1 ᠰᠠᠷ᠎ᠠ᠎ᠶ᠋ᠢᠨ 14 ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢ᠂ ᠲᠦᠩᠯᠢᠶᠣᠤ ᠬᠣᠲᠠ᠎ᠶ᠋ᠢᠨ ᠨᠠᠮ᠎ᠤᠨ ᠬᠤᠷᠢᠶ᠎ᠠ᠎ᠶᠢᠨ ᠳᠡᠳ᠋ ᠱᠦᠵᠢ᠂ ᠬᠣᠲᠠ᠎ᠶ᠋ᠢᠨ ᠳᠠᠷᠤᠭ᠎ᠠ ᠴᠢ᠊·ᠳᠠᠯᠠᠨᠳᠠᠢ ᠰᠤᠷᠪᠤᠯᠵᠢᠯᠠᠭ᠎ᠠ ᠬᠦᠯᠢᠶᠡᠬᠦ᠌᠎ᠳᠡᠭᠡᠨ᠄ 《ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ ᠬᠥᠮᠦᠰ᠎ᠢ ᠵᠣᠷᠢᠭ᠍ᠵᠢᠭᠤᠯᠵᠤ᠂ ᠡᠷᠡᠯᠬᠡᠭ᠌ᠯᠡᠨ ᠤᠷᠤᠭ᠍ᠰᠢᠯᠠᠭᠤᠯᠤᠨ᠎ᠠ᠃ ᠲᠦᠩᠯᠢᠶᠣᠤ ᠬᠣᠲᠠ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠪᠣᠯᠤᠨ ᠵᠠᠰᠠᠭ᠎ᠤᠨ ᠣᠷᠳᠣᠨ᠎ᠤ ᠪᠠᠢᠷᠢᠯᠠᠭᠤᠯᠤᠯᠲᠠ ᠱᠠᠭᠠᠷᠳᠠᠯᠭ᠎ᠠ ᠶᠣᠰᠣᠭᠠᠷ᠂ ᠴᠢᠨᠠᠷ ᠰᠠᠢᠲᠠᠶ ᠬᠥᠭ᠌ᠵᠢᠯᠲᠡ ᠬᠡᠬᠦ ᠡᠨᠡ ᠬᠦ᠌ ᠲᠡᠷᠢᠭᠦᠨ ᠴᠢᠬᠤᠯᠠ ᠡᠭᠦᠷᠭᠡ᠎ᠶ᠋ᠢᠨ ᠲᠤᠭᠤᠷᠢᠨ ᠳ᠋ᠤ᠂ ᠲᠤᠯᠤᠭᠠᠨ ᠲᠠᠯ᠎ᠠ᠎ᠪᠠᠷ ᠪᠥᠬᠥ᠌ ᠬᠦᠴᠦᠨ᠎ᠢᠶᠡᠷ᠎ᠢᠶᠡᠨ ᠪᠣᠭᠣᠮᠲᠠ ᠱᠢᠪᠲᠤᠯᠵᠤ᠂ ᠱᠢᠨ᠎ᠡ ᠵᠠᠮ ᠨᠡᠭᠡᠭᠡᠵᠦ ᠳᠤᠮᠳᠠ ᠲᠦᠪᠰᠢᠨ᠎ᠳᠤ ᠣᠷᠣᠬᠤ ᠬᠠᠷᠠᠯᠲᠠ᠎ᠶ᠋ᠢ ᠪᠡᠶᠡᠯᠡᠭᠦᠯᠬᠦ᠌᠎ᠳᠦ ᠨᠠᠩ ᠶᠡᠬᠡ ᠬᠤᠪᠢ ᠨᠡᠮᠡᠷᠢ ᠦᠵᠡᠭᠦᠯᠦᠨ᠎ᠡ》 ᠬᠡᠪᠡ᠃

ᠴᠢ᠊·ᠳᠠᠯᠠᠨᠳᠠᠢ᠂ ᠲᠦᠩᠯᠢᠶᠣᠤ ᠬᠤᠲᠠ ᠪᠦᠲᠦᠮᠵᠢᠲᠡᠢ ᠬᠡᠷᠡᠭ᠌ᠴᠡᠭᠡ᠎ᠶ᠋ᠢ ᠥᠷᠭᠡᠳᠭᠡᠬᠦ᠌ ᠲᠠᠯ᠎ᠠ᠎ᠪᠠᠷ ᠪᠣᠭᠣᠮᠲᠠ ᠱᠢᠪᠲᠤᠯᠵᠤ᠂ ᠴᠢᠬᠤᠯᠠ ᠶᠡᠬᠡ ᠲᠦᠷᠦᠯ ᠵᠦᠢᠯ᠎ᠢᠶᠡᠷ ᠠᠵᠢᠯᠯᠠᠭ᠎ᠠ ᠵᠢ ᠤᠬᠠᠭᠠᠯᠠᠨ ᠲᠦᠯᠦᠪᠯᠡᠬᠦ ᠪᠠᠷ ᠵᠢᠯᠣᠭᠣᠳᠤᠮᠵᠢ ᠪᠣᠯᠭᠠᠵᠤ᠂ ᠨᠢᠭᠡ ᠪᠦᠯᠦᠭ ᠪᠡᠯᠭᠡ ᠲᠡᠮᠲᠡᠭ᠎ᠦᠨ ᠴᠢᠨᠠᠷᠲᠠᠢ ᠢᠨᠵᠧᠨᠧᠷᠢᠩ᠎ᠦᠨ ᠲᠦᠷᠦᠯ ᠵᠦᠢᠯ᠎ᠢ ᠨᠥᠭᠡᠴᠡᠯᠡᠨ᠎ᠡ ᠬᠡᠷᠡᠭ᠌ᠵᠢᠭᠦᠯᠦᠨ᠎ᠡ; 《ᠲᠤᠮᠤ ᠬᠡᠪᠴᠢᠶᠡᠨ᠎ᠤ ᠲᠤᠨᠤᠭ ᠲᠦᠬᠦᠭᠡᠷᠦᠮᠵᠢ ᠵᠢ ᠰᠢᠨᠡᠳᠬᠡᠬᠦ ᠪᠠ ᠬᠡᠷᠡᠭᠯᠡᠭᠡᠨ᠎ᠤ ᠵᠦᠢᠯ᠎ᠤᠨ ᠬᠠᠭᠤᠴᠢᠨ᠎ᠢᠶᠡᠷ ᠰᠢᠨ᠎ᠡ ᠵᠢ ᠰᠤᠯᠢᠬᠤ》 ᠲᠥᠷᠥ᠎ᠶ᠋ᠢᠨ ᠪᠣᠳᠣᠯᠭ᠎ᠠ᠎ᠶ᠋ᠢᠨ ᠲᠣᠭᠣᠷᠢᠨ᠎ᠳᠤ᠂ ᠠᠵᠢᠯᠯᠠᠭ᠎ᠠ ᠵᠢ ᠬᠣᠯᠪᠣᠭᠠᠯᠠᠨ ᠦᠷᠨᠢᠬᠦᠯᠬᠦ᠌᠂ ᠦᠵᠡᠭᠳᠡᠯ ᠪᠠᠢᠳᠠᠯ᠎ᠢ ᠬᠣᠯᠪᠣᠭᠠᠯᠠᠨ ᠪᠠᠢᠭᠤᠯᠬᠤ ᠵᠡᠷᠭᠡ᠎ᠶ᠋ᠢ ᠰᠠᠢᠲᠤᠷ ᠠᠳᠭᠤᠵᠤ᠂ ᠬᠡᠷᠡᠭ᠌ᠯᠡᠭᠡᠨ᠎ᠦ ᠳᠠᠯᠳᠠ ᠬᠦᠴᠦᠨ᠎ᠢ ᠬᠥᠭ᠌ᠵᠢᠭᠡᠨ᠎ᠡ᠃ ᠳᠠᠪᠠᠭᠤᠯᠢᠭ ᠣᠨᠴᠠᠯᠢᠭᠳᠤ ᠣᠳᠣᠬᠢᠴᠢᠯᠠᠭ᠍ᠰᠠᠨ ᠠᠵᠤ ᠦᠶ᠋ᠯᠡᠰ᠎ᠦᠨ ᠱᠢᠰᠲ᠋ᠧᠮ᠎ᠢ ᠪᠠᠢᠭᠤᠯᠬᠤ ᠲᠠᠯ᠎ᠠ᠎ᠪᠠᠷ ᠪᠣᠭᠣᠮᠲᠠ ᠱᠢᠪᠲᠤᠯᠵᠤ᠂ ᠮᠢᠩᠭᠠᠨ ᠲᠦᠮᠡᠨ ᠮᠥ᠍ ᠵᠢᠨ ᠥᠨᠳᠥᠷ ᠪᠦᠲᠦᠮᠵᠢᠲᠡᠶ ᠤᠰᠤ ᠠᠷᠪᠢᠯᠠᠬᠤ ᠣᠲᠣ ᠦᠶ᠎ᠡ᠎ᠶ᠋ᠢᠨ ᠲᠠᠷᠢᠶᠠᠯᠠᠩ᠎ᠤᠨ ᠵᠢᠱ᠌ᠢᠶ᠎ᠡ ᠦᠵᠡᠭᠦᠯᠬᠦ᠌ ᠣᠷᠣᠨ᠎ᠢ ᠥᠨᠳᠥᠷ ᠪᠠᠷᠢᠮᠵᠢᠶ᠎ᠠ᠎ᠪᠠᠷ ᠪᠠᠢᠭᠤᠯᠵᠤ᠂ 《ᠪᠥᠬᠥ᠌ ᠤᠯᠤᠰ᠎ᠤᠨ ᠠᠯᠠᠱᠢᠨ ᠦᠬᠡᠷ᠎ᠦᠨ ᠠᠵᠤ ᠦᠶ᠋ᠯᠡᠰ᠎ᠦᠨ ᠨᠢᠭᠡᠳᠦᠭᠡᠷ ᠴᠢᠬᠤᠯᠠ ᠪᠠᠯᠭᠠᠰᠤ》᠎ᠶ᠋ᠢᠨ ᠪᠥᠲᠥᠭᠡᠨ ᠪᠠᠢᠭᠤᠯᠤᠯᠲᠠ᠎ᠶ᠋ᠢ ᠲᠦᠷᠭᠡᠳᠭᠡᠨ ᠠᠬᠢᠭᠤᠯᠤᠨ᠎ᠠ; ᠬᠥᠩᠭᠡᠨᠴᠠᠭᠠᠨ ᠨᠢᠺᠸᠯ ᠴᠠᠬᠢᠭᠤᠷ᠎ᠢᠶᠡᠷ ᠰᠠᠭᠤᠷᠢ ᠪᠤᠯᠭᠠᠬᠰᠠᠨ ᠱᠢᠨ᠎ᠡ ᠮᠠᠲ᠋ᠧᠷᠢᠶᠠᠯ᠂ ᠱᠢᠨ᠎ᠡ ᠡᠨᠧᠷᠭᠢ ᠵᠢᠴᠢ ᠲᠣᠨᠣᠭᠯᠠᠯ ᠦᠶ᠋ᠯᠡᠳᠬᠦ᠌ ᠵᠡᠷᠭᠡ ᠠᠵᠤ ᠦᠶ᠋ᠯᠡᠰ᠎ᠲᠦ ᠱᠢᠯᠢᠳᠡᠭ᠎ᠢ ᠪᠤᠢᠵᠢᠭᠤᠯᠵᠤ ᠦᠷ᠎ᠡ ᠪᠦᠳᠦᠮᠵᠢ ᠵᠢ ᠨᠡᠮᠡᠭ᠌ᠳᠡᠭᠦᠯᠬᠦ᠌᠎ᠶ᠋ᠢ ᠠᠬᠢᠭᠤᠯᠵᠤ᠂ ᠪᠠᠢᠭᠠᠯᠢ᠎ᠶ᠋ᠢᠨ ᠬᠤᠵᠢᠷ᠎ᠢ ᠶᠡᠷᠦᠩᠬᠡᠢᠯᠡᠨ ᠨᠡᠭᠡᠭᠡᠨ ᠠᠱᠢᠭ᠍ᠯᠠᠬᠤ ᠵᠡᠷᠭᠡ ᠲᠤᠯᠭᠠᠭᠤᠷᠢ ᠱᠢᠨ᠎ᠡ ᠠᠵᠤ ᠦᠶ᠋ᠯᠡᠰ᠎ᠢ ᠪᠤᠵᠠᠭᠠᠢᠷᠠᠭᠤᠯᠤᠨ᠎ᠠ᠃ ᠬᠥᠭ᠌ᠵᠢᠯᠲᠡ᠎ᠶ᠋ᠢᠨ ᠣᠷᠴᠢᠨ ᠨᠥᠬᠥᠴᠡᠯ᠎ᠢ ᠪᠤᠢ ᠪᠤᠯᠭᠠᠨ ᠰᠢᠯᠢᠳᠡᠭᠵᠢᠬᠦᠯᠬᠦ ᠲᠠᠯ᠎ᠠ᠎ᠪᠠᠷ ᠪᠣᠭᠣᠮᠲᠠ ᠱᠢᠪᠲᠤᠯᠤᠨ ᠬᠦᠴᠢᠷᠳᠡᠯ᠎ᠢ ᠱᠢᠢᠳᠪᠦᠷᠢᠯᠡᠵᠤ᠂ ᠬᠥᠭ᠌ᠵᠢᠯᠲᠡ᠎ᠶ᠋ᠢ ᠬᠦᠯᠢᠶᠡᠰᠦᠯᠡᠵᠤ ᠪᠠᠢᠭ᠎ᠠ ᠪᠠᠢᠭᠤᠯᠤᠯ ᠲᠣᠭ᠍ᠲᠠᠴᠠ᠎ᠶ᠋ᠢᠨ ᠬᠠᠷᠰᠢ ᠰᠠᠭᠠᠳ᠎ᠢ ᠠᠷᠢᠯᠭᠠᠨ᠎ᠠ; ᠠᠵᠤ ᠠᠬᠤᠢᠯᠠᠯ᠎ᠢ ᠲᠤᠰᠠᠯᠠᠬᠤ ᠠᠵᠢᠯᠯᠠᠭ᠎ᠠ᠎ᠶ᠋ᠢ ᠭᠦᠨᠵᠡᠭᠡᠢ ᠥᠷᠨᠢᠭᠦᠯᠵᠦ᠍᠂ ᠵᠠᠬ᠎ᠠ ᠳᠡᠯᠭᠡᠭᠦᠷ᠎ᠦᠨ ᠭᠣᠣᠯ ᠴᠣᠭ᠍ᠴᠠ᠎ᠶ᠋ᠢᠨ ᠠᠮᠢᠵᠢᠷᠠᠯ᠎ᠤᠨ ᠬᠦᠴᠦᠨ᠎ᠢ ᠬᠥᠭ᠌ᠵᠢᠭᠡᠨ᠎ᠡ; ᠭᠠᠳᠠᠭᠠᠳᠤ ᠨᠡᠭᠡᠭᠡᠯᠲᠡ᠎ᠶ᠋ᠢ ᠥᠷᠭᠡᠳᠭᠡᠵᠦ᠍᠂ ᠠᠵᠤ ᠦᠢᠯᠡᠰ᠎ᠦᠨ ᠱᠢᠯᠵᠢᠯᠲᠡ᠎ᠶ᠋ᠢ ᠰᠠᠨᠠᠭᠠᠴᠢᠯᠠᠭ᠎ᠠ ᠡᠴᠡ᠎ᠪᠠᠨ ᠬᠦᠯᠢᠶᠡᠨ ᠠᠪᠴᠤ᠌᠂ ᠨᠠᠩ ᠣᠯᠠᠨ ᠣᠷᠣᠨ ᠪᠦᠰᠡ᠎ᠶ᠋ᠢᠨ ᠬᠠᠮᠲᠤᠷᠠᠯᠴᠠᠭᠠᠨ᠎ᠤ ᠵᠦᠢᠯᠡᠰ᠎ᠢ ᠪᠣᠳᠠᠲᠠᠢ᠎ᠳᠤ ᠨᠠᠢᠳᠠᠪᠤᠷᠢᠵᠢᠭᠤᠯᠤᠨ ᠦᠷ᠎ᠡ ᠪᠦᠲᠦᠮᠵᠢ ᠣᠯᠬᠤ᠎ᠶ᠋ᠢ ᠠᠬᠢᠭᠤᠯᠤᠨ᠎ᠠ᠃ ᠱᠢᠨ᠎ᠡ ᠬᠡᠯᠪᠡᠷᠢ᠎ᠶ᠋ᠢᠨ ᠬᠣᠲᠠ ᠪᠠᠯᠭᠠᠰᠤᠵᠢᠯᠲᠠ ᠪᠣᠯᠤᠨ ᠬᠥᠳᠡᠭᠡ ᠲᠣᠰᠭᠣᠨ᠎ᠢ ᠪᠦᠬᠦ᠌ ᠲᠠᠯ᠎ᠠ᠎ᠪᠠᠷ ᠬᠥᠭ᠌ᠵᠢᠭᠦᠯᠦᠨ ᠮᠠᠨᠳᠤᠭᠤᠯᠬᠤ᠎ᠶ᠋ᠢ ᠠᠬᠢᠭᠤᠯᠬᠤ ᠲᠠᠯ᠎ᠠ᠎ᠪᠠᠷ ᠪᠣᠭᠣᠮᠲᠠ ᠱᠢᠪᠲᠤᠯᠵᠤ᠂ ᠭᠣᠣᠯ ᠬᠣᠲᠠ ᠵᠢᠨ ᠲᠣᠭᠣᠷᠢᠭ᠎ᠤᠨ ᠳᠠᠭᠠᠭᠤᠯᠤᠭ᠍ᠴᠢ ᠦᠢᠯᠡᠳᠦᠯ᠎ᠢ ᠴᠢᠩᠭᠠᠳᠭᠠᠵᠤ᠂ ᠬᠣᠲᠠ ᠬᠥᠳᠡᠭᠡ᠎ᠶ᠋ᠢᠨ ᠠᠭᠤᠰᠤᠯᠴᠠᠨ ᠵᠣᠬᠢᠴᠠᠩᠭᠤᠢ ᠬᠥᠭ᠌ᠵᠢᠬᠦ᠌᠎ᠶ᠋ᠢ ᠠᠬᠢᠭᠤᠯᠵᠤ᠂ ᠬᠣᠲᠠ ᠪᠠᠯᠭᠠᠰᠤᠵᠢᠯᠲᠠ᠎ᠶ᠋ᠢᠨ ᠲᠦᠪᠱᠢᠨ᠎ᠢ ᠬᠦᠴᠦᠯᠡᠨ ᠳᠡᠭᠡᠭ᠌ᠰᠢᠯᠡᠭᠦᠯᠦᠨ᠎ᠡ᠃ ᠬᠥᠭ᠌ᠵᠢᠯᠲᠡ᠎ᠶ᠋ᠢᠨ ᠬᠡᠯᠪᠡᠷᠢ᠎ᠶ᠋ᠢ ᠪᠣᠬᠢᠷᠲᠤᠯ ᠥᠬᠡᠶ ᠳᠡᠢᠰᠢ ᠬᠤᠪᠢᠷᠠᠭᠤᠯᠬᠤ᠎ᠶ᠋ᠢ ᠠᠬᠢᠭᠤᠯᠬᠤ ᠲᠠᠯ᠎ᠠ᠎ᠪᠠᠷ ᠪᠣᠭᠣᠮᠲᠠ ᠱᠢᠪᠲᠤᠯᠵᠤ᠂ ᠬᠣᠷᠴᠢᠨ᠎ᠤ ᠡᠯᠡᠰᠦᠷᠬᠡᠭ ᠭᠠᠵᠠᠷ᠎ᠤᠨ ᠰᠦᠨᠦᠬᠡᠯᠳᠡ ᠵᠢᠨ ᠳᠠᠢᠯᠠᠯᠳᠤᠭᠠᠨ᠎ᠢ ᠰᠠᠢᠲᠤᠷ ᠬᠢᠵᠦ᠍᠂ ᠨᠡᠭᠦᠷᠡᠰᠦᠲᠥ᠋ᠷᠥᠭ᠌ᠴᠢ᠎ᠶᠢᠨ ᠭᠠᠳᠠᠭᠰᠢᠯᠠᠭᠤᠯᠤᠯᠳᠠ ᠵᠢ ᠪᠠᠭᠤᠷᠠᠭᠤᠯᠬᠤ ᠪᠣᠬᠢᠷᠲᠤᠯ᠎ᠢ ᠪᠠᠭᠠᠰᠭᠠᠬᠤ ᠨᠣᠭᠣᠭᠠᠷᠠᠭᠤᠯᠤᠯᠲᠠ᠎ᠶ᠋ᠢ ᠥᠷᠭᠡᠳᠭᠡᠬᠦ᠌ ᠠᠵᠢᠯ᠎ᠢ ᠨᠢᠭᠡᠳᠦᠯᠲᠡᠶ ᠲᠥᠯᠥᠪᠵᠢᠭᠦᠯᠦᠨ ᠰᠠᠢᠲᠤᠷ ᠬᠢᠵᠦ᠍᠂ ᠤᠯᠤᠰ᠎ᠤᠨ ᠠᠮᠢ ᠠᠬᠤᠶ᠎ᠶ᠋ᠢᠨ ᠪᠣᠯᠪᠠᠰᠤᠨ᠎ᠤ ᠪᠠᠢᠭᠤᠯᠤᠯᠲᠠ᠎ᠶ᠋ᠢᠨ ᠵᠢᠱ᠌ᠢᠶ᠎ᠡ ᠦᠵᠡᠭᠦᠯᠬᠦ᠌ ᠣᠷᠣᠨ᠎ᠢ ᠴᠢᠷᠮᠠᠢᠨ ᠡᠭᠦᠳᠦᠨ᠎ᠡ᠃ ᠦᠨᠳᠦᠰᠦᠨ ᠱᠠᠲᠤᠨ᠎ᠤ ᠨᠡᠢᠭᠡᠮ᠎ᠦᠨ ᠵᠠᠰᠠᠯᠲᠠ᠎ᠶ᠋ᠢᠨ ᠴᠢᠳᠠᠪᠤᠷᠢ᠎ᠶ᠋ᠢ ᠳᠡᠭᠡᠭ᠌ᠰᠢᠯᠡᠭᠦᠯᠬᠦ᠌ ᠲᠠᠯ᠎ᠠ᠎ᠪᠠᠷ ᠪᠣᠭᠣᠮᠲᠠ ᠱᠢᠪᠲᠤᠯᠵᠤ᠂ ᠡᠯ᠎ᠡ ᠬᠦᠷᠢᠶᠡᠨ᠎ᠦ ᠠᠶᠤᠯ ᠲᠦᠭ᠌ᠰᠢᠭᠦᠷᠢ ᠬᠡᠮ ᠰᠣᠭᠣᠭ᠎ᠢ ᠪᠦᠲᠦᠮᠵᠢᠲᠡᠶ ᠰᠡᠷᠭᠡᠢᠯᠡᠨ ᠠᠷᠢᠯᠭᠠᠵᠤ᠂ ᠨᠠᠩ ᠥᠨᠳᠥᠷ ᠲᠦᠪᠱᠢᠨ᠎ᠢᠶᠡᠷ ᠲᠦᠩᠯᠢᠶᠣᠤ ᠬᠣᠲᠠ᠎ᠶ᠋ᠢᠨ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠤᠨ᠎ᠠ ᠭᠡᠵᠦ ᠢᠯᠡᠳᠬᠡᠪᠡ᠃
2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ
ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ
ᠬᠠᠷᠢᠯᠴᠠᠬᠤ ᠤᠲᠠᠰᠤ᠄0471-6635435
ᠢᠮᠧᠯ᠄mgyxww@163.com 蒙ICP备10000005号