ᠰᠢᠨ᠎ᠡ ᠵᠠᠮ ᠨᠡᠬᠡᠬᠡᠵᠦ ᠳᠤᠮᠳᠠ ᠲᠦᠪᠰᠢᠨ ᠳ᠋ᠸ᠋ ᠣᠷᠣᠬᠤ ᠬᠠᠷᠠᠯᠲᠠ᠎ᠶᠢ ᠪᠠᠲᠤ ᠲᠣᠭᠲᠠᠭᠠᠵᠤ ᠳᠤᠮᠳᠠᠳᠤ ᠤᠯᠤᠰ᠎ᠤᠨ ᠮᠠᠶᠢᠭ᠎ᠤᠨ ᠤᠳᠤᠬᠢᠴᠢᠯᠠᠯᠳᠠ ᠵᠢᠨ ᠥᠪᠥᠷ ᠮᠣᠩᠭᠣᠯ᠎ᠤᠨ ᠰᠢᠨ᠎ᠡ ᠬᠠᠭᠤᠳᠠᠰᠤ᠎ᠶᠢ ᠲᠠᠰᠤᠷᠠᠯᠳᠠ ᠦᠭᠡᠢ ᠪᠢᠴᠢᠭᠯᠡᠨ᠎ᠡ
2025-01-15 11:15:12
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

2024 ᠣᠨ᠎ᠤ ᠠᠵᠢᠯ᠎ᠤᠨ ᠡᠷᠭᠢᠴᠡᠭᠦᠯᠦᠯ


ᠨᠢᠭᠡ ᠵᠢᠯ᠎ᠦᠨ ᠲᠤᠷᠰᠢ᠂ ᠥᠪᠥᠷ ᠮᠣᠩᠭᠣᠯ ᠶᠡᠷᠦᠩᠬᠡᠢ ᠱᠦᠵᠢ ᠰᠢ ᠵᠢᠨ ᠫᠢᠩ᠎ᠦᠨ ᠴᠢᠩ ᠰᠡᠳᠬᠢᠯ᠎ᠦᠨ ᠬᠦᠰᠡᠯ ᠨᠠᠶ᠋ᠢᠳᠠᠯᠭ᠎ᠠ᠎ᠶᠢ ᠪᠠᠲᠤ ᠴᠡᠭᠡᠵᠢᠯᠡᠵᠦ᠂ ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠢ ᠪᠥᠬᠥ ᠲᠠᠯ᠎ᠠ᠎ᠪᠠᠷ ᠪᠦᠲᠦᠭᠡᠨ ᠪᠠᠶ᠋ᠢᠭᠤᠯᠬᠤ ᠪᠠ 《ᠲᠠᠪᠤᠨ ᠶᠡᠬᠡ ᠡᠭᠦᠷᠭᠡ》 ᠵᠢ ᠠᠬᠢᠭᠤᠯᠬᠤ ᠲᠠᠯ᠎ᠠ ᠪᠡᠷ ᠰᠢᠨ᠎ᠡ ᠦᠷ᠎ᠡ ᠪᠦᠲᠦᠮᠵᠢ ᠤᠯᠪᠠ


ᠠᠮᠢ ᠠᠬᠤᠢ᠎ᠶᠢᠨ ᠠᠮᠤᠷ ᠲᠦᠪᠰᠢᠨ᠎ᠦ ᠬᠠᠯᠬᠠᠪᠴᠢ᠎ᠶᠢᠨ ᠲᠠᠯ᠎ᠠ᠎ᠪᠠᠷ

《ᠤᠮᠠᠷᠠᠳᠤ ᠵᠢᠨ ᠭᠤᠷᠪᠠᠨ ᠤᠷᠤᠨ》 ᠤ᠋ ᠢᠨᠵᠧᠨᠧᠷᠢᠩ᠎ᠦᠨ ᠰᠢᠪᠳᠤᠯᠤᠯᠳᠠ ᠵᠢᠨ ᠲᠠᠢᠯᠠᠯᠳᠤᠭᠠᠨ ᠎ᠢ ᠦᠷᠬᠦᠯᠵᠢᠯᠡᠨ ᠰᠠᠢᠲᠤᠷ ᠬᠢᠵᠦ᠂ ᠡᠯᠡᠰᠦ᠎ᠶᠢ ᠵᠠᠰᠠᠬᠤ᠂ ᠣᠢᠵᠢᠭᠤᠯᠬᠤ᠂ ᠡᠪᠡᠰᠦ ᠳᠠᠷᠢᠬᠤ ᠲᠠᠯ᠎ᠠ ᠪᠡᠷ ᠲᠤᠰᠪᠤᠷᠢ ᠣᠨ᠎ᠤ ᠬᠠᠷᠠᠯᠲᠠ ᠡᠭᠦᠷᠭᠡ ᠪᠡᠨ 113%᠂ 220% ᠪᠠ 148% ᠎ᠪᠡᠷ ᠪᠡᠶᠡᠯᠡᠬᠦᠯᠪᠡ

ᠲᠥᠪ᠎ᠦᠨ ᠠᠮᠢ ᠠᠬᠤᠢ ᠣᠷᠴᠢᠨ ᠲᠣᠭᠣᠷᠢᠨ᠎ᠤ ᠬᠠᠮᠠᠭᠠᠯᠠᠯᠲᠠ᠎ᠶᠢᠨ ᠱᠠᠯᠠᠪᠳᠠᠭᠤᠯᠤᠨ ᠪᠠᠢᠴᠠᠭᠠᠵᠤ ᠬᠠᠷᠢᠭᠤ ᠲᠤᠰᠬᠠᠭᠰᠠᠨ ᠰᠠᠨᠠᠯ ᠎ᠤᠳ ᠎ᠢ ᠴᠢᠩᠭ᠎ᠠ ᠠᠩᠬᠠᠷᠴᠤ ᠴᠡᠭᠴᠡᠯᠡᠨ ᠰᠠᠢᠵᠢᠷᠠᠭᠤᠯᠵᠤ ᠨᠠᠢᠳᠠᠪᠤᠷᠢᠵᠢᠭᠤᠯᠬᠤ᠎ᠶᠢ ᠰᠠᠢᠳᠤᠷ ᠠᠳᠬᠤᠵᠤ᠂ ᠠᠮᠢ ᠠᠬᠤᠢ ᠣᠷᠴᠢᠨ ᠲᠣᠭᠣᠷᠢᠨ᠎ᠤ ᠠᠰᠠᠭᠤᠳᠠᠯ᠎ᠤᠨ ᠬᠡᠮ ᠰᠣᠭᠣᠭ᠎ᠢ ᠲᠤᠢᠯᠪᠤᠷᠢᠳᠠᠢ ᠵᠢᠭ᠍ᠰᠠᠭᠠᠨ ᠪᠠᠢᠴᠠᠭᠠᠬᠤ ᠠᠵᠢᠯ᠎ᠢ ᠦᠷᠨᠢᠬᠦᠯᠪᠡ

ᠬᠠᠲᠤᠨ ᠭᠣᠣᠯ ᠵᠢᠴᠢ 《ᠬᠦᠯᠦᠨ ᠨᠠᠭᠤᠷ ᠲᠠᠭ᠎ᠠ ᠵᠢᠨ ᠨᠠᠭᠤᠷ ᠤᠯᠠᠭᠠᠠᠰᠤᠬᠠᠢ》 ᠵᠢᠨ ᠶᠡᠷᠦᠩᠬᠡᠢᠯᠡᠨ ᠵᠠᠰᠠᠬᠤ ᠲᠦᠷᠦᠯ ᠵᠦᠢᠯ᠎ᠢ 47᠂ ᠦᠬᠠᠢ ᠵᠢᠴᠢ ᠡᠷᠬᠢᠨ ᠲᠣᠭᠣᠷᠢᠨ᠎ᠤ ᠭᠠᠵᠠᠷ ᠣᠷᠣᠨ ᠵᠡᠷᠭᠡ ᠵᠢᠨ ᠠᠭᠠᠷ ᠮᠠᠨᠳᠠᠯ᠎ᠤᠨ ᠵᠠᠰᠠᠯᠲᠠ᠎ᠶᠢᠨ ᠲᠥᠷᠥᠯ ᠵᠦᠢᠯ᠎ᠢ 63 ᠬᠡᠷᠡᠭᠵᠢᠬᠦᠯᠵᠦ᠂ ᠬᠠᠲᠤᠨ ᠭᠣᠣᠯ᠎ᠤᠨ ᠭᠣᠣᠯ ᠤᠷᠤᠰᠬᠠᠯ᠎ᠤᠨ ᠤᠰᠤᠨ᠎ᠤ ᠴᠢᠨᠠᠷ ᠤ᠋ᠨ 5 ᠵᠢᠯ ᠳᠠᠷᠠᠭᠠᠯᠠᠨ ᠲᠦᠷᠦᠯ ᠡᠴᠨ ᠲᠡᠭᠡᠭᠰᠢ ᠪᠠᠢᠬᠤ ᠵᠢ ᠪᠠᠳᠤᠯᠠᠵᠤ᠂ ᠤᠯᠤᠰ ᠤ᠋ᠨ ᠭᠠᠵᠠᠷ ᠲᠡᠭᠡᠷᠡᠬᠢ ᠤᠰᠤ ᠵᠢ ᠰᠢᠯᠭᠠᠨ ᠬᠢᠨᠠᠬᠤ ᠤᠬᠳᠤᠯᠤᠭᠠᠰᠤ ᠳ᠋ᠡᠬᠢ ᠪᠦᠬᠦ ᠤᠷᠤᠨ ᠤ᠋ ᠭᠠᠵᠠᠷ ᠲᠡᠭᠡᠷᠡᠬᠢ ᠤᠰᠤᠨ ᠤ᠋ ᠴᠢᠨᠠᠷ ᠤ᠋ᠨ ᠰᠢᠯᠢᠳᠡᠭ ᠰᠠᠢᠨ ᠤ᠋ ᠬᠠᠷᠢᠴᠠᠯ 81.4%᠂ ᠴᠡᠪᠡᠷ ᠰᠠᠢᠨ ᠠᠭᠠᠷ ᠲᠠᠢ ᠡᠳᠦᠷ ᠤ᠋ᠨ ᠲᠤᠭ᠎ᠠ ᠵᠢᠨ ᠬᠠᠷᠢᠴᠠᠯ 90.6% ᠪᠠᠢᠵᠤ᠂ ᠴᠦᠮ ᠤᠯᠤᠰ᠎ᠡᠴᠨ ᠪᠠᠭᠤᠯᠭᠠᠭᠰᠠᠨ ᠰᠢᠯᠭᠠᠨ ᠬᠢᠨᠠᠬᠤ ᠬᠠᠷᠠᠯᠲᠠ᠎ᠶᠢ ᠪᠡᠶᠡᠯᠡᠭᠦᠯᠪᠡ

ᠠᠮᠤᠷ ᠲᠦᠪᠰᠢᠨ ᠲᠣᠭᠲᠠᠭᠤᠨ ᠤ᠋ ᠬᠠᠯᠬᠠᠪᠴᠢ᠎ᠶᠢᠨ ᠲᠠᠯ᠎ᠠ᠎ᠪᠠᠷ

《ᠰᠤᠷᠤᠯᠭ᠎ᠠ᠎ᠶᠢᠨ ᠰᠦᠢᠳᠬᠡᠯ᠎ᠢ ᠲᠠᠯᠠᠭᠠᠷ ᠲᠤᠰᠢᠶᠠᠵᠤ ᠪᠣᠯᠬᠤ ᠦᠭᠡᠢ》 ᠭᠡᠳᠡᠭ᠎ᠢ ᠪᠠᠲᠤ ᠴᠡᠭᠡᠵᠢᠯᠡᠵᠦ᠂ ᠠᠶᠤᠯᠭᠦᠢ ᠦᠢᠯᠡᠳᠪᠦᠷᠢᠯᠡᠯ᠎ᠢ ᠬᠦᠴᠦᠯᠡᠨ ᠠᠳᠬᠤᠵᠤ᠂ ᠦᠨᠳᠦᠰᠦ᠎ᠡᠴᠡ ᠨᠢ ᠵᠠᠰᠠᠬᠤ ᠪᠡᠷᠬᠡ ᠰᠡᠳᠦᠪ᠎ᠢ ᠰᠢᠢᠳᠪᠦᠷᠢᠯᠡᠬᠦ ᠠᠵᠢᠯ᠎ᠢ ᠥᠷᠨᠢᠭᠦᠯᠵᠦ᠂ ᠦᠢᠯᠡᠳᠪᠦᠷᠢᠯᠡᠯ᠎ᠦᠨ ᠠᠮᠤᠷ ᠲᠦᠪᠰᠢᠨ᠎ᠦ ᠡᠨᠳᠡᠯ ᠤ᠋ᠨ ᠲᠤᠭ᠎ᠠ᠂ ᠡᠨᠳᠡᠭᠰᠡᠨ ᠬᠥᠮᠥᠨ᠎ᠦ ᠲᠣᠭ᠎ᠠ ᠴᠦᠮ ᠪᠠᠭᠤᠷᠠᠪᠠ

ᠠᠶᠤᠯ ᠲᠦᠭᠰᠢᠭᠦᠷᠢ᠎ᠶᠢ ᠰᠡᠷᠭᠡᠢᠯᠡᠬᠦ᠂ ᠬᠢᠨᠠᠯᠲᠠ ᠬᠠᠮᠢᠶᠠᠷᠤᠯᠲᠠ᠎ᠶᠢ ᠴᠢᠩᠭᠠᠳᠬᠠᠬᠤ᠂ ᠬᠥᠭᠵᠢᠯᠲᠡ᠎ᠶᠢ ᠠᠬᠢᠭᠤᠯᠬᠤ᠎ᠶᠢ ᠨᠢᠭᠡᠳᠦᠯᠲᠡᠢ ᠲᠦᠯᠦᠪᠯᠡᠨ ᠠᠬᠢᠭᠤᠯᠵᠤ᠂ ᠡᠳ᠋᠎ᠦᠨ ᠵᠠᠰᠠᠭ᠎ᠢ ᠪᠦᠬᠦ ᠣᠷᠣᠨ ᠳ᠋ᠸ᠋ ᠨᠢᠬᠡᠳᠦᠯᠳᠡᠢ ᠲᠦᠯᠦᠪᠯᠡᠬᠦ ᠵᠢ ᠴᠢᠩᠭᠠᠳᠬᠠᠨ᠂ ᠪᠡᠯᠡ ᠮᠦᠩᠬᠦ ᠵᠢ ᠦᠨᠳᠦᠰᠦᠨ ᠱᠠᠳᠤᠨ ᠳ᠋ᠸ᠋ ᠪᠠᠭᠤᠯᠭᠠᠬᠤ ᠵᠢ ᠠᠬᠢᠭᠤᠯᠤᠨ᠂ 120.6 ᠳ᠋ᠦᠩᠰᠢᠭᠤᠷ ᠲᠥᠭᠥᠷᠢᠭ ᠭᠠᠷᠭᠠᠵᠤ ᠦᠨᠳᠦᠰᠦᠨ ᠱᠠᠲᠤᠨ᠎ᠤ ᠥᠷᠢ ᠥᠭᠴᠡᠭᠡ᠎ᠶᠢ ᠠᠷᠢᠯᠭᠠᠬᠤ᠎ᠶᠢ ᠳᠠᠮᠵᠢᠵᠤ᠂ ᠦᠨᠳᠦᠰᠦᠨ ᠱᠠᠲᠤᠨ᠎ᠤ 《ᠭᠤᠷᠪᠠ᠎ᠶᠢ ᠪᠠᠲᠤᠯᠠᠬᠤ》 ᠬᠣᠷᠢᠭ᠎ᠠ ᠱᠤᠭᠤᠮ᠎ᠢ ᠪᠠᠲᠤ ᠰᠠᠬᠢᠵᠤ᠂ ᠣᠷᠣᠨ ᠨᠤᠲᠤᠭ᠎ᠤᠨ ᠵᠠᠰᠠᠭ ᠤ᠋ᠨ  ᠣᠷᠳᠣᠨ᠎ᠤ ᠪᠡᠯᠡ ᠲᠤᠬᠢᠷᠠᠭᠤᠯᠬᠤ ᠲᠠᠪᠴᠠᠩ᠎ᠢ 66.5% ᠪᠡᠷ ᠪᠠᠭᠤᠷᠠᠭᠤᠯᠪᠠ

ᠣᠷᠣᠨ ᠨᠤᠲᠤᠭ᠎ᠤᠨ ᠮᠥᠩᠭᠥᠨ ᠭᠦᠢᠯᠭᠡᠭᠡᠨ᠎ᠦ ᠪᠠᠢᠭᠤᠯᠤᠮᠵᠢ᠎ᠶᠢᠨ ᠥᠭᠡᠷᠡᠴᠢᠯᠡᠯᠲᠡ᠎ᠪᠡᠷ ᠲᠦᠭᠰᠢᠬᠦᠷᠢ ᠵᠢ ᠠᠷᠢᠯᠭᠠᠬᠤ ᠵᠢ ᠯᠠᠪᠳᠠᠭᠤᠨ ᠠᠬᠢᠭᠤᠯᠵᠤ᠂ ᠲᠦᠭᠰᠢᠬᠦᠷᠢ ᠶᠡᠬᠡᠳᠡᠢ ᠪᠠᠢᠭᠤᠯᠤᠮᠵᠢ ᠵᠢ 80% ᠪᠠᠷ ᠪᠠᠭᠤᠷᠠᠭᠤᠯᠪᠠ

ᠨᠡᠢᠭᠡᠮ᠎ᠦᠨ ᠵᠥᠷᠢᠴᠡᠯ ᠵᠠᠭᠤᠷᠠᠯᠳᠤᠭᠠᠨ᠎ᠢ ᠡᠬᠢ ᠡᠭᠦᠰᠦᠯ᠎ᠡᠴᠡ ᠨᠢ ᠵᠠᠰᠠᠬᠤ᠎ᠶᠢ ᠴᠢᠩᠭᠠᠳᠬᠠᠵᠤ᠂ ᠵᠠᠬᠢᠳᠠᠯ ᠰᠤᠷᠪᠤᠯᠵᠢᠯᠠᠯ᠎ᠤᠨ ᠣᠷᠣᠯᠠᠨ ᠭᠦᠢᠴᠡᠳᠬᠡᠬᠦ ᠳᠦᠷᠢᠮ᠎ᠢ ᠪᠥᠬᠥ ᠲᠠᠯ᠎ᠠ᠎ᠪᠠᠷ ᠬᠡᠷᠡᠭᠵᠢᠭᠦᠯᠵᠦ᠂ ᠪᠥᠬᠥ ᠣᠷᠣᠨ᠎ᠤ ᠵᠠᠬᠢᠳᠠᠯ ᠰᠤᠷᠪᠤᠯᠵᠢᠯᠠᠯ᠎ᠤᠨ ᠶᠡᠷᠦᠩᠬᠡᠢ ᠬᠡᠮᠵᠢᠶ᠎ᠡ 46.5% ᠪᠠᠷ ᠪᠠᠭᠤᠷᠠᠪᠠ

ᠴᠠᠬᠢᠯᠭᠠᠨ ᠬᠤᠯᠪᠤᠭ᠎ᠠ ᠰᠦᠯᠵᠢᠶᠡᠨ ᠤ᠋ ᠮᠡᠬᠡᠯᠡᠯ᠂ ᠰᠤᠷᠭᠠᠭᠤᠯᠢ᠎ᠶᠢᠨ ᠬᠦᠷᠢᠶᠡᠨ᠎ᠦ ᠲᠠᠷᠤᠯᠠᠯ ᠳᠣᠷᠣᠮᠵᠢᠯᠠᠯ ᠵᠡᠷᠭᠡ ᠬᠠᠤᠯᠢ ᠡᠴᠨ ᠵᠥᠷᠢᠴᠡᠭᠰᠡᠨ ᠶᠠᠯᠠᠲᠤ ᠠᠵᠢᠯᠯᠠᠭ᠎ᠠ᠎ᠳᠤ ᠴᠢᠩᠭ᠎ᠠ ᠴᠣᠬᠢᠯᠲᠠ ᠥᠭᠴᠦ᠂ ᠠᠮᠢᠨ ᠬᠡᠷᠡᠭ ᠳᠠᠷᠤᠭᠳᠠᠮᠠᠯ ᠬᠡᠷᠡᠭ᠎ᠦᠨ ᠪᠣᠭᠣᠮᠲᠠ ᠰᠢᠪᠳᠤᠯᠤᠯᠳᠠ ᠵᠢ ᠭᠦᠨᠵᠡᠭᠡᠢᠷᠡᠭᠦᠯᠵᠦ᠂ ᠪᠥᠬᠥ ᠨᠡᠢᠭᠡᠮ᠎ᠦᠨ ᠠᠮᠤᠷ ᠲᠦᠪᠰᠢᠨ᠎ᠦ ᠲᠥᠷᠥᠭᠳᠡᠯ ᠦᠷᠭᠦᠯᠵᠢᠯᠡᠨ ᠳᠡᠭᠡᠭᠰᠢᠯᠡᠪᠡ

ᠡᠨᠧᠷᠭᠢ ᠪᠠ ᠪᠠᠢᠯᠳᠤᠬᠤ ᠪᠣᠳᠣᠯᠭ᠎ᠠ᠎ᠶᠢᠨ ᠡᠬᠢ ᠪᠠᠶᠠᠯᠢᠭ᠋᠎ᠤᠨ ᠰᠠᠭᠤᠷᠢᠨ᠎ᠤ ᠲᠠᠯ᠎ᠠ᠎ᠪᠠᠷ

ᠨᠡᠭᠦᠷᠡᠰᠦᠨ ᠤ᠋ ᠭᠠᠷᠤᠯᠳᠠ 12.9 ᠳ᠋ᠦᠩᠰᠢᠭᠤᠷ ᠲᠣᠨ ᠳ᠋ᠸ᠋ ᠬᠦᠷᠴᠦ᠂ ᠬᠠᠩᠭᠠᠯᠭ᠎ᠠ᠎ᠶᠢ ᠪᠠᠲᠤᠯᠠᠬᠤ ᠡᠭᠦᠷᠭᠡ᠎ᠶᠢ 8.3 ᠳ᠋ᠦᠩᠰᠢᠭᠤᠷ ᠲᠣᠨ ᠪᠡᠶᠡᠯᠡᠭᠦᠯᠵᠦ᠂ ᠪᠦᠬᠦ ᠤᠯᠤᠰ᠎ᠤᠨ 34.5% ᠶ᠋ᠢ ᠡᠵᠡᠯᠡᠪᠡ

ᠴᠠᠬᠢᠯᠭᠠᠨ ᠭᠠᠷᠭᠠᠭᠰᠠᠨ ᠬᠡᠮᠵᠢᠶ᠎ᠡ 8000 ᠳ᠋ᠦᠩᠰᠢᠭᠤᠷ ᠭᠷᠡᠳᠦ᠋ᠰ᠎ᠢ ᠳᠠᠪᠠᠵᠤ᠂ ᠭᠠᠳᠠᠭ᠍ᠰᠢ ᠴᠠᠬᠢᠯᠭᠠᠨ ᠲᠠᠮᠵᠢᠭᠤᠯᠤᠬᠰᠠᠨ ᠬᠡᠮᠵᠢᠶ᠎ᠡ  3150 ᠳ᠋ᠦᠩᠰᠢᠭᠤᠷ ᠭᠷᠡᠳᠦ᠋ᠰ᠎ᠲᠦ ᠬᠦᠷᠴᠦ ᠂ ᠪᠦᠬᠦ ᠤᠯᠤᠰ᠎ᠤᠨ 16% ᠵᠢ ᠡᠵᠡᠯᠡᠵᠦ᠂ ᠴᠥᠮ ᠪᠦᠬᠦ ᠤᠯᠤᠰ᠎ᠤᠨ ᠨᠢᠭᠡᠳᠦᠭᠡᠷ᠎ᠲᠦ ᠣᠷᠣᠪᠠ

ᠪᠤᠬᠢᠷᠳᠤᠯ ᠦᠬᠡᠢ ᠴᠠᠬᠢᠯᠭᠠᠨ ᠭᠠᠷᠭᠠᠬᠰᠠᠨ ᠬᠡᠮᠵᠢᠶ᠎ᠡ 2000 ᠳ᠋ᠦᠩᠰᠢᠭᠤᠷ ᠭᠷᠡᠳᠦ᠋ᠰ᠎ᠢ ᠳᠠᠪᠠᠵᠤ᠂ ᠪᠦᠬᠦ ᠤᠯᠤᠰ᠎ᠤᠨ ᠪᠤᠬᠢᠷᠳᠤᠯ ᠦᠬᠡᠢ ᠴᠠᠬᠢᠯᠭᠠᠨ ᠤ᠋ ᠤᠯᠠᠨ ᠤᠯᠤᠰ ᠤ᠋ᠨ ᠨᠡᠭᠦᠷᠡᠰᠦᠲᠥ᠋ᠷᠥᠭᠴᠢ᠎ᠶᠢᠨ ᠤᠯᠠ ᠮᠥᠷ᠎ᠦᠨ ᠠᠩᠬᠠᠳᠠᠬᠴᠢ ᠦᠨᠡᠮᠯᠡᠯ᠎ᠢ ᠲᠠᠷᠬᠠᠭᠠᠵᠤ᠂ ᠪᠦᠬᠦ ᠤᠯᠤᠰ᠎ᠲᠤ ᠡᠩ ᠲᠡᠷᠢᠬᠦᠨ ᠳ᠋ᠸ᠋ ᠮᠤᠵᠢ ᠠᠯᠤᠰᠯᠠᠭᠰᠠᠨ ᠣᠨᠴᠠ ᠥᠨᠳᠥᠷ ᠬᠦᠴᠦᠳᠡᠯᠲᠦ ᠪᠤᠬᠢᠷᠳᠤᠯ ᠦᠬᠡᠢ ᠴᠠᠬᠢᠯᠭᠠᠨ ᠤ᠋ ᠠᠷᠠᠯᠵᠢᠶ᠎ᠠ ᠦᠷᠨᠢᠬᠦᠯᠦᠨ᠂ ᠪᠤᠬᠢᠷᠳᠤᠯ ᠦᠬᠡᠢ ᠴᠠᠬᠢᠯᠭᠠᠨ ᠤ᠋ ᠠᠷᠠᠯᠵᠢᠶᠠᠨ ᠤ᠋ ᠬᠡᠪᠴᠢᠶ᠎ᠡ ᠪᠦᠬᠦ ᠤᠯᠤᠰ ᠲᠦ᠍ ᠨᠢᠬᠡᠳᠦᠬᠡᠷ ᠲᠦ᠍ ᠤᠷᠤᠪᠠ

ᠶᠤᠸᠠᠨ ᠵᠢᠩ᠂ ᠮᠢᠩ ᠶᠠᠩ᠂ ᠯᠦᠩ ᠵᠢᠢ᠂ ᠯᠦᠩ ᠮᠠ ᠵᠡᠷᠭᠡ ᠨᠢᠭᠡ ᠪᠦᠯᠦᠭ ᠠᠵᠤ ᠠᠬᠤᠢᠯᠠᠯ᠎ᠤᠨ ᠶᠡᠷᠦᠩᠬᠡᠢ ᠬᠡᠯᠳᠡᠰ ᠨᠢ ᠲᠠᠩᠰᠠᠯᠠᠭᠤᠯᠤᠨ ᠰᠠᠭᠤᠷᠢᠰᠢᠪᠠ

ᠬᠣᠪᠣᠷ ᠰᠢᠷᠣᠢ᠎ᠶᠢᠨ ᠪᠠᠢᠩᠭᠤ ᠰᠤᠷᠢᠨᠵᠢᠨᠳᠤ ᠮᠠᠲᠸᠷᠢᠶᠠᠯ ᠤ᠋ᠨ ᠭᠠᠷᠤᠯᠳᠠ 30% ᠎ᠡᠴᠨ ᠳᠡᠭᠡᠭᠰᠢ ᠨᠡᠮᠡᠭᠳᠡᠵᠦ᠂ ᠬᠣᠪᠣᠷ ᠰᠢᠷᠣᠢ᠎ᠶᠢᠨ ᠠᠵᠤ ᠦᠢᠯᠡᠰ᠎ᠦᠨ ᠦᠢᠯᠡᠳᠬᠦᠨ᠎ᠦ ᠥᠷᠲᠡᠭ ᠮᠢᠩᠭᠠᠨ ᠳ᠋ᠦᠩᠰᠢᠭᠤᠷ ᠲᠥᠭᠥᠷᠢᠭ᠎ᠢ ᠳᠠᠪᠠᠪᠠ

ᠠᠭᠤᠷᠬᠠᠢ ᠬᠠᠢᠬᠤ ᠰᠢᠪᠲᠤᠯᠤᠯᠲᠠ᠎ᠶᠢᠨ ᠠᠵᠢᠯᠯᠠᠭ᠎ᠠ᠎ᠳᠤ 20 ᠲᠣᠮᠣ᠌ ᠳᠤᠮᠳᠠ ᠬᠡᠯᠪᠡᠷᠢ᠎ᠶᠢᠨ ᠪᠠᠢᠯᠳᠤᠬᠤ ᠪᠣᠳᠣᠯᠭ᠎ᠠ᠎ᠶᠢᠨ ᠴᠢᠨᠠᠷᠲᠠᠢ ᠠᠭᠤᠷᠬᠠᠢ᠎ᠶᠢᠨ ᠭᠠᠷᠤᠯᠲᠠ᠎ᠶᠢᠨ ᠣᠷᠣᠨ᠎ᠢ ᠰᠢᠨ᠎ᠡ᠎ᠪᠡᠷ ᠢᠯᠡᠷᠡᠭᠦᠯᠵᠦ᠂ 8 ᠵᠦᠢᠯ᠎ᠦᠨ ᠠᠭᠤᠷᠬᠠᠢ᠎ᠶᠢᠨ ᠭᠠᠷᠤᠯᠲᠠ᠎ᠨᠢ 《ᠠᠷᠪᠠᠨ ᠲᠦᠷᠪᠡᠳᠦᠬᠡᠷ ᠲᠠᠪᠤᠨ ᠵᠢᠯ》 ᠤ᠋ᠨ ᠲᠦᠯᠦᠪᠵᠢᠬᠦᠯᠬᠡ ᠳ᠋ᠡᠬᠢ ᠨᠦᠬᠡᠴᠡ ᠨᠡᠮᠡᠭᠳᠡᠬᠦᠯᠬᠦ ᠡᠬᠦᠷᠬᠡ ᠵᠢ ᠪᠡᠶᠡᠯᠡᠬᠦᠯᠪᠡ

ᠮᠠᠯ ᠤ᠋ᠨ ᠠᠰᠢᠬ ᠰᠢᠮ᠎ᠡ ᠲᠠᠷᠢᠶᠠᠯᠠᠩ ᠤ᠋ᠨ ᠪᠦᠳᠦᠭᠡᠭᠳᠡᠬᠦᠨ ᠤ᠋ ᠦᠢᠯᠡᠳᠪᠦᠷᠢᠯᠡᠯ ᠤ᠋ᠨ ᠰᠠᠭᠤᠷᠢᠨ᠎ᠤ ᠲᠠᠯ᠎ᠠ ᠪᠡᠷ

940 ᠲᠦᠮᠡᠨ ᠮᠦ᠍ ᠥᠨᠳᠥᠷ ᠪᠠᠷᠢᠮᠵᠢᠶᠠᠲᠤ ᠲᠠᠷᠢᠶᠠᠨ ᠭᠠᠵᠠᠷ᠂ 855 ᠲᠦᠮᠡᠨ ᠮᠦ᠍ 《ᠲᠣᠨ᠎ᠤ ᠤᠨᠠᠯᠳᠠ ᠲᠠᠢ ᠲᠠᠷᠢᠶ᠎ᠠ》 ᠵᠢ ᠪᠦᠲᠦᠭᠡᠨ ᠪᠠᠢᠭᠤᠯᠪᠠ

ᠪᠡᠯᠡᠳᠬᠡᠮᠵᠢᠲᠦ ᠲᠠᠷᠢᠶᠠᠯᠠᠩ᠎ᠢ 26 ᠲᠦᠮᠡᠨ ᠮᠦ᠍᠂ ᠬᠠᠰᠢᠶᠠᠯᠠᠨ ᠲᠡᠵᠢᠭᠡᠬᠦ ᠬᠠᠰᠢᠶ᠎ᠠ ᠰᠠᠷᠠᠪᠴᠢ᠎ᠶᠢ 300 ᠲᠦᠮᠡᠨ ᠲᠡᠭᠰᠢ ᠳᠥᠷᠪᠡᠯᠵᠢᠨ ᠮᠧᠲᠷ ᠰᠢᠨ᠎ᠡ᠎ᠪᠡᠷ ᠨᠡᠮᠡᠭᠳᠡᠭᠦᠯᠪᠡ

78 ᠲᠦᠮᠡᠨ ᠲᠠᠷᠢᠶᠠᠯᠠᠬᠤ ᠮᠠᠯᠵᠢᠬᠤ ᠡᠷᠦᠬᠡ ᠬᠦᠷᠢᠶ᠎ᠡ ᠬᠠᠰᠢᠶᠠᠨ ᠤ᠋ ᠠᠵᠤ ᠠᠬᠤᠢ ᠵᠢ ᠬᠦᠭᠵᠢᠬᠦᠯᠪᠡ

ᠠᠮᠤ ᠪᠤᠳᠠᠭᠠᠨ᠎ᠤ ᠮᠦ᠍ ᠪᠦᠷᠢ᠎ᠶᠢᠨ  ᠤᠨᠠᠯᠲᠠ 24.2 ᠵᠢᠩ ᠳᠡᠭᠡᠭᠰᠢᠯᠡᠪᠡ

ᠡᠷᠳᠡᠨᠢ ᠰᠢᠰᠢ᠂ ᠲᠥᠮᠥᠰᠥ᠎ᠶᠢᠨ ᠳᠤᠮᠳᠠᠴᠢ ᠨᠢᠭᠡᠴᠢ ᠤᠨᠠᠯᠲᠠ ᠳᠠᠬᠢᠨᠲᠠ ᠰᠢᠨ᠎ᠡ ᠲᠦᠪᠰᠢᠨ ᠳ᠋ᠸ᠋ ᠬᠦᠷᠪᠡ

ᠦᠬᠡᠷ ᠬᠤᠨᠢ ᠢᠮᠠᠭᠠᠨ ᠤ᠋ ᠮᠢᠬ᠎ᠠ᠂ ᠦᠨᠢᠶᠠᠨ ᠰᠦ ᠵᠢᠨ  ᠭᠠᠷᠤᠯᠲᠠ ᠪᠥᠬᠥ ᠤᠯᠤᠰ ᠤ᠋ᠨ ᠨᠢᠬᠡᠳᠦᠬᠡᠷ ᠪᠠᠢᠷᠢ ᠪᠡᠨ ᠯᠠᠪᠳᠠᠭᠤᠨ ᠪᠠᠳᠤᠯᠠᠪᠠ

ᠰᠦ ᠰᠠᠭᠠᠯᠢ᠂ ᠤᠯᠠᠭᠠᠨ ᠢᠳᠡᠬᠡ᠂ ᠲᠦᠮᠦᠰᠦ᠂ ᠨᠤᠤᠯᠤᠭᠤᠷ ᠵᠡᠷᠬᠡ ᠭᠤᠤᠯᠳᠠᠯᠭ᠎ᠠ ᠪᠤᠯᠬᠤ 7 ᠠᠵᠤ ᠦᠢᠯᠡᠰ ᠤ᠋ᠨ ᠬᠡᠯᠬᠢᠶᠡᠨ ᠤ᠋ ᠦᠢᠯᠡᠳᠬᠦᠨ ᠤ᠋ ᠦᠷᠳᠡᠭ 7000 ᠳ᠋ᠦᠩᠰᠢᠭᠤᠷ ᠲᠥᠭᠥᠷᠢᠭ᠎ᠢ ᠳᠠᠪᠠᠪᠠ

ᠤᠮᠠᠷᠠᠰᠢ ᠨᠡᠭᠡᠭᠡᠯᠲᠡ ᠬᠢᠬᠦ᠌ ᠪᠡᠬᠢᠯᠡᠯᠲᠡ᠎ᠶ᠋ᠢᠨ ᠲᠠᠯ᠎ᠠ᠎ᠪᠠᠷ

3 ᠣᠯᠠᠨ ᠤᠯᠤᠰ᠎ᠤᠨ ᠨᠥᠬᠥᠷᠰᠡᠭ ᠬᠣᠲᠠ ᠯᠤᠭ᠎ᠠ ᠱᠢᠨ᠎ᠡ᠎ᠪᠡᠷ ᠬᠠᠷᠢᠴᠠᠭ᠎ᠠ ᠪᠠᠢᠭᠤᠯᠤᠯᠴᠠᠪᠠ

ᠳᠤᠮᠳᠠᠳᠤ ᠮᠣᠩᠭᠣᠯ᠎ᠤᠨ ᠡᠷᠢᠶᠡᠨ ᠬᠣᠲᠠ — ᠵᠠᠮ᠎ᠤᠨ ᠡᠭᠦᠳᠡ᠎ᠶ᠋ᠢᠨ ᠠᠵᠤ ᠠᠬᠤᠢ᠎ᠶ᠋ᠢᠨ ᠬᠠᠮᠲᠤᠷᠠᠯᠴᠠᠭᠠᠨ᠎ᠤ ᠤᠷᠤᠨ᠂ ᠲᠦᠩᠯᠢᠶᠣᠤ᠎ᠶ᠋ᠢᠨ ᠭᠠᠢᠯᠢ ᠪᠠᠲᠤᠯᠠᠬᠤ ᠪᠠᠷᠠᠭᠠᠨ᠎ᠤ ᠭᠦᠢᠯᠭᠡᠭᠡᠨ᠎ᠦ ᠲᠥᠪ ᠵᠥᠪᠱᠢᠶᠡᠷᠡᠭ᠌ᠳᠡᠪᠡ

ᠭᠠᠭ᠍ᠴᠠᠮᠣᠳᠣ ᠬᠢᠯᠢ ᠵᠢᠨ ᠪᠣᠭᠣᠮᠲᠠ᠎ᠶ᠋ᠢᠨ ᠲᠦᠷᠭᠡᠨ᠎ᠤ ᠵᠠᠰᠠᠮᠠᠯ ᠵᠠᠮ ᠪᠥᠬᠥ᠌ ᠱᠤᠭᠤᠮ᠎ᠢᠶᠠᠷ ᠨᠡᠪᠲᠡᠷᠡᠪᠡ

ᠮᠠᠨᠵᠤᠤᠷ ᠲᠡᠮᠦᠷ ᠵᠠᠮ᠎ᠤᠨ ᠬᠢᠯᠢ ᠵᠢᠨ ᠪᠣᠭᠣᠮᠲᠠ᠎ᠶ᠋ᠢᠨ ᠬᠠᠷᠢᠯᠴᠠᠨ ᠠᠷᠠᠯᠵᠢᠶᠠᠯᠠᠬᠤ ᠤᠷᠤᠨ᠎ᠢ ᠪᠣᠭᠣᠮᠲᠠ ᠪᠢᠳᠡᠭᠦᠮᠵᠢᠯᠡᠨ ᠠᠵᠢᠯᠯᠠᠭᠤᠯᠪᠠ

ᠪᠦᠬᠦ᠌ ᠣᠷᠣᠨ᠎ᠤ ᠬᠠᠭᠤᠷᠠᠶ ᠵᠠᠮ᠎ᠤᠨ ᠬᠢᠯᠢ ᠵᠢᠨ ᠪᠣᠭᠣᠮᠲᠠ᠎ᠶ᠋ᠢᠨ ᠪᠠᠷᠠᠭᠠᠨ᠎ᠤ ᠲᠡᠭᠡᠭᠡᠪᠦᠷᠢ ᠵᠢᠨ ᠬᠡᠮᠵᠢᠶ᠎ᠡ 1.2 ᠳ᠋ᠦᠩᠱᠢᠭᠤᠷ ᠲᠣᠨ᠎ᠢ ᠳᠠᠪᠠᠵᠤ᠂ ᠭᠠᠳᠠᠭᠠᠳᠤ᠎ᠠᠴᠠ ᠣᠷᠣᠭᠤᠯᠵᠤ ᠭᠠᠳᠠᠭᠠᠳᠤ᠎ᠳᠤ ᠭᠠᠷᠭᠠᠭ᠍ᠰᠠᠨ ᠶᠡᠷᠦᠩᠬᠡᠶ ᠲᠣᠭ᠎ᠠ 2000 ᠳ᠋ᠦᠩᠱᠢᠭᠤᠷ ᠲᠥᠭᠥᠷᠢᠭ᠎ᠢ ᠳᠠᠪᠠᠨ᠂ 《ᠱᠢᠨ᠎ᠡ ᠭᠤᠷᠪᠠᠨ ᠵᠦᠢᠯ》 ᠤ᠋ᠨ ᠪᠦᠲᠦᠭᠡᠭᠳᠡᠭᠦᠨ᠎ᠦ ᠭᠠᠳᠠᠭᠠᠳᠤ ᠭᠠᠷᠭᠠᠯᠲᠠ 50%᠎ᠡᠴᠡ ᠳᠡᠭᠡᠭ᠌ᠰᠢ᠎ᠪᠡᠷ ᠨᠡᠮᠡᠭ᠌ᠳᠡᠪᠡ


ᠨᠢᠭᠡ ᠵᠢᠯ᠎ᠦᠨ ᠲᠤᠷᠰᠢ᠂ ᠥᠪᠥᠷ ᠮᠣᠩᠭᠣᠯ ᠰᠤᠯᠠᠷᠠᠭᠤᠯᠤᠯ ᠦᠭᠡᠢ ᠴᠢᠩᠭ᠎ᠠ ᠠᠩᠬᠠᠷᠴᠤ᠌᠂ ᠴᠢᠩᠭ᠎ᠠ ᠠᠳᠬᠤᠨ ᠱᠠᠯᠠᠪᠳᠠᠨ ᠬᠦᠢᠴᠡᠳᠭᠡᠵᠦ᠂ 《ᠵᠢᠷᠭᠤᠭᠠᠨ ᠢᠨᠵᠧᠨᠧᠷᠢᠩ》 ᠢ᠋ ᠠᠬᠢᠭᠤᠯᠵᠤ ᠪᠡᠯᠭᠡ ᠲᠡᠮᠳᠡᠭ᠎ᠦᠨ ᠴᠢᠨᠠᠷᠲᠠᠶ ᠦᠷ᠎ᠡ ᠪᠦᠲᠦᠭᠡᠯ ᠤᠯᠪᠠ


ᠲᠥᠷᠥ᠎ᠶ᠋ᠢᠨ ᠪᠣᠳᠣᠯᠭ᠎ᠠ᠎ᠶ᠋ᠢ ᠪᠤᠳᠠᠳᠠᠢᠵᠢᠭᠤᠯᠤᠬᠰᠠᠨ ᠦᠷ᠎ᠡ ᠪᠦᠲᠦᠮᠵᠢ ᠢᠯᠡᠳᠲᠡ ᠪᠤᠯᠪᠠ

ᠲᠦᠷᠦ᠍᠎ᠶ᠋ᠢᠨ ᠶᠠᠪᠤᠳᠠᠯ᠎ᠤᠨ ᠬᠣᠷᠢᠶᠠᠨ᠎ᠤ 16 ᠳ᠋ᠤᠭᠠᠷ ᠲᠣᠭᠠᠲᠤ ᠪᠢᠴᠢᠭ ᠮᠠᠲ᠋ᠧᠷᠢᠶᠠᠯ᠎ᠢ ᠲᠦᠷᠭᠡᠳᠭᠡᠨ ᠬᠡᠷᠡᠭ᠌ᠵᠢᠭᠦᠯᠵᠦ᠍᠂ 86 ᠴᠢᠬᠤᠯᠠ ᠶᠡᠬᠡ ᠵᠦᠢᠯᠡᠰ᠎ᠤᠨ 74 ᠨᠢ ᠨᠢᠭᠡᠨᠲᠡ ᠠᠵᠢᠯ ᠡᠬᠢᠯᠡᠭᠦᠯᠪᠡ

ᠪᠠᠷᠠᠭᠤᠨ ᠣᠷᠣᠨ᠎ᠢ ᠶᠡᠬᠡ᠎ᠪᠡᠷ ᠨᠡᠭᠡᠭᠡᠨ ᠬᠥᠭ᠌ᠵᠢᠭᠦᠯᠬᠦ᠌᠂ ᠵᠡᠭᠦᠨ ᠬᠣᠢᠲᠤ ᠣᠷᠣᠨ᠎ᠢ ᠪᠦᠬᠦ᠌ ᠲᠠᠯ᠎ᠠ᠎ᠪᠠᠷ ᠬᠥᠭ᠌ᠵᠢᠭᠦᠯᠦᠨ ᠮᠠᠨᠳᠤᠭᠤᠯᠬᠤ᠂ ᠬᠠᠳᠤᠨ ᠭᠣᠣᠯ᠎ᠤᠨ ᠰᠠᠪᠠ ᠭᠠᠵᠠᠷ᠎ᠤᠨ ᠠᠮᠢ ᠠᠬᠤᠢ᠎ᠶ᠋ᠢᠨ ᠬᠠᠮᠠᠭᠠᠯᠠᠯᠲᠠ ᠪᠠ ᠴᠢᠨᠠᠷ ᠰᠠᠢᠲᠠᠢ ᠬᠥᠭ᠌ᠵᠢᠯᠲᠡ ᠵᠡᠷᠭᠡ ᠤᠯᠤᠰ᠎ᠤᠨ ᠴᠢᠬᠤᠯᠠ ᠶᠡᠬᠡ ᠪᠠᠢᠯᠳᠤᠬᠤ ᠪᠤᠳᠤᠯᠭ᠎ᠠ᠎ᠶ᠋ᠢ ᠴᠥᠮ ᠪᠦᠲᠦᠮᠵᠢᠲᠡᠢ ᠨᠠᠢᠳᠠᠪᠤᠷᠢᠵᠢᠭᠤᠯᠪᠠ

ᠡᠯᠡᠰᠦᠷᠭᠡᠭᠵᠢᠯ᠎ᠢ᠎ᠰᠡᠷᠭᠡᠢᠯᠡᠨ ᠡᠯᠡᠰᠦ ᠵᠢ ᠵᠠᠰᠠᠬᠤ ᠪᠠ ᠰᠠᠯᠬᠢᠨ ᠬᠦᠴᠦᠨ᠎ᠤ ᠴᠠᠬᠢᠯᠭᠠᠨ ᠭᠡᠷᠡᠯᠴᠢ ᠴᠡᠨᠡᠭ᠎ᠢ ᠨᠢᠭᠡ ᠴᠣᠭ᠍ᠴᠠᠵᠢᠭᠤᠯᠬᠤ ᠢᠨᠵᠧᠨᠧᠷᠢᠩ᠎ᠤᠨ 《ᠬᠠᠪᠤᠷ ᠡᠬᠢᠯᠡᠮᠡᠭ᠌ᠴᠡ ᠠᠵᠢᠯ᠎ᠢᠶᠠᠨ ᠡᠬᠢᠯᠡᠭᠦᠯᠬᠦ᠌》 ᠶ᠋ᠢ ᠪᠡᠶᠡᠯᠡᠭᠦᠯᠪᠡ

ᠰᠠᠯᠬᠢᠨ ᠬᠦᠴᠦᠨ᠎ᠦ ᠴᠠᠬᠢᠯᠭᠠᠨ ᠭᠡᠷᠡᠯᠴᠢ ᠴᠡᠨᠡᠭ᠎ᠤᠨ ᠮᠠᠱᠢᠨ ᠴᠣᠭ᠍ᠴᠠᠯᠠᠪᠤᠷᠢ ᠵᠢ 2727 ᠲᠦᠮᠡᠨ ᠺᠢᠯᠦᠸᠠᠲ ᠪᠠᠢᠭᠤᠯᠵᠤ᠂ 238 ᠲᠦᠮᠡᠨ ᠮᠦ᠍᠎ᠡᠯᠡᠰᠦ ᠵᠢ ᠵᠠᠰᠠᠪᠠ

ᠬᠥᠪᠴᠢ᠎ᠶ᠋ᠢᠨ ᠡᠯᠡᠰᠦ᠎ᠵᠢᠨ 《ᠬᠡᠷᠡᠯᠴᠢ ᠴᠡᠨᠡᠭ᠎ᠦᠨ ᠣᠷᠳᠣ ᠴᠠᠭᠠᠨ ᠬᠡᠷᠡᠮ》 ᠠᠩᠬ᠎ᠠ ᠬᠡᠪᠴᠢᠶᠡᠵᠢᠪᠡ

ᠪᠤᠷᠤᠬᠤᠳᠠ᠎ᠠᠴᠠ ᠪᠠᠶᠠᠨᠲᠣᠬᠣᠢ ᠬᠦᠷᠬᠦ᠌ ᠡᠯᠡᠰᠦ᠎ᠶ᠋ᠢ ᠵᠠᠰᠠᠬᠤ ᠵᠠᠰᠠᠮᠠᠯ ᠵᠠᠮ ᠪᠦᠬᠦ᠌ ᠤᠯᠤᠰ᠎ᠤᠨ ᠬᠠᠮᠤᠭ᠎ᠤᠨ ᠰᠠᠢᠬᠠᠨ ᠬᠥᠳᠡᠭᠡ ᠲᠣᠰᠭᠣᠨ᠎ᠤ ᠵᠠᠮ᠎ᠢᠶᠠᠷ ᠦᠨᠡᠯᠡᠭ᠌ᠳᠡᠪᠡ

《ᠠᠵᠢᠯ ᠣᠯᠭᠣᠬᠤ ᠪᠠᠷ ᠲᠡᠳᠬᠦᠮᠵᠢ᠎ᠶ᠋ᠢ ᠣᠷᠣᠯᠠᠭᠤᠯᠬᠤ》 ᠠᠷᠭ᠎ᠠ᠎ᠪᠠᠷ ᠣᠯᠠᠨ ᠲᠦᠮᠡᠨ᠎ᠢ ᠳᠠᠢᠴᠢᠯᠠᠨ 8.5 ᠳ᠋ᠦᠩᠱᠢᠭᠤᠷ ᠲᠥᠭᠥᠷᠢᠭ᠎ᠤᠨ ᠣᠷᠣᠯᠭ᠎ᠠ᠎ᠨᠡᠮᠡᠭ᠌ᠳᠡᠭᠦᠯᠪᠡ

ᠳᠤᠯᠠᠭᠠᠯᠠᠭ᠎ᠠ ᠵᠢᠨ ᠢᠨᠵᠧᠨᠧᠷᠢᠩ᠎ᠦᠨ ᠤᠨ᠎ᠤ ᠡᠭᠦᠷᠭᠡ᠎ᠶ᠋ᠢ ᠪᠦᠬᠦ᠌ ᠲᠠᠯ᠎ᠠ᠎ᠪᠠᠷ ᠪᠡᠶᠡᠯᠡᠭᠦᠯᠪᠡ

ᠢᠯᠴᠢ ᠬᠠᠩᠭᠠᠬᠤ ᠬᠣᠭᠣᠯᠠᠶ ᠲᠤᠤᠷ᠎ᠢ ᠲᠦᠮᠡᠨ ᠺᠢᠯᠣᠮᠧᠲ᠋ᠷ ᠰᠢᠬᠠᠮ ᠥᠭᠡᠷᠡᠴᠢᠯᠡᠨ ᠰᠢᠨᠡᠳᠭᠡᠪᠡ

ᠪᠥᠬᠥ᠌ ᠣᠷᠣᠨ᠎ᠤ ᠰᠦᠯᠵᠢᠶ᠎ᠡ ᠪᠡᠷ ᠬᠢᠨᠠᠨ ᠰᠢᠨᠵᠢᠭᠰᠡᠨ ᠦᠷᠦᠭᠡᠨ᠎ᠤ ᠲᠤᠯᠠᠭᠠᠨ᠎ᠤ ᠪᠠᠷᠢᠮᠵᠢᠶ᠎ᠠ ᠳ᠋ᠦ ᠬᠦᠷᠦᠭ᠌ᠰᠡᠨ ᠨᠣᠷᠮ᠎ᠠ 99% ᠎ᠡᠴᠡ ᠳᠡᠭᠡᠭ᠌ᠰᠢ᠎ᠳᠦ ᠬᠥᠷᠪᠡ

19.3 ᠲᠦᠮᠡᠨ ᠡᠷᠦᠬᠡ ᠵᠢᠨ ᠴᠡᠪᠡᠷ ᠳᠤᠯᠠᠭᠠᠯᠠᠭ᠎ᠠ᠎ᠶ᠋ᠢᠨ ᠥᠭᠡᠷᠡᠴᠢᠯᠡᠨ ᠰᠢᠨᠡᠳᠭᠡᠬᠦ ᠠᠵᠢᠯ᠎ᠢ ᠪᠡᠶᠡᠯᠡᠭᠦᠯᠪᠡ

ᠦᠨᠡᠨᠴᠢ ᠢᠲᠡᠭᠡᠮᠵᠢ᠎ᠶ᠋ᠢᠨ ᠪᠠᠢᠭᠤᠯᠤᠯᠲᠠ ᠵᠢ ᠯᠠᠪᠳᠠᠭᠤᠨ᠎ᠪᠠᠲᠤᠲᠠᠢ ᠠᠬᠢᠭᠤᠯᠪᠠ

ᠥᠪᠡᠷᠲᠡᠭᠡᠨ ᠵᠠᠰᠠᠬᠤ ᠣᠷᠣᠨ᠎ᠤ ᠨᠡᠢᠭᠡᠮ᠎ᠦᠨ ᠢᠲᠡᠭᠡᠮᠵᠢ᠎ᠶ᠋ᠢᠨ ᠳᠦᠷᠢᠮ᠎ᠢ ᠨᠡᠢᠲᠡᠯᠡᠨ᠂ ᠭᠤᠤᠯᠳᠠᠯᠭ᠎ᠠ᠎ᠪᠤᠯᠬᠤ ᠬᠦᠷᠢᠶ᠎ᠡ ᠴᠠᠷᠠᠭᠠᠨ ᠳ᠋ᠡᠬᠢ ᠢᠲᠡᠭᠡᠮᠵᠢ᠎ᠶ᠋ᠢᠨ ᠬᠢᠨᠠᠯᠲᠠ ᠬᠠᠮᠢᠶᠠᠷᠤᠯᠲᠠ᠎ᠶ᠋ᠢᠨ ᠳᠦᠷᠢᠮ᠎ᠢ ᠪᠠᠢᠭᠤᠯᠵᠦ᠂ ᠦᠨᠡᠨᠴᠢ ᠢᠲᠡᠭᠡᠮᠵᠢ ᠵᠢᠨ ᠵᠠᠭᠠᠯᠳᠤᠯᠭ᠎ᠠ ᠵᠢᠨ ᠴᠣᠩᠬᠤᠪᠴᠢ ᠭᠠᠷᠭᠠᠵᠤ᠂ ᠡᠯ᠎ᠡ ᠲᠥᠷᠥᠯ᠎ᠦᠨ ᠢᠲᠡᠭᠡᠮᠵᠢ ᠠᠯᠳᠠᠭ᠍ᠰᠠᠨ ᠦᠢᠯᠡ ᠠᠵᠢᠯᠯᠠᠭ᠎ᠠ᠎ᠶ᠋ᠢ ᠶᠡᠬᠡ ᠪᠡᠷ ᠴᠡᠭ᠌ᠴᠡᠯᠡᠨ ᠵᠠᠰᠠᠪᠠ

ᠠᠵᠤ ᠠᠬᠤᠢᠯᠠᠯ ᠳ᠋ᠦ ᠥᠷᠢᠲᠦᠵᠦ ᠪᠠᠢᠭ᠎ᠠ ᠵᠣᠭᠣᠰ᠎ᠢ ᠨᠢ ᠲᠦᠯᠦᠵᠦ ᠲᠠᠭᠤᠰᠬᠠᠨ᠂ 71.4 ᠳ᠋ᠦᠩᠱᠢᠭᠤᠷ ᠲᠥᠭᠥᠷᠢᠭ᠎ᠦᠨ ᠬᠣᠬᠢᠷᠠᠯ᠎ᠢ ᠡᠭᠡᠭᠦᠯᠤᠨ ᠠᠪᠴᠢᠷᠠᠪᠠ

ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ 《ᠪᠦᠰᠡᠯᠡᠯᠲᠡ ᠱᠢᠪᠲᠤᠯᠬᠤ》 ᠠᠵᠢᠯ ᠡᠬᠢᠯᠡᠯᠲᠡ᠎ᠰᠠᠢᠨ ᠪᠣᠯᠪᠠ

5 ᠴᠡᠭ ᠪᠠᠢᠷᠢᠯᠡᠯ᠎ᠤᠨ 36 ᠵᠦᠢᠯ᠎ᠦᠨ ᠭᠣᠣᠯᠳᠠᠯᠭ᠎ᠠ᠎ᠪᠤᠯᠬᠤ ᠡᠭᠦᠷᠭᠡ᠎ᠶ᠋ᠢ ᠪᠦᠬᠦ᠌ ᠲᠠᠯ᠎ᠠ᠎ᠪᠠᠷ ᠠᠬᠢᠭᠤᠯᠤᠨ᠂ ᠰᠦ ᠰᠠᠭᠠᠯᠢ ᠎ᠶ᠋ᠢᠨ ᠦᠢᠯᠡᠰ᠂ ᠬᠣᠪᠣᠷ ᠱᠢᠷᠣᠶ᠂ ᠤᠰᠤᠲᠥ᠋ᠷᠥᠭ᠌ᠴᠢ᠂ ᠨᠥᠭᠡᠴᠡ ᠡᠨ᠋ᠸᠷᠬᠢ ᠵᠡᠷᠭᠡ ᠬᠦᠷᠢᠶ᠎ᠡ ᠴᠠᠷᠠᠭᠠᠨ᠎ᠳᠦ ᠨᠢᠭᠡ ᠪᠦᠯᠦᠭ ᠠᠵᠢᠯ ᠲᠥᠷᠥᠯ᠎ᠦᠨ ᠬᠣᠭᠣᠰᠣᠨ ᠤᠷᠤᠨ ᠵᠠᠢ ᠵᠢ ᠨᠥᠬᠥᠪᠥᠷᠢᠯᠡᠭᠰᠡᠨ ᠮᠡᠷᠭᠡᠵᠢᠯ᠎ᠦᠨ ᠱᠢᠪᠲᠤᠯᠤᠯᠲᠠ ᠲᠠᠢ ᠪᠤᠯᠵᠤ᠂ ᠠᠭᠠᠷ ᠰᠠᠨᠰᠠᠷ᠎ᠤᠨ  ᠬᠡᠮᠵᠢᠭᠦᠷ ᠠᠯᠤᠰᠯᠠᠬᠰᠠᠨ ᠬᠡᠮᠵᠢᠯᠲᠡ ᠵᠢᠨ ᠰᠠᠭᠤᠷᠢ  ᠪᠠᠷᠢᠮᠵᠢᠶᠠᠨ᠎ᠤ ᠲᠣᠮᠣ ᠱᠢᠨᠵᠢᠯᠡᠬᠦ᠌ ᠤᠬᠠᠭᠠᠨ᠎ᠤ ᠲᠣᠨᠣᠭᠯᠠᠯ ᠬᠢᠭᠡᠳ ᠴᠢᠳᠠᠮᠵᠢ ᠰᠠᠢᠲᠠᠢ ᠭᠡᠷᠡᠯᠴᠢ ᠰᠡᠷᠡᠯᠵᠢ᠎ᠶ᠋ᠢ ᠠᠵᠤ ᠦᠢᠯᠡᠰᠵᠢᠭᠦᠯᠬᠦ᠌ ᠲᠥᠷᠥᠯ ᠵᠦᠢᠯ᠎ᠢ ᠠᠵᠢᠯ ᠡᠬᠢᠯᠡᠭᠦᠯᠵᠦ ᠪᠦᠲᠦᠭᠡᠨ ᠪᠠᠢᠭᠤᠯᠪᠠ

ᠬᠤᠸᠠᠢ ᠷᠸᠦ ᠵᠢᠨ ᠤᠯᠤᠰ᠎ᠤᠨ ᠲᠤᠷᠱᠢᠯᠲᠠ᠎ᠶ᠋ᠢᠨ ᠲᠠᠰᠤᠭ᠎ᠯᠤᠭ᠎ᠠ ᠪᠠᠢᠯᠳᠤᠬᠤ ᠪᠣᠳᠣᠯᠭ᠎ᠠ᠎ᠶ᠋ᠢᠨ ᠬᠠᠮᠲᠤᠷᠠᠯᠴᠠᠭ᠎ᠠ ᠪᠠᠢᠭᠤᠯᠪᠠ

ᠳᠠᠯᠠᠨ ᠬᠠᠷ᠎ᠠ ᠠᠭᠤᠯᠠ᠂ ᠣᠷᠳᠣᠰ ᠲᠤᠷᠱᠢᠯᠲᠠ᠎ᠶ᠋ᠢᠨ ᠲᠠᠰᠤᠭ᠎ᠢ ᠫᠠᠢᠰᠠ ᠡᠯᠭᠦᠨ ᠠᠵᠢᠯᠯᠠᠭᠤᠯᠪᠠ

ᠤᠯᠤᠰ᠎ᠤᠨ ᠰᠦ᠎ᠰᠠᠭᠠᠯᠢ ᠵᠢᠨ ᠦᠢᠯᠡᠰ᠎ᠦᠨ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠲᠥᠪ ᠵᠡᠷᠭᠡ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠪᠠᠢᠭᠤᠯᠤᠮᠵᠢ ᠪᠠ ᠶᠡᠬᠡ ᠳᠡᠭᠡᠳᠦ ᠰᠤᠷᠭᠠᠭᠤᠯᠢ᠂ ᠠᠵᠤ ᠠᠬᠤᠢᠯᠠᠯ᠎ᠤᠳ ᠤᠯᠤᠰ᠎ᠤᠨ ᠭᠣᠣᠯᠳᠠᠯᠭ᠎ᠠ᠎ᠲᠠᠶ ᠰᠤᠳᠤᠯᠤᠨ ᠨᠡᠭᠡᠭᠡᠬᠦ᠌ 13  ᠲᠦᠷᠦᠯ ᠵᠦᠢᠯ᠎ᠢ ᠳᠠᠭᠠᠭᠠᠴᠢᠯᠠᠨ ᠠᠪᠤᠪᠠ

《ᠮᠸᠩ ᠺᠸ ᠵᠢᠤᠢ》ᠲᠠᠪᠴᠠᠩ᠎ᠤᠨ ᠦᠷ᠎ᠡ ᠪᠦᠲᠦᠮᠵᠢ ᠲᠤᠳᠤᠷᠠᠵᠤ᠂ ᠨᠡᠢᠲᠡ 2412 ᠬᠤᠪᠢ ᠠᠷᠠᠯᠵᠢᠶᠠᠯᠠᠨ ᠤᠯᠠᠷᠢᠭᠤᠯᠵᠤ᠂ 8.7% ᠎ᠪᠠᠷ ᠨᠡᠮᠡᠭ᠌ᠳᠡᠨ᠂ ᠮᠡᠷᠭᠡᠵᠢᠯ᠎ᠦᠨ ᠭᠡᠷ᠎ᠡ᠎ᠶ᠋ᠢᠨ ᠠᠷᠠᠯᠵᠢᠶᠠᠯᠠᠬᠰᠠᠨ ᠲᠣᠭ᠎ᠠ 33.6 % ᠎ᠪᠠᠷ ᠨᠡᠮᠡᠭ᠌ᠳᠡᠪᠡ

ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠬᠡᠯᠪᠡᠷᠢ᠎ᠪᠦᠬᠦᠢ ᠳᠤᠮᠳᠠ ᠵᠢᠵᠢᠭ ᠠᠵᠤ ᠠᠬᠤᠢᠯᠠᠯ 853 ᠡᠷᠦᠬᠡ᠂ ᠳᠡᠭᠡᠳᠦ ᠱᠢᠨ᠎ᠡ ᠮᠡᠷᠭᠡᠵᠢᠯ᠎ᠦᠨ ᠠᠵᠤ ᠠᠬᠤᠢᠯᠠᠯ  97 ᠡᠷᠦᠬᠡ᠂ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠳᠠᠭᠠᠭᠤᠯᠤᠭ᠍ᠴᠢ ᠠᠵᠤ ᠠᠬᠤᠢᠯᠠᠯ 20 ᠡᠷᠦᠭᠡ ᠪᠤᠳᠠᠳᠠᠢ ᠨᠡᠮᠡᠭᠳᠡᠵᠦ᠂ ᠳ᠋ᠣᠺᠲ᠋ᠣᠷ ᠮᠠᠰᠲ᠋ᠧᠷ᠎ᠤᠨ ᠡᠷᠳᠡᠮ᠎ᠤᠨ ᠴᠣᠯᠠ ᠣᠯᠭᠣᠬᠤ ᠴᠡᠭ 45 ᠱᠢᠨ᠎ᠡ᠎ᠪᠡᠷ ᠨᠡᠮᠡᠭ᠌ᠳᠡᠪᠡ

11 ᠬᠢᠴᠢᠶᠡᠯ ᠱᠢᠨᠵᠢᠯᠡᠭᠡᠨ᠎ᠦ ᠲᠤᠰᠭᠠᠶ ᠮᠡᠷᠭᠡᠵᠢᠯ᠎ᠳ᠋ᠦ ᠳ᠋ᠣᠺᠲ᠋ᠣᠷ᠎ᠤᠨ ᠴᠡᠭ ᠥᠬᠡᠶ ᠪᠠᠢᠭ᠍ᠰᠠᠨ᠎ᠠᠴᠠ᠎ᠪᠠᠨ ᠪᠠᠢᠬᠤ ᠪᠣᠯᠪᠠ

2 ᠲᠥᠷᠥᠯ ᠵᠦᠢᠯ ᠨᠢ ᠤᠯᠤᠰ᠎ᠤᠨ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠳᠠᠪᠱᠢᠯᠲᠠ᠎ᠶ᠋ᠢᠨ ᠬᠣᠶᠠᠳᠤᠭᠠᠷ ᠳᠡᠰ᠎ᠤᠨ ᠱᠠᠩᠨᠠᠯ᠎ᠢ ᠬᠦᠷᠲᠡᠪᠡ

ᠮᠠᠨ᠎ᠤ ᠣᠷᠣᠨ᠎ᠤ ᠣᠷᠣᠨ ᠪᠦᠰᠡ᠎ᠶ᠋ᠢᠨ ᠱᠢᠨ᠎ᠡ᠎ᠶ᠋ᠢ ᠡᠭᠦᠳᠬᠦ᠌ ᠴᠢᠳᠠᠪᠤᠷᠢ ᠪᠥᠬᠥ᠌ ᠤᠯᠤᠰ᠎ᠤᠨ ᠨᠠᠷᠠᠰ᠎ᠤᠨ ᠵᠢᠬᠰᠠᠭᠠᠯᠲᠠ ᠳ᠋ᠦ 4  ᠨᠡᠷᠡᠰ ᠳᠡᠭᠡᠭ᠌ᠰᠢᠯᠡᠪᠡ

ᠴᠢᠯᠥᠭᠡᠲᠦ ᠠᠷᠠᠯᠵᠢᠶᠠᠨ᠎ᠤ ᠣᠷᠣᠨ᠎ᠤ ᠪᠦᠲᠦᠭᠡᠨ ᠪᠠᠢᠭᠤᠯᠤᠯᠲᠠ᠎ᠶ᠋ᠢ ᠢᠳᠡᠪᠬᠢᠲᠡᠢ ᠠᠬᠢᠭᠤᠯᠪᠠ

ᠶᠡᠷᠦᠩᠬᠡᠢ ᠲᠥᠰᠦᠯ᠎ᠢ ᠨᠠᠢᠷᠠᠭᠤᠯᠤᠨ ᠲᠠᠭᠤᠰᠬᠠᠵᠤ᠂ ᠤᠯᠤᠰ᠎ᠤᠨ ᠳᠠᠪᠬᠤᠷᠭ᠎ᠠ᠎ᠶ᠋ᠢᠨ ᠲᠦᠷᠢᠮ᠎ᠦᠨ ᠱᠢᠨ᠎ᠡ᠎ᠶ᠋ᠢ ᠡᠭᠦᠳᠦᠭ᠌ᠰᠡᠨ ᠦᠷ᠎ᠡ ᠪᠦᠲᠦᠭᠡᠯ᠎ᠢ 223 ᠬᠠᠭᠤᠯᠪᠤᠷᠢᠯᠠᠨ ᠳᠡᠯᠭᠡᠷᠡᠭᠦᠯᠵᠦ᠍᠂ ᠪᠡᠯᠡ ᠣᠷᠣᠭᠤᠯᠤᠯᠲᠠ᠂ ᠠᠷᠠᠯᠵᠢᠶ᠎ᠠ᠂ ᠮᠥᠩᠭᠥᠨ ᠭᠦᠢᠯᠭᠡᠭᠡ ᠵᠡᠷᠭᠡ ᠬᠦᠷᠢᠶ᠎ᠡ ᠴᠠᠷᠠᠭᠠᠨ᠎ᠤ᠎ᠥᠭᠡᠷᠡᠴᠢᠯᠡᠯᠲᠡ᠎ᠶ᠋ᠢ ᠲᠤᠷᠱᠢᠨ ᠥᠷᠨᠢᠭᠦᠯᠪᠡ


ᠨᠢᠭᠡ ᠵᠢᠯ᠎ᠦᠨ ᠲᠤᠷᠰᠢ᠂ ᠥᠪᠥᠷ ᠮᠣᠩᠭᠣᠯ ᠥᠭᠡᠷᠡᠴᠢᠯᠡᠯᠲᠡ᠎ᠶ᠋ᠢᠨ ᠠᠷᠭ᠎ᠠ᠎ᠪᠠᠷ ᠬᠦᠴᠢᠷ ᠠᠰᠠᠭᠤᠳᠠᠯ᠎ᠢ ᠱᠢᠢᠳᠪᠦᠷᠢᠯᠡᠬᠦ᠌᠎ᠶ᠋ᠢ ᠪᠠᠷᠢᠮᠲᠠᠯᠠᠵᠤ᠂ ᠠᠵᠤ ᠠᠬᠤᠢ ᠨᠡᠢᠭᠡᠮ᠎ᠦᠨ ᠬᠥᠭ᠌ᠵᠢᠯᠲᠡ᠎ᠶ᠋ᠢᠨ ᠬᠥᠳᠡᠯᠭᠡᠬᠦ᠌ ᠬᠦᠴᠦᠨ ᠠᠮᠢᠵᠢᠷᠠᠯ᠎ᠤᠨ ᠬᠦᠴᠦᠨ᠎ᠢ ᠪᠦᠲᠦᠮᠵᠢᠲᠡᠢ ᠬᠥᠭ᠌ᠵᠢᠭᠡᠪᠡ


《ᠨᠠᠯᠤᠢᠲᠠᠯ᠎ᠠ ᠤᠰᠤᠯᠠᠬᠤ》 ᠠᠰᠠᠭᠤᠳᠠᠯ᠎ᠢ ᠬᠦᠴᠦᠯᠡᠨ ᠱᠢᠶ᠋ᠳᠪᠦᠷᠢᠯᠡᠪᠡ

ᠲᠠᠷᠢᠶᠠᠯᠠᠩ᠎ᠤᠨ ᠤᠰᠤᠨ᠎ᠤ ᠦᠨ᠎ᠡ᠎ᠶ᠋ᠢᠨ ᠶᠡᠷᠦᠩᠬᠡᠢᠯᠡᠭ᠌ᠰᠡᠨ ᠥᠭᠡᠷᠡᠴᠢᠯᠡᠯᠲᠡ᠎ᠶ᠋ᠢ ᠪᠡᠶᠡᠯᠡᠭᠦᠯᠦᠨ᠂ ᠲᠠᠷᠢᠶᠠᠯᠠᠩ᠎ᠤᠨ ᠤᠰᠤ ᠠᠷᠪᠢᠯᠠᠬᠰᠠᠨ ᠬᠡᠮᠵᠢᠶ᠎ᠡ᠎ᠶ᠋ᠢ 3.8 ᠳ᠋ᠦᠩᠱᠢᠭᠤᠷ ᠪᠤᠰᠤᠭ᠎ᠠ ᠲᠦᠷᠪᠡᠯᠵᠢᠨ ᠮᠧᠲ᠋ᠷ ᠱᠢᠨ᠎ᠡ᠎ᠪᠡᠷ ᠨᠡᠮᠡᠭ᠌ᠳᠡᠭᠦᠯᠪᠡ

ᠪᠡᠯᠴᠢᠭᠡᠷ᠎ᠦᠨ ᠲᠠᠭᠠᠭᠠᠴᠠ ᠡᠴᠡ ᠬᠡᠳᠦᠷᠡᠳᠡᠯ᠎ᠡ ᠮᠠᠯᠵᠢᠬᠤ ᠠᠰᠠᠭᠤᠳᠠᠯ᠎ᠢ ᠵᠣᠷᠢᠭ ᠱᠢᠭᠤᠳᠤᠨ ᠱᠢᠶ᠋ᠳᠪᠦᠷᠢᠯᠡᠪᠡ

ᠨᠤᠲᠤᠭ ᠪᠡᠯᠴᠢᠭᠡᠷ᠎ᠦᠨ ᠨᠦᠬᠦᠪᠦᠷᠢᠯᠡᠨ ᠱᠠᠩᠨᠠᠬᠤ ᠪᠡᠯᠡ ᠮᠥᠩᠭᠥ᠌ ᠣᠯᠭᠣᠬᠤ ᠲᠣᠭ᠍ᠲᠠᠴᠠ᠎ᠶ᠋ᠢ ᠲᠡᠭᠦᠯᠳᠡᠷᠵᠢᠭᠦᠯᠦᠨ᠂ 17 ᠬᠣᠱᠢᠭᠤ ᠱᠢᠶᠠᠨ᠎ᠳᠤ ᠲᠤᠷᠱᠢᠯᠲᠠ᠎ᠶ᠋ᠢᠨ ᠴᠡᠭ᠎ᠥᠷᠨᠢᠭᠦᠯᠵᠦ᠍᠂ ᠪᠠᠢᠭᠠᠯᠢᠯᠢᠬ ᠨᠤᠲᠤᠭ ᠪᠡᠯᠴᠢᠭᠡᠷ ᠲᠡᠬᠢ ᠮᠠᠯ ᠪᠡᠯᠴᠢᠭᠡᠷ᠎ᠢ ᠲᠡᠩᠴᠡᠭᠦᠷᠢ᠎ᠲᠡᠶ ᠪᠠᠢᠯᠭᠠᠬᠤ ᠵᠢᠭᠠᠯᠲᠠ ᠲᠣᠭ᠎ᠠ 23.9% ᠪᠠᠢᠭ᠍ᠰᠠᠨ᠎ᠠᠴᠠ᠎ᠪᠠᠨ ᠪᠠᠭᠤᠷᠠᠭᠠᠳ 10% ᠬᠦᠷᠬᠦ ᠦᠭᠡᠢ ᠪᠣᠯᠪᠠ

ᠵᠠᠮ ᠬᠠᠷᠢᠯᠴᠠᠭ᠎ᠠ ᠪᠠᠷᠠᠭᠠᠨ᠎ᠤ ᠭᠦᠶ᠋ᠯᠭᠡᠭᠡ ᠵᠢᠨ ᠬᠦᠷᠢᠶ᠎ᠡ ᠴᠠᠷᠠᠭᠠᠨ ᠳ᠋ᠡᠬᠢ ᠥᠭᠡᠷᠡᠴᠢᠯᠡᠯᠲᠡ᠎ᠶ᠋ᠢ ᠠᠬᠢᠭᠤᠯᠪᠠ

ᠰᠦᠯᠵᠢᠶ᠎ᠡ᠎ᠪᠡᠷ ᠪᠠᠷᠠᠭ᠎ᠠ ᠲᠡᠭᠡᠭᠡᠪᠦᠷᠢᠯᠡᠬᠦ᠌᠎ᠶ᠋ᠢ ᠬᠢᠨᠠᠨ ᠬᠠᠮᠢᠶᠠᠷᠬᠤ ᠦᠶ᠋ᠯᠡᠴᠢᠯᠡᠭᠡ᠎ᠶ᠋ᠢ ᠴᠢᠩᠭᠠᠳᠭᠠᠨ᠂ ᠰᠦᠯᠵᠢᠶ᠎ᠡ᠎ᠪᠡᠷ ᠪᠠᠷᠠᠭ᠎ᠠ ᠲᠡᠭᠡᠭᠡᠪᠦᠷᠢᠯᠡᠭᠰᠡᠨ ᠬᠡᠮᠵᠢᠶ᠎ᠡ᠂ ᠠᠷᠠᠯᠵᠢᠶᠠᠯᠠᠬᠰᠠᠨ ᠲᠣᠭ᠎ᠠ ᠲᠣᠰ ᠲᠣᠰ 3.5 ᠳᠠᠬᠢᠨ ᠪᠠ 2.5 ᠳᠠᠬᠢᠨ᠎ᠢᠶᠠᠷ ᠨᠡᠮᠡᠭ᠌ᠳᠡᠪᠡ

