《ᠵᠠᠰᠠᠭ ᠤ᠋ᠨ ᠣᠷᠳᠣᠨ ᠤ᠋ ᠠᠵᠢᠯ ᠤ᠋ᠨ ᠢᠯᠡᠳᠭᠡᠯ ᠳ᠋ᠦ ᠦᠬᠡᠷ ᠬᠤᠨᠢᠨ ᠮᠢᠬ᠎ᠠ᠂ ᠲᠥᠮᠥᠰᠥ᠍᠂ ᠡᠷᠳᠡᠨᠢ ᠱᠢᠰᠢ᠂ ᠢᠮᠠᠭᠠᠨ ᠨᠣᠣᠯᠣᠭᠤᠷ᠂ ᠡᠪᠡᠰᠦᠨ ᠤ᠋ ᠦᠢᠯᠡᠰ ᠪᠣᠯ ᠮᠠᠨ ᠤ᠋ ᠤᠯᠠᠨ ᠵᠢᠯ ᠬᠥᠭ᠌ᠵᠢᠭ᠌ᠦᠯᠦᠭᠰᠡᠬᠡᠷ ᠢᠷᠡᠭᠰᠡᠨ ᠤᠨᠴᠠᠯᠢᠬ᠍ᠳᠤ ᠠᠵᠤ ᠦᠢᠯᠡᠰ ᠮᠥᠨ᠂ ᠦᠷᠭᠦᠯᠵᠢᠯᠡᠨ ᠬᠦᠴᠦᠯᠡᠵᠤ ᠪᠠᠢᠭᠠᠳ ᠲᠥᠮᠥᠰᠥ᠍᠂ ᠢᠮᠠᠭᠠᠨ ᠨᠣᠣᠯᠣᠭᠤᠷ 2 ᠠᠵᠤ ᠦᠢᠯᠡᠰ ᠤ᠋ᠨ ᠬᠡᠯᠬᠢᠶ᠎ᠡ ᠵᠢ ᠮᠢᠩᠭᠠᠨ ᠳ᠋ᠦᠩᠱᠢᠭᠤᠷ ᠤ᠋ᠨ ᠲᠡᠰ ᠲᠦ᠍ ᠤᠷᠤᠭᠤᠯᠤᠨ᠎ᠠ ᠬᠡᠵᠤ ᠲᠤᠷᠠᠳᠴᠠᠢ᠃ ᠪᠢ ᠪᠦᠬᠦ ᠣᠷᠣᠨ ᠤ᠋ ᠨᠣᠣᠯᠣᠭᠤᠷ ᠤ᠋ᠨ ᠠᠵᠤ ᠦᠢᠯᠡᠰ ᠤ᠋ᠨ ᠬᠥᠭ᠌ᠵᠢᠯᠲᠡ ᠵᠢ ᠤᠷᠳᠤ ᠬᠤᠭᠤᠴᠠᠭ᠎ᠠ ᠪᠠᠷ ᠠᠩᠬᠠᠷᠴᠤ᠌ ᠪᠠᠢᠭ᠎ᠠ ᠪᠤᠯᠬᠤᠷ ᠡᠬᠦᠨ ᠳ᠋ᠤ ᠮᠠᠰᠢ ᠤᠷᠮᠠᠱᠢᠨ ᠵᠣᠷᠢᠭ᠍ᠵᠢᠵᠤ ᠪᠠᠢᠨ᠎ᠠ》 ᠭᠡᠵᠦ ᠥᠪᠡᠷᠲᠡᠭᠡᠨ ᠵᠠᠰᠠᠬᠤ ᠣᠷᠣᠨ ᠤ᠋ ᠤᠯᠤᠰ ᠲᠥᠷᠥ ᠶ᠋ᠢᠨ ᠵᠥᠪᠯᠡᠯᠭᠡᠨ ᠤ᠋ ᠭᠡᠱᠢᠭᠦᠨ᠂ ᠥᠪᠡᠷᠲᠡᠭᠡᠨ ᠵᠠᠰᠠᠬᠤ ᠣᠷᠣᠨ ᠤ᠋ ᠵᠠᠬ᠎ᠠ ᠳᠡᠯᠭᠡᠭᠦᠷ ᠤ᠋ᠨ ᠬᠢᠨᠠᠯᠲᠠ ᠬᠠᠮᠢᠶᠠᠷᠤᠯᠲᠠ ᠶ᠋ᠢᠨ ᠲᠣᠪᠴᠢᠶ᠎ᠠ ᠶ᠋ᠢᠨ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ ᠪᠠ ᠮᠡᠳᠡᠭᠡ ᠵᠠᠩᠭᠢᠴᠢᠯᠠᠯᠲᠠ ᠶ᠋ᠢᠨ ᠭᠠᠵᠠᠷ ᠤ᠋ᠨ ᠨᠢᠭᠡᠳᠦᠭᠡᠷ ᠳᠡᠰ ᠤ᠋ᠨ ᠪᠠᠢᠴᠠᠭᠠᠨ ᠰᠤᠳᠤᠯᠤᠭ᠍ᠴᠢ ᠢᠦᠶ ᡁᠢ ᠸᠧᠶ ᠬᠡᠯᠡᠨ᠎ᠠ᠃

ᠢᠦᠶ ᡁᠢ ᠸᠧᠶ ᠭᠡᠱᠢᠭᠦᠨ
《ᠥᠪᠥᠷ ᠮᠣᠩᠭᠣᠯ ᠳ᠋ᠤ ᠣᠲᠣ ᠢᠮᠠᠭᠠᠨ ᠨᠣᠣᠯᠣᠭᠤᠷ ᠤ᠋ᠨ ᠠᠵᠤ ᠦᠶ᠋ᠯᠡᠰ ᠤ᠋ᠨ ᠬᠡᠯᠬᠢᠶ᠎ᠡ ᠶ᠋ᠢᠨ ᠬᠠᠮᠢᠶ᠎ᠠ ᠪᠥᠬᠥᠶ 3934 ᠠᠵᠤ ᠠᠬᠤᠢᠯᠠᠯ ᠲᠠᠢ᠂ ᠡᠬᠦᠨ ᠳ᠋ᠤ ᠳᠤᠮᠳᠠ ᠪᠠᠭ᠎ᠠ ᠵᠢᠵᠢᠭ ᠠᠵᠤ ᠠᠬᠤᠢᠯᠠᠯ ᠣᠯᠠᠨ᠂ ᠦᠶ᠋ᠯᠡᠳᠬᠦ᠌ ᠠᠷᠭ᠎ᠠ ᠬᠡᠯᠪᠡᠷᠢ ᠨᠢ ᠤᠯᠠᠮᠵᠢᠯᠠᠯᠳᠦ ᠮᠠᠶᠢᠭ ᠤ᠋ᠨ ᠪᠠᠢᠵᠦ᠂ ᠮᠡᠳᠡᠭᠡ ᠵᠠᠩᠭᠢᠴᠢᠯᠠᠯᠲᠠ ᠶ᠋ᠢᠨ ᠠᠷᠭ᠎ᠠ ᠪᠠᠷᠢᠯᠵᠢᠡᠷ ᠬᠦᠷᠦᠯᠴᠡᠬᠦ᠌ ᠥᠬᠡᠶ᠂ ᠬᠠᠩᠭᠠᠯᠭ᠎ᠠ ᠶ᠋ᠢᠨ ᠬᠡᠯᠬᠢᠶ᠎ᠡ ᠶ᠋ᠢᠨ ᠪᠦᠬᠦᠯᠢ ᠴᠣᠭ᠍ᠴᠠ ᠶ᠋ᠢᠨ ᠦᠷ᠎ᠡ ᠪᠦᠲᠦᠮᠵᠢ ᠵᠢ ᠪᠠᠳᠠᠷᠠᠭᠤᠯᠬᠤ ᠲᠠᠯ᠎ᠠ ᠪᠡᠷ ᠬᠦᠷᠦᠯᠴᠡᠬᠦ᠌ ᠥᠬᠡᠶ ᠪᠤᠯᠬᠤᠷ ᠨᠡᠭᠦᠷᠡᠰᠦᠲᠥ᠋ᠷᠥᠭ᠌ᠴᠢ ᠵᠢᠨ ᠭᠠᠳᠠᠭ᠍ᠰᠢᠯᠠᠭᠤᠯᠤᠯᠳᠠ ᠪᠠ ᠡᠨᠧᠷᠭᠢ ᠶ᠋ᠢᠨ ᠬᠣᠷᠣᠭ᠍ᠳᠠᠭᠤᠯᠤᠯ ᠵᠢᠡᠷ ᠨᠡᠯᠢᠶᠡᠳ ᠥᠨᠳᠥᠷ ᠪᠠᠢᠨ᠎ᠠ᠃ ᠡᠩ ᠲᠡᠷᠢᠭᠦᠨ ᠳ᠋ᠦ ᠲᠡᠵᠢᠭᠡᠨ ᠦᠷᠡᠵᠢᠭᠦᠯᠬᠦ᠌ ᠭᠣᠭ᠍ᠴᠣᠭᠠᠨ ᠤ᠋ ᠨᠡᠭᠦᠷᠡᠰᠦᠲᠥ᠋ᠷᠥᠭ᠌ᠴᠢ ᠶ᠋ᠢᠨ ᠤᠯᠠ ᠮᠥᠷ ᠢ᠋ ᠦᠨᠡᠯᠡᠬᠦ᠌ ᠮᠡᠷᠭᠡᠵᠢᠯ ᠬᠠᠷᠠᠬᠠᠨ ᠲᠡᠭᠦᠯᠳᠡᠷᠵᠢᠭᠡᠳᠦᠶ᠂ ᠳᠠᠷᠠᠭᠠᠯᠠᠪᠠᠯ ᠨᠡᠭᠦᠷᠡᠰᠦᠲᠥ᠋ᠷᠥᠭ᠌ᠴᠢ ᠶ᠋ᠢᠨ ᠤᠯᠠ ᠮᠥᠷ ᠢ᠋ ᠲᠣᠭᠠᠴᠠᠭ᠎ᠠ ᠬᠢᠬᠦ᠌ ᠳ᠋ᠦ ᠲᠤᠬᠠᠶ ᠶ᠋ᠢᠨ ᠭᠠᠵᠠᠷ ᠣᠷᠣᠨ ᠤ᠋ ᠨᠡᠭᠦᠷᠡᠰᠦᠲᠥ᠋ᠷᠥᠭ᠌ᠴᠢ ᠭᠠᠳᠠᠭ᠍ᠰᠢᠯᠠᠭᠤᠯᠬᠤ ᠦᠷᠡᠵᠢᠬᠳᠡᠬᠦᠨ ᠤ᠋ ᠬᠥᠮᠥᠷᠭᠡ ᠶ᠋ᠢᠨ ᠲᠣᠭ᠎ᠠ ᠪᠠᠷᠢᠮᠲᠠ ᠶ᠋ᠢᠨ ᠳᠡᠮᠵᠢᠯᠭᠡ ᠪᠡᠷ ᠳᠤᠲᠠᠭ᠍ᠳᠠᠵᠤ ᠪᠠᠢᠨ᠎ᠠ》 ᠬᠡᠵᠤ ᠢᠦᠶ ᡁᠢ ᠸᠧᠶ᠂ ᠨᠢᠭᠡᠳᠦᠯᠲᠡᠶ ᠵᠣᠬᠢᠴᠠᠭᠤᠯᠤᠨ ᠬᠠᠮᠢᠶᠠᠷᠬᠤ ᠰᠠᠯᠠᠭ᠎ᠠ ᠮᠥᠴᠢᠷ ᠢ᠋ ᠪᠠᠢᠭᠤᠯᠵᠤ᠂ ᠨᠣᠣᠯᠣᠭᠤᠷ ᠤ᠋ᠨ ᠠᠵᠤ ᠦᠶ᠋ᠯᠡᠰ ᠤ᠋ᠨ ᠬᠡᠯᠬᠢᠶ᠎ᠡ ᠶ᠋ᠢᠨ ᠳᠡᠭᠡᠳᠦ ᠳᠤᠤᠷᠠᠳᠤ ᠤᠷᠤᠰᠭᠠᠯ ᠤ᠋ᠨ ᠱᠢᠨ᠎ᠡ ᠵᠢ ᠡᠭᠦᠳᠬᠦ᠌ ᠡᠬᠢ ᠪᠠᠶᠠᠯᠢᠭ ᠢ᠋ ᠡᠮᠬᠢᠯᠡᠨ ᠨᠡᠢᠯᠡᠭᠦᠯᠵᠦ᠍᠂ ᠠᠵᠤ ᠠᠬᠤᠢᠯᠠᠯ᠂ ᠠᠵᠤ ᠦᠶ᠋ᠯᠡᠰ ᠪᠠ ᠣᠷᠣᠨ ᠪᠦᠰᠡ ᠠᠯᠤᠰᠯᠠᠭ᠍ᠰᠠᠨ ᠨᠡᠪᠲᠡᠷᠡᠯᠴᠡᠭᠡ ᠵᠢ ᠪᠡᠶᠡᠯᠡᠭᠦᠯᠬᠦ ᠴᠢᠬᠤᠯᠠᠳᠠᠢ᠃ ᠨᠣᠣᠯᠣᠭᠤᠷ ᠤ᠋ᠨ ᠦᠢᠯᠡᠳᠬᠦᠨ ᠤ᠋ ᠲᠡᠵᠢᠭᠡᠨ ᠦᠷᠡᠵᠢᠭᠦᠯᠬᠦ᠌ ᠭᠣᠭ᠍ᠴᠣᠭᠠᠨ ᠤ᠋ ᠨᠡᠭᠦᠷᠡᠰᠦᠲᠥ᠋ᠷᠥᠭ᠌ᠴᠢ ᠶ᠋ᠢᠨ ᠤᠯᠠ ᠮᠥᠷ ᠤ᠋ᠨ ᠰᠤᠳᠤᠯᠤᠯ ᠢ᠋ ᠱᠠᠯᠠᠪᠳᠠᠨ ᠥᠷᠨᠢᠭᠦᠯᠵᠦ᠍᠂ ᠨᠣᠣᠯᠣᠭᠤᠷ ᠤ᠋ᠨ ᠦᠢᠯᠡᠳᠬᠦᠨ ᠤ᠋ ᠨᠡᠭᠦᠷᠡᠰᠦᠲᠥ᠋ᠷᠥᠭ᠌ᠴᠢ ᠶ᠋ᠢᠨ ᠤᠯᠠ ᠮᠥᠷ ᠤ᠋ᠨ ᠲᠣᠭᠠᠴᠠᠭ᠎ᠠ ᠬᠢᠬᠦ᠌᠂ ᠦᠨᠡᠯᠡᠬᠦ᠌᠂ ᠵᠥᠪᠱᠢᠶᠡᠷᠡᠬᠦ᠌ ᠪᠦᠬᠦ᠌ ᠶᠠᠪᠤᠴᠠ ᠶ᠋ᠢᠨ ᠪᠠᠷᠢᠮᠵᠢᠶ᠎ᠠ ᠰᠢᠰᠲᠧᠮ ᠢ᠋ ᠲᠣᠭ᠍ᠲᠠᠭᠠᠬᠤ ᠴᠢᠬᠤᠯᠠᠳᠠᠢ᠃ ᠨᠣᠣᠯᠣᠭᠤᠷ ᠤ᠋ᠨ ᠲᠦᠭᠦᠬᠡᠶ ᠮᠠᠲᠧᠷᠢᠶᠠᠯ ᠤ᠋ᠨ ᠨᠡᠭᠦᠷᠡᠰᠦᠲᠦ᠋ᠷᠥᠭ᠌ᠴᠢ ᠶ᠋ᠢᠨ ᠤᠯᠠ ᠮᠥᠷ ᠤ᠋ᠨ ᠦᠷᠡᠵᠢᠭᠳᠡᠬᠦᠨ ᠤ᠋ ᠳ᠋ᠠᠢᠲ᠋ᠠ ᠬᠥᠮᠥᠷᠭᠡ ᠵᠢ ᠲᠦᠷᠭᠡᠨ ᠪᠠᠢᠭᠤᠯᠬᠤ ᠶ᠋ᠢᠨ ᠵᠡᠷᠭᠡ ᠪᠡᠷ ᠬᠡᠰᠡᠭ ᠠᠵᠤ ᠠᠬᠤᠢᠯᠠᠯ ᠤ᠋ᠨ《ᠤᠷᠢᠳ ᠵᠢᠡᠷ ᠲᠤᠷᠱᠢᠵᠤ ᠤᠷᠢᠳ ᠵᠢᠡᠷ ᠬᠢᠬᠦ᠌》ᠵᠢ ᠵᠣᠷᠢᠭ᠍ᠵᠢᠭᠤᠯᠤᠨ ᠦᠢᠯᠡᠳᠬᠦᠨ ᠳ᠋ᠦ ᠨᠡᠭᠦᠷᠡᠰᠦᠲᠦ᠋ᠷᠥᠭ᠌ᠴᠢ ᠶ᠋ᠢᠨ ᠲᠡᠮᠳᠡᠭ ᠨᠡᠮᠡᠵᠦ᠍᠂ ᠳᠡᠭᠡᠳᠦ ᠬᠡᠯᠬᠢᠶᠡᠨ ᠤ᠋ ᠬᠠᠩᠭᠠᠯᠭ᠎ᠠ ᠶ᠋ᠢᠨ ᠬᠡᠯᠬᠢᠶ᠎ᠡ ᠵᠢ ᠳᠠᠢᠴᠢᠯᠠᠨ ᠪᠠᠭ᠎ᠠ ᠨᠡᠭᠦᠷᠡᠰᠦᠲᠥ᠋ᠷᠥᠭ᠌ᠴᠢᠲᠦ ᠲᠠᠢᠰᠢ ᠳᠡᠰ ᠳᠡᠪᠱᠢᠭᠦᠯᠵᠦ᠍᠂ ᠠᠵᠤ ᠦᠢᠯᠡᠰ ᠬᠢᠭᠡᠳ ᠳᠡᠭᠡᠳᠦ ᠳᠣᠤᠷᠠᠳᠤ ᠬᠡᠯᠬᠢᠶᠡᠨ ᠤ᠋ ᠬᠠᠩᠭᠠᠯᠭ᠎ᠠ ᠶ᠋ᠢᠨ ᠬᠡᠯᠬᠢᠶ᠎ᠡ ᠵᠢ ᠲᠠᠢᠴᠢᠯᠠᠨ ᠪᠠᠭ᠎ᠠ ᠨᠡᠭᠦᠷᠡᠰᠦᠲᠥ᠋ᠷᠥᠭ᠌ᠴᠢᠲᠦ ᠬᠥᠭ᠌ᠵᠢᠯᠲᠡ ᠵᠢ ᠠᠬᠢᠭᠤᠯᠬᠤ ᠶ᠋ᠢᠨ ᠬᠠᠮᠲᠤ ᠪᠣᠬᠢᠷᠲᠤᠯ ᠦᠭᠡᠶ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠤ᠋ᠨ ᠱᠢᠨ᠎ᠡ ᠵᠢ ᠡᠭᠦᠳᠬᠦ᠌ ᠪᠠ ᠲᠡᠷᠢᠭᠦᠨ ᠤ᠋ ᠪᠣᠬᠢᠷᠲᠤᠯ ᠦᠭᠡᠶ ᠮᠡᠷᠭᠡᠵᠢᠯ ᠢ᠋ ᠳᠡᠯᠭᠡᠷᠡᠭᠦᠯᠦᠨ ᠬᠡᠷᠡᠭ᠌ᠯᠡᠵᠦ᠍ ᠂ ᠮᠠᠨ ᠤ᠋ ᠣᠷᠣᠨ ᠤ᠋ ᠨᠣᠣᠯᠣᠭᠤᠷ ᠤ᠋ᠨ ᠠᠵᠤ ᠦᠢᠯᠡᠰ ᠤ᠋ᠨ ᠪᠣᠬᠢᠷᠲᠤᠯ ᠦᠭᠡᠶ ᠪᠠᠭ᠎ᠠ ᠨᠡᠭᠦᠷᠡᠰᠦᠲᠥ᠋ᠷᠥᠭ᠌ᠴᠢᠲᠦ ᠬᠥᠭ᠌ᠵᠢᠯᠲᠡ ᠵᠢ ᠠᠬᠢᠭᠤᠯᠬᠤ ᠴᠢᠬᠤᠯᠠᠳᠠᠢ ᠬᠡᠵᠤ ᠰᠠᠨᠠᠭᠤᠯᠪᠠ᠃
2008-2025 © ᠳᠤᠮᠳᠠᠳᠤ ᠤᠯᠤᠰᠤᠨ ᠮᠤᠩᠭᠤᠯ ᠬᠡᠯᠡᠨᠤ ᠰᠤᠨᠢᠨ ᠮᠡᠳᠡᠭᠡᠨᠤ ᠰᠦᠯᠵᠢᠶ᠎ᠡ ᠦᠮᠴᠢᠯᠡᠯ᠎ᠤᠨ ᠡᠷᠬᠡ᠎ᠲᠠᠢ
ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ
ᠬᠠᠷᠢᠯᠴᠠᠬᠤ ᠤᠲᠠᠰᠤ᠄0471-6635435
ᠢᠮᠧᠯ᠄mgyxww@163.com 蒙ICP备10000005号