ᠨᠢᠳᠤᠨᠤᠨ᠎ᠤ ᠲᠦᠷᠦᠭᠦᠦ ᠭᠤᠷᠪᠠᠨ ᠤᠯᠠᠷᠢᠯ᠎ᠳᠤ ᠮᠠᠨ᠎ᠤ ᠣᠷᠣᠨ᠎ᠤ ᠦᠶ᠋ᠯᠡᠳᠪᠦᠷᠢᠯᠡᠯ᠎ᠦᠨ ᠶᠡᠷᠦᠩᠬᠡᠶ ᠥᠷᠲᠡᠭ᠎ᠦᠨ ᠨᠡᠮᠡᠭ᠌ᠳᠡᠯ᠎ᠦᠨ ᠬᠤᠷᠳᠤᠴᠠ ᠪᠥᠬᠥ᠌ ᠤᠯᠤᠰ᠎ᠤᠨ ᠳᠥᠷᠪᠡᠳᠦᠭᠡᠷ᠎ᠲᠦ ᠣᠷᠣᠪᠠ
2025-01-15 10:12:50
ᠵᠣᠬᠢᠶᠠᠭ᠍ᠴᠢ᠄
ᠬᠠᠨ ᠱᠢᠤᠸᠠᠢ ᠷᠦ᠋
ᠣᠩᠱᠢᠭ᠍ᠰᠠᠨ ᠣᠳᠠᠭ᠎ᠠ᠄
★★★☆☆

1 ᠰᠠᠷ᠎ᠠ᠎ᠶ᠋ᠢᠨ 14 ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭᠠᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠭᠤᠷᠪᠠᠳᠤᠭᠠᠷ ᠬᠤᠷᠠᠯ ᠳᠡᠭᠡᠷ᠎ᠡ᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 2024 ᠣᠨ᠎ᠤ ᠤᠯᠤᠰ ᠠᠷᠠᠳ᠎ᠤᠨ ᠠᠵᠤ ᠠᠬᠤᠢ ᠪᠠ ᠨᠡᠢᠭᠡᠮ᠎ᠦᠨ ᠬᠥᠭ᠌ᠵᠢᠯᠲᠡ᠎ᠶ᠋ᠢᠨ ᠲᠥᠯᠥᠪᠯᠡᠭᠡ᠎ᠶ᠋ᠢ ᠬᠡᠷᠡᠭ᠌ᠵᠢᠭᠦᠯᠦᠭ᠌ᠰᠡᠨ ᠪᠠᠢᠳᠠᠯ ᠵᠢᠴᠢ 2025 ᠣᠨ᠎ᠤ ᠤᠯᠤᠰ ᠠᠷᠠᠳ᠎ᠤᠨ ᠠᠵᠤ ᠠᠬᠤᠢ ᠪᠠ ᠨᠡᠢᠭᠡᠮ᠎ᠦᠨ ᠬᠥᠭ᠌ᠵᠢᠯᠲᠡ᠎ᠶ᠋ᠢᠨ ᠲᠥᠯᠥᠪᠯᠡᠭᠡ᠎ᠶ᠋ᠢᠨ ᠲᠥᠰᠦᠯ᠎ᠦᠨ ᠲᠤᠬᠠᠢ ᠮᠡᠳᠡᠭᠦᠯᠦᠯᠲᠡ》 ᠵᠢ ᠪᠢᠴᠢᠭ᠎ᠦᠨ ᠬᠡᠯᠪᠡᠷᠢ᠎ᠪᠡᠷ ᠶᠡᠬᠡ ᠬᠤᠷᠠᠯ᠎ᠳᠤ ᠬᠢᠨᠠᠨ ᠪᠠᠢᠴᠠᠭᠠᠯᠭᠠᠬᠤ᠎ᠪᠠᠷ ᠳᠡᠪᠱᠢᠭᠦᠯᠪᠡ᠃

