ᠸᠠᠩ ᠶᠠᠨ ᠭᠡᠱᠢᠭᠦᠨ᠄ ᠱᠢᠨᠵᠢᠯᠡᠬᠦ᠌ ᠤᠬᠠᠭᠠᠨ ᠤ᠋ ᠰᠤᠳᠤᠯᠭᠠᠨ ᠤ᠋ ᠦᠷ᠎ᠡ ᠪᠦᠲᠦᠭᠡᠯ ᠵᠢᠡᠷ ᠬᠥᠳᠡᠭᠡ ᠲᠣᠰᠭᠣᠨ ᠢ᠋ ᠬᠥᠭ᠌ᠵᠢᠭᠦᠯᠦᠨ ᠮᠠᠨᠳᠤᠭᠤᠯᠬᠤ ᠳ᠋ᠤ ᠬᠦᠴᠦᠨ ᠨᠡᠮᠡᠷᠢᠯᠡᠨ᠎ᠡ
2025-01-15 10:29:00
ᠵᠣᠬᠢᠶᠠᠭ᠍ᠴᠢ᠄
ᠶᠠᠩ ᠯᠢᠦ ᠮᠥᠩᠬᠡᠴᠢᠯᠠᠭᠤ
ᠣᠩᠱᠢᠭ᠍ᠰᠠᠨ ᠣᠳᠠᠭ᠎ᠠ᠄
★★★☆☆

《ᠵᠠᠰᠠᠭ ᠤ᠋ᠨ ᠣᠷᠳᠣᠨ ᠤ᠋ ᠠᠵᠢᠯ ᠤ᠋ᠨ ᠢᠯᠡᠳᠭᠡᠯ ᠳ᠋ᠤ〈ᠨᠢᠭᠡ ᠭᠣᠣᠯ ᠱᠢᠵᠢᠮ ᠢ᠋ ᠲᠤᠭᠤᠱᠢᠯᠠᠭᠤᠯᠵᠤ᠂ ᠬᠣᠶᠠᠷ ᠶᠡᠬᠡ ᠶᠠᠪᠤᠳᠠᠯ ᠢ᠋ ᠰᠠᠢᠲᠤᠷ ᠬᠢᠵᠤ᠂ ᠮᠣᠩᠭᠣᠯ ᠮᠤᠷᠢᠨ ᠤ᠋ ᠵᠣᠷᠢᠭ ᠰᠠᠨᠠᠭ᠎ᠠ ᠵᠢ ᠪᠠᠳᠠᠷᠠᠭᠤᠯᠵᠤ᠂ ᠱᠢᠨ᠎ᠡ ᠵᠠᠮ ᠨᠡᠭᠡᠭᠡᠵᠤ ᠳᠤᠮᠳᠠ ᠲᠦᠪᠰᠢᠨ ᠳ᠋ᠤ ᠣᠷᠣᠬᠤ〉 ᠲᠠᠯ᠎ᠠ ᠪᠠᠷ ᠨᠡᠩ ᠶᠡᠬᠡ ᠠᠬᠢᠯᠳᠠ ᠲᠠᠶ ᠪᠣᠯᠬᠤ ᠪᠠᠷ ᠴᠢᠷᠮᠠᠢᠵᠤ᠂ ᠳᠤᠮᠳᠠᠳᠤ ᠤᠯᠤᠰ ᠤ᠋ᠨ ᠮᠠᠶᠢᠭ ᠤ᠋ᠨ ᠣᠳᠣᠬᠢᠴᠢᠯᠠᠯᠳᠠ ᠵᠢᠨ ᠥᠪᠥᠷ ᠮᠣᠩᠭᠣᠯ ᠤ᠋ᠨ ᠱᠢᠨ᠎ᠡ ᠬᠠᠭᠤᠳᠠᠰᠤ ᠵᠢ ᠲᠠᠰᠤᠷᠠᠯᠳᠠ ᠦᠭᠡᠢ ᠪᠢᠴᠢᠭ᠌ᠯᠡᠨ᠎ᠠ ᠭᠡᠵᠦ᠍ ᠳᠤᠷᠠᠳᠴᠠᠢ᠃ ᠡᠨᠡ ᠨᠢ ᠨᠠᠳᠠ ᠳ᠋ᠤ ᠮᠠᠰᠢ ᠶᠡᠭᠡ ᠵᠤᠷᠢᠬᠵᠢᠭᠤᠯᠤᠯ ᠪᠤᠯᠵᠤ᠂ ᠡᠭᠦᠷᠭᠡ ᠲᠤᠱᠢᠶᠠᠯ ᠵᠢᠡᠨ ᠭᠦᠶ᠋ᠴᠡᠳᠭᠡᠬᠦ᠌ ᠶᠠᠪᠤᠴᠠ ᠳ᠋ᠤ ᠱᠢᠨᠵᠢᠯᠡᠬᠦ᠌ ᠤᠬᠠᠭᠠᠨ ᠤ᠋ ᠰᠤᠳᠤᠯᠭᠠᠨ ᠤ᠋ ᠠᠵᠢᠯ ᠢ᠋ ᠮᠠᠯᠵᠢᠬᠤ ᠲᠠᠷᠢᠶᠠᠯᠠᠬᠤ ᠣᠷᠣᠨ ᠳ᠋ᠤ ᠦᠨᠳᠦᠰᠦᠯᠡᠭᠦᠯᠵᠦ᠍᠂ ᠱᠢᠨᠵᠢᠯᠡᠬᠦ᠌ ᠤᠬᠠᠭᠠᠨ ᠤ᠋ ᠰᠤᠳᠤᠯᠭᠠᠨ ᠤ᠋ ᠦᠷ᠎ᠡ ᠪᠦᠲᠦᠭᠡᠯ ᠵᠢᠡᠷ ᠬᠥᠳᠡᠭᠡ ᠲᠣᠰᠭᠣᠨ ᠢ᠋ ᠬᠥᠭ᠌ᠵᠢᠭᠦᠯᠦᠨ ᠮᠠᠨᠳᠤᠭᠤᠯᠬᠤ ᠳ᠋ᠤ ᠬᠦᠴᠦᠨ ᠨᠡᠮᠡᠷᠢᠯᠡᠨ᠎ᠡ》ᠬᠡᠵᠤ ᠥᠪᠡᠷᠲᠡᠭᠡᠨ ᠵᠠᠰᠠᠬᠤ ᠣᠷᠣᠨ ᠤ᠋ ᠤᠯᠤᠰ ᠲᠥᠷᠥ ᠵᠢᠨ ᠵᠥᠪᠯᠡᠯᠭᠡᠨ ᠤ᠋ ᠭᠡᠱᠢᠭᠦᠨ᠂ ᠤᠯᠠᠭᠠᠨᠬᠠᠳᠠ ᠬᠣᠲᠠ ᠵᠢᠨ ᠮᠠᠯ ᠠᠵᠤ ᠠᠬᠤᠶ ᠲᠠᠷᠢᠶᠠᠯᠠᠡᠭ ᠤ᠋ᠨ ᠱᠢᠨᠵᠢᠯᠡᠬᠦ᠌ ᠤᠬᠠᠭᠠᠨ ᠤ᠋ ᠰᠤᠳᠤᠯᠭᠠᠨ ᠤ᠋ ᠭᠠᠵᠠᠷ ᠤ᠋ᠨ ᠡᠬᠢ ᠪᠠᠶᠠᠯᠢᠭ ᠬᠢᠭᠡᠳ ᠣᠷᠴᠢᠨ ᠲᠣᠭᠣᠷᠢᠨ ᠤ᠋ ᠰᠤᠳᠤᠯᠭᠠᠨ ᠤ᠋ ᠲᠠᠰᠤᠭ ᠤ᠋ᠨ ᠡᠷᠬᠢᠯᠡᠭ᠌ᠴᠢ ᠸᠠᠩ ᠶᠠᠨ ᠬᠡᠯᠡᠨ᠎ᠠ᠃


QQ20250115-101157.png

ᠸᠠᠩ ᠶᠠᠨ ᠭᠡᠰᠢᠭᠦᠨ 


ᠸᠠᠩ ᠶᠠᠨ᠂ ᠥᠪᠥᠷ ᠮᠣᠩᠭᠣᠯ ᠤ᠋ᠨ ᠮᠠᠯ ᠠᠵᠤ ᠠᠬᠤᠶ ᠲᠠᠷᠢᠶᠠᠯᠠᠡᠭ ᠢ᠋ ᠬᠦᠴᠦᠷᠬᠡᠭ᠌ᠵᠢᠭᠦᠯᠬᠦ᠌ ᠳ᠋ᠤ ᠵᠠᠩᠭᠢᠯᠠᠭ᠎ᠠ ᠨᠢ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠳ᠋ᠤ ᠪᠤᠢ᠃ 2023 ᠣᠨ ᠳ᠋ᠤ ᠤᠯᠠᠭᠠᠨᠳᠠᠪᠠᠭ᠎ᠠ ᠰᠤᠮᠤ ᠵᠢᠨ ᠳ᠋ᠣᠺᠲ᠋ᠣᠷ ᠤ᠋ᠨ ᠠᠵᠢᠯ ᠤ᠋ᠨ ᠥᠷᠲᠡᠭᠡ ᠪᠠᠢᠭᠤᠯᠤᠬᠳᠠᠬᠤ ᠲᠠᠰᠢᠷᠠᠮ ᠵᠢᠡᠷ ᠪᠢ ᠪᠠᠭᠠᠷᠢᠨ ᠵᠡᠭᠦᠨ ᠬᠣᠱᠢᠭᠤᠨ ᠤ᠋ ᠬᠠᠮᠤᠭ ᠤ᠋ᠨ ᠬᠣᠢᠲᠤ ᠵᠠᠬ᠎ᠠ ᠳ᠋ᠤ ᠪᠠᠢᠷᠢᠯᠠᠭ᠎ᠠ ᠡᠨᠡ ᠬᠦ᠌ ᠴᠤᠯ ᠮᠠᠯᠵᠢᠬᠤ ᠰᠤᠮᠤ ᠳ᠋ᠤ ᠬᠦᠷᠴᠠᠢ᠃ ᠪᠢᠳᠡ ᠮᠡᠷᠭᠡᠵᠢᠯ ᠤ᠋ᠨ ᠲᠠᠢᠯᠤᠮᠵᠢ᠂ ᠪᠤᠳᠠᠳᠤ ᠭᠠᠵᠠᠷ ᠤ᠋ᠨ ᠪᠣᠯᠪᠠᠰᠤᠷᠠᠭᠤᠯᠤᠯ᠂ ᠲᠤᠬᠠᠶ ᠵᠢᠨ ᠭᠠᠵᠠᠷ ᠤ᠋ᠨ ᠵᠢᠭᠠᠨ ᠰᠤᠷᠭᠠᠯᠲᠠ ᠵᠡᠷᠭᠡ ᠠᠷᠭ᠎ᠠ ᠬᠡᠯᠪᠡᠷᠢ ᠪᠡᠷ ᠮᠠᠯᠵᠢᠬᠤ ᠡᠷᠦᠬᠡ ᠵᠢᠨ ᠱᠢᠨᠵᠢᠯᠡᠬᠦ᠌ ᠤᠬᠠᠭᠠᠨᠴᠢ ᠪᠠᠷ ᠲᠡᠵᠢᠭᠡᠨ ᠦᠷᠡᠵᠢᠭᠦᠯᠬᠦ᠌ ᠤᠬᠠᠮᠰᠠᠷ ᠢ᠋ ᠴᠢᠩᠭᠠᠳᠭᠠᠨ᠂ ᠮᠠᠯᠵᠢᠬᠤ ᠡᠷᠦᠬᠡ ᠵᠢᠨ ᠲᠡᠵᠢᠭᠡᠨ ᠦᠷᠡᠵᠢᠭᠦᠯᠬᠦ᠌ ᠬᠠᠮᠢᠶᠠᠷᠤᠯᠲᠠ ᠵᠢᠨ ᠲᠦᠪᠱᠢᠨ ᠢ᠋ ᠳᠡᠭᠡᠭ᠌ᠰᠢᠯᠡᠭᠦᠯᠵᠦ᠍᠂ ᠲᠤᠬᠠᠶ ᠵᠢᠨ ᠭᠠᠵᠠᠷ ᠤ᠋ᠨ ᠣᠯᠠᠨ ᠲᠦᠮᠡᠨ ᠤ᠋ ᠠᠵᠢᠯ ᠣᠯᠵᠤ ᠣᠷᠣᠯᠭ᠎ᠠ ᠪᠠᠨ ᠨᠡᠮᠡᠭ᠌ᠳᠡᠭᠦᠯᠬᠦ᠌ ᠵᠢ ᠳᠠᠢᠴᠢᠯᠠᠵᠤ᠂ ᠲᠡᠳᠡᠨ ᠤ᠋ ᠠᠮᠢᠳᠤᠷᠠᠯ ᠤ᠋ᠨ ᠲᠦᠪᠱᠢᠨ ᠪᠠ ᠵᠢᠷᠭᠠᠯᠲᠤ ᠲᠥᠷᠥᠭ᠌ᠳᠡᠯ ᠢ᠋ ᠳᠡᠭᠡᠭ᠌ᠰᠢᠯᠡᠭᠦᠯᠦᠭᠰᠡᠨ ᠪᠦᠭᠡᠳ ᠮᠠᠯᠵᠢᠬᠤ ᠲᠠᠷᠢᠶᠠᠯᠠᠬᠤ ᠣᠷᠣᠨ ᠤ᠋ ᠬᠥᠭ᠌ᠵᠢᠯᠲᠡ ᠳ᠋ᠤ ᠱᠢᠨ᠎ᠡ ᠠᠮᠢᠵᠢᠷᠠᠯ ᠤ᠋ᠨ ᠬᠦᠴᠦᠨ ᠨᠡᠮᠡᠷᠢᠯᠡᠪᠡ᠃ ᠡᠨᠡ ᠨᠢ ᠨᠠᠳᠠ ᠳ᠋ᠤ ᠦᠨᠳᠦᠰᠦᠲᠡᠨ ᠨᠤᠭᠦᠳ ᠤ᠋ᠨ ᠤᠯᠠᠨ ᠲᠦᠮᠡᠨ ᠤ᠋ ᠰᠠᠢ᠌ᠨ ᠰᠠᠢᠬᠠᠨ ᠠᠮᠢᠳᠤᠷᠠᠯ ᠤ᠋ᠨ ᠲᠤᠬᠠᠢ ᠬᠠᠮᠲᠤ ᠵᠢᠨ ᠬᠦᠰᠡᠯ ᠬᠥᠭᠡᠭᠡᠴᠡᠯᠳᠦᠯ ᠢ᠋ ᠭᠦᠨᠵᠡᠭᠡᠢ ᠮᠡᠳᠡᠷᠡᠭᠦᠯᠦᠭ᠌ᠰᠡᠨ ᠪᠥᠭᠡᠳ ᠱᠢᠨᠵᠢᠯᠡᠬᠦ᠌ ᠤᠬᠠᠭᠠᠨ ᠤ᠋ ᠰᠤᠳᠤᠯᠭᠠᠨ ᠤ᠋ ᠠᠵᠢᠯ ᠳᠤᠮᠳᠠ ᠪᠣᠳᠠᠲᠠᠢ ᠠᠰᠠᠭᠤᠳᠠᠯ ᠢ᠋ ᠱᠢᠢᠳᠪᠦᠷᠢᠯᠡᠬᠦ᠌ ᠵᠢ ᠨᠡᠩ ᠴᠢᠬᠤᠯᠠᠴᠢᠯᠠᠵᠤ᠂ ᠲᠤᠬᠠᠢ ᠵᠢᠨ ᠭᠠᠵᠠᠷ ᠤ᠋ᠨ ᠦᠨᠳᠦᠰᠦᠲᠡᠨ ᠤ᠋ ᠰᠣᠶᠣᠯ ᠪᠣᠯᠤᠨ ᠠᠮᠢ ᠠᠬᠤᠢ ᠣᠷᠴᠢᠨ ᠲᠣᠭᠣᠷᠢᠨ  ᠢ᠋ ᠭᠦᠨᠵᠡᠭᠡᠢ ᠣᠢᠯᠠᠭᠠᠬᠤ ᠪᠠᠷ ᠲᠠᠮᠵᠢᠨ ᠱᠢᠨᠵᠢᠯᠡᠬᠦ᠌ ᠤᠬᠠᠭᠠᠨ ᠤ᠋ ᠰᠤᠳᠤᠯᠭᠠᠨ ᠤ᠋ ᠠᠵᠢᠯ ᠤ᠋ᠨ ᠭᠠᠷᠳᠠᠬᠤ ᠴᠡᠭ ᠪᠠ ᠬᠦᠴᠦᠯᠡᠬᠦ᠌ ᠴᠡᠭ ᠢ᠋ ᠨᠡᠩ ᠣᠨᠣᠪᠴᠢᠲᠠᠢ ᠡᠵᠡᠮᠱᠢᠬᠦ᠌ ᠪᠣᠯᠭᠠᠵᠠᠢ᠃ ᠬᠣᠢᠱᠢᠳᠠ ᠪᠢᠳᠡ ᠦᠷᠭᠦᠯᠵᠢᠯᠡᠨ ᠮᠠᠯᠵᠢᠬᠤ ᠲᠠᠷᠢᠶᠠᠯᠠᠬᠤ ᠣᠷᠣᠨ ᠤ᠋ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ ᠢ᠋ ᠳᠡᠯᠭᠡᠷᠡᠭᠦᠯᠬᠦ᠌ ᠠᠵᠢᠯ ᠳ᠋ᠤ ᠬᠦᠴᠦᠯᠡᠵᠦ᠍᠂ ᠬᠥᠳᠡᠭᠡ ᠲᠣᠰᠭᠣᠨ ᠢ᠋ ᠬᠥᠭ᠌ᠵᠢᠭᠦᠯᠦᠨ ᠮᠠᠨᠳᠤᠭᠤᠯᠬᠤ ᠳ᠋ᠤ ᠨᠠᠩ ᠣᠯᠠᠨ ᠣᠶᠤᠨ ᠤᠬᠠᠭᠠᠨ ᠪᠠ ᠬᠦᠴᠦᠨ ᠴᠢᠳᠠᠯ ᠵᠢᠡᠨ ᠡᠷᠭᠦᠨ᠎ᠡ ᠬᠡᠵᠠᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号