ᠵᠠᠰᠠᠭ ᠤ᠋ᠨ ᠣᠷᠳᠣᠨ ᠤ᠋ ᠠᠵᠢᠯ ᠤ᠋ᠨ ᠢᠯᠡᠳᠭᠡᠯ ᠳ᠋ᠤ ᠡᠯᠡᠰᠦᠷᠭᠡᠭᠵᠢᠯ ᠢ᠋ ᠰᠡᠷᠭᠡᠢᠯᠡᠨ ᠡᠯᠡᠰᠦ ᠢ᠋ᠢ ᠵᠠᠰᠠᠬᠤ ᠪᠠ ᠰᠠᠯᠬᠢ ᠬᠦᠴᠦᠨ ᠤ᠋ ᠴᠠᠬᠢᠯᠭᠠᠨ ᠭᠡᠷᠡᠯᠴᠢ ᠴᠡᠨᠡᠭ ᠢ᠋ ᠨᠢᠭᠡ ᠴᠤᠬ᠍ᠴᠠᠵᠢᠭᠤᠯᠬᠤ ᠢᠨᠵᠧᠨᠧᠷᠢᠩ ᠢ᠋ ᠦᠷᠭᠦᠯᠵᠢᠯᠡᠨ ᠠᠬᠢᠭᠤᠯᠵᠤ᠂ ᠱᠢᠨ᠎ᠡ ᠡᠨᠧᠷᠭᠢ ᠢ᠋ᠢᠨ ᠮᠠᠱᠢᠨ ᠴᠣᠭ᠍ᠴᠠᠯᠠᠪᠤᠷᠢ ᠢ᠋ᠢ 1500 ᠲᠦᠮᠡᠨ ᠺᠢᠯᠦᠸᠠᠲ ᠱᠢᠨ᠎ᠡ ᠪᠡᠷ ᠪᠠᠢᠭᠤᠯᠵᠤ᠂ 140 ᠲᠦᠮᠡᠨ ᠮᠦ᠍ ᠡᠯᠡᠰᠦ ᠢ᠋ᠢ ᠵᠠᠰᠠᠨ᠎ᠠ ᠭᠡᠵᠤ ᠲᠤᠷᠠᠳᠴᠠᠢ᠃ 《ᠵᠠᠰᠠᠭ ᠤ᠋ᠨ ᠣᠷᠳᠣᠨ ᠤ᠋ ᠠᠵᠢᠯ ᠤ᠋ᠨ ᠢᠯᠡᠳᠭᠡᠯ ᠢ᠋ ᠰᠣᠨᠣᠰᠤᠭᠠᠳ ᠡᠭᠦᠷᠭᠡ ᠬᠠᠷᠢᠭᠤᠴᠠᠯᠭ᠎ᠠ ᠬᠦᠨᠳᠦ ᠪᠠᠢᠬᠤ ᠪᠠᠨ ᠤᠯᠠᠮ ᠭᠦᠨ ᠣᠢᠯᠠᠭᠠᠪᠠ》 ᠭᠡᠵᠤ ᠥᠪᠡᠷᠲᠡᠭᠡᠨ ᠵᠠᠰᠠᠬᠤ ᠣᠷᠣᠨ ᠤ᠋ ᠠᠷᠠᠳ ᠤ᠋ᠨ ᠲᠥᠯᠥᠭᠡᠯᠡᠭ᠌ᠴᠢᠳ ᠤ᠋ᠨ ᠶᠡᠬᠡ ᠬᠤᠷᠠᠯ ᠤ᠋ᠨ ᠲᠥᠯᠥᠭᠡᠯᠡᠭ᠌ᠴᠢ᠂ ᠲᠦᠴᠢᠦᠸᠠᠨ ᠱᠢᠶᠠᠨ ᠤ᠋ ᠤᠢ ᠱᠢᠭᠤᠢ ᠪᠠ ᠨᠤᠲᠤᠭ ᠪᠡᠯᠴᠢᠭᠡᠷ ᠤ᠋ᠨ ᠲᠣᠪᠴᠢᠶᠠᠨ ᠤ᠋ ᠳᠡᠭᠡᠳᠦ ᠵᠡᠷᠭᠡ ᠢ᠋ᠢᠨ ᠢᠨᠵᠧᠨᠧᠷ ᠯᠢ ᠭᠦᠸᠧ ᠭᠤᠸᠠᠩ ᠬᠡᠯᠡᠨ᠎ᠠ᠃

ᠯᠢ ᠭᠦᠸᠧ ᠭᠤᠸᠠᠩ ᠲᠥᠯᠥᠭᠡᠯᠡᠭ᠌ᠴᠢ
