ᠨᠢᠳᠤᠨᠤᠨ ᠪᠥᠬᠥ᠌ ᠣᠷᠣᠨ᠎ᠤ ᠡᠩ᠎ᠦᠨ ᠣᠯᠠᠨ ᠨᠡᠢᠲᠡ᠎ᠶ᠋ᠢᠨ ᠲᠥᠰᠦᠪ᠎ᠦᠨ ᠣᠷᠣᠯᠭ᠎ᠠ 3150.3 ᠳ᠋ᠦᠩᠱᠢᠭᠤᠷ ᠲᠥᠭᠥᠷᠢᠭ ᠲᠤ᠌ ᠬᠦᠷᠴᠠᠢ
2025-01-15 10:18:04
ᠵᠣᠬᠢᠶᠠᠭ᠍ᠴᠢ᠄
ᠰᠦᠩ ᠱᠤᠸᠠᠩ
ᠣᠩᠱᠢᠭ᠍ᠰᠠᠨ ᠣᠳᠠᠭ᠎ᠠ᠄
★★★☆☆

1 ᠰᠠᠷ᠎ᠠ᠎ᠶ᠋ᠢᠨ 14᠎ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭᠠᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠭᠤᠷᠪᠠᠳᠤᠭᠠᠷ ᠬᠤᠷᠠᠯ ᠳᠡᠭᠡᠷ᠎ᠡ᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 2024 ᠣᠨ᠎ᠤ ᠲᠥᠰᠦᠪ᠎ᠢ ᠭᠦᠢᠴᠡᠳᠭᠡᠭ᠌ᠰᠡᠨ ᠪᠠᠢᠳᠠᠯ ᠪᠠ 2025 ᠣᠨ᠎ᠤ ᠲᠥᠰᠦᠪ᠎ᠦᠨ ᠲᠥᠰᠦᠯ᠎ᠦᠨ ᠲᠤᠬᠠᠢ ᠮᠡᠳᠡᠭᠦᠯᠦᠯᠲᠡ》 ᠵᠢ ᠪᠢᠴᠢᠭ᠎ᠦᠨ ᠬᠡᠯᠪᠡᠷᠢ᠎ᠪᠡᠷ ᠶᠡᠬᠡ ᠬᠤᠷᠠᠯ᠎ᠳᠤ ᠬᠢᠨᠠᠨ ᠵᠦᠪᠯᠡᠬᠦᠯᠬᠦ᠎ᠪᠠᠷ ᠳᠡᠪᠱᠢᠭᠦᠯᠪᠡ᠃

ᠮᠡᠳᠡᠭᠦᠯᠦᠯᠲᠡ᠎ᠳᠦ ᠢᠯᠡᠷᠡᠬᠦᠯᠦᠭᠰᠡᠨ᠎ᠢᠶᠡᠷ᠂ ᠪᠥᠬᠥ᠌ ᠣᠷᠣᠨ᠎ᠤ ᠡᠩ᠎ᠦᠨ ᠣᠯᠠᠨ ᠨᠡᠢᠲᠡ᠎ᠶ᠋ᠢᠨ ᠲᠥᠰᠦᠪ᠎ᠦᠨ ᠣᠷᠣᠯᠭ᠎ᠠ 3150.3 ᠳ᠋ᠦᠩᠱᠢᠭᠤᠷ ᠲᠥᠭᠥᠷᠢᠭ᠎ᠲᠦ ᠬᠦᠷᠴᠦ᠍᠂ ᠲᠥᠰᠦᠪ᠎ᠦᠨ 101.6% ᠪᠠᠢᠵᠤ᠂ ᠠᠳᠠᠯᠢ ᠬᠤᠭᠤᠴᠠᠭᠠᠨ᠎ᠤ᠎ᠬᠢ᠎ᠡᠴᠡ 2.2% ᠵᠢᠡᠷ ᠨᠡᠮᠡᠭ᠌ᠳᠡᠪᠡ᠃ ᠡᠭᠦᠨ᠎ᠳᠦ᠄ ᠭᠠᠢᠯᠢ᠎ᠶ᠋ᠢᠨ ᠣᠷᠣᠯᠭ᠎ᠠ 2212.1 ᠳ᠋ᠦᠩᠱᠢᠭᠤᠷ ᠲᠥᠭᠥᠷᠢᠭ᠎ᠲᠦ ᠬᠦᠷᠴᠦ᠍᠂ 70.2% ᠢ᠋ ᠡᠵᠡᠯᠡᠪᠡ; ᠭᠠᠢᠯᠢ᠎ᠶ᠋ᠢᠨ ᠪᠤᠰᠤ ᠣᠷᠣᠯᠭ᠎ᠠ 938.2 ᠳ᠋ᠦᠩᠱᠢᠭᠤᠷ ᠲᠥᠭᠥᠷᠢᠭ᠎ᠲᠦ ᠬᠦᠷᠴᠦ᠍᠂ 29.8% ᠶ᠋ᠢ ᠡᠵᠡᠯᠡᠪᠡ᠃ ᠡᠭᠦᠨ᠎ᠦ ᠳᠡᠭᠡᠷ᠎ᠡ ᠲᠥᠪ᠎ᠦᠨ ᠨᠥᠬᠥᠪᠥᠷᠢ ᠮᠦᠨᠭᠭᠦ᠂ ᠡᠩ᠎ᠦᠨ ᠥᠭ᠌ᠴᠡᠭᠡᠨ᠎ᠦ ᠣᠷᠣᠯᠭ᠎ᠠ᠂ ᠱᠢᠯᠵᠢᠭᠦᠯᠦᠨ ᠣᠷᠣᠭᠤᠯᠤᠭ᠍ᠰᠠᠨ ᠲᠥᠰᠦᠪ᠎ᠦᠨ ᠲᠣᠭ᠍ᠲᠠᠪᠤᠷᠢᠵᠢᠭᠤᠯᠤᠨ ᠳᠤᠬᠢᠷᠠᠭᠤᠯᠬᠤ ᠰᠠᠭᠤᠷᠢ ᠮᠥᠩᠭᠥ᠂ ᠱᠢᠯᠵᠢᠭᠦᠯᠦᠨ ᠣᠷᠣᠭᠤᠯᠤᠭ᠍ᠰᠠᠨ ᠪᠡᠯᠡ ᠮᠥᠩᠭᠥ᠌᠂ ᠲᠦᠷᠦᠭᠦᠦ ᠵᠢᠯ᠎ᠦᠨ ᠲᠠᠰᠤᠯᠤᠨ ᠪᠤᠳᠤᠵᠤ ᠱᠢᠯᠵᠢᠭᠦᠯᠦᠭ᠌ᠰᠡᠨ ᠵᠡᠷᠭᠡ ᠣᠷᠣᠯᠭ᠎ᠠ 6116.6 ᠳ᠋ᠦᠩᠱᠢᠭᠤᠷ ᠲᠥᠭᠥᠷᠢᠭ᠎ᠢ ᠨᠡᠮᠡᠪᠡᠯ᠂ ᠣᠷᠣᠯᠭ᠎ᠠ᠎ᠶ᠋ᠢᠨ ᠶᠡᠷᠦᠩᠬᠡᠢ ᠬᠡᠮᠵᠢᠶ᠎ᠡ 9266.9 ᠳ᠋ᠦᠩᠱᠢᠭᠤᠷ ᠲᠥᠭᠥᠷᠢᠭ᠎ᠲᠦ ᠬᠦᠷᠴᠡᠢ᠃ ᠪᠦᠬᠦ᠌ ᠣᠷᠣᠨ᠎ᠤ ᠡᠩ᠎ᠦᠨ ᠣᠯᠠᠨ ᠨᠡᠢᠲᠡ᠎ᠶ᠋ᠢᠨ ᠲᠥᠰᠦᠪ᠎ᠦᠨ ᠵᠠᠷᠤᠯᠭ᠎ᠠ 6928 