1 ᠰᠠᠷ᠎ᠠ᠎ᠶ᠋ᠢᠨ 15 ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠤᠯᠤᠰ ᠲᠦᠷᠦ᠍᠎ᠶ᠋ᠢᠨ ᠵᠥᠪᠯᠡᠯᠭᠡᠨ᠎ᠦ ᠲᠡᠷᠢᠭᠦᠯᠡᠭ᠌ᠴᠢ ᠵᠠᠩ ᠶᠠᠨ ᠺᠦᠨ ᠲᠡᠭᠦᠨ᠎ᠦ ᠪᠠᠢᠭ᠎ᠠ ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭᠠᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠭᠤᠷᠪᠠᠳᠤᠭᠠᠷ ᠬᠤᠷᠠᠯ᠎ᠤᠨ ᠠᠯᠠᠱᠠ ᠠᠢᠮᠠᠭ᠎ᠤᠨ ᠲᠥᠯᠥᠭᠡᠯᠡᠭ᠌ᠴᠢᠳ᠎ᠦᠨ ᠪᠦᠯᠬᠦᠮ᠎ᠦᠨ ᠬᠢᠨᠠᠨ ᠵᠥᠪᠯᠡᠬᠦ᠌᠎ᠳᠦ ᠣᠷᠣᠯᠴᠠᠪᠠ᠃
ᠱᠢᠤᠢ ᠵᠦᠩ ᠳ᠋ᠦᠩ᠂ ᠵᠠᠩ ᠵᠢᠶᠠᠨ ᠭᠦᠸᠧ ᠵᠡᠷᠭᠡ ᠲᠥᠯᠥᠭᠡᠯᠡᠭ᠌ᠴᠢ ᠢᠳᠡᠪᠬᠢᠲᠡᠢ ᠦᠭᠡ ᠬᠡᠯᠡᠵᠦ᠍᠂ ᠬᠤᠷᠠᠯ᠎ᠤᠨ ᠲᠠᠯᠠᠪᠠᠢ ᠬᠦᠷ ᠬᠥᠭ᠌ᠵᠢᠶᠡᠨᠲᠡᠢ ᠪᠠᠢᠯ᠎ᠠ᠃ ᠣᠯᠠᠨ᠎ᠤ ᠬᠡᠯᠡᠬᠦ᠌᠎ᠶ᠋ᠢ ᠨᠠᠷᠢᠨ ᠬᠢᠨᠠᠮᠠᠭᠠᠶ ᠰᠣᠨᠣᠰᠤᠭ᠍ᠰᠠᠨ᠎ᠤ ᠳᠠᠷᠠᠭ᠎ᠠ᠂ ᠵᠠᠩ ᠶᠠᠨ ᠺᠦᠨ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠎ᠨᠢ ᠠᠮᠵᠢᠯᠲᠠ ᠪᠦᠲᠦᠮᠵᠢ ᠶ᠋ᠢ ᠳ᠋ᠦᠩᠨᠡᠬᠦ᠌᠎ᠳᠡᠭᠡᠨ ᠦᠨᠡᠨ᠎ᠡᠴᠡ ᠵᠥᠪ᠎ᠢ ᠡᠷᠢᠵᠦ᠍᠂ ᠠᠰᠠᠭᠤᠳᠠᠯ᠎ᠢ ᠵᠠᠳᠠᠯᠬᠤ᠎ᠳᠠᠭᠠᠨ ᠠᠮᠢᠨ ᠭᠠᠵᠠᠷ ᠢ᠎ᠨᠢ ᠣᠨᠣᠭᠠᠵᠤ᠂ ᠬᠠᠷᠠᠯᠲᠠ᠎ᠶ᠋ᠢ ᠲᠣᠬᠢᠷᠠᠭᠤᠯᠤᠭ᠍ᠰᠠᠨ᠎ᠨᠢ ᠱᠢᠨᠵᠢᠯᠡᠬᠦ᠌ ᠤᠬᠠᠭᠠᠨᠴᠢ ᠵᠦᠶ ᠵᠣᠬᠢᠰᠲᠠᠶ᠂ ᠲᠣᠬᠢᠷᠠᠭᠤᠯᠤᠨ ᠪᠠᠢᠷᠢᠯᠠᠭᠤᠯᠤᠭ᠍ᠰᠠᠨ 11 ᠡᠭᠦᠷᠭᠡ ᠠᠵᠢᠯ᠎ᠤᠨ ᠴᠢᠭ᠌ᠯᠡᠯ ᠨᠢ ᠲᠣᠳᠣᠷᠬᠠᠶ᠂ ᠭᠠᠵᠠᠷ ᠪᠣᠯᠭᠠᠨ᠎ᠳᠤ ᠪᠣᠳᠠᠲᠠᠶ ᠠᠵᠢᠯᠯᠠᠬᠤ ᠪᠠ ᠬᠠᠷᠢᠭᠤᠴᠠᠯᠭ᠎ᠠ ᠡᠭᠦᠷᠭᠡᠯᠡᠬᠦ᠌ ᠶ᠋ᠢ ᠠᠬᠤᠭᠤᠯᠵᠤ᠂ ᠠᠷᠠᠳ᠎ᠤᠨ ᠠᠮᠢᠳᠤᠷᠠᠯ᠎ᠤᠨ ᠬᠠᠢᠷ᠎ᠠ ᠬᠠᠯᠠᠮᠵᠢ ᠪᠣᠯᠤᠨ ᠥᠭᠡᠷᠡᠴᠢᠯᠡᠯᠲᠡ᠎ᠶ᠋ᠢᠨ ᠡᠷᠴᠢᠮ ᠢ ᠢᠯᠡᠷᠡᠭᠦᠯᠵᠦ᠍ ᠦᠨᠡᠨ᠎ᠢ ᠪᠠᠷᠢᠮᠲᠠᠯᠠᠨ ᠪᠣᠳᠠᠲᠠᠶ᠎ᠶ᠋ᠢ ᠡᠷᠬᠢᠮᠯᠡᠵᠤ᠂ ᠵᠠᠮ ᠨᠡᠭᠡᠭᠡᠨ ᠤᠷᠤᠭ᠍ᠰᠢᠯᠠᠵᠤ᠂ ᠢᠲᠡᠭᠡᠯ ᠵᠣᠷᠢᠭ᠎ᠢ ᠬᠥᠪᠴᠢᠯᠡᠵᠤ᠂ ᠬᠥᠭ᠌ᠵᠢᠯᠲᠡ᠎ᠶ᠋ᠢ ᠬᠠᠮᠲᠤ᠎ᠪᠠᠷ ᠡᠷᠢᠯᠬᠢᠯᠡᠭ᠌ᠰᠡᠨ ᠰᠠᠢᠨ ᠢᠯᠡᠳᠭᠡᠯ ᠪᠣᠯᠵᠠᠶ ᠭᠡᠪᠡ᠃

1 ᠰᠠᠷ᠎ᠠ᠎ᠶ᠋ᠢᠨ 15 ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠤᠯᠤᠰ ᠲᠦᠷᠦ᠍᠎ᠶ᠋ᠢᠨ ᠵᠥᠪᠯᠡᠯᠭᠡᠨ᠎ᠦ ᠲᠡᠷᠢᠭᠦᠯᠡᠭ᠌ᠴᠢ ᠵᠠᠩ ᠶᠠᠨ ᠺᠦᠨ ᠲᠡᠭᠦᠨ᠎ᠦ ᠪᠠᠢᠭ᠎ᠠ ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭ᠌ᠴᠢᠳ᠎ᠦᠨ ᠶᠡᠬᠡ ᠬᠤᠷᠠᠯ ᠤᠨ ᠭᠤᠷᠪᠠᠳᠤᠭᠠᠷ ᠬᠤᠷᠠᠯ ᠤᠨ ᠠᠯᠠᠱᠠ ᠠᠢᠮᠠᠭ᠎ᠤᠨ ᠲᠥᠯᠥᠭᠡᠯᠡᠭ᠌ᠴᠢᠳ᠎ᠦᠨ ᠪᠦᠯᠬᠦᠮ᠎ᠦᠨ ᠬᠢᠨᠠᠨ ᠵᠥᠪᠯᠡᠬᠦ᠌᠎ᠳᠦ ᠣᠷᠣᠯᠴᠠᠪᠠ᠃
