ᠣᠨ ᠵᠢᠯ ᠣᠷᠴᠢᠵᠦ᠂ ᠱᠢᠨ᠎ᠡ ᠠᠶᠠᠨ ᠤ᠋ ᠭᠠᠷᠣᠭ᠎ᠠ ᠡᠯᠬᠦᠭᠰᠡᠨ ᠥᠪᠥᠷ ᠮᠣᠩᠭᠣᠯ 《ᠬᠣᠶᠠᠷ ᠬᠤᠷᠠᠯ ᠤ᠋ᠨ ᠴᠠᠬ ᠬᠣᠭᠣᠴᠠᠭ᠎ᠠ》 ᠳ᠋ᠤ ᠤᠷᠤᠯ᠎ᠠ᠃ ᠵᠠᠰᠠᠭ ᠤ᠋ᠨ ᠣᠷᠳᠣᠨ ᠤ᠋ ᠠᠵᠢᠯ ᠤ᠋ᠨ ᠢᠯᠡᠳᠭᠡᠯ ᠳ᠋ᠡᠬᠢ ᠬᠠᠷᠠᠭ᠎ᠠ ᠪᠠᠶᠠᠰᠬᠠᠮ᠎ᠠ ᠲᠣᠭ᠎ᠠ ᠪᠠᠷᠢᠮᠲᠠ ᠦᠨᠡᠨ ᠪᠣᠲᠠᠲᠠᠢ ᠠᠷᠭ᠎ᠠ ᠬᠡᠮᠵᠢᠶ᠎ᠡ ᠨᠤᠭᠦᠳ ᠨᠢ ᠡᠷᠴᠢ ᠵᠤᠷᠢᠭ ᠢ᠋ ᠬᠦᠪᠴᠢᠯᠡᠵᠤ᠂ ᠲᠣᠳᠣᠷᠬᠠᠢ ᠬᠠᠷᠠᠯᠲᠠ ᠲᠣᠭᠣᠰᠢᠲᠠᠢ ᠠᠵᠢᠯᠯᠠᠭ᠎ᠠ ᠨᠤᠭᠤᠳ ᠨᠢ ᠭᠠᠷᠮᠠᠭᠠᠢᠯᠠᠨ ᠲᠡᠮᠡᠴᠡᠬᠦ ᠢᠳᠡ ᠬᠦᠴᠦᠨ ᠢ᠋ ᠤᠨᠳᠤᠷᠤᠭᠤᠯᠤᠨᠠ᠃
2024 ᠣᠨ ᠳ᠋ᠤ᠂ ᠵᠢᠱ᠌ᠢᠯᠲᠡ ᠪᠡᠷ ᠤᠷᠤᠨ ᠨᠤᠳᠤᠭ ᠤ᠋ᠨ ᠦᠶ᠋ᠯᠡᠳᠪᠦᠷᠢᠯᠡᠯ ᠤ᠋ᠨ ᠶᠡᠷᠦᠩᠬᠡᠶ ᠥᠷᠲᠡᠭ 6% ᠣᠷᠴᠢᠮ ᠨᠡᠮᠡᠭ᠌ᠳᠡᠨ᠂ 2.6 ᠲᠦᠮᠡᠨ ᠳ᠋ᠦᠩᠱᠢᠭᠤᠷ ᠲᠥᠭᠥᠷᠢᠭ ᠢ᠋ ᠳᠠᠪᠠᠵᠤ ᠂ ᠶᠡᠷᠦᠩᠬᠡᠶ ᠬᠡᠮᠵᠢᠶ᠎ᠡ ᠪᠡᠷ ᠪᠦᠬᠦ ᠤᠯᠤᠰ ᠤ᠋ᠨ 20 ᠳ᠋ᠤᠭᠠᠷ ᠲᠦ᠍ ᠲᠡᠪᠰᠢᠨ ᠤᠷᠤᠬᠤ ᠪᠤᠯᠤᠯᠴᠠᠭ᠎ᠠ ᠲᠠᠢ ᠪᠠᠢᠵᠤ᠂ 5 ᠵᠢᠯ ᠠᠯᠤᠰᠯᠠᠭᠠᠳ ᠲᠠᠬᠢᠨᠲᠠ ᠪᠥᠬᠥ᠌ ᠤᠯᠤᠰ ᠤ᠋ᠨ ᠳᠤᠮᠳᠠ ᠲᠦᠪᠰᠢᠨ ᠳ᠋ᠦ ᠡᠬᠡᠬᠦ ᠪᠣᠯᠣᠨ᠎ᠠ; ᠠᠵᠤ ᠦᠶ᠋ᠯᠡᠳᠪᠦᠷᠢ ᠵᠢᠨ ᠨᠡᠮᠡᠭ᠌ᠳᠡᠯ ᠥᠷᠲᠡᠭ ᠲᠦᠮᠡᠨ ᠳ᠋ᠦᠩᠱᠢᠭᠤᠷ ᠲᠥᠭᠥᠷᠢᠭ ᠤ᠋ᠨ ᠶᠡᠬᠡ ᠪᠣᠭᠣᠮᠲᠠ ᠶ᠋ᠢ ᠳᠠᠪᠠᠪᠠ ; ᠠᠮᠤ ᠪᠤᠳᠠᠭᠠᠨ ᠤ᠋ ᠶᠡᠷᠦᠩᠬᠡᠢ ᠤᠨᠠᠯᠲᠠ 820.1 ᠳ᠋ᠦᠩᠱᠢᠭᠤᠷ ᠵᠢᠩ ᠳ᠋ᠤ ᠬᠦᠷᠴᠦ᠍᠂ ᠬᠣᠷᠢᠨ ᠨᠢᠭᠡᠨ ᠵᠢᠯ ᠳᠠᠷᠠᠭᠠᠯᠠᠨ ᠡᠯᠪᠡᠭ ᠬᠤᠷᠢᠶᠠᠯᠲᠠ ᠣᠯᠣᠬᠰᠠᠨ ᠭᠠᠢᠬᠠᠮᠰᠢᠬ ᠢ᠋ ᠪᠢᠴᠢᠭᠯᠡᠪᠡ ᠁
2025 ᠣᠨ ᠳ᠋ᠤ᠂ 11 ᠲᠠᠯ᠎ᠠ ᠵᠢᠨ ᠠᠵᠢᠯ ᠢ᠋ ᠭᠣᠣᠯᠳᠠᠯᠭ᠎ᠠ ᠲᠠᠶ ᠰᠠᠢᠲᠤᠷ ᠬᠢᠨ᠎ᠡ᠄ ᠴᠢᠬᠤᠯᠠ ᠶᠡᠬᠡ ᠲᠦᠷᠦᠯ ᠵᠦᠢᠯ ᠢ᠋ ᠲᠥᠯᠥᠪᠵᠢᠭᠦᠯᠬᠦ᠌ ᠠᠵᠢᠯᠯᠠᠭ᠎ᠠ ᠶ᠋ᠢ ᠬᠡᠷᠡᠭ᠌ᠵᠢᠭᠦᠯᠵᠦ᠍᠂ ᠪᠡᠯᠡ ᠣᠷᠣᠭᠤᠯᠤᠯᠲᠠ ᠶ᠋ᠢ ᠡᠷᠡᠰ ᠭᠤᠢᠪᠢᠰᠢ ᠦᠭᠡᠢ ᠠᠳᠭᠤᠨ᠎ᠠ; ᠬᠠᠩᠭᠠᠯᠭ᠎ᠠ ᠬᠡᠷᠡᠭ᠌ᠴᠡᠭᠡᠶ᠋ᠢ ᠬᠠᠮᠵᠢᠯᠴᠠᠭᠤᠯᠤᠨ ᠬᠦᠴᠦᠯᠡᠬᠦ᠌ ᠶ᠋ᠢ ᠪᠠᠷᠢᠮᠲᠠᠯᠠᠵᠤ᠂ ᠠᠷᠭ᠎ᠠ ᠪᠦᠬᠦᠨ ᠢ᠋ ᠰᠦᠪᠡᠭ᠌ᠴᠢᠯᠡᠵᠦ᠍ ᠪᠠᠢᠭᠠᠳ ᠬᠡᠷᠡᠭ᠌ᠯᠡᠭᠡᠶ᠋ᠢ ᠠᠬᠢᠭᠣᠯᠣᠨ᠎ᠠ; ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠤ᠋ᠨ 《ᠪᠦᠰᠡᠯᠡᠯᠳᠡ ᠰᠢᠪᠳᠤᠯᠬᠤ》 ᠢᠨᠵᠧᠨᠧᠷᠢᠩ ᠢ᠋ ᠦᠷᠭᠦᠯᠵᠢᠯᠡᠨ ᠠᠬᠢᠭᠤᠯᠵᠤ᠂ ᠱᠢᠨ᠎ᠡ ᠴᠢᠨᠠᠷ ᠤ᠋ᠨ ᠦᠢᠯᠡᠳᠪᠦᠷᠢᠯᠡᠯ ᠤ᠋ᠨ ᠬᠦᠴᠦᠨ ᠢ᠋ ᠪᠣᠢᠵᠢᠭᠤᠯᠤᠨ ᠬᠥᠭ᠌ᠵᠢᠭᠦᠯᠦᠨᠡ ᠁
ᠥᠩᠭᠡᠷᠡᠭ᠌ᠰᠡᠨ ᠵᠢᠡᠨ ᠡᠷᠭᠢᠴᠡᠭᠦᠯᠦᠨ ᠢᠷᠡᠭᠡᠳᠦᠢ ᠪᠡᠨ ᠪᠠᠷᠠᠯᠠᠬᠤᠶ᠎ᠠ᠂ ᠥᠪᠥᠷ ᠮᠣᠩᠭᠣᠯ ᠢᠮᠠᠭ᠍ᠲᠠ ᠳᠤᠮᠳᠠᠳᠤ ᠵᠢᠨ ᠦᠨᠳᠦᠰᠦᠲᠡᠨ ᠤ᠋ ᠬᠠᠮᠲᠤ ᠵᠢᠨ ᠴᠣᠭ᠍ᠴᠠ ᠵᠢᠨ ᠤᠬᠠᠮᠰᠠᠷ ᠢ᠋ ᠪᠠᠲᠤ ᠴᠣᠭ᠍ᠴᠠᠯᠠᠬᠤ ᠠᠵᠢᠯ ᠤ᠋ᠨ ᠭᠣᠣᠯ ᠱᠢᠵᠢᠮ ᠢ᠋ ᠴᠢᠩᠭ᠎ᠠ ᠡᠵᠡᠮᠳᠡᠵᠦ᠍᠂ 2400 ᠲᠦᠮᠡᠨ ᠦᠨᠳᠦᠰᠦᠲᠡᠨ ᠨᠤᠭᠦᠳ ᠤ᠋ᠨ ᠠᠷᠠᠳ ᠲᠦᠮᠡᠨ ᠪᠦᠯᠬᠦᠮᠳᠡᠨ ᠨᠢᠭᠡᠳᠴᠦ᠍ ᠡᠷᠡᠮᠡᠬᠡᠢᠯᠡᠨ ᠤᠷᠤᠭ᠍ᠰᠢᠯᠠᠵᠤ᠂ ᠭᠠᠯ ᠬᠠᠯᠠᠭᠤᠨ ᠦᠢᠯᠡᠳᠦᠯᠭᠡ ᠳ᠋ᠤ ᠬᠠᠮᠲᠤ ᠪᠠᠷ ᠣᠷᠣᠯᠴᠠᠵᠤ᠂ ᠭᠠᠷ ᠬᠣᠯᠪᠣᠨ ᠲᠡᠮᠡᠴᠡᠯ ᠤ᠋ᠨ ᠠᠶᠠᠨ ᠳ᠋ᠤ ᠰᠢᠭᠣᠷᠬᠠᠢᠯᠠᠬᠰᠠᠭᠠᠷ᠃
ᠭᠣᠣᠯ ᠱᠢᠵᠢᠮ ᠢ᠋ ᠲᠤᠭᠤᠱᠢᠯᠠᠭᠤᠯᠵᠤ ᠡᠷᠬᠢᠮ ᠳᠡᠭᠡᠳᠦ ᠢᠷᠠᠭᠤ ᠠᠯᠳᠠᠷ ᠢ᠋ ᠰᠡᠳᠭᠢᠯ ᠨᠢᠭᠡᠳᠦᠨ ᠬᠠᠮᠠᠭᠠᠯᠠᠨ᠎ᠠ
ᠥᠪᠥᠷ ᠮᠣᠩᠭᠣᠯ ᠤᠷᠳᠤ ᠬᠤᠭᠤᠴᠠᠭᠠᠨ ᠤ᠋ ᠲᠣᠷᠰᠢ 《ᠵᠢᠱ᠌ᠢᠶᠡᠴᠢ ᠥᠪᠡᠷᠲᠡᠭᠡᠨ ᠵᠠᠰᠠᠬᠤ ᠣᠷᠣᠨ》 ᠭᠡᠬᠦ ᠡᠷᠬᠢᠮ ᠳᠡᠭᠡᠳᠦ ᠢᠷᠠᠭᠤ ᠠᠯᠳᠠᠷ ᠲᠠᠶ ᠪᠢᠯᠡ᠃ ᠡᠨᠳᠡ ᠠᠮᠢᠳᠤᠷᠠᠵᠤ ᠪᠠᠢᠭ᠎ᠠ ᠦᠨᠳᠦᠰᠦᠲᠡᠨ ᠨᠤᠭᠦᠳ ᠤ᠋ᠨ ᠬᠥᠪᠡᠭᠦᠳ ᠥᠬᠢᠳ ᠨᠢᠳᠦᠨ ᠴᠡᠴᠡᠭᠡᠢ ᠪᠡᠨ ᠬᠠᠢᠷᠠᠯᠠᠬᠣ ᠱᠢᠭ᠋ ᠵᠢᠡᠷ ᠦᠨᠳᠦᠰᠦᠲᠡᠨ ᠤ᠋ ᠪᠦᠯᠬᠦᠮᠳᠡᠯ ᠢ᠋ ᠬᠠᠮᠠᠭᠠᠯᠠᠵᠦ᠂ ᠬᠠᠯᠠᠭᠣᠨ ᠠᠮᠢ ᠪᠠᠨ ᠨᠠᠨᠳᠢᠩᠨᠠᠬᠤ ᠰᠢᠬ ᠶ᠋ᠢᠡᠷ ᠦᠨᠳᠦᠰᠦᠲᠡᠨ ᠤ᠋ ᠪᠦᠯᠬᠦᠮᠳᠡᠯ ᠢ᠋ ᠡᠷᠬᠢᠮᠯᠡᠨ ᠲᠡᠭᠡᠲᠦᠯᠡᠲᠡᠭ᠃
ᠡᠨᠡ ᠵᠢᠯ ᠤ᠋ᠨ ᠵᠠᠰᠠᠭ ᠤ᠋ᠨ ᠣᠷᠳᠣᠨ ᠤ᠋ ᠠᠵᠢᠯ ᠤ᠋ᠨ ᠢᠯᠡᠳᠭᠡᠯ ᠳ᠋ᠤ᠂ ᠳᠤᠮᠳᠠᠳᠤ ᠵᠢᠨ ᠦᠨᠳᠦᠰᠦᠲᠡᠨ ᠤ᠋ ᠬᠠᠮᠲᠤ ᠵᠢᠨ ᠴᠣᠭ᠍ᠴᠠ ᠵᠢᠨ ᠤᠬᠠᠮᠰᠠᠷ ᠢ᠋ ᠪᠠᠲᠤ ᠴᠣᠭ᠍ᠴᠠᠯᠠᠬᠤ ᠠᠵᠢᠯ ᠤ᠋ᠨ ᠭᠣᠣᠯ ᠱᠢᠵᠢᠮ ᠢ᠋ ᠪᠦᠬᠦ᠌ ᠲᠠᠯ᠎ᠠ ᠪᠠᠷ ᠲᠤᠭᠤᠱᠢᠯᠠᠭᠤᠯᠤᠨ᠂ 《ᠲᠤᠯᠤᠭᠠᠨ ᠲᠠᠯ᠎ᠠ ᠪᠡᠷ ᠵᠢᠱ᠌ᠢᠶᠡᠴᠢ ᠪᠣᠯᠬᠤ》 ᠱᠠᠭᠠᠷᠳᠠᠯᠭ᠎ᠠ ᠶ᠋ᠢ ᠪᠦᠬᠦ᠌ ᠲᠠᠯ᠎ᠠ ᠪᠠᠷ ᠨᠠᠢᠳᠠᠪᠤᠷᠢᠵᠢᠭᠤᠯᠵᠤ᠂ 《ᠨᠠᠮ ᠤ᠋ᠨ ᠠᠴᠢ ᠳ᠋ᠤ ᠳᠠᠯᠠᠷᠬᠠᠵᠦ᠂ ᠨᠠᠮ ᠤ᠋ᠨ ᠦᠭᠡ ᠵᠢ ᠰᠤᠨᠤᠰᠴᠦ ᠂ ᠨᠠᠮ ᠵᠢᠡᠨ ᠳᠠᠭᠠᠨ ᠤᠷᠤᠬᠰᠢᠯᠠᠬᠤ》 ᠤᠯᠠᠨ ᠲᠦᠮᠡᠨᠴᠢ ᠬᠥᠮᠦᠵᠢᠯ ᠢ᠋ ᠪᠠᠢᠩᠭᠤ ᠥᠷᠨᠢᠭᠦᠯᠵᠦ᠍᠂ 《ᠵᠢᠷᠭᠤᠭᠠᠨ ᠦᠬᠦᠯᠡᠪᠤᠷᠢ ᠵᠢᠨ ᠪᠣᠳᠠᠲᠤ ᠶᠠᠪᠤᠳᠠᠯ ᠪᠠ ᠤᠴᠢᠷ ᠶᠣᠰᠣ》 ᠵᠢ ᠬᠥᠮᠦᠰ ᠤ᠋ᠨ ᠰᠡᠳᠭᠢᠯ ᠳ᠋ᠤ ᠨᠡᠩ ᠭᠦᠨ ᠬᠠᠳᠠᠩᠱᠢᠭᠤᠯᠤᠨᠠ ᠭᠡᠵᠦ᠍ ᠳᠤᠷᠠᠳᠴᠠᠢ᠃
