠬᠦ᠌᠎ᠶ᠋ᠢ ᠠᠬᠢᠭᠤᠯᠵᠤ᠂ ᠬᠣᠲᠠ᠎ᠶ᠋ᠢᠨ ᠲᠥᠯᠥᠪᠵᠢᠭᠦᠯᠭᠡ ᠪᠠᠢᠷᠢᠱᠢᠭᠤᠯᠤᠯᠳᠠ᠎ᠵᠢ ᠱᠢᠯᠢᠳᠡᠭ᠌ᠵᠢᠭᠦᠯᠦᠨ᠂ ᠰᠠᠭᠤᠷᠢ ᠲᠦᠬᠦᠭᠡᠷᠦᠮᠵᠢ᠎ᠶ᠋ᠢᠨ ᠪᠦᠲᠦᠭᠡᠨ ᠪᠠᠢᠭᠤᠯᠤᠯᠲᠠ᠎ᠶ᠋ᠢ ᠴᠢᠩᠭᠠᠳᠭᠠᠵᠤ᠂ ᠨᠠᠷᠢᠯᠢᠬ ᠬᠠᠮᠢᠶᠠᠷᠤᠯᠲᠠ᠎ᠶ᠋ᠢᠨ ᠲᠦᠪᠰᠢᠨ᠎ᠢ ᠳᠡᠭᠡᠭ᠌ᠰᠢᠯᠡᠭᠦᠯᠬᠦ ᠬᠡᠷᠡᠭᠳᠡᠢ᠃ ᠳᠥᠷᠪᠡ᠎ᠳᠦ᠂ ᠠᠷᠠᠳ ᠎ᠤᠨ ᠠᠮᠢᠳᠤᠷᠠᠯ ᠎ᠢ ᠬᠦᠴᠦᠯᠡᠨ ᠰᠠᠢᠵᠢᠷᠠᠭᠤᠯᠵᠤ᠂ 《ᠲᠠᠪᠤ ᠎ᠳᠤ ᠲᠣᠬᠢᠷᠠᠮᠵᠢᠲᠠᠶ ᠬᠣᠲᠠ 》 ᠎ᠶ᠋ᠢᠨ ᠪᠥᠲᠥᠭᠡᠨ ᠪᠠᠢᠭᠤᠯᠤᠯᠲᠠ᠎ᠪᠠᠷ ᠬᠥᠲᠥᠯᠦᠮᠵᠢ ᠪᠣᠯᠭᠠᠵᠤ᠂ ᠠᠵᠢᠯ ᠣᠯᠭᠣᠯᠲᠠ᠂ ᠰᠤᠷᠭᠠᠨ ᠬᠥᠮᠦᠵᠢᠯ᠂ ᠡᠮ ᠡᠮᠨᠡᠯᠭᠡ᠂ ᠨᠠᠰᠤᠵᠢᠯ᠎ᠤᠨ ᠠᠰᠠᠷᠠᠮᠵᠢ ᠵᠡᠷᠭᠡ ᠠᠷᠠᠳ ᠣᠯᠠᠨ᠎ᠤ ᠠᠩᠬᠠᠷᠴᠤ᠌ ᠪᠠᠢᠭ᠎ᠠ ᠶᠡᠬᠡ ᠶᠠᠪᠤᠳᠠᠯ᠎ᠢ ᠪᠣᠳᠠᠲᠠᠶ ᠠᠳᠭᠤᠬᠤ ᠬᠡᠷᠡᠭᠳᠡᠢ᠃ ᠲᠠᠪᠤ᠎ᠳᠤ᠂ ᠣᠷᠣᠨ ᠪᠦᠰᠡ᠎ᠶ᠋ᠢᠨ ᠬᠠᠮᠲᠤᠷᠠᠯᠴᠠᠭ᠎ᠠ᠎ᠶ᠋ᠢ ᠭᠦᠨᠵᠡᠭᠡᠢᠷᠡᠭᠦᠯᠵᠦ᠍᠂ ᠬᠥᠬᠡᠬᠣᠲᠠ ᠪᠤᠭᠤᠲᠤ ᠤᠷᠳᠤᠰ ᠤᠯᠠᠭᠠᠨᠴᠠᠪ᠎ᠢ ᠨᠢᠭᠡ ᠴᠤᠭ᠍ᠴᠠᠵᠢᠭᠤᠯᠤᠨ ᠬᠥᠭ᠌ᠵᠢᠬᠦᠯᠬᠦ ᠲᠠᠯ᠎ᠠ ᠪᠡᠷ ᠨᠡᠩ ᠶᠡᠬᠡ ᠠᠯᠬᠤᠮ  ᠠᠯᠬᠤᠬᠤ᠎ᠶ᠋ᠢ ᠲᠦᠷᠦᠭᠦᠯᠡᠨ ᠠᠬᠢᠭᠤᠯᠬᠤ ᠬᠡᠷᠡᠭᠳᠡᠢ ᠭᠡᠪᠡ᠃

ᠰᠦᠨ ᠱᠤᠤ ᠴᠧᠩ᠂ ᠬᠥᠬᠡᠬᠣᠲᠠ ᠎ᠶ᠋ᠢᠨ ᠬᠢᠨ ᠬᠤᠳᠠ᠎ᠪᠠᠨ ᠪᠤᠵᠠᠭᠠᠢᠷᠠᠭᠤᠯᠵᠤ᠂ ᠲᠥᠪᠯᠡᠷᠡᠭ᠌ᠰᠡᠨ ᠪᠦᠭᠡᠮᠨᠡᠷᠡᠭᠰᠡᠨ ᠡᠷᠴᠢᠮᠵᠢᠭ᠌ᠰᠡᠨ ᠬᠥᠭ᠌ᠵᠢᠯᠲᠡ᠎ᠶ᠋ᠢᠨ ᠰᠠᠭᠤᠷᠢᠨ ᠳᠡᠭᠡᠷ᠎ᠡ᠂ ᠠᠷᠭ᠎ᠠ ᠪᠦᠬᠦᠨ᠎ᠢ ᠰᠦᠪᠡᠭ᠌ᠴᠢᠯᠡᠵᠦ᠍ ᠬᠥᠮᠦᠨ ᠠᠮᠠ᠎ᠶ᠋ᠢ ᠲᠥᠪᠯᠡᠷᠡᠭᠦᠯᠵᠦ᠍᠂ ᠬᠦᠭᠵᠢᠨ ᠴᠠᠴᠡᠭᠯᠡᠭᠰᠡᠨ ᠠᠭᠤᠷ ᠠᠮᠢᠰᠭᠤᠯ᠎ᠢ ᠦᠳᠭᠡᠷᠡᠬᠦᠯᠬᠦ ᠬᠡᠷᠡᠭ᠌ᠲᠡᠢ᠃ ᠳᠠᠯᠠᠨ ᠬᠠᠷ᠎ᠠ ᠠᠭᠤᠯᠠ᠎ᠶ᠋ᠢ ᠰᠠᠢᠲᠤᠷ ᠬᠠᠮᠠᠭᠠᠯᠠᠨ ᠰᠠᠢᠲᠤᠷ ᠬᠡᠷᠡᠭ᠌ᠯᠡᠵᠦ᠍᠂ ᠣᠯᠠᠨ ᠲᠦᠮᠡᠨ᠎ᠤ ᠠᠮᠢ ᠠᠬᠤᠶ᠎ᠶ᠋ᠢᠨ ᠪᠣᠯᠪᠠᠰᠤᠨ᠎ᠤ ᠪᠠᠢᠭᠤᠯᠤᠯᠲᠠ᠎ᠶ᠋ᠢᠨ ᠦᠷ᠎ᠡ ᠪᠦᠲᠦᠭᠡᠯ ᠎ᠢ ᠬᠠᠮᠲᠤ᠎ᠪᠠᠷ ᠡᠳ᠋ᠯᠡᠬᠦ᠌ ᠵᠢ ᠪᠡᠶᠡᠯᠡᠬᠦᠯᠬᠦ ᠬᠡᠷᠡᠭ᠌ᠲᠡᠶ᠃ ᠵᠢᠭᠤᠯᠴᠢᠯᠠᠯ᠎ᠢ ᠬᠥᠭ᠌ᠵᠢᠭᠡᠵᠦ᠍᠂ ᠵᠢᠭᠤᠯᠴᠢᠯᠠᠯ᠎ᠤᠨ ᠦᠢᠯᠡᠳᠭᠦᠨ ᠪᠠ ᠵᠠᠮ ᠱᠤᠭᠤᠮ ᠎ᠢ ᠨᠠᠷᠢᠨ ᠨᠢᠮᠪᠠᠶ ᠵᠢᠷᠤᠵᠤ ᠲᠥᠯᠥᠪᠯᠡᠨ᠂ ᠨᠠᠩ ᠣᠯᠠᠨ ᠰᠣᠶᠣᠯ ᠵᠢᠭᠤᠯᠴᠢᠯᠠᠯ᠎ᠤᠨ ᠲᠦᠷᠦᠯ ᠲᠡᠮᠳᠡᠭ᠎ᠢ ᠡᠭᠦᠳᠬᠦ᠌ ᠬᠡᠷᠡᠭ᠌ᠲᠡᠶ ᠭᠡᠪᠡ᠃

 

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号