ᠯᠢ ᠶᠢᠩ ᠲᠢᠩ ᠭᠡᠱᠢᠭᠦᠨ ᠄ ᠬᠢᠯᠢ᠎ᠬᠢᠵᠠᠭᠠᠷ ᠣᠷᠣᠨ ᠤ᠋ ᠮᠡᠷᠭᠡᠵᠢᠯ ᠤ᠋ᠨ ᠰᠡᠷᠭᠡᠢᠯᠡᠯᠲᠡ ᠢ᠋ᠢᠨ ᠲᠥᠬᠥᠭᠡᠷᠦᠮᠵᠢ ᠢ᠋ᠢᠨ ᠪᠥᠲᠥᠭᠡᠨ ᠪᠠᠢᠭᠤᠯᠤᠯᠲᠠ ᠶ᠋ᠢ ᠤᠯᠠᠮ ᠨᠢᠭᠡ ᠠᠯᠬᠤᠮ ᠴᠢᠩᠭᠠᠳᠬᠠᠨ᠎ᠠ
2025-01-16 11:27:05
ᠵᠣᠬᠢᠶᠠᠭ᠍ᠴᠢ᠄
ᠠᠨ ᠶᠢᠨ ᠳ᠋ᠦᠩ ᠵᠢᠨ ᠴᠢᠤᠸᠠᠨ
ᠣᠩᠱᠢᠭ᠍ᠰᠠᠨ ᠣᠳᠠᠭ᠎ᠠ᠄
★★★☆☆

ᠵᠠᠰᠠᠭ ᠤ᠋ᠨ ᠣᠷᠳᠣᠨ ᠤ᠋ ᠠᠵᠢᠯ ᠤ᠋ᠨ ᠢᠯᠡᠳᠭᠡᠯ ᠳ᠋ᠤ ᠱᠢᠨ᠎ᠡ ᠴᠠᠭ ᠦᠶ᠎ᠡ ᠢ᠋ᠢᠨ ᠬᠢᠯᠢ ᠬᠢᠵᠠᠭᠠᠷ ᠣᠷᠣᠨ ᠢ᠋ ᠬᠥᠭ᠌ᠵᠢᠭᠦᠯᠦᠨ ᠠᠷᠠᠳ ᠢ᠋ ᠪᠠᠶᠠᠵᠢᠭᠤᠯᠬᠤ ᠠᠵᠢᠯᠯᠠᠭ᠎ᠠ ᠶ᠋ᠢ ᠭᠦᠨᠵᠡᠭᠡᠶ ᠠᠬᠢᠭᠤᠯᠵᠤ᠂ ᠬᠢᠯᠢ᠎ᠬᠢᠵᠠᠭᠠᠷ ᠤ᠋ᠨ ᠠᠷᠠᠳ ᠤ᠋ᠨ ᠦᠶ᠋ᠯᠡᠳᠪᠦᠷᠢᠯᠡᠯ ᠠᠮᠢᠳᠤᠷᠠᠯ ᠤ᠋ᠨ ᠨᠥᠬᠥᠴᠡᠯ ᠢ᠋ ᠴᠢᠨᠠᠭ᠍ᠰᠢᠳᠠ ᠰᠠᠢᠵᠢᠷᠠᠭᠤᠯᠤᠨ᠂ ᠬᠢᠯᠢ ᠬᠢᠵᠠᠭᠠᠷ ᠤ᠋ᠨ ᠣᠯᠠᠨ ᠲᠦᠮᠡᠨ ᠢ᠋ ᠠᠮᠤᠷ ᠲᠠᠢᠪᠤᠩ ᠠᠵᠤ ᠲᠦᠷᠦᠭᠦ᠌᠂ ᠰᠠᠨᠠᠭ᠎ᠠ ᠠᠮᠤᠷ ᠬᠢᠯᠢ ᠬᠢᠵᠠᠭᠠᠷ ᠢ᠋ ᠰᠠᠬᠢᠬᠤ ᠪᠣᠯᠭᠠᠨ᠎ᠠ ᠭᠡᠵᠤ ᠳᠤᠷᠠᠳᠴᠠᠢ᠃ ᠡᠨᠡ ᠬᠦ᠌ ᠠᠵᠢᠯ ᠤ᠋ᠨ ᠲᠤᠬᠢᠷᠠᠭᠤᠯᠤᠯᠳᠠ ᠨᠢ ᠥᠪᠡᠷᠲᠡᠭᠡᠨ ᠵᠠᠰᠠᠬᠤ ᠣᠷᠣᠨ ᠤ᠋ ᠤᠯᠤᠰ ᠲᠦᠷᠦ᠍ ᠢ᠋ᠢᠨ ᠵᠥᠪᠯᠡᠯᠭᠡᠨ ᠤ᠋ ᠭᠡᠱᠢᠭᠦᠨ᠂ ᠠᠷᠠᠳᠴᠢᠯᠠᠯ ᠢ᠋ᠢᠡᠷ ᠠᠬᠢᠭᠤᠯᠬᠤ ᠬᠤᠷᠠᠯ ᠤ᠋ᠨ ᠬᠥᠯᠥᠨ ᠪᠤᠢ᠌ᠷ ᠬᠤᠳᠠ ᠢ᠋ᠢᠨ ᠶᠡᠷᠦᠩᠬᠡᠢ ᠡᠭᠦᠷ ᠤ᠋ᠨ ᠡᠷᠬᠢᠯᠡᠭ᠌ᠴᠢ ᠭᠡᠱᠢᠭᠦᠨ ᠯᠢ ᠶᠢᠩ ᠲᠢᠩ ᠢ᠋ ᠲᠤᠢᠯ ᠢ᠋ᠢᠡᠷ ᠤᠷᠮᠠᠱᠢᠭᠤᠯᠪᠠ ᠃

《ᠣᠢᠷ᠎ᠠ ᠢ᠋ᠢᠨ ᠵᠢᠯ ᠳ᠋ᠤ ᠬᠢᠯᠢ ᠬᠢᠵᠠᠭᠠᠷ ᠣᠷᠣᠨ ᠢ᠋ ᠬᠥᠭ᠌ᠵᠢᠭᠦᠯᠦᠨ ᠠᠷᠠᠳ ᠢ᠋ ᠪᠠᠶᠠᠵᠢᠭᠤᠯᠬᠤ ᠠᠵᠢᠯ ᠥᠪᠥᠷ ᠮᠣᠩᠭᠣᠯ ᠤ᠋ᠨ ᠬᠢᠯᠢ ᠬᠢᠵᠠᠭᠠᠷ ᠣᠷᠣᠨ ᠳ᠋ᠤ ᠢᠯᠡᠳᠲᠡ ᠦᠷ᠎ᠡ ᠪᠦᠲᠦᠮᠵᠢ ᠣᠯᠤᠭ᠍ᠰᠠᠨ ᠪᠣᠯᠪᠠᠴᠤ᠌ ᠪᠠᠰᠠ ᠱᠢᠶ᠋ᠳᠪᠦᠷᠢᠯᠡᠬᠦ᠌ ᠴᠢᠬᠤᠯᠠᠲᠠᠶ ᠵᠠᠷᠢᠮ ᠪᠣᠭᠣᠮᠢ ᠢ᠋ᠢᠨ ᠠᠰᠠᠭᠤᠳᠠᠯ ᠣᠷᠣᠱᠢᠵᠤ ᠪᠠᠢᠨ᠎ᠠ》 ᠬᠡᠵᠤ ᠯᠢ ᠶᠢᠩ ᠲᠢᠩ ᠬᠥᠯᠥᠨ ᠪᠣᠢᠷ ᠬᠣᠲᠠ ᠪᠡᠷ ᠵᠢᠱ᠌ᠢᠶᠡᠯᠡᠨ ᠮᠠᠨ ᠤ᠋ ᠣᠷᠣᠨ ᠤ᠋ ᠬᠢᠯᠢ ᠬᠢᠵᠠᠭᠠᠷ ᠣᠷᠣᠨ ᠤ᠋ ᠵᠠᠰᠠᠯᠲᠠ ᠢ᠋ᠢᠨ ᠴᠢᠳᠠᠪᠤᠷᠢ ᠶ᠋ᠢ ᠳᠡᠭᠡᠭ᠌ᠰᠢᠯᠡᠭᠦᠯᠬᠦ᠌ ᠲᠤᠬᠠᠶ ᠰᠠᠨᠠᠭᠤᠯᠭ᠎ᠠ ᠳᠤᠷᠠᠳᠴᠠᠶ᠃


QQ20250116-102017.png

ᠯᠢ ᠶᠢᠩ ᠲᠢᠩ ᠭᠡᠱᠢᠭᠦᠨ 


ᠬᠥᠯᠥᠨ ᠪᠣᠢᠷ ᠣᠷᠣᠰ ᠮᠣᠩᠭᠣᠯ ᠲᠠᠢ ᠬᠥᠷᠱᠢᠯᠡᠵᠦ᠍᠂ 8.9 ᠲᠦᠮᠡᠨ ᠲᠡᠭ᠌ᠰᠢ ᠳᠥᠷᠪᠡᠯᠵᠢᠨ ᠺᠢᠯᠣᠮᠧᠲ᠋ᠷ ᠬᠢᠯᠢ ᠢ᠋ᠢᠨ ᠬᠠᠷᠢᠶ᠎ᠠ ᠣᠷᠣᠨ ᠪᠠ 8 ᠭᠠᠳᠠᠭᠠᠳᠤ ᠨᠡᠭᠡᠭᠡᠯᠲᠡ ᠢ᠋ᠢᠨ ᠬᠢᠯᠢ ᠢ᠋ᠢᠨ ᠪᠣᠭᠣᠮᠲᠠ ᠲᠠᠢ ᠪᠠᠢᠵᠤ᠂ ᠭᠠᠵᠠᠷ ᠤ᠋ᠨ ᠪᠠᠢᠴᠠ ᠲᠡᠭ᠌ᠰᠢ᠂ ᠬᠥᠮᠦᠨ ᠠᠮᠠ ᠴᠥᠭᠡᠨ᠂ ᠬᠢᠯᠢ ᠢ᠋ᠢᠨ ᠬᠠᠮᠢᠶᠠᠷᠤᠨ ᠡᠵᠡᠮᠳᠡᠬᠦ᠌ ᠡᠭᠦᠷᠭᠡ ᠨᠡᠯᠢᠶᠡᠳ ᠬᠦᠨᠳᠦ ᠶᠤᠮ᠃ ᠯᠢ ᠶᠢᠩ ᠲᠢᠩ᠂ ᠬᠢᠯᠢ ᠢ᠋ᠢᠨ ᠬᠠᠷᠢᠶ᠎ᠠ ᠣᠷᠣᠨ ᠤ᠋ ᠮᠡᠷᠭᠡᠵᠢᠯ ᠤ᠋ᠨ ᠰᠡᠷᠭᠡᠢᠯᠡᠯᠲᠡ ᠢ᠋ᠢᠨ ᠲᠥᠬᠥᠭᠡᠷᠦᠮᠵᠢ ᠢ᠋ᠢᠨ ᠪᠥᠲᠥᠭᠡᠨ ᠪᠠᠢᠭᠤᠯᠤᠯᠲᠠ ᠶ᠋ᠢ ᠴᠢᠨᠠᠭ᠍ᠰᠢᠳᠠ ᠴᠢᠩᠭᠠᠳᠭᠠᠵᠤ᠂ ᠬᠥᠯᠥᠨ ᠪᠣᠢᠷ ᠤ᠋ᠨ ᠡᠪᠦᠯ ᠣᠷᠳᠣ ᠪᠠᠢᠳᠠᠭ ᠣᠨᠴᠠᠯᠢᠭ ᠲᠦ᠍ ᠴᠢᠭ᠌ᠯᠡᠭᠦᠯᠦᠨ ᠬᠢᠯᠢ ᠢ᠋ᠢᠨ ᠲᠣᠮᠢᠯᠠᠭ᠍ᠰᠠᠨ ᠰᠠᠯᠪᠤᠷᠢ ᠵᠡᠷᠭᠡ ᠦᠨᠳᠦᠰᠦᠨ ᠱᠠᠲᠤᠨ ᠤ᠋ ᠡᠮᠦᠨ᠎ᠡ ᠹᠷᠣᠨᠲ ᠤ᠋ᠨ ᠨᠢᠭᠡᠴᠢ ᠳ᠋ᠤ ᠠᠶᠠᠯᠠᠯ ᠳ᠋ᠤ ᠵᠣᠬᠢᠴᠠᠬᠤ ᠴᠢᠨᠠᠷᠲᠠᠶ᠂ ᠬᠠᠷᠱᠢᠯᠠᠯ ᠢ᠋ ᠡᠰᠡᠷᠭᠦᠴᠡᠬᠦ᠌ ᠴᠢᠨᠠᠷ ᠢ᠋ᠢᠡᠷ ᠨᠠᠩ ᠴᠢᠩᠭ᠎ᠠ ᠳᠡᠭᠡᠳᠦ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ ᠤ᠋ᠨ ᠲᠥᠬᠥᠭᠡᠷᠦᠮᠵᠢ ᠳᠣᠭᠢᠷᠠᠭᠤᠯᠵᠤ᠂ ᠴᠠᠭ᠍ᠳᠠᠨ ᠲᠣᠭᠣᠷᠢᠵᠤ ᠰᠡᠷᠭᠡᠢᠯᠡᠨ ᠡᠵᠡᠮᠳᠡᠬᠦ᠌ ᠦᠷ᠎ᠡ ᠪᠦᠲᠦᠮᠵᠢ ᠶ᠋ᠢ ᠴᠢᠨᠠᠭ᠍ᠰᠢᠳᠠ ᠳᠡᠭᠡᠭ᠌ᠰᠢᠯᠡᠭᠦᠯᠬᠦ ᠴᠢᠬᠤᠯᠠᠳᠠᠢ᠃ ᠡᠭᠦᠨ ᠤ᠋ ᠬᠠᠮᠲᠤ ᠬᠢᠯᠢ ᠬᠠᠮᠠᠭᠠᠯᠠᠭ᠍ᠴᠢ ᠢ᠋ᠢᠨ ᠡᠩᠨᠡᠭᠡ ᠢ᠋ᠢᠨ ᠪᠠᠢᠭᠤᠯᠤᠯᠲᠠ ᠶ᠋ᠢ ᠶᠡᠬᠡ ᠪᠡᠷ ᠠᠬᠢᠭᠤᠯᠵᠤ ᠂ ᠬᠢᠯᠢ ᠬᠠᠮᠠᠭᠠᠯᠠᠭ᠍ᠴᠢ ᠢ᠋ᠢᠨ ᠣᠯᠭᠣᠮᠵᠢ ᠪᠠᠲᠤᠯᠠᠭ᠎ᠠ ᠶ᠋ᠢ ᠳᠡᠭᠡᠭ᠌ᠰᠢᠯᠡᠭᠦᠯᠦᠨ᠂ ᠲᠣᠭ᠍ᠲᠠᠮᠠᠯ ᠬᠤᠭᠤᠴᠠᠭ᠎ᠠ ᠲᠠᠢ ᠪᠡᠷ ᠲᠤᠰᠭᠠᠶ ᠮᠡᠷᠭᠡᠵᠢᠯ ᠤ᠋ᠨ ᠴᠢᠳᠠᠪᠤᠷᠢ ᠢ᠋ᠢᠨ ᠪᠣᠯᠪᠠᠰᠤᠷᠠᠯ ᠢ᠋ ᠵᠣᠬᠢᠶᠠᠨ ᠪᠠᠢᠭᠤᠯᠵᠤ᠂ ᠬᠢᠯᠢ ᠬᠠᠮᠠᠭᠠᠯᠠᠭ᠍ᠴᠢ ᠢ᠋ᠢᠨ ᠡᠩᠨᠡᠭᠡ ᠢ᠋ᠢᠨ ᠲᠤᠰᠭᠠᠢᠵᠢᠭ᠍ᠰᠠᠨ ᠲᠦᠪᠰᠢᠨ ᠢ᠋ ᠳᠡᠭᠡᠭ᠌ᠰᠢᠯᠡᠭᠦᠯᠬᠦ ᠴᠢᠬᠤᠯᠠᠳᠠᠢ᠃ ᠬᠢᠯᠢ ᠢ᠋ᠢᠨ ᠠᠷᠠᠳ ᠪᠠ ᠬᠢᠯᠢ ᠬᠠᠮᠠᠭᠠᠯᠠᠭ᠍ᠴᠢ ᠳ᠋ᠤ ᠨᠥᠬᠥᠪᠥᠷᠢ ᠥᠭ᠌ᠬᠦ ᠲᠥᠷᠥ ᠢ᠋ᠢᠨ ᠪᠣᠳᠣᠯᠭ᠎ᠠ ᠢ᠋ᠢᠨ ᠡᠷᠴᠢᠮ ᠢ᠋ ᠤᠯᠠᠮ ᠨᠢᠭᠡ ᠠᠯᠬᠤᠮ ᠴᠢᠩᠭᠠᠷᠠᠭᠤᠯᠵᠤ᠂ ᠬᠢᠯᠢ᠎ᠬᠢᠵᠠᠭᠠᠷ ᠣᠷᠣᠨ ᠤ᠋ ᠰᠠᠭᠤᠭᠠᠯᠢ ᠠᠷᠠᠳ ᠤ᠋ᠨ ᠦᠶ᠋ᠯᠡᠳᠪᠦᠷᠢᠯᠡᠯ ᠠᠮᠢᠳᠤᠷᠠᠯ ᠤ᠋ᠨ ᠨᠥᠬᠥᠴᠡᠯ ᠢ᠋ ᠦᠷᠭᠦᠯᠵᠢᠯᠡᠨ ᠰᠠᠢᠵᠢᠷᠠᠭᠤᠯᠵᠤ᠂ ᠬᠢᠯᠢ ᠶ᠋ᠢ ᠲᠣᠭᠣᠷᠢᠨ ᠪᠠᠢᠴᠠᠭᠠᠵᠤ ᠬᠢᠯᠢ ᠢ᠋ᠢ ᠬᠠᠮᠠᠭᠠᠯᠠᠬᠤ ᠳ᠋ᠤ ᠣᠷᠣᠯᠴᠠᠬᠤ ᠢᠳᠡᠪᠬᠢᠵᠢᠯ ᠢ᠋ ᠨᠢ ᠤᠯᠠᠮ ᠬᠥᠭ᠌ᠵᠢᠭᠡᠬᠦ ᠴᠢᠬᠤᠯᠠᠳᠠᠢ ᠭᠡᠵᠤ ᠰᠠᠨᠠᠭᠤᠯᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号