ᠵᠠᠰᠠᠮᠠᠯ ᠵᠠᠮ ᠲᠡᠮᠦᠷ ᠵᠠᠮ ᠠᠭᠠᠷ᠎ᠤᠨ ᠲᠡᠭᠡᠭᠡᠪᠦᠷᠢ ᠱᠢᠦᠳᠠᠨ᠎ᠤ ᠶᠠᠪᠤᠳᠠᠯ᠎ᠤᠨ ᠳᠠᠭᠠᠭᠤᠯᠤᠭ᠍ᠴᠢ ᠠᠵᠤ ᠠᠬᠤᠢᠯᠠᠯ᠎ᠢ 91 ᠪᠣᠢᠵᠢᠭᠤᠯᠵᠤ᠂  4747 ᠺᠢᠯᠣᠮᠧᠲ᠋ᠷ ᠲᠦᠷᠭᠡᠨ᠎ᠤ ᠵᠠᠰᠠᠮᠠᠯ ᠵᠠᠮ᠎ᠤᠨ ᠬᠤᠷᠳᠤᠴᠠ ᠵᠢᠨ ᠬᠢᠵᠠᠭᠠᠷᠯᠠᠯ ᠳ᠋ᠦ ᠲᠣᠬᠢᠷᠠᠭᠤᠯᠤᠯᠲᠠ ᠬᠢᠵᠦ᠍᠂ ᠴᠠᠭ᠎ᠤᠨ ᠬᠤᠷᠳᠤᠴᠠ ᠵᠢ 120 ᠺᠢᠯᠣᠮᠧᠲ᠋ᠷ ᠵᠢᠡᠷ ᠬᠢᠵᠠᠭᠠᠷᠯᠠᠬᠤ ᠵᠠᠮ᠎ᠤᠨ ᠬᠡᠰᠡᠭ᠎ᠦᠨ ᠡᠵᠡᠯᠡᠬᠦ᠌ ᠬᠠᠷᠢᠴᠠᠯ 18 % ᠪᠠᠢᠭ᠍ᠰᠠᠨ᠎ᠠᠴᠠ ᠨᠡᠮᠡᠭᠳᠡᠭᠡᠳ 71% ᠪᠣᠯᠪᠠ

ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠢ ᠦᠷᠭᠦᠯᠵᠢᠯᠡᠨ ᠱᠢᠯᠢᠳᠡᠭ᠌ᠵᠢᠭᠦᠯᠪᠡ

ᠠᠷᠠᠳ᠎ᠤᠨ ᠡᠵᠡᠩᠨᠡᠯᠳᠡ ᠵᠢᠨ ᠠᠵᠤ ᠠᠬᠤᠢ᠎ᠶ᠋ᠢᠨ ᠬᠥᠭ᠌ᠵᠢᠯᠲᠡ᠎ᠶ᠋ᠢᠨ ᠦᠢᠯᠡᠴᠢᠯᠡᠭᠡᠨ᠎ᠦ ᠲᠣᠪᠴᠢᠢ᠎ᠠ᠎ᠶ᠋ᠢ ᠪᠠᠢᠭᠤᠯᠪᠠ

ᠠᠷᠠᠳ᠎ᠤᠨ ᠡᠵᠡᠩᠨᠡᠯᠳᠡ ᠵᠢᠨ ᠠᠵᠤ ᠠᠬᠤᠢ᠎ᠶ᠋ᠢᠨ ᠴᠢᠨᠠᠷ ᠰᠠᠢᠲᠠᠢ ᠬᠥᠭ᠌ᠵᠢᠯᠲᠡ᠎ᠶ᠋ᠢ ᠳᠡᠮᠵᠢᠬᠦ᠌ ᠰᠠᠨᠠᠯ᠎ᠢ ᠨᠡᠢᠲᠡᠯᠡᠪᠡ

ᠠᠵᠤ ᠠᠬᠤᠢᠯᠠᠯ᠎ᠤᠨ ᠭᠠᠢᠯᠢ᠎ᠶ᠋ᠢ ᠬᠠᠰᠤᠵᠤ ᠰᠦᠶ᠋ᠳᠭᠡᠯ᠎ᠢ ᠪᠠᠭᠤᠷᠠᠭᠤᠯᠤᠬᠰᠠᠨ ᠵᠢᠴᠢ ᠭᠠᠢᠯᠢ᠎ᠶ᠋ᠢ ᠪᠤᠴᠠᠭᠠᠬᠰᠠᠨ ᠨᠢ 300 ᠳ᠋ᠦᠩᠱᠢᠭᠤᠷ ᠲᠥᠭᠥᠷᠢᠭ ᠬᠦᠷᠪᠡ

ᠥᠪᠡᠷᠲᠡᠭᠡᠨ ᠵᠠᠰᠠᠬᠤ ᠣᠷᠣᠨ᠎ᠤ ᠠᠵᠤ ᠠᠬᠤᠢᠯᠠᠯ᠎ᠳᠤ ᠠᠱᠢᠭ ᠬᠦᠷᠲᠡᠭᠡᠬᠦ᠌ ᠱᠢᠭᠤᠳ ᠬᠦᠷᠭᠡᠬᠦ᠌ ᠪᠠᠯᠠ ᠮᠥᠩᠭᠥ᠌ 13.7 ᠳ᠋ᠦᠩᠱᠢᠭᠤᠷ ᠲᠥᠭᠥᠷᠢᠭ ᠬᠦᠷᠪᠡ

ᠲᠦᠭᠡᠮᠡᠯ ᠬᠠᠷᠠᠭᠠᠯᠵᠠᠯᠲᠤ ᠪᠠᠭ᠎ᠠ ᠵᠢᠵᠢᠭ ᠠᠵᠤ ᠠᠬᠤᠢᠯᠠᠯ᠎ᠤᠨ ᠵᠢᠭᠡᠯᠡᠯᠭᠡ᠎ᠶ᠋ᠢᠨ ᠦᠯᠡᠳᠡᠪᠦᠷᠢ 14% ᠪᠡᠷ ᠨᠡᠮᠡᠭ᠌ᠳᠡᠪᠡ

《ᠥᠨᠳᠥᠷ ᠪᠦᠲᠦᠮᠵᠢᠲᠡᠶ᠎ᠪᠡᠷ ᠨᠢᠭᠡ ᠶᠠᠪᠤᠳᠠᠯ᠎ᠢ  ᠬᠦᠢᠴᠡᠳᠭᠡᠬᠦ》ᠲᠥᠷᠥ᠎ᠶ᠋ᠢᠨ ᠶᠠᠪᠤᠳᠠᠯ᠎ᠤᠨ ᠬᠣᠷᠢᠶᠠᠨ᠎ᠤ ᠨᠡᠢᠲᠡᠯᠡᠭ᠌ᠰᠡᠨ 13 ᠵᠦᠢᠯᠡᠰ᠎ᠢ ᠪᠡᠶᠡᠯᠡᠭᠦᠯᠦᠭᠰᠡᠨ ᠰᠠᠭᠤᠷᠢᠨ ᠳᠡᠭᠡᠷ᠎ᠡ ᠪᠠᠰᠠ 10 ᠵᠦᠢᠯᠡᠰ᠎ᠢ ᠨᠡᠢᠲᠡᠯᠡᠪᠡ

ᠵᠠᠩᠭᠢᠯᠠᠭ᠎ᠠ᠎ᠶ᠋ᠢᠨ ᠴᠠᠭ᠎ᠤᠨ ᠬᠢᠵᠠᠭᠠᠷ᠎ᠤᠨ ᠮᠠᠲ᠋ᠧᠷᠢᠶᠠᠯ᠎ᠢ ᠴᠥᠮ 70% ᠎ᠡᠴᠡ ᠳᠡᠭᠡᠭ᠌ᠰᠢ ᠬᠠᠰᠤᠪᠠ

ᠠᠷᠠᠳ᠎ᠤᠨ ᠡᠵᠡᠩᠨᠡᠯᠳᠡ ᠵᠢᠨ ᠭᠤᠤᠯ ᠴᠣᠭ᠍ᠴᠠ 16.4 ᠲᠦᠮᠡᠨ ᠡᠷᠦᠬᠡ ᠪᠤᠳᠠᠳᠠᠢ ᠨᠡᠮᠡᠭ᠌ᠳᠡᠨ᠂ 6.4% ᠪᠡᠷ ᠨᠡᠮᠡᠭ᠌ᠳᠡᠪᠡ

ᠶᠢᠩ ᠰᠧ ᠲᠧ ᠬᠣᠪᠣᠷ ᠰᠣᠷᠢᠨᠵᠢᠨ ᠱᠢᠨ᠎ᠡ ᠮᠠᠲ᠋ᠧᠷᠢᠶᠠᠯ ᠱᠧᠨᠵᠧᠨ᠎ᠤ ᠲᠡᠮᠳᠡᠭᠲᠤ ᠵᠢᠨ ᠠᠷᠠᠯᠵᠢᠶᠠᠨ᠎ᠤ ᠭᠠᠵᠠᠷ᠎ᠲᠦ ᠰᠲ᠋ᠤᠺ ᠵᠢᠡᠨ ᠵᠠᠬ᠎ᠠ ᠳᠡᠯᠭᠡᠭᠦᠷ᠎ᠲᠦ ᠭᠠᠷᠭᠠᠪᠠ

ᠤᠯᠤᠰ᠎ᠤᠨ ᠥᠮᠴᠢᠯᠡᠯᠲᠦ ᠠᠵᠤ ᠠᠬᠤᠢᠯᠠᠯ᠎ᠤᠨ ᠦᠭᠡᠷᠡᠴᠢᠯᠡᠯᠲᠡ ᠢ᠋ᠢᠨ ᠪᠦᠰᠡᠯᠡᠯᠲᠡ ᠰᠢᠪᠲᠤᠯᠬᠤ ᠠᠵᠢᠯ ᠢ᠋ ᠬᠦᠨᠵᠡᠭᠡᠢᠷᠡᠭᠦᠯᠪᠡ

ᠣᠳᠣ᠌ ᠦᠶ᠎ᠡ᠎ᠶᠢᠨ ᠠᠵᠤ ᠠᠬᠤᠢᠯᠠᠯ᠎ᠤᠨ ᠳᠦᠷᠢᠮ᠎ᠢ ᠲᠦᠷᠭᠡᠳᠬᠡᠨ ᠪᠠᠢᠭᠤᠯᠪᠠ

ᠬᠦᠯᠦᠰᠦ ᠤᠯᠭᠤᠮᠵᠢ ᠬᠢᠭᠡᠳ ᠦᠷ᠎ᠡ ᠠᠰᠢᠭ ᠢ᠋ ᠪᠠᠲᠤᠯᠠᠭᠠᠲᠦ ᠴᠢᠨᠠᠷᠲᠠᠢ ᠪᠡᠷ ᠬᠤᠯᠪᠤᠬᠲᠠᠭᠤᠯᠬᠤ ᠲᠤᠬᠲᠠᠴᠠ ᠵᠢ ᠬᠡᠷᠡᠭᠵᠢᠭᠦᠯᠪᠡ

ᠥᠪᠡᠷᠲᠡᠭᠡᠨ ᠵᠠᠰᠠᠬᠤ ᠣᠷᠣᠨ᠎ᠤ ᠤᠯᠤᠰ᠎ᠤᠨ ᠥᠮᠴᠢᠯᠡᠯᠲᠦ ᠡᠳ᠋ ᠬᠥᠷᠥᠩᠭᠡ᠎ᠶᠢᠨ ᠬᠢᠨᠠᠯᠲᠠ ᠬᠠᠮᠢᠶᠠᠷᠤᠯᠲᠠ᠎ᠶᠢᠨ ᠵᠥᠪᠯᠡᠯ᠎ᠦᠨ ᠬᠢᠨᠠᠨ ᠬᠠᠮᠢᠶᠠᠷᠴᠤ ᠪᠠᠢᠭ᠎ᠠ ᠠᠵᠤ ᠠᠬᠤᠢᠯᠠᠯ᠎ᠤᠨ ᠡᠳ᠋ ᠬᠥᠷᠥᠩᠭᠡ᠎ᠶᠢᠨ ᠶᠡᠷᠦᠩᠬᠡᠢ ᠲᠤᠭ᠎ᠠ ᠠᠩᠬ᠎ᠠ ᠤᠳᠠᠭ᠎ᠠ ᠲᠦᠮᠡᠨ ᠳ᠋ᠦ᠋ᠩᠰᠢᠭᠤᠷ ᠲᠦᠭᠦᠷᠢᠭ ᠢ᠋ ᠲᠠᠪᠠᠪᠠ

ᠪᠥᠬᠥ ᠤᠯᠤᠰ᠎ᠤᠨ 500 ᠬᠦᠴᠦᠷᠬᠡᠭ ᠠᠵᠦ ᠠᠬᠤᠢᠯᠠᠯ᠎ᠦᠨ ᠨᠡᠷᠡᠰ᠎ᠦᠨ ᠵᠢᠭ᠍ᠰᠠᠭᠠᠯᠲᠠ᠎ᠳᠤ ᠴᠠᠬᠢᠯᠭᠠᠨ ᠬᠦᠴᠦᠨ᠎ᠦ ᠪᠦᠯᠦᠭᠯᠡᠯ 11 ᠨᠡᠷᠡᠰ ᠲᠡᠪᠰᠢᠪᠡ

ᠪᠤᠭᠤᠲᠤ᠎ᠶᠢᠨ ᠪᠣᠯᠣᠳ ᠲᠡᠮᠦᠷ᠎ᠦᠨ ᠪᠦᠯᠦᠭᠯᠡᠯ᠎ᠦᠨ ᠠᠰᠢᠭ᠋ ᠤᠯᠵᠠᠪᠤᠷᠢ᠎ᠶᠢᠨ ᠨᠡᠮᠡᠭᠳᠡᠯ᠎ᠦᠨ ᠬᠤᠷᠳᠤᠴᠠ ᠠᠵᠢᠯ ᠲᠦᠷᠦᠯ᠎ᠦᠨ ᠳᠤᠮᠳᠠᠴᠢ ᠲᠦᠪᠰᠢᠨ᠎ᠡᠴᠡ 33 ᠵᠠᠭᠤᠨ᠎ᠤ ᠴᠡᠭ ᠦᠨᠳᠦᠷ ᠪᠤᠯᠪᠠ

ᠡᠨᠧᠷᠭᠢ᠎ᠶᠢᠨ ᠪᠦᠯᠦᠭᠯᠡᠯ᠂ ᠣᠶ ᠰᠢᠭᠤᠢ ᠨᠤᠳᠤᠭ ᠪᠡᠯᠴᠢᠭᠡᠷ᠎ᠦᠨ ᠠᠮᠢ ᠠᠬᠤᠢ᠎ᠶᠢᠨ ᠺᠣᠮᠫᠠᠨᠢ᠎ᠶᠢᠨ ᠠᠰᠢᠭ᠋ ᠤᠯᠵᠠᠪᠤᠷᠢ ᠲᠣᠰ ᠪᠦᠷᠢ 1 ᠳᠠᠬᠢᠨ ᠪᠠ 15 ᠳᠠᠬᠢᠨ ᠨᠡᠮᠡᠭᠳᠡᠪᠡ

ᠵᠠᠮ ᠬᠠᠷᠢᠯᠴᠠᠭᠠᠨ᠎ᠤ ᠪᠦᠯᠦᠭᠯᠡᠯ᠂ ᠰᠣᠶᠣᠯ ᠵᠢᠭᠤᠯᠴᠢᠯᠠᠯ᠎ᠤᠨ ᠪᠦᠯᠦᠭᠯᠡᠯ᠎ᠦᠨ ᠡᠵᠡᠩᠨᠡᠯᠲᠡ᠎ᠶᠢᠨ ᠣᠷᠣᠯᠭ᠎ᠠ ᠲᠣᠰ ᠪᠦᠷᠢ 1.1 ᠳᠠᠬᠢᠨ ᠪᠠ 4.3 ᠳᠠᠬᠢᠨ ᠨᠡᠮᠡᠭᠳᠡᠪᠡ

ᠵᠠᠰᠠᠭ᠎ᠢ ᠴᠣᠮᠬᠠᠳᠬᠠᠨ ᠡᠷᠬᠡ᠎ᠶᠢ ᠲᠠᠯᠪᠢᠬᠤ ᠦᠭᠡᠷᠡᠴᠢᠯᠡᠯᠲᠡ ᠵᠢ ᠬᠦᠨᠵᠡᠭᠡᠢᠷᠡᠭᠦᠯᠪᠡ

ᠬᠥᠭᠵᠢᠭᠦᠯᠦᠯᠲᠡ ᠪᠠ ᠥᠭᠡᠷᠡᠴᠢᠯᠡᠯᠲᠡ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ᠂ ᠡᠳ᠋᠎ᠦᠨ ᠵᠠᠰᠠᠭ ᠵᠡᠷᠭᠡ ᠰᠠᠯᠠᠭ᠎ᠠ ᠮᠥᠴᠢᠷ ᠨᠢ ᠬᠢᠨᠠᠨ ᠵᠥᠪᠰᠢᠶᠡᠷᠡᠬᠦ ᠴᠤᠪᠤᠷᠠᠯ᠎ᠤᠨ ᠬᠤᠭᠤᠴᠠᠭᠠᠲᠦ ᠦᠢᠯᠡᠲᠦᠯ ᠢ᠋ ᠰᠢᠯᠢᠲᠡᠭᠵᠢᠭᠦᠯᠬᠦ᠂ ᠪᠡᠯᠡ ᠮᠥᠩᠭᠥᠨ᠎ᠤ ᠬᠠᠮᠢᠶᠠᠷᠤᠯᠲᠠ᠎ᠶᠢᠨ ᠡᠷᠬᠡ ᠵᠢ ᠠᠭᠤᠵᠢᠭᠤ ᠲᠠᠯᠪᠢᠬᠤ ᠵᠡᠷᠭᠡ ᠨᠢᠭᠡ ᠪᠦᠯᠦᠭ ᠥᠭᠡᠷᠡᠴᠢᠯᠡᠯᠲᠡ᠎ᠶᠢᠨ ᠵᠦᠢᠯᠡᠰ᠎ᠢ ᠨᠡᠢᠲᠡᠯᠡᠪᠡ

ᠲᠣᠭᠣᠷᠢᠨ ᠪᠠᠢᠴᠠᠭᠠᠯᠲᠠ᠂ ᠬᠢᠨᠠᠨ ᠪᠤᠳᠤᠯᠲᠠ᠂ ᠲᠤᠭ᠎ᠠ ᠪᠦᠷᠢᠳᠬᠡᠯ ᠵᠡᠷᠭᠡ ᠬᠢᠨᠠᠨ ᠪᠠᠢᠴᠠᠭᠠᠯᠲᠠ ᠪᠡᠷ ᠢᠯᠡᠷᠡᠭᠦᠯᠦᠭᠰᠡᠨ ᠠᠰᠠᠭᠤᠳᠠᠯ᠎ᠤᠳ ᠢ᠋ ᠬᠢᠨᠠᠮᠠᠭᠠᠢ ᠴᠡᠭᠴᠡᠯᠡᠨ ᠵᠠᠰᠠᠪᠠ

ᠨᠡᠭᠦᠷᠡᠰᠦᠨ᠎ᠦ ᠡᠬᠢ ᠪᠠᠶᠠᠯᠢᠭ᠋᠎ᠤᠨ ᠬᠦᠷᠢᠶ᠎ᠠ ᠴᠠᠷᠠᠭᠠᠨ᠎ᠳᠡᠬᠢ ᠬᠠᠤᠯᠢ ᠲᠣᠭᠲᠠᠭᠠᠯ ᠡᠴᠡ ᠵᠥᠷᠢᠴᠡᠭᠰᠡᠨ ᠠᠰᠠᠭᠤᠳᠠᠯ᠎ᠤᠨ ᠵᠠᠰᠠᠯᠲᠠ᠎ᠶᠢ ᠪᠠᠢᠩᠭᠤᠵᠢᠭᠤᠯᠤᠨ ᠠᠬᠢᠭᠤᠯᠪᠠ

ᠤᠯᠤᠰ᠎ᠤᠨ ᠥᠮᠴᠢᠯᠡᠯᠲᠦ ᠠᠵᠤ ᠠᠬᠤᠢᠯᠠᠯ᠂ ᠡᠮ ᠡᠮᠨᠡᠯᠭᠡ᠂ ᠮᠥᠩᠭᠥᠨ ᠭᠦᠢᠯᠭᠡᠭᠡ᠂ ᠳᠠᠭᠠᠭᠠᠴᠢᠯᠠᠯᠲᠠ ᠵᠠᠷᠯᠠᠵᠦ ᠳᠠᠭᠠᠭᠠᠴᠢᠯᠠᠯᠲᠠ ᠬᠦᠯᠢᠶᠡᠬᠦ ᠵᠡᠷᠭᠡ ᠬᠦᠷᠢᠶ᠎ᠠ ᠴᠠᠷᠠᠭᠠᠨ᠎ᠳᠡᠬᠢ ᠲᠣᠪᠣᠢᠮ᠎ᠠ ᠠᠰᠠᠭᠤᠳᠠᠯ᠎ᠤᠳ᠎ᠢ ᠭᠦᠨᠵᠡᠭᠡᠢ ᠴᠡᠭᠴᠡᠯᠡᠨ ᠵᠠᠰᠠᠪᠠ


ᠨᠢᠭᠡ ᠵᠢᠯ᠎ᠦᠨ ᠲᠤᠷᠰᠢ᠂ ᠥᠪᠥᠷ ᠮᠣᠩᠭᠣᠯ ᠨᠢᠭᠡ ᠲᠠᠯ᠎ᠠ᠎ᠪᠠᠷ ᠠᠵᠤ ᠠᠬᠤᠢ᠎ᠶᠢᠨ ᠬᠥᠭᠵᠢᠯᠲᠡ᠎ᠶᠢ ᠠᠳᠬᠤᠵᠤ᠂ ᠨᠦᠬᠦᠭᠡ ᠲᠠᠯ᠎ᠠ᠎ᠪᠠᠷ ᠠᠷᠠᠳ᠎ᠤᠨ ᠠᠮᠢᠳᠤᠷᠠᠯ᠎ᠢ ᠰᠠᠢᠵᠢᠷᠠᠭᠤᠯᠬᠤ ᠎ᠶᠢ ᠠᠳᠬᠤᠵᠤ᠂ ᠦᠨᠳᠦᠰᠦᠲᠡᠨ᠎ᠨᠦᠭᠦᠳ᠎ᠦᠨ ᠣᠯᠠᠨ ᠲᠦᠮᠡᠨ ᠬᠠᠮᠲᠦ᠎ᠪᠡᠷ ᠣᠳᠣᠬᠢᠴᠢᠯᠠᠯᠲᠠ ᠢ᠋ᠢᠨ ᠪᠦᠲᠦᠭᠡᠨ ᠪᠠᠢᠭᠤᠯᠤᠯᠲᠠ᠎ᠶᠢᠨ ᠦᠷ᠎ᠡ ᠪᠦᠲᠦᠭᠡᠯ ᠢ᠋ ᠡᠳ᠋ᠯᠡᠪᠡ


ᠵᠢᠱ᠌ᠢᠯᠲᠡ ᠪᠡᠷ ᠲᠤᠬᠲᠠᠮᠠᠯ ᠬᠦᠷᠦᠩᠭᠡ ᠢ᠋ᠢᠨ ᠪᠡᠯᠡ ᠤᠷᠤᠭᠤᠯᠤᠯᠲᠠ 13% ᠪᠡᠷ ᠨᠡᠮᠡᠭᠲᠡᠨ᠂ ᠪᠦᠬᠦ ᠤᠯᠤᠰ᠎ᠤᠨ 2 ᠳ᠋ᠤᠭᠠᠷ ᠪᠠᠢᠷᠢ ᠪᠠᠨ ᠪᠠᠲᠤᠯᠠᠵᠦ᠂ ᠴᠢᠬᠤᠯᠠ ᠶᠡᠬᠡ ᠲᠦᠷᠦᠯ ᠵᠦᠢᠯ᠎ᠤᠨ ᠪᠡᠯᠡ ᠤᠷᠤᠭᠤᠯᠤᠯᠲᠠ 9100 ᠳ᠋ᠦ᠋ᠩᠰᠢᠭᠤᠷ ᠲᠦᠭᠦᠷᠢᠭ ᠢ᠋ ᠲᠠᠪᠠᠪᠠ

ᠵᠢᠱ᠌ᠢᠯᠲᠡ ᠪᠡᠷ ᠨᠡᠢᠭᠡᠮ᠎ᠤᠨ ᠬᠡᠷᠡᠭᠯᠡᠭᠡ ᠢ᠋ᠢᠨ ᠵᠦᠢᠯ᠎ᠤᠨ ᠵᠢᠵᠢᠭᠯᠡᠨ ᠪᠤᠷᠤᠯᠠᠭᠤᠯᠤᠬᠰᠠᠨ ᠶᠡᠷᠦᠩᠬᠡᠢ ᠲᠤᠭ᠎ᠠ 4% ᠪᠡᠷ ᠨᠡᠮᠡᠭᠲᠡᠨ᠂ ᠮᠠᠰᠢᠨ ᠲᠡᠷᠭᠡ᠂ ᠬᠡᠷ᠎ᠤᠨ ᠴᠠᠬᠢᠯᠭᠠᠨ ᠬᠡᠷᠡᠭᠰᠡᠯ ᠵᠡᠷᠭᠡ ᠢ᠋ᠢᠨ ᠬᠠᠭᠤᠴᠢᠨ ᠢ᠋ᠢᠡᠷ ᠰᠢᠨ᠎ᠡ ᠵᠢ ᠰᠤᠯᠢᠬᠤ ᠠᠵᠢᠯ ᠨᠢ 300 ᠳ᠋ᠦ᠋ᠩᠰᠢᠭᠤᠷ ᠭᠠᠷᠤᠢ ᠲᠦᠭᠦᠷᠢᠭ᠎ᠤᠨ ᠬᠡᠷᠡᠭᠯᠡᠭᠡ ᠵᠢ ᠲᠠᠢᠴᠢᠯᠠᠪᠠ

ᠪᠦᠬᠦ ᠤᠷᠤᠨ᠎ᠤ ᠬᠦᠯᠢᠶᠡᠨ ᠠᠪᠴᠤ ᠵᠤᠴᠢᠯᠠᠬᠰᠠᠨ ᠵᠢᠭᠤᠯᠴᠢᠯᠠᠬᠰᠠᠳ 2.73 ᠳ᠋ᠦ᠋ᠩᠰᠢᠭᠤᠷ ᠬᠦᠮᠦᠨ ᠤᠳᠠᠭ᠎ᠠ᠎ᠳᠤ ᠬᠦᠷᠴᠦ᠂ 4140 ᠳ᠋ᠦ᠋ᠩᠰᠢᠭᠤᠷ ᠲᠦᠬᠦᠷᠢᠭ᠎ᠤᠨ ᠤᠷᠤᠯᠭ᠎ᠠ ᠵᠢ ᠪᠡᠶᠡᠯᠡᠭᠦᠯᠦᠨ᠂ 18.6% ᠪᠠ 23.4% ᠪᠡᠷ ᠨᠡᠮᠡᠭᠲᠡᠪᠡ

ᠤᠮᠠᠷᠠᠲᠤ ᠬᠢᠯᠢ᠎ᠶᠢᠨ ᠰᠣᠶᠣᠯ᠎ᠤᠨ ᠰᠤᠳᠤᠯᠭᠠᠨ ᠵᠤᠬᠢᠶᠠᠨ ᠪᠦᠲᠦᠭᠡᠯᠭᠡ ᠳᠠᠮᠵᠢᠭᠤᠯᠭ᠎ᠠ ᠵᠢ ᠴᠢᠩᠭᠠᠳᠬᠠᠪᠠ

ᠶᠤᠸᠠᠨ᠎ᠤ ᠳᠡᠭᠡᠳᠦ ᠨᠡᠢᠰᠯᠡᠯ᠂ ᠴᠢᠨ᠎ᠤ ᠴᠢᠭᠡ ᠵᠠᠮ᠎ᠤᠨ ᠪᠠᠭᠤᠷᠢ᠂ ᠤᠳᠠ᠎ᠶᠢᠨ ᠫᠧᠷᠮᠢ ᠭᠠᠯᠪᠠ᠎ᠶᠢᠨ ᠤᠷᠭᠤᠮᠠᠯ᠎ᠤᠨ ᠬᠤᠴᠢᠯᠭ᠎ᠠ᠎ᠶᠢᠨ ᠴᠢᠯᠠᠭᠤᠵᠢᠮᠠᠯ᠎ᠤᠨ ᠭᠠᠷᠤᠯᠲᠠ᠎ᠶᠢᠨ ᠣᠷᠣᠨ᠎ᠢ ᠬᠠᠮᠠᠭᠠᠯᠠᠬᠤ ᠠᠵᠢᠯ ᠢᠳᠡᠪᠬᠢᠲᠡᠢ ᠠᠬᠢᠯᠲᠠ᠎ᠲᠠᠢ ᠪᠣᠯᠪᠠ

ᠬᠤᠩᠱᠠᠨ ᠰᠣᠶᠣᠯ᠎ᠤᠨ ᠬᠠᠭᠤᠴᠢ ᠰᠤᠳᠤᠯᠤᠯ ᠴᠢᠬᠤᠯᠠ ᠶᠡᠬᠡ ᠢᠯᠡᠷᠡᠭᠦᠯᠦᠯᠲᠡ᠎ᠲᠠᠢ ᠪᠤᠯᠪᠠ

ᠪᠠᠳᠠᠢ᠎ᠶᠢᠨ ᠵᠢᠷᠠᠨ᠎ᠤ ᠡᠯᠡᠰᠦ ︱ ᠡᠯᠡᠰᠦᠨ ᠴᠤᠬᠢᠶ᠎ᠠ ᠨᠠᠭᠤᠷ ᠪᠦᠷᠢᠲᠦ ᠨᠤᠬᠦᠳ ᠢ᠋ ᠠᠮᠵᠢᠯᠲᠠ᠎ᠲᠠᠢ᠎ᠪᠠᠷ ᠦᠪ ᠪᠤᠯᠭᠠᠨ ᠭᠤᠶᠤᠴᠢᠯᠠᠪᠠ

ᠲᠧᠯᠸᠢᠰ ᠵᠦᠴᠦᠭᠡ 《ᠠᠬᠠᠮᠠᠳ ᠦᠶ᠎ᠡ᠎ᠶᠢᠨ ᠢᠷᠠᠭᠤ ᠠᠯᠳᠠᠷ》 ᠨᠢ 《ᠲᠠᠪᠤᠨ ᠨᠢᠭᠡ᠎ᠶᠢᠨ ᠢᠨᠵᠧᠨᠧᠷᠢᠩ》 ᠤ᠋ᠨ ᠱᠠᠩᠨᠠᠯ ᠬᠦᠷᠲᠡᠪᠡ

ᠤᠯᠠᠭᠠᠨᠮᠥ᠋ᠴᠢᠷ ᠨᠢ ᠪᠡᠭᠡᠵᠢᠩ ᠱᠠᠩᠬᠠᠢ ᠭᠤᠸᠠᠩᠵᠸᠦ ᠵᠡᠷᠭᠡ 25 ᠮᠤᠵᠢ ᠬᠣᠲᠠ ᠪᠡᠷ 760 ᠭᠠᠷᠤᠢ ᠲᠠᠯᠠᠪᠤᠷ ᠲᠣᠭᠣᠷᠢᠨ ᠲᠣᠭᠯᠠᠪᠠ

《ᠤᠮᠠᠷᠠᠲᠤ ᠬᠢᠯᠢ᠎ᠶᠢᠨ ᠰᠣᠶᠣᠯ᠎ᠤᠨ ᠡᠬᠡ ᠤᠯᠤᠰ ᠲᠡᠬᠢ ᠠᠶᠠᠯᠠᠯ》 ᠢ᠋ ᠪᠦᠬᠦ ᠤᠯᠤᠰ᠎ᠲᠤ ᠬᠠᠩᠬᠢᠨᠠᠭᠤᠯᠪᠠ

ᠠᠷᠠᠳ᠎ᠤᠨ ᠠᠮᠢᠳᠤᠷᠠᠯ᠎ᠤᠨ ᠦᠢᠯᠡᠰ ᠲᠠᠰᠤᠷᠠᠯᠲᠠ ᠦᠭᠡᠢ ᠰᠢᠨ᠎ᠡ ᠠᠬᠢᠯᠲᠠ᠎ᠲᠠᠢ ᠪᠣᠯᠪᠠ

ᠬᠣᠲᠠ ᠪᠠᠯᠭᠠᠰᠤᠨ᠎ᠤ 20.1 ᠲᠦᠮᠡᠨ ᠬᠥᠮᠥᠨ᠎ᠳᠦ ᠰᠢᠨ᠎ᠡ᠎ᠪᠡᠷ ᠠᠵᠢᠯ ᠣᠯᠭᠣᠪᠠ

ᠵᠢᠯ᠎ᠦᠨ ᠡᠬᠢᠨ᠎ᠳᠦ ᠠᠮᠠᠯᠠᠭᠰᠠᠨ 33 ᠵᠦᠢᠯ᠎ᠦᠨ ᠠᠷᠠᠳ᠎ᠤᠨ ᠠᠮᠢᠳᠤᠷᠠᠯ᠎ᠤᠨ ᠪᠣᠳᠠᠲᠤ ᠶᠠᠪᠤᠳᠠᠯ᠎ᠢ ᠪᠦᠬᠦᠨ᠎ᠢ ᠪᠡᠶᠡᠯᠡᠭᠦᠯᠪᠡ

ᠬᠣᠲᠠ ᠬᠥᠳᠡᠭᠡ᠎ᠶᠢᠨ ᠰᠠᠭᠤᠭᠠᠯᠢ ᠠᠷᠠᠳ᠎ᠤᠨ ᠨᠠᠰᠤᠵᠢᠯ᠎ᠤᠨ ᠮᠥᠩᠭᠥ᠂ ᠵᠡᠮᠳᠡᠭᠴᠦᠳ᠎ᠦᠨ ᠨᠡᠮᠡᠬᠦᠷᠢ ᠵᠡᠷᠭᠡ 5 ᠵᠦᠢᠯ᠎ᠦᠨ ᠪᠠᠷᠢᠮᠵᠢᠶ᠎ᠠ ᠵᠢ ᠲᠡᠭᠡᠭᠰᠢᠯᠡᠭᠦᠯᠪᠡ

ᠠᠷᠠᠳ᠎ᠤᠨ ᠠᠮᠢᠳᠤᠷᠠᠯ᠎ᠤᠨ ᠦᠨᠳᠦᠰᠦᠨ ᠪᠠᠲᠤᠯᠠᠭ᠎ᠠ ᠶ᠋ᠢᠨ ᠪᠠᠷᠢᠮᠵᠢᠶ᠎ᠠ ᠴᠦᠮ ᠪᠦᠬᠦ ᠤᠯᠤᠰ᠎ᠤᠨ ᠲᠤᠮᠲᠠᠴᠢ ᠬᠢᠷᠢ ᠲᠦᠪᠰᠢᠨ᠎ᠳᠤ ᠬᠦᠷᠦᠭᠰᠡᠨ ᠪᠤᠶᠤ ᠲᠠᠪᠠᠪᠠ

ᠪᠠᠲᠤᠯᠠᠭ᠎ᠠ᠎ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ᠎ᠶᠢ 1.69 ᠲᠦᠮᠡᠨ ᠢᠵᠢ ᠰᠢᠨ᠎ᠡ᠎ᠪᠡᠷ ᠪᠡᠯᠡᠳᠬᠡᠨ ᠪᠠᠢᠭᠤᠯᠪᠠ

ᠮᠠᠯᠵᠢᠬᠤ ᠲᠠᠷᠢᠶᠠᠯᠠᠬᠤ ᠣᠷᠣᠨ᠎ᠤ ᠨᠤᠷᠠᠬᠤ ᠠᠶᠤᠯᠲᠠᠢ ᠭᠡᠷ ᠪᠠᠢᠰᠢᠩ᠎ᠢ 3460 ᠡᠷᠦᠬᠡ᠂ ᠬᠣᠲᠠ ᠪᠠᠯᠭᠠᠰᠤᠨ᠎ᠤ ᠬᠠᠭᠤᠴᠢᠨ ᠰᠠᠭᠤᠭᠠᠯᠢ ᠠᠷᠠᠳ᠎ᠤᠨ ᠲᠤᠭᠤᠷᠢᠭ ᠢ᠋  1185  ᠥᠭᠡᠷᠡᠴᠢᠯᠡᠨ ᠰᠢᠨᠡᠳᠬᠡᠪᠡ

ᠪᠣᠶ᠋ᠢᠳᠠ ᠪᠥᠭᠯᠡᠭᠦᠦ ᠮᠠᠯᠵᠢᠬᠤ ᠲᠠᠷᠢᠶᠠᠯᠠᠬᠤ ᠡᠷᠦᠬᠡ ᠪᠠ ᠬᠢᠯᠢ᠎ᠶᠢᠨ ᠬᠠᠮᠠᠭᠠᠯᠠᠯᠲᠠ᠎ᠶᠢᠨ ᠬᠠᠷᠠᠭᠤᠯ᠎ᠤᠨ ᠭᠠᠵᠠᠷ᠎ᠤᠨ ᠴᠠᠬᠢᠯᠭᠠᠨ ᠬᠦᠴᠦᠨ᠎ᠤ ᠲᠣᠣᠷ᠎ᠢ ᠤᠷᠲᠤᠳᠬᠠᠬᠤ ᠵᠢᠴᠢ ᠰᠢᠨ᠎ᠡ ᠡᠨᠧᠷᠭᠢ ᠪᠡᠷ ᠴᠠᠬᠢᠯᠭᠠᠨ ᠨᠡᠪᠲᠡᠷᠡᠭᠦᠯᠵᠦ ᠲᠠᠰ ᠳᠡᠪᠰᠢᠭᠦᠯᠬᠦ ᠢᠨᠵᠧᠨᠧᠷᠢᠩ᠎ᠢ ᠪᠥᠬᠥ ᠲᠠᠯ᠎ᠠ᠎ᠪᠠᠷ ᠪᠡᠶᠡᠯᠡᠭᠦᠯᠪᠡ

ᠪᠡᠭᠡᠵᠢᠩ᠎ᠦᠨ ᠨᠥᠬᠥᠷᠯᠡᠯ ᠡᠮᠨᠡᠯᠭᠡ᠎ᠶᠢᠨ ᠬᠣᠷᠢᠶ᠎ᠠ᠂ ᠰᠢᠦᠸᠠᠨ ᠦ᠋ ᠡᠮᠨᠡᠯᠭᠡ᠎ᠶᠢᠨ ᠬᠣᠷᠢᠶ᠎ᠠ᠎ᠶᠢᠨ ᠥᠪᠥᠷ ᠮᠣᠩᠭᠣᠯ᠎ᠳᠡᠬᠢ ᠡᠮᠨᠡᠯᠭᠡ᠎ᠶᠢᠨ ᠬᠣᠷᠢᠶ᠎ᠠ ᠵᠡᠷᠭᠡ ᠤᠯᠤᠰ᠎ᠤᠨ ᠣᠷᠣᠨ ᠪᠦᠰᠡ᠎ᠶᠢᠨ 2 ᠡᠮᠴᠢᠯᠡᠭᠡᠨ᠎ᠦ ᠲᠦᠪ ᠰᠢᠨ᠎ᠡ ᠪᠡᠷ ᠫᠠᠢᠰᠠ ᠡᠯᠭᠦᠨ ᠪᠠᠢᠭᠤᠯᠤᠬᠲᠠᠪᠠ

ᠪᠥᠬᠥ ᠣᠷᠣᠨ᠎ᠤ 333 ᠡᠮᠴᠢᠯᠡᠭᠡᠨ᠎ᠦ ᠪᠠᠢᠭᠤᠯᠤᠮᠵᠢ ᠨᠢ ᠪᠠᠢᠴᠠᠭᠠᠨ ᠰᠢᠯᠭᠠᠭᠰᠠᠨ ᠦᠷ᠎ᠡ ᠳ᠋ᠦᠩ᠎ᠢᠶᠡᠨ ᠬᠠᠷᠢᠯᠴᠠᠨ ᠮᠡᠳᠡᠷᠡᠬᠦ᠎ᠶᠢ ᠪᠡᠶᠡᠯᠡᠭᠦᠯᠪᠡ

ᠡᠮ ᠡᠮᠨᠡᠯᠭᠡ᠎ᠶᠢᠨ ᠲᠥᠪᠯᠡᠷᠡᠭᠦᠯᠦᠨ ᠬᠡᠮᠵᠢᠶ᠎ᠡ ᠲᠠᠢ ᠬᠤᠳᠠᠯᠳᠤᠨ ᠠᠪᠬᠤ ᠠᠵᠢᠯ ᠨᠢ ᠣᠯᠠᠨ ᠲᠦᠮᠡᠨ᠎ᠦ ᠡᠪᠡᠳᠴᠢᠨ ᠦᠵᠡᠭᠦᠯᠬᠦ ᠳᠠᠷᠤᠭᠠᠰᠤ᠎ᠶᠢ 172 ᠳ᠋ᠦᠩᠰᠢᠭᠤᠷ ᠲᠥᠭᠥᠷᠢᠭ ᠬᠥᠩᠭᠡᠷᠡᠭᠦᠯᠪᠡ

ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ ᠤᠯᠤᠰ᠎ᠤᠨ ᠡᠪᠦᠯ᠎ᠦᠨ ᠤᠯᠠᠷᠢᠯ᠎ᠤᠨ ᠲᠠᠮᠢᠷ᠎ᠤᠨ ᠴᠤᠭᠯᠠᠭᠠᠨ᠂ ᠡᠷᠡᠭᠲᠡᠢ᠎ᠶᠢᠨ ᠪᠤᠶ᠋ᠢᠺᠤ ᠪᠥᠮᠪᠥᠭᠡ᠎ᠶᠢᠨ ᠠᠽᠢᠶ᠎ᠠ ᠲᠢᠪ ᠬᠤᠨᠳᠠᠭᠠᠲᠤ ᠬᠣᠯᠪᠣᠭᠠᠲᠤ ᠤᠷᠤᠯᠳᠤᠭᠠᠨ᠂ ᠪᠦᠬᠦ ᠤᠯᠤᠰ᠎ᠤᠨ ᠫᠢᠩᠫᠠᠩ ᠪᠥᠮᠪᠥᠭᠡ᠎ᠶᠢᠨ ᠮᠠᠩᠯᠠᠢ ᠰᠢᠯᠭᠠᠷᠠᠭᠤᠯᠬᠤ ᠤᠷᠤᠯᠳᠤᠭᠠᠨ ᠵᠡᠷᠭᠡ ᠴᠢᠬᠤᠯᠠ ᠶᠡᠬᠡ ᠤᠷᠤᠯᠳᠤᠭᠠᠨ ᠢ᠋ ᠠᠮᠵᠢᠯᠲᠠ᠎ᠲᠠᠢ ᠡᠷᠬᠢᠯᠡᠪᠡ

ᠫᠠᠷᠢᠰ᠎ᠤᠨ ᠤᠯᠢᠮᠫᠢᠺ᠎ᠤᠨ ᠲᠠᠮᠢᠷ᠎ᠤᠨ ᠴᠤᠬᠯᠠᠭᠠᠨ᠎ᠳᠤ ᠮᠠᠨ᠎ᠤ ᠣᠷᠣᠨ᠎ᠤ ᠲᠠᠮᠢᠷᠴᠢᠨ 1 ᠠᠯᠲᠠᠨ ᠮᠧᠳᠠᠯ 1 ᠮᠥᠩᠭᠥᠨ ᠮᠧᠳᠠᠯ᠎ᠤᠨ ᠲᠡᠦᠬᠡᠨ ᠳᠡᠭᠡᠷᠡᠬᠢ ᠬᠠᠮᠤᠭ᠎ᠤᠨ ᠰᠠᠢᠨ ᠬᠢᠷᠢ ᠪᠦᠲᠦᠮᠵᠢ ᠤᠯᠪᠠ

ᠪᠡᠭᠡᠵᠢᠩ ᠥᠪᠥᠷ ᠮᠣᠩᠭᠣᠯ᠎ᠤᠨ ᠬᠠᠮᠵᠢᠯᠴᠠᠭ᠎ᠠ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠠᠴᠠ ᠪᠦᠬᠦ ᠲᠠᠯ᠎ᠠ᠎ᠶᠢᠨ ᠬᠠᠮᠲᠤᠷᠠᠯᠴᠠᠭ᠎ᠠ ᠲᠡᠢᠰᠢ ᠥᠷᠭᠡᠳᠴᠤ᠂ ᠪᠡᠭᠡᠵᠢᠩ᠎ᠦᠨ ᠠᠵᠤ ᠠᠬᠤᠢᠯᠠᠯ ᠰᠠᠭᠤᠷᠢᠰᠢᠵᠦ ᠪᠡᠯᠡ ᠤᠷᠤᠭᠤᠯᠤᠬᠰᠠᠨ ᠲᠤᠭ᠎ᠠ 175 ᠳ᠋ᠦᠩᠰᠢᠭᠤᠷ ᠲᠥᠭᠥᠷᠢᠭ ᠲᠸ᠋ ᠬᠦᠷᠴᠦ᠂ ᠮᠠᠯᠵᠢᠬᠤ ᠲᠠᠷᠢᠶᠠᠯᠠᠬᠤ ᠣᠷᠣᠨ᠎ᠤ 7 ᠲᠦᠮᠡ ᠭᠠᠷᠤᠢ ᠬᠥᠳᠡᠯᠮᠦᠷᠢ ᠬᠦᠴᠦᠨ᠎ᠤ ᠠᠵᠢᠯ ᠤᠯᠭᠤᠯᠲᠠ ᠵᠢ ᠲᠠᠢᠴᠢᠯᠠᠨ᠂ ᠪᠡᠭᠡᠵᠢᠩ᠎ᠤᠨ 1000 ᠭᠠᠷᠤᠢ ᠡᠮᠴᠢ ᠲᠤᠰᠬᠠᠢ ᠮᠡᠷᠭᠡᠵᠢᠯᠲᠡᠨ ᠮᠠᠨ᠎ᠤ ᠣᠷᠣᠨ᠎ᠳᠤ ᠦᠢᠯᠡᠴᠢᠯᠡᠭᠡ ᠥᠷᠨᠢᠭᠦᠯᠵᠦ᠂ ᠮᠠᠨ᠎ᠤ ᠣᠷᠣᠨ᠎ᠤ 308 ᠳ᠋ᠦᠩᠰᠢᠭᠤᠷ ᠲᠥᠭᠥᠷᠢᠭ᠎ᠦᠨ ᠪᠣᠬᠢᠷᠲᠤᠯ ᠦᠭᠡᠢ ᠮᠠᠯ᠎ᠤᠨ ᠠᠰᠢᠭ᠋ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠢ ᠨᠡᠢᠰᠯᠡᠯ᠎ᠳᠦ ᠣᠷᠣᠭᠤᠯᠪᠠ


ᠥᠩᠭᠡᠷᠡᠭᠰᠡᠨ ᠨᠢᠭᠡ ᠵᠢᠯ᠎ᠳᠦ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠤᠳᠤᠷᠢᠳᠤᠯᠭ᠎ᠠ ᠳᠣᠣᠷ᠎ᠠ᠂ ᠥᠪᠤᠷ ᠮᠤᠨᠭᠭᠤᠯ ᠶᠡᠷᠦᠩᠬᠡᠢ ᠱᠦᠵᠢ ᠰᠢ ᠵᠢᠨ ᠫᠢᠩ᠎ᠦᠨ ᠥᠪᠥᠷ ᠮᠣᠩᠭᠣᠯ ᠳ᠋ᠡᠬᠢ ᠴᠢᠬᠤᠯᠠ ᠵᠢᠭᠠᠪᠤᠷᠢ᠎ᠶᠢᠨ ᠵᠣᠷᠢᠭ᠋ ᠰᠠᠨᠠᠭ᠎ᠠ᠎ᠶᠢ ᠭᠦᠨᠵᠡᠭᠡᠢ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠣᠭᠴᠠᠯᠠᠬᠤ ᠠᠵᠢᠯ᠎ᠤᠨ ᠭᠣᠣᠯ ᠰᠢᠵᠢᠮ᠎ᠢ ᠴᠢᠩᠭ᠎ᠠ ᠡᠵᠡᠮᠳᠡᠵᠦ᠂ ᠰᠡᠳᠬᠢᠯ ᠨᠢᠭᠡᠳᠦᠨ ᠬᠦᠴᠦ᠎ᠪᠡᠨ ᠬᠠᠮᠲᠤᠳᠬᠠᠵᠤ 《ᠬᠣᠶᠠᠷ ᠶᠡᠬᠡ ᠶᠠᠪᠤᠳᠠᠯ》᠎ᠢ ᠰᠠᠢᠲᠤᠷ ᠬᠢᠵᠦ᠂ 《ᠵᠢᠷᠭᠤᠭᠠᠨ ᠢᠨᠵᠧᠨᠧᠷᠢᠩ》᠎ᠢ ᠰᠠᠢᠲᠤᠷ ᠠᠳᠬᠤᠵᠤ᠂ ᠠᠵᠤ ᠠᠬᠤᠢ ᠨᠡᠢᠭᠡᠮ᠎ᠦᠨ ᠬᠥᠭᠵᠢᠯᠲᠡ᠎ᠶᠢᠨ ᠡᠯ᠎ᠡ ᠵᠦᠢᠯ᠎ᠦᠨ ᠠᠵᠢᠯ᠎ᠢ ᠨᠢᠭᠡᠳᠦᠯᠲᠡᠢ ᠲᠥᠯᠥᠪᠵᠢᠭᠦᠯᠦᠨ ᠰᠠᠢᠲᠤᠷ ᠬᠢᠵᠦ᠂ ᠰᠢᠨ᠎ᠡ ᠵᠠᠮ ᠨᠡᠬᠡᠬᠡᠵᠦ ᠳᠤᠮᠳᠠ ᠲᠦᠪᠰᠢᠨ ᠳ᠋ᠸ᠋ ᠣᠷᠣᠬᠤ ᠪᠣᠳᠠᠲᠠᠢ ᠠᠯᠬᠤᠮ᠎ᠢ ᠠᠯᠬᠤᠪᠠ᠃


QQ截图20241030112254.png



◆ ᠵᠢᠱ᠌ᠢᠯᠲᠡ᠎ᠪᠡᠷ ᠭᠠᠵᠠᠷ ᠣᠷᠣᠨ᠎ᠤ ᠦᠢᠯᠡᠳᠪᠦᠷᠢᠯᠡᠯ᠎ᠦᠨ ᠶᠡᠷᠦᠩᠬᠡᠢ ᠥᠷᠲᠡᠭ 6% ᠣᠷᠴᠢᠮ ᠨᠡᠮᠡᠭᠳᠡᠵᠦ᠂ 2.6 ᠲᠦᠮᠡᠨ ᠳ᠋ᠦᠩᠰᠢᠭᠤᠷ ᠲᠥᠭᠥᠷᠢᠭ᠎ᠢ ᠳᠠᠪᠠᠵᠤ᠂ ᠶᠡᠷᠦᠩᠬᠡᠢ ᠬᠡᠮᠵᠢᠶ᠎ᠡ ᠪᠡᠷ ᠵᠢᠡᠨ ᠪᠥᠬᠥ ᠤᠯᠤᠰ᠎ᠤᠨ ᠨᠡᠷᠡᠰ᠎ᠦᠨ ᠵᠢᠭ᠍ᠰᠠᠭᠠᠯᠲᠠ᠎ᠳᠤ 20 ᠳ᠋ᠤᠭᠠᠷ ᠪᠠᠢᠷᠢᠨ᠎ᠳᠤ ᠣᠷᠣᠵᠤ᠂ 5 ᠵᠢᠯ ᠠᠯᠤᠰᠯᠠᠭᠠᠳ ᠪᠥᠬᠥ ᠤᠯᠤᠰ᠎ᠤᠨ ᠳᠤᠮᠳᠠ ᠲᠦᠪᠰᠢᠨ ᠳ᠋ᠸ᠋ ᠳᠠᠬᠢᠨ ᠤᠷᠤᠬᠤ ᠪᠣᠯᠣᠮᠵᠢ᠎ᠲᠠᠢ

◆ ᠠᠵᠤ ᠦᠢᠯᠡᠳᠪᠦᠷᠢ᠎ᠶᠢᠨ ᠨᠡᠮᠡᠭᠳᠡᠯ ᠥᠷᠲᠡᠭ ᠲᠦᠮᠡᠨ ᠳ᠋ᠦᠩᠰᠢᠭᠤᠷ ᠲᠥᠭᠥᠷᠢᠭ᠎ᠦᠨ ᠶᠡᠬᠡ ᠪᠣᠭᠣᠮᠲᠠ᠎ᠶᠢ ᠳᠠᠪᠠᠵᠤ᠂ ᠪᠥᠬᠥ ᠤᠯᠤᠰ᠎ᠤᠨ ᠨᠡᠷᠡᠰ᠎ᠦᠨ ᠵᠢᠭ᠍ᠰᠠᠭᠠᠯᠲᠠ 3 ᠣᠷᠣᠨ ᠳᠡᠭᠡᠭᠰᠢᠯᠡᠵᠦ᠂ 14 ᠳ᠋ᠤᠬᠡᠷ᠎ᠲᠦ ᠣᠷᠣᠪᠠ

◆ ᠰᠦ᠎ᠶᠢᠨ ᠦᠢᠯᠡᠰ᠂ ᠬᠣᠪᠣᠷ ᠰᠢᠷᠣᠢ᠎ᠶᠢᠨ ᠰᠢᠨ᠎ᠡ ᠮᠠᠲᠧᠷᠢᠶᠠᠯ᠂ ᠣᠲᠣ᠌ ᠦᠶ᠎ᠡ᠎ᠶᠢᠨ ᠨᠡᠭᠦᠷᠡᠰᠦ ᠬᠢᠮᠢ᠎ᠶᠢᠨ ᠠᠵᠤ ᠦᠢᠯᠡᠳᠪᠦᠷᠢ ᠤᠯᠤᠰ᠎ᠤᠨ ᠲᠠᠰ᠎ᠤᠨ ᠲᠡᠷᠢᠭᠦᠨ᠎ᠦ ᠦᠢᠯᠡᠳᠬᠦ ᠦᠢᠯᠡᠰ᠎ᠦᠨ ᠰᠦᠷᠦᠭᠵᠢᠯ᠎ᠳᠦ ᠰᠣᠩᠭᠣᠭᠳᠠᠵᠤ᠂ ᠲᠣᠭ᠎ᠠ ᠬᠡᠮᠵᠢᠶ᠎ᠡ ᠨᠢ ᠪᠠᠷᠠᠭᠤᠨ ᠬᠡᠰᠡᠭ᠎ᠦᠨ ᠮᠤᠵᠢ ᠣᠷᠣᠨ᠎ᠤ 2 ᠳ᠋ᠤᠭᠠᠷ᠎ᠲᠤ ᠵᠢᠭ᠍ᠰᠠᠭᠠᠭᠳᠠᠪᠠ

◆ ᠠᠮᠤ ᠪᠤᠳᠠᠭᠠᠨ᠎ᠤ ᠶᠡᠷᠦᠩᠬᠡᠢ ᠤᠨᠠᠯᠲᠠ 820.1 ᠳ᠋ᠦᠩᠰᠢᠭᠤᠷ ᠵᠢᠩ᠎ᠳᠦ ᠬᠦᠷᠴᠦ᠂ 《ᠬᠣᠷᠢᠨ ᠨᠢᠭᠡᠨ ᠵᠢᠯ ᠳᠠᠷᠠᠭᠠᠯᠠᠨ ᠡᠯᠪᠡᠭ ᠬᠤᠷᠢᠶᠠᠯᠲᠠ ᠣᠯᠬᠤ 》 ᠵᠢ ᠪᠡᠶᠡᠯᠡᠭᠦᠯᠵᠦ᠂ ᠨᠡᠮᠡᠭᠳᠡᠯ᠎ᠦᠨ ᠬᠡᠮᠵᠢᠶ᠎ᠡ ᠨᠢ ᠪᠥᠬᠥ ᠤᠯᠤᠰ᠎ᠲᠤ ᠭᠤᠷᠪᠠᠳᠤᠭᠠᠷ᠎ᠲᠤ ᠣᠷᠣᠪᠠ

◆ ᠰᠢᠨ᠎ᠡ ᠡᠨᠧᠷᠭᠢ᠎ᠶᠢᠨ ᠮᠠᠰᠢᠨ ᠴᠣᠭᠴᠠᠯᠠᠪᠤᠷᠢ ᠪᠦᠬᠦ ᠤᠯᠤᠰ᠎ᠲᠤ ᠤᠷᠢᠳ᠎ᠢᠶᠠᠷ ᠳ᠋ᠦᠩᠰᠢᠭᠤᠷ ᠺᠢᠯᠦᠸᠠᠲ᠎ᠢ ᠳᠠᠪᠠᠵᠤ᠂ 1.35 ᠳ᠋ᠦᠩᠰᠢᠭᠤᠷ ᠺᠢᠯᠦᠸᠠᠲ᠎ᠲᠤ ᠬᠦᠷᠴᠦ᠂ ᠢᠯᠴᠢ᠎ᠶᠢᠨ ᠴᠠᠬᠢᠯᠭᠠᠨ᠎ᠤ ᠮᠠᠰᠢᠨ ᠴᠣᠭᠴᠠᠯᠠᠪᠤᠷᠢ ᠡᠴᠨ ᠳᠠᠪᠠᠵᠤ᠂ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶᠢᠨ ᠨᠠᠮ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠡᠴᠨ ᠲᠣᠭᠲᠠᠭᠠᠭᠰᠠᠨ ᠬᠠᠷᠠᠯᠲᠠ᠎ᠶᠢ ᠨᠢᠭᠡ ᠵᠢᠯ ᠤᠷᠢᠳᠴᠢᠯᠠᠨ ᠪᠡᠶᠡᠯᠡᠭᠦᠯᠪᠡ

◆ ᠨᠢᠭᠡᠴᠢ GDP ᠤ᠋ᠨ ᠡᠨᠧᠷᠭᠢ᠎ᠶᠢᠨ ᠬᠣᠷᠣᠭᠳᠠᠯ 3%᠎ᠪᠠᠷ ᠪᠠᠭᠤᠷᠠᠵᠤ᠂ 《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠲᠥᠯᠦᠪᠵᠢᠭᠦᠯᠭᠡ᠎ᠳ᠋ᠡᠬᠢ ᠬᠢᠵᠠᠭᠠᠷᠯᠠᠬᠤ ᠬᠠᠷᠠᠯᠲᠠ᠎ᠳ᠋ᠠᠭᠠᠨ ᠨᠢᠬᠡ ᠵᠢᠯ ᠤᠷᠢᠳᠴᠢᠯᠠᠨ ᠬᠦᠷᠪᠡ

◆ ᠣᠷᠣᠭᠤᠯᠤᠨ ᠠᠪᠴᠢᠷᠠᠵᠤ ᠪᠤᠳᠠᠳᠠᠢᠵᠢᠭᠤᠯᠤᠬᠰᠠᠨ ᠪᠡᠯᠡ ᠮᠥᠩᠭᠥ 5300 ᠳ᠋ᠦᠩᠰᠢᠭᠤᠷ ᠲᠥᠭᠥᠷᠢᠭ᠎ᠢ ᠳᠠᠪᠠᠵᠤ᠂ ᠭᠤᠷᠪᠠᠨ ᠵᠢᠯ᠎ᠳ᠋ᠸ᠋ ᠲᠦᠮᠡᠨ ᠳ᠋ᠦᠩᠰᠢᠭᠤᠷ ᠲᠥᠭᠥᠷᠢᠭ᠎ᠦᠨ ᠪᠡᠯᠡ ᠮᠥᠩᠭᠥ ᠣᠷᠣᠭᠤᠯᠤᠨ ᠠᠪᠴᠢᠷᠠᠬᠤ ᠬᠠᠷᠠᠯᠲᠠ᠎ᠵᠢ ᠨᠢᠬᠡ ᠵᠢᠯ ᠤᠷᠢᠳᠴᠢᠯᠠᠨ ᠪᠡᠶᠡᠯᠡᠭᠦᠯᠪᠡ

◆ ᠪᠤᠳᠤᠯᠳᠠ ᠵᠢᠨ ᠴᠢᠳᠠᠪᠤᠷᠢ ᠵᠢᠨ ᠶᠡᠷᠦᠩᠬᠡᠢ ᠬᠡᠪᠴᠢᠶᠡᠵᠢᠯ 9.4 ᠲᠦᠮᠡᠨ P᠎ᠲᠦ᠍ ᠬᠦᠷᠴᠦ᠂ ᠡᠭᠦᠨ᠎ᠳᠦ ᠤᠶᠤᠨᠴᠢ ᠪᠤᠳᠤᠯᠳᠠ ᠵᠢᠨ ᠴᠢᠳᠠᠪᠤᠷᠢ 8.7 ᠲᠦᠮᠡᠨ P ᠪᠠᠢᠵᠤ᠂ ᠪᠥᠬᠥ ᠤᠯᠤᠰ᠎ᠤ᠋ᠨ ᠨᠢᠬᠡᠳᠦᠬᠡᠷ ᠲᠦ᠍ ᠪᠠᠢᠷᠢᠯᠠᠪᠠ


2025 ᠣᠨ᠎ᠤ ᠠᠵᠢᠯ᠎ᠤᠨ ᠲᠣᠬᠢᠷᠠᠭᠤᠯᠤᠯᠲᠠ


ᠡᠨᠡ ᠵᠢᠯ ᠪᠣᠯ 《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠲᠥᠯᠦᠪᠵᠢᠭᠦᠯᠭᠡ᠎ᠶᠢᠨ ᠰᠡᠭᠦᠯ ᠬᠤᠷᠢᠶᠠᠬᠤ ᠵᠢᠯ ᠪᠤᠯᠬᠤ ᠮᠦᠷᠲᠡᠭᠡᠨ 《ᠠᠷᠪᠠᠨ ᠲᠠᠪᠤᠳᠤᠭᠠᠷ ᠲᠠᠪᠤᠨ ᠵᠢᠯ》 ᠤ᠋ᠨ ᠲᠥᠯᠦᠪᠵᠢᠭᠦᠯᠭᠡ᠎ᠶᠢ ᠪᠠᠢᠷᠢᠯᠠᠭᠤᠯᠬᠤ ᠵᠢᠯ ᠪᠤᠯᠤᠨ᠎ᠠ᠃ ᠲᠥᠪ᠎ᠦᠨ ᠠᠵᠤ ᠠᠬᠤᠢ᠎ᠶᠢᠨ ᠠᠵᠢᠯ᠎ᠤᠨ ᠬᠤᠷᠠᠯ᠎ᠤᠨ ᠳᠠᠷᠠᠭ᠎ᠠ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠢ᠋ᠢᠨ ᠠᠷᠪᠠᠨ ᠨᠢᠭᠡᠳᠦᠭᠡᠷ ᠬᠤᠭᠤᠴᠠᠭᠠᠨ᠎ᠤ ᠶᠢᠰᠦᠳᠦᠭᠡᠷ ᠪᠥᠬᠥᠳᠡ ᠬᠤᠷᠠᠯ ᠵᠢᠴᠢ ᠪᠥᠬᠥ ᠣᠷᠣᠨ᠎ᠤ ᠠᠵᠤ ᠠᠬᠤᠢ᠎ᠶᠢᠨ ᠠᠵᠢᠯ᠎ᠤᠨ ᠬᠤᠷᠠᠯ᠎ᠢ ᠬᠤᠷᠠᠯᠳᠤᠭᠤᠯᠵᠤ᠂ ᠪᠥᠬᠥ ᠵᠢᠯ᠎ᠦᠨ ᠠᠵᠢᠯ᠎ᠳᠤ ᠪᠠᠢᠷᠢᠯᠠᠭᠤᠯᠤᠯᠲᠠ ᠬᠢᠪᠡ᠃ ᠡᠨᠡ ᠵᠢᠯ᠎ᠦᠨ ᠠᠵᠢᠯ᠎ᠢ ᠰᠠᠢᠲᠤᠷ ᠬᠢᠬᠦ᠎ᠳᠤ᠂ ᠰᠢ᠎ᠶᠢᠨ ᠫᠢᠩ᠎ᠤᠨ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ᠋ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠤᠯᠭ᠎ᠠ ᠪᠣᠯᠭᠠᠵᠤ᠂ ᠨᠠᠮ᠎ᠤᠨ ᠬᠣᠷᠢᠳᠤᠭᠠᠷ ᠶᠡᠬᠡ ᠬᠤᠷᠠᠯ ᠪᠣᠯᠣᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠬᠣᠶᠠᠳᠤᠭᠠᠷ ᠪᠦᠬᠦᠲᠡ ᠬᠤᠷᠠᠯ᠂ ᠭᠤᠷᠪᠠᠳᠤᠭᠠᠷ ᠪᠦᠭᠦᠳᠡ ᠬᠤᠷᠠᠯ᠎ᠤᠨ ᠵᠣᠷᠢᠭ᠋ ᠰᠠᠨᠠᠭ᠎ᠠ ᠎ᠶᠢ ᠭᠦᠨᠵᠡᠭᠡᠢ ᠲᠤᠭᠤᠰᠢᠯᠠᠭᠤᠯᠤᠨ᠂ ᠶᠡᠷᠦᠩᠬᠡᠢ ᠱᠦᠵᠢ ᠰᠢ᠎ᠶᠢᠨ ᠫᠢᠩ᠎ᠤᠨ ᠥᠪᠥᠷ ᠮᠣᠩᠭᠣᠯ᠎ᠤᠨ ᠲᠤᠬᠠᠢ ᠴᠢᠬᠤᠯᠠ ᠵᠢᠭᠠᠪᠤᠷᠢ᠎ᠶᠢᠨ ᠵᠣᠷᠢᠭ᠋ ᠰᠠᠨᠠᠭ᠎ᠠ᠎ᠶᠢ ᠪᠦᠬᠦ ᠲᠠᠯ᠎ᠠ ᠎ᠪᠠᠷ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ ᠨᠠᠮ᠎ᠤᠨ ᠪᠠᠢᠭᠤᠯᠤᠯᠲᠠ᠎ᠪᠠᠷ ᠤᠳᠤᠷᠢᠳᠤᠮᠵᠢ ᠪᠣᠯᠭᠠᠵᠤ᠂ ᠥᠭᠡᠷᠡᠴᠢᠯᠡᠯᠲᠡ᠎ᠶᠢ ᠪᠦᠬᠦ ᠲᠠᠯ᠎ᠠ᠎ᠪᠠᠷ ᠭᠦᠨᠵᠡᠭᠡᠢᠷᠡᠭᠦᠯᠵᠦ᠂ ᠲᠣᠭᠲᠠᠭᠤᠨ᠎ᠤ ᠳᠤᠮᠳᠠ ᠤᠷᠤᠭᠰᠢᠯᠠᠨ ᠲᠠᠪᠰᠢᠬᠤ᠂ ᠲᠥᠪ ᠶᠤᠰᠤ ᠵᠢ ᠪᠠᠷᠢᠮᠲᠠᠯᠠᠨ ᠰᠢᠨ᠎ᠡ᠎ᠶᠢ ᠡᠭᠦᠳᠬᠦ᠂ ᠰᠢᠷᠭᠠᠭᠤ ᠬᠠᠲᠠᠭᠤᠵᠢᠯᠲᠠᠢ ᠠᠵᠢᠯᠯᠠᠬᠤ ᠵᠢ ᠪᠠᠷᠢᠮᠲᠠᠯᠠᠨ᠂ ᠬᠥᠭᠵᠢᠯᠲᠡ ᠪᠠ ᠠᠮᠤᠷ ᠲᠦᠪᠰᠢᠨ᠎ᠢ ᠨᠡᠩ ᠰᠠᠢᠲᠤᠷ ᠨᠢᠭᠡᠳᠦᠯᠲᠡᠢ ᠲᠥᠯᠥᠪᠵᠢᠭᠦᠯᠵᠦ᠂《ᠨᠢᠭᠡ ᠭᠣᠣᠯ ᠰᠢᠵᠢᠮ᠎ᠢ ᠲᠤᠭᠤᠰᠢᠯᠠᠭᠤᠯᠬᠤ᠂ ᠬᠣᠶᠠᠷ ᠶᠡᠬᠡ ᠶᠠᠪᠤᠳᠠᠯ᠎ᠢ ᠰᠠᠢᠲᠤᠷ ᠬᠢᠬᠦ᠂ ᠮᠣᠩᠭᠣᠯ ᠮᠣᠷᠢᠨ᠎ᠤ ᠵᠣᠷᠢᠭ᠋ ᠰᠠᠨᠠᠭ᠎ᠠ᠎ᠶᠢ ᠪᠠᠳᠠᠷᠠᠭᠤᠯᠬᠤ᠂ ᠰᠢᠨ᠎ᠡ ᠵᠠᠮ ᠨᠡᠭᠡᠭᠡᠵᠦ ᠲᠤᠮᠲᠠ ᠲᠦᠪᠰᠢᠨ᠎ᠳᠤ ᠤᠷᠤᠬᠤ》 ᠲᠠᠯ᠎ᠠ ᠪᠡᠷ ᠨᠡᠩ ᠶᠡᠬᠡ ᠠᠬᠢᠯᠲᠠ ᠲᠠᠢ ᠪᠤᠯᠭᠠᠬᠤ ᠪᠡᠷ ᠴᠢᠷᠮᠠᠢᠨ᠂ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ ᠢ᠋ᠢᠨ ᠥᠪᠥᠷ ᠮᠣᠩᠭᠣᠯ᠎ᠤᠨ ᠰᠢᠨ᠎ᠡ ᠬᠠᠭᠤᠳᠠᠰᠤ᠎ᠶᠢ ᠲᠠᠰᠤᠷᠠᠯᠳᠡ ᠦᠭᠡᠢ ᠪᠢᠴᠢᠭᠯᠡᠨ᠎ᠡ᠃


ᠪᠦᠬᠦ ᠣᠷᠣᠨ᠎ᠤ ᠠᠵᠤ ᠠᠬᠤᠢ ᠨᠡᠢᠭᠡᠮ᠎ᠦᠨ ᠬᠥᠭᠵᠢᠯᠲᠡ᠎ᠶᠢᠨ ᠭᠣᠣᠯ ᠵᠢᠱ᠌ᠢᠭᠰᠡᠨ ᠬᠠᠷᠠᠯᠲᠠ ᠪᠣᠯ

ᠭᠠᠵᠠᠷ ᠣᠷᠣᠨ᠎ᠤ ᠦᠢᠯᠡᠳᠪᠦᠷᠢᠯᠡᠯ᠎ᠦᠨ ᠶᠡᠷᠦᠩᠬᠡᠢ ᠥᠷᠲᠡᠭ᠎ᠢ  6%  ᠤᠷᠴᠢᠮ ᠨᠡᠮᠡᠭᠲᠡᠭᠦᠯᠦᠨ᠎ᠡ

ᠬᠡᠪᠴᠢᠶᠡᠵᠢᠯ᠎ᠡᠴᠡ ᠳᠡᠭᠡᠭᠰᠢᠬᠢ ᠠᠵᠤ ᠦᠢᠯᠡᠳᠪᠦᠷᠢ᠎ᠶᠢᠨ ᠨᠡᠮᠡᠭᠳᠡᠯ ᠦᠷᠲᠡᠭ᠎ᠢ 7% ᠣᠷᠴᠢᠮ ᠨᠡᠮᠡᠭᠳᠡᠭᠦᠯᠦᠨ᠎ᠡ

ᠲᠣᠭᠲᠠᠮᠠᠯ ᠬᠥᠷᠥᠩᠭᠡ᠎ᠶᠢᠨ ᠪᠡᠯᠡ ᠣᠷᠣᠭᠤᠯᠤᠯᠲᠠ᠎ᠶᠢ 10% ᠣᠷᠴᠢᠮ ᠨᠡᠮᠡᠭᠲᠡᠭᠦᠯᠦᠨ᠎ᠡ

ᠡᠩ᠎ᠦᠨ ᠣᠯᠠᠨ ᠨᠡᠶ᠋ᠢᠲᠡ᠎ᠶᠢᠨ ᠲᠥᠰᠥᠪ᠎ᠦᠨ ᠣᠷᠣᠯᠭ᠎ᠠ᠎ᠶᠢ ᠠᠳᠠᠯᠢ ᠪᠠᠷᠢᠮᠵᠢᠶ᠎ᠠ᠎ᠪᠠᠷ 4% ᠡᠴᠠ ᠳᠡᠭᠡᠭᠰᠢ ᠨᠡᠮᠡᠭᠳᠡᠭᠦᠯᠦᠨ᠎ᠡ

ᠬᠣᠲᠠ ᠪᠠᠯᠭᠠᠰᠤᠨ᠎ᠤ 18 ᠲᠦᠮᠡ ᠭᠠᠷᠤᠢ ᠬᠦᠮᠦᠨ᠎ᠳᠤ ᠰᠢᠨ᠎ᠡ᠎ᠪᠡᠷ ᠠᠵᠢᠯ ᠣᠯᠭᠣᠨ᠎ᠠ

ᠬᠣᠲᠠ ᠪᠠᠯᠭᠠᠰᠤᠨ᠎ᠤ ᠪᠠᠢᠴᠠᠭᠠᠯᠲᠠ᠎ᠳᠡᠬᠢ ᠠᠵᠢᠯ ᠠᠯᠳᠠᠭᠰᠠᠨ ᠨᠣᠷᠮ᠎ᠠ ᠵᠢ 5.5% ᠣᠷᠴᠢᠮ ᠪᠠᠢᠯᠭᠠᠨ᠎ᠠ

ᠰᠠᠭᠤᠭᠠᠯᠢ ᠠᠷᠠᠳ᠎ᠤᠨ ᠣᠷᠣᠯᠭ᠎ᠠ᠎ᠶᠢᠨ ᠨᠡᠮᠡᠭᠳᠡᠯ᠎ᠢ ᠠᠵᠤ ᠠᠬᠤᠢ᠎ᠶᠢᠨ ᠨᠡᠮᠡᠭᠳᠡᠯ᠎ᠯᠤᠬᠡ ᠦᠨᠳᠦᠰᠤᠨ᠎ᠳᠡᠭᠡᠨ ᠠᠳᠠᠯᠢ ᠪᠠᠢᠯᠭᠠᠨ᠎ᠠ

ᠰᠠᠭᠤᠭᠠᠯᠢ ᠠᠷᠠᠳ᠎ᠤᠨ ᠬᠡᠷᠡᠭᠯᠡᠭᠡᠨ᠎ᠤ ᠦᠨ᠎ᠡ ᠬᠠᠩᠰᠢ᠎ᠶᠢᠨ ᠥᠰᠦᠯᠲᠡ᠎ᠶᠢᠨ ᠬᠡᠮᠵᠢᠶ᠎ᠡ ᠵᠢ 2% ᠤᠷᠴᠢᠮ᠎ᠳᠤ ᠪᠠᠢᠯᠭᠠᠨ᠎ᠠ

ᠤᠯᠤᠰ ᠡᠴᠡ ᠪᠠᠭᠤᠯᠭᠠᠬᠰᠠᠨ《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠲᠦᠯᠦᠪᠵᠢᠭᠦᠯᠭᠡ᠎ᠳᠡᠬᠢ ᠡᠨᠧᠷᠭᠢ᠎ᠶᠢᠨ ᠬᠣᠷᠣᠭᠳᠠᠯ᠎ᠤᠨ ᠬᠦᠴᠦᠯᠡᠴᠡ᠎ᠶᠢ ᠪᠠᠭᠤᠷᠠᠭᠤᠯᠬᠤ ᠬᠠᠷᠠᠯᠲᠠ ᠪᠠᠨ ᠪᠡᠶᠡᠯᠡᠭᠦᠯᠬᠦ ᠵᠢ ᠦᠨᠡᠨ᠎ᠬᠦ ᠪᠠᠲᠤᠯᠠᠨ᠎ᠠ


