ᠡᠯᠡᠰᠦ ᠢ᠋ᠢ ᠵᠠᠰᠠᠬᠤ᠂ ᠣᠢᠵᠢᠭᠤᠯᠬᠤ᠂ ᠡᠪᠡᠰᠦ ᠳᠠᠷᠢᠬᠤ ᠣᠨ ᠤ᠋ ᠬᠠᠷᠠᠯᠲᠠᠲᠤ ᠡᠭᠦᠷᠭᠡ ᠪᠠᠨ ᠲᠤᠰ ᠲᠤᠰ 113%᠂ 220% ᠪᠠ 148% ᠪᠡᠷ ᠪᠡᠶᠡᠯᠡᠭᠦᠯᠵᠦ᠍᠂ ᠠᠮᠢ ᠠᠬᠤᠶ ᠢ᠋ᠢᠨ ᠠᠮᠤᠷ ᠲᠦᠪᠱᠢᠨ ᠤ᠋ 《ᠨᠤᠮᠢᠨ ᠨᠤᠭᠤᠭᠠᠨ ᠣᠷᠳᠣ ᠴᠠᠭᠠᠨ ᠬᠡᠷᠡᠮ》 ᠢ᠋ ᠦᠷᠭᠦᠯᠵᠢᠯᠡᠨ ᠪᠡᠬᠢᠵᠢᠭᠦᠯᠪᠡ᠃
ᠨᠡᠭᠦᠷᠡᠰᠦᠨ ᠤ᠋ ᠬᠠᠩᠭᠠᠯᠭ᠎ᠠ ᠢ᠋ᠢ ᠪᠠᠲᠤᠯᠠᠬᠤ ᠡᠭᠦᠷᠭᠡ ᠢ᠋ᠢ 8.3 ᠳ᠋ᠦᠩᠱᠢᠭᠤᠷ ᠲᠣᠨ ᠪᠡᠶᠡᠯᠡᠭᠦᠯᠵᠦ᠍᠂ ᠪᠦᠬᠦ᠌ ᠤᠯᠤᠰ ᠤ᠋ᠨ 34.5% ᠢ᠋ᠢ ᠡᠵᠡᠯᠡᠨ᠂ ᠭᠠᠳᠠᠭ᠍ᠰᠢ ᠬᠦᠷᠭᠡᠭ᠌ᠰᠡᠨ ᠴᠠᠬᠢᠯᠭᠠᠨ ᠤ᠋ ᠬᠡᠮᠵᠢᠶ᠎ᠡ 3150 ᠳ᠋ᠦᠩᠱᠢᠭᠤᠷ ᠭᠷᠠᠳᠦ᠋ᠰ ᠲᠦ᠍ ᠬᠦᠷᠴᠦ᠍᠂ ᠪᠦᠬᠦ᠌ ᠤᠯᠤᠰ ᠤ᠋ᠨ 16% ᠢ᠋ᠢ ᠡᠵᠡᠯᠡᠨ᠂ ᠴᠥᠮ ᠪᠦᠬᠦ᠌ ᠤᠯᠤᠰ ᠤ᠋ᠨ ᠲᠡᠷᠢᠭᠦᠨ ᠳ᠋ᠤ ᠣᠷᠣᠵᠤ᠂ ᠡᠨᠧᠷᠭᠢ ᠢ᠋ᠢᠨ ᠬᠠᠩᠭᠠᠯᠭ᠎ᠠ ᠢ᠋ᠢ ᠪᠠᠲᠤᠯᠠᠬᠤ 《ᠲᠤᠯᠭᠠᠭᠤᠷᠢ ᠬᠦᠴᠦᠨ》 ᠤ᠋ ᠦᠢᠯᠡᠳᠦᠯ ᠵᠢᠡᠷ ᠨᠡᠩ ᠲᠣᠪᠣᠢᠮ᠎ᠠ ᠪᠣᠯᠪᠠ᠃
ᠠᠮᠤ ᠪᠤᠳᠠᠭᠠᠨ ᠤ᠋ ᠶᠡᠷᠦᠩᠬᠡᠶ ᠤᠨᠠᠯᠲᠠ 820.1 ᠳ᠋ᠦᠩᠱᠢᠭᠤᠷ ᠵᠢᠩ ᠳ᠋ᠤ ᠬᠦᠷᠦᠬᠡᠳ ᠬᠣᠷᠢᠨ ᠨᠢᠭᠡᠨ ᠵᠢᠯ ᠳᠠᠷᠠᠭᠠᠯᠠᠨ ᠡᠯᠪᠡᠭ ᠬᠤᠷᠢᠶᠠᠯᠲᠠ ᠤᠯᠵᠤ᠂ ᠦᠬᠡᠷ ᠤ᠋ᠨ ᠮᠢᠬ᠎ᠠ᠂ ᠰᠦ ᠵᠢᠨ ᠭᠠᠷᠤᠯᠲᠠ ᠪᠡᠷ ᠪᠥᠬᠥ᠌ ᠤᠯᠤᠰ ᠲᠦ᠍ ᠲᠦᠷᠤᠬᠦᠯᠡᠵᠤ᠂ ᠠᠮᠤ ᠪᠤᠳᠠᠭᠠᠨ ᠤ᠋ ᠠᠮᠤᠷ ᠲᠦᠪᠱᠢᠨ ᠤ᠋ 《ᠰᠠᠭᠤᠷᠢ ᠴᠢᠯᠠᠭᠤ》 ᠨᠠᠩ ᠪᠠᠲᠤ ᠪᠠᠬᠢ ᠪᠣᠯᠪᠠ᠃
᠁
2024 ᠣᠨ ᠳ᠋ᠤ ᠤᠯᠤᠰ ᠤ᠋ᠨ ᠳᠡᠮᠵᠢᠯᠭᠡ ᠳᠤᠤᠷ᠎ᠠ ᠥᠪᠥᠷ ᠮᠣᠩᠭᠣᠯ 《ᠲᠠᠪᠤᠨ ᠶᠡᠬᠡ ᠡᠭᠦᠷᠭᠡ》 ᠶ᠋ᠢᠨ 212 ᠵᠦᠶ᠋ᠯ ᠤ᠋ᠨ ᠣᠨ ᠤ᠋ ᠭᠤᠤᠯᠳᠠᠯᠭ᠎ᠠ ᠲᠠᠶ ᠠᠵᠢᠯ ᠢ᠋ ᠪᠦᠬᠦᠨ ᠢ᠋ ᠪᠡᠶᠡᠯᠡᠭᠦᠯᠵᠦ᠍᠂ ᠢᠯᠡ ᠲᠤᠳᠤ ᠲᠣᠭ᠎ᠠ ᠪᠠᠷᠢᠮᠲᠠ ᠨᠢ ᠱᠢᠨ᠎ᠡ ᠵᠠᠮ ᠨᠡᠭᠡᠭᠡᠵᠤ ᠳᠤᠮᠳᠠ ᠲᠦᠪᠰᠢᠨ ᠳ᠋ᠤ ᠣᠷᠣᠬᠤ ᠪᠡᠷ ᠪᠣᠳᠠᠲᠠᠶ ᠠᠯᠬᠤᠮ ᠢ᠋ ᠠᠯᠬᠤᠭ᠍ᠰᠠᠨ ᠠᠮᠢᠳᠤᠯᠢᠭ ᠲᠠᠢᠯᠪᠤᠷᠢ ᠪᠤᠯᠤᠭᠰᠠᠨ ᠪᠢᠯᠡ᠃
《ᠲᠠᠪᠤᠨ ᠶᠡᠬᠡ ᠡᠭᠦᠷᠭᠡ》 ᠶ᠋ᠢ ᠨᠠᠢᠳᠠᠪᠤᠷᠢᠵᠢᠭᠤᠯᠬᠤ ᠯᠠᠪᠳᠠᠭᠤᠨ ᠪᠠᠲᠤᠲᠠᠶ ᠠᠵᠢᠯᠯᠠᠭ᠎ᠠ ᠢ᠋ᠢ ᠴᠢᠨᠠᠷ ᠰᠠᠢᠲᠠᠶ ᠬᠥᠭ᠌ᠵᠢᠯᠲᠡ ᠢ᠋ᠢᠨ ᠢᠯᠡᠳᠲᠡ ᠦᠷ᠎ᠡ ᠪᠦᠲᠦᠮᠵᠢ ᠪᠣᠯᠭᠠᠨ ᠦᠷᠬᠦᠯᠵᠢᠯᠡᠨ ᠬᠤᠪᠢᠷᠠᠭᠤᠯᠬᠤ ᠪᠣᠯ ᠪᠥᠬᠥ᠌ ᠣᠷᠣᠨ ᠤ᠋ ᠳᠡᠭᠡᠳᠤ ᠳᠤᠤᠷᠠᠳᠤ ᠱᠠᠳᠤᠨ ᠤ᠋ ᠬᠠᠮᠲᠤ ᠢ᠋ᠢᠨ ᠲᠠᠨᠢᠯᠲᠠ ᠮᠦᠨ᠂ ᠪᠠᠰᠠ ᠴᠤ᠌ ᠥᠪᠡᠷᠲᠡᠭᠡᠨ ᠵᠠᠰᠠᠬᠤ ᠣᠷᠣᠨ ᠤ᠋ ᠬᠣᠶᠠᠷ ᠬᠤᠷᠠᠯ ᠳ᠋ᠡᠬᠢ ᠲᠥᠯᠥᠭᠡᠯᠡᠭ᠌ᠴᠢᠳ ᠭᠡᠱᠢᠭᠦᠳ ᠤ᠋ᠨ ᠬᠠᠯᠠᠭᠤᠨ ᠢ᠋ᠢᠡᠷ ᠶᠠᠷᠢᠯᠴᠠᠵᠤ ᠪᠠᠢᠭ᠎ᠠ ᠰᠡᠳᠦᠪ ᠮᠦᠨ ᠃
ᠤᠯᠤᠰ ᠤ᠋ᠨ ᠲᠥᠯᠥᠭᠡ ᠬᠠᠷᠢᠭᠤᠴᠠᠯᠭ᠎ᠠ ᠡᠭᠦᠷᠭᠡᠯᠡᠵᠦ᠍ 《ᠲᠤᠯᠭᠠᠭᠤᠷᠢ ᠨᠢᠷᠤᠭᠤ》᠂ 《ᠰᠠᠭᠤᠷᠢ ᠴᠢᠯᠠᠭᠤ》 ᠵᠢ ᠪᠡᠬᠢᠵᠢᠬᠦᠯᠦᠨᠠ
《ᠲᠠᠪᠤᠨ ᠶᠡᠬᠡ ᠡᠭᠦᠷᠭᠡ》 ᠨᠢ ᠦᠪᠤᠷ ᠮᠤᠩᠭᠤᠯ ᠤ᠋ᠨ ᠬᠥᠭ᠌ᠵᠢᠯᠲᠡ ᠲᠠᠢ ᠬᠣᠯᠪᠣᠭ᠍ᠳᠠᠬᠤ ᠪᠠᠷ ᠪᠠᠷᠠᠬᠤ ᠦᠭᠡᠢ ᠪᠠᠰᠠ ᠤᠯᠤᠰ ᠤ᠋ᠨ ᠲᠠᠪᠤᠨ ᠠᠮᠤᠷ ᠲᠦᠪᠱᠢᠨ ᠲᠠᠢ ᠬᠣᠯᠪᠣᠭ᠍ᠳᠠᠬᠤ ᠶᠤᠮ᠃
ᠥᠪᠡᠷᠲᠡᠭᠡᠨ ᠵᠠᠰᠠᠬᠤ ᠣᠷᠣᠨ ᠤ᠋ ᠤᠯᠤᠰ ᠲᠥᠷᠥ ᠢ᠋ᠢᠨ ᠵᠥᠪᠯᠡᠯᠭᠡᠨ ᠤ᠋ ᠭᠡᠱᠢᠭᠦᠨ᠂ ᠥᠪᠡᠷᠲᠡᠭᠡᠨ ᠵᠠᠰᠠᠬᠤ ᠣᠷᠣᠨ ᠤ᠋ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠭᠣᠨ ᠮᠠᠯᠵᠢᠬᠤ ᠣᠷᠣᠨ ᠤ᠋ ᠲᠢᠩᠬᠢᠮ ᠤ᠋ᠨ ᠨᠠᠮ ᠤ᠋ᠨ ᠤᠳᠤᠷᠢᠳᠭᠤ ᠳᠤᠭᠤᠢᠯᠠᠩ ᠤ᠋ᠨ ᠪᠦᠷᠢᠯᠳᠦᠬᠦᠨ᠂ ᠲᠢᠩᠬᠢᠮ ᠤ᠋ᠨ ᠳᠡᠳ᠋ ᠳᠠᠷᠤᠭ᠎ᠠ ᠵᠠᠩ ᠬᠤᠸᠠ ᠵᠧᠨ᠂ ᠤᠯᠤᠰ ᠤ᠋ᠨ ᠴᠢᠬᠤᠯᠠ ᠮᠠᠯ ᠤ᠋ᠨ ᠠᠱᠢᠭ ᠱᠢᠮ᠎ᠡ ᠲᠠᠷᠢᠶᠠᠯᠠᠩ ᠤ᠋ᠨ ᠪᠦᠲᠦᠭᠡᠭ᠌ᠳᠡᠬᠦᠨ ᠤ᠋ ᠦᠶ᠋ᠯᠡᠳᠪᠦᠷᠢᠯᠡᠯ ᠤ᠋ᠨ ᠰᠠᠭᠤᠷᠢᠨᠤ ᠪᠥᠲᠥᠭᠡᠨ ᠪᠠᠢᠭᠤᠯᠤᠯᠳᠠ ᠵᠢ ᠭᠤᠤᠯ ᠨᠠᠢᠳᠠᠪᠤᠷᠢᠵᠢᠭᠤᠯᠬᠤ ᠰᠠᠯᠠᠭ᠎ᠠ ᠮᠥᠴᠢᠷ ᠪᠣᠯᠤᠭ᠍ᠰᠠᠨ ᠤ᠋ ᠬᠤᠪᠢ ᠳ᠋ᠤ ᠥᠪᠡᠷᠲᠡᠭᠡᠨ ᠵᠠᠰᠠᠬᠤ ᠣᠷᠣᠨ ᠤ᠋ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠭᠣᠨ ᠮᠠᠯᠵᠢᠬᠤ ᠣᠷᠣᠨ ᠤ᠋ ᠲᠢᠩᠬᠢᠮ ᠱᠢᠰᠲ᠋ᠧᠮᠵᠢᠭ᠌ᠰᠡᠨ᠂ ᠠᠵᠤ ᠦᠶ᠋ᠯᠡᠳᠪᠦᠷᠢᠵᠢᠭ᠌ᠰᠡᠨ᠂ ᠵᠠᠬ᠎ᠠ ᠳᠡᠯᠭᠡᠭᠦᠷᠴᠢᠯᠡᠭ᠌ᠰᠡᠨ ᠭᠤᠷᠪᠠᠨ ᠶᠡᠬᠡ ᠰᠡᠳᠭᠢᠬᠦᠶ ᠢ᠋ᠢ ᠪᠠᠲᠤ ᠪᠣᠶ ᠪᠣᠯᠭᠠᠨ《ᠭᠠᠵᠠᠷ ᠤᠰᠤ ᠡᠭᠦᠯᠳᠡᠷ ᠮᠡᠷᠭᠡᠵᠢᠯ᠂ ᠠᠮᠤ ᠪᠤᠳᠠᠭ᠎ᠠ ᠮᠢᠬ᠎ᠠ ᠰᠦ ᠡᠪᠡᠰᠦ᠂ ᠬᠡᠯᠬᠢᠶ᠎ᠠ ᠦᠢᠯᠡᠴᠢᠯᠡᠭᠡ ᠠᠭᠤᠰᠤᠯᠴᠠᠯ ᠦᠭᠡᠷᠡᠴᠢᠯᠡᠯᠲᠡ》ᠵᠢᠨ 12 ᠭᠤᠤᠯᠳᠠᠯᠭ᠎ᠠ ᠢ᠋ᠢ ᠴᠢᠩᠭ᠎ᠠ ᠡᠵᠡᠮᠳᠡᠵᠦ᠍᠂ ᠭᠤᠤᠯ ᠵᠥᠷᠢᠴᠡᠯ ᠢ᠋ ᠠᠳᠭᠤᠬᠤ᠂ ᠪᠣᠭᠣᠮᠢ ᠬᠢᠵᠠᠭᠠᠷᠯᠠᠯ ᠢ᠋ ᠡᠪᠳᠡᠬᠦ᠌᠂ ᠪᠠᠷᠠᠯᠡᠯᠳᠤ ᠵᠢᠨ ᠴᠢᠨᠠᠷᠳᠠᠢ ᠪᠠᠢᠷᠢᠱᠢᠭᠤᠯᠤᠯᠲᠠ ᠢ᠋ᠢ ᠴᠢᠬᠤᠯᠠᠴᠢᠯᠠᠬᠤ ᠲᠠᠯ᠎ᠠ ᠪᠠᠷ ᠬᠦᠴᠦ ᠤᠷᠤᠭᠤᠯᠤᠨ ᠠᠵᠢᠯ ᠤ᠋ᠨ ᠨᠠᠢᠳᠠᠪᠤᠷᠢᠵᠢᠭᠤᠯᠤᠯᠲᠠ ᠢ᠋ᠢ ᠠᠬᠢᠭᠤᠯᠤᠨ᠎ᠠ ᠬᠡᠵᠤ ᠲᠠᠨᠢᠯᠴᠠᠭᠤᠯᠪᠠ᠃
ᠥᠪᠡᠷᠲᠡᠭᠡᠨ ᠵᠠᠰᠠᠬᠤ ᠣᠷᠣᠨ ᠤ᠋ ᠠᠷᠠᠳ ᠤ᠋ᠨ ᠲᠥᠯᠥᠭᠡᠯᠡᠭ᠌ᠴᠢᠳ ᠤ᠋ᠨ ᠶᠡᠬᠡ ᠬᠤᠷᠠᠯ ᠤ᠋ᠨ ᠲᠥᠯᠥᠭᠡᠯᠡᠭ᠌ᠴᠢ᠂ ᠬᠥᠬᠡᠬᠣᠲᠠ ᠢ᠋ᠢᠨ ᠪᠣᠭᠣᠮᠲᠠ ᠢ᠋ᠢᠨ ᠳᠠᠷᠤᠭ᠎ᠠ᠂ ᠨᠠᠮ ᠤ᠋ᠨ ᠬᠣᠷᠢᠶ᠎ᠠ ᠢ᠋ᠢᠨ ᠱᠦᠵᠢ ᠵᠠᠩ ᠶᠠᠨ᠂ ᠤᠢ᠍ᠢᠷᠠ ᠢ᠋ᠢᠨ ᠵᠢᠯ ᠳ᠋ᠤ ᠬᠥᠬᠡᠬᠣᠲᠠ ᠥᠨᠳᠥᠷ ᠲᠦᠪᠱᠢᠨ ᠪᠦᠬᠦᠢ ᠭᠠᠳᠠᠭᠠᠳᠤ ᠨᠡᠭᠡᠭᠡᠯᠳᠠ ᠢ᠋ᠢ ᠦᠷᠭᠦᠯᠵᠢᠯᠡᠨ ᠥᠷᠭᠡᠳᠭᠡᠵᠦ᠍᠂ ᠮᠠᠨ ᠤ᠋ ᠤᠯᠤᠰ ᠤ᠋ᠨ ᠤᠮᠠᠷᠠᠰᠢ ᠨᠡᠭᠡᠭᠡᠯᠳᠠ ᠬᠢᠬᠦ᠌ ᠴᠢᠬᠤᠯᠠ ᠪᠡᠬᠢᠯᠡᠯᠲᠡ ᠢ᠋ᠢ ᠴᠣᠭ᠍ᠴᠠᠯᠠᠬᠤ ᠲᠠᠯ᠎ᠠ ᠪᠠᠷ ᠣᠷᠣᠨ ᠤ᠋ ᠲᠥᠪ ᠤ᠋ᠨ ᠱᠢᠨ᠎ᠡ ᠵᠢᠳᠬᠦᠯ ᠴᠢᠷᠮᠠᠢᠯᠭ᠎ᠠ ᠢ᠋ᠢ ᠲᠠᠰᠤᠷᠠᠯᠳᠠ ᠦᠭᠡᠢ ᠢᠯᠡᠷᠡᠭᠦᠯᠪᠡ᠃ ᠲᠠᠷᠠᠭᠠᠴᠢ ᠪᠡᠷ ᠪᠢᠳᠡ ᠬᠥᠬᠡᠬᠣᠲᠠ᠂ ᠤᠯᠠᠭᠠᠨᠴᠠᠪ ᠤ᠋ᠨ ᠳᠤᠮᠳᠠᠳᠤ ᠧᠦ᠋ᠷᠣᠫᠠ ᠢ᠋ᠢᠨ ᠵᠢᠱᠢᠶᠠᠨ ᠤ᠋ ᠭᠠᠯᠲᠤ ᠲᠡᠷᠭᠡ ᠢ᠋ᠢᠨ ᠲᠥᠪᠯᠡᠷᠡᠭᠦᠯᠦᠨ ᠲᠠᠷᠬᠠᠭᠠᠬᠤ ᠲᠥᠪ ᠢ᠋ ᠲᠦᠷᠭᠡᠳᠭᠡᠨ ᠪᠠᠢᠭᠤᠯᠬᠤ ᠢ᠋ᠢ ᠪᠥᠬᠥ᠌ ᠬᠦᠴᠦᠨ ᠢ᠋ᠢᠡᠷ ᠢ᠋ᠢᠡᠨ ᠳᠡᠮᠵᠢᠵᠦ᠍᠂ ᠬᠤᠯᠪᠤᠭᠳᠠᠯ ᠪᠥᠬᠥᠶ ᠰᠠᠯᠠᠭ᠎ᠠ ᠮᠥᠴᠢᠷ ᠲᠠᠢ ᠬᠠᠮᠲᠤᠷᠠᠨ ᠳᠤᠮᠳᠠᠳᠤ ᠧᠦ᠋ᠷᠣᠫᠠ ᠢ᠋ᠢᠨ ᠵᠢᠱᠢᠶᠠᠨ ᠤ᠋ ᠭᠠᠯᠲᠤ ᠲᠡᠷᠭᠡ ᠵᠢᠨ 《ᠭᠠᠷ ᠳᠠᠮᠵᠢᠪᠠᠴᠤ ᠠᠰᠢᠭ ᠬᠦᠷᠲᠡᠭᠦ ᠦᠭᠡᠢ》 ᠠᠰᠠᠭᠤᠳᠠᠯ ᠢ᠋ ᠢᠳᠡᠪᠬᠢᠲᠡᠶ ᠰᠤᠳᠤᠯᠤᠨ ᠱᠢᠶ᠋ᠳᠪᠦᠷᠢᠯᠡᠵᠦ᠍᠂ 《ᠳᠤᠮᠳᠠ ᠵᠠᠮ》 ᠤ᠋ᠨ ᠳᠤᠮᠳᠠᠳᠤ ᠧᠦ᠋ᠷᠣᠫᠠ ᠢ᠋ᠢᠨ ᠵᠢᠱᠢᠶᠠᠨ ᠤ᠋ ᠭᠠᠯᠲᠤ ᠲᠡᠷᠭᠡ ᠢ᠋ᠢᠨ ᠪᠠᠭ᠍ᠲᠠᠭᠠᠮᠵᠢ ᠢ᠋ᠢ ᠥᠷᠭᠡᠳᠭᠡᠨ ᠴᠢᠨᠠᠷ ᠢ᠋ ᠳᠡᠭᠡᠭ᠌ᠰᠢᠯᠡᠭᠦᠯᠬᠦ᠌ ᠳ᠋ᠤ ᠦᠶ᠋ᠯᠡᠴᠢᠯᠡᠨᠡ ᠬᠡᠵᠤ ᠢᠯᠡᠷᠬᠡᠢᠯᠡᠵᠤ ᠪᠠᠢᠯ᠎ᠠ᠃
