1 ᠰᠠᠷ᠎ᠠ᠎ᠶ᠋ᠢᠨ 14᠎ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭᠠᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠭᠤᠷᠪᠠᠳᠤᠭᠠᠷ ᠬᠤᠷᠠᠯ᠎ᠳᠤ ᠣᠷᠣᠯᠴᠠᠵᠤ ᠪᠠᠢᠭ᠎ᠠ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠲᠦᠯᠦᠭᠡᠯᠡᠭᠴᠢᠳ ᠳᠤᠭᠤᠢᠯᠠᠩ ᠬᠤᠪᠢᠶᠠᠵᠤ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠎ᠢ ᠬᠢᠨᠠᠨ ᠵᠥᠪᠯᠡᠪᠡ᠃
ᠡᠯ᠎ᠡ ᠲᠥᠯᠥᠭᠡᠯᠡᠭ᠌ᠴᠢᠳ᠎ᠦᠨ ᠪᠦᠯᠬᠦᠮ᠎ᠦᠨ ᠬᠢᠨᠠᠨ ᠵᠥᠪᠯᠡᠬᠦ᠌ ᠬᠤᠷᠠᠯ᠎ᠤᠨ ᠲᠠᠯᠠᠪᠠᠶ ᠬᠥᠷ ᠬᠥᠭ᠌ᠵᠢᠶᠡᠨ᠎ᠢᠶᠡᠷ ᠪᠢᠯᠬᠠᠵᠤ᠂ ᠲᠥᠯᠥᠭᠡᠯᠡᠭ᠌ᠴᠢᠳ ᠠᠵᠢᠯ᠎ᠤᠨ ᠪᠣᠳᠠᠲᠠᠶ᠎ᠲᠠᠶ᠎ᠪᠠᠨ ᠤᠶᠠᠯᠳᠤᠭᠤᠯᠤᠨ ᠰᠡᠳᠬᠢᠭᠳᠡᠯ᠎ᠢᠶᠡᠨ ᠶᠠᠷᠢᠯᠴᠠᠵᠤ᠂ ᠲᠥᠷᠥᠭ᠌ᠳᠡᠯ᠎ᠢᠶᠡᠨ ᠶᠠᠷᠢᠵᠤ᠂ ᠰᠠᠢᠨ ᠠᠷᠭ᠎ᠠ ᠪᠣᠳᠣᠯᠭ᠎ᠠ ᠰᠦᠪᠡᠭ᠌ᠴᠢᠯᠡᠨ᠂ ᠬᠥᠭ᠌ᠵᠢᠯᠲᠡ᠎ᠶ᠋ᠢ ᠵᠥᠪᠯᠡᠵᠦ᠍᠂ ᠥᠪᠡᠷᠲᠡᠭᠡᠨ ᠵᠠᠰᠠᠬᠤ ᠣᠷᠣᠨ᠎ᠤ ᠠᠵᠤ ᠠᠬᠤᠶ ᠨᠡᠢᠭᠡᠮ᠎ᠦᠨ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ᠎ᠳᠤ ᠠᠷᠭ᠎ᠠ ᠤᠬᠠᠭᠠᠨ ᠳᠡᠪᠱᠢᠭᠦᠯᠪᠡ᠃ ᠲᠥᠯᠥᠭᠡᠯᠡᠭ᠌ᠴᠢᠳ᠂ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ ᠥᠩᠭᠡᠷᠡᠭ᠌ᠰᠡᠨ ᠨᠢᠭᠡ ᠵᠢᠯ᠎ᠦᠨ ᠠᠵᠢᠯ᠎ᠢᠶᠠᠨ ᠳ᠋ᠦᠩᠨᠡᠭᠰᠡᠨ ᠨᠢ ᠦᠨᠡᠨ᠎ᠢ ᠪᠠᠷᠢᠮᠲᠠᠯᠠᠨ ᠪᠣᠳᠠᠲᠠᠢ᠎ᠶ᠋ᠢ ᠡᠷᠬᠢᠮᠯᠡᠵᠦ᠍᠂ ᠪᠤᠰᠤᠳᠴᠢ ᠪᠥᠭᠡᠳ ᠪᠦᠬᠦ᠌ ᠲᠠᠯ᠎ᠠ᠎ᠵᠢᠨ ᠪᠠᠢᠵᠤ᠂ ᠡᠨᠡ ᠵᠢᠯ᠎ᠦᠨ ᠠᠵᠢᠯ᠎ᠢᠶᠠᠨ ᠤᠬᠠᠭᠠᠯᠠᠨ ᠲᠥᠯᠥᠪᠯᠡᠭᠰᠡᠨ ᠬᠠᠷᠠᠯᠲᠠ ᠲᠣᠳᠣᠷᠬᠠᠢ᠂ ᠭᠣᠣᠯᠳᠠᠯᠭ᠎ᠠ ᠲᠤᠪᠤᠢ᠌ᠮ᠎ᠠ ᠪᠠᠢᠵᠤ᠂ ᠵᠣᠭ᠍ᠰᠣᠴᠠ ᠥᠨᠳᠥᠷ᠂ ᠭᠣᠣᠯ ᠰᠡᠳᠦᠪ ᠢᠯᠡ ᠲᠣᠳᠣ᠂ ᠬᠥᠮᠦᠰ᠎ᠢ ᠤᠷᠮᠠᠱᠢᠭᠤᠯᠤᠨ ᠵᠣᠷᠢᠭ᠍ᠵᠢᠭᠤᠯᠬᠤ ᠴᠢᠨᠠᠷ ᠰᠠᠢᠲᠠᠢ ᠢᠯᠡᠳᠭᠡᠯ ᠪᠣᠯᠵᠠᠢ ᠭᠡᠵᠦ᠍ ᠰᠠᠨᠠᠯ ᠨᠢᠭᠡᠲᠡᠢ ᠦᠵᠡᠵᠡᠭᠡᠪᠡ᠃
ᠲᠥᠯᠥᠭᠡᠯᠡᠭ᠌ᠴᠢᠳ᠂ ᠥᠩᠭᠡᠷᠡᠭ᠌ᠰᠡᠨ ᠨᠢᠭᠡ ᠵᠢᠯ᠎ᠳᠦ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠲᠠᠭᠠᠭᠤᠯᠭ᠎ᠠ ᠳᠣᠣᠷ᠎ᠠ᠂ ᠣᠷᠣᠨ ᠳᠠᠶᠠᠭᠠᠷ ᠶᠡᠷᠦᠩᠬᠡᠢ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠤᠨ ᠲᠤᠬᠠᠢ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠭᠦᠨᠵᠡᠭᠡᠢ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠠᠵᠢᠯ᠎ᠤᠨ ᠭᠣᠣᠯ ᠱᠢᠵᠢᠮ᠎ᠢ ᠴᠢᠩᠭ᠎ᠠ ᠡᠵᠡᠮᠳᠡᠵᠦ᠍᠂ ᠰᠡᠳᠭᠢᠯ ᠨᠢᠭᠡᠳᠦᠨ ᠬᠦᠴᠦ᠍᠎ᠪᠡᠨ ᠬᠠᠮᠲᠤᠳᠭᠠᠵᠤ 《ᠬᠣᠶᠠᠷ ᠶᠡᠬᠡ ᠶᠠᠪᠤᠳᠠᠯ》 ᠢ᠋ ᠰᠠᠢᠲᠤᠷ ᠬᠢᠵᠦ᠍᠂ 《ᠵᠢᠷᠭᠤᠭᠠᠨ ᠢᠨᠵᠧᠨᠧᠷᠢᠩ》 ᠢ᠋ ᠰᠠᠢᠲᠤᠷ ᠠᠳᠭᠤᠵᠤ᠂ ᠠᠵᠤ ᠠᠬᠤᠢ ᠨᠡᠢᠭᠡᠮ᠎ᠦᠨ ᠬᠥᠭ᠌ᠵᠢᠯᠲᠡ᠎ᠶ᠋ᠢᠨ ᠡᠯ᠎ᠡ ᠵᠦᠢᠯ᠎ᠦᠨ ᠠᠵᠢᠯ᠎ᠢ ᠨᠢᠭᠡᠳᠦᠯᠲᠡᠢ ᠲᠥᠯᠥᠪᠵᠢᠭᠦᠯᠦᠨ ᠰᠠᠢᠲᠤᠷ ᠬᠢᠵᠦ᠍᠂ ᠱᠢᠨ᠎ᠡ ᠵᠠᠮ ᠨᠡᠭᠡᠭᠡᠵᠦ ᠳᠤᠮᠳᠠ ᠲᠦᠪᠰᠢᠨ᠎ᠳᠤ ᠣᠷᠣᠬᠤ ᠪᠣᠳᠠᠲᠠᠢ ᠠᠯᠬᠤᠮ᠎ᠢ ᠠᠯᠬᠤᠵᠡᠢ ᠭᠡᠵᠦ ᠢᠯᠡᠳᠭᠡᠵᠡᠭᠡᠪᠡ᠃
《ᠲᠤᠬᠠᠢ᠎ᠶ᠋ᠢᠨ ᠲᠠᠯᠠᠪᠠᠢ᠎ᠳᠤ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠎ᠢ ᠰᠣᠨᠣᠰᠤᠭᠠᠳ ᠪᠢᠳᠡ ᠢᠯᠠᠯᠲᠠ᠎ᠶ᠋ᠢᠨ ᠡᠷᠴᠢᠨ ᠳᠡᠭᠡᠷ᠎ᠡ ᠪᠡᠨ ᠤᠷᠤᠭ᠍ᠰᠢᠯᠠᠵᠤ᠂ ᠦᠷᠭᠦᠯᠵᠢᠯᠡᠨ ᠲᠡᠮᠡᠴᠡᠬᠦ᠌ ᠢᠲᠡᠭᠡᠯ ᠵᠣᠷᠢᠭᠤᠯᠠᠮ ᠪᠠᠲᠤ ᠪᠤᠯᠵᠠᠢ》᠃ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢ᠂ ᠲᠦᠩᠯᠢᠶᠣᠤ ᠬᠤᠳᠠ᠎ᠶ᠋ᠢᠨ ᠬᠤᠤᠯᠢᠨ ᠭᠤᠤᠯ ᠬᠤᠳᠠ᠎ᠶ᠋ᠢᠨ ᠠᠷᠠᠳ᠎ᠤᠨ ᠵᠠᠰᠠᠭ᠎ᠤᠨ ᠣᠷᠳᠣᠨ᠎ᠤ ᠬᠤᠳᠠ᠎ᠶ᠋ᠢᠨ ᠳᠠᠷᠤᠭ᠎ᠠ ᠵᠶ᠋ᠢ ᠬᠠᠢ ᠶᠠᠩ᠂ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ ᠶᠡᠬᠡ ᠬᠠᠨᠳᠤᠰᠢ᠎ᠶ᠋ᠢ ᠣᠨᠣᠪᠴᠢᠲᠠᠢ ᠡᠵᠡᠮᠳᠡᠵᠦ᠍᠂ ᠰᠡᠳᠭᠢᠴᠡ ᠣᠢᠯᠠᠭᠠᠭ᠍ᠳᠠᠬᠤᠨ ᠱᠢᠨ᠎ᠡ᠂ ᠠᠵᠢᠯ᠎ᠤᠨ ᠨᠠᠢᠳᠠᠪᠤᠷᠢᠵᠢᠭᠤᠯᠤᠯᠲᠠ᠎ᠶ᠋ᠢᠨ ᠴᠡᠭ ᠪᠣᠳᠠᠲᠠᠢ᠂ ᠵᠠᠮ ᠨᠡᠭᠡᠭᠡᠨ ᠱᠢᠨ᠎ᠡ᠎ᠶ᠋ᠢ ᠡᠭᠦᠳᠦᠭ᠌ᠰᠡᠨ᠂ ᠪᠣᠳᠠᠲᠠᠢ᠎ᠶ᠋ᠢ ᠡᠷᠬᠢᠮᠯᠡᠭ᠌ᠰᠡᠨ ᠲᠤᠰᠠᠲᠠᠢ ᠰᠠᠢ᠌ᠨ ᠢᠯᠡᠳᠭᠡᠯ ᠪᠣᠯᠤᠨ᠎ᠠ᠃ ᠬᠤᠤᠯᠢᠨ ᠭᠤᠤᠯ ᠬᠣᠲᠠ 《ᠠᠵᠤ ᠦᠶ᠋ᠯᠡᠳᠪᠦᠷᠢ᠎ᠶ᠋ᠢᠨ ᠬᠦᠴᠦᠷᠬᠡᠭ ᠬᠣᠲᠠ》 ᠶ᠋ᠢ ᠦᠷᠭᠦᠯᠵᠢᠯᠡᠨ ᠭᠤᠢᠪᠢᠰᠢ ᠥᠬᠡᠶ ᠪᠠᠷᠢᠮᠲᠠᠯᠠᠵᠤ᠂ 《ᠳᠤᠮᠳᠠᠳᠤ ᠤᠯᠤᠰ·ᠪᠣᠬᠢᠷᠲᠤᠯ ᠥᠬᠡᠶ ᠴᠠᠬᠢᠯᠭᠠᠨ ᠬᠥᠩᠭᠡᠨᠴᠠᠭᠠᠨ᠎ᠤ ᠬᠣᠲᠠ》 ᠶ᠋ᠢᠨ ᠪᠥᠲᠥᠭᠡᠨ ᠪᠠᠢᠭᠤᠯᠤᠯᠲᠠ᠎ᠶ᠋ᠢᠨ ᠬᠠᠷᠠᠯᠲᠠ᠎ᠶ᠋ᠢ ᠵᠤᠷᠢᠵᠤ᠂ ᠡᠨᠧᠷᠭᠢ᠎ᠶ᠋ᠢᠨ ᠪᠦᠲᠦᠴᠡ᠎ᠶ᠋ᠢᠨ ᠲᠣᠬᠢᠷᠠᠭᠤᠯᠤᠯᠲᠠ᠎ᠶ᠋ᠢ ᠲᠦᠷᠭᠡᠳᠭᠡᠵᠦ᠍᠂ ᠬᠥᠩᠭᠡᠨᠴᠠᠭᠠᠨ᠎ᠤ ᠠᠵᠤ ᠦᠶ᠋ᠯᠡᠰ᠎ᠦᠨ ᠳᠡᠭᠡᠳᠦ ᠳᠡᠰᠵᠢᠬᠦ᠌᠂ ᠪᠣᠬᠢᠷᠲᠤᠯ ᠥᠬᠡᠢᠵᠢᠵᠦ᠍ ᠬᠡᠯᠪᠡᠷᠢ᠎ᠪᠡᠨ ᠬᠤᠪᠢᠷᠠᠭᠤᠯᠤᠨ ᠲᠠᠰ ᠳᠡᠪᠱᠢᠬᠦ᠌᠎ᠶ᠋ᠢ ᠶᠡᠬᠡᠪᠡᠷ ᠠᠬᠢᠭᠤᠯᠵᠤ᠂ ᠡᠯ᠎ᠡ ᠵᠦᠶ᠋ᠯ᠎ᠦᠨ ᠭᠤᠤᠯᠳᠠᠯᠭ᠎ᠠ᠎ᠲᠠᠶ ᠡᠭᠦᠷᠭᠡ᠎ᠶ᠋ᠢᠨ ᠨᠠᠢᠳᠠᠪᠤᠷᠢᠵᠢᠭᠤᠯᠤᠯᠲᠠ᠎ᠶ᠋ᠢ ᠴᠢᠩᠭ᠎ᠠ ᠪᠣᠳᠠᠲᠠᠶ ᠰᠠᠢᠲᠤᠷ ᠠᠳᠭᠤᠵᠤ᠂ ᠪᠥᠬᠥ᠌ ᠣᠷᠣᠨ᠎ᠤ ᠠᠵᠤ ᠠᠬᠤᠶ ᠨᠡᠢᠭᠡᠮ᠎ᠦᠨ ᠬᠥᠭ᠌ᠵᠢᠯᠲᠡ᠎ᠶ᠋ᠢᠨ ᠶᠡᠬᠡ ᠲᠠᠯ᠎ᠠ᠎ᠳᠤ ᠱᠢᠨ᠎ᠡ ᠬᠤᠪᠢ ᠨᠡᠮᠡᠷᠢ ᠦᠵᠡᠭᠦᠯᠦᠨ᠎ᠡ ᠭᠡᠪᠡ᠃
ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠎ᠦᠨ 2025 ᠣᠨ᠎ᠤ ᠠᠵᠢᠯ᠎ᠤᠨ ᠲᠣᠬᠢᠷᠠᠭᠤᠯᠤᠯᠲᠠ᠎ᠳᠤ᠂ ᠴᠢᠬᠤᠯᠠ ᠶᠡᠬᠡ ᠲᠥᠷᠥᠯ ᠵᠦᠶ᠋ᠯ᠎ᠢ ᠤᠬᠠᠭᠠᠯᠠᠨ ᠲᠥᠯᠥᠪᠯᠡᠬᠦ ᠠᠵᠢᠯᠯᠠᠭ᠎ᠠ᠎ᠶ᠋ᠢ ᠬᠡᠷᠡᠭ᠌ᠵᠢᠭᠦᠯᠵᠦ᠍᠂ ᠪᠠᠯᠠ ᠣᠷᠣᠭᠤᠯᠤᠯᠲᠠ᠎ᠶ᠋ᠢ ᠡᠷᠡᠰ ᠭᠤᠢᠪᠢᠰᠢ ᠥᠬᠡᠶ ᠠᠳᠭᠤᠨ᠎ᠠ ᠭᠡᠵᠦ ᠳᠤᠷᠠᠳᠪᠠ᠃ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢ᠂ ᠪᠤᠭᠤᠲᠤ ᠬᠣᠲᠠ᠎ᠶ᠋ᠢᠨ ᠬᠥᠭ᠌ᠵᠢᠭᠦᠯᠦᠯᠲᠡ ᠪᠠ ᠥᠭᠡᠷᠡᠴᠢᠯᠡᠯᠲᠡ᠎ᠶ᠋ᠢᠨ ᠵᠥᠪᠯᠡᠯ᠎ᠦᠨ ᠡᠷᠬᠢᠯᠡᠭ᠌ᠴᠢ ᠱ᠌ᠢ ᠵᠥᠩ ᠴᠢᠨ᠂ ᠡᠨᠡ ᠵᠢᠯ᠂ ᠤᠰᠤᠲᠥ᠋ᠷᠥᠭ᠌ᠴᠢ ᠡᠨᠧᠷᠭᠢ᠎ᠶ᠋ᠢᠨ ᠨᠥᠭᠡᠴᠡ ᠡᠨᠧᠷᠭᠢ᠎ᠶ᠋ᠢᠨ ᠠᠵᠤ ᠦᠶ᠋ᠯᠡᠰ᠎ᠦᠨ ᠬᠥᠭ᠌ᠵᠢᠯᠲᠡ᠎ᠶ᠋ᠢᠨ ᠲᠠᠯ᠎ᠠ᠎ᠪᠠᠷ᠂ ᠪᠥᠬᠥ᠌ ᠬᠡᠯᠬᠢᠶᠡᠨ᠎ᠦ ᠬᠥᠭ᠌ᠵᠢᠯᠲᠡ᠎ᠳᠦ ᠠᠩᠬᠠᠷᠤᠯ᠎ᠢᠶᠠᠨ ᠲᠥᠪᠯᠡᠷᠡᠭᠦᠯᠵᠦ᠍᠂ ᠨᠢᠭᠡ ᠪᠦᠯᠦᠭ ᠭᠤᠤᠯᠳᠠᠯᠭ᠎ᠠ᠎ᠲᠠᠶ ᠲᠥᠷᠥᠯ ᠵᠦᠶ᠋ᠯ᠎ᠢ ᠰᠠᠢᠲᠤᠷ ᠬᠡᠷᠡᠭ᠌ᠵᠢᠭᠦᠯᠵᠦ᠍᠂ ᠢᠵᠢ ᠪᠦᠷᠢᠳᠦᠭᠦᠯᠬᠦ᠌ ᠰᠠᠭᠤᠷᠢ ᠲᠥᠬᠥᠭᠡᠷᠦᠮᠵᠢ᠎ᠶ᠋ᠢᠨ ᠪᠥᠲᠥᠭᠡᠨ ᠪᠠᠢᠭᠤᠯᠤᠯᠲᠠ᠎ᠶ᠋ᠢ ᠠᠬᠢᠭᠤᠯᠵᠤ᠂ ᠪᠣᠬᠢᠷᠲᠤᠯ ᠥᠬᠡᠶ ᠤᠰᠤᠲᠥ᠋ᠷᠥᠭ᠌ᠴᠢ ᠦᠢᠯᠡᠳᠬᠦ ᠬᠡᠷᠡᠭ᠌ᠯᠡᠬᠦ ᠪᠠᠢᠳᠠᠯ᠎ᠢ ᠵᠡᠷᠭᠡ᠎ᠪᠡᠷ ᠪᠠᠢᠷᠢᠱᠢᠭᠤᠯᠵᠤ᠂ ᠤᠰᠤᠲᠥ᠋ᠷᠥᠭ᠌ᠴᠢ ᠡᠨᠧᠷᠭᠢ᠎ᠶ᠋ᠢᠨ ᠨᠥᠭᠡᠴᠡ ᠡᠨᠧᠷᠭᠢ᠎ᠶ᠋ᠢᠨ ᠬᠡᠪᠴᠢᠶ᠎ᠡ᠎ᠶ᠋ᠢ ᠡᠬᠢᠯᠡᠭᠦᠯᠬᠦ᠌᠂ ᠲᠥᠪᠯᠡᠷᠡᠭᠦᠯᠦᠨ ᠬᠥᠭ᠌ᠵᠢᠭᠦᠯᠬᠦ᠌᠎ᠶ᠋ᠢ ᠦᠨᠡᠨ ᠪᠣᠳᠠᠲᠠᠶ ᠠᠬᠢᠭᠤᠯᠤᠨ᠎ᠠ ᠭᠡᠵᠡᠶ᠃
ᠡᠨᠡ ᠵᠢᠯ ᠪᠣᠯ 《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠲᠥᠯᠥᠪᠵᠢᠭᠦᠯᠭᠡ᠎ᠶ᠋ᠢᠨ ᠰᠡᠭᠦᠯ ᠬᠤᠷᠢᠶᠠᠬᠤ ᠵᠢᠯ ᠮᠥᠨ᠂ ᠪᠠᠰᠠ ᠴᠤ᠌ 《ᠠᠷᠪᠠᠨ ᠲᠠᠪᠤᠳᠤᠭᠠᠷ ᠲᠠᠪᠤᠨ ᠵᠢᠯ》 ᠤ᠋ᠨ ᠲᠥᠯᠥᠪᠵᠢᠭᠦᠯᠭᠡ᠎ᠶ᠋ᠢ ᠲᠥᠯᠥᠪᠵᠢᠭᠦᠯᠬᠦ᠌ ᠵᠢᠯ ᠮᠥᠨ᠃ ᠣᠯᠠᠨ᠎ᠢᠶᠠᠷ᠎ᠢᠶᠠᠨ᠂ ᠱᠢᠨ᠎ᠡ ᠨᠢᠭᠡᠨ ᠵᠢᠯ᠂ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠤᠯᠭᠠᠵᠤ᠂ ᠨᠠᠮ᠎ᠤᠨ ᠬᠣᠷᠢᠳᠤᠭᠠᠷ ᠶᠡᠬᠡ ᠬᠤᠷᠠᠯ ᠪᠠ ᠬᠣᠷᠢᠳᠤᠭᠠᠷ ᠬᠤᠭᠤᠴᠠᠭᠠᠨ᠎ᠤ ᠬᠣᠶᠠᠳᠤᠭᠠᠷ᠂ ᠭᠤᠷᠪᠠᠳᠤᠭᠠᠷ ᠪᠥᠬᠥᠳᠡ ᠬᠤᠷᠠᠯ᠎ᠤᠨ ᠵᠣᠷᠢᠭ ᠰᠠᠨᠠᠭ᠎ᠠ ᠶ᠋ᠢ ᠭᠦᠨᠵᠡᠭᠡᠶ ᠲᠤᠭᠤᠱᠢᠯᠠᠭᠤᠯᠵᠤ᠂ ᠶᠡᠷᠦᠩᠬᠡᠢ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠤᠨ ᠲᠤᠬᠠᠢ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠪᠦᠬᠦ᠌ ᠲᠠᠯ᠎ᠠ᠎ᠪᠠᠷ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠨᠠᠮ᠎ᠤᠨ ᠪᠠᠢᠭᠤᠯᠤᠯᠲᠠ᠎ᠪᠠᠷ ᠤᠳᠤᠷᠢᠳᠤᠮᠵᠢ ᠪᠣᠯᠭᠠᠵᠤ᠂ ᠥᠭᠡᠷᠡᠴᠢᠯᠡᠯᠲᠡ᠎ᠶ᠋ᠢ ᠪᠦᠬᠦ᠌ ᠲᠠᠯ᠎ᠠ᠎ᠪᠠᠷ ᠭᠦᠨᠵᠡᠭᠡᠢᠷᠡᠭᠦᠯᠵᠦ᠂ ᠲᠣᠭ᠍ᠲᠠᠭᠤᠨ᠎ᠤ ᠳᠤᠮᠳᠠ ᠤᠷᠤᠬᠰᠢᠯᠠᠯᠳᠠ ᠲᠠᠢ᠂ ᠲᠥᠪ ᠶᠣᠰᠣ᠎ᠶ᠋ᠢ ᠪᠠᠷᠢᠮᠲᠠᠯᠠᠨ ᠱᠢᠨ᠎ᠡ᠎ᠶ᠋ᠢ ᠡᠭᠦᠳᠬᠦ᠂ ᠬᠢᠬᠦ᠌᠎ᠶ᠋ᠢ ᠲᠡᠷᠢᠭᠦᠨ᠎ᠳᠦ ᠲᠠᠯᠪᠢᠬᠤ ᠶ᠋ᠢ ᠪᠠᠷᠢᠮᠲᠠᠯᠠᠵᠤ᠂ ᠬᠥᠭ᠌ᠵᠢᠯᠲᠡ ᠪᠠ ᠠᠮᠤᠷ ᠲᠦᠪᠱᠢᠨ᠎ᠢ ᠨᠠᠩ ᠰᠠᠢᠲᠤᠷ ᠨᠢᠭᠡᠳᠦᠯᠲᠡᠶ ᠲᠥᠯᠥᠪᠵᠢᠭᠦᠯᠵᠦ᠂ 《ᠨᠢᠭᠡ ᠭᠤᠤᠯ ᠰᠢᠵᠢᠮ᠎ᠢ ᠲᠤᠭᠤᠰᠢᠯᠠᠭᠤᠯᠬᠤ᠂ ᠬᠣᠶᠠᠷ ᠶᠡᠬᠡ ᠶᠠᠪᠤᠳᠠᠯ᠎ᠢ ᠰᠠᠢ᠌ᠲᠤᠷ ᠬᠢᠬᠦ᠂ ᠮᠣᠩᠭᠣᠯ ᠮᠣᠷᠢᠨ᠎ᠤ ᠵᠣᠷᠢᠭ ᠰᠠᠨᠠᠭ᠎ᠠ᠎ᠶ᠋ᠢ ᠪᠠᠳᠠᠷᠠᠭᠤᠯᠬᠤ᠂ ᠱᠢᠨ᠎ᠡ ᠵᠠᠮ ᠨᠡᠭᠡᠭᠡᠵᠦ᠍ ᠳᠤᠮᠳᠠ ᠲᠦᠪᠰᠢᠨ᠎ᠳᠤ ᠣᠷᠣᠬᠤ》 ᠠᠵᠢᠯᠯᠠᠭ᠎ᠠ ᠨᠡᠩ ᠶᠡᠬᠡ ᠠᠬᠢᠴᠠ᠎ᠲᠠᠶ ᠪᠣᠯᠬᠤ ᠪᠠᠷ ᠴᠢᠷᠮᠠᠢᠵᠦ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠭ᠍ᠰᠠᠨ ᠥᠪᠥᠷ ᠮᠣᠩᠭᠣᠯ᠎ᠤᠨ ᠱᠢᠨ᠎ᠡ ᠬᠠᠭᠤᠳᠠᠰᠤ᠎ᠶ᠋ᠢ ᠲᠠᠰᠤᠷᠠᠯᠳᠠ ᠦᠭᠡᠢ ᠪᠢᠴᠢᠭ᠌ᠯᠡᠬᠦ ᠬᠡᠷᠡᠭᠲᠡᠢ ᠭᠡᠵᠦ ᠢᠯᠡᠳᠭᠡᠪᠡ᠃