ᠦ᠋ ᠰᠢ ᠴᠦᠨ ᠲᠥᠯᠥᠭᠡᠯᠡᠭ᠌ᠴᠢ ᠄ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠤ᠋ᠨ ᠱᠢᠨ᠎ᠡ ᠡᠬᠦᠳᠤᠯᠳᠡ ᠪᠡᠷ ᠰᠦ ᠢ᠋ᠢᠨ ᠦᠶ᠋ᠯᠡᠰ ᠤ᠋ᠨ ᠬᠥᠭ᠌ᠵᠢᠯᠲᠡ ᠢ᠋ᠢ ᠠᠬᠢᠭᠤᠯᠤᠨ᠎ᠠ
2025-01-16 11:04:58
ᠵᠣᠬᠢᠶᠠᠭ᠍ᠴᠢ᠄
ᠸᠠᠩ ᠬᠤᠤ ᠸᠠᠩ ᠯᠸᠢ
ᠣᠩᠱᠢᠭ᠍ᠰᠠᠨ ᠣᠳᠠᠭ᠎ᠠ᠄
★★★☆☆

《ᠵᠠᠰᠠᠭ ᠤ᠋ᠨ ᠣᠷᠳᠣᠨ ᠤ᠋ ᠠᠵᠢᠯ ᠤ᠋ᠨ ᠢᠯᠡᠳᠭᠡᠯ ᠳ᠋ᠤ ᠪᠦᠬᠦ᠌ ᠤᠯᠤᠰ ᠤ᠋ᠨ ᠡᠮᠦᠨ᠎ᠡ ᠡᠩᠨᠡᠭᠡᠨ ᠳ᠋ᠤ ᠶᠠᠪᠤᠭ᠎ᠠ ᠠᠵᠤ ᠦᠢᠯᠡᠰ ᠤ᠋ᠨ ᠵᠢᠡᠨ ᠲᠡᠷᠢᠭᠦᠨ ᠤ᠋ ᠪᠠᠢᠷᠢ ᠰᠠᠭᠤᠷᠢ ᠵᠢ ᠪᠠᠲᠤᠯᠠᠵᠤ᠂ ᠱᠢᠨ᠎ᠡ ᠠᠱᠢᠭ᠍ᠲᠠᠢ ᠪᠠᠢᠷᠢ ᠢ᠋ᠢ ᠵᠠᠪᠳᠤᠨ ᠡᠵᠡᠯᠡᠬᠦ ᠢ᠋ᠢ ᠠᠬᠢᠭᠤᠯᠤᠨ᠎ᠠ ᠭᠡᠵᠦ᠍ ᠳᠤᠷᠠᠳᠴᠠᠢ᠃ ᠮᠠᠨ ᠤ᠋ ᠣᠷᠣᠨ ᠤ᠋ ᠰᠦ ᠢ᠋ᠢᠨ ᠦᠢᠯᠡᠰ ᠨᠢᠭᠡᠨᠲᠡ ᠤᠯᠤᠰ ᠤ᠋ᠨ ᠲᠠᠰ ᠤ᠋ᠨ ᠲᠡᠷᠢᠭᠦᠨ ᠤ᠋ ᠦᠢᠯᠡᠳᠬᠦ᠌ ᠦᠢᠯᠡᠰ ᠤ᠋ᠨ ᠪᠦᠯᠦᠭ᠌ᠵᠢᠯ ᠳ᠋ᠤ ᠰᠣᠩᠭᠣᠭ᠍ᠳᠠᠨ᠂ ᠰᠦ ᠢ᠋ᠢᠨ ᠦᠢᠯᠡᠰ ᠤ᠋ᠨ ᠬᠥᠭ᠌ᠵᠢᠯᠲᠡ ᠢ᠋ᠢᠨ ᠡᠯ᠎ᠡ ᠵᠦᠢᠯ ᠤ᠋ᠨ ᠳᠠᠪᠠᠭᠤᠯᠢᠭ ᠢᠯᠡᠳᠲᠡ ᠪᠠᠢᠵᠤ᠂ ᠤᠯᠤᠰ ᠤ᠋ᠨ ᠴᠢᠬᠤᠯᠠ ᠮᠠᠯ ᠤ᠋ᠨ ᠠᠱᠢᠭ ᠱᠢᠮ᠎ᠡ ᠲᠠᠷᠢᠶᠠᠯᠠᠩ ᠤ᠋ᠨ ᠪᠦᠲᠦᠭᠡᠭ᠌ᠳᠡᠬᠦᠨ ᠤ᠋ ᠦᠢᠯᠡᠳᠪᠦᠷᠢᠯᠡᠯ ᠤ᠋ᠨ ᠰᠠᠭᠤᠷᠢᠨ ᠢ᠋ ᠪᠦᠲᠦᠭᠡᠨ ᠪᠠᠢᠭᠤᠯᠬᠤ ᠳ᠋ᠤ ᠪᠠᠲᠤ ᠪᠡᠬᠢ ᠲᠤᠯᠭᠠᠭᠤᠷᠢᠯᠠᠯ ᠬᠠᠩᠭᠠᠪᠠ》 ᠭᠡᠵᠤ ᠥᠪᠡᠷᠲᠡᠭᠡᠨ ᠵᠠᠰᠠᠬᠤ ᠣᠷᠣᠨ ᠤ᠋ ᠠᠷᠠᠳ ᠤ᠋ᠨ ᠲᠥᠯᠥᠭᠡᠯᠡᠭ᠌ᠴᠢᠳ ᠤ᠋ᠨ ᠶᠡᠬᠡ ᠬᠤᠷᠠᠯ ᠤ᠋ᠨ ᠲᠥᠯᠥᠭᠡᠯᠡᠭ᠌ᠴᠢ᠂ ᠥᠪᠥᠷ ᠮᠣᠩᠭᠣᠯ ᠤ᠋ᠨ ᠮᠸᠩ ᠨᠢᠦ ᠰᠦ ᠢ᠋ᠢᠨ ᠦᠢᠯᠡᠰ (ᠪᠦᠯᠦᠭ᠌ᠯᠡᠯ)  ᠤ᠋ᠨ ᠬᠢᠵᠠᠭᠠᠷᠲᠤ ᠺᠣᠮᠫᠠᠨᠢ ᠢ᠋ᠢᠨ ᠭᠦᠢᠴᠡᠳᠭᠡᠭ᠌ᠴᠢ ᠶᠡᠷᠦᠩᠬᠡᠢ ᠵᠠᠬᠢᠷᠤᠭ᠍ᠴᠢ ᠦ᠋ ᠰᠢ ᠴᠦᠨ ᠬᠡᠯᠡᠨ᠎ᠠ᠃


QQ20250116-101938.png

 ᠦ᠋ ᠰᠢ ᠴᠦᠨ ᠲᠥᠯᠥᠭᠡᠯᠡᠭ᠌ᠴᠢ 


ᠦ᠋ ᠰᠢ ᠴᠦᠨ᠂ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠤ᠋ᠨ ᠱᠢᠨ᠎ᠡ ᠡᠬᠦᠳᠦᠯᠳᠡ ᠪᠡᠷ ᠱᠢᠨ᠎ᠡ ᠴᠢᠨᠠᠷ ᠤ᠋ᠨ ᠦᠶ᠋ᠯᠡᠳᠪᠦᠷᠢᠯᠡᠯ ᠤ᠋ᠨ ᠬᠦᠴᠦᠨ ᠤ᠋ ᠬᠥᠭ᠌ᠵᠢᠯᠲᠡ ᠢ᠋ᠢ ᠬᠥᠲᠥᠯᠥᠨ ᠳᠠᠭᠠᠭᠤᠯᠵᠤ᠂ ᠠᠵᠤ ᠦᠶ᠋ᠯᠡᠰ ᠤ᠋ᠨ ᠬᠡᠯᠬᠢᠶ᠎ᠡ ᠢ᠋ᠢ ᠱᠢᠯᠢᠳᠡᠭ᠌ᠵᠢᠭᠦᠯᠦᠨ ᠤᠷᠲᠤᠳᠭᠠᠵᠤ᠂ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ  ᠤ᠋ᠨ ᠱᠢᠨ᠎ᠡ ᠡᠬᠦᠳᠤᠯᠳᠡ ᠵᠢᠨ ᠡᠨᠡ ᠬᠦ᠌ 《ᠵᠠᠩᠭᠢᠯᠠᠭ᠎ᠠ ᠢ᠋ᠢᠨ ᠬᠤᠪᠢᠰᠬᠤᠨ》 ᠢ᠋ ᠰᠦ ᠢ᠋ᠢᠨ ᠦᠶ᠋ᠯᠡᠰ ᠤ᠋ᠨ ᠬᠥᠭ᠌ᠵᠢᠯᠲᠡ ᠢ᠋ᠢᠨ 《ᠬᠠᠮᠤᠭ ᠤ᠋ᠨ ᠶᠡᠬᠡ ᠨᠡᠮᠡᠭ᠌ᠳᠡᠯ》 ᠪᠤᠯᠭᠠᠬᠤ ᠵᠢ ᠠᠬᠢᠭᠤᠯᠬᠤ ᠴᠢᠬᠤᠯᠠᠳᠠᠢ ᠬᠡᠵᠤ ᠰᠠᠨᠠᠭᠤᠯᠪᠠ᠃