《ᠪᠡᠯᠴᠢᠭᠡᠷ ᠤ᠋ᠨ ᠲᠠᠭᠠᠭᠠᠴᠠ ᠡᠴᠡ ᠬᠡᠳᠤᠷᠠᠳᠡᠯᠠ ᠪᠡᠯᠴᠢᠭᠡᠷᠯᠡᠭᠦᠯᠬᠦ᠌ ᠠᠰᠠᠭᠤᠳᠠᠯ ᠢ᠋ ᠪᠥᠬᠥ᠌ ᠲᠠᠯ᠎ᠠ ᠪᠠᠷ ᠱᠢᠶ᠋ᠳᠪᠦᠷᠢᠯᠡᠨᠠ》᠂ 《ᠡᠬᠢ ᠪᠠᠶᠠᠯᠢᠭ ᠢ᠋ ᠨᠡᠭᠡᠭᠡᠨ ᠬᠥᠭ᠌ᠵᠢᠭᠦᠯᠵᠦ᠍ ᠤᠨᠳᠤᠤᠱᠢᠭᠤᠯᠤᠨ ᠠᠰᠢᠭᠯᠠᠬᠤ ᠳᠠᠯᠳᠠ ᠴᠢᠳᠠᠪᠤᠷᠢ ᠢ᠋ᠢ ᠭᠦᠨᠵᠡᠭᠡᠶ ᠠᠭᠤᠳᠠᠯᠤᠨ᠎ᠠ》᠂《ᠠᠮᠢ ᠠᠬᠤᠶ ᠣᠷᠴᠢᠨ ᠲᠣᠭᠣᠷᠢᠨ ᠤ᠋ ᠲᠣᠪᠣᠢᠮ᠎ᠠ ᠠᠰᠠᠭᠤᠳᠠᠯ ᠢ᠋ ᠱᠢᠶ᠋ᠳᠪᠦᠷᠢᠯᠡᠨᠠ》᠂ 《〈ᠲᠠᠪᠤᠨ ᠶᠡᠬᠡ ᠡᠭᠦᠷᠭᠡ〉 ᠶ᠋ᠢ ᠱᠢᠰᠲ᠋ᠧᠮ ᠲᠠᠢ ᠠᠬᠢᠭᠤᠯᠵᠤ᠂ 〈ᠵᠢᠷᠭᠤᠭᠠᠨ ᠢᠨᠵᠧᠨᠧᠷᠢᠩ〉 ᠢ᠋ ᠦᠷᠭᠦᠯᠵᠢᠯᠡᠨ ᠬᠡᠷᠡᠭ᠌ᠵᠢᠭᠦᠯᠵᠦ᠍᠂〈ᠵᠢᠷᠭᠤᠭᠠᠨ ᠠᠵᠢᠯᠯᠠᠭ᠎ᠠ〉 ᠶ᠋ᠢ ᠵᠣᠬᠢᠶᠠᠨ ᠪᠠᠢᠭᠤᠯᠤᠨ ᠥᠷᠨᠢᠭᠦᠯᠵᠦ᠍᠂ ᠡᠬᠡ ᠤᠯᠤᠰ ᠤ᠋ᠨ ᠤᠮᠠᠷᠠᠲᠤ ᠢ᠋ᠢᠨ ᠡᠨᠡ ᠬᠦ᠌ ᠦᠵᠡᠮᠵᠢ ᠢ᠋ᠢᠨ ᠣᠷᠣᠨ ᠢ᠋ ᠨᠠᠩ ᠦᠵᠡᠰᠭᠦᠯᠡᠩᠲᠦ ᠰᠠᠢᠬᠠᠨ ᠪᠣᠯᠭᠠᠨ ᠪᠥᠲᠥᠭᠡᠨ ᠪᠠᠢᠭᠤᠯᠤᠨ᠎ᠠ》 ᠁ ᠲᠥᠯᠥᠭᠡᠯᠡᠭ᠌ᠴᠢᠳ ᠭᠡᠱᠢᠭᠦᠳ ᠰᠠᠨᠠᠯ ᠰᠠᠨᠠᠭᠤᠯᠭ᠎ᠠ ᠳᠤᠷᠠᠳᠴᠤ᠌᠂ ᠢᠳᠡᠪᠬᠢᠲᠡᠶ ᠪᠡᠷ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ ᠲᠡᠪᠰᠢᠬᠦᠯᠦᠨ᠎ᠠ᠃
ᠥᠪᠡᠷᠲᠡᠭᠡᠨ ᠵᠠᠰᠠᠬᠤ ᠣᠷᠣᠨ ᠤ᠋ ᠲᠦᠯᠦᠬᠡ ᠠᠷᠭ᠎ᠠ ᠰᠦᠪᠡᠭ᠌ᠴᠢᠯᠡᠵᠦ᠍ ᠤᠷᠤᠨ ᠨᠤᠳᠤᠭᠵᠢᠭᠰᠨᠨ ᠬᠥᠭ᠌ᠵᠢᠯᠲᠡ ᠶ᠋ᠢᠨ ᠵᠠᠮ ᠢ᠋ ᠬᠠᠢᠨ᠎ᠠ
《ᠲᠠᠪᠤᠨ ᠶᠡᠬᠡ ᠡᠭᠦᠷᠭᠡ》 ᠪᠣᠯ ᠬᠦᠨᠳᠦ ᠡᠭᠦᠷᠭᠡ ᠮᠥᠨ᠂ ᠮᠦᠨ ᠴᠤ᠌ ᠠᠵᠠ ᠲᠣᠬᠢᠶᠠᠯ ᠶᠤᠮ᠃
ᠥᠪᠡᠷᠲᠡᠭᠡᠨ ᠵᠠᠰᠠᠬᠤ ᠣᠷᠣᠨ ᠤ᠋ ᠤᠯᠤᠰ ᠤ᠋ᠨ ᠴᠢᠬᠤᠯᠠ ᠡᠨᠧᠷᠭᠢ ᠪᠠ ᠪᠠᠢᠯᠳᠤᠬᠤ ᠪᠣᠳᠣᠯᠭ᠎ᠠ ᠶ᠋ᠢᠨ ᠡᠬᠢ ᠪᠠᠶᠠᠯᠢᠭ ᠤ᠋ᠨ ᠰᠠᠭᠤᠷᠢᠨ ᠢ᠋ ᠪᠥᠲᠥᠭᠡᠨ ᠪᠠᠢᠭᠤᠯᠬᠤ ᠳ᠋ᠦ ᠠᠩᠬᠠᠷᠤᠯ ᠢ᠋ᠶ᠋ᠠᠨ ᠲᠥᠪᠯᠡᠷᠡᠭᠦᠯᠵᠦ᠍᠂ ᠤᠯᠠᠭᠠᠨᠬᠠᠳᠠ ᠬᠣᠲᠠ ᠶ᠋ᠢᠨ ᠶᠤᠸᠠᠨ ᠪᠦᠦ ᠱᠠᠨ ᠲᠣᠭᠣᠷᠢᠭ ᠬᠦᠴᠦ ᠪᠠᠨ ᠲᠥᠪᠯᠡᠷᠡᠭᠦᠯᠦᠨ ᠠᠵᠤ ᠦᠶ᠋ᠯᠡᠳᠪᠦᠷᠢ ᠶ᠋ᠢᠨ ᠠᠵᠤ ᠠᠬᠤᠶ ᠶ᠋ᠢᠨ ᠶᠡᠷᠦᠩᠬᠡᠶ ᠬᠡᠮᠵᠢᠶ᠎ᠡ ᠵᠢ ᠪᠤᠵᠠᠭᠠᠢᠷᠠᠭᠤᠯᠵᠤ᠂ ᠠᠵᠤ ᠦᠶ᠋ᠯᠡᠳᠪᠦᠷᠢ ᠶ᠋ᠢᠨ ᠳᠠᠬᠢᠨ ᠢ᠋ᠶ᠋ᠠᠷ ᠨᠡᠮᠡᠭ᠌ᠳᠡᠬᠦ᠌ ᠵᠢ ᠲᠦᠷᠭᠡᠳᠭᠡᠨ ᠪᠡᠶᠡᠯᠡᠭᠦᠯᠵᠦ᠍᠂ ᠤᠯᠠᠮᠵᠢᠯᠠᠯᠲᠤ ᠡᠨᠧᠷᠭᠢ ᠶ᠋ᠢᠨ ᠬᠡᠯᠪᠡᠷᠢ ᠵᠢ ᠬᠤᠪᠢᠷᠠᠭᠤᠯᠤᠨ ᠲᠠᠰ ᠳᠡᠪᠱᠢᠬᠦᠯᠬᠦ ᠵᠢ ᠠᠬᠢᠭᠤᠯᠤᠨ᠂ ᠲᠠᠪᠤᠨ ᠶᠡᠬᠡ ᠳᠠᠪᠠᠭᠤᠯᠢᠭ ᠤᠨᠴᠠᠯᠢᠭ᠍ᠳᠤ ᠠᠵᠤ ᠦᠶ᠋ᠯᠡᠰ ᠤ᠋ᠨ ᠪᠦᠯᠦᠭᠵᠢᠯ ᠢ᠋ ᠪᠣᠶ ᠪᠣᠯᠭᠠᠪᠠ ᠃
《ᠲᠠᠷᠠᠭᠠᠴᠢ ᠪᠡᠷ ᠪᠢᠳᠡ ᠣᠲᠣ ᠦᠶ᠎ᠡ ᠶ᠋ᠢᠨ ᠡᠨᠧᠷᠭᠢ ᠶ᠋ᠢᠨ ᠠᠵᠤ ᠠᠬᠤᠶ ᠶ᠋ᠢᠨ ᠠᠵᠢᠯ ᠢ᠋ ᠪᠥᠬᠥ᠌ ᠬᠦᠴᠦᠨ ᠢ᠋ᠶ᠋ᠡᠷ ᠢ᠋ᠶ᠋ᠡᠨ ᠰᠠᠢᠲᠤᠷ ᠬᠢᠨ᠎ᠠ᠃ ᠤᠯᠠᠮᠵᠢᠯᠠᠯᠲᠤ ᠡᠨᠧᠷᠭᠢ ᠶ᠋ᠢᠨ ᠠᠵᠤ ᠦᠶ᠋ᠯᠡᠰ ᠤ᠋ᠨ ᠲᠠᠯ᠎ᠠ ᠪᠠᠷ᠂ ᠳᠡᠭᠡᠳᠦ ᠳᠡᠰᠵᠢᠬᠦᠯᠬᠦ᠂ ᠤᠶᠤᠨᠴᠢᠯᠠᠬᠤ᠂ ᠪᠣᠬᠢᠷᠲᠤᠯ ᠥᠬᠡᠶ ᠪᠣᠯᠭᠠᠬᠤ ᠲᠤᠭᠤᠷᠢᠨ ᠳ᠋ᠤ ᠡᠬᠢ ᠪᠠᠶᠠᠯᠢᠭ ᠢ᠋ ᠠᠱᠢᠭ᠍ᠯᠠᠬᠤ ᠨᠣᠷᠮ᠎ᠠ ᠪᠠ ᠥᠨᠳᠥᠷ ᠥᠷᠲᠡᠭ᠌ᠵᠢᠬᠦᠯᠦᠨ ᠠᠱᠢᠭ᠍ᠯᠠᠬᠤ ᠲᠦᠪᠰᠢᠨ ᠢ᠋ ᠲᠠᠰᠤᠷᠠᠯᠲᠠ ᠥᠬᠡᠶ ᠳᠡᠭᠡᠭ᠌ᠰᠢᠯᠡᠭᠦᠯᠦᠨᠡ᠃ ᠱᠢᠨ᠎ᠡ ᠡᠨᠧᠷᠭᠢ ᠶ᠋ᠢᠨ ᠠᠵᠤ ᠦᠶ᠋ᠯᠡᠰ ᠤ᠋ᠨ ᠲᠠᠯ᠎ᠠ ᠪᠠᠷ᠂ ᠪᠣᠬᠢᠷᠲᠤᠯ ᠥᠬᠡᠶ ᠤᠰᠤᠲᠥ᠋ᠷᠥᠭ᠌ᠴᠢᠳᠤ ᠱᠢᠪᠲᠦᠷ ᠢ᠋ᠶ᠋ᠡᠷ ᠭᠤᠤᠯ ᠪᠣᠯᠭᠠᠭ᠍ᠰᠠᠨ 《ᠱᠢᠨ᠎ᠡ ᠴᠢᠯᠠᠭᠤᠨ ᠲᠣᠰᠣ》 ᠶ᠋ᠢᠨ ᠲᠥᠪ ᠢ᠋ ᠪᠦᠳᠦᠬᠡᠨ ᠪᠠᠢᠭᠤᠯᠤᠨ᠎ᠠ᠃ ᠪᠠᠢᠯᠳᠤᠬᠤ ᠪᠣᠳᠣᠯᠭ᠎ᠠ ᠶ᠋ᠢᠨ ᠡᠬᠢ ᠪᠠᠶᠠᠯᠢᠭ ᠤ᠋ᠨ ᠠᠵᠤ ᠦᠶ᠋ᠯᠡᠰ ᠤ᠋ᠨ ᠲᠠᠯ᠎ᠠ ᠪᠠᠷ᠂ ᠱᠢᠨ᠎ᠡ ᠴᠢᠨᠠᠷ ᠤ᠋ᠨ ᠦᠶ᠋ᠯᠡᠳᠪᠦᠷᠢᠯᠡᠯ ᠤ᠋ᠨ ᠬᠦᠴᠦᠨ ᠤ᠋ 7 ᠲᠥᠷᠥᠯ ᠵᠦᠶ᠋ᠯ ᠢ᠋ ᠭᠤᠤᠯᠳᠠᠯᠭ᠎ᠠ ᠲᠠᠶ ᠬᠡᠷᠡᠭ᠌ᠵᠢᠭᠦᠯᠵᠦ᠍᠂ ᠪᠠᠢᠯᠳᠤᠬᠤ ᠪᠣᠳᠣᠯᠭ᠎ᠠ ᠶ᠋ᠢᠨ ᠡᠬᠢ ᠪᠠᠶᠠᠯᠢᠭ ᠢ᠋ ᠴᠢᠨᠠᠷ ᠰᠠᠢᠲᠠᠶ ᠨᠡᠭᠡᠭᠡᠨ ᠬᠥᠭ᠌ᠵᠢᠭᠦᠯᠵᠦ᠍ ᠠᠱᠢᠭ᠍ᠯᠠᠬᠤ ᠵᠢ ᠠᠬᠢᠭᠤᠯᠤᠨ᠎ᠠ》ᠭᠡᠵᠦ ᠥᠪᠡᠷᠲᠡᠭᠡᠨ ᠵᠠᠰᠠᠬᠤ ᠣᠷᠣᠨ ᠤ᠋ ᠠᠷᠠᠳ ᠤ᠋ᠨ ᠲᠦᠯᠦᠬᠡᠯᠡᠭᠴᠢᠳ ᠤ᠋ᠨ ᠶᠡᠬᠡ ᠬᠤᠷᠠᠯ ᠤ᠋ᠨ ᠲᠥᠯᠥᠭᠡᠯᠡᠭ᠌ᠴᠢ᠂ ᠤᠯᠠᠭᠠᠨᠬᠠᠳᠠ ᠬᠣᠲᠠ ᠶ᠋ᠢᠨ ᠶᠤᠸᠠᠨ ᠪᠦᠦ ᠱᠠᠨ ᠲᠣᠭᠣᠷᠢᠭ ᠤ᠋ᠨ ᠳᠠᠷᠤᠭ᠎ᠠ ᠵᠠᠩ ᡁᠢ ᠸᠧᠶ ᠬᠡᠯᠡᠨ᠎ᠠ᠃