ᠥᠪᠡᠷᠲᠡᠭᠡᠨ ᠵᠠᠰᠠᠬᠤ ᠣᠷᠣᠨ ᠤ᠋ ᠤᠯᠤᠰ ᠲᠥᠷᠥ ᠵᠢᠨ ᠵᠥᠪᠯᠡᠯᠭᠡᠨ ᠤ᠋ ᠭᠡᠱᠢᠭᠦᠨ᠂ ᠥᠪᠡᠷᠲᠡᠭᠡᠨ ᠵᠠᠰᠠᠬᠤ ᠣᠷᠣᠨ ᠤ᠋ ᠨᠠᠮ ᠤ᠋ᠨ ᠬᠣᠷᠢᠶᠠᠨ ᠤ᠋ ᠨᠢᠭᠡᠳᠦᠮᠡᠯ ᠹᠷᠣᠨᠲ ᠤ᠋ᠨ ᠬᠡᠯᠲᠡᠰ ᠤ᠋ᠨ ᠳᠡᠳ᠋ ᠳᠠᠷᠤᠭ᠎ᠠ᠂ ᠥᠪᠡᠷᠲᠡᠭᠡᠨ ᠵᠠᠰᠠᠬᠤ ᠣᠷᠣᠨ ᠤ᠋ ᠦᠨᠳᠦᠰᠦᠲᠡᠨ ᠤ᠋ ᠬᠡᠷᠡᠭ ᠡᠷᠭᠢᠯᠡᠬᠦ᠌ ᠵᠥᠪᠯᠡᠯ ᠤ᠋ᠨ ᠨᠠᠮ ᠤ᠋ᠨ ᠤᠳᠤᠷᠢᠳᠭᠤ ᠳᠤᠭᠤᠢᠯᠠᠩ ᠤ᠋ᠨ ᠱᠦᠵᠢ᠂ ᠡᠷᠬᠢᠯᠡᠭ᠌ᠴᠢ ᠭᠤᠤ ᠵᠠᠨ ᠱᠧᠩ ᠢᠯᠡᠷᠬᠡᠢᠯᠡᠬᠦ᠌ ᠳ᠋ᠡᠭᠡᠨ᠂ ᠪᠥᠬᠥ᠌ ᠣᠷᠣᠨ ᠤ᠋ ᠦᠨᠳᠦᠰᠦᠲᠡᠨ ᠤ᠋ ᠬᠡᠷᠡᠭ ᠡᠷᠭᠢᠯᠡᠬᠦ᠌ ᠵᠥᠪᠯᠡᠯ ᠤ᠋ᠨ ᠱᠢᠰᠲ᠋ᠧᠮ ᠤ᠋ᠨ ᠬᠢᠨ ᠳᠤᠮᠳᠠᠳᠤ ᠵᠢᠨ ᠦᠨᠳᠦᠰᠦᠲᠡᠨ ᠤ᠋ ᠬᠠᠮᠲᠤ ᠵᠢᠨ ᠴᠣᠭ᠍ᠴᠠ ᠵᠢᠨ ᠤᠬᠠᠮᠰᠠᠷ ᠢ᠋ ᠪᠠᠲᠤ ᠴᠣᠭ᠍ᠴᠠᠯᠠᠬᠤ ᠣᠨᠣᠯ ᠤ᠋ᠨ ᠰᠤᠳᠤᠯᠭᠠᠨ ᠳ᠋ᠤ ᠬᠦᠴᠦᠨ ᠴᠢᠳᠠᠯ ᠣᠯᠭᠣᠬᠤ ᠠᠵᠢᠯᠯᠠᠭ᠎ᠠ ᠪᠠ ᠤᠬᠠᠭᠤᠯᠭ᠎ᠠ ᠬᠥᠮᠦᠵᠢᠯ ᠢ᠋ ᠪᠦᠷᠬᠦᠭᠦᠯᠬᠦ᠌ ᠠᠵᠢᠯᠯᠠᠭ᠎ᠠ ᠶ᠋ᠢ ᠭᠦᠨᠵᠡᠭᠡᠶ ᠬᠡᠷᠡᠭ᠌ᠵᠢᠭᠦᠯᠵᠦ᠍᠂ ᠳᠤᠮᠳᠠᠳᠤ ᠵᠢᠨ ᠦᠨᠳᠦᠰᠦᠲᠡᠨ ᠤ᠋ ᠲᠡᠦᠬᠡ ᠪᠠ ᠳᠤᠮᠳᠠᠳᠤ ᠵᠢᠨ ᠦᠨᠳᠦᠰᠦᠲᠡᠨ ᠤ᠋ ᠬᠠᠮᠲᠤ ᠵᠢᠨ ᠴᠣᠭ᠍ᠴᠠ ᠵᠢᠨ ᠣᠨᠣᠯ ᠤ᠋ᠨ ᠰᠤᠳᠤᠯᠭᠠᠨ ᠵᠢᠴᠢ ᠤᠬᠠᠭᠤᠯᠭ᠎ᠠ ᠲᠠᠢᠯᠪᠤᠷᠢᠯᠠᠯᠲᠠ ᠶ᠋ᠢ ᠰᠠᠢᠲᠤᠷ ᠬᠢᠨ᠎ᠠ; ᠳᠤᠮᠳᠠᠳᠤ ᠵᠢᠨ ᠦᠨᠳᠦᠰᠦᠲᠡᠨ ᠤ᠋ ᠬᠠᠮᠲᠤ ᠵᠢᠨ ᠤᠶᠤᠨ ᠰᠠᠨᠠᠭᠠᠨ ᠤ᠋ ᠭᠡᠷ ᠣᠷᠣᠨ ᠤ᠋ ᠪᠠᠢᠭᠤᠯᠤᠯᠲᠠ ᠵᠢᠨ ᠠᠵᠢᠯᠯᠠᠭ᠎ᠠ ᠪᠠ ᠦᠨᠳᠦᠰᠦᠲᠡᠨ ᠤ᠋ ᠪᠦᠯᠬᠦᠮᠳᠡᠯ ᠠᠭᠤᠰᠤᠯᠴᠠᠯ ᠤ᠋ᠨ ᠠᠵᠢᠯᠯᠠᠭ᠎ᠠ ᠶ᠋ᠢ ᠭᠦᠨᠵᠡᠭᠡᠢ ᠬᠡᠷᠡᠭ᠌ᠵᠢᠭᠦᠯᠵᠦ᠍᠂ ᠰᠣᠶᠣᠯ ᠪᠠ ᠪᠡᠶ᠎ᠡ ᠵᠢᠨ ᠲᠠᠮᠢᠷ ᠵᠢᠡᠷ ᠳᠤᠮᠳᠠᠳᠤ ᠵᠢᠨ ᠦᠨᠳᠦᠰᠦᠲᠡᠨ ᠤ᠋ ᠬᠠᠮᠲᠤ ᠵᠢᠨ ᠴᠣᠭ᠍ᠴᠠ ᠵᠢᠨ ᠤᠬᠠᠮᠰᠠᠷ ᠢ᠋ ᠪᠠᠲᠤ ᠴᠣᠭ᠍ᠴᠠᠯᠠᠬᠤᠶ᠋ᠢ ᠠᠬᠢᠭᠤᠯᠵᠤ᠂ ᠦᠨᠳᠦᠰᠦᠲᠡᠨ ᠨᠤᠭᠦᠳ ᠤ᠋ᠨ ᠥᠷᠭᠡᠨ ᠳᠡᠯᠭᠡᠷ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ᠋ ᠠᠬᠢᠭᠤᠯᠤᠨ᠎ᠠ; ᠦᠨᠳᠦᠰᠦᠲᠡᠨ ᠨᠤᠭᠦᠳ ᠤ᠋ᠨ ᠬᠠᠮᠲᠤ ᠵᠢᠨ ᠣᠳᠣᠬᠢᠴᠢᠯᠠᠯᠲᠠ ᠵᠢᠨ ᠠᠵᠢᠯᠯᠠᠭ᠎ᠠ ᠪᠠ ᠦᠨᠳᠦᠰᠦᠲᠡᠨ ᠤ᠋ ᠬᠡᠷᠡᠭ ᠶᠠᠪᠤᠳᠠᠯ ᠢ᠋ ᠬᠠᠤᠯᠢ ᠶᠣᠰᠣᠭᠠᠷ ᠵᠠᠰᠠᠬᠤ ᠴᠢᠳᠠᠪᠤᠷᠢ ᠶ᠋ᠢ ᠳᠡᠭᠡᠭ᠌ᠰᠢᠯᠡᠭᠦᠯᠬᠦ᠌ ᠠᠵᠢᠯᠯᠠᠭ᠎ᠠ ᠶ᠋ᠢ ᠭᠦᠨᠵᠡᠭᠡᠶ ᠬᠡᠷᠡᠭ᠌ᠵᠢᠭᠦᠯᠵᠦ᠍᠂ ᠦᠨᠳᠦᠰᠦᠲᠡᠨ ᠨᠤᠭᠦᠳ ᠬᠠᠮᠲᠤ ᠪᠠᠷ ᠰᠠᠭᠤᠷᠢᠱᠢᠵᠤ ᠬᠠᠮᠲᠤ ᠪᠠᠷ ᠰᠤᠷᠤᠯᠴᠠᠬᠤ᠂ ᠬᠠᠮᠲᠤ ᠪᠠᠷ ᠪᠠᠢᠭᠤᠯᠵᠤ ᠬᠠᠮᠲᠤ ᠪᠠᠷ ᠡᠳ᠋ᠯᠡᠬᠦ᠌᠂ ᠬᠠᠮᠲᠤ ᠪᠠᠷ ᠠᠵᠢᠯᠯᠠᠵᠤ ᠬᠠᠮᠲᠤ ᠪᠠᠷ ᠵᠢᠷᠭᠠᠬᠤ ᠨᠡᠢᠭᠡᠮ ᠤ᠋ᠨ ᠨᠥᠬᠥᠴᠡᠯ ᠢ᠋ ᠢᠳᠡᠪᠬᠢᠲᠡᠶ ᠡᠭᠦᠳᠴᠦ᠍᠂ ᠬᠠᠷᠢᠯᠴᠠᠨ ᠱᠢᠭᠢᠳᠭᠡᠯᠳᠦ ᠮᠠᠶᠢᠭ ᠤ᠋ᠨ ᠨᠡᠢᠭᠡᠮ ᠤ᠋ᠨ ᠪᠦᠲᠦᠴᠡ ᠪᠠ ᠨᠡᠢᠭᠡᠮ ᠲᠣᠭᠣᠷᠢᠭ ᠤ᠋ᠨ ᠣᠷᠴᠢᠨ ᠨᠦᠬᠦᠴᠡᠯ ᠤ᠋ᠨ ᠪᠠᠢᠭᠤᠯᠤᠯᠲᠠ ᠶ᠋ᠢ ᠦᠷᠭᠦᠯᠵᠢᠯᠡᠨ ᠭᠦᠨᠵᠡᠭᠡᠢᠷᠡᠭᠦᠯᠵᠦ᠍᠂ ᠳᠤᠮᠳᠠᠳᠤ ᠵᠢᠨ ᠦᠨᠳᠦᠰᠦᠲᠡᠨ ᠤ᠋ ᠬᠠᠮᠲᠤ ᠵᠢᠨ ᠴᠣᠭ᠍ᠴᠠ ᠵᠢᠨ ᠤᠬᠠᠮᠰᠠᠷ ᠢ᠋ ᠪᠠᠲᠤ ᠴᠣᠭ᠍ᠴᠠᠯᠠᠬᠤ ᠵᠢᠱ᠌ᠢᠶ᠎ᠡ ᠦᠵᠡᠭᠦᠯᠬᠦ᠌ ᠲᠣᠭᠣᠷᠢᠭ ᠤ᠋ᠨ ᠪᠠᠢᠭᠤᠯᠤᠯᠲᠠ ᠶ᠋ᠢ ᠪᠥᠬᠥ᠌ ᠲᠠᠯ᠎ᠠ ᠪᠠᠷ ᠠᠬᠢᠭᠤᠯᠵᠤ᠂ ᠱᠢᠨ᠎ᠡ ᠴᠠᠭ ᠦᠶ᠎ᠡ ᠵᠢᠨ ᠮᠠᠨ ᠤ᠋ ᠣᠷᠣᠨ ᠤ᠋ ᠦᠨᠳᠦᠰᠦᠲᠡᠨ ᠤ᠋ ᠠᠵᠢᠯ ᠤ᠋ᠨ ᠴᠢᠨᠠᠷ ᠰᠠᠢᠲᠠᠶ ᠬᠥᠭ᠌ᠵᠢᠯᠲᠡ ᠶ᠋ᠢ ᠯᠠᠪᠳᠠᠭᠤᠨ ᠪᠠᠲᠤᠲᠠᠶ ᠠᠬᠢᠭᠤᠯᠤᠨ᠎ᠠ ᠭᠡᠵᠡᠢ᠃
ᠥᠪᠡᠷᠲᠡᠭᠡᠨ ᠵᠠᠰᠠᠬᠤ ᠣᠷᠣᠨ ᠤ᠋ ᠠᠷᠠᠳ ᠤ᠋ᠨ ᠲᠥᠯᠥᠭᠡᠯᠡᠭ᠌ᠴᠢᠳ ᠤ᠋ᠨ ᠶᠡᠬᠡ ᠬᠤᠷᠠᠯ ᠤ᠋ᠨ ᠲᠥᠯᠥᠭᠡᠯᠡᠭ᠌ᠴᠢ᠂ ᠪᠤᠭᠤᠲᠤ ᠬᠣᠲᠠ ᠵᠢᠨ ᠨᠠᠮ ᠤ᠋ᠨ ᠬᠣᠷᠢᠶᠠᠨ ᠤ᠋ ᠨᠠᠮ ᠤ᠋ᠨ ᠰᠤᠷᠭᠠᠭᠤᠯᠢ ᠵᠢᠨ ᠪᠠᠢᠩᠭᠤ ᠵᠢᠨ ᠳᠡᠳ᠋ ᠵᠠᠬᠢᠷᠤᠯ ᠬᠤᠸᠠᠩ ᠮᠢᠨ᠄ 《ᠮᠢᠨᠦ ᠦᠵᠡᠬᠦ ᠪᠡᠷ ᠡᠯ᠎ᠡ ᠱᠠᠲᠤᠨ ᠤ᠋ ᠨᠠᠮ ᠤ᠋ᠨ ᠰᠤᠷᠭᠠᠭᠤᠯᠢ ᠨᠢ ᠨᠠᠮ ᠤ᠋ᠨ ᠰᠤᠷᠭᠠᠭᠤᠯᠢ ᠵᠢᠨ ᠺᠠᠳ᠋ᠷ ᠤ᠋ᠨ ᠬᠥᠮᠦᠵᠢᠯ ᠤ᠋ᠨ ᠭᠤᠤᠯ ᠠᠷᠭ᠎ᠠ ᠵᠠᠮ᠂ ᠭᠤᠤᠯ ᠵᠢᠭ᠍ᠰᠠᠭᠠᠯ ᠤ᠋ᠨ ᠭᠠᠵᠠᠷ ᠪᠣᠯᠬᠣ ᠦᠶ᠋ᠯᠡᠳᠦᠯ ᠵᠢᠡᠨ ᠭᠦᠶ᠋ᠴᠡᠳ ᠪᠠᠳᠠᠷᠠᠭᠤᠯᠵᠤ᠂ ᠱᠢᠨᠵᠢᠯᠡᠬᠦ᠌ ᠤᠬᠠᠭᠠᠨᠴᠢ᠂ ᠱᠢᠰᠲ᠋ᠧᠮ ᠲᠡᠶ᠂ ᠪᠣᠳᠠᠲᠤ ᠬᠡᠷᠡᠭ᠌ᠯᠡᠭᠡᠨ ᠤ᠋ ᠳᠤᠮᠳᠠᠳᠤ ᠵᠢᠨ ᠦᠨᠳᠦᠰᠦᠲᠡᠨ ᠤ᠋ ᠬᠠᠮᠲᠤ ᠵᠢᠨ ᠴᠣᠭ᠍ᠴᠠ ᠵᠢᠨ ᠤᠬᠠᠮᠰᠠᠷ ᠢ᠋ ᠪᠠᠲᠤ ᠴᠣᠭ᠍ᠴᠠᠯᠠᠬᠤ ᠺᠠᠳ᠋ᠷ ᠤ᠋ᠨ ᠬᠥᠮᠦᠵᠢᠯ ᠪᠣᠯᠪᠠᠰᠤᠷᠠᠯ ᠤ᠋ᠨ ᠬᠢᠴᠢᠶᠡᠯ ᠤ᠋ᠨ ᠱᠢᠰᠲ᠋ᠧᠮ ᠢ᠋ ᠬᠦᠴᠦᠲᠡᠶ ᠮᠦᠷᠲᠡᠭᠡᠨ ᠪᠦᠲᠦᠮᠵᠢᠲᠡᠶ ᠪᠠᠢᠭᠤᠯᠵᠤ᠂ ᠦᠨᠳᠦᠰᠦᠨ ᠪᠣᠯᠪᠠᠰᠤᠷᠠᠯ ᠵᠢᠡᠷ ᠴᠢᠬᠤᠯᠠ ᠭᠠᠷᠳᠠᠴᠠ ᠪᠣᠯᠭᠠᠨ᠂ ᠦᠵᠡᠭᠲᠡᠬᠦᠢᠴᠡ ᠰᠡᠳᠬᠢᠯᠭᠡ ᠲᠠᠢ ᠮᠦᠷᠲᠡᠭᠡᠨ ᠪᠦᠲᠦᠮᠵᠢᠲᠡᠢ ᠪᠡᠷ ᠳᠤᠮᠳᠠᠳᠤ ᠵᠢᠨ ᠦᠨᠳᠦᠰᠦᠲᠡᠨ ᠤ᠋ ᠬᠠᠮᠲᠤ ᠵᠢᠨ ᠴᠣᠭ᠍ᠴᠠ ᠵᠢᠨ ᠤᠬᠠᠮᠰᠠᠷ ᠢ᠋ ᠪᠠᠲᠤ ᠴᠣᠭ᠍ᠴᠠᠯᠠᠬᠤ ᠬᠥᠮᠦᠵᠢᠯ ᠢ᠋ ᠭᠦᠨᠵᠡᠭᠡᠢᠷᠡᠬᠦᠯᠦᠨ ᠪᠣᠳᠠᠲᠠᠢᠵᠢᠭᠤᠯᠵᠤ᠂ ᠵᠢᠱ᠌ᠢᠶᠡᠴᠢ ᠥᠪᠡᠷᠲᠡᠭᠡᠨ ᠵᠠᠰᠠᠬᠤ ᠣᠷᠣᠨ ᠢ᠋ ᠪᠥᠬᠥ᠌ ᠲᠠᠯ᠎ᠠ ᠪᠠᠷ ᠪᠥᠲᠥᠭᠡᠨ ᠪᠠᠢᠭᠤᠯᠬᠤ ᠳ᠋ᠤ ᠣᠨᠣᠯ ᠤ᠋ᠨ ᠰᠠᠭᠤᠷᠢ ᠶ᠋ᠢ ᠪᠡᠬᠢᠵᠢᠭᠦᠯᠤᠨ᠂ ᠦᠨᠳᠦᠰᠦᠲᠡᠨ ᠤ᠋ ᠪᠦᠯᠬᠦᠮᠳᠡᠯ ᠳᠠᠪᠱᠢᠯᠲᠠ ᠵᠢᠨ ᠦᠶ᠋ᠯᠡᠰ ᠲᠦ᠍ ᠬᠦᠴᠦᠨ ᠴᠢᠳᠠᠯ ᠨᠡᠮᠡᠷᠢᠯᠡᠵᠦ᠍᠂ ᠤᠷᠤᠭ᠍ᠰᠢᠯᠠᠨ ᠳᠠᠪᠱᠢᠬᠤ ᠬᠦᠴᠦᠨ ᠴᠢᠳᠠᠯ ᠢ᠋ ᠨᠢᠭ᠍ᠲᠠᠷᠠᠭᠤᠯᠬᠤ ᠬᠡᠷᠡᠭ᠌ᠲᠡᠶ》 ᠭᠡᠪᠡ ᠃
ᠬᠠᠮᠲᠤ ᠵᠢᠨ ᠲᠠᠨᠢᠯᠲᠠ ᠵᠢ ᠨᠢᠭ᠍ᠲᠠᠷᠠᠭᠤᠯᠵᠤ ᠬᠠᠮᠲᠤ ᠵᠢᠨ ᠣᠶᠤᠨ ᠰᠠᠨᠠᠭᠠᠨ ᠤ᠋ ᠬᠡᠷ ᠣᠷᠣᠨ ᠢ᠋ ᠴᠣᠭ᠍ᠴᠠᠯᠠᠨᠠ
ᠰᠣᠶᠣᠯ ᠤ᠋ᠨ ᠬᠠᠮᠲᠤ ᠵᠢᠨ ᠲᠠᠨᠢᠯᠲᠠ ᠪᠣᠯ ᠬᠠᠮᠤᠭ ᠤ᠋ᠨ ᠭᠦᠨ ᠳᠠᠪᠬᠤᠷᠭ᠎ᠠ ᠵᠢᠨ ᠬᠠᠮᠲᠤ ᠵᠢᠨ ᠲᠠᠨᠢᠯᠲᠠ ᠮᠥᠨ᠃ ᠳᠤᠮᠳᠠᠳᠤ ᠵᠢᠨ ᠦᠨᠳᠦᠰᠦᠲᠡᠨ ᠤ᠋ ᠬᠠᠮᠲᠤ ᠵᠢᠨ ᠴᠣᠭ᠍ᠴᠠ ᠵᠢᠨ ᠤᠬᠠᠮᠰᠠᠷ ᠢ᠋ ᠪᠠᠲᠤ ᠴᠤᠬᠴᠠᠯᠠᠵᠤ᠂ ᠳᠤᠮᠳᠠᠳᠤ ᠵᠢᠨ ᠦᠨᠳᠦᠰᠦᠲᠡᠨ ᠤ᠋ ᠬᠠᠮᠲᠤ ᠵᠢᠨ ᠤᠶᠤᠨ ᠰᠠᠨᠠᠭᠠᠨ ᠤ᠋ ᠭᠡᠷ ᠣᠷᠣᠨ ᠤ᠋ ᠪᠠᠢᠭᠤᠯᠤᠯᠲᠠ ᠶ᠋ᠢ ᠠᠬᠢᠭᠤᠯᠬᠤ ᠳ᠋ᠤ ᠰᠣᠶᠣᠯ ᠵᠢᠡᠷ ᠲᠤᠯᠭᠠᠭᠤᠷᠢᠯᠠᠵᠤ ᠰᠤᠶᠤᠯ ᠵᠢᠡᠷ ᠬᠦᠲᠦᠯᠦᠨ ᠳᠠᠭᠠᠭᠤᠯᠬᠤ ᠡᠴᠡ ᠰᠠᠯᠵᠤ ᠴᠢᠳᠠᠬᠤ ᠦᠭᠡᠢ ᠶᠤᠮ᠃
2024 ᠣᠨ ᠳ᠋ᠤ᠂ ᠥᠪᠥᠷ ᠮᠣᠩᠭᠣᠯ ᠤᠮᠠᠷᠠᠲᠤ ᠬᠢᠯᠢ ᠵᠢᠨ ᠰᠣᠶᠣᠯ ᠤ᠋ᠨ ᠪᠠᠢᠭᠤᠯᠤᠯᠳᠠ ᠪᠠᠷ ᠭᠠᠷᠳᠠᠴᠠ ᠪᠣᠯᠭᠠᠨ᠂ ᠦᠨᠡᠨ ᠪᠣᠳᠠᠲᠠᠶ ᠬᠦᠴᠦ᠍ ᠣᠷᠣᠭᠤᠯᠵᠤ᠂ ᠤᠮᠠᠷᠠᠲᠤ ᠬᠢᠯᠢ ᠵᠢᠨ ᠰᠣᠶᠣᠯ ᠤ᠋ᠨ ᠲᠥᠷᠥᠯ ᠲᠡᠮᠳᠡᠭ ᠢ᠋ ᠬᠦᠴᠦᠯᠡᠨ ᠲᠠᠭᠤᠷᠢᠰᠤᠭᠤᠯᠵᠤ᠂ ᠦᠨᠳᠦᠰᠦᠲᠡᠨ ᠨᠤᠭᠦᠳ ᠤ᠋ᠨ ᠺᠠᠳ᠋ᠷ ᠣᠯᠠᠨ ᠲᠦᠮᠡᠨ ᠤ᠋ ᠰᠡᠳᠭᠢᠯ ᠢ᠋ ᠨᠢᠭ᠍ᠲᠠᠷᠠᠭᠤᠯᠤᠨ᠂ ᠪᠦᠯᠬᠦᠮᠳᠡᠨ ᠲᠡᠮᠡᠴᠡᠬᠦ᠌ ᠣᠶᠤᠨ ᠰᠠᠨᠠᠭᠠᠨ ᠤ᠋ ᠬᠣᠯᠪᠣᠭᠠᠰᠤ ᠵᠢ ᠤᠯᠠᠮ ᠨᠢᠭᠡ ᠠᠯᠬᠤᠮ ᠪᠠᠲᠤᠳᠭᠠᠪᠠ᠃
2005 ᠣᠨ ᠳ᠋ᠤ᠂ ᠥᠪᠥᠷ ᠮᠣᠩᠭᠣᠯ ᠤᠮᠠᠷᠠᠲᠤ ᠬᠢᠯᠢ ᠵᠢᠨ ᠰᠣᠶᠣᠯ ᠤ᠋ᠨ ᠪᠠᠢᠭᠤᠯᠤᠯᠲᠠ ᠵᠢ ᠳᠡᠭᠡᠭ᠌ᠰᠢᠯᠡᠭᠦᠯᠬᠦ᠌ ᠠᠵᠢᠯᠯᠠᠭ᠎ᠠ ᠵᠢ ᠳᠤᠷᠠᠳᠴᠤ᠌᠂ ᠤᠮᠠᠷᠠᠲᠤ ᠬᠢᠯᠢ ᠵᠢᠨ ᠰᠣᠶᠣᠯ ᠤ᠋ᠨ ᠲᠦᠷᠦᠯ ᠲᠡᠮᠳᠡᠭ ᠢ᠋ ᠨᠡᠩ ᠭᠢᠯᠠᠯᠵᠠᠮ᠎ᠠ᠂ ᠨᠡᠩ ᠬᠠᠩᠭᠢᠨᠠᠮ᠎ᠠ ᠪᠤᠯᠭᠠᠨ᠎ᠠ᠃ ᠥᠪᠡᠷᠲᠡᠭᠡᠨ ᠵᠠᠰᠠᠬᠤ ᠣᠷᠣᠨ ᠤ᠋ ᠤᠯᠤᠰ ᠲᠥᠷᠥ ᠵᠢᠨ ᠵᠥᠪᠯᠡᠯᠭᠡᠨ ᠤ᠋ ᠪᠠᠢᠩᠭᠤ ᠵᠢᠨ ᠭᠡᠱᠢᠭᠦᠨ᠂ ᠵᠠᠯᠠᠭᠤ ᠳᠠᠭᠤᠴᠢᠨ ᠵᠠᠩ ᠶᠦᠩ ᠴᠢᠶᠠᠩ ᠄ 《ᠤᠳᠭ᠎ᠠ ᠤᠷᠠᠯᠢᠭ ᠤ᠋ᠨ ᠠᠵᠢᠯᠲᠠᠨ ᠪᠣᠯᠤᠭ᠍ᠰᠠᠨ ᠤ᠋ ᠬᠤᠪᠢ ᠳ᠋ᠤ᠂ ᠪᠢᠳᠡ ᠴᠠᠭ ᠦᠶ᠎ᠡ ᠵᠢᠨ ᠬᠠᠨᠳᠤᠰᠢ ᠵᠢ ᠴᠢᠩᠭ᠎ᠠ ᠳᠠᠭᠠᠵᠤ᠂ ᠬᠠᠯᠠᠭᠤᠨ ᠰᠡᠳᠭᠢᠯᠭᠡ ᠪᠡᠷ ᠠᠮᠢᠳᠤᠷᠠᠯ ᠢ᠋ ᠵᠢᠷᠤᠭ᠍ᠯᠠᠨ᠂ ᠤᠮᠠᠷᠠᠲᠤ ᠬᠢᠯᠢ ᠵᠢᠨ ᠲᠡᠦᠬᠡ ᠵᠢᠨ ᠬᠥᠭ ᠠᠶᠠᠰ᠂ ᠦᠨᠳᠦᠰᠦᠲᠡᠨ ᠤ᠋ ᠠᠭᠤᠰᠤᠯᠴᠠᠯ᠂ ᠰᠣᠶᠣᠯ ᠢᠷᠭᠡᠨᠱᠢᠯ ᠤ᠋ᠨ ᠭᠤᠤ᠎ᠠ ᠰᠠᠢᠬᠠᠨ ᠢ᠋ ᠢᠯᠡᠷᠡᠭᠦᠯᠦᠭ᠌ᠰᠡᠨ ᠨᠠᠩ ᠣᠯᠠᠨ ᠰᠣᠳᠣᠨ ᠪᠦᠲᠦᠭᠡᠯ ᠢ᠋ ᠵᠣᠬᠢᠶᠠᠨ ᠪᠦᠲᠦᠭᠡᠵᠦ᠍᠂ ᠤᠮᠠᠷᠠᠲᠤ ᠬᠢᠯᠢ ᠵᠢᠨ ᠰᠣᠶᠣᠯ ᠤ᠋ᠨ ᠲᠥᠷᠥᠯ ᠲᠡᠮᠳᠡᠭ ᠢ᠋ ᠲᠠᠭᠤᠷᠢᠰᠤᠭᠤᠯᠬᠤ ᠪᠠ ᠦᠨᠳᠦᠰᠦᠲᠡᠨ ᠨᠤᠭᠦᠳ ᠤ᠋ᠨ ᠪᠦᠯᠬᠦᠮᠳᠡᠨ ᠲᠡᠮᠡᠴᠡᠬᠦ᠌ ᠳ᠋ᠤ ᠬᠦᠴᠦᠨ ᠨᠡᠮᠡᠷᠢᠯᠡᠨ ᠰᠠᠢᠨ ᠰᠠᠢᠬᠠᠨ ᠠᠮᠢᠳᠤᠷᠠᠯ ᠢ᠋ ᠲᠠᠰᠤᠷᠠᠯᠲᠠ ᠥᠬᠡᠶ ᠡᠭᠦᠳᠦᠨ ᠪᠦᠲᠦᠭᠡᠬᠦ᠌ ᠰᠡᠳᠭᠢᠯ ᠬᠥᠳᠡᠯᠭᠡᠮ᠎ᠡ ᠬᠠᠭᠤᠳᠠᠰᠤ ᠵᠢ ᠪᠢᠴᠢᠭ᠌ᠯᠡᠨᠠ》 ᠬᠡᠵᠠᠢ ᠃
ᠤᠢ᠍ᠢᠷᠠ ᠵᠢᠨ ᠵᠢᠯ ᠡᠴᠡ ᠨᠠᠭᠠᠰᠢ᠂ ᠥᠪᠥᠷ ᠮᠣᠩᠭᠣᠯ ᠳᠤᠮᠳᠠᠳᠤ ᠵᠢᠨ ᠦᠨᠳᠦᠰᠦᠲᠡᠨ ᠤ᠋ ᠬᠠᠮᠲᠤ ᠵᠢᠨ ᠴᠣᠭ᠍ᠴᠠ ᠵᠢᠨ ᠤᠬᠠᠮᠰᠠᠷ ᠢ᠋ ᠪᠠᠲᠤ ᠴᠣᠭ᠍ᠴᠠᠯᠠᠬᠤ ᠤᠬᠠᠭᠤᠯᠭ᠎ᠠ ᠬᠥᠮᠦᠵᠢᠯ ᠤ᠋ᠨ ᠪᠠᠢ᠌ᠩᠭᠤᠵᠢᠬ᠍ᠰᠠᠠ ᠲᠣᠭ᠍ᠲᠠᠴᠠ ᠵᠢ ᠦᠷᠭᠦᠯᠵᠢᠯᠡᠨ ᠲᠡᠭᠦᠯᠳᠡᠷᠵᠢᠭᠦᠯᠵᠦ᠍᠂ ᠳᠤᠮᠳᠠᠳᠤ ᠵᠢᠨ ᠦᠨᠳᠦᠰᠦᠲᠡᠨ ᠤ᠋ ᠬᠠᠮᠲᠤ ᠵᠢᠨ ᠴᠣᠭ᠍ᠴᠠ ᠵᠢᠨ ᠤᠬᠠᠮᠰᠠᠷ ᠢ᠋ ᠠᠭᠠᠷ ᠪᠣᠯᠤᠨ ᠨᠡᠷᠡᠨ ᠤ᠋ ᠭᠡᠷᠡᠯ ᠱᠢᠭ ᠵᠢᠡᠷ ᠦᠨᠳᠦᠰᠦᠲᠡᠨ ᠨᠤᠭᠦᠳ ᠤ᠋ᠨ ᠺᠠᠳ᠋ᠷ ᠤᠯᠠᠨ ᠲᠦᠮᠡᠨ ᠤ᠋ ᠰᠡᠳᠭᠢᠯ ᠰᠠᠨᠠᠭ᠎ᠠ ᠵᠢ ᠤᠮᠳᠠᠯᠠᠭᠰᠠᠨ ᠶᠤᠮ᠃
2025 ᠣᠨ ᠡᠴᠡ ᠡᠬᠢᠯᠡᠨ ᠥᠪᠡᠷᠲᠡᠭᠡᠨ ᠵᠠᠰᠠᠬᠤ ᠣᠷᠣᠨ ᠤ᠋ ᠰᠤᠷᠭᠠᠨ ᠬᠥᠮᠦᠵᠢᠯ ᠤ᠋ᠨ ᠲᠢᠩᠬᠢᠮ 3 ᠵᠢᠯ ᠤ᠋ᠨ ᠴᠠᠭ ᠵᠠᠷᠤᠴᠠᠭᠤᠯᠵᠤ᠂ ᠪᠥᠬᠥ᠌ ᠤᠯᠤᠰ ᠤ᠋ᠨ ᠬᠡᠪᠴᠢᠶᠡᠨ ᠳ᠋ᠤ ᠵᠢᠱ᠌ᠢᠶ᠎ᠡ ᠦᠵᠡᠭᠦᠯᠵᠦ᠍ ᠬᠥᠲᠥᠯᠥᠨ ᠳᠠᠭᠠᠭᠤᠯᠬᠤ ᠦᠶ᠋ᠯᠡᠳᠦᠯ ᠪᠦᠬᠦᠢ ᠳᠤᠮᠳᠠᠳᠤ ᠵᠢᠨ ᠦᠨᠳᠦᠰᠦᠲᠡᠨ ᠤ᠋ ᠬᠠᠮᠲᠤ ᠵᠢᠨ ᠴᠣᠭ᠍ᠴᠠ ᠵᠢᠨ ᠤᠬᠠᠮᠰᠠᠷ ᠢ᠋ ᠪᠠᠲᠤ ᠴᠣᠭ᠍ᠴᠠᠯᠠᠬᠤ ᠰᠤᠷᠭᠠᠨ ᠬᠥᠮᠦᠵᠢᠯ ᠤ᠋ᠨ ᠬᠣᠱᠢᠭᠤᠴᠢ ᠣᠷᠣᠨ ᠢ᠋ ᠪᠦᠳᠦᠬᠡᠨ ᠪᠠᠢᠭᠤᠯᠬᠤᠪᠠᠷ ᠲᠥᠯᠥᠪᠯᠡᠵᠦ᠍ ᠪᠣᠶ᠃ ᠥᠪᠡᠷᠲᠡᠭᠡᠨ ᠵᠠᠰᠠᠬᠤ ᠣᠷᠣᠨ ᠤ᠋ ᠠᠷᠠᠳ ᠤ᠋ᠨ ᠲᠥᠯᠥᠭᠡᠯᠡᠭ᠌ᠴᠢᠳ ᠤ᠋ᠨ ᠶᠡᠬᠡ ᠬᠤᠷᠠᠯ ᠤ᠋ᠨ ᠲᠥᠯᠥᠭᠡᠯᠡᠭ᠌ᠴᠢ᠂ ᠠᠯᠠᠱᠠ ᠠᠢᠮᠠᠭ ᠤ᠋ᠨ ᠠᠯᠠᠱᠠ ᠵᠡᠭᠦᠨ ᠬᠣᠱᠢᠭᠤᠨ ᠤ᠋ ᠶᠢᠰᠦᠳᠦᠭᠡᠷ ᠪᠠᠭ᠎ᠠ ᠰᠤᠷᠭᠠᠭᠤᠯᠢ ᠵᠢᠨ ᠪᠠᠭ᠍ᠰᠢ ᠵᠶ᠋ᠢ ᠶᠦᠩ ᠯᠢᠩ᠄ 《ᠪᠢᠳᠡ ᠳᠤᠮᠳᠠᠳᠤ ᠵᠢᠨ ᠦᠨᠳᠦᠰᠦᠲᠡᠨ ᠤ᠋ ᠬᠠᠮᠲᠤ ᠵᠢᠨ ᠴᠣᠭ᠍ᠴᠠ ᠵᠢᠨ ᠤᠬᠠᠮᠰᠠᠷ ᠢ᠋ ᠪᠠᠲᠤ ᠴᠣᠭ᠍ᠴᠠᠯᠠᠬᠤ ᠵᠢ ᠬᠢᠴᠢᠶᠡᠯ ᠤ᠋ᠨ ᠲᠠᠩᠬᠢᠮ ᠤ᠋ᠨ ᠵᠢᠭᠠᠨ ᠰᠤᠷᠭᠠᠯᠲᠠ ᠵᠢᠨ ᠡᠯ᠎ᠡ ᠭᠣᠭ᠍ᠴᠣᠭᠠ ᠳ᠋ᠤ ᠲᠡᠷᠡ ᠶᠣᠰᠣᠭᠠᠷ ᠨᠢ ᠲᠤᠭᠤᠱᠢᠯᠠᠭᠤᠯᠵᠤ ᠂ ᠳᠤᠮᠳᠠᠳᠤ ᠵᠢᠨ ᠦᠨᠳᠦᠰᠦᠲᠡᠨ ᠨᠢᠭᠡ ᠭᠡᠷ ᠤ᠋ᠨ ᠬᠥᠮᠦᠨ ᠮᠡᠲᠦ ᠳᠣᠲᠣᠨᠣ ᠪᠠᠢᠬᠤ ᠰᠠᠢ᠌ᠨ ᠰᠠᠢᠬᠠᠨ ᠠᠭᠤᠷ ᠠᠮᠢᠰᠭᠤᠯ ᠢ᠋ ᠬᠠᠮᠲᠤ ᠪᠠᠷ ᠪᠤᠢ ᠪᠣᠯᠭᠠᠨ᠂ ᠳᠤᠮᠳᠠᠳᠤ ᠵᠢᠨ ᠦᠨᠳᠦᠰᠦᠲᠡᠨ ᠤ᠋ ᠬᠠᠮᠲᠤ ᠵᠢᠨ ᠴᠣᠭ᠍ᠴᠠ ᠵᠢᠨ ᠤᠬᠠᠮᠰᠠᠷ ᠢ᠋ ᠬᠡᠦᠬᠡᠳ ᠨᠢᠭᠡᠪᠦᠷᠢ ᠵᠢᠨ ᠰᠡᠳᠭᠢᠯ ᠳ᠋ᠤ ᠦᠨᠳᠦᠰᠦᠯᠡᠭᠦᠯᠤᠨᠠ》 ᠬᠡᠪᠡ᠃
ᠪᠦᠯᠬᠦᠮᠳᠡᠨ ᠲᠡᠮᠡᠴᠡᠵᠦ᠍ ᠵᠣᠯ ᠵᠢᠷᠭᠠᠯᠲᠤ ᠠᠮᠢᠳᠤᠷᠠᠯ ᠢ᠋ ᠬᠠᠮᠲᠤ ᠪᠠᠷ ᠡᠳ᠋ᠯᠡᠨ᠎ᠠ
ᠬᠥᠭ᠌ᠵᠢᠯᠲᠡ ᠪᠡᠷ ᠠᠷᠠᠳ ᠤ᠋ᠨ ᠠᠮᠢᠳᠤᠷᠠᠯ ᠢ᠋ ᠠᠬᠢᠭᠤᠯᠵᠤ᠂ ᠠᠷᠠᠳ ᠤ᠋ᠨ ᠠᠮᠢᠳᠤᠷᠠᠯ ᠵᠢᠡᠷ ᠪᠦᠯᠬᠦᠮᠳᠡᠯ ᠢ᠋ ᠠᠬᠢᠭᠤᠯᠤᠨ᠎ᠠ᠃ ᠥᠪᠥᠷ ᠮᠣᠩᠭᠣᠯ ᠳᠤᠮᠳᠠᠳᠤ ᠵᠢᠨ ᠦᠨᠳᠦᠰᠦᠲᠡᠨ ᠤ᠋ ᠬᠠᠮᠲᠤ ᠵᠢᠨ ᠴᠣᠭ᠍ᠴᠠ ᠵᠢᠨ ᠤᠬᠠᠮᠰᠠᠷ ᠢ᠋ ᠪᠠᠲᠤ ᠴᠣᠭ᠍ᠴᠠᠯᠠᠬᠤ ᠪᠠᠷ ᠠᠵᠢᠯ ᠤ᠋ᠨ ᠭᠤᠤᠯ ᠱᠢᠵᠢᠮ ᠪᠣᠯᠭᠠᠬᠤ ᠵᠢ ᠪᠠᠷᠢᠮᠲᠠᠯᠠᠵᠤ᠂ ᠠᠵᠤ ᠠᠬᠤᠶ ᠵᠢ ᠬᠥᠭ᠌ᠵᠢᠭᠦᠯᠦᠨ ᠠᠷᠠᠳ ᠤ᠋ᠨ ᠠᠮᠢᠳᠤᠷᠠᠯ ᠢ᠋ ᠰᠠᠢᠵᠢᠷᠠᠭᠤᠯᠵᠤ᠂ ᠦᠨᠳᠦᠰᠦᠲᠡᠨ ᠨᠤᠭᠦᠳ ᠤ᠋ᠨ ᠣᠯᠠᠨ ᠲᠦᠮᠡᠨ ᠳ᠋ᠤ ᠣᠳᠣᠬᠢᠴᠢᠯᠠᠯᠲᠠ ᠵᠢᠨ ᠪᠥᠲᠥᠭᠡᠨ ᠪᠠᠢᠭᠤᠯᠤᠯᠲᠠ ᠵᠢᠨ ᠦᠷ᠎ᠡ ᠪᠦᠲᠦᠭᠡᠯ ᠢ᠋ ᠡᠳ᠋ᠯᠡᠭᠦᠯᠵᠦ᠍᠂ ᠵᠣᠯ ᠵᠢᠷᠭᠠᠯᠲᠤ ᠰᠠᠢᠨ ᠰᠠᠢᠬᠠᠨ ᠠᠮᠢᠳᠤᠷᠠᠯ ᠢ᠋ ᠡᠳ᠋ᠯᠡᠭᠦᠯᠤᠨᠠ᠃
ᠮᠠᠱᠢᠨ ᠲᠦᠬᠦᠬᠡᠷᠤᠮᠵᠢ ᠪᠡᠷ ᠡᠷᠳᠡᠨᠢ ᠱᠢᠰᠢ ᠪᠡᠨ ᠢᠯᠭᠠᠨ ᠰᠠᠯᠭᠠᠵᠤ᠂ ᠪᠦᠲᠦᠭᠡᠭ᠌ᠳᠡᠬᠦᠨ ᠵᠢᠡᠨ ᠪᠤᠭᠤᠳᠠᠯᠯᠠᠵᠤ ᠪᠠᠬᠯᠠᠨᠠ ᠁ ᠬᠢᠩᠭᠠᠨ ᠠᠢᠮᠠᠭ ᠤ᠋ᠨ ᠬᠣᠷᠴᠢᠨ ᠪᠠᠷᠠᠭᠤᠨ ᠭᠠᠷᠤᠨ ᠡᠮᠦᠨᠡᠲᠦ ᠬᠣᠱᠢᠭᠤᠨ ᠤ᠋ ᠮᠸᠩ ᠢ ᠮᠠᠯ ᠠᠵᠤ ᠠᠬᠤᠶ ᠲᠠᠷᠢᠶᠠᠯᠠᠡᠭ ᠤ᠋ᠨ ᠲᠤᠰᠭᠠᠢ ᠬᠤᠷᠱᠢᠶᠠ ᠵᠢᠨ ᠦᠢᠯᠡᠳᠪᠦᠷᠢᠯᠡᠯ ᠤ᠋ᠨ ᠲᠠᠰᠤᠭ ᠲᠦ᠍ ᠤᠯᠠᠨ ᠵᠢᠡᠷ ᠵᠢᠡᠨ ᠱᠢᠬᠢᠷᠯᠢᠭ ᠡᠷᠳᠡᠨᠢ ᠱᠢᠰᠢ ᠪᠡᠨ ᠪᠣᠭᠣᠳᠠᠯᠯᠠᠵᠤ᠂ ᠭᠠᠳᠠᠬᠰᠢ ᠶᠠᠪᠤᠭᠤᠯᠬᠤ ᠪᠡᠷ ᠶᠠᠭᠠᠷᠠᠵᠠᠭᠠᠨ᠎ᠠ᠃