ᠲᠤᠰ ᠰᠤᠨᠢᠨᠦ ᠰᠤᠷᠪᠤᠯᠵᠢᠯᠠᠭᠴᠢ ᠮᠦᠨᠭᠭᠡᠴᠢᠯᠠᠭᠤ ᠰᠡᠬᠦᠳᠡᠷᠯᠡᠪᠡ
ᠵᠠᠩ ᠶᠠᠨ ᠺᠦᠨ᠂ ᠠᠯᠠᠱᠠ ᠤᠯᠤᠰ ᠣᠷᠣᠨ᠎ᠤ ᠬᠢᠯᠢ ᠬᠢᠵᠠᠭᠠᠷ᠎ᠤᠨ ᠵᠠᠰᠠᠯᠲᠠ᠎ᠶ᠋ᠢᠨ ᠲᠠᠯ᠎ᠠ᠎ᠪᠠᠷ ᠴᠢᠬᠤᠯᠠ ᠶᠡᠬᠡ ᠬᠠᠷᠢᠭᠤᠴᠠᠯᠭ᠎ᠠ ᠡᠭᠦᠷᠭᠡᠯᠡᠵᠦ᠍ ᠪᠠᠢᠨ᠎ᠠ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠭᠣᠣᠯ ᠱᠢᠵᠢᠮ᠎ᠢ ᠡᠯ᠎ᠡ ᠵᠦᠢᠯ᠎ᠦᠨ ᠠᠵᠢᠯ᠎ᠳᠠᠭᠠᠨ ᠦᠨᠡᠨ ᠬᠦ᠌ ᠲᠤᠭᠤᠱᠢᠯᠠᠭᠤᠯᠬᠤ ᠬᠡᠷᠡᠭ᠌ᠲᠡᠢ᠃ ᠱᠢᠨ᠎ᠡ ᠡᠨᠧᠷᠭᠢ ᠪᠣᠯᠤᠨ ᠤᠨᠴᠠᠯᠢᠬ᠍ᠳᠤ ᠠᠵᠤ ᠦᠢᠯᠡᠰ᠎ᠢ ᠬᠥᠭ᠌ᠵᠢᠭᠦᠯᠬᠦ᠌᠂ ᠡᠬᠢ ᠪᠠᠶᠠᠯᠢᠭ᠎ᠤᠨ ᠡᠯᠧᠮᠧᠨ᠋ᠲ᠎ᠦᠨ ᠳᠠᠪᠠᠭᠤᠯᠢᠭ᠎ᠢ ᠪᠠᠳᠠᠷᠠᠭᠤᠯᠬᠤ᠂ ᠬᠢᠯᠢ᠎ᠶ᠋ᠢᠨ ᠪᠣᠭᠣᠮᠲᠠ᠎ᠶ᠋ᠢᠨ ᠪᠦᠳᠦᠭᠡᠨ ᠪᠠᠢᠭᠤᠯᠤᠯᠲᠠ᠎ᠵᠢ ᠠᠬᠢᠭᠤᠯᠬᠤ᠂ ᠤᠰᠤᠨ᠎ᠤ ᠡᠬᠢ ᠪᠠᠶᠠᠯᠢᠭ᠎ᠢ ᠠᠷᠪᠢᠲᠠᠢ ᠡᠷᠴᠢᠮᠲᠡᠢ ᠠᠱᠢᠭ᠍ᠯᠠᠬᠤ᠂ ᠬᠤᠳᠠᠯᠳᠤᠭ᠎ᠠ ᠡᠷᠬᠢᠯᠡᠬᠦ᠌ ᠣᠷᠴᠢᠨ ᠨᠥᠬᠥᠴᠡᠯ᠎ᠢ ᠱᠢᠯᠢᠳᠡᠭ᠌ᠵᠢᠭᠦᠯᠬᠦ᠌ ᠵᠡᠷᠭᠡ ᠲᠠᠯ᠎ᠠ᠎ᠪᠠᠷ ᠬᠦᠴᠦ᠍ ᠣᠷᠣᠭᠤᠯᠵᠤ᠂ ᠴᠢᠨᠠᠷ ᠰᠠᠢᠲᠠᠢ ᠬᠥᠭ᠌ᠵᠢᠯᠲᠡ᠎ᠶ᠋ᠢ ᠠᠬᠢᠭᠤᠯᠬᠤ ᠬᠡᠷᠡᠭ᠌ᠲᠡᠢ᠃ ᠡᠯᠡᠰᠦᠷᠬᠡᠭ᠌ᠵᠢᠯ᠎ᠢ ᠰᠡᠷᠭᠡᠢᠯᠡᠨ ᠡᠯᠡᠰᠦ᠎ᠵᠢ ᠵᠠᠰᠠᠬᠤ ᠠᠵᠢᠯ᠎ᠢ ᠴᠢᠩᠭᠠᠳᠭᠠᠵᠤ᠂ ᠮᠠᠨ᠎ᠤ ᠤᠯᠤᠰ᠎ᠤᠨ ᠤᠮᠠᠷᠠᠲᠤ᠎ᠶ᠋ᠢᠨ ᠨᠣᠮᠢᠨ ᠨᠣᠭᠣᠭᠠᠨ 《ᠤᠷᠳᠤ ᠴᠠᠭᠠᠨ ᠬᠡᠷᠡᠮ》 ᠢ᠋ ᠪᠠᠲᠤ ᠴᠣᠭ᠍ᠴᠠᠯᠠᠬᠤ᠂ ᠤᠯᠤᠰ᠎ᠤᠨ ᠠᠮᠢ ᠠᠬᠤᠢ᠎ᠶ᠋ᠢᠨ ᠠᠮᠤᠷ ᠲᠦᠪᠱᠢᠨ᠎ᠢ ᠪᠠᠲᠤᠯᠠᠬᠤ᠎ᠳᠤ ᠱᠢᠨ᠎ᠡ ᠬᠤᠪᠢ ᠨᠡᠮᠡᠷᠢ ᠦᠵᠡᠭᠦᠯᠬᠦ᠌ ᠬᠡᠷᠡᠭ᠌ᠲᠡᠢ᠃ ᠪᠡᠭᠡᠵᠢᠩ ᠥᠪᠥᠷ ᠮᠣᠩᠭᠣᠯ᠎ᠤᠨ ᠬᠠᠮᠵᠢᠯᠴᠠᠭ᠎ᠠ᠎ᠶ᠋ᠢᠨ ᠨᠡᠩ ᠤᠯᠠᠨ ᠦᠨᠡᠨ ᠪᠣᠳᠠᠲᠠᠢ ᠦᠷ᠎ᠡ ᠪᠦᠲᠦᠭᠡᠯ ᠤᠯᠬᠤ᠎ᠶ᠋ᠢ ᠠᠬᠢᠭᠤᠯᠵᠤ᠂ ᠡᠯ᠎ᠡ ᠵᠦᠢᠯ᠎ᠦᠨ ᠠᠵᠢᠯ᠎ᠤᠨ ᠲᠠᠬᠢᠨ ᠱᠢᠨ᠎ᠡ᠎ᠶ᠋ᠢ ᠡᠭᠦᠳᠴᠦ᠍᠂ ᠲᠠᠬᠢᠨ ᠭᠡᠷᠡᠯ ᠭᠢᠯᠪᠠᠭ᠎ᠠ᠎ᠪᠠᠨ ᠰᠠᠴᠤᠷᠠᠭᠤᠯᠬᠤ ᠪᠡᠷ ᠬᠥᠭ᠌ᠵᠢᠯᠲᠡ᠎ᠶ᠋ᠢᠨ ᠶᠠᠰᠤ ᠴᠢᠨᠠᠷ᠎ᠢ ᠳᠡᠭᠡᠭ᠌ᠰᠢᠯᠡᠭᠦᠯᠦᠨ ᠦᠷ᠎ᠡ ᠠᠱᠢᠭ᠎ᠢ ᠨᠡᠮᠡᠭ᠌ᠳᠡᠭᠦᠯᠬᠦ᠌᠎ᠶ᠋ᠢ ᠠᠬᠢᠭᠤᠯᠬᠤ ᠬᠡᠷᠡᠭ᠌ᠲᠡᠢ ᠭᠡᠪᠡ᠃
ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ᠎ᠶᠢᠨ ᠳᠡᠳ᠋ ᠡᠷᠬᠢᠯᠡᠭ᠌ᠴᠢ ᠠᠶ ᠯᠢ ᠬᠤᠸᠠ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠳᠡᠳ᠋ ᠲᠡᠷᠢᠭᠦᠯᠡᠭ᠌ᠴᠢ ᠳᠠᠢᠴᠢᠨ ᠬᠢᠨᠠᠨ ᠵᠥᠪᠯᠡᠬᠦ᠌᠎ᠳᠦ ᠣᠷᠣᠯᠴᠠᠪᠠ᠃