ᠪᠠᠶᠠᠨᠨᠠᠭᠤᠷ ᠬᠤᠲᠠ ᠬᠠᠲᠤᠨ ᠭᠣᠣᠯ ᠤ᠋ᠨ《ᠶᠡᠬᠡ ᠲᠤᠬᠤᠢ》 ᠶ᠋ᠢᠨ ᠪᠣᠭᠣᠮᠲᠠ ᠱᠢᠪᠲᠤᠯᠬᠤ ᠳᠠᠢᠯᠠᠯᠳᠤᠭᠠᠨ ᠤ᠋ ᠢᠯᠠᠯᠲᠠ ᠵᠢ ᠤᠯᠬᠤ ᠭᠣᠣᠯ ᠬᠦᠴᠦᠨ ᠴᠡᠷᠢᠭ ᠪᠣᠯᠤᠭ᠍ᠰᠠᠨ ᠤ᠋ ᠬᠤᠪᠢ ᠳ᠋ᠦ᠂ ᠨᠢᠭᠡᠨᠲᠡ ᠠᠮᠢ ᠠᠬᠤᠢ ᠵᠢ ᠠᠵᠤ ᠦᠢᠯᠡᠰᠵᠢᠭᠦᠯᠬᠦ᠌᠂ ᠠᠵᠤ ᠦᠢᠯᠡᠰ ᠢ᠋ ᠠᠮᠢ ᠠᠬᠤᠢ᠌ᠵᠢᠭᠤᠯᠬᠤ ᠴᠢᠨᠠᠷ ᠰᠠᠢᠲᠠᠢ ᠬᠥᠭ᠌ᠵᠢᠯᠲᠡ ᠶ᠋ᠢᠨ ᠱᠢᠨ᠎ᠡ ᠵᠠᠮ ᠢ᠋ ᠨᠡᠬᠡᠬᠡᠪᠡ᠃
《ᠲᠠᠷᠠᠭᠠᠴᠢ ᠪᠡᠷ ᠪᠢᠳᠡ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ ᠤ᠋ᠨ ᠱᠢᠨ᠎ᠡ ᠵᠢ ᠡᠭᠦᠳᠬᠦ᠌ ᠪᠠ ᠠᠮᠢ ᠠᠬᠤᠶ ᠶ᠋ᠢᠨ ᠪᠥᠲᠥᠭᠡᠨ ᠪᠠᠢᠭᠤᠯᠤᠯᠲᠠ ᠵᠢᠴᠢ ᠠᠮᠢ ᠠᠬᠤᠶ ᠶ᠋ᠢᠨ ᠠᠵᠤ ᠦᠶ᠋ᠯᠡᠰ ᠤ᠋ᠨ ᠭᠦᠨᠵᠡᠭᠡᠶ ᠠᠭᠤᠰᠤᠯᠴᠠᠯ ᠢ᠋ ᠠᠬᠢᠭᠤᠯᠵᠤ᠂ ᠭᠤᠤᠯᠳᠠᠭᠤ ᠤᠰᠤ ᠠᠷᠪᠢᠯᠠᠵᠤ ᠭᠠᠩ ᠬᠠᠭ᠍ᠰᠠᠷᠠᠭᠠᠨ ᠲᠠᠶ ᠲᠡᠮᠡᠴᠡᠵᠦ᠍ ᠣᠢᠵᠢᠭᠤᠯᠬᠤ᠂ ᠠᠵᠤ ᠠᠬᠤᠶ ᠶ᠋ᠢᠨ ᠳᠠᠷᠢᠮᠠᠯ ᠣᠶ ᠵᠢ ᠳᠠᠷᠢᠵᠤ ᠪᠣᠢᠵᠢᠭᠤᠯᠬᠤ ᠮᠡᠷᠭᠡᠵᠢᠯ ᠵᠡᠷᠭᠡ ᠲᠠᠯ᠎ᠠ ᠪᠠᠷ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ ᠤ᠋ᠨ ᠪᠣᠭᠣᠮᠲᠠ ᠱᠢᠪᠲᠤᠯᠤᠯᠲᠠ ᠬᠢᠵᠦ᠍᠂ ᠨᠠᠩ ᠣᠯᠠᠨ ᠪᠣᠯᠪᠠᠰᠤᠷᠠᠩᠭᠤᠶ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ ᠤ᠋ᠨ ᠦᠷ᠎ᠡ ᠪᠦᠲᠦᠭᠡᠯ ᠢ᠋ 〈ᠤᠮᠠᠷᠠᠲᠤ ᠶ᠋ᠢᠨ ᠭᠤᠷᠪᠠᠨ ᠣᠷᠣᠨ〉 ᠤ᠋ ᠢᠨᠵᠧᠨᠧᠷᠢᠩ ᠤ᠋ᠨ ᠪᠥᠲᠥᠭᠡᠨ ᠪᠠᠢᠭᠤᠯᠤᠯᠲᠠ ᠳ᠋ᠦ ᠬᠡᠷᠡᠭ᠌ᠯᠡᠨᠡ》 ᠭᠡᠵᠦ ᠥᠪᠡᠷᠲᠡᠭᠡᠨ ᠵᠠᠰᠠᠬᠤ ᠣᠷᠣᠨ ᠤ᠋ ᠤᠯᠤᠰ ᠲᠥᠷᠥ ᠶ᠋ᠢᠨ ᠵᠥᠪᠯᠡᠯᠭᠡᠨ ᠤ᠋ ᠭᠡᠱᠢᠭᠦᠨ᠂ ᠪᠠᠶᠠᠨᠨᠠᠭᠤᠷ ᠬᠣᠲᠠ ᠶ᠋ᠢᠨ ᠤᠯᠤᠰ ᠲᠥᠷᠥ ᠶ᠋ᠢᠨ ᠵᠥᠪᠯᠡᠯᠭᠡᠨ ᠤ᠋ ᠳᠡᠳ᠋ ᠲᠡᠷᠢᠭᠦᠯᠡᠭ᠌ᠴᠢ᠂ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ ᠤ᠋ᠨ ᠨᠡᠢᠭᠡᠮᠯᠢᠭ ᠤ᠋ᠨ ᠲᠡᠷᠢᠭᠦᠯᠡᠭ᠌ᠴᠢ ᠬᠡᠷᠡᠯ ᠬᠡᠯᠡᠨ᠎ᠠ᠃
ᠠᠷᠠᠳ ᠲᠦᠮᠡᠨ ᠳ᠋ᠦ ᠠᠱᠢᠭ ᠲᠤᠰᠠ ᠬᠦᠷᠳᠡᠭᠡᠵᠦ ᠠᠮᠤᠷ ᠲᠦᠪᠱᠢᠨ ᠤ᠋ ᠲᠦᠷᠦᠭ᠌ᠳᠡᠯ ᠵᠢᠷᠭᠠᠯᠲᠤ ᠲᠦᠷᠦᠭ᠌ᠳᠡᠯ ᠢ᠋ ᠨᠡᠮᠡᠭᠳᠡᠬᠦᠯᠦᠨ᠎ᠠ
