ᠰᠠᠢᠨ ᠰᠠᠢᠬᠠᠨ ᠢᠷᠡᠭᠡᠲᠦᠢ ᠵᠢᠨ ᠲᠦᠯᠦᠭᠡ ᠰᠡᠳᠬᠢᠯ ᠨᠢᠭᠡᠲᠦᠨ ᠬᠠᠮᠳᠤ ᠪᠡᠷ ᠤᠷᠤᠭᠰᠢᠯᠠᠶ᠎ᠠ
2025-01-15 10:50:16
ᠵᠣᠬᠢᠶᠠᠭ᠍ᠴᠢ᠄
ᠶᠤᠸᠠᠨ ᠪᠦᠦ ᠨᠢᠶᠠᠨ
ᠣᠩᠱᠢᠭ᠍ᠰᠠᠨ ᠣᠳᠠᠭ᠎ᠠ᠄
★★★☆☆

《ᠪᠠᠷᠠᠭᠤᠨ ᠯᠢᠶᠣᠤ ᠾᠧ ᠭᠣᠣᠯ ᠡᠴᠡ ᠨᠠᠷᠠᠨ ᠮᠠᠨᠳᠤᠬᠤᠶ᠎ᠠ》᠂ 《ᠪᠣᠷᠣᠲᠣᠬᠣᠢ ᠵᠢᠨ ᠪᠣᠭᠣᠷᠣᠯ ᠲᠣᠣᠯᠢᠰ》᠂ 《ᠤᠷᠲᠤ ᠴᠠᠭᠠᠨ ᠬᠡᠷᠡᠮ ᠰᠣᠨᠣᠯᠵᠠᠨ ᠦᠷᠬᠦᠯᠵᠢᠯᠡᠨ᠎ᠡ》᠂《ᠬᠥᠬᠡᠬᠣᠲᠠ ᠵᠢᠨ ᠰᠣᠶᠣᠯ ᠤ᠋ᠨ ᠰᠤᠳᠠᠰᠤ》 ᠵᠡᠷᠭᠡ ᠨᠢᠭᠡ ᠪᠦᠯᠦᠭ ᠥᠪᠥᠷ ᠮᠣᠩᠭᠣᠯ ᠤ᠋ᠨ ᠭᠠᠵᠠᠷ ᠣᠷᠣᠨ ᠤ᠋ ᠣᠨᠴᠠᠯᠢᠭ ᠲᠠᠶ᠂ ᠳᠤᠮᠳᠠᠳᠤ ᠵᠢᠨ ᠰᠣᠶᠣᠯ ᠤ᠋ᠨ ᠲᠡᠮᠳᠡᠭ ᠪᠣᠯᠣᠨ ᠳᠤᠮᠳᠠᠳᠤ ᠵᠢᠨ ᠦᠨᠳᠦᠰᠦᠲᠡᠨ ᠤ᠋ ᠳᠦᠷᠢ ᠲᠥᠷᠬᠦ᠌ ᠶ᠋ᠢ ᠢᠯᠡᠷᠡᠭᠦᠯᠦᠭ᠌ᠰᠡᠨ ᠰᠣᠶᠣᠯ ᠤᠬᠠᠭᠤᠯᠭ᠎ᠠ ᠵᠢᠨ ᠦᠢᠯᠡᠳᠬᠦᠨ ᠢ᠋ ᠭᠠᠷᠭᠠᠵᠤ᠂《ᠠᠨᠠᠷ ᠤ᠋ᠨ ᠦᠷ᠎ᠡ ᠮᠡᠲᠦ ᠨᠢᠬᠲᠠᠷᠠᠨ ᠪᠦᠯᠬᠦᠮᠲᠡᠨᠡᠮ》᠂ 《ᠬᠢᠯᠢ ᠵᠢᠨ ᠪᠣᠭᠣᠮᠲᠠ ᠳ᠋ᠦ ᠣᠯᠣᠰ ᠤ᠋ᠨ ᠲᠣᠬ ᠨᠠᠮᠢᠷᠠᠨᠠᠮ》 ᠵᠡᠷᠭᠡ ᠭᠤᠤᠯ ᠰᠡᠳᠦᠪᠲᠦ ᠠᠵᠢᠯᠯᠠᠭ᠎ᠠ ᠵᠢ ᠥᠷᠭᠡᠨ ᠳᠡᠯᠭᠡᠷ ᠥᠷᠨᠢᠭᠦᠯᠪᠡ ᠁ ᠣᠢᠷ᠎ᠠ ᠵᠢᠨ ᠵᠢᠯ ᠡᠴᠡ ᠨᠠᠭᠠᠰᠢ᠂ ᠪᠥᠬᠥ᠌ ᠣᠷᠣᠨ ᠤ᠋ ᠡᠯ᠎ᠡ ᠱᠠᠲᠣᠨ ᠤ᠋ ᠬᠢᠨ ᠳᠤᠮᠳᠠᠳᠤ ᠵᠢᠨ ᠦᠨᠳᠦᠰᠦᠲᠡᠨ ᠤ᠋ ᠬᠠᠮᠲᠤ ᠵᠢᠨ ᠴᠣᠭ᠍ᠴᠠ ᠵᠢᠨ ᠤᠬᠠᠮᠰᠠᠷ ᠢ᠋ ᠪᠠᠲᠤ ᠴᠣᠭ᠍ᠴᠠᠯᠠᠬᠤ ᠵᠢ ᠪᠠᠢᠩᠭᠤ ᠴᠢᠩᠭᠠᠳᠬᠠᠵᠦ᠂ ᠡᠳᠦᠷ ᠲᠤᠲᠤᠮ ᠤ᠋ᠨ ᠠᠮᠢᠳᠤᠷᠠᠯ ᠳ᠋ᠤ ᠠᠭᠤᠰᠤᠯᠴᠠᠭᠤᠯᠣᠨ᠂ ᠳᠤᠮᠳᠠᠳᠤ ᠵᠢᠨ ᠦᠨᠳᠦᠰᠦᠲᠡᠨ ᠤ᠋ ᠬᠠᠮᠲᠤ ᠵᠢᠨ ᠴᠣᠭ᠍ᠴᠠ ᠵᠢᠨ ᠤᠬᠠᠮᠰᠠᠷ ᠢ᠋ ᠪᠠᠲᠤ ᠴᠣᠭ᠍ᠴᠠᠯᠠᠬᠤ ᠵᠢ ᠦᠷᠬᠡᠨ ᠤᠯᠠᠨ ᠳ᠋ᠤ ᠣᠯᠠᠮ ᠲᠣᠲᠣᠷᠬᠠᠢ ᠣᠢᠯᠠᠭᠠᠭᠣᠯᠣᠨ ᠮᠡᠲᠡᠷᠡᠬᠦᠯᠵᠦ᠂ ᠵᠦᠭᠡᠯᠡᠨ ᠰᠢᠪᠡᠷᠡᠬᠦ ᠵᠦᠰᠡ ᠰᠢᠭ ᠶ᠋ᠢᠡᠷ ᠤᠮᠠᠷᠠᠲᠤ ᠬᠢᠯᠢ ᠵᠢᠨ 2400 ᠲᠦᠮᠡᠨ ᠬᠥᠪᠡᠭᠦᠳ ᠥᠬᠢᠳ ᠤ᠋ᠨ ᠣᠶᠤᠨ ᠰᠠᠨᠠᠭ᠎ᠠ ᠵᠢ ᠤᠮᠳᠠᠯᠠᠬᠰᠠᠭᠠᠷ ᠢᠷᠡᠵᠡᠢ᠃

ᠳᠤᠮᠳᠠᠳᠤ ᠵᠢᠨ ᠦᠨᠳᠦᠰᠦᠲᠡᠨ ᠤ᠋ ᠬᠠᠮᠲᠤ ᠵᠢᠨ ᠴᠣᠭ᠍ᠴᠠ ᠵᠢᠨ ᠤᠬᠠᠮᠰᠠᠷ ᠢ᠋ ᠪᠠᠲᠤ ᠴᠣᠭ᠍ᠴᠠᠯᠠᠬᠤ ᠪᠣᠯ ᠱᠢᠨ᠎ᠡ ᠴᠠᠭ ᠦᠶ᠎ᠡ ᠵᠢᠨ ᠨᠠᠮ ᠤ᠋ᠨ ᠦᠨᠳᠦᠰᠦᠲᠡᠨ ᠤ᠋ ᠠᠵᠢᠯ ᠤ᠋ᠨ ᠭᠣᠣᠯ ᠱᠢᠵᠢᠮ ᠪᠣᠯᠬᠣ ᠪᠦᠭᠡᠳ ᠪᠠᠰᠠ ᠴᠤ᠌ ᠦᠨᠳᠦᠰᠦᠲᠡᠨ ᠤ᠋ ᠭᠠᠵᠠᠷ ᠣᠷᠣᠨ ᠤ᠋ ᠡᠯ᠎ᠡ ᠲᠦᠷᠦᠯ ᠤ᠋ᠨ ᠠᠵᠢᠯ ᠤ᠋ᠨ ᠭᠣᠣᠯ ᠱᠢᠵᠢᠮ ᠮᠥᠨ᠃ ᠥᠪᠥᠷ ᠮᠣᠩᠭᠣᠯ ᠦᠨᠳᠦᠰᠦᠲᠡᠨ ᠤ᠋ ᠠᠵᠢᠯ ᠢ᠋ ᠠᠵᠤ ᠠᠬᠤᠶ ᠨᠡᠢᠭᠡᠮ ᠤ᠋ᠨ ᠬᠥᠭ᠌ᠵᠢᠯᠲᠡ ᠵᠢᠨ ᠡᠯ᠎ᠡ ᠲᠠᠯ᠎ᠠ ᠳ᠋ᠤ ᠠᠭᠤᠰᠭᠠᠨ᠂ ᠠᠵᠤ ᠠᠬᠤᠶ ᠵᠢᠨ ᠪᠥᠲᠥᠭᠡᠨ ᠪᠠᠢᠭᠤᠯᠤᠯᠲᠠ᠂ ᠤᠯᠤᠰ ᠲᠥᠷᠥ ᠵᠢᠨ ᠪᠠᠢᠭᠤᠯᠤᠯᠲᠠ᠂ ᠰᠣᠶᠣᠯ ᠤ᠋ᠨ ᠪᠠᠢᠭᠤᠯᠤᠯᠲᠠ᠂ ᠨᠡᠢᠭᠡᠮ ᠤ᠋ᠨ ᠪᠠᠢᠭᠤᠯᠤᠯᠲᠠ᠂ ᠠᠮᠢ ᠠᠬᠤᠶ ᠵᠢᠨ ᠪᠣᠯᠪᠠᠰᠤᠨ ᠤ᠋ ᠪᠠᠢᠭᠤᠯᠤᠯᠲᠠ ᠪᠠ ᠨᠠᠮ ᠤ᠋ᠨ ᠪᠠᠢᠭᠤᠯᠤᠯᠲᠠ ᠵᠡᠷᠭᠡ ᠵᠢ ᠴᠥᠮ ᠳᠤᠮᠳᠠᠳᠤ ᠵᠢᠨ ᠦᠨᠳᠦᠰᠦᠲᠡᠨ ᠤ᠋ ᠬᠠᠮᠲᠤ ᠵᠢᠨ ᠴᠣᠭ᠍ᠴᠠ ᠵᠢᠨ ᠤᠬᠠᠮᠰᠠᠷ ᠢ᠋ ᠪᠠᠲᠤ ᠴᠣᠭ᠍ᠴᠠᠯᠠᠬᠤ ᠡᠨᠡ ᠬᠦ᠌ ᠭᠤᠤᠯ ᠱᠢᠵᠢᠮ ᠲᠡᠶ ᠨᠢᠭ᠍ᠲᠠ ᠤᠶᠠᠯᠳᠤᠭᠤᠯᠵᠦ ᠴᠢᠩᠭ᠎ᠠ ᠪᠠᠷᠢᠮᠲᠠᠯᠠᠭᠰᠠᠭᠠᠷ ᠢᠷᠡᠵᠡᠢ᠃ 《ᠲᠤᠯᠤᠭᠠᠨ ᠲᠠᠯ᠎ᠠ ᠪᠡᠷ ᠵᠢᠱ᠌ᠢᠶᠡᠴᠢ ᠪᠣᠯᠬᠤ》 ᠵᠢ ᠢᠳᠡᠪᠬᠢᠲᠡᠶ ᠦᠶ᠋ᠯᠡᠳᠦᠯᠭᠡᠵᠢᠭᠦᠯᠤᠨ᠂ 《ᠨᠠᠮ ᠤ᠋ᠨ ᠠᠴᠢ ᠳ᠋ᠤ ᠲᠠᠯᠠᠷᠬᠠᠵᠦ᠂ ᠨᠠᠮ ᠤ᠋ᠨ ᠦᠭᠡ ᠵᠢ ᠰᠣᠨᠣᠰᠴᠦ᠂ ᠨᠠᠮ ᠵᠢᠡᠨ ᠳᠠᠭᠠᠨ ᠣᠷᠣᠬᠰᠢᠯᠠᠬᠣ》 ᠣᠯᠠᠨ ᠲᠦᠮᠡᠨᠴᠢ ᠬᠥᠮᠦᠵᠢᠯ ᠢ᠋ ᠪᠠᠢᠩᠭᠤᠵᠢᠭᠤᠯᠤᠨ ᠥᠷᠨᠢᠭᠦᠯᠵᠦ᠍᠂ 《ᠵᠢᠷᠭᠤᠭᠠᠨ ᠦᠬᠦᠯᠡᠪᠤᠷᠢ ᠵᠢᠨ ᠪᠣᠳᠠᠲᠤ ᠶᠠᠪᠤᠳᠠᠯ ᠪᠠ ᠤᠴᠢᠷ ᠶᠣᠰᠣ》 ᠵᠢ ᠬᠥᠮᠦᠰ ᠤ᠋ᠨ ᠰᠡᠳᠭᠢᠯ ᠳ᠋ᠤ ᠨᠠᠩ ᠭᠦᠨ ᠬᠠᠳᠠᠩᠱᠢᠭᠤᠯᠵᠤ᠂ ᠵᠢᠱ᠌ᠢᠶᠡᠴᠢ ᠥᠪᠡᠷᠲᠡᠭᠡᠨ ᠵᠠᠰᠠᠬᠤ ᠣᠷᠣᠨ ᠢ᠋ ᠪᠥᠬᠥ᠌ ᠲᠠᠯ᠎ᠠ ᠪᠠᠷ ᠪᠥᠲᠥᠭᠡᠨ ᠪᠠᠢᠭᠤᠯᠵᠤ ᠡᠯᠪᠡᠭ ᠪᠠᠶᠠᠯᠢᠭ ᠦᠷ᠎ᠡ ᠪᠦᠲᠦᠭᠡᠯ ᠣᠯᠵᠤ᠂ ᠤᠮᠠᠷᠠᠲᠤ ᠬᠢᠯᠢ ᠵᠢᠨ ᠡᠬᠡ ᠭᠠᠵᠠᠷ ᠲᠦ᠍ ᠦᠨᠳᠦᠰᠦᠲᠡᠨ ᠤ᠋ ᠪᠦᠯᠬᠦᠮᠳᠡᠯ ᠤ᠋ᠨ ᠰᠡᠳᠭᠢᠯ ᠬᠥᠳᠡᠯᠭᠡᠮ᠎ᠡ ᠬᠠᠭᠤᠳᠠᠰᠤ ᠵᠢ ᠳᠡᠯᠭᠡᠵᠦ᠂ ᠪᠦᠯᠬᠦᠮᠳᠡᠨ ᠲᠡᠮᠡᠴᠡᠭ᠌ᠰᠡᠨ ᠴᠠᠭ ᠦᠶ᠎ᠡ ᠵᠢᠨ ᠮᠠᠭ᠍ᠲᠠᠭᠠᠯ ᠳᠠᠭᠤᠤ ᠵᠢ ᠪᠢᠴᠢᠭ᠌ᠯᠡᠪᠡ ᠃

ᠡᠨᠡ ᠵᠢᠯ ᠤ᠋ᠨ ᠵᠠᠰᠠᠭ ᠤ᠋ᠨ ᠣᠷᠳᠣᠨ ᠤ᠋ ᠠᠵᠢᠯ ᠤ᠋ᠨ ᠢᠯᠡᠳᠭᠡᠯ ᠳ᠋ᠤ᠂ 《ᠨᠢᠭᠡ ᠭᠣᠣᠯ ᠱᠢᠵᠢᠮ ᠢ᠋ ᠲᠤᠭᠤᠱᠢᠯᠠᠭᠤᠯᠵᠤ᠂ ᠬᠣᠶᠠᠷ ᠶᠡᠬᠡ ᠶᠠᠪᠤᠳᠠᠯ ᠢ᠋ ᠰᠠᠢᠲᠤᠷ ᠬᠢᠵᠦ᠍᠂ ᠮᠣᠩᠭᠣᠯ ᠮᠤᠷᠢᠨ ᠤ᠋ ᠵᠣᠷᠢᠭ ᠰᠠᠨᠠᠭ᠎ᠠ ᠵᠢ ᠪᠠᠳᠠᠷᠠᠭᠤᠯᠵᠤ᠂ ᠱᠢᠨ᠎ᠡ ᠵᠠᠮ ᠨᠡᠬᠡᠬᠡᠵᠤ ᠳᠤᠮᠳᠠ ᠲᠦᠪᠰᠢᠨ ᠳ᠋ᠤ ᠤᠷᠤᠬᠤ》 ᠲᠠᠯ᠎ᠠ ᠪᠠᠷ ᠨᠡᠩ ᠶᠡᠬᠡ ᠠᠬᠢᠯᠳᠠ ᠲᠠᠶ ᠪᠣᠯᠬᠤ᠎ᠪᠠᠷ ᠴᠢᠷᠮᠠᠢᠨ᠎ᠠ ᠭᠡᠵᠦ᠍ ᠳᠤᠷᠠᠳᠴᠠᠢ᠃ ᠡᠨᠡ ᠨᠢ ᠪᠢᠳᠡᠨ ᠢ᠋ 2025 ᠣᠨ ᠤ᠋ ᠡᠯ᠎ᠡ ᠵᠦᠢᠯ ᠤ᠋ᠨ ᠬᠠᠷᠠᠯᠲᠠ ᠡᠭᠦᠷᠭᠡ ᠵᠢ ᠨᠠᠢᠳᠠᠪᠤᠷᠢᠵᠢᠭᠤᠯᠬᠤ ᠶᠠᠪᠤᠴᠠ ᠳ᠋ᠠᠭᠠᠨ ᠳᠤᠮᠳᠠᠳᠤ ᠵᠢᠨ ᠦᠨᠳᠦᠰᠦᠲᠡᠨ ᠤ᠋ ᠬᠠᠮᠲᠤ ᠵᠢᠨ ᠴᠣᠭ᠍ᠴᠠ ᠵᠢᠨ ᠤᠬᠠᠮᠰᠠᠷ ᠢ᠋ ᠪᠠᠲᠤ ᠴᠣᠭ᠍ᠴᠠᠯᠠᠬᠤ ᠪᠠᠶᠠᠯᠢᠭ ᠠᠭᠤᠯᠬᠣᠨ ᠪᠠ ᠦᠢᠯᠡᠳᠦᠯᠭᠡ ᠵᠢᠨ ᠱᠠᠭᠠᠷᠳᠠᠯᠭ᠎ᠠ ᠵᠢ ᠭᠦᠨᠵᠡᠭᠡᠢ ᠤᠢ᠍ᠢᠯᠠᠭᠠᠨ ᠣᠨᠣᠪᠴᠢᠲᠠᠢ ᠡᠵᠡᠮᠳᠡᠵᠦ᠍᠂ ᠠᠰᠠᠭᠤᠳᠠᠯ ᠢ᠋ ᠪᠣᠳᠣᠯᠬᠢᠯᠠᠬᠤ᠂ ᠱᠢᠢᠳᠪᠦᠷᠢᠲᠦ ᠪᠤᠳᠤᠯᠭ᠎ᠠ ᠲᠣᠭ᠍ᠲᠠᠭᠠᠬᠤ᠂ ᠠᠵᠢᠯ ᠬᠢᠬᠦ ᠳ᠋ᠡᠭᠡᠨ ᠪᠦᠷ ᠡᠨᠡ ᠬᠦ᠌ ᠭᠣᠣᠯ ᠱᠢᠵᠢᠮ ᠲᠡᠶ ᠨᠢᠭ᠍ᠲᠠ ᠤᠶᠠᠯᠳᠤᠭᠤᠯᠵᠤ᠂  ᠳᠤᠮᠳᠠᠳᠤ ᠵᠢᠨ ᠦᠨᠳᠦᠰᠦᠲᠡᠨ ᠤ᠋ ᠬᠠᠮᠲᠤ ᠵᠢᠨ ᠴᠣᠭ᠍ᠴᠠ ᠵᠢᠨ ᠤᠬᠠᠮᠰᠠᠷ ᠢ᠋ ᠪᠠᠲᠤ ᠴᠣᠭ᠍ᠴᠠᠯᠠᠬᠤ ᠵᠢᠨ ᠦᠢᠯᠡᠳᠦᠯᠭᠡᠵᠢᠭᠦᠯᠦᠭ᠌ᠴᠢ ᠪᠠ ᠠᠬᠢᠭᠤᠯᠤᠭ᠍ᠴᠢ ᠪᠤᠯᠵᠤ᠂ ᠵᠢᠱ᠌ᠢᠶᠡᠴᠢ ᠥᠪᠡᠷᠲᠡᠭᠡᠨ ᠵᠠᠰᠠᠬᠤ ᠣᠷᠣᠨ ᠭᠡᠬᠦ ᠡᠨᠡ ᠬᠦ᠌ ᠢᠷᠠᠭᠣ ᠠᠯᠲᠠᠷ ᠢ᠋ ᠣᠯᠠᠮ ᠭᠡᠷᠡᠯ ᠭᠢᠯᠪᠠᠭ᠎ᠠ ᠰᠠᠴᠤᠷᠠᠭᠤᠯᠬᠤ ᠵᠢ ᠱᠠᠭᠠᠷᠳᠠᠵᠤ ᠪᠠᠢᠨ᠎ᠠ᠃

ᠪᠦᠯᠬᠦᠮᠳᠡᠯ ᠡᠴᠡ ᠬᠦᠴᠦᠨ ᠣᠨᠲᠣᠷᠴᠣ᠂ ᠣᠢᠭ᠎ᠠ ᠦᠭᠡᠢ ᠴᠢᠷᠮᠠᠢᠯᠭ᠎ᠠ ᠡᠴᠡ ᠠᠵᠠ ᠵᠢᠷᠭᠠᠯ ᠬᠦᠪᠦᠷᠡᠳᠡᠭ᠃ ᠪᠢᠳᠡ ᠰᠡᠳᠭᠢᠯ ᠨᠢᠭᠡᠲᠦᠨ ᠬᠦᠴᠦ ᠪᠠᠨ ᠬᠠᠮᠲᠣᠳᠬᠠᠵᠦ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠵᠤ᠂ ᠥᠪᠥᠷ ᠮᠣᠩᠭᠣᠯ ᠤ᠋ᠨ ᠰᠠᠢ᠌ᠨ ᠰᠠᠢᠬᠠᠨ ᠢᠷᠡᠭᠡᠲᠦᠢ ᠵᠢᠨ ᠲᠥᠯᠥᠭᠡ ᠬᠠᠮᠲᠤ ᠪᠠᠷ ᠠᠵᠢᠯᠯᠠᠨ᠂ ᠬᠠᠮᠲᠤ ᠪᠠᠷ ᠲᠡᠮᠡᠴᠡᠵᠦ᠍᠂ ᠬᠠᠮᠲᠤ ᠪᠠᠷ ᠤᠷᠤᠭ᠍ᠰᠢᠯᠠᠵᠤ᠂ ᠡᠬᠡ ᠤᠯᠤᠰ ᠤ᠋ᠨ ᠤᠮᠠᠷᠠᠲᠤ ᠬᠢᠯᠢ ᠵᠢᠨ ᠡᠨᠡ ᠬᠦ᠌ ᠦᠵᠡᠮᠵᠢ ᠵᠢᠨ ᠣᠷᠣᠨ ᠵᠢᠡᠨ ᠨᠡᠩ ᠦᠵᠡᠰᠭᠦᠯᠡᠩᠲᠦ ᠰᠠᠢᠬᠠᠨ ᠪᠣᠯᠭᠠᠨ ᠪᠦᠳᠦᠭᠡᠨ ᠪᠠᠢᠭᠤᠯᠵᠤ᠂ ᠬᠣᠶᠠᠷ ᠶᠡᠬᠡ ᠶᠠᠪᠤᠳᠠᠯ ᠢ᠋ ᠰᠠᠢᠲᠤᠷ ᠬᠢᠬᠦ᠌ ᠳ᠋ᠤ ᠨᠡᠩ ᠶᠡᠬᠡ ᠬᠤᠪᠢ ᠨᠡᠮᠡᠷᠢ ᠦᠵᠡᠭᠦᠯᠰᠦᠭᠡᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号