ᠲᠦᠴᠢᠦᠸᠠᠨ ᠱᠢᠶᠠᠨ ᠬᠣᠷᠴᠢᠨ ᠤ᠋ ᠡᠯᠡᠰᠦᠷᠬᠡᠭ ᠭᠠᠵᠠᠷ ᠤ᠋ᠨ ᠬᠣᠢᠲᠤ ᠵᠠᠬ᠎ᠠ ᠳ᠋ᠤ ᠪᠠᠢᠷᠢᠯᠡᠵᠤ᠂ ᠡᠯᠡᠰᠦᠷᠬᠡᠭ ᠭᠠᠵᠠᠷ ᠤ᠋ᠨ ᠭᠠᠳᠠᠭᠰᠢ ᠨᠡᠭᠦᠭᠦ ᠢ᠋ᠢ ᠬᠣᠷᠢᠭ᠍ᠯᠠᠬᠤ ᠴᠢᠬᠤᠯᠠ ᠡᠭᠦᠷᠭᠡ ᠢ᠋ᠢ ᠡᠭᠦᠷᠭᠡᠯᠡᠵᠦ᠍ ᠪᠠᠢᠳᠠᠭ᠃ 2024 ᠣᠨ ᠳ᠋ᠤ ᠲᠦᠴᠢᠦᠸᠠᠨ ᠱᠢᠶᠠᠨ ᠭᠠᠵᠠᠷ ᠣᠷᠣᠨ ᠤ᠋ ᠪᠠᠢᠳᠠᠯ ᠳ᠋ᠠᠭᠠᠨ ᠲᠣᠬᠢᠷᠠᠭᠤᠯᠤᠨ ᠣᠷᠣᠨ ᠪᠦᠰᠡ ᠬᠤᠪᠢᠶᠠᠨ ᠠᠷᠭ᠎ᠠ ᠪᠣᠳᠣᠯᠭ᠎ᠠ ᠬᠡᠷᠡᠭ᠌ᠵᠢᠭᠦᠯᠵᠦ᠍᠂ ᠡᠯᠡᠰᠦᠷᠬᠡᠭ ᠭᠠᠵᠠᠷ ᠤ᠋ᠨ ᠵᠠᠰᠠᠯᠲᠠ ᠢ᠋ᠢ ᠨᠢᠭᠡᠳᠦᠯᠲᠡᠶ ᠲᠥᠯᠥᠪᠵᠢᠭᠦᠯᠦᠨ ᠪᠠᠢᠷᠢᠱᠢᠭᠤᠯᠵᠤ᠂ ᠡᠯᠡᠰᠦᠷᠬᠡᠭ᠌ᠵᠢᠯ ᠢ᠋ ᠰᠡᠷᠭᠡᠢᠯᠡᠨ ᠡᠯᠡᠰᠦ ᠢ᠋ᠢ ᠵᠠᠰᠠᠬᠤ ᠪᠠ ᠰᠠᠯᠬᠢᠨ ᠬᠦᠴᠦᠨ ᠤ᠋ ᠴᠠᠬᠢᠯᠭᠠᠨ ᠭᠡᠷᠡᠯᠴᠢ ᠴᠡᠨᠡᠭ ᠢ᠋ ᠨᠢᠭᠡ ᠴᠣᠭ᠍ᠴᠠᠵᠢᠭᠤᠯᠬᠤ ᠢᠨᠵᠧᠨᠧᠷᠢᠩ ᠢ᠋ ᠠᠬᠢᠭᠤᠯᠬᠤ ᠪᠠᠷ ᠭᠤᠤᠯᠳᠠᠯᠭ᠎ᠠ ᠪᠣᠯᠭᠠᠨ᠂ ᠱᠢᠨ᠎ᠡ ᠡᠨᠧᠷᠭᠢ ᠪᠡᠷ ᠡᠯᠡᠰᠦ ᠢ᠋ᠢ ᠵᠠᠰᠠᠬᠤ᠂ ᠱᠢᠨᠵᠢᠯᠡᠬᠦ᠌ ᠤᠬᠠᠭᠠᠨᠴᠢ ᠪᠠᠷ ᠡᠯᠡᠰᠦ ᠢ᠋ᠢ ᠵᠠᠰᠠᠬᠤ᠂ ᠣᠯᠠᠨ ᠲᠦᠮᠡᠨ ᠡᠯᠡᠰᠦ ᠢ᠋ᠢ ᠵᠠᠰᠠᠬᠤ᠂ ᠨᠡᠢᠭᠡᠮ ᠨᠡᠢᠳᠡ ᠪᠡᠷ ᠵᠢᠡᠨ ᠡᠯᠡᠰᠦ ᠢ᠋ᠢ ᠵᠠᠰᠠᠬᠤ᠂ ᠦᠷ᠎ᠡ ᠠᠱᠢᠭ ᠢ᠋ᠢᠡᠷ ᠡᠯᠡᠰᠦ ᠢ᠋ᠢ ᠵᠠᠰᠠᠬᠤ 5 ᠵᠦᠶ᠋ᠯ ᠤ᠋ᠨ ᠵᠠᠭ᠍ᠪᠤᠷ ᠢ᠋ ᠬᠡᠷᠡᠭᠯᠡᠵᠤ 《ᠰᠢᠷᠭᠠᠯ ᠡᠯᠡᠰᠤ ᠵᠢ ᠤᠰᠠᠳᠭᠠᠬᠤ᠂ ᠬᠤᠵᠢᠷᠯᠢᠭ ᠭᠠᠵᠠᠷ ᠢ᠋ ᠵᠠᠰᠠᠬᠤ᠂ ᠨᠣᠭᠣᠭᠠᠨ ᠦᠡᠭᠭᠡ ᠢ᠋ᠢ ᠨᠡᠮᠡᠭ᠌ᠳᠡᠭᠦᠯᠬᠦ᠌》 ᠭᠤᠷᠪᠠᠨ ᠶᠡᠬᠡ ᠠᠵᠢᠯᠯᠠᠭ᠎ᠠ ᠢ᠋ᠢ ᠪᠥᠬᠥ᠌ ᠲᠠᠯ᠎ᠠ ᠪᠠᠷ ᠪᠡᠶᠡᠯᠡᠭᠦᠯᠪᠡ᠃ ᠣᠶ ᠱᠢᠭᠤᠶ ᠪᠠ ᠨᠤᠳᠤᠭ ᠪᠡᠯᠴᠢᠬᠡᠷ ᠤ᠋ᠨ ᠠᠵᠢᠯᠲᠠᠨ ᠪᠣᠯᠤᠭ᠍ᠰᠠᠨ ᠤ᠋ ᠬᠤᠪᠢ ᠳ᠋ᠤ ᠯᠢ ᠭᠦᠸᠧ ᠭᠤᠸᠠᠩ ᠲᠦᠴᠢᠤᠸᠠᠨ ᠱᠢᠶᠠᠨ ᠤ᠋ ᠬᠡᠪᠴᠢᠶᠡᠨᠳᠡᠬᠢ ᠶᠡᠬᠡ ᠪᠠᠭ᠎ᠠ ᠡᠯᠡᠰᠦᠨ ᠳᠣᠪᠣ᠂ ᠣᠢᠲᠤ ᠭᠠᠵᠠᠷ ᠢ᠋ᠢᠡᠷ ᠶᠠᠪᠤᠵᠤ᠂ ᠲᠦᠴᠢᠦᠸᠠᠨ ᠱᠢᠶᠠᠨ ᠳ᠋ᠡᠬᠢ ᠬᠣᠷᠴᠢᠨ ᠤ᠋ ᠡᠯᠡᠰᠦᠷᠬᠡᠭ ᠭᠠᠵᠠᠷ ᠤ᠋ᠨ 《ᠡᠯᠡᠰᠦᠨ ᠲᠡᠯᠡᠶ ᠡᠴᠡ ᠨᠣᠭᠣᠭᠠᠨ ᠪᠦᠷᠢᠳᠦ ᠪᠣᠯᠤᠭ᠍ᠰᠠᠨ》 ᠭᠠᠢᠬᠠᠮᠱᠢᠭ ᠢ᠋ ᠭᠡᠷᠡᠴᠢᠯᠡᠵᠡᠢ ᠃ ᠯᠢ ᠭᠦᠸᠧ ᠭᠤᠸᠠᠩ᠂ ᠱᠢᠨᠵᠢᠯᠡᠬᠦ᠌ ᠤᠬᠠᠭᠠᠨᠴᠢ ᠪᠠᠷ ᠡᠯᠡᠰᠦᠷᠬᠡᠭᠵᠢᠯ ᠢ᠋ ᠰᠡᠷᠭᠡᠢᠯᠡᠨ ᠡᠯᠡᠰᠤ ᠢ᠋ᠢ ᠵᠠᠰᠠᠬᠤ ᠢ᠋ᠢ ᠪᠠᠷᠢᠮᠲᠠᠯᠠᠨ᠂ ᠤᠰᠤ ᠠᠷᠪᠢᠯᠠᠬᠤ ᠣᠶ ᠱᠢᠭᠤᠶ ᠢ᠋ᠢᠨ ᠱᠢᠨ᠎ᠡ ᠮᠡᠷᠭᠡᠵᠢᠯ ᠢ᠋ ᠶᠡᠬᠡ ᠪᠡᠷ ᠳᠡᠯᠭᠡᠷᠡᠭᠦᠯᠦᠨ ᠬᠡᠷᠡᠭ᠌ᠯᠡᠵᠦ᠍᠂ ᠠᠵᠢᠯ ᠣᠯᠭᠣᠬᠤ ᠪᠠᠷ ᠲᠡᠳᠬᠦᠮᠵᠢ ᠢ᠋ᠢ ᠣᠷᠣᠯᠠᠭᠤᠯᠬᠤ ᠵᠠᠭ᠍ᠪᠤᠷ ᠢ᠋ ᠶᠡᠬᠡ ᠪᠡᠷ ᠬᠡᠷᠡᠭ᠌ᠵᠢᠭᠦᠯᠤᠨ᠂ ᠨᠡᠢᠭᠡᠮ ᠤ᠋ᠨ ᠡᠯ᠎ᠡ ᠲᠠᠯ᠎ᠠ ᠢ᠋ᠢᠨ ᠪᠠᠯᠠ ᠮᠥᠩᠭᠥ᠌᠂ ᠮᠡᠷᠭᠡᠵᠢᠯ ᠪᠠ ᠨᠡᠢᠲᠡ ᠢ᠋ᠢᠨ ᠠᠰᠠᠷᠠᠮᠵᠢ ᠢ᠋ᠢᠨ ᠵᠣᠬᠢᠶᠠᠨ ᠪᠠᠢᠭᠤᠯᠤᠯᠲᠠ ᠵᠡᠷᠭᠡ ᠢ᠋ᠢ ᠡᠯᠡᠰᠦᠷᠬᠡᠭᠵᠢᠯ ᠢ᠋ ᠰᠡᠷᠭᠡᠢᠯᠡᠨ ᠡᠯᠡᠰᠤ ᠢ᠋ᠢ ᠵᠠᠰᠠᠬᠤ ᠣᠯᠠᠨ ᠡᠱᠢᠵᠢᠭ᠌ᠰᠡᠨ ᠲᠣᠭ᠍ᠲᠠᠴᠠ ᠳ᠋ᠤ ᠣᠷᠣᠯᠴᠠᠭᠤᠯᠵᠤ᠂ ᠣᠯᠠᠨ ᠤ᠋ ᠤᠬᠠᠭᠠᠨ ᠬᠠᠮᠲᠤ ᠢ᠋ᠢᠨ ᠬᠦᠴᠦ ᠪᠡᠷ ᠡᠯᠡᠰᠦᠷᠬᠡᠭᠵᠢᠯ ᠢ᠋ ᠰᠡᠷᠭᠡᠢᠯᠡᠨ ᠡᠯᠡᠰᠤ ᠢ᠋ᠢ ᠵᠠᠰᠠᠬᠤ ᠬᠠᠮᠳᠤᠷᠠᠭᠰᠠᠨ ᠳᠠᠢᠯᠠᠯᠳᠤᠭᠠᠨ ᠢ᠋ ᠰᠠᠢᠲᠤᠷ ᠬᠢᠬᠦ ᠴᠢᠬᠤᠯᠠᠳᠠᠢ ᠭᠡᠵᠤ ᠰᠠᠨᠠᠭᠤᠯᠵᠤ ᠪᠠᠢᠯ᠎ᠠ᠃
2008-2025 © ᠳᠤᠮᠳᠠᠳᠤ ᠤᠯᠤᠰᠤᠨ ᠮᠤᠩᠭᠤᠯ ᠬᠡᠯᠡᠨᠤ ᠰᠤᠨᠢᠨ ᠮᠡᠳᠡᠭᠡᠨᠤ ᠰᠦᠯᠵᠢᠶ᠎ᠡ ᠦᠮᠴᠢᠯᠡᠯ᠎ᠤᠨ ᠡᠷᠬᠡ᠎ᠲᠠᠢ
ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ
ᠬᠠᠷᠢᠯᠴᠠᠬᠤ ᠤᠲᠠᠰᠤ᠄0471-6635435
ᠢᠮᠧᠯ᠄mgyxww@163.com 蒙ICP备10000005号