ᠯᠢᠦᠶ ᠪᠢᠩ ᠬᠣᠶ ᠲᠥᠯᠥᠭᠡᠯᠡᠭ᠌ᠴᠢ ᠄ ᠤᠷᠠᠯᠢᠭ ᠤ᠋ᠨ ᠬᠡᠯᠪᠡᠷᠢ ᠪᠡᠷ ᠦᠨᠳᠦᠰᠦᠲᠡᠨ ᠨᠤᠬᠦᠳ ᠤ᠋ᠨ ᠶᠠᠪᠤᠯᠴᠠᠭ᠎ᠠ ᠰᠤᠯᠢᠯᠴᠠᠭ᠎ᠠ ᠠᠭᠤᠰᠤᠯᠴᠠᠯ ᠤ᠋ᠨ ᠥᠯᠢᠭᠡᠷ ᠢ᠋ ᠰᠠᠢᠲᠤᠷ ᠶᠠᠷᠢᠨ᠎ᠠ
2025-01-15 10:37:30
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

《ᠵᠠᠰᠠᠭ ᠤ᠋ᠨ ᠣᠷᠳᠣᠨ ᠤ᠋ ᠠᠵᠢᠯ ᠤ᠋ᠨ ᠢᠯᠡᠳᠭᠡᠯ ᠳ᠋ᠤ ᠤᠳᠭ᠎ᠠ ᠤᠷᠠᠯᠢᠭ ᠤ᠋ᠨ ᠪᠦᠲᠦᠭᠡᠯ ᠪᠣᠯ ᠤᠮᠠᠷᠠᠲᠤ ᠬᠢᠯᠢ ᠵᠢᠨ ᠰᠣᠶᠣᠯ ᠤ᠋ᠨ ᠬᠠᠮᠤᠭ ᠤ᠋ᠨ ᠠᠮᠢᠳᠤᠯᠢᠭ ᠠᠴᠢᠶᠠᠯᠠᠪᠤᠷᠢ ᠮᠥᠨ ᠬᠡᠵᠤ ᠵᠢᠭᠠᠵᠤ ᠭᠠᠷᠭᠠᠵᠠᠢ᠃ ᠪᠢᠳᠡ ᠤᠮᠠᠷᠠᠲᠤ ᠬᠢᠯᠢ ᠵᠢᠨ ᠰᠣᠶᠣᠯ ᠤ᠋ᠨ ᠠᠭᠤᠯᠤᠭ᠍ᠳᠠᠬᠤᠨ ᠢ᠋ ᠭᠦᠨᠵᠡᠭᠡᠢ ᠠᠭᠤᠳᠠᠯᠤᠨ ᠨᠡᠩ ᠤᠯᠠᠨ ᠰᠣᠳᠣᠨ ᠪᠦᠲᠦᠭᠡᠯ ᠢ᠋ ᠵᠣᠬᠢᠶᠠᠨ ᠪᠦᠲᠦᠭᠡᠵᠦ᠍᠂ ᠤᠷᠠᠯᠢᠭ ᠤ᠋ᠨ ᠬᠦᠴᠦᠨ ᠵᠢᠡᠷ ᠤᠯᠠᠨ ᠲᠦᠮᠡᠨ ᠢ᠋ ᠲᠠᠢᠴᠢᠯᠠᠨ ᠳᠤᠮᠳᠠᠳᠤ ᠵᠢᠨ ᠦᠨᠳᠦᠰᠦᠲᠡᠨ ᠤ᠋ ᠬᠠᠮᠲᠤ ᠵᠢᠨ ᠴᠣᠭ᠍ᠴᠠ ᠵᠢᠨ ᠤᠬᠠᠮᠰᠠᠷ ᠢ᠋ ᠪᠠᠲᠤ ᠴᠣᠭ᠍ᠴᠠᠯᠠᠭᠤᠯᠤᠨ᠎ᠠ》 ᠬᠡᠵᠤ ᠥᠪᠡᠷᠲᠡᠭᠡᠨ ᠵᠠᠰᠠᠬᠤ ᠣᠷᠣᠨ ᠤ᠋ ᠠᠷᠠᠳ ᠤ᠋ᠨ ᠲᠥᠯᠥᠭᠡᠯᠡᠭ᠌ᠴᠢᠳ ᠤ᠋ᠨ ᠶᠡᠭᠡ ᠬᠤᠷᠠᠯ ᠤ᠋ᠨ ᠲᠦᠯᠤᠭᠡᠯᠡᠭᠴᠢ᠂ ᠪᠤᠭᠤᠲᠤ ᠬᠤᠳᠠ ᠵᠢᠨ ᠤᠷᠠᠯᠢᠭ ᠵᠦᠴᠦᠭᠡ ᠵᠢᠨ ᠬᠦᠷᠢᠶᠡᠯᠡᠩ ᠤ᠋ᠨ ᠦᠨᠳᠦᠰᠦᠲᠡᠨ ᠤ᠋ ᠬᠥᠭ᠌ᠵᠢᠮ ᠤ᠋ᠨ ᠪᠦᠯᠬᠦᠮ ᠤ᠋ᠨ ᠳᠠᠷᠤᠭ᠎ᠠ ᠯᠢᠦᠢ ᠪᠢᠩ ᠬᠤᠢ ᠬᠡᠯᠡᠨ᠎ᠠ᠃


QQ20250115-100815.png


ᠯᠢᠦᠶ ᠪᠢᠩ ᠬᠣᠶ ᠲᠥᠯᠥᠭᠡᠯᠡᠭ᠌ᠴᠢ


ᠯᠢᠦᠶ ᠪᠢᠩ ᠬᠣᠶ᠂ ᠪᠤᠭᠤᠲᠤ ᠬᠣᠲᠠ ᠵᠢᠨ ᠤᠷᠠᠯᠢᠭ ᠵᠦᠴᠦᠭᠡ ᠵᠢᠨ ᠬᠦᠷᠢᠶᠡᠯᠡᠩ ᠤ᠋ᠨ ᠦᠨᠳᠦᠰᠦᠲᠡᠨ ᠤ᠋ ᠬᠥᠭ᠌ᠵᠢᠮ ᠤ᠋ᠨ ᠪᠦᠯᠬᠦᠮ ᠪᠣᠯ ᠮᠠᠨ ᠤ᠋ ᠣᠷᠣᠨ ᠤ᠋ ᠴᠣᠷ ᠤ᠋ᠨ ᠭᠠᠭ᠍ᠴᠠ ᠠᠵᠢᠯ ᠮᠡᠷᠭᠡᠵᠢᠯ ᠤ᠋ᠨ ᠲᠦᠷᠦ ᠵᠢᠨ ᠲᠠᠭᠤᠤ ᠬᠦᠭᠵᠢᠮ ᠤ᠋ᠨ ᠦᠨᠳᠦᠰᠦᠲᠡᠨ ᠤ᠋ ᠬᠥᠭ᠌ᠵᠢᠮ ᠤ᠋ᠨ ᠪᠦᠯᠬᠦᠮ ᠮᠥᠨ᠂ ᠣᠲᠣᠬᠠᠨ ᠪᠣᠯᠲᠠᠯ᠎ᠠ ᠨᠢᠭᠡᠨᠲᠡ 21 ᠬᠤᠭᠤᠴᠠᠭᠠᠨ ᠤ᠋ ᠪᠤᠭᠤᠲᠤ ᠬᠣᠲᠠ ᠵᠢᠨ ᠦᠨᠳᠦᠰᠦᠲᠡᠨ ᠤ᠋ ᠳᠠᠭᠤᠤ ᠬᠥᠭ᠌ᠵᠢᠮ ᠤ᠋ᠨ ᠦᠳᠡᠱᠢᠯᠡᠭᠡ ᠶ᠋ᠢ ᠡᠷᠭᠢᠯᠡᠵᠦ᠍᠂ ᠤᠯᠤᠰ ᠤ᠋ᠨ ᠳᠣᠲᠣᠭᠠᠳᠤ ᠭᠠᠳᠠᠭᠠᠳᠤ ᠵᠢᠨ ᠲᠠᠪᠴᠠᠩ ᠳ᠋ᠤ ᠣᠯᠠᠨ ᠤᠳᠠᠭ᠎ᠠ ᠭᠠᠷᠴᠤ᠌᠂ 《ᠬᠠᠲᠤᠨ ᠭᠤᠤᠯ ᠲᠠᠯ᠎ᠠ ᠨᠤᠲᠤᠭ ᠵᠢᠡᠷ ᠦᠡᠭᠭᠡᠷᠡᠯ᠎ᠠ》 ᠵᠡᠷᠭᠡ ᠬᠣᠲᠠ ᠵᠢᠨ ᠳᠠᠭᠤᠤ ᠬᠥᠭ᠌ᠵᠢᠮ ᠤ᠋ᠨ IP ᠶ᠋ᠢ ᠠᠮᠵᠢᠯᠲᠠ ᠲᠠᠶ ᠡᠭᠦᠳᠦᠭ᠌ᠰᠡᠨ ᠪᠥᠭᠡᠳ ᠪᠥᠬᠥ᠌ ᠣᠷᠣᠨ ᠳ᠋ᠤ ᠲᠦᠷᠤ ᠵᠢᠨ ᠳᠠᠭᠤᠤ ᠬᠥᠭ᠌ᠵᠢᠮ ᠤ᠋ᠨ ᠤᠯᠠᠷᠢᠯ ᠢ᠋ ᠲᠦᠷᠦᠭᠦᠯᠡᠨ ᠡᠷᠭᠢᠯᠡᠪᠡ ᠬᠡᠵᠤ ᠲᠠᠨᠢᠯᠴᠠᠭᠤᠯᠤᠨ᠎ᠠ᠃ ᠲᠤᠰ ᠵᠦᠴᠦᠭᠡ ᠵᠢᠨ ᠬᠦᠷᠢᠶᠡᠯᠡᠩ ᠤ᠋ᠨ ᠵᠣᠬᠢᠶᠠᠨ ᠪᠦᠲᠦᠭᠡᠭ᠌ᠰᠡᠨ 《ᠥᠭᠡᠷᠡᠴᠢᠯᠡᠯᠲᠡ ᠪᠡᠷ ᠤᠳᠭ᠎ᠠ ᠤᠷᠠᠯᠢᠭ ᠤ᠋ᠨ ᠬᠥᠭ᠌ᠵᠢᠯᠲᠡ ᠵᠢᠨ ᠰᠦᠷ ᠳᠠᠯᠠᠢᠴᠠᠲᠠᠢ ᠬᠥᠳᠡᠯᠭᠡᠬᠦ᠌ ᠬᠦᠴᠦᠨ ᠢ᠋ ᠬᠥᠭ᠌ᠵᠢᠭᠡᠶ᠎ᠡ》 ᠭᠡᠬᠦ᠌ ᠵᠢᠱ᠌ᠢᠶ᠎ᠡ ᠨᠢ ᠳᠤᠮᠳᠠᠳᠤ ᠤᠯᠤᠰ ᠤ᠋ᠨ ᠥᠭᠡᠷᠡᠴᠢᠯᠡᠯᠲᠡ ᠵᠢᠨ 2024 ᠣᠨ ᠤ᠋ ᠣᠷᠣᠨ ᠨᠤᠲᠤᠭ ᠤ᠋ᠨ ᠥᠭᠡᠷᠡᠴᠢᠯᠡᠯᠲᠡ ᠶ᠋ᠢ ᠪᠦᠬᠦ᠌ ᠲᠠᠯ᠎ᠠ ᠪᠠᠷ ᠭᠦᠨᠵᠡᠭᠡᠢᠷᠡᠭᠦᠯᠦᠭ᠌ᠰᠡᠨ ᠨᠡᠢᠲᠡᠯᠢᠭ ᠵᠢᠱ᠌ᠢᠶ᠎ᠡ ᠪᠡᠷ ᠰᠣᠩᠭᠣᠭ᠍ᠳᠠᠪᠠ ᠃

《ᠤᠷᠠᠯᠢᠭ ᠤ᠋ᠨ ᠬᠡᠯᠪᠡᠷᠢ ᠪᠡᠷ ᠦᠨᠳᠦᠰᠦᠲᠡᠨ ᠨᠤᠭᠦᠳ ᠤ᠋ᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠤ᠋ᠨ ᠦᠯᠢᠭᠡᠷ ᠢ᠋ ᠰᠠᠢᠲᠤᠷ ᠶᠠᠷᠢᠬᠤ ᠨᠢ ᠬᠥᠮᠦᠰ ᠤ᠋ᠨ ᠰᠡᠳᠭᠢᠯ ᠢ᠋ ᠨᠡᠩ ᠠᠮᠠᠷᠬᠠᠨ ᠳᠣᠭ᠍ᠳᠣᠯᠤᠭᠤᠯᠵᠤ᠂ ᠬᠠᠮᠲᠤ ᠵᠢᠨ ᠬᠦᠷᠢᠶᠡᠯᠡᠯ ᠢ᠋ ᠤᠯᠳᠠᠭ ᠶᠤᠮ》 ᠬᠡᠵᠤ ᠯᠢᠦᠶ ᠪᠢᠩ ᠬᠣᠶ᠂ ᠪᠤᠭᠤᠲᠤ ᠬᠣᠲᠠ ᠵᠢᠨ ᠤᠷᠠᠯᠢᠭ ᠵᠦᠴᠦᠭᠡ ᠵᠢᠨ ᠬᠦᠷᠢᠶᠡᠯᠡᠩ ᠨᠢ ᠳᠤᠮᠳᠠᠳᠤ ᠵᠢᠨ ᠦᠨᠳᠦᠰᠦᠲᠡᠨ ᠤ᠋ ᠬᠠᠮᠲᠤ ᠵᠢᠨ ᠴᠣᠭ᠍ᠴᠠ ᠵᠢᠨ ᠤᠬᠠᠮᠰᠠᠷ ᠢ᠋ ᠪᠠᠲᠤ ᠴᠣᠭ᠍ᠴᠠᠯᠠᠬᠤ ᠠᠵᠢᠯ ᠤ᠋ᠨ ᠭᠤᠤᠯ ᠱᠢᠵᠢᠮ ᠲᠡᠶ ᠨᠢᠭ᠍ᠲᠠ ᠤᠶᠠᠯᠳᠤᠭᠤᠯᠤᠨ᠂ ᠤᠯᠠᠮᠵᠢᠯᠠᠨ ᠵᠠᠯᠭᠠᠮᠵᠢᠯᠠᠬᠤ᠂ ᠱᠢᠨ᠎ᠡ ᠶ᠋ᠢ ᠡᠭᠦᠳᠬᠦ᠌᠂ ᠰᠣᠯᠢᠯᠴᠠᠬᠤ᠂ ᠬᠥᠭ᠌ᠵᠢᠭᠦᠯᠬᠦ᠌ ᠳ᠋ᠤ ᠠᠩᠬᠠᠷᠤᠯ ᠵᠢᠡᠨ ᠲᠥᠪᠯᠡᠷᠡᠭᠦᠯᠵᠦ᠍᠂ ᠱᠢᠯᠢᠳᠡᠭ ᠰᠣᠶᠣᠯ ᠤᠳᠭ᠎ᠠ ᠤᠷᠠᠯᠢᠭ ᠤ᠋ᠨ ᠡᠬᠢ ᠪᠠᠶᠠᠯᠢᠭ ᠢ᠋ ᠦᠨᠳᠦᠰᠦᠨ ᠱᠠᠲᠤᠨ ᠳ᠋ᠤ ᠬᠦᠷᠭᠡᠨ᠂ ᠵᠠᠬ᠎ᠠ ᠳᠡᠯᠭᠡᠭᠦᠷᠴᠢᠯᠡᠭ᠌ᠰᠡᠨ ᠠᠷᠭ᠎ᠠ ᠪᠠᠷᠢᠯ ᠵᠢᠡᠷ ᠨᠠᠩ ᠣᠯᠠᠨ ᠭᠤᠤᠯᠳᠠᠯᠭ᠎ᠠ ᠲᠠᠶ ᠤᠳᠭ᠎ᠠ ᠤᠷᠠᠯᠢᠭ ᠤ᠋ᠨ ᠲᠥᠷᠥᠯ ᠵᠦᠶ᠋ᠯ ᠪᠠ ᠰᠣᠳᠣᠨ ᠪᠦᠲᠦᠭᠡᠯ ᠢ᠋ ᠪᠣᠶ ᠪᠣᠯᠭᠠᠵᠤ᠂《ᠭᠠᠳᠠᠭ᠍ᠰᠢ ᠭᠠᠷᠬᠤ》 ᠪᠠᠷ ᠳᠠᠮᠵᠢᠨ ᠦᠨᠳᠦᠰᠦᠲᠡᠨ ᠤ᠋ ᠳᠠᠭᠤᠤ ᠬᠥᠭ᠌ᠵᠢᠮ ᠤ᠋ᠨ ᠨᠠᠩ ᠶᠡᠬᠡ ᠲᠠᠪᠴᠠᠩ ᠳ᠋ᠤ ᠭᠠᠷᠬᠤ ᠶ᠋ᠢ ᠠᠬᠢᠭᠤᠯᠤᠨ᠂ ᠪᠤᠭᠤᠲᠤ ᠬᠣᠲᠠ ᠵᠢᠨ ᠱᠢᠨ᠎ᠡ ᠴᠠᠭ ᠦᠶ᠎ᠡ ᠵᠢᠨ ᠰᠣᠶᠣᠯ ᠤ᠋ᠨ ᠥᠨᠳᠥᠷᠯᠢᠭ ᠢ᠋ ᠴᠣᠭ᠍ᠴᠠᠯᠠᠵᠤ᠂ ᠤᠮᠠᠷᠠᠲᠤ ᠬᠢᠯᠢ ᠵᠢᠨ ᠰᠣᠶᠣᠯ ᠤ᠋ᠨ ᠨᠥᠯᠥᠭᠡᠯᠡᠬᠦ᠌ ᠬᠦᠴᠦᠨ ᠢ᠋ ᠳᠡᠭᠡᠭ᠌ᠰᠢᠯᠡᠭᠦᠯᠬᠦ᠌ ᠳ᠋ᠤ ᠬᠦᠴᠦᠨ ᠴᠢᠳᠠᠯ ᠵᠢᠡᠨ ᠡᠷᠭᠦᠨ᠎ᠡ ᠭᠡᠵᠤ ᠢᠯᠡᠷᠬᠡᠢᠯᠡᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号