ᠯᠢ ᠶᠢᠩ ᠭᠡᠰᠢᠬᠦᠨ ᠄ 《ᠵᠢᠷᠭᠤᠭᠠᠨ ᠦᠬᠦᠯᠡᠪᠤᠷᠢ ᠵᠢᠨ ᠪᠣᠳᠠᠲᠤ ᠶᠠᠪᠣᠲᠠᠯ ᠪᠠ ᠤᠴᠢᠷ ᠶᠣᠰᠣ 》 ᠶ᠋ᠢ ᠬᠥᠮᠦᠰ ᠤ᠋ᠨ ᠰᠡᠳᠭᠢᠯ ᠳ᠋ᠤ ᠨᠡᠩ ᠬᠠᠲᠠᠩᠰᠢᠭᠣᠯᠤᠨ᠎ᠠ
2025-01-15 10:21:51
ᠵᠣᠬᠢᠶᠠᠭ᠍ᠴᠢ᠄
ᠯᠢᠦ ᡁᠢ ᠱᠢᠶᠠᠨ ᠵᠢᠨ ᠴᠢᠤᠸᠠᠨ
ᠣᠩᠱᠢᠭ᠍ᠰᠠᠨ ᠣᠳᠠᠭ᠎ᠠ᠄
★★★☆☆

ᠵᠠᠰᠠᠭ ᠤ᠋ᠨ ᠣᠷᠳᠣᠨ ᠤ᠋ ᠠᠵᠢᠯ ᠤ᠋ᠨ ᠢᠯᠡᠳᠭᠡᠯ ᠳ᠋ᠤ᠂ 《ᠵᠢᠷᠭᠤᠭᠠᠨ ᠦᠬᠦᠯᠡᠪᠤᠷᠢ ᠵᠢᠨ ᠪᠣᠳᠠᠲᠤ ᠶᠠᠪᠤᠳᠠᠯ ᠪᠠ ᠤᠴᠢᠷ ᠶᠣᠰᠣ》 ᠶ᠋ᠢ ᠬᠥᠮᠦᠰ ᠤ᠋ᠨ ᠰᠡᠳᠭᠢᠯ ᠳ᠋ᠤ ᠨᠠᠩ ᠭᠦᠨ ᠬᠠᠳᠠᠩᠱᠢᠭᠤᠯᠬᠤ ᠬᠡᠷᠡᠭ᠌ᠲᠡᠶ ᠭᠡᠵᠦ᠍ ᠴᠢᠬᠤᠯᠠᠴᠢᠯᠠᠪᠠ᠃  ᠥᠪᠡᠷᠲᠡᠭᠡᠨ ᠵᠠᠰᠠᠬᠤ ᠣᠷᠣᠨ ᠤ᠋ ᠤᠯᠤᠰ ᠲᠥᠷᠥ ᠵᠢᠨ ᠵᠥᠪᠯᠡᠯᠭᠡᠨ ᠤ᠋ ᠭᠡᠱᠢᠭᠦᠨ᠂ ᠥᠪᠡᠷᠲᠡᠭᠡᠨ ᠵᠠᠰᠠᠬᠤ ᠣᠷᠣᠨ ᠤ᠋ ᠰᠤᠷᠭᠠᠨ ᠬᠥᠮᠦᠵᠢᠯ ᠤ᠋ᠨ ᠲᠢᠩᠬᠢᠮ ᠤ᠋ᠨ ᠳᠡᠳ᠋ ᠳᠠᠷᠤᠭ᠎ᠠ ᠯᠢ ᠶᠢᠩ᠄ 《ᠣᠢᠷ᠎ᠠ ᠵᠢᠨ ᠵᠢᠯ ᠤ᠋ᠨ ᠲᠤᠷᠰᠢ᠂ ᠪᠥᠬᠥ᠌ ᠣᠷᠣᠨ ᠤ᠋ ᠰᠤᠷᠭᠠᠨ ᠬᠥᠮᠦᠵᠢᠯ ᠤ᠋ᠨ ᠱᠢᠰᠲ᠋ᠧᠮ ᠤ᠋ᠨ ᠬᠢᠨ ᠳᠤᠮᠳᠠᠳᠤ ᠵᠢᠨ ᠦᠨᠳᠦᠰᠦᠲᠡᠨ ᠤ᠋ ᠬᠠᠮᠲᠤ ᠵᠢᠨ ᠴᠣᠭ᠍ᠴᠠ ᠵᠢᠨ ᠤᠬᠠᠮᠰᠠᠷ ᠢ᠋ ᠪᠠᠲᠤ ᠴᠣᠭ᠍ᠴᠠᠯᠠᠬᠤ ᠬᠥᠮᠦᠵᠢᠯ ᠢ᠋ ᠲᠠᠰᠤᠷᠠᠯᠲᠠ ᠥᠬᠡᠶ ᠪᠡᠬᠢᠵᠢᠭᠦᠯᠵᠦ᠍᠂ 〈ᠵᠢᠷᠭᠤᠭᠠᠨ ᠦᠬᠦᠯᠡᠪᠤᠷᠢ ᠵᠢᠨ ᠪᠣᠳᠠᠲᠤ ᠶᠠᠪᠤᠳᠠᠯ ᠪᠠ  ᠤᠴᠢᠷ  ᠶᠣᠰᠣ〉 ᠶ᠋ᠢ ᠪᠥᠬᠥ᠌ ᠣᠷᠣᠨ ᠤ᠋ ᠶᠡᠬᠡ ᠲᠡᠭᠡᠲᠦ ᠳᠤᠮᠳᠠᠳᠤ ᠪᠠᠭ᠎ᠠ ᠰᠤᠷᠭᠠᠭᠤᠯᠢ ᠵᠢᠨ ᠦᠵᠡᠯ ᠰᠠᠨᠠᠭ᠎ᠠ ᠤᠯᠤᠰ ᠲᠥᠷᠥ ᠵᠢᠨ ᠬᠥᠮᠦᠵᠢᠯ ᠤ᠋ᠨ ᠠᠮᠢᠳᠤᠯᠢᠭ ᠪᠣᠷᠣ ᠮᠠᠲ᠋ᠧᠷᠢᠶᠠᠯ ᠪᠣᠯᠭᠠᠵᠤ᠂ ᠥᠷᠭᠡᠨ ᠣᠯᠠᠨ ᠪᠠᠭ᠍ᠰᠢ ᠰᠤᠷᠤᠭ᠍ᠴᠢᠳ ᠢ᠋ ᠬᠥᠮᠦᠵᠢᠭᠦᠯᠦᠨ ᠵᠢᠯᠣᠭᠣᠳᠴᠤ᠌ ᠪᠠᠢᠭᠠᠳ ᠨᠠᠮ ᠤ᠋ᠨ ᠠᠴᠢ ᠳ᠋ᠤ ᠲᠠᠯᠠᠷᠬᠠᠨ᠂ ᠨᠠᠮ ᠤ᠋ᠨ ᠦᠭᠡ ᠶ᠋ᠢ ᠰᠣᠨᠣᠰᠴᠦ᠂ ᠨᠠᠮ ᠵᠢᠡᠨ ᠳᠠᠭᠠᠨ ᠣᠷᠣᠬᠰᠢᠯᠠᠬᠣ ᠪᠠᠢᠨ᠎ᠠ》 ᠭᠡᠵᠦ ᠬᠦᠨᠵᠡᠭᠡᠢ ᠲᠦᠷᠦᠭᠲᠡᠯ ᠲᠠᠢ ᠶᠠᠷᠢᠨ᠎ᠠ᠃


QQ20250115-101139.png


ᠯᠢ ᠶᠢᠩ ᠭᠡᠰᠢᠬᠦᠨ 



《ᠥᠪᠥᠷ ᠮᠣᠩᠭᠣᠯ ᠤ᠋ᠨ ᠬᠤᠪᠢᠰᠭᠠᠯ ᠤ᠋ᠨ ᠲᠡᠦᠬᠡ ᠥᠨᠢ ᠤᠳᠠᠭᠠᠨ᠂ ᠬᠤᠪᠢᠰᠭᠠᠯᠲᠦ ᠰᠣᠶᠣᠯ ᠤ᠋ᠨ ᠡᠬᠢ ᠪᠠᠶᠠᠯᠢᠭ ᠡᠯᠪᠡᠭ ᠲᠡᠯᠪᠡᠭ᠂ ᠭᠦᠨ ᠵᠤᠵᠠᠭᠠᠨ ᠲᠡᠦᠬᠡ ᠵᠢᠨ ᠠᠭᠤᠯᠬᠣᠨ ᠬᠠᠳᠠᠭᠠᠯᠠᠭ᠍ᠳᠠᠵᠤ᠂ ᠠᠭᠤᠳᠠᠯᠣᠨ ᠢᠯᠡᠷᠡᠬᠦᠯᠬᠦ ᠮᠠᠰᠢ ᠶᠡᠬᠡ ᠳᠠᠯᠳᠠ ᠬᠦᠴᠦᠨ ᠲᠡᠶ ᠶᠤᠮ》 ᠬᠡᠵᠤ ᠯᠢ ᠶᠢᠩ᠂ ᠤᠮᠠᠷᠠᠲᠤ ᠬᠢᠯᠢ ᠵᠢᠨ ᠰᠣᠶᠣᠯ ᠤ᠋ᠨ ᠪᠠᠢᠭᠤᠯᠤᠯᠲᠠ ᠶ᠋ᠢ ᠳᠡᠭᠡᠭ᠌ᠰᠢᠯᠡᠭᠦᠯᠬᠦ᠌ ᠠᠵᠢᠯᠯᠠᠭ᠎ᠠ ᠵᠢᠨ ᠲᠣᠭᠣᠷᠢᠨ ᠳ᠋ᠤ ᠤᠮᠠᠷᠠᠲᠤ ᠬᠢᠯᠢ ᠵᠢᠨ ᠰᠣᠶᠣᠯ ᠲᠡᠦᠬᠡ ᠵᠢᠨ ᠡᠬᠢ ᠰᠤᠷᠪᠤᠯᠵᠢ᠂ ᠬᠥᠭ᠌ᠵᠢᠯᠲᠡ ᠵᠢᠨ ᠮᠦᠷ ᠣᠯᠪᠠᠭ᠎ᠠ ᠵᠢᠨ ᠰᠤᠳᠤᠯᠭᠠᠨ ᠢ᠋ ᠴᠢᠩᠭᠠᠳᠭᠠᠵᠤ᠂ ᠤᠮᠠᠷᠠᠲᠤ ᠬᠢᠯᠢ ᠵᠢᠨ ᠰᠣᠶᠣᠯ ᠤ᠋ᠨ ᠠᠭᠤᠯᠬᠤᠨ ᠢ᠋ ᠪᠠᠶᠠᠯᠢᠭ᠍ᠵᠢᠭᠤᠯᠬᠤ ᠬᠡᠷᠡᠭ᠌ᠲᠡᠶ᠃ 《ᠵᠢᠷᠭᠤᠭᠠᠨ ᠦᠬᠦᠯᠡᠪᠤᠷᠢ ᠵᠢᠨ ᠪᠣᠳᠠᠲᠤ ᠶᠠᠪᠤᠳᠠᠯ ᠪᠠ ᠤᠴᠢᠷ  ᠶᠣᠰᠣ》 ᠳ᠋ᠤ ᠠᠩᠬᠠᠷᠤᠯ ᠵᠢᠡᠨ ᠲᠥᠪᠯᠡᠷᠡᠭᠦᠯᠦᠨ ᠵᠣᠬᠢᠶᠠᠨ ᠪᠠᠢᠭᠤᠯᠤᠯᠲᠠ ᠲᠠᠶ ᠪᠡᠷ ᠱᠢᠨᠵᠢᠯᠡᠬᠦ᠌ ᠤᠬᠠᠭᠠᠨ ᠤ᠋ ᠰᠤᠳᠤᠯᠭᠠᠨ ᠥᠷᠨᠢᠭᠦᠯᠵᠦ᠍᠂ ᠳᠤᠮᠳᠠᠳᠤ ᠤᠯᠤᠰ ᠤ᠋ᠨ ᠡᠪ ᠬᠠᠮᠲᠤ ᠨᠠᠮ ᠥᠪᠥᠷ ᠮᠣᠩᠭᠣᠯ ᠤ᠋ᠨ ᠦᠨᠳᠦᠰᠦᠲᠡᠨ ᠨᠤᠭᠦᠳ ᠤ᠋ᠨ ᠠᠷᠠᠳ ᠲᠦᠮᠡᠨ ᠢ᠋ ᠤᠳᠤᠷᠢᠳᠤᠨ ᠬᠤᠪᠢᠰᠭᠠᠯ᠂ ᠪᠥᠲᠥᠭᠡᠨ ᠪᠠᠢᠭᠤᠯᠤᠯᠲᠠ ᠪᠠ ᠥᠭᠡᠷᠡᠴᠢᠯᠡᠯᠲᠡ ᠵᠢᠨ ᠲᠡᠦᠬᠡᠨ ᠶᠠᠪᠤᠴᠠ ᠳ᠋ᠤ ᠡᠭᠦᠰᠦᠭ᠌ᠰᠡᠨ ᠠᠮᠢᠳᠤᠯᠢᠭ ᠲᠡᠦᠬᠡ ᠵᠢᠨ ᠥᠯᠢᠭᠡᠷ ᠢ᠋ ᠦᠷᠭᠦᠯᠵᠢᠯᠡᠨ ᠠᠭᠤᠳᠠᠯᠬᠤ ᠬᠡᠷᠡᠭ᠌ᠲᠡᠶ᠃ 《ᠲᠠᠪᠤᠨ ᠶᠡᠬᠡ ᠡᠭᠦᠷᠭᠡ》 ᠳ᠋ᠤ ᠠᠩᠬᠠᠷᠤᠯ ᠵᠢᠡᠨ ᠲᠥᠪᠯᠡᠷᠡᠭᠦᠯᠦᠨ ᠥᠪᠥᠷ ᠮᠣᠩᠭᠣᠯ ᠤ᠋ᠨ ᠥᠯᠢᠭᠡᠷ ᠢ᠋ ᠰᠠᠢᠲᠤᠷ ᠶᠠᠷᠢᠵᠤ᠂ ᠡᠯ᠎ᠡ ᠬᠠᠮᠢᠶ᠎ᠠ ᠪᠥᠬᠥᠶ ᠰᠠᠯᠠᠭ᠎ᠠ ᠮᠥᠴᠢᠷ ᠤ᠋ᠨ ᠬᠢᠨ ᠨᠠᠮ ᠤ᠋ᠨ ᠲᠥᠪ ᠬᠣᠷᠢᠶ᠎ᠠ ᠡᠴᠡ ᠥᠪᠥᠷ ᠮᠣᠩᠭᠣᠯ ᠤ᠋ᠨ ᠬᠥᠭ᠌ᠵᠢᠯᠲᠡ ᠵᠢᠨ ᠴᠢᠭ᠌ᠯᠡᠯ ᠢ᠋ ᠲᠣᠳᠣᠷᠬᠠᠶ ᠵᠢᠭᠠᠵᠦ᠂ ᠲᠥᠷᠥ ᠵᠢᠨ ᠪᠣᠳᠣᠯᠭ᠎ᠠ ᠵᠢᠨ ᠳᠡᠮᠵᠢᠯᠭᠡ ᠬᠠᠩᠭᠠᠭ᠍ᠰᠠᠨ᠂ ᠥᠪᠥᠷ ᠮᠣᠩᠭᠣᠯ ᠢ᠋ ᠳᠠᠢᠴᠢᠯᠠᠨ ᠯᠤᠲᠤ ᠶᠡᠬᠡ ᠬᠥᠭ᠌ᠵᠢᠯᠲᠡ ᠵᠢᠨ ᠠᠮᠵᠢᠯᠲᠠ ᠣᠯᠤᠭ᠍ᠰᠠᠨ ᠵᠡᠷᠭᠡ ᠲᠠᠯ᠎ᠠ ᠵᠢᠨ ᠪᠣᠷᠣ ᠮᠠᠲ᠋ᠧᠷᠢᠶᠠᠯ ᠢ᠋ ᠭᠦᠨᠵᠡᠭᠡᠶ ᠠᠭᠤᠳᠠᠯᠤᠨ ᠡᠮᠬᠢᠯᠡᠬᠦ᠌ ᠬᠡᠷᠡᠭ᠌ᠲᠡᠶ᠃ ᠡᠭᠦᠨ ᠤ᠋ ᠰᠠᠭᠤᠷᠢᠨ ᠳᠡᠭᠡᠷ᠎ᠡ ᠠᠯᠢ ᠣᠯᠠᠨ ᠨᠡᠢᠲᠡᠯᠢᠭ ᠴᠢᠨᠠᠷ ᠲᠠᠢ᠂ ᠵᠢᠱ᠌ᠢᠶ᠎ᠡ ᠦᠵᠡᠭᠦᠯᠬᠦ᠌ ᠴᠢᠨᠠᠷ ᠵᠢᠡᠷ ᠴᠢᠩᠭ᠎ᠠ ᠠᠮᠢᠳᠤᠯᠢᠭ ᠵᠢᠱ᠌ᠢᠶ᠎ᠡ ᠶ᠋ᠢ ᠳ᠋ᠦᠩᠨᠡᠨ ᠪᠣᠯᠪᠠᠰᠤᠷᠠᠭᠤᠯᠵᠤ᠂ 《ᠵᠢᠷᠭᠤᠭᠠᠨ ᠦᠬᠦᠯᠡᠪᠤᠷᠢ ᠵᠢᠨ ᠪᠣᠳᠠᠲᠤ ᠶᠠᠪᠤᠳᠠᠯ ᠪᠠ ᠤᠴᠢᠷ ᠶᠣᠰᠣ》 ᠵᠢᠨ ᠤᠬᠠᠭᠤᠯᠭ᠎ᠠ ᠬᠥᠮᠦᠵᠢᠯ ᠤ᠋ᠨ ᠵᠢᠱ᠌ᠢᠶ᠎ᠡ ᠶ᠋ᠢ ᠪᠣᠶ ᠪᠣᠯᠭᠠᠬᠣ ᠬᠡᠷᠡᠭᠲᠡᠢ ᠭᠡᠵᠤ ᠰᠠᠨᠠᠭᠤᠯᠪᠠ ᠃

《ᠣᠯᠠᠨ ᠲᠠᠯ᠎ᠠ ᠵᠢᠨ ᠴᠢᠷᠮᠠᠢᠯᠭ᠎ᠠ ᠪᠠᠷ ᠳᠡᠮᠵᠢᠨ ᠪᠥᠬᠥ᠌ ᠣᠷᠣᠨ ᠤ᠋ ᠶᠡᠬᠡ ᠲᠡᠭᠡᠲᠦ ᠳᠤᠮᠳᠠᠳᠤ ᠪᠠᠭ᠎ᠠ ᠰᠤᠷᠭᠠᠭᠤᠯᠢ ᠳ᠋ᠤ ᠴᠠᠭ ᠤ᠋ᠨ ᠲᠠᠯ᠎ᠠ ᠪᠠᠷ ᠱᠢᠨᠡᠳᠭᠡᠭ᠌ᠰᠡᠨ᠂ ᠭᠠᠵᠠᠷ ᠵᠦᠶ ᠵᠢᠨ ᠲᠠᠯ᠎ᠠ ᠪᠠᠷ ᠨᠠᠩ ᠣᠢᠷᠠᠬᠠᠨ᠂ ᠰᠡᠳᠭᠢᠴᠡ ᠵᠢᠨ ᠲᠠᠯ᠎ᠠ ᠪᠠᠷ ᠨᠠᠩ ᠳᠣᠲᠣᠨᠣ ᠬᠢᠴᠢᠶᠡᠯᠯᠡᠭᠡ ᠵᠢᠨ ᠡᠬᠢ ᠪᠠᠶᠠᠯᠢᠭ ᠬᠠᠩᠭᠠᠵᠤ᠂ ᠦᠵᠡᠯ ᠰᠠᠨᠠᠭ᠎ᠠ ᠤᠯᠤᠰ ᠲᠥᠷᠥ ᠵᠢᠨ ᠬᠥᠮᠦᠵᠢᠯ ᠢ᠋ ᠨᠠᠩ ᠠᠮᠢᠳᠤᠯᠢᠭ ᠪᠦᠲᠦᠮᠵᠢᠲᠡᠶ ᠪᠣᠯᠭᠠᠨ ᠳᠡᠮᠵᠢᠬᠦ᠌ ᠶ᠋ᠢ ᠬᠦᠰᠡᠵᠦ᠍ ᠪᠠᠢᠨ᠎ᠠ》 ᠭᠡᠵᠦ᠍ ᠯᠢ ᠶᠢᠩ ᠶᠠᠷᠢᠵᠦ ᠪᠠᠢᠯ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号