ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶᠢᠨ ᠵᠥᠪᠯᠡᠯᠭᠡᠨ᠎ᠦ ᠠᠷᠪᠠᠨ ᠭᠤᠷᠪᠠᠳᠤᠭᠠᠷ ᠬᠤᠭᠤᠴᠠᠭᠠᠨ᠎ᠤ ᠬᠤᠷᠢᠶ᠎ᠠ ᠵᠢᠨ ᠭᠤᠷᠪᠠᠳᠤᠭᠠᠷ ᠬᠤᠷᠠᠯ ᠬᠣᠶᠠᠳᠤᠭᠠᠷ ᠤᠳᠠᠭ᠎ᠠ ᠵᠢᠨ ᠪᠥᠬᠥᠳᠡ ᠬᠤᠷᠠᠯ ᠬᠢᠪᠡ
2025-01-15 10:04:41
ᠵᠣᠬᠢᠶᠠᠭ᠍ᠴᠢ᠄
ᠪᠠᠢ ᠳ᠋ᠠᠨ
ᠣᠩᠱᠢᠭ᠍ᠰᠠᠨ ᠣᠳᠠᠭ᠎ᠠ᠄
★★★☆☆

ᠵᠠᠩ ᠶᠠᠨ ᠺᠦᠨ ᠣᠷᠣᠯᠴᠠᠵᠠᠢ


1 ᠰᠠᠷ᠎ᠠ᠎ᠶᠢᠨ 14᠎ᠤ᠋ ᠦᠳᠡ᠎ᠶᠢᠨ ᠬᠣᠢᠨ᠎ᠠ᠂ ᠥᠪᠡᠷᠲᠡᠭᠡᠨ ᠵᠠᠰᠠᠬᠤ ᠣᠷᠣᠨ᠎ᠤ ᠤᠯᠤᠰ ᠲᠦᠷᠦ᠎ᠶᠢᠨ ᠵᠥᠪᠯᠡᠯᠭᠡᠨ᠎ᠦ ᠠᠷᠪᠠᠨ ᠭᠤᠷᠪᠠᠳᠤᠭᠠᠷ ᠬᠤᠭᠤᠴᠠᠭᠠᠨ᠎ᠤ  ᠬᠤᠷᠢᠶ᠎ᠠ ᠵᠢᠨ ᠭᠤᠷᠪᠠᠳᠤᠭᠠᠷ ᠬᠤᠷᠠᠯ ᠬᠣᠶᠠᠳᠤᠭᠠᠷ ᠤᠳᠠᠭ᠎ᠠ ᠵᠢᠨ ᠪᠦᠬᠦᠳᠡ ᠬᠤᠷᠠᠯ ᠬᠢᠵᠦ᠂ ᠭᠡᠰᠢᠭᠦᠳ ᠶᠡᠬᠡ ᠬᠤᠷᠠᠯ ᠳᠡᠭᠡᠷ᠎ᠡ ᠦᠬᠡ ᠬᠡᠯᠡᠪᠡ᠃

ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶᠢᠨ ᠵᠥᠪᠯᠡᠯᠭᠡᠨ᠎ᠦ ᠲᠡᠷᠢᠭᠦᠯᠡᠭᠴᠢ ᠵᠠᠩ ᠶᠠᠨ ᠺᠦᠨ᠂ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶᠢᠨ ᠵᠥᠪᠯᠡᠯᠭᠡᠨ᠎ᠦ ᠳᠡᠳ᠋ ᠲᠡᠷᠢᠭᠦᠯᠡᠭᠴᠢ ᠯᠥᠸᠧ ᡁᠢ ᠬᠤ᠌᠂ ᠴᠡᠴᠡᠭ᠂ ᠠᠨ ᠷᠦᠨ ᠱᠧᠩ᠂ ᠵᠠᠩ ᠯᠧᠢ᠂ ᠵᠠᠩ ᠪᠠᠢ ᠴᠧᠩ᠂ ᠶᠠᠩ ᠵᠢᠶᠧ ᠵᠢᠴᠢ ᠨᠠᠷᠢᠨ ᠪᠢᠴᠢᠭ᠎ᠦᠨ ᠳᠠᠷᠤᠭ᠎ᠠ ᠶᠠᠩ ᠯᠢ ᠮᠢᠨ ᠬᠤᠷᠠᠯ᠎ᠳᠤ ᠣᠷᠣᠯᠴᠠᠪᠠ᠃ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶᠢᠨ ᠵᠥᠪᠯᠡᠯᠭᠡᠨ᠎ᠦ ᠳᠡᠳ᠋ ᠲᠡᠷᠢᠭᠦᠯᠡᠭᠴᠢ ᠸᠧᠢ ᠭᠦᠸᠧ ᠨᠠᠨ ᠬᠤᠷᠠᠯ᠎ᠢ ᠡᠷᠭᠢᠯᠡᠵᠡᠢ᠃

ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ᠎ᠶᠢᠨ ᠬᠣᠷᠢᠶ᠎ᠠ᠎ᠶᠢᠨ ᠱᠦᠵᠢ ᠱᠢ ᠭᠤᠸᠠᠩ ᠬᠣᠶ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠪᠠᠢᠩᠭᠤ᠎ᠶᠢᠨ ᠭᠡᠰᠢᠭᠦᠨ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠪᠠᠢᠩᠭᠤ᠎ᠶᠢᠨ ᠳᠡᠳ᠋ ᠲᠡᠷᠢᠭᠦᠯᠡᠭᠴᠢ ᠬᠤᠸᠠᠩ ᡁᠢ ᠴᠢᠶᠠᠩ ᠬᠤᠷᠠᠯ᠎ᠳᠤ ᠣᠷᠣᠯᠴᠠᠵᠤ ᠭᠡᠰᠢᠭᠦᠳ᠎ᠦᠨ ᠶᠠᠷᠢᠶ᠎ᠡ ᠵᠢ ᠰᠤᠨᠤᠰᠪᠠ᠃

ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶᠢᠨ ᠵᠥᠪᠯᠡᠯᠭᠡᠨ᠎ᠦ ᠳᠡᠳ᠋ ᠲᠡᠷᠢᠭᠦᠯᠡᠭᠴᠢ ᠠᠨ ᠷᠦᠨ ᠱᠧᠩ ᠰᠣᠩᠭᠣᠭᠤᠯᠢ᠎ᠶᠢᠨ ᠠᠷᠭ᠎ᠠ (ᠲᠥᠰᠥᠯ) ᠶ᠋ᠢᠨ ᠲᠤᠬᠠᠢ ᠲᠣᠳᠣᠷᠬᠠᠢᠯᠠᠯᠲᠠ ᠬᠢᠵᠦ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠵᠣᠬᠢᠶᠠᠨ ᠪᠠᠶ᠋ᠢᠭᠤᠯᠬᠤ ᠬᠡᠯᠲᠡᠰ᠎ᠦᠨ ᠪᠠᠢᠩᠭᠤ᠎ᠶᠢᠨ ᠳᠡᠳ᠋ ᠳᠠᠷᠤᠭ᠎ᠠ ᠵᠠᠩ ᠵᠣᠣ ᠭᠠᠩ ᠬᠣᠯᠪᠣᠭᠳᠠᠯ ᠪᠦᠬᠦᠢ ᠠᠵᠢᠯᠲᠠᠨ᠎ᠤ ᠶᠠᠪᠤᠳᠠᠯ᠎ᠤᠨ ᠵᠦᠢᠯᠡᠰ᠎ᠦᠨ ᠲᠤᠬᠠᠢ ᠲᠣᠳᠣᠷᠬᠠᠢᠯᠠᠯᠲᠠ ᠬᠢᠪᠡ᠃

ᠳ᠋ᠠᠢ ᠶᠠᠨ᠂ ᠴᠧᠩ ᠰᠢ᠂ ᠯᠢᠦᠢ ᠶᠦᠩ ᠴᠧᠩ᠂ ᠯᠢ ᠵᠢᠩ ᠵᠢᠩ᠂ ᠰᠦᠨ ᡁᠢ ᠬᠣᠩ᠂ ᠵᠠᠩ ᠪᠢᠨ᠂ ᠬᠥᠩ ᡁᠢ ᠴᠢᠶᠠᠩ᠂ ᠭᠦᠸᠧ ᠶᠠᠨ ᠴᠦᠨ᠂ ᠼᠦᠢ ᠵᠧᠨ ᠦ᠋᠂ ᠴᠢᠨ ᠯᠢ ᠮᠧᠶ᠂ ᠵᠠᠩ ᠬᠤᠸᠠ ᠵᠧᠨ᠂ ᠯᠦ᠍ ᠯᠢ ᠮᠢᠩ ᠵᠡᠷᠭᠡ 12 ᠭᠡᠰᠢᠭᠦᠨ᠂ ᠨᠡᠢᠰᠯᠡᠯ᠎ᠦᠨ 《ᠬᠣᠲᠠ ᠵᠢᠨ ᠬᠠᠮᠠᠭᠠᠯᠠᠯᠳᠠ ᠭᠣᠣᠯ》 ᠤ᠋ᠨ ᠪᠦᠲᠦᠭᠡᠨ ᠪᠠᠢᠭᠤᠯᠤᠯᠲᠠ᠂ ᠬᠥᠳᠡᠭᠡ ᠲᠣᠰᠬᠣᠨ᠎ᠤ ᠭᠠᠵᠠᠷ ᠰᠢᠷᠣᠢ᠎ᠶᠢ ᠠᠰᠢᠭ᠍ᠯᠠᠬᠤ ᠪᠠ ᠡᠵᠡᠩᠨᠡᠯᠳᠡ ᠵᠢᠨ ᠡᠷᠬᠡ ᠵᠢ ᠬᠦᠢᠯᠬᠡᠬᠡᠬᠦ᠂ 《ᠤᠯᠤᠰ ᠲᠥᠷᠥ᠎ᠶᠢᠨ ᠵᠥᠪᠯᠡᠯᠭᠡᠨ + ᠰᠢᠭᠦᠬᠦ ᠬᠣᠷᠢᠶ᠎ᠠ》 ᠶ᠋ᠢᠨ ᠢᠷᠭᠡᠨ᠎ᠦ ᠪᠠ ᠬᠤᠳᠠᠯᠳᠤᠭᠠᠨ᠎ᠤ ᠶᠠᠪᠤᠳᠠᠯ᠎ᠤᠨ ᠵᠠᠭᠤᠷᠠᠯᠳᠤᠭᠠᠨ᠎ᠢ ᠣᠯᠠᠨ ᠡᠰᠢᠵᠢᠭᠦᠯᠦᠨ ᠰᠢᠢᠳᠪᠦᠷᠢᠯᠡᠬᠦ ᠲᠣᠭᠲᠠᠴᠠ᠂ ᠵᠠᠯᠠᠭᠤᠴᠤᠳ᠎ᠤᠨ ᠠᠵᠢᠯ ᠣᠯᠵᠤ ᠦᠢᠯᠡᠰ ᠪᠤᠰᠬᠠᠬᠤ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ᠎ᠪᠡᠷ ᠬᠥᠳᠡᠯᠭᠡᠭᠦᠷ ᠪᠣᠯᠭᠠᠭᠰᠠᠨ ᠰᠦᠨ ᠬᠦᠴᠢᠯ᠎ᠦᠨ ᠪᠠᠺᠲᠧᠷᠢ᠎ᠶᠢᠨ ᠠᠵᠤ ᠦᠢᠯᠡᠰ᠎ᠦᠨ 《ᠪᠦᠰᠡᠯᠡᠯᠲᠡ ᠰᠢᠪᠲᠤᠯᠬᠤ》᠂ ᠬᠠᠲᠤᠨ ᠭᠣᠣᠯ᠎ᠤᠨ ᠰᠠᠪᠠ ᠭᠠᠵᠠᠷ᠎ᠤᠨ ᠴᠢᠨᠠᠷ ᠰᠠᠢᠲᠠᠢ ᠬᠥᠭᠵᠢᠯᠲᠡ ᠵᠡᠷᠭᠡ ᠭᠣᠣᠯ ᠰᠡᠳᠦᠪ᠎ᠦᠨ ᠲᠣᠭᠣᠷᠢᠨ᠎ᠳᠤ ᠶᠡᠬᠡ ᠬᠤᠷᠠᠯ ᠳᠡᠭᠡᠷ᠎ᠡ ᠦᠬᠡ ᠬᠡᠯᠡᠪᠡ᠃