《ᠪᠢᠳᠡ ᠠᠵᠤ ᠦᠶ᠋ᠯᠡᠰ ᠢ᠋ ᠶᠡᠬᠡ ᠪᠡᠷ ᠬᠥᠭ᠌ᠵᠢᠭᠦᠯᠬᠦ᠌ ᠪᠡᠷ ᠳᠠᠮᠵᠢᠨ ᠦᠨᠳᠦᠰᠦᠲᠡᠨ ᠨᠤᠭᠦᠳ ᠤ᠋ᠨ ᠣᠯᠠᠨ ᠲᠦᠮᠡᠨ ᠳ᠋ᠤ ᠬᠥᠭ᠌ᠵᠢᠯᠲᠡ ᠵᠢᠨ ᠦᠷ᠎ᠡ ᠪᠦᠲᠦᠭᠡᠯ ᠢ᠋ ᠡᠳ᠋ᠯᠡᠭᠦᠯᠦᠨ᠎ᠡ》 ᠬᠡᠵᠤ ᠥᠪᠡᠷᠲᠡᠭᠡᠨ ᠵᠠᠰᠠᠬᠤ ᠣᠷᠣᠨ ᠤ᠋ ᠠᠷᠠᠳ ᠤ᠋ᠨ ᠲᠥᠯᠥᠭᠡᠯᠡᠭ᠌ᠴᠢᠳ ᠤ᠋ᠨ ᠶᠡᠬᠡ ᠬᠤᠷᠠᠯ ᠤ᠋ᠨ ᠲᠥᠯᠥᠭᠡᠯᠡᠭ᠌ᠴᠢ᠂ ᠬᠢᠩᠭᠠᠨ ᠠᠢᠮᠠᠭ ᠤ᠋ᠨ ᠬᠣᠷᠴᠢᠨ ᠪᠠᠷᠠᠭᠤᠨ ᠭᠠᠷᠤᠨ ᠡᠮᠦᠨᠡᠲᠦ ᠬᠣᠱᠢᠭᠤᠨ ᠤ᠋ ᠮᠧᠩ ᠢ ᠮᠠᠯ ᠠᠵᠤ ᠠᠬᠤᠶ ᠲᠠᠷᠢᠶᠠᠯᠠᠡᠭ ᠤ᠋ᠨ ᠲᠤᠰᠭᠠᠢ ᠬᠤᠷᠱᠢᠶᠠ ᠵᠢᠨ ᠬᠡᠷᠡᠭ ᠡᠷᠬᠢᠯᠡᠭ᠌ᠴᠢᠳ ᠤ᠋ᠨ ᠳᠠᠷᠤᠭ᠎ᠠ ᠭᠦᠸᠧ ᠯᠢ ᠯᠢ ᠶᠠᠷᠢᠭᠰᠠᠨ ᠵᠢᠡᠨ ᠵᠠᠯᠭᠠᠭᠠᠳ ᠄ 《ᠲᠠᠷᠢᠶᠠᠴᠢᠳ ᠡᠷᠳᠡᠨᠢ ᠱᠢᠰᠢ ᠳᠠᠷᠢᠬᠤ ᠪᠠᠷ ᠳᠡᠮᠵᠢᠨ ᠭᠠᠵᠠᠷ ᠱᠢᠷᠣᠶ ᠡᠴᠡ ᠪᠡᠨ ᠠᠱᠢᠭ ᠣᠷᠣᠯᠭ᠎ᠠ ᠤᠯᠬᠤ ᠪᠡᠷ ᠪᠠᠷᠠᠬᠤ ᠦᠬᠡᠢ ᠪᠠᠰᠠ ᠦᠶ᠋ᠯᠡᠳᠪᠦᠷᠢ ᠵᠢᠨ ᠲᠠᠰᠤᠭ ᠲᠸ᠋ ᠠᠵᠢᠯᠯᠠᠬᠤ ᠪᠡᠷ ᠲᠠᠮᠵᠢᠨ ᠨᠢᠭᠡ ᠬᠤᠪᠢ ᠢᠯᠡᠬᠦᠤ ᠣᠷᠣᠯᠭ᠎ᠠ ᠤᠯᠴᠢᠬᠠᠨ᠎ᠠ᠃ ᠡᠢᠨ ᠬᠦ᠌ ᠣᠯᠠᠨ ᠵᠢᠡᠷ ᠵᠢᠡᠨ ᠬᠠᠮᠲᠤ ᠪᠠᠷ ᠪᠠᠶᠠᠵᠢᠬᠤ ᠵᠠᠮ ᠵᠢᠡᠷ ᠭᠠᠷ ᠬᠣᠯᠪᠣᠨ ᠤᠷᠤᠭ᠍ᠰᠢᠯᠠᠵᠤ᠂ ᠨᠠᠩ ᠭᠦᠨᠵᠡᠭᠡᠶ ᠶᠠᠪᠤᠯᠴᠠᠨ ᠠᠭᠤᠰᠤᠯᠴᠠᠵᠤ᠂ ᠦᠨᠳᠦᠰᠦᠲᠡᠨ ᠤ᠋ ᠪᠦᠯᠬᠦᠮᠳᠡᠯ ᠤ᠋ᠨ ᠬᠦᠴᠦᠷᠬᠡᠭ ᠶᠡᠬᠡ ᠬᠦᠴᠦᠨ ᠴᠢᠳᠠᠯ ᠢ᠋ ᠦᠨᠡᠨ ᠬᠦ᠌ ᠮᠡᠳᠡᠷᠡᠪᠡ》 ᠬᠡᠵᠠᠢ᠃
ᠰᠡᠳᠭᠢᠯ ᠨᠢᠭᠡᠳᠦᠨ ᠬᠦᠰᠡᠯ ᠵᠡᠭᠦᠳᠦ᠍ ᠪᠡᠨ ᠲᠡᠷᠭᠡᠯᠰᠢᠬᠦᠯᠵᠤ᠂ ᠢᠷᠡᠭᠡᠳᠦᠶ ᠵᠦᠭ ᠵᠢᠡᠨ ᠴᠢᠷᠮᠠᠢᠨ ᠤᠷᠤᠭ᠍ᠰᠢᠯᠠᠨᠠ᠃ ᠥᠪᠥᠷ ᠮᠣᠩᠭᠣᠯ ᠤ᠋ᠨ ᠦᠨᠳᠦᠰᠦᠲᠡᠨ ᠨᠤᠭᠦᠳ ᠤ᠋ᠨ ᠬᠥᠪᠡᠭᠦᠳ ᠥᠬᠢᠳ ᠰᠡᠳᠭᠢᠯ ᠵᠢᠷᠦᠬᠡ ᠪᠡᠨ ᠬᠣᠯᠪᠣᠨ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠵᠤ᠂ 《ᠨᠢᠭᠡ ᠭᠣᠣᠯ ᠱᠢᠵᠢᠮ ᠢ᠋ ᠲᠤᠭᠤᠱᠢᠯᠠᠭᠤᠯᠵᠤ᠂ ᠬᠣᠶᠠᠷ ᠶᠡᠬᠡ ᠶᠠᠪᠤᠳᠠᠯ ᠢ᠋ ᠰᠠᠢᠲᠤᠷ ᠬᠢᠵᠦ᠍᠂ ᠮᠣᠩᠭᠣᠯ ᠮᠤᠷᠢᠨ ᠤ᠋ ᠵᠣᠷᠢᠭ ᠰᠠᠨᠠᠭ᠎ᠠ ᠵᠢ ᠪᠠᠳᠠᠷᠠᠭᠤᠯᠵᠤ᠂ ᠱᠢᠨ᠎ᠡ ᠵᠠᠮ ᠨᠡᠭᠡᠭᠡᠵᠤ ᠳᠤᠮᠳᠠ ᠲᠦᠪᠰᠢᠨ ᠳ᠋ᠤ ᠣᠷᠣᠬᠤ》 ᠲᠠᠯ᠎ᠠ ᠪᠡᠷ ᠨᠡᠩ ᠶᠡᠬᠡ ᠠᠬᠢᠴᠠ ᠲᠠᠶ ᠪᠣᠯᠬᠤ ᠪᠠᠷ ᠴᠢᠷᠮᠠᠢᠵᠤ᠂ ᠰᠡᠳᠭᠢᠯ ᠨᠢᠭᠡᠳᠦᠨ ᠬᠦᠴᠦ᠍ᠪᠡᠨ ᠬᠠᠮᠲᠤᠳᠭᠠᠵᠤ ᠲᠡᠮᠡᠴᠡᠯ ᠤ᠋ᠨ ᠱᠢᠨ᠎ᠡ ᠬᠠᠭᠤᠳᠠᠰᠤ ᠵᠢ ᠪᠢᠴᠢᠭ᠌ᠯᠡᠨᠡ᠃