《ᠲᠠᠪᠤᠨ ᠶᠡᠬᠡ ᠡᠭᠦᠷᠭᠡ》 ᠪᠣᠯ ᠮᠠᠨ ᠤ᠋ ᠣᠷᠣᠨ ᠤ᠋ ᠬᠥᠲᠥᠯᠥᠨ ᠳᠠᠭᠠᠭᠤᠯᠬᠤ ᠴᠢᠨᠠᠷᠲᠠᠶ᠂ ᠰᠠᠭᠤᠷᠢᠯᠠᠬᠤ ᠴᠢᠨᠠᠷᠲᠠᠶ᠂ ᠵᠠᠩᠭᠢᠯᠠᠭ᠎ᠠ ᠶ᠋ᠢᠨ ᠴᠢᠨᠠᠷᠲᠠᠶ ᠠᠵᠢᠯ ᠤ᠋ᠨ ᠲᠥᠪᠯᠡᠷᠡᠩᠬᠦᠢ ᠪᠤᠭᠤᠮᠳᠠ ᠱᠢᠪᠲᠤᠯᠤᠯᠳᠠ ᠮᠦᠨ᠃ ᠲᠡᠬᠦᠨ ᠤ᠋ ᠠᠰᠢᠭ ᠬᠦᠷᠳᠡᠭᠴᠢ ᠪᠤᠯ ᠥᠷᠭᠡᠨ ᠣᠯᠠᠨ ᠠᠷᠠᠳ ᠲᠦᠮᠡᠨ ᠶᠤᠮ ᠃
《ᠨᠠᠳᠠ ᠳ᠋ᠤ ᠦᠭᠬᠦᠭᠰᠡᠨ ᠬᠠᠮᠤᠭ ᠤ᠋ᠨ ᠱᠢᠭᠤᠳ ᠲᠥᠷᠥᠭ᠌ᠳᠡᠯ ᠪᠣᠯ ᠲᠩᠷᠢ ᠨᠠᠩ ᠴᠡᠯᠮᠡᠭ᠂ ᠤᠰᠤ ᠨᠠᠩ ᠲᠤᠩᠭᠠᠯᠠᠭ᠂ ᠠᠭᠠᠷ ᠨᠠᠩ ᠴᠡᠪᠡᠷ ᠪᠤᠯᠵᠠᠢ᠃ ᠪᠥᠬᠥ᠌ ᠲᠠᠯ᠎ᠠ ᠪᠠᠷ ᠵᠠᠰᠠᠭ᠍ᠰᠠᠨ ᠤ᠋ ᠳᠠᠷᠠᠭᠠᠬᠢ ᠠᠭᠤᠷᠬᠠᠶ ᠨᠢ ᠴᠡᠴᠡᠷᠯᠢᠭ ᠪᠣᠯᠵᠣ᠂ ᠬᠣᠲᠠ ᠶ᠋ᠢᠨ ᠠᠷᠠᠳ ᠤ᠋ᠨ ᠵᠣᠨ ᠤ᠋ ᠤᠯᠠᠷᠢᠯ ᠵᠢᠡᠷ ᠵᠤᠭᠠᠯᠠᠬᠤ ᠱᠢᠨ᠎ᠡ ᠭᠠᠵᠠᠷ ᠪᠣᠯᠵᠣ᠂ ᠠᠷᠠᠳ ᠣᠯᠠᠨ ᠤ᠋ ᠵᠣᠯ ᠵᠢᠷᠭᠠᠯ ᠤ᠋ᠨ ᠵᠢᠭᠠᠯᠲᠠ ᠲᠣᠭ᠎ᠠ ᠳᠠᠬᠢᠨ ᠢ᠋ᠶ᠋ᠠᠷ ᠨᠡᠮᠡᠭ᠌ᠳᠡᠪᠡ》 ᠭᠡᠵᠦ ᠥᠪᠡᠷᠲᠡᠭᠡᠨ ᠵᠠᠰᠠᠬᠤ ᠣᠷᠣᠨ ᠤ᠋ ᠠᠷᠠᠳ ᠤ᠋ᠨ ᠲᠥᠯᠥᠭᠡᠯᠡᠭ᠌ᠴᠢᠳ ᠤ᠋ᠨ ᠶᠡᠬᠡ ᠬᠤᠷᠠᠯ ᠤ᠋ᠨ ᠲᠥᠯᠥᠭᠡᠯᠡᠭ᠌ᠴᠢ᠂ ᠥᠪᠥᠷ ᠮᠣᠩᠭᠣᠯ ᠤ᠋ᠨ ᠴᠤᠸᠠᠩ ᠶᠤᠸᠠᠨ ᠲᠡᠮᠦᠷᠯᠢᠭ ᠤ᠋ᠨ ᠬᠢᠵᠠᠭᠠᠷᠲᠤ ᠺᠣᠮᠫᠠᠨᠢ ᠶ᠋ᠢᠨ ᠶᠠᠰᠤ ᠴᠢᠨᠠᠷ ᠤ᠋ᠨ ᠬᠠᠮᠢᠶᠠᠷᠤᠯᠲᠠ ᠶ᠋ᠢᠨ ᠭᠠᠵᠠᠷ ᠤ᠋ᠨ ᠳᠠᠷᠤᠭ᠎ᠠ ᠶᠠᠩ ᠹᠧᠩ 《ᠲᠥᠯᠥᠭᠡᠯᠡᠭ᠌ᠴᠢᠳ ᠤ᠋ᠨ ᠰᠤᠷᠪᠤᠯᠵᠢᠯᠠᠭ᠎ᠠ ᠬᠦᠯᠢᠶᠡᠬᠦ ᠵᠠᠮ》 ᠳᠡᠭᠡᠷ᠎ᠡ ᠬᠣᠣᠯᠢᠨ ᠭᠣᠣᠯ ᠬᠣᠲᠠ ᠶ᠋ᠢᠨ ᠪᠣᠬᠢᠷᠲᠤᠯ ᠦᠭᠡᠢ ᠬᠥᠭ᠌ᠵᠢᠯᠲᠡ ᠶ᠋ᠢᠨ ᠠᠷᠠᠳ ᠤ᠋ᠨ ᠠᠮᠢᠳᠤᠷᠠᠯ ᠳ᠋ᠦ ᠠᠪᠴᠢᠷᠠᠭᠰᠠᠨ ᠠᠱᠢᠭ ᠲᠤᠰᠠ ᠵᠢ ᠶᠠᠷᠢᠯ᠎ᠠ᠃
ᠮᠠᠨ ᠤ᠋ ᠤᠯᠤᠰ ᠤ᠋ᠨ ᠤᠮᠠᠷᠠᠲᠤ ᠶ᠋ᠢᠨ ᠴᠢᠬᠤᠯᠠ ᠠᠮᠢ ᠠᠬᠤᠢ ᠶ᠋ᠢᠨ ᠠᠮᠤᠷ ᠲᠦᠪᠱᠢᠨ ᠤ᠋ ᠬᠠᠯᠬᠠᠪᠴᠢ ᠶ᠋ᠢᠨ ᠪᠦᠳᠦᠭᠡᠨ ᠪᠠᠢᠭᠤᠯᠤᠯᠲᠠ ᠨᠢ ᠠᠮᠢ ᠠᠬᠤᠢ ᠶ᠋ᠢᠨ ᠪᠦᠳᠦᠭᠡᠨ ᠪᠠᠢᠭᠤᠯᠤᠯᠲᠠ ᠲᠡᠳᠦᠢ ᠪᠢᠰᠢ ᠂ ᠨᠡᠩ ᠴᠤ᠌ ᠦᠢᠯᠡᠳᠪᠦᠷᠢᠯᠡᠯ ᠤ᠋ᠨ ᠠᠷᠭ᠎ᠠ ᠬᠡᠯᠪᠡᠷᠢ᠂ ᠬᠥᠭ᠌ᠵᠢᠯᠲᠡ ᠶ᠋ᠢᠨ ᠠᠷᠭ᠎ᠠ ᠬᠡᠯᠪᠡᠷᠢ ᠶ᠋ᠢᠨ ᠭᠦᠨᠵᠡᠭᠡᠢ ᠬᠤᠪᠢᠰᠤᠯᠲᠠ ᠪᠤᠯᠬᠤ ᠶᠤᠮ᠃
