ᠰᠦᠨ ᠱᠤᠤ ᠴᠧᠩ ᠥᠪᠡᠷᠲᠡᠭᠡᠨ ᠵᠠᠰᠠᠬᠤ ᠣᠷᠣᠨ ᠎ᠤ ᠤᠯᠤᠰ ᠲᠥᠷᠥ᠎ᠶ᠋ᠢᠨ ᠵᠥᠪᠯᠡᠯᠭᠡᠨ᠎ᠦ ᠠᠷᠪᠠᠨ ᠭᠤᠷᠪᠠᠳᠤᠭᠠᠷ ᠬᠤᠭᠤᠴᠠᠭᠠᠨ᠎ᠤ ᠬᠤᠷᠢᠶ᠎ᠠ ᠵᠢᠨ ᠭᠤᠷᠪᠠᠳᠤᠭᠠᠷ ᠬᠤᠷᠠᠯ᠎ᠤᠨ ᠲᠤᠭᠤᠢᠯᠠᠩ᠎ᠬᠠᠮᠳᠤᠷᠠᠭᠰᠠᠨ ᠶᠠᠷᠢᠯᠴᠠᠭ᠎ᠠ᠎ᠳᠤ ᠣᠷᠣᠯᠴᠠᠪᠠ
2025-01-16 09:52:16
ᠵᠣᠬᠢᠶᠠᠭ᠍ᠴᠢ᠄
ᠯᠢ ᠬᠠᠨ
ᠣᠩᠱᠢᠭ᠍ᠰᠠᠨ ᠣᠳᠠᠭ᠎ᠠ᠄
★★★☆☆

ᠵᠠᠩ ᠶᠠᠨ ᠺᠦᠨ ᠣᠷᠣᠯᠴᠠᠵᠠᠢ


1 ᠰᠠᠷ᠎ᠠ᠎ᠶ᠋ᠢᠨ 15 ᠎ᠤ᠋ ᠡᠳᠦᠷ᠂ ᠰᠦᠨ ᠱᠤᠤ ᠴᠧᠩ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶ᠋ᠢᠨ ᠵᠥᠪᠯᠡᠯᠭᠡᠨ᠎ᠦ ᠠᠷᠪᠠᠨ ᠭᠤᠷᠪᠠᠳᠤᠭᠠᠷ ᠬᠤᠭᠤᠴᠠᠭᠠᠨ᠎ᠤ ᠬᠤᠷᠢᠶ᠎ᠠ ᠵᠢᠨ ᠭᠤᠷᠪᠠᠳᠤᠭᠠᠷ ᠬᠤᠷᠠᠯ᠎ᠤᠨ ᠣᠷᠴᠢᠨ ᠲᠣᠭᠣᠷᠢᠨ ᠡᠬᠢ ᠪᠠᠶᠠᠯᠢᠭ᠎ᠤᠨ ᠡᠲᠡᠭᠡᠳ᠂ ᠲᠠᠷᠢᠶᠠᠯᠠᠩ ᠮᠠᠯ ᠠᠵᠤ ᠠᠬᠤᠶ᠎ᠶ᠋ᠢᠨ ᠡᠲᠡᠭᠡᠳ᠎ᠦᠨ ᠭᠡᠱᠢᠭᠦᠳ᠎ᠦᠨ ᠳᠤᠭᠤᠢᠯᠠᠩ ᠬᠠᠮᠲᠤᠷᠠᠬᠰᠠᠨ ᠶᠠᠷᠢᠯᠴᠠᠭ᠎ᠠ᠎ᠳᠤ ᠣᠷᠣᠯᠴᠠᠪᠠ᠃ ᠵᠠᠩ ᠶᠠᠨ ᠺᠦᠨ ᠣᠷᠣᠯᠴᠠᠵᠤ ᠶᠠᠷᠢᠶ᠎ᠠ ᠲᠠᠯᠪᠢᠵᠠᠢ᠃

ᠳᠤᠭᠤᠢᠯᠠᠩ ᠬᠠᠮᠲᠤᠷᠠᠭ᠍ᠰᠠᠨ ᠬᠤᠷᠠᠯ ᠳᠡᠭᠡᠷ᠎ᠡ᠂ ᠯᠢᠦ ᠵᠧᠨ᠂ ᠬᠤᠸᠠᠩ ᠵᠠᠨ ᠪᠢᠩ᠂ ᠵᠠᠩ ᠳ᠋ᠢᠶᠠᠨ ᠱᠧᠩ᠂ ᠭᠤᠤ ᠷᠦᠨ ᠬᠣᠩ᠂ ᠶᠢᠨ ᠢᠦᠢ ᠾᠧ᠂ ᠬᠣᠩ ᠮᠧᠢ᠂ ᠭᠦᠩ ᡁᠢ ᠴᠢᠶᠠᠩ᠂ ᠭᠤᠤ ᠯᠢ ᠱᠢᠨ᠂ ᠵᠧᠦ ᠱᠢᠤᠸᠠᠢ ᠴᠤᠤ᠂ ᠪᠦᠦ ᠸᠧᠢ᠂ ᠯᠦ᠍ ᠴᠢᠤᠸᠠᠨ ᠵᠦᠩ᠂ ᠴᠧᠨ ᠵᠶ᠋ᠢ ᠯᠢᠨ᠂ ᠶᠦᠨ ᠯᠢ ᠶᠠᠨ᠂ ᠵᠠᠩ ᠬᠤᠸᠠ ᠵᠧᠨ ᠵᠡᠷᠭᠡ ᠭᠡᠱᠢᠭᠦᠨ ᠤᠷᠢᠳ ᠬᠣᠵᠢᠳ ᠦᠭᠡ ᠬᠡᠯᠡᠵᠦ᠍᠂ ᠰᠦᠨ ᠱᠤᠤ ᠴᠧᠩ ᠤᠯᠠᠨ᠎ᠤ ᠶᠠᠷᠢᠬᠤ ᠵᠢ ᠰᠣᠨᠣᠰᠭᠤ᠎ᠶ᠋ᠢᠨ ᠳᠠᠭᠠᠤ ᠲᠡᠮᠳᠡᠭ᠌ᠯᠡᠵᠦ᠍᠂ ᠪᠠᠢᠨ ᠲᠠᠬᠢᠨ ᠤᠯᠠᠨ᠎ᠲᠠᠶ ᠶᠠᠷᠢᠯᠴᠠᠨ ᠰᠣᠯᠢᠯᠴᠠᠵᠤ ᠪᠠᠢᠪᠠ᠃ ᠲᠡᠷᠡ᠂ ᠤᠯᠠᠨ᠎ᠤ ᠬᠡᠯᠡᠭ᠌ᠰᠡᠨ  ᠮᠠᠰᠢ ᠰᠠᠢᠨ᠂ ᠳᠤᠷᠠᠳᠤᠭ᠍ᠰᠠᠨ ᠰᠠᠨᠠᠭᠤᠯᠭ᠎ᠠ ᠨᠢ ᠬᠠᠨᠳᠤᠯᠭᠠᠳᠤ  ᠴᠢᠨᠠᠷᠲᠠᠢ ᠮᠥᠷᠲᠡᠭᠡᠨ ᠪᠠᠰᠠ ᠪᠣᠳᠠᠲᠠᠢ ᠬᠡᠷᠡᠭ᠌ᠵᠢᠭᠦᠯᠵᠦ᠍ ᠪᠣᠯᠬᠤᠢᠴᠠ ᠴᠢᠨᠠᠷᠲᠠᠢ ᠪᠠᠢᠨ᠎ᠠ ᠂ ᠬᠣᠯᠪᠣᠭ᠍ᠳᠠᠯ ᠪᠦᠬᠦᠢ ᠲᠠᠯ᠎ᠠ᠎ᠶ᠋ᠢᠨ ᠬᠢᠨ ᠨᠠᠷᠢᠨ ᠬᠢᠨᠠᠮᠠᠭᠠᠢ ᠰᠤᠳᠤᠯᠦᠨ ᠱᠢᠩᠭᠡᠭᠡᠨ ᠠᠪᠬᠤ ᠬᠡᠷᠡᠭ᠌ᠲᠡᠢ ᠭᠡᠪᠡ᠃


QQ20250116-095117.png