ᠠᠵᠤ ᠦᠶ᠋ᠯᠡᠰ  ᠤ᠋ᠨ ᠪᠦᠲᠦᠴᠡ ᠢ᠋ᠢ ᠬᠦᠴᠦᠯᠡᠨ ᠱᠢᠯᠢᠳᠡᠭ᠌ᠵᠢᠭᠦᠯᠵᠦ᠍᠂ ᠪᠢᠱᠢᠯᠠᠭ᠂ ᠱᠢᠷᠠᠰᠤ᠂ ᠤᠭᠤᠷᠠᠭ ᠵᠡᠷᠭᠡ ᠨᠠᠷᠢᠯᠢᠭ ᠪᠤᠯᠪᠠᠰᠤᠷᠠᠭᠤᠯᠬᠤ ᠠᠵᠤ ᠦᠶ᠋ᠯᠡᠰ ᠢ᠋ ᠲᠦᠷᠭᠡᠳᠭᠡᠨ ᠪᠠᠢᠷᠢᠱᠢᠭᠤᠯᠵᠤ᠂ ᠲᠠᠯᠬ᠎ᠠ᠂ ᠳᠠᠷᠠᠭ᠂ ᠵᠠᠢᠷᠮᠠᠭ ᠤ᠋ᠨ ᠵᠠᠬ᠎ᠠ ᠳᠡᠯᠭᠡᠭᠦᠷ ᠤ᠋ᠨ ᠬᠡᠮᠵᠢᠶ᠎ᠠ ᠢ᠋ᠢ ᠥᠷᠭᠡᠳᠭᠡᠨ᠂ ᠠᠵᠤ ᠦᠶ᠋ᠯᠡᠰ ᠤ᠋ᠨ ᠬᠡᠯᠬᠢᠶ᠎ᠡ ᠢ᠋ᠢᠨ ᠦᠶ᠋ᠯᠡᠳᠬᠦᠨ ᠤ᠋ ᠥᠷᠲᠡᠭ ᠲᠦ᠍ ᠲᠠᠰᠤᠷᠠᠯᠲᠠ ᠥᠬᠡᠶ ᠱᠢᠨ᠎ᠡ ᠱᠢᠪᠲᠤᠯᠤᠯᠲᠠ ᠭᠠᠷᠭᠠᠬᠤ ᠴᠢᠬᠤᠯᠠᠳᠠᠢ᠃ ᠲᠣᠭᠠᠴᠢᠯᠠᠭ᠍ᠰᠠᠨ ᠮᠡᠷᠭᠡᠵᠢᠯ ᠵᠢᠡᠷ ᠱᠢᠨ᠎ᠡ ᠬᠥᠳᠡᠯᠭᠡᠬᠦ᠌ ᠴᠢᠳᠠᠪᠤᠷᠢ ᠵᠢ ᠪᠤᠢᠵᠢᠭᠤᠯᠤᠨ᠂ ᠱᠢᠨ᠎ᠡ ᠨᠢᠭᠡ ᠦᠶ᠎ᠡ ᠢ᠋ᠢᠨ ᠮᠡᠳᠡᠭᠡ ᠵᠠᠩᠭᠢ ᠢ᠋ᠢᠨ ᠮᠡᠷᠭᠡᠵᠢᠯ ᠵᠢᠡᠷ ᠦᠢᠯᠡᠳᠪᠦᠷᠢᠯᠡᠯ ᠤ᠋ᠨ ᠡᠯᠧᠮᠧᠨ᠋ᠲ ᠤ᠋ᠨ ᠲᠤᠬᠢᠷᠠᠭᠤᠯᠤᠯᠳᠠ ᠢ᠋ᠢ ᠲᠠᠬᠢᠨ ᠭᠦᠨᠵᠡᠭᠡᠢ ᠴᠣᠭ᠍ᠴᠠᠯᠠᠬᠤ ᠢ᠋ᠢ ᠠᠬᠢᠭᠤᠯᠵᠤ᠂ ᠲᠣᠭᠠᠴᠢᠯᠠᠭ᠍ᠰᠠᠨ ᠡᠨᠧᠷᠭᠢ ᠪᠡᠷ ᠰᠦ ᠢ᠋ᠢᠨ ᠦᠢᠯᠡᠰ ᠤ᠋ᠨ ᠪᠦᠬᠦ᠌ ᠬᠡᠯᠬᠢᠶ᠎ᠡ ᠵᠢ ᠲᠡᠰ ᠳᠡᠪᠱᠢᠭᠦᠯᠬᠦ ᠳ᠋ᠤ ᠬᠦᠴᠦᠨ ᠤᠯᠭᠤᠬᠤ ᠴᠢᠬᠤᠯᠠᠳᠠᠢ᠃ ᠱᠢᠨ᠎ᠡ ᠴᠢᠨᠠᠷ ᠤ᠋ᠨ ᠦᠢᠯᠡᠳᠪᠦᠷᠢᠯᠡᠯ ᠤ᠋ᠨ ᠬᠦᠴᠦᠨ ᠤ᠋ ᠲᠤᠰ ᠪᠡᠶ᠎ᠡ ᠨᠢ ᠳᠠᠷᠤᠢ ᠪᠣᠬᠢᠷᠲᠤᠯ ᠦᠭᠡᠢ ᠦᠢᠯᠡᠳᠪᠦᠷᠢᠯᠡᠯ ᠤ᠋ᠨ ᠬᠦᠴᠦᠨ ᠮᠥᠨ᠂ ᠲᠡᠵᠢᠭᠡᠯ ᠡᠪᠡᠰᠦ ᠲᠠᠷᠢᠬᠤ᠂ ᠲᠡᠵᠢᠭᠡᠬᠦ᠂ ᠪᠤᠯᠪᠠᠰᠤᠷᠠᠭᠤᠯᠬᠤ ᠵᠡᠷᠭᠡ ᠭᠣᠭ᠍ᠴᠣᠭ᠎ᠠ ᠳ᠋ᠤ ᠲᠡᠷᠢᠭᠦᠨ ᠤ᠋ ᠪᠣᠬᠢᠷᠲᠤᠯ ᠦᠭᠡᠢ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠢ᠋ ᠳᠡᠯᠭᠡᠷᠡᠭᠦᠯᠦᠨ ᠬᠡᠷᠡᠭ᠌ᠯᠡᠬᠦ ᠢ᠋ᠢ ᠲᠦᠷᠭᠡᠳᠭᠡᠬᠦ ᠴᠢᠬᠤᠯᠠᠳᠠᠢ᠃ ᠡᠭᠦᠨ ᠤ᠋ ᠬᠠᠮᠲᠤ ᠴᠠᠭᠠᠨ ᠢᠳᠡᠬᠡᠨ ᠤ᠋ ᠠᠵᠤ ᠠᠬᠤᠢᠯᠠᠯ ᠬᠢᠭᠡᠳ ᠤᠯᠤᠰ ᠤ᠋ᠨ ᠳᠣᠲᠣᠭᠠᠳᠤ ᠭᠠᠳᠠᠭᠠᠳᠤ ᠢ᠋ᠢᠨ ᠱᠢᠨᠵᠢᠯᠡᠬᠦ᠌ ᠤᠬᠠᠭᠠᠨ ᠤ᠋ ᠰᠤᠳᠤᠯᠭᠠᠨ ᠤ᠋ ᠬᠦᠷᠢᠶᠡᠯᠡᠩ ᠭᠠᠵᠠᠷ ᠤ᠋ᠨ ᠬᠠᠮᠲᠤᠷᠠᠯᠴᠠᠭᠠᠨ ᠤ᠋ ᠡᠷᠴᠢᠮ ᠢ᠋ ᠴᠢᠩᠭᠠᠷᠠᠭᠤᠯᠵᠤ᠂ ᠠᠵᠤ ᠦᠢᠯᠡᠰ ᠵᠢᠭᠠᠨ ᠰᠤᠷᠭᠠᠯᠳᠠ ᠰᠤᠳᠤᠯᠭᠠᠨ ᠤ᠋ ᠠᠭᠤᠰᠤᠯᠴᠠᠨ ᠨᠡᠪᠲᠡᠷᠡᠯᠴᠡᠵᠦ᠍ ᠱᠢᠨ᠎ᠡ ᠢ᠋ᠢ ᠡᠭᠦᠳᠬᠦ ᠢ᠋ᠢ ᠠᠬᠢᠭᠤᠯᠵᠤ᠂ ᠵᠠᠬ᠎ᠠ ᠳᠡᠯᠭᠡᠭᠦᠷ ᠤ᠋ᠨ ᠭᠣᠣᠯ ᠴᠣᠭ᠍ᠴᠠ ᠢ᠋ᠢ ᠪᠤᠵᠠᠭᠠᠢᠷᠠᠭᠤᠯᠵᠤ᠂ ᠳᠡᠯᠡᠬᠡᠢᠵᠢᠭ᠌ᠰᠡᠨ ᠬᠥᠭ᠌ᠵᠢᠯᠲᠡ ᠢ᠋ᠢ  ᠪᠡᠶᠡᠯᠡᠭᠦᠯᠬᠦ ᠴᠢᠬᠤᠯᠠᠳᠠᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号