ᠮᠡᠳᠡᠭᠦᠯᠦᠯᠲᠡ᠎ᠳᠦ ᠢᠯᠡᠷᠡᠬᠦᠯᠦᠭᠰᠡᠨ ᠵᠢᠡᠷ᠂ 2024 ᠣᠨ ᠳ᠋ᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠣᠯᠭᠠᠬᠤ᠎ᠶ᠋ᠢ ᠪᠠᠷᠢᠮᠲᠠᠯᠠᠵᠤ᠂ ᠨᠠᠮ᠎ᠤᠨ ᠬᠣᠷᠢᠳᠤᠭᠠᠷ ᠶᠡᠬᠡ ᠬᠤᠷᠠᠯ ᠪᠣᠯᠤᠨ ᠬᠣᠷᠢᠳᠤᠭᠠᠷ ᠬᠤᠭᠤᠴᠠᠭᠠᠨ᠎ᠤ ᠲᠦᠪ ᠬᠤᠷᠢᠶ᠎ᠠ ᠵᠢᠨ ᠬᠣᠶᠠᠳᠤᠭᠠᠷ᠂ ᠭᠤᠷᠪᠠᠳᠤᠭᠠᠷ ᠪᠦᠭᠦᠳᠡ ᠬᠤᠷᠠᠯ᠎ᠤᠨ ᠵᠤᠷᠢᠭ ᠰᠠᠨᠠᠭ᠎ᠠ ᠵᠢ ᠪᠦᠬᠦ᠌ ᠲᠠᠯ᠎ᠠ᠎ᠪᠠᠷ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ ᠶᠡᠷᠦᠩᠬᠡᠶ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠤᠨ ᠲᠤᠬᠠᠶ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠭᠦᠨᠵᠡᠭᠡᠶ ᠲᠤᠭᠤᠱᠢᠯᠠᠭᠤᠯᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶ᠋ᠢᠨ ᠠᠷᠪᠠᠨ ᠨᠢᠭᠡᠳᠦᠭᠡᠷ ᠬᠤᠭᠤᠴᠠᠭᠠᠨ᠎ᠤ ᠳᠣᠯᠣᠳᠤᠭᠠᠷ᠂ ᠨᠠᠢ᠍ᠮᠠᠳᠤᠭᠠᠷ ᠪᠥᠬᠥᠳᠡ ᠬᠤᠷᠠᠯ᠂ ᠭᠤᠤᠯᠳᠠᠯᠭ᠎ᠠ᠎ᠲᠠᠶ ᠠᠵᠢᠯ᠎ᠢ ᠠᠬᠢᠭᠤᠯᠬᠤ ᠬᠤᠷᠠᠯ ᠪᠠ 《ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ》 ᠤ᠋ᠨ ᠪᠠᠢᠷᠢᠯᠠᠭᠤᠯᠤᠯᠲᠠ ᠵᠢ ᠨᠠᠷᠢᠨ ᠬᠢᠨᠠᠮᠠᠭᠠᠢ ᠨᠠᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭᠠᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠬᠣᠶᠠᠳᠤᠭᠠᠷ ᠬᠤᠷᠠᠯ᠎ᠤᠨ ᠱᠢᠶ᠋ᠳᠪᠦᠷᠢ ᠵᠢᠴᠢ ᠬᠢᠨᠠᠨ ᠵᠥᠪᠯᠡᠵᠦ᠍ ᠵᠥᠪᠱᠢᠶᠡᠷᠡᠭ᠌ᠰᠡᠨ 2024 ᠣᠨ᠎ᠤ ᠤᠯᠤᠰ ᠠᠷᠠᠳ᠎ᠤᠨ ᠠᠵᠤ ᠠᠬᠤᠶ ᠪᠠ ᠨᠡᠢᠭᠡᠮ᠎ᠦᠨ ᠬᠥᠭ᠌ᠵᠢᠯᠲᠡ᠎ᠶ᠋ᠢᠨ ᠲᠥᠯᠥᠪᠯᠡᠭᠡ᠎ᠶ᠋ᠢ ᠬᠢᠨᠠᠮᠠᠭᠠᠶ ᠬᠡᠷᠡᠭ᠌ᠵᠢᠭᠦᠯᠵᠦ᠂ ᠲᠣᠭ᠍ᠲᠠᠭᠤᠨ᠎ᠤ ᠳᠤᠮᠳᠠ ᠤᠷᠤᠭ᠍ᠰᠢᠯᠠᠨ ᠲᠠᠪᠱᠢᠬᠤ ᠠᠵᠢᠯ᠎ᠤᠨ ᠶᠡᠷᠦᠩᠬᠡᠢ ᠬᠦᠭ ᠠᠶᠠᠰ᠎ᠢ ᠪᠠᠷᠢᠮᠲᠠᠯᠠᠵᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠪᠠᠷ ᠠᠵᠢᠯ᠎ᠤᠨ ᠭᠤᠤᠯ ᠱᠢᠵᠢᠮ ᠪᠣᠯᠭᠠᠨ᠂ ᠱᠢᠨ᠎ᠡ ᠬᠥᠭ᠌ᠵᠢᠯᠲᠡ᠎ᠶ᠋ᠢᠨ ᠣᠢᠯᠠᠭᠠᠭ᠍ᠳᠠᠬᠤᠨ᠎ᠢ ᠪᠦᠷᠢᠨ ᠪᠦᠲᠦᠨ ᠣᠨᠣᠪᠴᠢᠲᠠᠶ ᠪᠦᠬᠦ᠌ ᠲᠠᠯ᠎ᠠ᠎ᠪᠠᠷ ᠲᠤᠭᠤᠱᠢᠯᠠᠭᠤᠯᠵᠤ᠂ ᠱᠢᠨ᠎ᠡ ᠬᠥᠭ᠌ᠵᠢᠯᠲᠡ᠎ᠶ᠋ᠢᠨ ᠪᠠᠢᠷᠢᠱᠢᠯ᠎ᠳᠤ ᠦᠢᠯᠡᠴᠢᠯᠡᠨ ᠠᠭᠤᠰᠤᠯᠴᠠᠬᠤ᠎ᠶ᠋ᠢ ᠲᠦᠷᠭᠡᠳᠭᠡᠵᠦ᠂ ᠰᠡᠳᠭᠢᠯ ᠨᠢᠭᠡᠳᠦᠨ ᠬᠦᠴᠦ᠍᠎ᠪᠡᠨ ᠬᠠᠮᠲᠤᠳᠭᠠᠵᠤ 《ᠬᠣᠶᠠᠷ ᠶᠡᠬᠡ ᠶᠠᠪᠤᠳᠠᠯ》 ᠢ᠋ ᠰᠠᠢᠲᠤᠷ ᠬᠢᠵᠦ᠂ 《ᠵᠢᠷᠭᠤᠭᠠᠨ ᠢᠨᠵᠧᠨᠧᠷᠢᠩ》 ᠢ᠋ ᠰᠠᠢᠲᠤᠷ ᠠᠳᠭᠤᠵᠤ᠂ ᠠᠵᠤ ᠠᠬᠤᠶ᠎ᠶ᠋ᠢᠨ ᠡᠷᠭᠢᠯᠳᠡ ᠶᠡᠷᠦᠩᠬᠡᠶ᠎ᠳᠡᠭᠡᠨ ᠲᠣᠭ᠍ᠲᠠᠭᠤᠨ᠂ ᠲᠣᠭ᠍ᠲᠠᠭᠤᠨ᠎ᠤ ᠳᠤᠮᠳᠠ ᠤᠷᠤᠭ᠍ᠰᠢᠯᠠᠨ ᠲᠠᠪᠱᠢᠬᠤ ᠪᠠᠢᠳᠠᠯ ᠢᠯᠡᠷᠡᠵᠦ᠂ ᠱᠢᠨ᠎ᠡ ᠵᠠᠮ ᠨᠡᠭᠡᠭᠡᠵᠦ᠍ ᠳᠤᠮᠳᠠ ᠲᠦᠪᠰᠢᠨ᠎ᠳᠤ ᠣᠷᠣᠬᠤ ᠲᠠᠯ᠎ᠠ ᠪᠡᠷ ᠢᠳᠡᠪᠬᠢᠲᠡᠢ ᠦᠷ᠎ᠡ ᠪᠦᠲᠦᠮᠵᠢ ᠤᠯᠪᠠ᠃ ᠲᠦᠷᠦᠭᠦᠦ ᠭᠤᠷᠪᠠᠨ ᠤᠯᠠᠷᠢᠯ᠎ᠳᠤ᠂ ᠭᠠᠵᠠᠷ ᠣᠷᠣᠨ᠎ᠤ ᠦᠶ᠋ᠯᠡᠳᠪᠦᠷᠢᠯᠡᠯ᠎ᠦᠨ ᠶᠡᠷᠦᠩᠬᠡᠶ ᠥᠷᠲᠡᠭ 17875.5 ᠳ᠋ᠦᠩᠱᠢᠭᠤᠷ ᠲᠥᠭᠥᠷᠢᠭ᠎ᠲᠦ ᠬᠦᠷᠴᠦ᠍᠂ 5.8% ᠪᠠᠷ ᠨᠡᠮᠡᠭ᠌ᠳᠡᠨ᠂ ᠪᠥᠬᠥ᠌ ᠤᠯᠤᠰ᠎ᠤᠨ ᠲᠡᠭᠰᠢᠳᠭᠡᠭᠰᠡᠨ ᠲᠦᠪᠱᠢᠨ᠎ᠡᠴᠡ ᠵᠠᠭᠤᠨ᠎ᠤ ᠬᠠᠷᠢᠴᠠᠯ᠎ᠢᠶᠡᠷ 1 ᠬᠤᠪᠢ ᠥᠨᠳᠥᠷ ᠪᠣᠯᠵᠣ᠂ ᠪᠥᠬᠥ᠌ ᠤᠯᠤᠰ᠎ᠤᠨ ᠳᠥᠷᠪᠡᠳᠦᠭᠡᠷ᠎ᠲᠦ ᠣᠷᠣᠪᠠ᠃

2025 ᠣᠨ᠎ᠤ ᠠᠵᠤ ᠠᠬᠤᠶ ᠨᠡᠢᠭᠡᠮ᠎ᠦᠨ ᠬᠥᠭ᠌ᠵᠢᠯᠲᠡ᠎ᠶ᠋ᠢᠨ ᠭᠤᠤᠯ ᠵᠢᠱ᠌ᠢᠭ᠌ᠰᠡᠨ ᠬᠠᠷᠠᠯᠲᠠ ᠪᠣᠯ᠄ ᠭᠠᠵᠠᠷ ᠣᠷᠣᠨ᠎ᠤ ᠦᠶ᠋ᠯᠡᠳᠪᠦᠷᠢᠯᠡᠯ᠎ᠦᠨ ᠶᠡᠷᠦᠩᠬᠡᠶ ᠥᠷᠲᠡᠭ᠎ᠢ 6% ᠣᠷᠴᠢᠮ ᠨᠡᠮᠡᠭ᠌ᠳᠡᠭᠦᠯᠦᠨ᠎ᠡ; ᠬᠡᠪᠴᠢᠶᠡᠵᠢᠯ᠎ᠡᠴᠡ ᠳᠡᠭᠡᠭ᠌ᠰᠢᠬᠢ ᠠᠵᠤ ᠦᠶ᠋ᠯᠡᠳᠪᠦᠷᠢ᠎ᠶ᠋ᠢᠨ ᠨᠡᠮᠡᠭ᠌ᠳᠡᠯ ᠥᠷᠲᠡᠭ᠎ᠢ 7% ᠣᠷᠴᠢᠮ ᠨᠡᠮᠡᠭ᠌ᠳᠡᠭᠦᠯᠦᠨ᠎ᠡ; ᠲᠣᠭ᠍ᠲᠠᠮᠠᠯ ᠬᠥᠷᠥᠩᠭᠡ᠎ᠶ᠋ᠢᠨ ᠪᠡᠯᠡ ᠣᠷᠣᠭᠤᠯᠤᠯᠲᠠ᠎ᠶ᠋ᠢ 