ᠡᠷᠭᠦᠨ᠎ᠡ ᠬᠣᠲᠠ ᠥᠪᠥᠷ ᠮᠣᠩᠭᠣᠯ ᠤ᠋ᠨ ᠬᠠᠮᠤᠭ ᠤ᠋ᠨ ᠬᠣᠢᠲᠤ ᠪᠠᠶ᠎ᠠ ᠳ᠋ᠤ ᠣᠷᠣᠱᠢᠵᠤ ᠂ ᠡᠨᠳᠡ 674.89 ᠺᠢᠯᠣᠮᠧᠲ᠋ᠷ ᠤᠷᠲᠤ ᠳᠤᠮᠳᠠᠳᠤ ᠣᠷᠣᠰ ᠤ᠋ᠨ ᠬᠢᠯᠢ ᠶ᠋ᠢᠨ ᠱᠤᠭᠤᠮ ᠲᠠᠶ ᠶᠤᠮ᠃ ᠥᠩᠭᠡᠷᠡᠭ᠌ᠰᠡᠨ ᠨᠢᠭᠡ ᠵᠢᠯ ᠳ᠋ᠦ ᠡᠷᠭᠦᠨ᠎ᠡ ᠬᠣᠲᠠ ᠬᠢᠯᠢ ᠬᠢᠵᠠᠭᠠᠷ ᠢ᠋ ᠰᠠᠬᠢᠨ ᠬᠠᠮᠠᠭᠠᠯᠠᠬᠤ᠂ ᠨᠡᠢᠭᠡᠮ ᠤ᠋ᠨ ᠵᠠᠰᠠᠯᠲᠠ᠂ ᠠᠶᠤᠯ ᠲᠦᠭ᠌ᠰᠢᠭᠦᠷᠢ ᠵᠢ ᠰᠡᠷᠭᠡᠢᠯᠡᠨ ᠠᠷᠢᠯᠭᠠᠬᠤ ᠵᠡᠷᠭᠡ ᠡᠯ᠎ᠡ ᠵᠦᠶ᠋ᠯ ᠤ᠋ᠨ ᠠᠵᠢᠯ ᠢ᠋ ᠪᠥᠬᠥ᠌ ᠬᠦᠴᠦᠨ ᠢ᠋ᠶ᠋ᠡᠷ ᠢ᠋ᠶ᠋ᠡᠨ ᠰᠠᠢᠲᠤᠷ ᠬᠢᠵᠦ᠍᠂ ᠬᠢᠯᠢ ᠬᠢᠵᠠᠭᠠᠷ ᠢ᠋ ᠬᠠᠮᠢᠶᠠᠷᠤᠨ ᠡᠵᠡᠮᠳᠡᠬᠦ᠌ ᠴᠢᠳᠠᠪᠤᠷᠢ ᠨᠢ ᠢᠯᠡᠳᠲᠡ ᠴᠢᠩᠭᠠᠷᠠᠨ᠂ ᠪᠣᠳᠠᠲᠤ ᠠᠵᠢᠯᠯᠠᠭ᠎ᠠ ᠪᠠᠷ ᠢ᠋ᠶ᠋ᠠᠨ ᠡᠬᠡ ᠤᠯᠤᠰ ᠤ᠋ᠨ ᠤᠮᠠᠷᠠᠲᠤ ᠶ᠋ᠢᠨ ᠠᠮᠤᠷ ᠲᠦᠪᠱᠢᠨ ᠲᠣᠭ᠍ᠲᠠᠭᠤᠨ ᠤ᠋ ᠬᠠᠯᠬᠠᠪᠴᠢ ᠵᠢ ᠨᠠᠩ ᠪᠠᠲᠤ ᠪᠠᠬᠢ ᠴᠣᠭ᠍ᠴᠠᠯᠠᠪᠠ ᠃
《 ᠪᠢᠳᠡ ᠡᠬᠡ ᠤᠯᠤᠰ ᠤ᠋ᠨ 〈ᠤᠮᠠᠷᠠᠳᠦ ᠬᠠᠭᠠᠯᠭ᠎ᠠ〉᠂ ᠨᠡᠢᠰᠯᠡᠯ ᠤ᠋ᠨ 〈ᠬᠠᠮᠠᠭᠠᠯᠠᠯᠳᠠ ᠵᠢᠨ ᠭᠤᠤᠯ〉 ᠢ᠋ ᠰᠠᠢᠲᠤᠷ ᠰᠠᠬᠢᠨ ᠬᠠᠮᠠᠭᠠᠯᠠᠬᠤ ᠶ᠋ᠢᠨ ᠬᠠᠮᠲᠤ ᠠᠷᠠᠳ ᠣᠯᠠᠨ ᠳ᠋ᠦ ᠦᠨᠡᠨ ᠪᠣᠳᠠᠲᠠᠶ ᠬᠦᠷᠲᠡᠮᠵᠢ ᠶ᠋ᠢᠨ ᠲᠥᠷᠥᠭ᠌ᠳᠡᠯ᠂ ᠠᠮᠤᠷ ᠲᠦᠪᠱᠢᠨ ᠤ᠋ ᠲᠥᠷᠥᠭ᠌ᠳᠡᠯ ᠣᠯᠭᠣᠪᠠ》 ᠭᠡᠵᠦ ᠥᠪᠡᠷᠲᠡᠭᠡᠨ ᠵᠠᠰᠠᠬᠤ ᠣᠷᠣᠨ ᠤ᠋ ᠠᠷᠠᠳ ᠤ᠋ᠨ ᠲᠦᠯᠦᠬᠡᠯᠡᠭᠴᠢᠳ ᠤ᠋ᠨ ᠶᠡᠬᠡ ᠬᠤᠷᠠᠯ ᠤ᠋ᠨ ᠲᠥᠯᠥᠭᠡᠯᠡᠭ᠌ᠴᠢ᠂ ᠡᠷᠭᠦᠨ᠎ᠡ ᠬᠣᠲᠠ ᠶ᠋ᠢᠨ ᠨᠠᠮ ᠤ᠋ᠨ ᠬᠣᠷᠢᠶᠠᠨ ᠤ᠋ ᠳᠡᠳ᠋ ᠱᠦᠵᠢ᠂ ᠬᠣᠲᠠ ᠶ᠋ᠢᠨ ᠳᠠᠷᠤᠭ᠎ᠠ ᠭᠧᠩ ᠬᠤᠤ ᠬᠡᠯᠡᠨ᠎ᠠ᠃
ᠪᠤᠤᠬᠢᠶ᠎ᠠ ᠲᠠᠮᠵᠢᠭᠰᠠᠨ ᠰᠢᠷᠭᠠᠭᠤ ᠴᠢᠷᠮᠠᠢᠯᠭ᠎ᠠ ᠪᠡᠷ ᠠᠥᠭᠠ ᠲᠦᠰᠦᠪ ᠢ᠋ ᠪᠠᠶᠠᠯᠡᠬᠦᠯᠵᠤ᠂《ᠲᠠᠪᠤᠨ ᠶᠡᠬᠡ ᠡᠭᠦᠷᠭᠡ》 ᠶ᠋ᠢ ᠡᠷᠡᠰ ᠰᠠᠢᠲᠤᠷ ᠨᠠᠢᠳᠠᠪᠤᠷᠢᠵᠢᠭᠤᠯᠤᠨ᠎ᠠ᠃ ᠥᠪᠥᠷ ᠮᠣᠩᠭᠣᠯ ᠳᠤᠮᠳᠠᠳᠤ ᠤᠯᠤᠰ ᠤ᠋ᠨ ᠮᠠᠶᠢᠭ ᠤ᠋ᠨ ᠣᠳᠣᠬᠢᠴᠢᠯᠠᠯᠲᠠ ᠶ᠋ᠢᠨ ᠱᠢᠨ᠎ᠡ ᠬᠠᠭᠤᠳᠠᠰᠤ ᠵᠢ ᠲᠠᠰᠤᠷᠠᠯᠲᠠ ᠥᠬᠡᠶ ᠪᠢᠴᠢᠭ᠌ᠯᠡᠭᠰᠡᠬᠡᠷ ᠁