ᠬᠤᠷᠠᠯ ᠳᠡᠭᠡᠷ᠎ᠡ᠂ ᠬᠤᠷᠠᠯ᠎ᠳᠤ ᠣᠷᠣᠯᠴᠠᠭᠰᠠᠨ ᠭᠡᠰᠢᠭᠦᠳ ᠲᠤᠬᠠᠢ᠎ᠶᠢᠨ ᠲᠠᠯᠠᠪᠠᠢ᠎ᠳᠤ 《ᠭᠡᠰᠢᠭᠦᠨ᠎ᠦ ᠡᠭᠦᠷᠭᠡ ᠲᠤᠰᠢᠶᠠᠯ᠎ᠢᠶᠠᠨ ᠭᠦᠢᠴᠡᠳᠬᠡᠬᠦ ᠠᠮᠠᠯᠠᠯᠲᠠ᠎ᠶᠢᠨ ᠪᠢᠴᠢᠭ》 ᠲᠦ᠍ ᠭᠠᠷ᠎ᠤᠨ ᠦᠰᠦᠭ ᠵᠢᠷᠤᠪᠠ᠃ ᠲᠤᠬᠠᠢ᠎ᠶᠢᠨ ᠡᠳᠦᠷ᠎ᠦᠨ ᠦᠳᠡ᠎ᠶᠢᠨ ᠬᠣᠢᠨ᠎ᠠ ᠪᠠᠰᠠ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶᠢᠨ ᠵᠥᠪᠯᠡᠯᠭᠡᠨ᠎ᠦ ᠠᠷᠪᠠᠨ ᠭᠤᠷᠪᠠᠳᠤᠭᠠᠷ ᠬᠤᠭᠤᠴᠠᠭᠠᠨ᠎ᠤ ᠬᠤᠷᠢᠶ᠎ᠠ ᠵᠢᠨ 42 ᠳ᠋ᠤᠭᠠᠷ ᠤᠳᠠᠭ᠎ᠠ᠎ᠶᠢᠨ ᠲᠡᠷᠢᠭᠦᠯᠡᠭᠴᠢᠳ᠎ᠦᠨ ᠬᠤᠷᠠᠯ᠎ᠢ ᠬᠤᠷᠠᠯᠳᠤᠭᠤᠯᠵᠤ᠂ ᠳᠤᠭᠤᠢᠯᠠᠩ ᠬᠤᠪᠢᠶᠠᠨ ᠶᠠᠷᠢᠯᠴᠠᠭᠤᠯᠬᠤ᠎ᠪᠠᠷ ᠳᠡᠪᠰᠢᠭᠦᠯᠦᠭᠰᠡᠨ ᠬᠣᠯᠪᠣᠭᠳᠠᠯ ᠪᠦᠬᠦᠢ ᠪᠢᠴᠢᠭ ᠮᠠᠲᠧᠷᠢᠶᠠᠯ᠂ ᠠᠵᠢᠯᠲᠠᠨ᠎ᠤ ᠶᠠᠪᠤᠳᠠᠯ᠎ᠤᠨ ᠵᠦᠢᠯᠡᠰ᠎ᠢ ᠬᠢᠨᠠᠨ ᠵᠥᠪᠯᠡᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号