10% ᠣᠷᠴᠢᠮ᠎ᠨᠡᠮᠡᠭ᠌ᠳᠡᠭᠦᠯᠦᠨ᠎ᠡ; ᠡᠩ᠎ᠦᠨ ᠣᠯᠠᠨ ᠨᠡᠢᠲᠡ᠎ᠶ᠋ᠢᠨ ᠲᠥᠰᠦᠪ᠎ᠦᠨ ᠣᠷᠣᠯᠭ᠎ᠠ᠎ᠶ᠋ᠢ ᠠᠳᠠᠯᠢ ᠪᠠᠷᠢᠮᠵᠢᠶ᠎ᠠ᠎ᠪᠠᠷ 4% ᠡᠴᠡ ᠳᠡᠭᠡᠭ᠌ᠰᠢ ᠨᠡᠮᠡᠭ᠌ᠳᠡᠭᠦᠯᠦᠨ᠎ᠡ; ᠬᠣᠲᠠ ᠪᠠᠯᠭᠠᠰᠤᠨ᠎ᠤ 18 ᠲᠦᠮᠡ᠎ᠡᠴᠡ ᠳᠡᠭᠡᠭ᠌ᠰᠢᠬᠢ ᠬᠦᠮᠦᠨ᠎ᠳᠦ ᠱᠢᠨ᠎ᠡ ᠪᠡᠷ ᠠᠵᠢᠯ ᠤᠯᠭᠤᠵᠤ᠂ ᠬᠣᠲᠠ ᠪᠠᠯᠭᠠᠰᠤᠨ᠎ᠤ ᠪᠠᠢᠴᠠᠭᠠᠭ᠍ᠰᠠᠨ ᠠᠵᠢᠯ ᠠᠯᠳᠠᠭᠰᠠᠨ ᠨᠣᠷᠮ᠎ᠠ᠎ᠶ᠋ᠢ 5.5% ᠣᠷᠴᠢᠮ ᠵᠢᠡᠷ ᠬᠢᠵᠠᠭᠠᠷᠯᠠᠨ᠎ᠠ; ᠰᠠᠭᠤᠭᠠᠯᠢ ᠠᠷᠠᠳ᠎ᠤᠨ ᠣᠷᠣᠯᠭ᠎ᠠ᠎ᠶ᠋ᠢᠨ ᠨᠡᠮᠡᠭ᠌ᠳᠡᠯ᠎ᠢ ᠠᠵᠤ ᠠᠬᠤᠢ᠎ᠶ᠋ᠢᠨ ᠨᠡᠮᠡᠭ᠌ᠳᠡᠯ᠎ᠲᠡᠶ ᠦᠨᠳᠦᠰᠦᠨ᠎ᠳᠡᠭᠡᠨ ᠠᠳᠠᠯᠢ ᠠᠯᠬᠤᠮ᠎ᠲᠠᠶ ᠪᠠᠢᠯᠭᠠᠨ᠎ᠠ; ᠰᠠᠭᠤᠭᠠᠯᠢ ᠠᠷᠠᠳ᠎ᠤᠨ ᠬᠡᠷᠡᠭ᠌ᠯᠡᠭᠡᠨ᠎ᠦ ᠦᠨ᠎ᠡ ᠬᠠᠩᠰᠢ᠎ᠶ᠋ᠢᠨ ᠥᠰᠥᠯᠲᠡ᠎ᠶ᠋ᠢᠨ ᠬᠡᠮᠵᠢᠶ᠎ᠡ᠎ᠶ᠋ᠢ 2% ᠣᠷᠴᠢᠮ ᠪᠠᠢᠯᠭᠠᠨ᠎ᠠ; ᠤᠯᠤᠰ᠎ᠡᠴᠡ ᠪᠠᠭᠤᠯᠭᠠᠭ᠍ᠰᠠᠨ 《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠡᠨᠧᠷᠭᠢ᠎ᠶ᠋ᠢᠨ ᠬᠣᠷᠣᠭ᠍ᠳᠠᠭᠤᠯᠤᠯ᠎ᠤᠨ ᠬᠦᠴᠦᠯᠡᠴᠡ᠎ᠶ᠋ᠢ ᠪᠠᠭᠤᠷᠠᠭᠤᠯᠬᠤ ᠬᠠᠷᠠᠯᠲᠠ᠎ᠶ᠋ᠢ ᠪᠡᠶᠡᠯᠡᠭᠦᠯᠬᠦ᠌᠎ᠶ᠋ᠢ ᠦᠨᠡᠨ ᠬᠦ᠌ ᠪᠠᠲᠤᠯᠠᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号