《ᠵᠠᠰᠠᠭ ᠤ᠋ᠨ ᠣᠷᠳᠣᠨ ᠤ᠋ ᠠᠵᠢᠯ ᠤ᠋ᠨ ᠢᠯᠡᠳᠭᠡᠯ ᠳ᠋ᠤ ᠮᠠᠨ ᠤ᠋ ᠣᠷᠣᠨ ᠳᠤᠮᠳᠠᠳᠤ ᠵᠢᠨ ᠦᠨᠳᠦᠰᠦᠲᠡᠨ ᠤ᠋ ᠬᠠᠮᠲᠤ ᠵᠢᠨ ᠴᠣᠭ᠍ᠴᠠ ᠵᠢᠨ ᠤᠬᠠᠮᠰᠠᠷ ᠢ᠋ ᠪᠠᠲᠤ ᠴᠣᠭ᠍ᠴᠠᠯᠠᠬᠤ ᠠᠵᠢᠯ ᠤ᠋ᠨ ᠭᠣᠣᠯ ᠱᠢᠵᠢᠮ ᠢ᠋ ᠴᠢᠩᠭ᠎ᠠ ᠡᠵᠡᠮᠳᠡᠵᠦ᠍᠂ ᠰᠡᠳᠭᠢᠯ ᠨᠢᠭᠡᠳᠦᠨ ᠬᠦᠴᠦ᠍ ᠪᠡᠨ ᠬᠠᠮᠲᠤᠳᠭᠠᠵᠤ ᠪᠠᠢᠭᠠᠳ 〈ᠬᠣᠶᠠᠷ ᠶᠡᠬᠡ ᠶᠠᠪᠤᠳᠠᠯ〉 ᠢ᠋ ᠰᠠᠢᠲᠤᠷ ᠬᠢᠵᠦ᠍᠂ 〈ᠵᠢᠷᠭᠤᠭᠠᠨ ᠢᠨᠵᠧᠨᠧᠷᠢᠩ〉 ᠢ᠋ ᠰᠠᠢᠲᠤᠷ ᠠᠳᠭᠤᠨ᠂ ᠠᠵᠤ ᠠᠬᠤᠢ ᠨᠡᠢᠭᠡᠮ ᠤ᠋ᠨ ᠬᠥᠭ᠌ᠵᠢᠯᠲᠡ ᠵᠢᠨ ᠡᠯ᠎ᠡ ᠵᠦᠢᠯ ᠤ᠋ᠨ ᠠᠵᠢᠯ ᠢ᠋ ᠨᠢᠭᠡᠳᠦᠯᠲᠡᠢ ᠲᠥᠯᠥᠪᠵᠢᠭᠦᠯᠦᠨ ᠰᠠᠢᠲᠤᠷ ᠬᠢᠵᠦ᠍᠂ ᠱᠢᠨ᠎ᠡ ᠵᠠᠮ ᠨᠡᠭᠡᠭᠡᠵᠤ ᠳᠤᠮᠳᠠ ᠲᠦᠪᠰᠢᠨ ᠳ᠋ᠤ ᠣᠷᠣᠬᠤ ᠪᠣᠳᠠᠲᠠᠢ ᠠᠯᠬᠤᠮ ᠢ᠋ ᠠᠯᠬᠤᠨ᠎ᠠ ᠬᠡᠵᠤ ᠲᠤᠷᠠᠳᠤᠭᠰᠠᠨ ᠨᠢ ᠬᠥᠮᠦᠰ ᠢ᠋ ᠲᠤᠢᠯ ᠵᠢᠡᠷ ᠤᠷᠮᠠᠱᠢᠭᠤᠯᠤᠨ ᠵᠣᠷᠢᠭ᠍ᠵᠢᠭᠤᠯᠵᠠᠢ》 ᠬᠡᠵᠤ ᠥᠪᠡᠷᠲᠡᠭᠡᠨ ᠵᠠᠰᠠᠬᠤ ᠣᠷᠣᠨ ᠤ᠋ ᠠᠷᠠᠳ ᠤ᠋ᠨ ᠲᠥᠯᠥᠭᠡᠯᠡᠭ᠌ᠴᠢᠳ ᠤ᠋ᠨ ᠶᠡᠭᠡ ᠬᠤᠷᠠᠯ ᠤ᠋ᠨ ᠲᠦᠯᠤᠭᠡᠯᠡᠭᠴᠢ᠂ ᠬᠢᠩᠭᠠᠨ ᠠᠢᠮᠠᠭ ᠤ᠋ᠨ ᠬᠣᠷᠴᠢᠨ ᠪᠠᠷᠠᠭᠤᠨ ᠭᠠᠷᠤᠨ ᠳᠤᠮᠳᠠᠳᠤ ᠬᠣᠱᠢᠭᠤᠨ ᠤ᠋ ᠪᠠᠶᠠᠨᠬᠤᠱᠢᠭᠤ ᠲᠠᠪᠤᠳᠤᠭᠠᠷ ᠪᠠᠭ᠎ᠠ ᠰᠤᠷᠭᠠᠭᠤᠯᠢ ᠵᠢᠨ ᠳᠡᠳ᠋ ᠵᠠᠬᠢᠷᠤᠯ ᠲᠠᠩ ᠵᠢᠩ ᠬᠡᠯᠡᠨ᠎ᠠ᠃

ᠲᠠᠩ ᠵᠢᠩ ᠲᠥᠯᠥᠭᠡᠯᠡᠭ᠌ᠴᠢ
ᠳᠤᠮᠳᠠᠳᠤ ᠵᠢᠨ ᠦᠨᠳᠦᠰᠦᠲᠡᠨ ᠤ᠋ ᠬᠠᠮᠲᠤ ᠵᠢᠨ ᠴᠣᠭ᠍ᠴᠠ ᠵᠢᠨ ᠤᠬᠠᠮᠰᠠᠷ ᠪᠣᠯ ᠤᠯᠤᠰ ᠣᠷᠣᠨ ᠤ᠋ ᠨᠢᠭᠡᠳᠦᠯ ᠤ᠋ᠨ ᠰᠠᠭᠤᠷᠢ᠂ ᠦᠨᠳᠦᠰᠦᠲᠡᠨ ᠤ᠋ ᠪᠦᠯᠬᠦᠮᠳᠡᠯ ᠤ᠋ᠨ ᠦᠨᠳᠦᠰᠦ᠂ ᠤᠶᠤᠨ ᠰᠠᠨᠠᠭᠠᠨ ᠤ᠋ ᠬᠦᠴᠦᠨ ᠤ᠋ ᠰᠦᠭ ᠰᠦᠨᠡᠰᠦ ᠮᠥᠨ᠃ ᠰᠤᠷᠭᠠᠨ ᠬᠥᠮᠦᠵᠢᠯ ᠤ᠋ᠨ ᠨᠢᠭᠡᠳᠦᠭᠡᠷ ᠹᠷᠣᠨᠲ ᠡᠴᠡ ᠢᠷᠡᠭ᠌ᠰᠡᠨ ᠠᠷᠠᠳ ᠤ᠋ᠨ ᠲᠥᠯᠥᠭᠡᠯᠡᠭ᠌ᠴᠢᠳ ᠤ᠋ᠨ ᠶᠡᠭᠡ ᠬᠤᠷᠠᠯ ᠤ᠋ᠨ ᠲᠦᠯᠤᠭᠡᠯᠡᠭᠴᠢ ᠪᠣᠯᠤᠭ᠍ᠰᠠᠨ ᠤ᠋ ᠬᠤᠪᠢ ᠳ᠋ᠤ ᠲᠠᠩ ᠵᠢᠩ ᠤ᠋ᠨ ᠦᠵᠡᠬᠦ᠌ ᠪᠡᠷ᠂ ᠳᠤᠮᠳᠠᠳᠤ ᠵᠢᠨ ᠦᠨᠳᠦᠰᠦᠲᠡᠨ ᠤ᠋ ᠬᠠᠮᠲᠤ ᠵᠢᠨ ᠴᠣᠭ᠍ᠴᠠ ᠵᠢᠨ ᠤᠬᠠᠮᠰᠠᠷ ᠢ᠋ ᠪᠠᠲᠤ ᠴᠣᠭ᠍ᠴᠠᠯᠠᠬᠤ ᠶ᠋ᠢ ᠰᠤᠷᠭᠠᠭᠤᠯᠢ ᠡᠷᠭᠢᠯᠡᠬᠦ᠌ ᠰᠤᠷᠭᠠᠭᠤᠯᠢ ᠵᠢ ᠵᠠᠰᠠᠬᠤ᠂ ᠪᠢᠴᠢᠭ ᠵᠢᠭᠠᠵᠤ ᠬᠥᠮᠦᠨ ᠬᠥᠮᠦᠵᠢᠭᠦᠯᠬᠦ᠌ ᠪᠥᠬᠥ᠌ ᠶᠠᠪᠤᠴᠠ ᠳ᠋ᠤ ᠠᠭᠤᠰᠭᠠᠨ ᠣᠷᠣᠭᠤᠯᠵᠤ᠂ ᠳᠤᠮᠳᠠᠳᠤ ᠵᠢᠨ ᠦᠨᠳᠦᠰᠦᠲᠡᠨ ᠤ᠋ ᠬᠠᠮᠲᠤ ᠵᠢᠨ ᠴᠣᠭ᠍ᠴᠠ ᠵᠢᠨ ᠤᠬᠠᠮᠰᠠᠷ ᠢ᠋ ᠪᠠᠲᠤ ᠴᠣᠭ᠍ᠴᠠᠯᠠᠬᠤ ᠶ᠋ᠢ ᠥᠷᠭᠡᠨ ᠣᠯᠠᠨ ᠪᠠᠭ᠍ᠰᠢ ᠰᠤᠷᠤᠭ᠍ᠴᠢ ᠵᠢᠨ ᠦᠶ᠋ᠯᠡ ᠠᠵᠢᠯᠯᠠᠭᠠᠨ ᠤ᠋ ᠪᠠᠷᠢᠮᠵᠢᠶ᠎ᠠ ᠪᠠ ᠡᠳᠦᠷ ᠲᠤᠲᠤᠮ ᠤ᠋ᠨ ᠳᠠᠳᠭᠠᠯ ᠪᠣᠯᠭᠠᠬᠤ ᠶ᠋ᠢ ᠠᠬᠢᠭᠤᠯᠬᠤ ᠬᠡᠷᠡᠭ᠌ᠲᠡᠶ ᠃
ᠲᠠᠩ ᠵᠢᠩ᠂ ᠬᠢᠴᠢᠶᠡᠯ ᠤ᠋ᠨ ᠲᠠᠩᠬᠢᠮ ᠤ᠋ᠨ ᠵᠢᠭᠠᠨ ᠰᠤᠷᠭᠠᠯᠲᠠ ᠵᠢᠨ ᠭᠤᠤᠯ ᠠᠷᠭ᠎ᠠ ᠵᠠᠮ ᠤ᠋ᠨ ᠦᠶ᠋ᠯᠡᠳᠦᠯ ᠢ᠋ ᠭᠦᠶ᠋ᠴᠡᠳ ᠪᠠᠳᠠᠷᠠᠭᠤᠯᠵᠤ ᠂ ᠳᠤᠮᠳᠠᠳᠤ ᠵᠢᠨ ᠦᠨᠳᠦᠰᠦᠲᠡᠨ ᠤ᠋ ᠬᠠᠮᠲᠤ ᠵᠢᠨ ᠴᠣᠭ᠍ᠴᠠ ᠵᠢᠨ ᠤᠬᠠᠮᠰᠠᠷ ᠢ᠋ ᠪᠠᠲᠤ ᠴᠣᠭ᠍ᠴᠠᠯᠠᠬᠤ ᠶ᠋ᠢ ᠡᠯ᠎ᠡ ᠬᠢᠴᠢᠶᠠᠯ ᠲᠦᠷᠤᠯ ᠳ᠋ᠤ ᠠᠭᠤᠰᠭᠠᠨ᠂ ᠬᠢᠴᠢᠶᠡᠯ ᠵᠢᠡᠷ ᠬᠥᠮᠦᠨ ᠢ᠋ ᠬᠥᠮᠦᠵᠢᠭᠦᠯᠬᠦ᠌ ᠬᠡᠷᠡᠭ᠌ᠲᠡᠶ; ᠠᠵᠢᠯᠯᠠᠭ᠎ᠠ ᠪᠠᠷ ᠬᠥᠮᠦᠨ ᠢ᠋ ᠬᠥᠮᠦᠵᠢᠭᠦᠯᠵᠦ᠍᠂ ᠳᠤᠮᠳᠠᠳᠤ ᠵᠢᠨ ᠦᠨᠳᠦᠰᠦᠲᠡᠨ ᠤ᠋ ᠬᠠᠮᠲᠤ ᠵᠢᠨ ᠴᠣᠭ᠍ᠴᠠ ᠵᠢᠨ ᠤᠬᠠᠮᠰᠠᠷ ᠢ᠋ ᠪᠣᠳᠠᠲᠤ ᠲᠦᠷᠦᠭ᠌ᠳᠡᠯ ᠲᠡᠶ ᠪᠦᠲᠦᠮᠵᠢᠲᠡᠢ ᠪᠡᠷ ᠪᠠᠲᠤ ᠴᠣᠭ᠍ᠴᠠᠯᠠᠬᠤ ᠬᠡᠷᠡᠭ᠌ᠲᠡᠢ ; ᠣᠷᠴᠢᠨ ᠨᠦᠬᠦᠴᠡᠯ ᠵᠢᠡᠷ ᠬᠥᠮᠦᠨ ᠢ᠋ ᠬᠥᠮᠦᠵᠢᠭᠦᠯᠵᠦ᠍᠂ ᠰᠤᠷᠭᠠᠭᠤᠯᠢ ᠵᠢᠨ ᠬᠦᠷᠢᠶᠡᠨ ᠤ᠋ ᠦᠵᠡᠮᠵᠢ᠂ ᠤᠯᠠᠨ ᠨᠡᠢᠲᠡ ᠵᠢᠨ ᠣᠷᠣᠨ ᠵᠠᠢ ᠳ᠋ᠤ ᠳᠤᠮᠳᠠᠳᠤ ᠵᠢᠨ ᠦᠨᠳᠦᠰᠦᠲᠡᠨ ᠤ᠋ ᠰᠣᠶᠣᠯ ᠤ᠋ᠨ ᠲᠡᠮᠳᠡᠭ ᠪᠣᠯᠤᠨ ᠲᠦᠷᠢ ᠲᠥᠷᠬᠦ᠌ ᠵᠢᠨ ᠲᠡᠮᠳᠡᠭ ᠢ᠋ ᠵᠣᠬᠢᠰᠲᠠᠢ ᠪᠠᠢᠷᠢᠯᠠᠭᠤᠯᠵᠤ᠂ ᠤᠯᠤᠰ ᠤ᠋ᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ ᠢ᠋ ᠵᠢᠷᠤᠮᠵᠢᠭᠤᠯᠤᠨ ᠬᠡᠷᠡᠭ᠌ᠯᠡᠵᠦ᠍᠂ ᠲᠦᠮᠡᠨ ᠪᠣᠳᠠᠰ ᠢ᠋ ᠤᠮᠳᠠᠯᠠᠬᠤ ᠳᠤᠮᠳᠠ ᠰᠤᠷᠤᠭ᠍ᠴᠢᠳ ᠤ᠋ᠨ ᠳᠤᠮᠳᠠᠳᠤ ᠵᠢᠨ ᠦᠨᠳᠦᠰᠦᠲᠡᠨ ᠤ᠋ ᠬᠠᠮᠲᠤ ᠵᠢᠨ ᠴᠣᠭ᠍ᠴᠠ ᠵᠢᠨ ᠤᠬᠠᠮᠰᠠᠷ ᠤ᠋ᠨ ᠮᠡᠳᠡᠷᠡᠬᠦᠢ ᠲᠦᠷᠦᠭ᠌ᠳᠡᠯ ᠪᠣᠯᠤᠨ ᠬᠠᠷᠢᠶᠠᠯᠠᠭ᠍ᠳᠠᠬᠤᠢ ᠲᠦᠷᠦᠭ᠌ᠳᠡᠯ ᠢ᠋ ᠨᠡᠮᠡᠭ᠌ᠳᠡᠭᠦᠯᠬᠦ᠌ ᠬᠡᠷᠡᠭ᠌ᠲᠡᠢ ᠬᠡᠵᠤ ᠰᠠᠨᠠᠭᠤᠯᠪᠠ᠃