1 ᠰᠠᠷ᠎ᠠ᠎ᠶ᠋ᠢᠨ 15 ᠎ᠤ᠋ ᠡᠳᠦᠷ᠂ ᠰᠦᠨ ᠱᠤᠤ ᠴᠧᠩ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶ᠋ᠢᠨ ᠵᠥᠪᠯᠡᠯᠭᠡᠨ᠎ᠦ ᠠᠷᠪᠠᠨ ᠭᠤᠷᠪᠠᠳᠤᠭᠠᠷ ᠬᠤᠭᠤᠴᠠᠭᠠᠨ᠎ᠤ ᠬᠤᠷᠢᠶ᠎ᠠ ᠵᠢᠨ ᠭᠤᠷᠪᠠᠳᠤᠭᠠᠷ ᠬᠤᠷᠠᠯ᠎ᠤᠨ ᠣᠷᠴᠢᠨ ᠲᠣᠭᠣᠷᠢᠨ ᠡᠬᠢ ᠪᠠᠶᠠᠯᠢᠭ᠎ᠤᠨ ᠡᠲᠡᠭᠡᠳ᠂ ᠲᠠᠷᠢᠶᠠᠯᠠᠩ ᠮᠠᠯ ᠠᠵᠤ ᠠᠬᠤᠶ᠎ᠶ᠋ᠢᠨ ᠡᠲᠡᠭᠡᠳ᠎ᠦᠨ ᠭᠡᠱᠢᠭᠦᠳ᠎ᠦᠨ ᠳᠤᠭᠤᠢᠯᠠᠩ ᠬᠠᠮᠲᠤᠷᠠᠬᠰᠠᠨ ᠶᠠᠷᠢᠯᠴᠠᠭ᠎ᠠ᠎ᠳᠤ ᠣᠷᠣᠯᠴᠠᠪᠠ᠃ 

ᠲᠤᠰ ᠰᠤᠨᠢᠨ᠎ᠦ ᠰᠤᠷᠪᠤᠯᠵᠢᠯᠠᠭᠴᠢ  ᠮᠠ ᠵᠢᠶᠠᠨ ᠪᠢᠩ  ᠰᠡᠬᠦᠳᠡᠷᠯᠡᠪᠡ


ᠰᠦᠨ ᠱᠤᠤ ᠴᠧᠩ᠂   ᠵᠠᠩ ᠶᠠᠨ ᠺᠦᠨ ᠨᠥᠬᠥᠷ᠎ᠦᠨ ᠬᠢᠭ᠌ᠰᠡᠨ ᠤᠯᠤᠰ ᠲᠦᠷᠦ᠍᠎ᠶ᠋ᠢᠨ ᠵᠥᠪᠯᠡᠯᠭᠡᠨ᠎ᠦ ᠪᠠᠢᠩᠭᠤ᠎ᠶ᠋ᠢᠨ ᠬᠤᠷᠢᠶ᠎ᠠ ᠵᠢᠨ ᠠᠵᠢᠯ᠎ᠤᠨ ᠮᠡᠳᠡᠭᠦᠯᠦᠯᠲᠡ ᠨᠢ ᠠᠵᠢᠯ᠎ᠢᠶᠠᠨ ᠳ᠋ᠦᠩᠨᠡᠬᠦ᠌᠎ᠳᠡᠭᠡᠨ ᠦᠨᠡᠨ᠎ᠡᠴᠡ ᠵᠥᠪ᠎ᠢ ᠡᠷᠢᠵᠦ᠍᠂ ᠪᠠᠢᠷᠢᠯᠠᠭᠤᠯᠤᠭ᠍ᠰᠠᠨ ᠡᠭᠦᠷᠭᠡ ᠨᠢ ᠲᠣᠳᠣᠷᠬᠠᠢ ᠪᠥᠭᠡᠳ ᠪᠣᠳᠠᠲᠠᠢ ᠪᠠᠢᠵᠤ᠂ ᠲᠥᠪ ᠶᠣᠰᠣ᠎ᠶ᠋ᠢ ᠪᠠᠷᠢᠮᠲᠠᠯᠠᠨ ᠱᠢᠨ᠎ᠡ᠎ᠶ᠋ᠢ ᠡᠭᠦᠳᠴᠦ᠍᠂ ᠰᠡᠳᠭᠢᠯ ᠨᠢᠭᠡᠳᠦᠨ ᠬᠦᠴᠦ᠍᠎ᠪᠡᠨ ᠬᠠᠮᠲᠤᠳᠭᠠᠭ᠍ᠰᠠᠨ ᠰᠠᠢ᠌ᠨ ᠮᠡᠳᠡᠭᠦᠯᠦᠯᠲᠡ ᠪᠣᠯᠵᠠᠢ  ᠭᠡᠪᠡ᠃