ᠡᠨᠡ ᠵᠢᠯ᠎ᠦᠨ ᠬᠠᠷᠠᠯᠲᠠ᠎ᠶ᠋ᠢ ᠪᠡᠶᠡᠯᠡᠭᠦᠯᠬᠦ᠌᠎ᠳᠦ᠂ ᠥᠪᠥᠷ ᠮᠣᠩᠭᠣᠯ ᠨᠥᠬᠥᠴᠡᠯ᠎ᠲᠡᠶ᠂ ᠰᠠᠭᠤᠷᠢ᠎ᠲᠠᠶ᠂ ᠶᠠᠷᠢᠶᠠᠨ ᠦᠭᠡᠢ ᠪᠠᠰᠠ ᠳᠠᠷᠤᠯᠲᠠ᠎ᠲᠠᠶ᠂ ᠥᠷᠢᠰᠥᠯᠳᠦᠭᠡᠨ᠎ᠲᠡᠶ ᠶᠤᠮ᠂ ᠵᠠᠩᠭᠢᠯᠠᠭ᠎ᠠ ᠨᠢ ᠬᠥᠭ᠌ᠵᠢᠯᠲᠡ᠎ᠶ᠋ᠢᠨ ᠢᠲᠡᠭᠡᠯ ᠵᠣᠷᠢᠭ᠎ᠢᠶᠠᠨ ᠪᠠᠲᠤ ᠰᠠᠬᠢᠵᠤ ᠴᠢᠲᠠᠬᠤ ᠡᠰᠡᠬᠦ᠌᠂ ᠠᠵᠢᠯ ᠬᠢᠵᠦ᠍ ᠦᠢᠯᠡᠰ ᠪᠤᠰᠬᠠᠬᠤ ᠡᠷᠴᠢ ᠵᠣᠷᠢᠭ᠎ᠢᠶᠠᠨ ᠰᠤᠯᠠᠷᠠᠭᠤᠯᠬᠤ ᠦᠭᠡᠢ᠂ ᠬᠤᠢᠷᠭᠤᠰᠢᠬᠤ ᠦᠬᠡᠢ ᠪᠠᠢᠬᠤ᠎ᠶᠢ ᠪᠠᠲᠤᠯᠠᠵᠤ ᠴᠢᠲᠠᠬᠤ ᠡᠰᠡᠬᠦ᠌ ᠳ᠋ᠤ ᠪᠤᠢ᠃ ᠪᠢᠳᠡ ᠦᠵᠡᠯ ᠰᠠᠨᠠᠭ᠎ᠠ ᠪᠠ ᠦᠶ᠋ᠯᠡ ᠠᠵᠢᠯᠯᠠᠭ᠎ᠠ᠎ᠪᠠᠨ ᠨᠠᠮ᠎ᠤᠨ ᠲᠥᠪ ᠬᠣᠷᠢᠶ᠎ᠠ ᠵᠢᠨ ᠵᠣᠷᠢᠭ ᠰᠠᠨᠠᠭ᠎ᠠ ᠲᠠᠢ ᠨᠢᠬᠡᠲᠤᠯᠲᠠᠢ ᠪᠠᠢᠯᠭᠠᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠪᠠᠢᠷᠢᠯᠠᠭᠤᠯᠤᠯᠲᠠ ᠱᠠᠭᠠᠷᠳᠠᠯᠭ᠎ᠠ ᠲᠠᠢ ᠨᠢᠬᠡᠲᠤᠯᠲᠠᠢ ᠪᠠᠢᠯᠭᠠᠵᠤ᠂ ᠶᠡᠷᠦᠩᠬᠡᠶ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠳᠤ ᠣᠯᠭᠣᠭ᠍ᠰᠠᠨ ᠪᠠᠢᠯᠳᠤᠬᠤ ᠪᠣᠳᠣᠯᠭ᠎ᠠ᠎ᠶ᠋ᠢᠨ ᠪᠠᠢᠷᠢ ᠲᠣᠭ᠍ᠲᠠᠭᠠᠯᠲᠠ᠎ᠳᠤ ᠠᠩᠬᠠᠷᠤᠯ᠎ᠢᠶᠠᠨ ᠲᠥᠪᠯᠡᠷᠡᠭᠦᠯᠤᠨ᠂ 《ᠲᠠᠪᠤᠨ ᠶᠡᠬᠡ ᠡᠭᠦᠷᠭᠡ》 ᠵᠢᠨ ᠲᠤᠭᠤᠷᠢᠨ ᠳ᠋ᠤ᠂ ᠵᠢᠷᠤᠭ ᠲᠥᠰᠦᠪ ᠶ᠋ᠢᠡᠨ ᠡᠴᠤᠰ ᠲᠸ᠋ᠨᠢ ᠲᠤᠯᠲᠠᠯ᠎ᠠ ᠵᠢᠷᠤᠭᠯᠠᠠ᠂ 《ᠵᠢᠷᠭᠤᠭᠠᠨ ᠢᠨᠵᠧᠨᠧᠷᠢᠩ》᠎ᠢ᠋ ᠦᠷᠭᠦᠯᠵᠢᠯᠡᠨ ᠬᠡᠷᠡᠭ᠌ᠵᠢᠭᠦᠯᠵᠦ᠍᠂ 《ᠵᠢᠷᠭᠤᠭᠠᠨ ᠠᠵᠢᠯᠯᠠᠭ᠎ᠠ》 ᠶ᠋ᠢ ᠵᠣᠬᠢᠶᠠᠨ ᠪᠠᠢᠭᠤᠯᠤᠨ ᠥᠷᠨᠢᠭᠦᠯᠵᠦ᠍᠂ ᠪᠥᠬᠥ᠌ ᠣᠷᠣᠨ᠎ᠤ ᠠᠵᠤ ᠠᠬᠤᠶ ᠨᠡᠢᠭᠡᠮ᠎ᠦᠨ ᠴᠢᠨᠠᠷ ᠰᠠᠢᠲᠠᠶ ᠬᠥᠭ᠌ᠵᠢᠯᠲᠡ᠎ᠶ᠋ᠢ ᠪᠥᠬᠥ᠌ ᠬᠦᠴᠦᠨ᠎ᠢᠶᠡᠷ᠎ᠢᠶᠡᠨ ᠠᠬᠢᠭᠤᠯᠬᠤ ᠬᠡᠷᠡᠭ᠌ᠲᠡᠶ᠃


ᠡᠨᠡ ᠵᠢᠯ ᠳᠣᠣᠷᠠᠬᠢ 11 ᠲᠠᠯ᠎ᠠ᠎ᠶ᠋ᠢᠨ ᠠᠵᠢᠯ᠎ᠢ ᠭᠣᠣᠯᠳᠠᠯᠭ᠎ᠠ᠎ᠲᠠᠶ ᠰᠠᠢᠲᠤᠷ ᠬᠢᠨ᠎ᠡ

ᠨᠢᠭᠡ᠂ ᠴᠢᠬᠤᠯᠠ ᠶᠡᠬᠡ ᠲᠦᠷᠦᠯ ᠵᠦᠢᠯ᠎ᠢ ᠤᠬᠠᠭᠠᠯᠠᠨ ᠲᠦᠯᠤᠪᠯᠡᠬᠦ ᠠᠵᠢᠯᠯᠠᠭᠠᠨ᠎ᠢ ᠬᠡᠷᠡᠭ᠌ᠵᠢᠭᠦᠯᠵᠦ᠍᠂ ᠪᠡᠯᠡ ᠣᠷᠣᠭᠤᠯᠤᠯᠲᠠ᠎ᠶ᠋ᠢ ᠡᠷᠡᠰ ᠭᠤᠢᠪᠢᠰᠢ ᠦᠭᠡᠢ ᠠᠳᠭᠤᠨ᠎ᠠ

ᠠᠷᠠᠯᠵᠢᠶᠠᠴᠢᠨ ᠤᠷᠢᠵᠦ ᠪᠡᠯᠡ ᠮᠦᠩᠬᠦ ᠤᠷᠤᠭᠤᠯᠤᠨ ᠠᠪᠴᠢᠷᠠᠬᠤ ᠲᠥᠷᠥᠯ ᠵᠦᠶ᠋ᠯ᠎ᠢ ᠤᠨᠤᠴᠢᠲᠠᠢ ᠤᠬᠠᠭᠠᠯᠠᠨ ᠲᠦᠯᠤᠪᠯᠡᠨ᠎ᠡ

ᠲᠥᠷᠥᠯ ᠵᠦᠢᠯ᠎ᠦᠨ ᠪᠦᠲᠦᠭᠡᠨ ᠪᠠᠢᠭᠤᠯᠤᠯᠲᠠ᠎ᠶ᠋ᠢᠨ ᠠᠬᠢᠴᠠ᠎ᠶ᠋ᠢ ᠲᠦᠷᠭᠡᠳᠭᠡᠨ᠎ᠡ

ᠬᠣᠶᠠᠷ᠂ ᠬᠠᠩᠭᠠᠯᠭ᠎ᠠ ᠬᠡᠷᠡᠭ᠌ᠴᠡᠭᠡ᠎ᠶ᠋ᠢᠨ ᠬᠣᠶᠠᠷ ᠲᠠᠯ᠎ᠠ᠎ᠪᠠᠷ ᠬᠠᠮᠵᠢᠯᠴᠠᠨ ᠬᠦᠴᠦᠯᠡᠬᠦ᠌᠎ᠶ᠋ᠢ ᠪᠠᠷᠢᠮᠲᠠᠯᠠᠵᠤ᠂ ᠠᠷᠭ᠎ᠠ ᠪᠦᠬᠦᠨ᠎ᠢ ᠰᠦᠪᠡᠭ᠌ᠴᠢᠯᠡᠠ ᠬᠡᠷᠡᠭ᠌ᠯᠡᠭᠡ᠎ᠶ᠋ᠢ ᠬᠥᠭ᠌ᠵᠢᠭᠡᠨ᠎ᠡ

ᠤᠯᠤᠰ ᠤ᠋ᠨ 《ᠬᠣᠶᠠᠷ ᠱᠢᠨ᠎ᠡ》 ᠲᠥᠷᠥ᠎ᠶ᠋ᠢᠨ ᠪᠣᠳᠣᠯᠭ᠎ᠠ᠎ᠶ᠋ᠢ ᠬᠦᠴᠦᠯᠡᠨ ᠦᠷᠬᠡᠳᠭᠡᠵᠦ ᠬᠡᠷᠡᠭ᠌ᠵᠢᠭᠦᠯᠬᠦ᠌ ᠠᠵᠠ ᠲᠣᠬᠢᠶᠠᠯ᠎ᠢ᠋ ᠴᠢᠩᠭ᠎ᠠ ᠠᠳᠭᠤᠨ᠎ᠠ

ᠬᠥᠮᠦᠨ᠎ᠢᠶᠡᠷ ᠦᠨᠳᠦᠰᠦ ᠪᠣᠯᠭᠠᠭ᠍ᠤ ᠱᠢᠨ᠎ᠡ ᠮᠠᠶᠢᠭ᠎ᠤᠨ ᠬᠣᠲᠠ ᠪᠠᠯᠭᠠᠰᠤᠵᠢᠯᠲᠠ᠎ᠶ᠋ᠢᠨ ᠠᠵᠠ ᠲᠣᠬᠢᠶᠠᠯ᠎ᠢ᠋ ᠴᠢᠩᠭ᠎ᠠ ᠠᠳᠭᠤᠨ᠎ᠠ

ᠠᠷᠠᠳ᠎ᠤᠨ ᠠᠮᠢᠳᠤᠷᠠᠯ᠎ᠤᠨ ᠦᠶ᠋ᠯᠡᠴᠢᠯᠡᠭᠡᠨ᠎ᠦ ᠬᠡᠷᠡᠭ᠌ᠴᠡᠭᠡ ᠱᠠᠭᠠᠷᠳᠠᠯᠭ᠎ᠠ᠎ᠶ᠋ᠢᠨ ᠨᠡᠮᠡᠭ᠌ᠳᠡᠯ᠎ᠡᠴᠡ ᠪᠣᠯᠤᠭ᠍ᠰᠠᠨ ᠠᠵᠠ ᠲᠣᠬᠢᠶᠠᠯ᠎ᠢ᠋ ᠴᠢᠩᠭ᠎ᠠ ᠠᠳᠭᠤᠨ᠎ᠠ

ᠤᠯᠤᠰ᠎ᠤᠨ ᠳᠣᠲᠣᠭᠠᠳᠤ᠎ᠶ᠋ᠢᠨ ᠶᠡᠬᠡ ᠣᠷᠴᠢᠯ ᠡᠴᠠ ᠪᠤᠢ ᠪᠤᠯᠤᠭᠰᠠᠨ ᠠᠵᠠ ᠲᠣᠬᠢᠶᠠᠯ᠎ᠢ᠋ ᠴᠢᠩᠭ᠎ᠠ ᠠᠳᠭᠤᠨ᠎ᠠ

ᠭᠤᠷᠪᠠ᠂ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ 《ᠪᠦᠰᠡᠯᠡᠯᠲᠡ᠎ᠱᠢᠪᠲᠤᠯᠬᠤ》 ᠢᠨᠵᠧᠨᠧᠷᠢᠩ᠎ᠢ ᠦᠷᠭᠦᠯᠵᠢᠯᠡᠨ ᠠᠬᠢᠭᠤᠯᠵᠤ᠂ ᠱᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠢ ᠲᠦᠷᠭᠡᠳᠬᠡᠨ ᠪᠣᠢᠵᠢᠭᠤᠯᠵᠤ ᠬᠥᠭ᠌ᠵᠢᠭᠦᠯᠦᠨ᠎ᠡ

ᠴᠡᠭ ᠪᠠᠢᠷᠢᠯᠠᠯ ᠤ᠋ᠨ ᠲᠣᠭᠣᠷᠢᠨ᠎ᠳᠤ 《 ᠪᠦᠰᠡᠯᠡᠯᠲᠡ ᠱᠢᠪᠲᠤᠯᠬᠤ》 ᠶ᠋ᠢ ᠠᠳᠭᠤᠨ᠎ᠠ

ᠠᠵᠤ ᠦᠶ᠋ᠯᠡᠰ᠎ᠦᠨ ᠳᠤᠲᠠᠭᠤᠳᠠᠯ᠎ᠤᠨ ᠲᠣᠭᠣᠷᠢᠨ᠎ᠳᠤ ᠱᠢᠨ᠎ᠡ᠎ᠶ᠋ᠢ ᠡᠭᠦᠳᠬᠦ᠌᠎ᠶ᠋ᠢ ᠠᠳᠭᠤᠨ᠎ᠠ

ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠲᠠᠪᠴᠠᠩ᠎ᠢ ᠭᠦᠢᠴᠡᠳ ᠰᠠᠢᠲᠤᠷ ᠠᠰᠢᠡᠡᠯᠠᠨ᠎ᠠ

《ᠰᠤᠲᠤᠨ ᠴᠢᠳᠠᠪᠤᠷᠢᠲᠠᠨ᠎ᠢᠶᠠᠷ ᠥᠪᠥᠷ ᠮᠣᠩᠭᠣᠯ᠎ᠢᠶᠠᠨ ᠮᠠᠨᠳᠤᠭᠤᠯᠬᠤ》 ᠢᠨᠵᠧᠨᠧᠷᠢᠩ᠎ᠢᠶᠡᠷ ᠶᠡᠷᠦᠩᠬᠡᠢ ᠵᠢᠯᠤᠭᠤᠲᠤᠮᠵᠢ ᠪᠤᠯᠭᠠᠵᠤ᠂ ᠰᠠᠢᠨ ᠲᠥᠷᠥ᠎ᠶ᠋ᠢᠨ ᠪᠣᠳᠣᠯᠭ᠎ᠠ᠎ᠶ᠋ᠢ ᠦᠨᠡᠨ᠎ᠬᠦ ᠪᠤᠲᠠᠲᠠᠢᠵᠢᠭᠤᠯᠤᠨ ᠨᠠᠢᠳᠠᠪᠤᠷᠢᠵᠢᠭᠤᠯᠵᠤ ᠦᠷ᠎ᠡ ᠪᠦᠲᠦᠮᠵᠢ ᠭᠠᠷᠭᠠᠨ᠎ᠠ

ᠳᠥᠷᠪᠡ᠂ ᠠᠵᠤ ᠦᠶ᠋ᠯᠡᠰ᠎ᠦᠨ ᠪᠠᠢᠷᠢᠱᠢᠭᠤᠯᠤᠯᠲᠠ᠎ᠶ᠋ᠢ ᠱᠢᠯᠢᠳᠡᠭ᠌ᠵᠢᠭᠦᠯᠦᠨ ᠲᠣᠬᠢᠷᠠᠭᠤᠯᠵᠤ᠂ ᠳᠠᠪᠠᠭᠤᠯᠢᠭ ᠣᠨᠴᠠᠯᠢᠭ᠍ᠲᠤ ᠣᠳᠣᠬᠢᠴᠢᠯᠠᠭ᠍ᠰᠠᠨ ᠠᠵᠤ ᠦᠶ᠋ᠯᠡᠰ᠎ᠦᠨ ᠰᠢᠰᠲᠸᠮ᠎ᠢ ᠲᠦᠷᠭᠡᠳᠭᠡᠨ ᠪᠠᠢᠭᠤᠯᠤᠨ᠎ᠠ

ᠪᠦᠬᠦ᠌ ᠤᠯᠤᠰ᠎ᠤᠨ ᠲᠡᠷᠢᠭᠦᠨ᠎ᠦ ᠡᠩᠨᠡᠭᠡᠨ᠎ᠳᠦ ᠪᠠᠢᠭ᠎ᠠ ᠠᠵᠤ ᠦᠢᠯᠡᠰ᠎ᠦᠨ ᠲᠦᠷᠤᠬᠦᠯᠠᠬᠦ ᠪᠠᠢᠷᠢ᠎ᠶᠢ ᠪᠠᠲᠤᠯᠠᠵᠤ᠂ ᠱᠢᠨ᠎ᠡ ᠦᠨᠲᠦᠷᠯᠢᠭ᠎ᠢ ᠵᠠᠪᠲᠤᠨ ᠡᠵᠡᠯᠡᠬᠦ᠌᠎ᠶ᠋ᠢ ᠠᠬᠢᠭᠤᠯᠤᠨ᠎ᠠ

ᠣᠨᠴᠠᠯᠢᠭᠳᠦ᠂ ᠳᠠᠪᠠᠭᠤᠯᠢᠭ ᠠᠵᠤ ᠦᠢᠯᠡᠰ᠎ᠤ᠋ᠨ ᠲᠦᠷᠬᠡᠬᠡᠨ ᠪᠤᠵᠠᠭᠠᠢᠷᠠᠵᠤ ᠬᠦᠴᠦᠷᠬᠡᠭ᠌ᠵᠢᠭᠦ᠎ᠶᠢ ᠠᠬᠢᠭᠤᠯᠵᠤ᠂ ᠨᠡᠮᠡᠭ᠌ᠳᠡᠯ᠎ᠦᠨ ᠰᠢᠨ᠎ᠠ ᠬᠥᠳᠡᠯᠭᠡᠭᠦᠷ᠎ᠢ ᠪᠦᠷᠢᠯᠲᠤᠬᠦᠯᠤᠨ᠎ᠠ

ᠳᠠᠯᠳᠠ ᠬᠦᠴᠦᠨ᠎ᠲᠡᠶ᠂ ᠨᠥᠬᠥᠴᠡᠯ᠎ᠲᠡᠶ ᠠᠵᠤ ᠦᠢᠯᠡᠰ᠎ᠢ ᠲᠦᠷᠭᠡᠳᠭᠡᠨ ᠪᠣᠢᠵᠢᠭᠤᠯᠬᠤ᠎ᠶ᠋ᠢ ᠠᠬᠢᠭᠤᠯᠵᠤ᠂ ᠱᠢᠨ᠎ᠡ ᠦᠷᠢᠰᠤᠯᠲᠤᠬᠡᠨ᠎ᠤ ᠴᠠᠷᠠᠭ᠎ᠠ ᠱᠢᠨ᠎ᠡ ᠬᠥᠳᠡᠯᠭᠡᠭᠴᠢ ᠡᠨ᠋ᠸᠷᠬᠢ᠎ᠶᠢ ᠡᠷᠲᠡᠬᠡᠨ ᠪᠤᠢ ᠪᠤᠯᠭᠠᠬᠤ ᠪᠡᠷ ᠴᠢᠷᠮᠠᠢᠨ᠎ᠠ

ᠲᠠᠪᠤ᠂ ᠲᠠᠷᠢᠶᠠᠯᠠᠩ ᠮᠠᠯ ᠠᠵᠤ ᠠᠬᠤᠢ᠎ᠶ᠋ᠢ ᠣᠳᠣᠬᠢᠴᠢᠯᠠᠭ᠍ᠰᠠᠨ ᠲᠣᠮᠣ ᠠᠵᠤ ᠦᠢᠯᠡᠰ ᠪᠣᠯᠭᠠᠨ ᠴᠤᠭᠴᠠᠯᠠᠬᠤ᠎ᠪᠠᠷ ᠴᠢᠷᠮᠠᠢᠵᠤ᠂ ᠣᠳᠣᠬᠢᠴᠢᠯᠠᠭ᠍ᠰᠠᠨ ᠱᠢᠨ᠎ᠡ ᠬᠦᠲᠠᠬᠡ ᠲᠤᠰᠬᠤᠨ ᠰᠢᠨ᠎ᠠ ᠮᠠᠯᠵᠢᠬᠤ ᠣᠷᠣᠨ᠎ᠢ ᠲᠦᠷᠬᠡᠳᠬᠡᠨ ᠪᠦᠲᠦᠭᠡᠨ ᠪᠠᠢᠭᠤᠯᠤᠨ᠎ᠠ

ᠨᠢᠭᠡᠴᠢ ᠤᠨᠠᠯᠲᠠ᠎ᠶ᠋ᠢ ᠳᠡᠭᠡᠭ᠌ᠰᠢᠯᠡᠭᠦᠯᠬᠦ᠌ ᠠᠵᠢᠯᠯᠠᠭᠠᠨ᠎ᠢ ᠶᠠᠬᠡ ᠪᠠᠷ ᠬᠡᠷᠡᠭ᠌ᠵᠢᠭᠦᠯᠤᠨ᠎ᠠ

ᠪᠠᠯᠴᠢᠬᠡᠷ ᠤ᠋ᠨ ᠮᠠᠯ ᠠᠵᠤ ᠠᠬᠤᠢ᠎ᠶ᠋ᠢᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠱᠢᠭᠦ᠎ᠶᠢ ᠲᠦᠷᠭᠡᠳᠭᠡᠨ ᠠᠬᠢᠭᠤᠯᠤᠨ᠎ᠠ

ᠨᠢᠭᠡ ᠲᠠᠯ᠎ᠠ᠎ᠪᠠᠷ ᠨᠠᠷᠢᠯᠢᠭ ᠭᠦᠠ ᠡᠳ᠋ᠱᠢᠭᠦᠯᠤᠨ ᠪᠤᠯᠪᠠᠰᠤᠷᠠᠭᠤᠯᠬᠤ᠎ᠶ᠋ᠢ ᠠᠳᠭᠤᠵᠤ᠂ ᠨᠥᠭᠥᠭᠡ ᠲᠠᠯ᠎ᠠ᠎ᠪᠠᠷ ᠨᠡᠷᠠᠲᠤ ᠲᠠᠮᠳᠡᠭ ᠎ᠢ᠋ ᠡᠵᠡᠨᠭᠨᠡᠨ ᠪᠣᠷᠣᠯᠠᠭᠤᠯᠬᠤ ᠶ᠋ᠢ ᠠᠳᠭᠤᠵᠤ᠂ ᠲᠠᠯ᠎ᠠ ᠨᠤᠲᠤᠭ ᠤ᠋ᠨ ᠰᠠᠢᠬᠠᠠ ᠦᠨᠤᠷ ᠠᠮᠲᠠ᠎ᠶᠢ ᠪᠥᠬᠥ᠌ ᠤᠯᠤᠰ᠎ᠲᠸ᠋ ᠠᠡᠭᠬᠢᠯᠤᠭᠤᠯᠤᠨ᠎ᠠ

《ᠮᠢᠩᠭ᠎ᠠ ᠲᠦᠮᠡ᠎ᠶ᠋ᠢᠨ ᠢᠨᠵᠧᠨᠧᠷᠢᠩ》 ᠤ᠋ᠨ ᠲᠤᠷᠱᠢᠯᠭ᠎ᠠ᠎ᠶ᠋ᠢ ᠰᠤᠷᠤᠯᠴᠠᠨ ᠬᠡᠷᠡᠭ᠌ᠯᠡᠵᠦ᠍᠂ ᠲᠤᠭᠠᠴᠢᠯᠠᠭᠰᠠᠨ ᠬᠥᠳᠡᠭᠡ ᠲᠣᠰᠭᠣᠨ᠎ᠢᠶᠡᠷ ᠲᠠᠷᠢᠶᠠᠯᠠᠩ᠎ᠢ ᠬᠦᠴᠦᠷᠬᠡᠭ᠌ᠵᠢᠭᠦᠯᠵᠦ᠍ ᠲᠠᠷᠢᠶᠠᠴᠢᠳ᠎ᠲᠤ ᠠᠱᠢᠭ ᠬᠦᠷᠲᠡᠭᠡᠵᠦ᠍ ᠲᠠᠷᠢᠶᠠᠴᠢᠳ᠎ᠢ ᠪᠠᠶᠠᠵᠢᠭᠤᠯᠬᠤ ᠲᠤᠰᠭᠠᠶ ᠠᠵᠢᠯᠯᠠᠭ᠎ᠠ᠎ᠶ᠋ᠢ ᠬᠡᠷᠡᠭ᠌ᠵᠢᠭᠦᠯᠵᠦ᠍᠂ ᠲᠠᠬᠢᠨ ᠶᠠᠳᠠᠭᠤᠷᠠᠬᠤ᠎ᠶ᠋ᠢ ᠰᠡᠷᠭᠡᠢᠯᠡᠵᠦ᠍ ᠠᠵᠢᠯ ᠣᠯᠭᠣᠬᠤ ᠪᠣᠭᠣᠮᠲᠠ ᠱᠢᠪᠲᠤᠯᠬᠤ ᠠᠵᠢᠯᠯᠠᠭ᠎ᠠ᠎ᠶ᠋ᠢ ᠭᠦᠨᠵᠡᠭᠡᠶ ᠥᠷᠨᠢᠭᠦᠯᠵᠦ᠍᠂ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠱᠢᠪᠲᠤᠯᠬᠤ ᠦᠷ᠎ᠡ ᠪᠦᠲᠦᠭᠡᠯ᠎ᠢ ᠦᠷᠭᠦᠯᠵᠢᠯᠡᠨ ᠪᠡᠬᠢᠵᠢᠭᠦᠯᠦᠨ ᠥᠷᠭᠡᠳᠭᠡᠨ᠎ᠠ

ᠵᠢᠷᠭᠤᠭ᠎ᠠ᠂ ᠤᠮᠠᠷᠠᠲᠤ ᠬᠢᠯᠢ᠎ᠶ᠋ᠢᠨ ᠰᠣᠶᠣᠯ᠎ᠤᠨ ᠪᠠᠢᠭᠤᠯᠤᠯᠲᠠ᠎ᠶ᠋ᠢ ᠳᠡᠭᠡᠭ᠌ᠰᠢᠯᠡᠭᠦᠯᠬᠦ᠌ ᠠᠵᠢᠯᠯᠠᠭᠠᠨ᠎ᠢᠶᠡᠷ ᠬᠦᠲᠤᠯᠤᠨ ᠵᠢᠯᠤᠭᠤᠲᠤᠭᠤᠯᠵᠤ᠂ ᠰᠣᠶᠣᠯ ᠵᠢᠭᠤᠯᠴᠢᠯᠠᠯ᠎ᠤᠨ ᠦᠶ᠋ᠯᠡᠰ᠎ᠢ ᠲᠤᠯᠭᠠᠭᠤᠷᠢ ᠠᠵᠤ ᠦᠶ᠋ᠯᠡᠰ  ᠪᠣᠯᠭᠠᠨ ᠴᠤᠭᠴᠠᠯᠠᠨ᠎ᠠ

ᠰᠣᠶᠣᠯ᠎ᠢᠶᠠᠷ ᠵᠢᠭᠤᠯᠴᠢᠯᠠᠯ᠎ᠢ ᠱᠤᠭᠤᠬᠤ᠂ ᠵᠢᠭᠤᠯᠴᠢᠯᠠᠯ᠎ᠢᠶᠠᠷ ᠰᠣᠶᠣᠯ᠎ᠢ ᠲᠤᠲᠤᠷᠠᠭᠤᠯᠬᠤ᠎ᠶ᠋ᠢ ᠪᠠᠷᠢᠮᠲᠠᠯᠠᠵᠤ᠂ ᠰᠣᠶᠣᠯ᠂ ᠵᠢᠭᠤᠯᠴᠢᠯᠠᠯ᠂ ᠲᠠᠮᠢᠷ᠂ ᠤᠷᠤᠯᠳᠤᠭᠠᠨ᠂ ᠲᠣᠭ᠍ᠯᠠᠯᠲᠠ᠂ ᠴᠤᠭ᠍ᠯᠠᠭᠠᠨ ᠦᠵᠡᠰᠭᠦᠯᠡᠩ᠂ ᠬᠤᠳᠠᠯᠳᠤᠭᠠᠨ᠎ᠤ ᠠᠭᠤᠰᠤᠯᠴᠠᠨ ᠬᠥᠭ᠌ᠵᠢᠬᠦ᠌᠎ᠶ᠋ᠢ ᠠᠬᠢᠭᠤᠯᠵᠤ᠂ ᠰᠣᠶᠣᠯ ᠵᠢᠭᠤᠯᠴᠢᠯᠠᠯ᠎ᠤᠨ ᠬᠦᠴᠦᠷᠬᠡᠭ ᠣᠷᠣᠨ᠎ᠢ᠋ ᠲᠦᠷᠭᠡᠳᠭᠡᠨ ᠪᠥᠲᠥᠭᠡᠨ ᠪᠠᠢᠭᠤᠯᠤᠨ᠎ᠠ

ᠳᠣᠯᠣᠭ᠎ᠠ᠂ ᠠᠵᠤ ᠠᠬᠤᠢᠯᠠᠯ᠎ᠢ ᠲᠤᠰᠠᠯᠠᠬᠤ ᠠᠵᠢᠯᠯᠠᠭ᠎ᠠ᠎ᠶ᠋ᠢ ᠬᠦᠴᠤᠯᠠᠨ ᠠᠳᠭᠤᠵᠤ᠂ ᠠᠵᠤ ᠠᠬᠤᠢᠯᠠᠯ᠎ᠤᠨ ᠬᠦᠴᠢᠷᠳᠡᠯ᠎ᠢ ᠦᠨᠡᠨ᠎ᠬᠦ ᠱᠢᠶ᠋ᠳᠪᠦᠷᠢᠯᠡᠵᠦ᠍ ᠥᠭ᠌ᠬᠦᠨ᠎ᠠ

ᠦᠪᠠᠷᠲᠠᠬᠡᠨ ᠵᠠᠰᠠᠬᠤ ᠣᠷᠣᠨ᠎ᠤ ᠬᠠᠷᠢᠶ᠎ᠠ ᠪᠥᠬᠥᠶ ᠤᠯᠤᠰ᠎ᠤᠨ ᠥᠮᠴᠢᠯᠡᠯᠲᠦ ᠠᠵᠤ ᠠᠬᠤᠢᠯᠠᠯ᠎ᠨᠢ ᠠᠯᠳᠠᠪᠤᠷᠢ᠎ᠲᠠᠢ ᠡᠴᠠ ᠪᠠᠨ ᠣᠯᠵᠠᠪᠤᠷᠢ᠎ᠲᠠᠶ ᠪᠤᠯᠵᠤ᠂ ᠶᠠᠰᠦ ᠴᠢᠨᠠᠷ᠎ᠶ᠋ᠢᠡᠨ ᠳᠡᠭᠡᠭ᠌ᠰᠢᠯᠡᠭᠦᠯᠦᠨ ᠦᠷ᠎ᠡ ᠪᠦᠲᠦᠮᠵᠢ ᠪᠠᠨ ᠨᠡᠮᠡᠭ᠌ᠳᠡᠭᠦᠯᠵᠦ᠍᠂ 《ᠨᠢᠭᠡ ᠠᠵᠤ ᠠᠬᠤᠢᠯᠠᠯ᠎ᠳᠤ ᠨᠢᠭᠡ ᠠᠷᠭ᠎ᠠ ᠪᠣᠳᠣᠯᠭ᠎ᠠ᠎ᠬᠡᠷᠡᠭᠵᠢᠬᠦᠯᠬᠦ》 ᠪᠠᠷ ᠠᠷᠭ᠎ᠠ ᠬᠡᠮᠵᠢᠶ᠎ᠡ ᠲᠣᠭ᠍ᠲᠠᠭᠠᠨ᠂ ᠠᠷᠭ᠎ᠠ ᠪᠤᠲᠤᠯᠭ᠎ᠠ ᠠᠪᠴᠤ᠌᠂ ᠦᠷ᠎ᠡ ᠪᠦᠲᠤᠬᠡᠯ ᠭᠠᠷᠭᠠᠨ᠎ᠠ

ᠠᠷᠠᠳ᠎ᠤᠨ ᠡᠵᠡᠩᠨᠡᠯᠳᠡ ᠵᠢᠨ ᠠᠵᠤ ᠠᠬᠤᠢᠯᠠᠯ᠎ᠲᠠᠶ ᠴᠢᠩ ᠦᠨᠡᠨᠴᠢ᠎ᠪᠡᠷ ᠬᠠᠷᠢᠯᠴᠠᠵᠤ᠂ ᠢᠯᠠᠩᠭᠤᠶ᠎ᠠ ᠠᠵᠤ ᠠᠬᠤᠢᠯᠠᠯ ᠬᠦᠴᠢᠷᠳᠡᠯ᠎ᠳᠦ ᠲᠤᠯᠭᠠᠷᠠᠭ᠍ᠰᠠᠨ ᠦᠶ᠎ᠡ᠎ᠳᠦ ᠨᠡᠩ ᠴᠤ᠌ ᠰᠠᠨᠠᠭᠠᠴᠢᠯᠠᠭ᠎ᠠ᠎ᠠᠴᠠ᠎ᠪᠠᠨ ᠬᠠᠪᠰᠤᠷᠴᠦ᠂ ᠦᠨᠠᠨ ᠰᠡᠳᠬᠢᠯ ᠡᠴᠠ ᠪᠠᠨ ᠦᠢᠯᠡᠴᠢᠯᠡᠨ᠎ᠡ

ᠲᠥᠪ᠎ᠦᠨ ᠠᠵᠤ ᠠᠬᠤᠢᠯᠠᠯ᠎ᠯᠤᠭ᠎ᠠ᠎ᠶ᠋ᠢᠨ ᠬᠠᠮᠲᠤᠷᠠᠯᠴᠠᠭ᠎ᠠ᠎ᠪᠠᠨ ᠤᠯᠠᠮ ᠨᠢᠬᠡ ᠠᠯᠬᠤᠮ ᠴᠢᠩᠭᠠᠳᠭᠠᠵᠤ᠂ ᠨᠢᠭᠡ ᠨᠢᠭᠡ ᠠᠵᠤ ᠠᠬᠤᠢᠯᠠᠯ᠎ᠢᠶᠠᠷ ᠵᠣᠯᠭᠠᠭᠤᠯᠤᠨ᠂ ᠨᠢᠭᠡ ᠨᠢᠭᠡ ᠲᠦᠷᠦᠯ ᠵᠦᠢᠯ᠎ᠢᠶᠡᠷ ᠪᠤᠲᠠᠲᠠᠢᠵᠢᠭᠤᠯᠤᠨ ᠠᠳᠬᠤᠨ᠎ᠠ

ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠦᠨ ᠬᠦᠷᠢᠶᠡᠨ᠎ᠳᠡᠬᠢ ᠠᠰᠠᠭᠤᠳᠠᠯ᠎ᠢ ᠲᠤᠰᠭᠠᠶ ᠴᠡᠭ᠌ᠴᠡᠯᠡᠨ ᠵᠠᠰᠠᠬᠤ ᠠᠵᠢᠯ᠎ᠢ ᠥᠷᠨᠢᠭᠦᠯᠵᠦ᠍᠂ ᠦᠨᠠᠨᠴᠢ ᠢᠲᠡᠭᠡᠮᠵᠢ᠎ᠲᠡᠶ ᠪᠠᠢᠬᠤ᠎ᠶ᠋ᠢ ᠠᠷᠠᠯᠵᠢᠶᠠᠴᠢᠨ ᠤᠷᠢᠵᠤ ᠪᠠᠯᠠ ᠮᠦᠩᠬᠦ ᠣᠷᠣᠭᠤᠯᠤᠨ ᠠᠪᠴᠢᠷᠠᠬᠤ ᠭᠤᠤᠯᠯᠠᠬᠤ ᠥᠷᠢᠰᠦᠯᠳᠦᠬᠦ᠌ ᠬᠦᠴᠦᠨ ᠪᠤᠯᠭᠠᠨ᠎ᠠ

ᠨᠠᠶ᠋ᠮᠠ᠂ ᠣᠷᠣᠨ ᠪᠦᠰᠡ᠎ᠶ᠋ᠢᠨ ᠬᠠᠮᠲᠤᠷᠠᠯᠴᠠᠭ᠎ᠠ᠎ᠶ᠋ᠢ ᠭᠦᠨᠵᠡᠭᠡᠢᠷᠡᠭᠦᠯᠬᠦ᠌ ᠠᠵᠢᠯᠯᠠᠭ᠎ᠠ᠎ᠶ᠋ᠢ ᠰᠠᠢᠲᠤᠷ ᠠᠳᠭᠤᠵᠤ᠂ ᠬᠥᠭ᠌ᠵᠢᠯᠲᠡ᠎ᠶ᠋ᠢᠨ ᠰᠢᠨ᠎ᠠ ᠣᠷᠣᠨ ᠵᠠᠶ᠎ᠶ᠋ᠢ ᠶᠡᠬᠡ ᠪᠡᠷ ᠥᠷᠭᠡᠳᠭᠡᠨ᠎ᠡ

ᠭᠠᠳᠠᠭᠰᠢ ᠪᠠᠨ ᠥᠨᠳᠥᠷ ᠲᠦᠪᠱᠢᠨ ᠪᠦᠬᠦᠢ ᠨᠡᠭᠡᠭᠡᠯᠳᠡ᠎ᠶ᠋ᠢ ᠥᠷᠭᠡᠳᠭᠡᠨ᠎ᠠ

ᠳᠣᠲᠣᠭᠠᠳᠤ᠎ᠳᠠᠭᠠᠨ ᠣᠷᠣᠨ ᠪᠦᠰᠡ᠎ᠶ᠋ᠢᠨ ᠬᠣᠭᠣᠷᠣᠨᠳᠣᠬᠢ ᠬᠠᠮᠲᠤᠷᠠᠯᠴᠠᠭ᠎ᠠ᠎ᠪᠠᠨ ᠭᠦᠨᠵᠡᠭᠡᠢᠷᠡᠭᠦᠯᠤᠨ᠎ᠠ

ᠦᠪᠠᠷᠲᠠᠬᠡᠨ ᠵᠠᠰᠠᠬᠤ ᠣᠷᠣᠨ᠎ᠤ ᠳᠣᠲᠣᠭᠠᠲᠤ ᠳ᠋ᠠᠭᠠᠨ ᠵᠥᠷᠢᠶᠡᠴᠢᠯᠡᠭᠰᠠᠨ ᠵᠣᠬᠢᠴᠠᠩᠭᠤᠶ ᠬᠥᠭ᠌ᠵᠢᠯᠲᠡ᠎ᠶ᠋ᠢ ᠪᠠᠷᠢᠮᠲᠠᠯᠠᠨ᠎ᠠ

ᠶᠢᠰᠦ᠂ ᠡᠯᠡᠰᠦ᠎ᠶ᠋ᠢ ᠵᠠᠰᠠᠬᠤ ᠪᠠ ᠤᠰᠤ ᠠᠷᠪᠢᠯᠠᠬᠤ᠎ᠪᠠᠷ ᠬᠥᠲᠥᠯᠦᠮᠵᠢ ᠪᠣᠯᠭᠠᠵᠤ᠂ ᠠᠮᠢ ᠠᠬᠤᠢ᠎ᠶ᠋ᠢᠨ ᠠᠮᠤᠷ ᠲᠦᠪᠱᠢᠨ᠎ᠦ ᠬᠠᠯᠬᠠᠪᠴᠢ᠎ᠶ᠋ᠢᠨ ᠪᠦᠲᠦᠭᠡᠨ ᠪᠠᠢᠭᠤᠯᠤᠯᠲᠠ ᠶ᠋ᠢ ᠪᠦᠬᠦ᠌ ᠬᠦᠴᠦᠨ᠎ᠢᠶᠡᠷ᠎ᠢᠶᠡᠨ ᠠᠬᠢᠭᠤᠯᠤᠨ᠎ᠠ

《ᠤᠮᠠᠷᠠᠲᠤ ᠵᠢᠨ ᠭᠤᠷᠪᠠᠨ ᠤᠷᠤᠨ》 ᠤ᠋ ᠢᠨᠵᠧᠨᠧᠷᠢᠩ᠎ᠦᠨ ᠪᠤᠭᠤᠮᠲᠠ ᠰᠢᠪᠲᠤᠯᠬᠤ ᠳᠠᠢᠯᠠᠯᠳᠤᠭᠠᠨ᠎ᠢ ᠦᠷᠭᠦᠯᠵᠢᠯᠡᠨ ᠰᠠᠢᠲᠤᠷ ᠬᠢᠨ᠎ᠠ

ᠤᠰᠤ ᠠᠷᠪᠢᠯᠠᠬᠤ ᠠᠵᠢᠯᠯᠠᠭ᠎ᠠ᠎ᠶ᠋ᠢ ᠭᠦᠨᠵᠡᠭᠡᠢᠷᠠᠬᠦᠯᠤᠨ ᠬᠡᠷᠡᠭ᠌ᠵᠢᠭᠦᠯᠦᠨ᠎ᠡ

ᠬᠦᠬᠡ ᠣᠭ᠍ᠲᠠᠷᠭᠤᠢ ᠬᠥᠬᠡᠮᠳᠦᠭ ᠤᠰᠤ ᠴᠡᠪᠠᠷ ᠬᠥᠷᠥᠰᠤᠨ ᠤ᠋ ᠬᠠᠮᠠᠭᠠᠯᠠᠯᠲᠠ ᠵᠢᠨ ᠳᠠᠢᠯᠠᠯᠳᠤᠭᠠᠨ᠎ᠢ ᠨᠢᠭᠡᠳᠦᠯᠲᠡᠢ ᠲᠥᠯᠥᠪᠯᠠᠨ ᠰᠠᠢᠲᠤᠷ ᠬᠢᠨ᠎ᠠ

ᠡᠨᠧᠷᠭᠢ ᠠᠷᠪᠢᠯᠠᠠ ᠨᠡᠭᠦᠷᠡᠰᠦᠲᠥ᠋ᠷᠥᠭ᠌ᠴᠢ᠎ᠶᠢ ᠪᠠᠭᠤᠷᠠᠭᠤᠯᠵᠤ ᠪᠣᠬᠢᠷᠲᠤᠯ ᠥᠬᠡᠶ ᠬᠥᠭ᠌ᠵᠢᠬᠦ᠎ᠶ᠋ᠢ ᠠᠬᠢᠭᠤᠯᠤᠨ᠎ᠠ

ᠠᠷᠪᠠ᠂ ᠠᠵᠢᠯ ᠣᠯᠭᠣᠯᠲᠠ᠎ᠶ᠋ᠢ ᠠᠬᠢᠭᠤᠯᠬᠤ ᠠᠵᠢᠯᠯᠠᠭ᠎ᠠ᠎ᠶ᠋ᠢ ᠬᠡᠷᠡᠭ᠌ᠵᠢᠭᠦᠯᠬᠦ᠌᠎ᠪᠡᠷ ᠭᠣᠣᠯᠳᠠᠯᠭ᠎ᠠ ᠪᠣᠯᠭᠠᠵᠤ᠂ ᠠᠷᠠᠳ᠎ᠤᠨ ᠠᠮᠢᠳᠤᠷᠠᠯ᠎ᠤᠨ ᠪᠣᠳᠠᠲᠤ ᠶᠠᠪᠤᠳᠠᠯ᠎ᠢ᠋ ᠰᠠᠢᠲᠤᠷ ᠬᠢᠨ᠎ᠡ

ᠣᠯᠠᠨ ᠵᠦᠶ᠋ᠯ᠎ᠦᠨ ᠠᠷᠭ᠎ᠠ ᠬᠡᠮᠵᠢᠶ᠎ᠡ᠎ᠶ᠋ᠢ ᠵᠡᠷᠭᠡ ᠪᠡᠷ ᠬᠡᠷᠡᠭ᠌ᠯᠡᠨ ᠠᠵᠤ ᠦᠶ᠋ᠯᠡᠰ ᠬᠢᠭᠡᠳ ᠠᠵᠢᠯ ᠣᠯᠭᠣᠯᠲᠠ᠎ᠶ᠋ᠢᠨ ᠬᠠᠷᠢᠯᠴᠠᠨ ᠠᠬᠢᠭᠤᠯᠵᠤ ᠬᠠᠮᠲᠤ᠎ᠪᠠᠷ ᠲᠠᠪᠰᠢᠬᠤ ᠶ᠋ᠢ ᠠᠬᠢᠭᠤᠯᠤᠨ᠎ᠠ

ᠰᠤᠷᠬᠤ ᠨᠠᠰᠤᠨ᠎ᠠᠴᠠ ᠡᠮᠦᠨᠡᠬᠢ ᠰᠤᠷᠭᠠᠨ ᠬᠥᠮᠦᠵᠢᠯ᠎ᠳᠦ ᠲᠦᠭᠡᠮᠡᠯ ᠬᠦᠷᠲᠠᠬᠡᠵᠤ ᠲᠦᠬᠡᠮᠡᠯ ᠬᠠᠷᠠᠭᠠᠯᠵᠠᠬᠤ ᠶ᠋ᠢ ᠭᠣᠣᠯᠳᠠᠯᠭ᠎ᠠ᠎ᠲᠠᠶ ᠠᠳᠭᠤᠵᠤ᠂ ᠠᠯᠪᠠᠨ ᠵᠢᠷᠤᠮ᠎ᠤᠨ ᠰᠤᠷᠭᠠᠨ ᠬᠥᠮᠦᠵᠢᠯ᠎ᠦᠨ ᠵᠠᠩᠭᠢᠯᠠᠭ᠎ᠠ ᠨᠢ ᠴᠢᠨᠠᠷᠯᠢᠭ ᠪᠦᠬᠡᠳ ᠲᠡᠩᠴᠡᠭᠦᠷᠢᠲᠡᠢ ᠬᠥᠭ᠌ᠵᠢᠭᠦᠯᠤᠨ᠂ ᠥᠨᠳᠥᠷ ᠵᠡᠷᠭᠡ᠎ᠶ᠋ᠢᠨ ᠳᠤᠮᠳᠠᠳᠤ ᠰᠤᠷᠭᠠᠭᠤᠯᠢ᠎ᠶ᠋ᠢᠨ ᠱᠠᠲᠤᠨ᠎ᠤ ᠰᠤᠷᠭᠠᠨ ᠬᠥᠮᠦᠵᠢᠯ᠎ᠤᠨ ᠤᠨᠴᠠᠯᠢᠭᠵᠢᠭᠤᠯᠤᠨ ᠤᠯᠠᠨ ᠶᠠᠩᠵᠤᠴᠢᠯᠠᠨ ᠰᠤᠷᠭᠠᠭᠤᠯᠢ ᠡᠷᠬᠢᠯᠡᠬᠦ᠌  ᠵᠢ ᠲᠤᠪᠤᠢ᠌ᠯᠭᠠᠨ᠎ᠠ

ᠣᠯᠠᠨ ᠲᠦᠮᠡᠨ᠎ᠢ ᠭᠡᠷ᠎ᠦᠨ ᠡᠭᠦᠳᠡᠨ᠎ᠳᠡᠭᠡᠨ ᠡᠪᠡᠳᠴᠢᠨ ᠵᠢᠡᠨ ᠰᠠᠢᠲᠤᠷ ᠡᠮᠨᠡᠬᠦᠯᠵᠤ ᠲᠠᠢᠯᠬᠦ ᠪᠤᠯᠭᠠᠨ᠎ᠠ

ᠠᠷᠪᠠᠨ ᠨᠢᠭᠡ᠂ ᠬᠥᠭ᠌ᠵᠢᠯᠲᠡ ᠪᠠ ᠠᠮᠤᠷ ᠲᠦᠪᠱᠢᠨ᠎ᠢ ᠨᠠᠩ ᠰᠠᠢᠲᠤᠷ ᠨᠢᠭᠡᠳᠦᠯᠲᠡᠶ ᠲᠥᠯᠥᠪᠯᠠᠵᠤ᠂ ᠡᠬᠡ ᠤᠯᠤᠰ᠎ᠤᠨ ᠤᠮᠠᠷᠠᠲᠤ᠎ᠬᠢᠯᠢ ᠶ᠋ᠢᠨ ᠠᠮᠤᠷ ᠲᠦᠪᠱᠢᠨ ᠲᠣᠭ᠍ᠲᠠᠭᠤᠨ᠎ᠤ ᠬᠠᠯᠬᠠᠪᠴᠢ᠎ᠶ᠋ᠢ ᠪᠠᠳᠤ ᠴᠤᠬᠴᠠᠯᠠᠨ᠎ᠠ

ᠠᠶᠤᠯᠭᠦᠢ ᠦᠢᠯᠡᠳᠪᠦᠷᠢᠯᠡᠯ᠎ᠦᠨ ᠬᠣᠷᠢᠭ᠎ᠠ ᠱᠤᠭᠤᠮ᠎ᠢ ᠰᠠᠢᠲᠤᠷ ᠰᠠᠬᠢᠨ᠎ᠠ

ᠭᠣᠣᠯᠳᠠᠯᠭ᠎ᠠ᠎ᠲᠠᠶ ᠬᠦᠷᠢᠶ᠎ᠠ ᠴᠠᠷᠠᠭᠠᠨ ᠳ᠋ᠡᠬᠢ ᠲᠦᠭ᠌ᠰᠢᠭᠦᠷᠢ᠎ᠶ᠋ᠢᠨ ᠬᠣᠷᠢᠭ᠎ᠠ ᠱᠤᠭᠤᠮ᠎ᠢ ᠰᠠᠢᠲᠤᠷ ᠰᠠᠬᠢᠨ᠎ᠠ

ᠨᠡᠢᠭᠡᠮ᠎ᠦᠨ ᠲᠣᠭ᠍ᠲᠠᠭᠤᠨ᠎ᠤ ᠬᠣᠷᠢᠭ᠎ᠠ ᠱᠤᠭᠤᠮ᠎ᠢ ᠰᠠᠢᠲᠤᠷ ᠰᠠᠬᠢᠨ᠎ᠠ

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号