ᠳ᠋ᠦᠩᠱᠢᠭᠤᠷ ᠲᠥᠭᠥᠷᠢᠭ᠎ᠲᠦ ᠬᠦᠷᠴᠦ᠍᠂ ᠲᠣᠬᠢᠷᠠᠭᠤᠯᠤᠯᠲᠠ ᠬᠢᠭ᠌ᠰᠡᠨ ᠲᠥᠰᠦᠪ᠎ᠦᠨ 84.1%᠎ᠶ᠋ᠢ ᠪᠡᠶᠡᠯᠡᠭᠦᠯᠵᠦ᠍᠂ 1.3% ᠪᠠᠷ ᠨᠡᠮᠡᠭ᠌ᠳᠡᠪᠡ᠃ ᠡᠬᠦᠨ ᠤ᠋ ᠲᠡᠭᠡᠷ᠎ᠠ ᠳᠡᠭᠡᠭ᠌ᠰᠢ ᠲᠥᠪ᠎ᠬᠤᠷᠢᠶ᠎ᠠ ᠳ᠋ᠤ ᠲᠤᠱᠢᠶᠠᠭ᠍ᠰᠠᠨ᠂ ᠡᠩ᠎ᠦᠨ ᠥᠷᠢ ᠥᠭ᠌ᠴᠡᠭᠡ᠎ᠶ᠋ᠢᠨ ᠡᠬᠡ ᠮᠥᠩᠭᠥ᠎ᠶ᠋ᠢ ᠪᠤᠴᠠᠭᠠᠭ᠍ᠰᠠᠨ᠂ ᠲᠥᠰᠦᠪ᠎ᠦᠨ ᠲᠣᠭ᠍ᠲᠠᠪᠤᠷᠢᠵᠢᠭᠤᠯᠤᠨ ᠲᠣᠬᠢᠷᠠᠭᠤᠯᠬᠤ ᠰᠠᠭᠤᠷᠢ ᠮᠥᠩᠭᠥ᠎ᠶ᠋ᠢ ᠨᠥᠬᠥᠪᠥᠷᠢᠯᠡᠭ᠌ᠰᠡᠨ ᠵᠡᠷᠭᠡ ᠵᠠᠷᠤᠯᠭ᠎ᠠ 1030.5 ᠳ᠋ᠦᠩᠱᠢᠭᠤᠷ ᠲᠥᠭᠥᠷᠢᠭ᠎ᠢ ᠨᠡᠮᠡᠪᠡᠯ᠂ ᠵᠠᠷᠤᠯᠭ᠎ᠠ᠎ᠶ᠋ᠢᠨ ᠶᠡᠷᠦᠩᠬᠡᠢ ᠬᠡᠮᠵᠢᠶ᠎ᠡ 7958.5 ᠳ᠋ᠦᠩᠱᠢᠭᠤᠷ ᠲᠥᠭᠥᠷᠢᠭ ᠪᠤᠯᠤᠨ᠎ᠠ᠃ ᠣᠷᠣᠯᠭ᠎ᠠ ᠵᠠᠷᠤᠯᠭ᠎ᠠ᠎ᠶ᠋ᠢᠨ ᠶᠡᠷᠦᠩᠬᠡᠢ ᠬᠡᠮᠵᠢᠶ᠎ᠡ᠎ᠶ᠋ᠢ ᠪᠤᠳᠤᠪᠠᠯ᠂ ᠵᠢᠯ᠎ᠦᠨ ᠡᠴᠦᠰ᠎ᠲᠦ 1308.4 ᠳ᠋ᠦᠩᠱᠢᠭᠤᠷ ᠲᠥᠭᠥᠷᠢᠭ ᠲᠠᠰᠤᠯᠤᠨ ᠪᠤᠳᠤᠵᠤ ᠱᠢᠯᠵᠢᠭᠦᠯᠬᠦ ᠪᠤᠯᠤᠨ᠎ᠠ᠂ ᠡᠨᠡ ᠨᠢ ᠭᠣᠣᠯᠳᠠᠭᠤ ᠲᠦᠷᠦᠯ ᠵᠦᠢᠯ ᠤ᠋ᠨ ᠵᠠᠷᠤᠯᠭ᠎ᠠ᠎ᠶ᠋ᠢ ᠵᠢᠯ᠎ᠦᠨ ᠡᠴᠦᠰ᠎ᠲᠦ ᠭᠦᠢᠴᠡᠳᠭᠡᠵᠦ᠍ ᠲᠠᠭᠤᠰᠬᠠᠬᠰᠡᠨ ᠦᠭᠡᠢ ᠡᠴᠡ ᠪᠤᠯᠵᠤ᠂ ᠳᠠᠷᠠᠭ᠎ᠠ ᠵᠢᠯ᠎ᠳᠦ ᠤᠤᠯ ᠤ᠋ᠨ ᠭᠡᠷᠡᠭᠴᠡᠭᠡ ᠶᠤᠰᠤᠭᠠᠷ ᠦᠷᠭᠦᠯᠵᠢᠯᠡᠨ ᠬᠡᠷᠡᠭ᠌ᠯᠡᠬᠦ ᠴᠢᠬᠤᠯᠠᠳᠠᠢ ᠪᠡᠯᠡ ᠮᠦᠨᠭᠭᠦ ᠪᠤᠯᠤᠨ᠎ᠠ᠃

