ᠵᠧᠸ᠋ ᠱᠢᠤᠸᠠᠢ ᠴᠤᠤ ᠭᠡᠱᠢᠭᠦᠨ᠄ ᠦᠢᠯᠡᠤᠨᠪᠤᠷᠢᠯᠡᠯ ᠵᠢᠭᠠᠨ ᠰᠤᠷᠭᠠᠯᠲᠠ ᠰᠤᠳᠤᠯᠭᠠᠨ ᠬᠡᠷᠡᠭ᠌ᠯᠡᠯᠲᠡ᠎ᠶ᠋ᠢ ᠭᠦᠨᠵᠡᠭᠡᠶ ᠠᠭᠤᠰᠤᠯᠴᠠᠭᠤᠯᠵᠤ ᠬᠥᠳᠡᠭᠡ ᠠᠵᠤ ᠠᠬᠤᠢ᠎ᠶ᠋ᠢᠨ ᠬᠥᠭ᠌ᠵᠢᠯᠲᠡ᠎ᠶ᠋ᠢ ᠲᠦᠷᠬᠡᠤᠨᠬᠡᠨ᠎ᠠ
2025-01-15 10:36:24
ᠵᠣᠬᠢᠶᠠᠭ᠍ᠴᠢ᠄
ᠱᠤᠸᠠᠢ ᠵᠧᠩ ᠸᠠᠩ ᠯᠸᠢ
ᠣᠩᠱᠢᠭ᠍ᠰᠠᠨ ᠣᠳᠠᠭ᠎ᠠ᠄
★★★☆☆

《ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠎ᠳᠦ᠂ ᠦᠩ ᠱᠢᠮᠡᠯᠢᠭ ᠭᠠᠵᠠᠷ ᠱᠢᠷᠣᠢ᠂ ᠥᠷᠭᠡᠨ ᠠᠭᠤᠳᠠᠮ ᠲᠠᠯ᠎ᠠ ᠨᠤᠲᠤᠭ᠂ ᠠᠷᠢᠭᠤᠨ ᠴᠡᠪᠡᠷ ᠭᠣᠣᠯ᠎ᠤᠨ ᠤᠰᠤ᠎ᠶ᠋ᠢ ᠦᠢᠯᠡᠳᠪᠦᠷᠢᠯᠡᠯ᠎ᠦᠨ ᠬᠦᠴᠦᠨ ᠪᠠ ᠦᠷᠢᠰᠦᠯᠳᠦᠬᠦ᠌ ᠬᠦᠴᠦᠨ ᠪᠣᠯᠭᠠᠨ ᠬᠤᠪᠢᠷᠠᠭᠤᠯᠵᠤ᠂ ᠬᠥᠳᠡᠭᠡ ᠠᠵᠤ ᠠᠬᠤᠢ᠎ᠶ᠋ᠢᠨ ᠴᠢᠨᠠᠷ ᠰᠠᠢᠲᠠᠢ ᠬᠥᠭ᠌ᠵᠢᠯᠲᠡ᠎ᠪᠡᠷ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ᠎ᠶ᠋ᠢ ᠠᠬᠢᠭᠤᠯᠤᠨ᠎ᠠ ᠭᠡᠵᠦ᠍ ᠳᠤᠷᠠᠳᠴᠠᠢ᠃ ᠥᠪᠥᠷ ᠮᠣᠩᠭᠣᠯ ᠪᠣᠯ ᠪᠦᠬᠦ᠌ ᠤᠯᠤᠰ᠎ᠤᠨ ᠱᠢᠷ᠎ᠠ ᠪᠤᠷᠴᠠᠭ ᠲᠠᠷᠢᠬᠤ ᠳᠠᠪᠠᠭᠤᠯᠢᠭᠳᠤ ᠭᠠᠷᠤᠯᠲᠠ᠎ᠶ᠋ᠢᠨ ᠣᠷᠣᠨ ᠪᠠᠢᠵᠤ᠂ ᠲᠠᠷᠢᠬᠤ ᠲᠠᠯᠠᠪᠠᠶ᠎ᠪᠠᠷ ᠪᠦᠬᠦ᠌ ᠤᠯᠤᠰ᠎ᠤᠨ ᠬᠣᠶᠠᠳᠤᠭᠠᠷ᠎ᠲᠤ ᠵᠢᠬᠰᠠᠵᠤ᠂ ᠮᠠᠨ᠎ᠤ ᠣᠷᠣᠨ᠎ᠤ ᠤᠯᠤᠰ᠎ᠤᠨ ᠴᠢᠬᠤᠯᠠ ᠮᠠᠯ᠎ᠤᠨ ᠠᠱᠢᠭ ᠱᠢᠮ᠎ᠡ᠎ᠲᠠᠷᠢᠶᠠᠯᠠᠩ᠎ᠤᠨ ᠪᠦᠲᠦᠭᠡᠭ᠌ᠳᠡᠬᠦᠨ᠎ᠤ ᠦᠢᠯᠡᠳᠪᠦᠷᠢᠯᠡᠯ᠎ᠦᠨ ᠰᠠᠭᠤᠷᠢᠨ᠎ᠢ ᠪᠠᠢᠭᠤᠯᠬᠤ ᠶᠠᠪᠤᠴᠠ᠎ᠳᠤ ᠱᠢᠷ᠎ᠠ ᠪᠤᠷᠴᠠᠭ᠎ᠤᠨ ᠠᠵᠤ ᠦᠢᠯᠡᠰ᠎ᠦᠨ ᠬᠥᠭ᠌ᠵᠢᠯᠲᠡ ᠴᠢᠬᠤᠯᠠ ᠶᠡᠬᠡ ᠠᠴᠢ ᠬᠣᠯᠪᠣᠭ᠍ᠳᠠᠯ᠎ᠲᠠᠶ ᠶᠤᠮ》 ᠭᠡᠵᠦ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶ᠋ᠢᠨ ᠵᠥᠪᠯᠡᠯᠭᠡᠨ᠎ᠦ ᠭᠡᠱᠢᠭᠦᠨ᠂ ᠤᠯᠠᠭᠠᠨᠬᠠᠳᠠ ᠬᠣᠲᠠ᠎ᠶ᠋ᠢᠨ ᠮᠠᠯ ᠠᠵᠤ ᠠᠬᠤᠶ ᠲᠠᠷᠢᠶᠠᠯᠠᠩ᠎ᠤᠨ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠭᠠᠵᠠᠷ᠎ᠤᠨ ᠱᠢᠷ᠎ᠠ ᠪᠤᠷᠴᠠᠭ ᠢᠳᠡᠭᠡᠨ᠎ᠦ ᠪᠤᠷᠴᠠᠭ᠎ᠤᠨ ᠲᠥᠪ᠎ᠦᠨ ᠳᠡᠳ᠋ ᠡᠷᠬᠢᠯᠡᠭ᠌ᠴᠢ ᠵᠧᠸ᠋ ᠱᠢᠤᠸᠠᠢ ᠴᠤᠤ ᠬᠡᠯᠡᠨ᠎ᠠ᠃


QQ20250115-100801.png


ᠵᠧᠦ ᠱᠢᠤᠸᠠᠢ ᠴᠤᠤ᠂ ᠣᠳᠣᠬᠠᠨ᠎ᠳᠤ᠂ ᠮᠠᠨ᠎ᠤ ᠤᠯᠤᠰ᠎ᠤᠨ ᠱᠢᠷ᠎ᠠ ᠪᠤᠷᠴᠠᠭ᠎ᠤᠨ ᠬᠡᠷᠡᠭ᠌ᠯᠡᠭᠡ ᠵᠢᠨ ᠳᠤᠲᠠᠭᠤᠳᠠᠯ ᠶᠡᠬᠡ᠂ ᠱᠢᠷ᠎ᠠ ᠪᠤᠷᠴᠠᠭ᠎ᠤᠨ ᠦᠢᠯᠡᠳᠪᠦᠷᠢᠯᠡᠯ᠎ᠦᠨ ᠴᠢᠳᠠᠪᠤᠷᠢ᠎ᠶ᠋ᠢ ᠳᠡᠭᠡᠭ᠌ᠰᠢᠯᠡᠭᠦᠯᠬᠦ᠌ ᠪᠣᠯ ᠤᠯᠤᠰ᠎ᠤᠨ ᠠᠮᠤ ᠪᠤᠳᠠᠭᠠᠨ᠎ᠤ ᠠᠮᠤᠷ ᠲᠦᠪᠱᠢᠨ᠎ᠢ ᠪᠠᠲᠤᠯᠠᠬᠤ ᠵᠠᠩᠭᠢᠯᠠᠭ᠎ᠠ᠎ᠶ᠋ᠢᠨ ᠭᠣᠭ᠍ᠴᠣᠭ᠎ᠠ ᠪᠣᠯᠤᠨ᠎ᠠ᠂ ᠭᠡᠪᠡᠴᠦ᠍ ᠱᠢᠷ᠎ᠠ ᠪᠤᠷᠴᠠᠭ᠎ᠤᠨ ᠲᠠᠯᠠᠪᠠᠢ ᠨᠢᠭᠡᠴᠢ᠎ᠶ᠋ᠢᠨ ᠤᠨᠠᠯᠲᠠ ᠳᠣᠣᠷ᠎ᠠ᠂ ᠦᠷ᠎ᠡ ᠠᠱᠢᠭ ᠥᠨᠳᠥᠷ ᠪᠢᠰᠢ ᠭᠡᠨ᠎ᠠ᠃  ᠱᠢᠷ᠎ᠠ ᠪᠤᠷᠴᠠᠭ᠎ᠤᠨ ᠤᠨᠠᠯᠲᠠ᠎ᠶ᠋ᠢ ᠳᠡᠭᠡᠭ᠌ᠰᠢᠯᠡᠭᠦᠯᠬᠦ᠌᠎ᠳᠦ ᠳᠠᠷᠢᠬᠤ ᠲᠠᠯᠠᠪᠠᠶ᠎ᠶ᠋ᠢ ᠥᠷᠭᠡᠳᠭᠡᠬᠦ᠌ ᠪᠠ ᠲᠠᠯᠠᠪᠠᠶ ᠨᠢᠭᠡᠴᠢ᠎ᠶ᠋ᠢᠨ ᠤᠨᠠᠯᠲᠠ᠎ᠶ᠋ᠢ ᠳᠡᠭᠡᠭ᠌ᠰᠢᠯᠡᠭᠦᠯᠬᠦ᠌᠎ᠶ᠋ᠢ ᠵᠡᠷᠭᠡ᠎ᠪᠡᠷ ᠠᠳᠭᠤᠬᠤ ᠬᠡᠷᠡᠭ᠌ᠲᠡᠶ᠃ ᠲᠡᠷᠡ᠄《ᠨᠢᠭᠡ ᠲᠠᠯ᠎ᠠ᠎ᠪᠠᠷ᠂ ᠵᠦᠶ ᠵᠣᠬᠢᠰᠲᠠᠶ ᠲᠥᠷᠥ᠎ᠶ᠋ᠢᠨ ᠪᠣᠳᠣᠯᠭ᠎ᠠ᠎ᠶ᠋ᠢᠨ ᠵᠢᠯᠣᠭᠣᠳᠣᠯᠭ᠎ᠠ᠂ ᠵᠢᠱ᠌ᠢᠶᠡᠯᠡᠪᠡᠯ ᠲᠠᠷᠢᠮᠠᠯ᠎ᠤᠨ ᠨᠥᠬᠥᠪᠥᠷᠢ᠂ ᠡᠭᠡᠯᠵᠢᠯᠡᠨ ᠳᠠᠷᠢᠬᠤ ᠪᠠ ᠥᠨᠵᠢᠭᠦᠯᠦᠨ ᠳᠠᠷᠢᠬᠤ  ᠵᠡᠷᠭᠡ᠎ᠪᠡᠷ ᠳᠠᠮᠵᠢᠨ᠂ ᠲᠠᠷᠢᠶᠠᠴᠢᠳ᠎ᠤᠨ ᠱᠢᠷ᠎ᠠ ᠪᠤᠷᠴᠠᠭ ᠳᠠᠷᠢᠬᠤ᠎ᠬᠡᠪᠴᠢᠶ᠎ᠡ ᠪᠠᠨ ᠨᠡᠮᠡᠭ᠌ᠳᠡᠭᠦᠯᠬᠦ᠌᠎ᠶ᠋ᠢ ᠵᠣᠷᠢᠭ᠍ᠵᠢᠭᠤᠯᠤᠨ᠎ᠠ; ᠨᠥᠭᠥᠭᠡ ᠲᠠᠯ᠎ᠠ᠎ᠪᠠᠷ᠂ ᠬᠡᠪᠴᠢᠶᠡᠵᠢᠭᠦᠯᠦᠨ᠂ ᠪᠠᠷᠢᠮᠵᠢᠶᠠᠵᠢᠭᠤᠯᠤᠨ ᠳᠠᠷᠢᠬᠤ᠎ᠶ᠋ᠢ ᠠᠬᠢᠭᠤᠯᠵᠤ᠂ ᠦᠶ᠋ᠯᠡᠳᠪᠦᠷᠢᠯᠡᠯ᠎ᠦᠨ ᠥᠪᠡᠷ᠎ᠦᠨ ᠥᠷᠲᠡᠭ᠎ᠢ ᠪᠠᠭᠤᠷᠠᠭᠤᠯᠤᠨ᠂ ᠦᠶ᠋ᠯᠡᠳᠪᠦᠷᠢᠯᠡᠯ᠎ᠦᠨ ᠦᠷ᠎ᠡ ᠠᠱᠢᠭ᠎ᠢ ᠳᠡᠭᠡᠭ᠌ᠰᠢᠯᠡᠭᠦᠯᠦᠨ᠎ᠡ᠃ ᠪᠠᠰᠠ ᠡᠴᠦᠰ᠎ᠦᠨ ᠬᠡᠯᠬᠢᠶ᠎ᠡ ᠵᠢᠨ ᠡᠳ᠋ᠱᠢᠭᠦᠯᠦᠨ ᠪᠤᠯᠪᠠᠰᠤᠷᠠᠭᠤᠯᠬᠤ ᠠᠵᠤ ᠦᠶ᠋ᠯᠡᠰ᠎ᠯᠦᠭᠡ ᠬᠣᠯᠪᠣᠭᠠᠯᠠᠨ ᠬᠥᠳᠡᠯᠦᠯᠴᠡᠬᠦ᠌᠎ᠶ᠋ᠢ ᠴᠢᠩᠭᠠᠳᠭᠠᠵᠤ᠂ ᠲᠣᠰ ᠭᠠᠵᠠᠷ ᠣᠷᠣᠨ᠎ᠳᠤ ᠱᠢᠷ᠎ᠠ ᠪᠤᠷᠴᠠᠭ᠎ᠤᠨ ᠪᠦᠲᠦᠭᠡᠭ᠌ᠳᠡᠬᠦᠨ᠎ᠢ ᠨᠠᠷᠢᠯᠢᠭ ᠡᠳ᠋ᠱᠢᠭᠦᠯᠦᠨ ᠪᠣᠯᠪᠠᠰᠤᠷᠠᠭᠤᠯᠬᠤ ᠠᠵᠢᠯ᠎ᠢ ᠥᠷᠨᠢᠭᠦᠯᠵᠦ᠍᠂ ᠣᠯᠠᠨ ᠡᠱᠢᠵᠢᠭ᠌ᠰᠡᠨ ᠱᠢᠷ᠎ᠠ ᠪᠤᠷᠴᠠᠭ᠎ᠤᠨ ᠤᠭᠤᠷᠠᠭ ᠶᠡᠬᠡᠲᠡᠶ ᠢᠳᠡᠭᠡᠨ᠎ᠢ ᠨᠡᠭᠡᠭᠡᠨ ᠬᠥᠭ᠌ᠵᠢᠭᠦᠯᠵᠦ᠍᠂ ᠲᠠᠷᠢᠶᠠᠯᠠᠩ᠎ᠤᠨ ᠠᠵᠤ ᠦᠶ᠋ᠯᠡᠰ᠎ᠦᠨ ᠬᠡᠯᠬᠢᠶ᠎ᠡ᠎ᠶ᠋ᠢ ᠤᠷᠲᠤᠳᠭᠠᠵᠤ᠂ ᠱᠢᠷ᠎ᠠ ᠪᠤᠷᠴᠠᠭ᠎ᠢ ᠡᠳ᠋ᠱᠢᠭᠦᠯᠦᠨ ᠤᠨᠳᠤᠤᠰᠢᠭᠤᠯᠬᠤ ᠨᠣᠷᠮ᠎ᠠ᠎ᠶ᠋ᠢ ᠳᠡᠭᠡᠭ᠌ᠰᠢᠯᠡᠭᠦᠯᠵᠦ᠍᠂ ᠠᠵᠤ ᠦᠶ᠋ᠯᠡᠰ᠎ᠦᠨ ᠨᠡᠮᠡᠯᠲᠡ ᠥᠷᠲᠡᠭ᠎ᠢ ᠳᠡᠭᠡᠭ᠌ᠰᠢᠯᠡᠭᠦᠯᠵᠦ᠍᠂ ᠱᠢᠷ᠎ᠠ ᠪᠤᠷᠴᠠᠭ᠎ᠤᠨ ᠠᠵᠤ ᠦᠶ᠋ᠯᠡᠰ᠎ᠦᠨ ᠪᠦᠬᠦᠯᠢ ᠴᠣᠭ᠍ᠴᠠ᠎ᠶ᠋ᠢᠨ ᠥᠷᠢᠰᠥᠯᠳᠦᠬᠦ᠌ ᠬᠦᠴᠦᠨ᠎ᠢ ᠴᠢᠩᠭᠠᠷᠠᠭᠤᠯᠬᠤ ᠬᠡᠷᠡᠭ᠌ᠲᠡᠶ》 ᠭᠡᠵᠦ᠍ ᠰᠠᠨᠠᠭᠤᠯᠭ᠎ᠠ ᠪᠠᠨ ᠭᠡᠯᠡᠨ᠎ᠠ᠃

ᠱᠢᠷ᠎ᠠ ᠪᠤᠷᠴᠠᠭ᠎ᠤᠨ ᠤᠨᠠᠯᠲᠠ᠎ᠶ᠋ᠢ ᠨᠡᠮᠡᠭ᠌ᠳᠡᠭᠦᠯᠬᠦ᠌᠎ᠳᠦ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠡᠴᠡ ᠰᠠᠯᠵᠤ ᠴᠢᠳᠠᠬᠤ ᠥᠬᠡᠶ ᠶᠤᠮ᠂ ᠱᠢᠷ᠎ᠠ ᠪᠤᠷᠴᠠᠭ᠎ᠤᠨ ᠦᠷ᠎ᠡ ᠡᠳ᠋᠎ᠦᠨ ᠡᠬᠢ ᠪᠠᠶᠠᠯᠢᠭ᠎ᠢ ᠠᠭᠤᠳᠠᠯᠬᠤ ᠪᠠ ᠱᠢᠨ᠎ᠡ᠎ᠶ᠋ᠢ ᠡᠭᠦᠳᠬᠦ᠌᠂ ᠵᠢᠱ᠌ᠢᠶᠡᠯᠡᠪᠡᠯ ᠠᠮᠢᠳᠤ ᠪᠣᠳᠠᠰ᠎ᠤᠨ ᠦᠷ᠎ᠡ ᠪᠣᠢᠵᠢᠭᠤᠯᠬᠤ᠂ ᠭᠸᠨ ᠨᠠᠢᠷᠠᠭᠤᠯᠬᠤ ᠮᠡᠷᠭᠡᠵᠢᠯ ᠵᠡᠷᠭᠡ᠎ᠶ᠋ᠢ ᠨᠡᠮᠡᠭ᠌ᠳᠡᠭᠦᠯᠵᠦ᠍᠂ ᠲᠣᠰᠣ ᠶᠡᠬᠡᠲᠡᠶ᠂ ᠤᠭᠤᠷᠠᠭ ᠶᠡᠬᠡᠲᠡᠶ᠂ ᠰᠥᠷᠬᠦ᠌ ᠴᠢᠨᠠᠷ᠎ᠴᠢᠩᠭ᠎ᠠ ᠱᠢᠷ᠎ᠠ ᠪᠤᠷᠴᠠᠭ᠎ᠤᠨ ᠱᠢᠨ᠎ᠡ ᠡᠭᠦᠯᠳᠡᠷ᠎ᠢ ᠭᠤᠤᠯᠳᠠᠯᠭ᠎ᠠ᠎ᠲᠠᠶ ᠪᠣᠢᠵᠢᠭᠤᠯᠵᠤ᠂ ᠱᠢᠷ᠎ᠠ ᠪᠤᠷᠴᠠᠭ᠎ᠤᠨ ᠡᠭᠦᠯᠳᠡᠷ ᠢᠵᠢᠯᠢᠰᠢᠬᠦ᠌᠂ ᠡᠪᠡᠳᠴᠢᠨ ᠬᠣᠷᠣᠬᠠᠶ᠎ᠶ᠋ᠢᠨ ᠬᠥᠨᠥᠭᠡᠯ᠎ᠢ ᠡᠰᠡᠷᠭᠦᠴᠡᠬᠦ᠌ ᠴᠢᠳᠠᠪᠤᠷᠢ᠎ᠪᠠᠷ ᠪᠠᠭᠤᠷᠠᠶ ᠵᠡᠷᠭᠡ ᠠᠰᠠᠭᠤᠳᠠᠯ᠎ᠢ ᠱᠢᠶ᠋ᠳᠪᠦᠷᠢᠯᠡᠬᠦ᠌ ᠬᠡᠷᠡᠭ᠌ᠲᠡᠶ᠃ ᠮᠡᠷᠭᠡᠵᠢᠯ᠎ᠦᠨ ᠲᠠᠯ᠎ᠠ᠎ᠪᠠᠷ᠂ ᠥᠨᠳᠥᠷ ᠤᠨᠠᠯᠲᠠ᠎ᠲᠠᠶ ᠥᠨᠳᠥᠷ ᠦᠷ᠎ᠡ ᠠᠱᠢᠭ᠎ᠲᠠᠶ ᠳᠠᠷᠢᠵᠤ ᠪᠣᠢᠵᠢᠭᠤᠯᠬᠤ ᠮᠡᠷᠭᠡᠵᠢᠯ᠂ ᠨᠠᠷᠢᠯᠢᠭ ᠣᠨᠣᠴᠠᠳᠠᠢ ᠪᠣᠷᠲᠣᠭᠣᠷ ᠣᠷᠣᠭᠤᠯᠬᠤ ᠪᠠ ᠣᠶᠤᠨᠴᠢ᠎ᠪᠠᠷ ᠤᠰᠤᠯᠠᠬᠤ ᠮᠡᠷᠭᠡᠵᠢᠯ᠂ ᠪᠣᠬᠢᠷᠲᠤᠯ ᠥᠬᠡᠶ ᠰᠡᠷᠭᠡᠢᠯᠡᠨ ᠡᠵᠡᠮᠳᠡᠬᠦ᠌ ᠮᠡᠷᠭᠡᠵᠢᠯ ᠵᠡᠷᠭᠡ᠎ᠶ᠋ᠢ ᠰᠤᠳᠤᠯᠤᠨ ᠨᠡᠭᠡᠭᠡᠨ ᠬᠤᠷᠠᠭᠤᠯᠵᠤ᠂ ᠱᠢᠷ᠎ᠠ ᠪᠤᠷᠴᠠᠭ᠎ᠤᠨ ᠠᠵᠤ ᠦᠶ᠋ᠯᠡᠰ ᠳᠡᠬᠢ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠠᠭᠤᠯᠤᠭ᠍ᠳᠠᠴᠠ᠎ᠶ᠋ᠢ ᠳᠡᠭᠡᠭ᠌ᠰᠢᠯᠡᠭᠦᠯᠵᠦ᠍᠂ ᠥᠪᠡᠷ᠎ᠦᠨ ᠥᠷᠲᠡᠭ᠎ᠢ ᠠᠷᠪᠢᠯᠠᠨ ᠦᠷ᠎ᠡ ᠠᠱᠢᠭ᠎ᠢ ᠨᠡᠮᠡᠭ᠌ᠳᠡᠭᠦᠯᠬᠦ᠌᠎ᠶ᠋ᠢ ᠪᠡᠶᠡᠯᠡᠭᠦᠯᠬᠦ ᠬᠡᠷᠡᠭᠳᠡᠢ᠃ ᠡᠭᠦᠨ᠎ᠦ ᠬᠠᠮᠲᠤ᠂ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠦᠷ᠎ᠡ ᠪᠦᠲᠦᠭᠡᠯ᠎ᠢ ᠤᠨᠳᠤᠤᠰᠢᠭᠤᠯᠬᠤ ᠪᠠ ᠳᠡᠯᠭᠡᠷᠡᠭᠦᠯᠬᠦ᠌᠎ᠶ᠋ᠢ ᠴᠢᠩᠭᠠᠳᠭᠠᠵᠤ᠂ ᠠᠵᠤ ᠦᠢᠯᠡᠰ ᠵᠢᠭᠠᠨ ᠰᠤᠷᠭᠠᠯᠳᠠ ᠰᠤᠳᠤᠯᠭᠠᠨ ᠬᠡᠷᠡᠭᠯᠡᠯᠳᠡ᠎ᠶ᠋ᠢ ᠭᠦᠨᠵᠡᠭᠡᠶ ᠠᠭᠤᠰᠤᠯᠴᠠᠭᠤᠯᠤᠭ᠍ᠰᠠᠨ ᠱᠢᠷ᠎ᠠ ᠪᠤᠷᠴᠠᠭ᠎ᠢ ᠱᠢᠰᠲ᠋ᠧᠮᠵᠢᠭᠦᠯᠦᠨ ᠰᠤᠳᠤᠯᠬᠤ ᠲᠣᠭ᠍ᠲᠠᠴᠠ᠎ᠶ᠋ᠢ ᠪᠠᠢᠭᠤᠯᠵᠤ᠂ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠦᠷ᠎ᠡ ᠪᠦᠲᠦᠭᠡᠯ᠎ᠢ ᠪᠤᠳᠠᠳᠠᠢ᠎ᠳᠦ ᠨᠠᠢᠳᠠᠪᠤᠷᠢᠵᠢᠭᠤᠯᠬᠤ᠎ᠶ᠋ᠢ ᠠᠬᠢᠭᠤᠯᠬᠤ ᠬᠡᠷᠡᠭᠳᠡᠢ ᠭᠡᠵᠤ  ᠵᠧᠸ᠋ ᠱᠢᠤᠸᠠᠢ ᠴᠤᠤ ᠬᠡᠯᠡᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号