ᠰᠦᠨ ᠱᠤᠤ ᠴᠧᠩ᠂ ᠥᠩᠭᠡᠷᠡᠭ᠌ᠰᠡᠨ ᠨᠢᠭᠡ ᠵᠢᠯ᠎ᠳᠦ ᠪᠦᠬᠦ᠌ ᠣᠷᠣᠨ᠎ᠤ ᠤᠯᠤᠰ ᠲᠦᠷᠦ᠍᠎ᠶ᠋ᠢᠨ ᠵᠥᠪᠯᠡᠯᠭᠡᠨ᠎ᠦ ᠠᠵᠢᠯ ᠮᠠᠰᠢ ᠶᠡᠬᠡ ᠠᠮᠵᠢᠯᠲᠠ ᠣᠯᠵᠠᠢ᠂ ᠭᠦᠢᠴᠡᠳ ᠨᠤᠲᠠᠯᠠᠭᠤᠱᠢᠲᠠᠢ ᠪᠠᠢᠨ᠎ᠠ᠃ ᠱᠢᠨ᠎ᠡ ᠨᠢᠭᠡ ᠵᠢᠯ ᠎ᠳᠦ ᠡᠯ᠎ᠡ ᠱᠠᠲᠤᠨ᠎ᠤ ᠤᠯᠤᠰ ᠲᠥᠷᠥ᠎ᠶ᠋ᠢᠨ ᠵᠥᠪᠯᠡᠯᠭᠡᠨ᠎ᠦ ᠵᠣᠬᠢᠶᠠᠨ ᠪᠠᠢᠭᠤᠯᠤᠯᠲᠠ ᠪᠣᠯᠤᠨ ᠥᠷᠭᠡᠨ ᠣᠯᠠᠨ ᠤᠯᠤᠰ ᠲᠥᠷᠥ᠎ᠶ᠋ᠢᠨ ᠵᠥᠪᠯᠡᠯᠭᠡᠨ᠎ᠦ ᠭᠡᠱᠢᠭᠦᠳ ᠶᠡᠷᠦᠩᠬᠡᠶ ᠱᠦᠵᠢ ᠰᠢ ᠵᠢᠨ ᠫᠢᠩ᠎ᠦᠨ ᠠᠷᠠᠳ᠎ᠤᠨ ᠤᠯᠤᠰ ᠲᠥᠷᠥ᠎ᠶ᠋ᠢᠨ ᠵᠥᠪᠯᠡᠯᠭᠡᠨ᠎ᠦ ᠠᠵᠢᠯ᠎ᠢ ᠴᠢᠩᠭᠠᠳᠭᠠᠨ ᠰᠠᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ᠎ᠶ᠋ᠢ ᠭᠦᠨᠵᠡᠭᠡᠶ ᠰᠤᠷᠤᠯᠴᠠᠨ ᠲᠤᠭᠤᠱᠢᠯᠠᠭᠤᠯᠵᠤ᠂ ᠭᠤᠤᠯ ᠠᠵᠢᠯ᠎ᠤᠨ᠎ᠲᠣᠭᠣᠷᠢᠨ᠎ᠳᠤ ᠶᠡᠬᠡ ᠲᠠᠯ᠎ᠠ᠎ᠳᠤ ᠦᠶ᠋ᠯᠡᠴᠢᠯᠡᠬᠦ᠌᠎ᠶ᠋ᠢ ᠪᠠᠷᠢᠮᠲᠠᠯᠠᠵᠤ᠂ ᠨᠢᠭᠡ ᠭᠤᠤᠯ ᠰᠢᠵᠢᠮ ᠎ᠢ ᠲᠤᠭᠤᠱᠢᠯᠠᠭᠤᠯᠬᠤ᠂ ᠬᠣᠶᠠᠷ ᠶᠡᠬᠡ ᠶᠠᠪᠤᠳᠠᠯ᠎ᠢ ᠰᠠᠢᠲᠤᠷ ᠬᠢᠬᠦ᠌᠂ 《ᠲᠠᠪᠤᠨ ᠶᠡᠬᠡ ᠡᠭᠦᠷᠭᠡ》 ᠶ᠋ᠢ ᠪᠡᠶᠡᠯᠡᠭᠦᠯᠬᠦ᠌᠂ 《ᠵᠢᠷᠭᠤᠭᠠᠨ ᠢᠨᠵᠧᠨᠧᠷᠢᠩ》 ᠢ᠋ ᠬᠡᠷᠡᠭ᠌ᠵᠢᠭᠦᠯᠬᠦ᠌᠂ 《ᠵᠢᠷᠭᠤᠭᠠᠨ ᠠᠵᠢᠯᠯᠠᠭ᠎ᠠ》 ᠵᠢ ᠥᠷᠨᠢᠭᠦᠯᠬᠦ᠌  ᠳ᠋ᠤ ᠠᠩᠬᠠᠷᠤᠯ᠎ᠢᠶᠡᠨ ᠲᠦᠪᠯᠡᠷᠡᠬᠦᠯᠵᠤ᠂ ᠦᠨᠡᠨ ᠦᠬᠡ ᠬᠡᠯᠡᠵᠤ᠂ ᠰᠠᠢᠨ ᠠᠷᠭ᠎ᠠ ᠤᠬᠠᠭᠠᠨ ᠲᠡᠪᠰᠢᠭᠦᠯᠵᠤ᠂ ᠪᠣᠳᠠᠲᠠᠶ ᠠᠷᠭ᠎ᠠ ᠪᠤᠳᠤᠯᠭ᠎ᠠ ᠭᠠᠷᠭᠠᠨ᠂ ᠥᠪᠡᠷᠲᠡᠭᠡᠨ ᠵᠠᠰᠠᠬᠤ ᠣᠷᠣᠨ᠎ᠤ ᠴᠢᠨᠠᠷ ᠰᠠᠢᠲᠠᠶ ᠬᠥᠭ᠌ᠵᠢᠯᠲᠡ᠎ᠳᠦ ᠨᠠᠩ ᠶᠡᠬᠡ ᠱᠢᠨ᠎ᠡ ᠬᠤᠪᠢ ᠨᠡᠮᠡᠷᠢ ᠦᠵᠡᠭᠦᠯᠬᠦ᠌᠎ᠪᠡᠷ ᠴᠢᠷᠮᠠᠢᠬᠤ ᠬᠡᠷᠡᠭ᠌ᠲᠡᠶ ᠭᠡᠪᠡ᠃

ᠰᠦᠨ ᠱᠤᠤ ᠴᠧᠩ᠂ ᠠᠮᠢ ᠠᠬᠤᠢ ᠣᠷᠴᠢᠨ ᠲᠣᠭᠣᠷᠢᠨ᠎ᠤ ᠵᠠᠰᠠᠯᠲᠠ ᠪᠣᠯᠤᠨ ᠡᠬᠢ ᠪᠠᠶᠠᠯᠢᠭ᠎ᠤᠨ ᠨᠡᠭᠡᠭᠡᠨ ᠠᠱᠢᠭ᠍ᠯᠠᠯᠲᠠ᠎ᠶ᠋ᠢ ᠴᠢᠩᠭᠠᠳᠭᠠᠬᠤ ᠨᠢ ᠥᠪᠥᠷ ᠮᠣᠩᠭᠣᠯ᠎ᠤᠨ ᠪᠣᠬᠢᠷᠲᠤᠯ ᠦᠭᠡᠢ ᠬᠥᠭ᠌ᠵᠢᠯᠲᠡ᠎ᠳᠦ ᠮᠠᠰᠢ ᠴᠢᠬᠤᠯᠠ ᠶᠤᠮ᠃ ᠢᠯᠠᠯᠲᠠ᠎ᠶ᠋ᠢᠨ ᠡᠷᠴᠢᠨ ᠳᠡᠭᠡᠷ᠎ᠡ ᠪᠠᠨ ᠤᠷᠤᠬᠰᠢᠯᠠᠵᠤ 《ᠤᠮᠠᠷᠠᠲᠤ ᠵᠢᠨ ᠭᠤᠷᠪᠠᠨ ᠤᠷᠤᠨ》 ᠤ᠋ ᠢᠨᠵᠧᠨᠧᠷᠢᠩ᠎ᠦᠨ ᠪᠣᠭᠣᠮᠲᠠ ᠱᠢᠪᠲᠤᠯᠬᠤ ᠳᠠᠢᠯᠠᠯᠳᠤᠭᠠᠨ᠎ᠢ ᠰᠠᠢᠲᠤᠷ ᠬᠢᠵᠦ᠍᠂ ᠦᠷ᠎ᠡ ᠪᠦᠲᠦᠭᠡᠯ᠎ᠢᠶᠡᠨ ᠴᠢᠷᠮᠠᠢᠨ ᠪᠡᠬᠢᠵᠢᠭᠦᠯᠵᠦ᠍᠂ ᠥᠪᠡᠷ ᠎ᠦᠨ ᠥᠷᠲᠡᠭ᠎ᠢ ᠠᠷᠪᠢᠯᠠᠨ ᠦᠷ᠎ᠡ ᠠᠱᠢᠭ᠎ᠢ ᠨᠡᠮᠡᠭ᠌ᠳᠡᠭᠦᠯᠵᠦ᠍᠂ ᠣᠯᠠᠨ ᠲᠦᠮᠡᠨ᠎ᠢ ᠳᠠᠢᠴᠢᠯᠠᠨ ᠥᠷᠭᠡᠨ᠎ᠢᠶᠡᠷ ᠣᠷᠣᠯᠴᠠᠭᠤᠯᠵᠤ᠂ ᠡᠯᠡᠰᠦᠷᠬᠡᠭ᠌ᠵᠢᠯ᠎ᠢ ᠰᠡᠷᠭᠡᠢᠯᠡᠨ ᠡᠯᠡᠰᠦ ᠵᠢ ᠵᠠᠰᠠᠬᠤ ᠠᠵᠢᠯ᠎ᠳᠤ ᠨᠠᠩ ᠶᠡᠬᠡ ᠠᠮᠵᠢᠯᠲᠠ ᠤᠯᠬᠤ᠎ᠶ᠋ᠢ ᠠᠬᠢᠭᠤᠯᠬᠤ ᠬᠡᠷᠡᠭ᠌ᠲᠡᠶ᠃ ᠪᠣᠬᠢᠷᠲᠤᠯ ᠪᠣᠳᠠᠰ᠎ᠢ ᠬᠡᠲᠦ ᠤᠯᠠᠨ ᠭᠠᠳᠠᠭ᠍ᠰᠢᠯᠠᠭᠤᠯᠬᠤ᠂ ᠭᠠᠵᠠᠷ ᠳᠤᠤᠷᠠᠬᠢ ᠤᠰᠤ᠎ᠶ᠋ᠢ ᠬᠡᠲᠦᠷᠠᠳᠠᠯ᠎ᠠ ᠲᠠᠲᠠᠬᠤ᠂ ᠨᠤᠲᠤᠭ ᠪᠡᠯᠴᠢᠭᠡᠷ᠎ᠤᠨ ᠲᠠᠭᠠᠭᠠᠴᠠ ᠡᠴᠡ ᠬᠡᠳᠦᠷᠡᠳᠡᠯ᠎ᠡ ᠮᠠᠯᠵᠢᠬᠤ ᠵᠡᠷᠭᠡ ᠵᠢᠨ ᠵᠠᠰᠠᠯᠲᠠ᠎ᠶ᠋ᠢ ᠴᠢᠩᠭᠠᠳᠭᠠᠵᠤ᠂ ᠲᠥᠷᠥ᠎ᠶ᠋ᠢᠨ ᠪᠣᠳᠣᠯᠭ᠎ᠠ᠎ᠶ᠋ᠢᠨ ᠲᠣᠭ᠍ᠲᠠᠭᠠᠯ᠎ᠢ ᠴᠢᠩᠭ᠎ᠠ ᠬᠡᠷᠡᠭ᠌ᠵᠢᠭᠦᠯᠵᠦ᠍᠂ ᠵᠠᠬ᠎ᠠ ᠳᠡᠯᠭᠡᠭᠦᠷᠴᠢᠯᠡᠭ᠌ᠰᠡᠨ ᠠᠷᠭ᠎ᠠ ᠪᠠᠷᠢᠯ᠎ᠢᠶᠠᠷ ᠡᠬᠢ ᠪᠠᠶᠠᠯᠢᠭ ᠣᠷᠴᠢᠨ ᠲᠣᠭᠣᠷᠢᠨ᠎ᠤ ᠬᠦᠷᠢᠶᠡᠨ᠎ᠳᠡᠬᠢ ᠲᠣᠪᠣᠢᠮ᠎ᠠ ᠠᠰᠠᠭᠤᠳᠠᠯ᠎ᠢ ᠱᠢᠶ᠋ᠳᠪᠦᠷᠢᠯᠡᠬᠦ᠌ ᠶ᠋ᠢ ᠴᠢᠬᠤᠯᠠᠴᠢᠯᠠᠬᠤ ᠬᠡᠷᠡᠭ᠌ᠲᠡᠶ᠃ ᠠᠮᠢ ᠠᠬᠤᠢ᠎ᠶ᠋ᠢᠨ ᠦᠢᠯᠡᠳᠬᠦᠨ ᠎ᠦ ᠦᠷᠳᠡᠭ ᠎ᠢ ᠣᠨᠳᠣᠣᠱᠢᠭᠤᠯᠬᠤ᠎ᠶ᠋ᠢ ᠢᠳᠡᠪᠬᠢᠲᠡᠢ ᠠᠬᠢᠭᠤᠯᠵᠤ᠂ ᠨᠡᠭᠦᠷᠡᠰᠦᠲᠥ᠋ᠷᠥᠭ᠌ᠴᠢ᠎ᠬᠤᠷᠠᠮᠳᠤᠭᠤᠯᠬᠤ ᠲᠦᠷᠦᠯ ᠵᠦᠢᠯ ᠎ᠢ ᠨᠡᠭᠡᠭᠡᠨ ᠬᠥᠭ᠌ᠵᠢᠭᠦᠯᠬᠦ᠌᠂ ᠨᠡᠭᠦᠷᠡᠰᠦᠲᠥ᠋ᠷᠥᠭ᠌ᠴᠢ᠎ᠬᠤᠷᠠᠮᠳᠤᠭᠤᠯᠬᠤ ᠠᠷᠠᠯᠵᠢᠶᠠᠨ ᠎ᠤ ᠲᠦᠷᠢᠮ ᠎ᠢ ᠲᠣᠭ᠍ᠲᠠᠭᠠᠬᠤ ᠪᠠ ᠨᠡᠭᠦᠷᠡᠰᠦᠲᠥ᠋ᠷᠥᠭ᠌ᠴᠢ ᠦᠬᠡᠢ ᠬᠦᠷᠢᠶᠡᠯᠡᠩ ᠲᠣᠭᠣᠷᠢᠭ ᠎ᠤᠨ ᠪᠦᠳᠦᠭᠡᠨ ᠪᠠᠢᠭᠤᠯᠤᠯᠲᠠ ᠵᠡᠷᠭᠡ ᠲᠠᠯ᠎ᠠ᠎ᠪᠠᠷ ᠵᠣᠷᠢᠭ᠍ᠲᠠᠢ ᠰᠦᠪᠡᠭ᠌ᠴᠢᠯᠡᠵᠦ᠍᠂ ᠤᠷᠢᠳ᠎ᠢᠶᠠᠷ ᠬᠡᠷᠡᠭ᠌ᠵᠢᠭᠦᠯᠵᠦ᠍ ᠤᠷᠢᠳ᠎ᠢᠶᠠᠷ ᠲᠤᠷᠱᠢᠬᠤ ᠬᠡᠷᠡᠭ᠌ᠲᠡᠢ ᠭᠡᠪᠡ᠃

ᠰᠦᠨ ᠱᠤᠤ ᠴᠧᠩ᠂ ᠤᠳᠤ ᠦᠶ᠎ᠡ᠎ᠶ᠋ᠢᠨ ᠮᠠᠯ ᠠᠵᠤ ᠠᠬᠤᠢ ᠲᠠᠷᠢᠶᠠᠯᠠᠩ᠎ᠢ ᠪᠤᠵᠠᠭᠠᠢᠷᠠᠭᠤᠯᠤᠨ ᠬᠦᠴᠦᠷᠬᠡᠭ᠌ᠵᠢᠭᠦᠯᠬᠦ᠌ ᠪᠣᠯ ᠤᠯᠤᠰ᠎ᠤᠨ ᠴᠢᠬᠤᠯᠠ ᠲᠠᠷᠢᠶᠠᠯᠠᠩ᠎ᠤᠨ ᠪᠦᠲᠦᠭᠡᠭ᠌ᠳᠡᠬᠦᠨ ᠮᠠᠯ᠎ᠤᠨ ᠠᠱᠢᠭ ᠱᠢᠮ᠎ᠡ ᠵᠢᠨ ᠦᠢᠯᠡᠳᠪᠦᠷᠢᠯᠡᠯ᠎ᠦᠨ ᠰᠠᠭᠤᠷᠢᠨ ᠢ᠋ ᠪᠦᠲᠦᠭᠡᠨ ᠪᠠᠢᠭᠤᠯᠬᠤ ᠵᠢᠨ ᠭᠣᠣᠯᠳᠠᠯᠭ᠎ᠠ᠎ᠶ᠋ᠢᠨ ᠳᠣᠲᠣᠷᠠᠬᠢ ᠭᠣᠣᠯᠳᠠᠯᠭ᠎ᠠ ᠪᠣᠯᠤᠨ᠎ᠠ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠎ᠤᠨ ᠪᠦᠳᠦᠭᠡᠨ ᠪᠠᠢᠭᠤᠯᠤᠯᠲᠠ᠂ ᠬᠤᠵᠢᠷᠯᠢᠭ ᠭᠠᠵᠠᠷ᠎ᠢ ᠰᠠᠢᠵᠢᠷᠠᠭᠤᠯᠬᠤ᠂ ᠬᠠᠷ᠎ᠠ ᠬᠥᠷᠥᠰᠥᠲᠦ ᠭᠠᠵᠠᠷ᠎ᠢ ᠬᠠᠮᠠᠭᠠᠯᠠᠬᠤ᠎ᠶ᠋ᠢ ᠨᠢᠭᠡᠳᠦᠯᠲᠡᠢ ᠲᠥᠯᠥᠪᠵᠢᠭᠦᠯᠦᠨ ᠰᠠᠢᠲᠤᠷ ᠠᠳᠭᠤᠵᠤ᠂ ᠭᠠᠵᠠᠷ ᠱᠢᠷᠣᠢ᠎ᠶ᠋ᠢᠨ ᠭᠠᠷᠤᠯᠲᠠ᠎ᠶ᠋ᠢᠨ ᠦᠷ᠎ᠡ ᠠᠱᠢᠭ᠎ᠢ ᠳᠡᠭᠡᠭ᠌ᠰᠢᠯᠡᠭᠦᠯᠬᠦ᠌ ᠬᠡᠷᠡᠭ᠌ᠲᠡᠢ᠃ ᠠᠷᠭ᠎ᠠ ᠪᠦᠬᠦᠨ᠎ᠢ ᠰᠦᠪᠡᠭ᠌ᠴᠢᠯᠡᠨ ᠲᠦᠬᠦᠭᠡᠷᠤᠮᠵᠢᠳᠤ ᠲᠠᠷᠢᠶᠠᠯᠠᠩ᠂ ᠬᠠᠱᠢᠶᠠᠯᠠᠨ ᠲᠡᠵᠢᠭᠡᠬᠦ᠌ ᠬᠡᠪᠴᠢᠶ᠎ᠡ᠎ᠶ᠋ᠢ ᠥᠷᠭᠡᠳᠭᠡᠵᠦ᠍᠂ ᠰᠤᠯᠠ ᠲᠠᠯᠪᠢᠭᠳᠠᠵᠤ ᠪᠠᠢᠭ᠎ᠠ ᠡᠬᠢ ᠪᠠᠶᠠᠯᠢᠭ᠎ᠢ ᠠᠮᠢᠳᠤᠯᠢᠬᠵᠢᠭᠤᠯᠬᠤ ᠵᠢ ᠲᠤᠢᠯᠪᠤᠷᠢᠳᠠᠢ ᠬᠢᠬᠦ ᠬᠡᠷᠡᠭ᠌ᠲᠡᠢ᠃ ᠲᠠᠷᠢᠶᠠᠯᠠᠩ ᠮᠠᠯ ᠠᠵᠤ ᠠᠬᠤᠶ ᠵᠢᠨ ᠬᠥᠭ᠌ᠵᠢᠯᠲᠡ᠎ᠶ᠋ᠢ ᠨᠠᠷᠢᠨ ᠨᠢᠮᠪᠠᠢ ᠤᠬᠠᠭᠠᠯᠠᠨ ᠲᠥᠯᠥᠪᠯᠡᠵᠦ᠍᠂ ᠲᠠᠷᠢᠶᠠᠯᠠᠩ᠎ᠤᠨ ᠪᠦᠲᠦᠭᠡᠭ᠌ᠳᠡᠬᠦᠨ ᠮᠠᠯ᠎ᠤᠨ ᠠᠱᠢᠭ ᠱᠢᠮ᠎ᠡ ᠵᠢ ᠨᠠᠷᠢᠯᠢᠭ ᠡᠳ᠋ᠱᠢᠭᠦᠯᠬᠦ᠌ ᠲᠦᠪᠱᠢᠨ᠎ᠢ ᠳᠡᠭᠡᠭ᠌ᠰᠢᠯᠡᠭᠦᠯᠬᠦ᠌ ᠬᠡᠷᠡᠭ᠌ᠲᠡᠶ ᠭᠡᠪᠡ᠃

ᠢᠦᠶ ᠯᠢ ᠱᠢᠨ᠂ ᠶᠤᠤ ᠶᠦᠩ ᠪᠥᠸᠧ᠂ ᠳᠠᠢᠴᠢᠨ᠂ ᠴᠡᠴᠡᠭ᠂ ᠵᠠᠩ ᠯᠧᠢ᠂ ᠵᠠᠩ ᠪᠠᠢ ᠴᠧᠩ ᠣᠷᠣᠯᠴᠠᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号