2025 ᠣᠨ ᠪᠣᠯ 《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠲᠥᠯᠥᠪᠵᠢᠭᠦᠯᠭᠡ᠎ᠶ᠋ᠢᠨ ᠰᠡᠭᠦᠯ ᠬᠤᠷᠢᠶᠠᠬᠤ ᠵᠢᠯ ᠪᠣᠯᠤᠨ᠎ᠠ᠂ ᠮᠦᠨᠴᠦ᠂ ᠮᠠᠨ᠎ᠤ ᠣᠷᠣᠨ᠎ᠤ ᠲᠡᠭ ᠡᠴᠡ ᠡᠬᠢᠯᠡᠬᠦᠯᠬᠦ ᠲᠥᠰᠦᠪ᠎ᠦᠨ ᠥᠭᠡᠷᠡᠴᠢᠯᠡᠯᠲᠡ᠎ᠶ᠋ᠢ ᠬᠡᠷᠡᠭ᠌ᠵᠢᠭᠦᠯᠬᠦ᠌ ᠠᠩᠬᠠᠨ᠎ᠤ ᠵᠢᠯ ᠪᠣᠯᠤᠨ᠎ᠠ᠂ ᠲᠥᠰᠦᠪ᠎ᠢ ᠰᠠᠢᠲᠤᠷ ᠨᠠᠢᠷᠠᠭᠤᠯᠤᠨ ᠵᠣᠬᠢᠶᠠᠬᠤ᠎ᠨᠢ ᠴᠢᠬᠤᠯᠠ ᠶᠡᠬᠡ ᠠᠴᠢ ᠬᠣᠯᠪᠣᠭ᠍ᠳᠠᠯ᠎ᠲᠠᠶ ᠶᠤᠮ᠃ ᠪᠦᠬᠦ᠌ ᠣᠷᠣᠨ᠎ᠤ ᠡᠩ᠎ᠦᠨ ᠤᠯᠠᠨ ᠨᠡᠢᠲᠡ᠎ᠶ᠋ᠢᠨ ᠲᠥᠰᠦᠪ᠎ᠦᠨ ᠣᠷᠣᠯᠭ᠎ᠠ ᠵᠢᠱ᠌ᠢᠯᠲᠡ᠎ᠪᠡᠷ 3150 ᠳ᠋ᠦᠩᠱᠢᠭᠤᠷ ᠲᠥᠭᠥᠷᠢᠭ᠎ᠲᠦ ᠬᠦᠷᠴᠦ᠍᠂ 2024 ᠣᠨ᠎ᠤ ᠪᠣᠳᠠᠲᠠᠢ ᠪᠡᠶᠡᠯᠡᠭᠦᠯᠦᠭ᠌ᠰᠡᠨ ᠲᠣᠭ᠎ᠠ᠎ᠲᠠᠶ ᠲᠡᠩᠴᠡᠭᠦᠦ ᠪᠣᠯᠤᠨ᠎ᠠ᠃ ᠪᠦᠬᠦ᠌ ᠣᠷᠣᠨ᠎ᠤ ᠡᠩ᠎ᠦᠨ ᠣᠯᠠᠨ ᠨᠡᠢᠲᠡ᠎ᠶ᠋ᠢᠨ ᠲᠥᠰᠦᠪ᠎ᠦᠨ ᠵᠠᠷᠤᠯᠭ᠎ᠠ᠎ᠶ᠋ᠢ 6950 ᠳ᠋ᠦᠩᠱᠢᠭᠤᠷ ᠲᠥᠭᠥᠷᠢᠭ ᠲᠣᠬᠢᠷᠠᠭᠤᠯᠵᠤ᠂ 22 ᠳ᠋ᠦᠩᠱᠢᠭᠤᠷ ᠲᠥᠭᠥᠷᠢᠭ ᠨᠡᠮᠡᠭ᠌ᠳᠡᠭᠦᠯᠦᠨ᠂ 0.3% ᠪᠠᠷ ᠨᠡᠮᠡᠭ᠌ᠳᠡᠭᠦᠯᠦᠨ᠎ᠡ᠃ ᠥᠪᠡᠷᠲᠡᠭᠡᠨ ᠵᠠᠰᠠᠬᠤ ᠣᠷᠣᠨ᠎ᠤ ᠲᠣᠰ ᠱᠠᠲᠤᠨ᠎ᠤ ᠡᠩ᠎ᠦᠨ ᠣᠯᠠᠨ ᠨᠡᠢᠲᠡ᠎ᠶ᠋ᠢᠨ ᠲᠥᠰᠦᠪ᠎ᠦᠨ ᠭᠤᠤᠯᠳᠠᠯᠭ᠎ᠠ᠎ᠲᠠᠶ ᠵᠠᠷᠤᠯᠭ᠎ᠠ᠎ᠶ᠋ᠢ ᠭᠤᠤᠯᠳᠠᠭᠤ ᠴᠢᠬᠤᠯᠠ ᠶᠡᠬᠡ ᠱᠢᠶ᠋ᠳᠪᠦᠷᠢᠲᠦ ᠪᠣᠳᠣᠯᠭ᠎ᠠ ᠪᠠᠢᠷᠢᠯᠠᠭᠤᠯᠤᠯᠲᠠ᠎ᠶ᠋ᠢ ᠨᠠᠢᠳᠠᠪᠤᠷᠢᠵᠢᠭᠤᠯᠬᠤ᠎ᠶ᠋ᠢ ᠳᠡᠮᠵᠢᠬᠦ᠌᠂ ᠬᠡᠷᠡᠭ᠌ᠯᠡᠭᠡ᠎ᠶ᠋ᠢ ᠬᠥᠭ᠌ᠵᠢᠭᠡᠵᠦ᠍ ᠪᠠᠯᠠ ᠣᠷᠣᠭᠤᠯᠤᠯᠲᠠ᠎ᠶ᠋ᠢᠨ ᠦᠷ᠎ᠡ ᠠᠱᠢᠭ᠎ᠢ ᠳᠡᠭᠡᠭ᠌ᠰᠢᠯᠡᠭᠦᠯᠬᠦ᠌᠎ᠶ᠋ᠢ ᠳᠡᠮᠵᠢᠬᠦ᠌᠂ ᠱᠢᠨ᠎ᠡ ᠴᠢᠨᠠᠷ᠎ᠤᠨ ᠦᠶ᠋ᠯᠡᠳᠪᠦᠷᠢᠯᠡᠯ᠎ᠦᠨ ᠬᠦᠴᠦᠨ᠎ᠢ ᠪᠣᠢᠵᠢᠭᠤᠯᠬᠤ᠎ᠶ᠋ᠢ ᠳᠡᠮᠵᠢᠬᠦ᠌᠂ ᠠᠷᠠᠳ᠎ᠤᠨ ᠠᠮᠢᠳᠤᠷᠠᠯ᠎ᠢ ᠪᠠᠲᠤᠯᠠᠨ ᠰᠠᠢᠵᠢᠷᠠᠭᠤᠯᠬᠤ᠎ᠶ᠋ᠢ ᠳᠡᠮᠵᠢᠬᠦ᠌᠂ ᠠᠮᠢ ᠠᠬᠤᠶ ᠣᠷᠴᠢᠨ ᠲᠣᠭᠣᠷᠢᠨ᠎ᠤ ᠶᠠᠰᠤ ᠴᠢᠨᠠᠷ᠎ᠢ ᠰᠠᠢᠵᠢᠷᠠᠭᠤᠯᠬᠤ᠎ᠶ᠋ᠢ ᠳᠡᠮᠵᠢᠬᠦ᠌᠂ ᠠᠶᠤᠯ ᠲᠦᠭ᠌ᠰᠢᠭᠦᠷᠢ᠎ᠶ᠋ᠢ ᠣᠨᠣᠪᠴᠢᠲᠠᠶ ᠰᠡᠷᠭᠡᠢᠯᠡᠨ ᠠᠷᠢᠯᠭᠠᠬᠤ᠎ᠶ᠋ᠢ ᠳᠡᠮᠵᠢᠬᠦ᠌᠎ᠳᠦ ᠬᠡᠷᠡᠭ᠌ᠯᠡᠬᠦ ᠪᠤᠯᠤᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号