ᠸᠸᠨ ᠶᠠᠨ ᠯᠢᠨ ᠲᠥᠯᠥᠭᠡᠯᠡᠭ᠌ᠴᠢ᠄ ᠬᠢᠶᠠᠭ ᠤ᠋ᠨ ᠠᠵᠤ ᠦᠶ᠋ᠯᠡᠰ᠎ᠢ ᠨᠣᠭᠣᠭᠠᠷᠠᠭᠤᠯᠤᠯᠲᠠ᠎ᠶ᠋ᠢ ᠨᠡᠮᠡᠭ᠌ᠳᠡᠭᠦᠯᠵᠦ᠍ ᠠᠷᠠᠳ᠎ᠢ ᠪᠠᠶᠠᠵᠢᠭᠤᠯᠬᠤ ᠱᠢᠨ᠎ᠡ ᠦᠶ᠋ᠯᠡᠰ ᠪᠤᠯᠭᠠᠨ᠎ᠠ
2025-01-16 09:55:42
ᠵᠣᠬᠢᠶᠠᠭ᠍ᠴᠢ᠄
ᠾᠦᠸᠸ ᠱᠢᠶᠤᠤ ᠴᠢᠩ ᠸᠠᠩ ᠱᠢᠶᠤᠤ ᠪᠥᠸᠧ
ᠣᠩᠱᠢᠭ᠍ᠰᠠᠨ ᠣᠳᠠᠭ᠎ᠠ᠄
★★★☆☆

《ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠎ᠳᠦ ᠡᠯᠡᠰᠦ᠎ᠶ᠋ᠢ ᠵᠠᠰᠠᠬᠤ ᠪᠠ ᠤᠰᠤ ᠠᠷᠪᠢᠯᠠᠬᠤ᠎ᠪᠠᠷ ᠵᠢᠯᠣᠭᠣᠳᠤᠮᠵᠢ ᠪᠣᠯᠭᠠᠵᠤ᠂ ᠠᠮᠢ ᠠᠬᠤᠶ᠎ᠶ᠋ᠢᠨ ᠠᠮᠤᠷ ᠲᠦᠪᠱᠢᠨ᠎ᠦ ᠬᠠᠯᠬᠠᠪᠴᠢ᠎ᠶ᠋ᠢᠨ ᠪᠥᠲᠥᠭᠡᠨ ᠪᠠᠢᠭᠤᠯᠤᠯᠲᠠ᠎ᠶ᠋ᠢ ᠪᠥᠬᠥ᠌ ᠬᠦᠴᠦᠨ᠎ᠢᠶᠡᠷ᠎ᠢᠶᠡᠨ ᠠᠬᠢᠭᠤᠯᠤᠨ᠎ᠠ ᠭᠡᠵᠦ᠍ ᠳᠤᠷᠠᠳᠪᠠ᠃ ᠣᠢ ᠱᠢᠭᠤᠶ ᠨᠤᠳᠤᠭ ᠪᠡᠯᠴᠢᠭᠡᠷ ᠤ᠋ᠨ ᠲᠤᠪᠴᠢᠶ᠎ᠠ ᠵᠢᠨ ᠠᠵᠢᠯᠳᠠᠨ ᠪᠣᠯᠤᠭ᠍ᠰᠠᠨ᠎ᠤ ᠬᠤᠪᠢ᠎ᠳᠤ ᠪᠢ ᠦᠪᠡᠷ ᠤ᠋ᠨ ᠬᠠᠷᠢᠭᠤᠴᠠᠯᠭ᠎ᠠ᠎ᠪᠡᠨ ᠬᠦᠨᠳᠤ ᠶᠡᠭᠡ ᠭᠡᠳᠡᠭ ᠢ᠋ ᠬᠦᠨᠵᠡᠭᠡᠢ ᠤᠢᠯᠠᠭᠠᠵᠤ ᠪᠠᠢᠨ᠎ᠠ》 ᠭᠡᠵᠦ᠍ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭ᠌ᠴᠢ᠂ ᠬᠢᠩᠭᠠᠨ ᠠᠢᠮᠠᠭ᠎ᠤᠨ ᠬᠣᠷᠴᠢᠨ ᠪᠠᠷᠠᠭᠤᠨ ᠭᠠᠷᠤᠨ ᠡᠮᠦᠨᠡᠲᠦ ᠬᠣᠱᠢᠭᠤᠨ᠎ᠤ ᠣᠶ ᠱᠢᠭᠤᠶ ᠨᠤᠲᠤᠭ ᠪᠡᠯᠴᠢᠭᠡᠷ᠎ᠦᠨ ᠲᠣᠪᠴᠢᠶ᠎ᠠ᠎ᠶ᠋ᠢᠨ ᠣᠢᠵᠢᠭᠤᠯᠵᠤ ᠨᠣᠭᠣᠭᠠᠷᠠᠭᠤᠯᠬᠤ ᠲᠠᠰᠤᠭ᠎ᠤᠨ ᠳᠠᠷᠤᠭ᠎ᠠ ᠸᠸᠨ ᠶᠠᠨ ᠯᠢᠨ ᠬᠡᠯᠡᠪᠡ᠃


QQ截图20250108151725.png


ᠸᠸᠨ ᠶᠠᠨ ᠯᠢᠨ ᠲᠥᠯᠥᠭᠡᠯᠡᠭ᠌ᠴᠢ


ᠡᠪᠡᠰᠦᠨ᠎ᠦ ᠠᠵᠤ ᠦᠶ᠋ᠯᠡᠰ ᠪᠣᠯ ᠤᠯᠤᠰ᠎ᠤᠨ ᠪᠠᠢᠯᠳᠤᠬᠤ ᠪᠣᠳᠣᠯᠭ᠎ᠠ᠎ᠶ᠋ᠢᠨ ᠴᠢᠨᠠᠷᠲᠠᠶ᠂ ᠰᠠᠭᠤᠷᠢ ᠴᠢᠨᠠᠷᠲᠠᠶ ᠠᠵᠤ ᠦᠶ᠋ᠯᠡᠰ ᠮᠥᠨ᠃ ᠮᠠᠨ᠎ᠤ ᠣᠷᠣᠨ ᠠᠮᠢ ᠠᠬᠤᠶ᠎ᠶ᠋ᠢᠨ ᠪᠣᠳᠠᠲᠤ ᠪᠠᠢᠳᠠᠯ᠎ᠳᠤ ᠰᠠᠭᠤᠷᠢᠯᠠᠨ ᠡᠪᠡᠰᠦᠨ᠎ᠦ ᠠᠵᠤ ᠦᠶ᠋ᠯᠡᠰ᠎ᠦᠨ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ ᠬᠡᠷᠡᠭ᠌ᠲᠡᠶ ᠭᠡᠵᠦ᠍ ᠳᠤᠷᠠᠳᠤᠭ᠍ᠰᠠᠨ᠎ᠨᠢ ᠨᠤᠲᠤᠭ ᠪᠡᠯᠴᠢᠭᠡᠷ᠎ᠦᠨ ᠠᠮᠢ ᠠᠬᠤᠶ᠎ᠶ᠋ᠢ ᠬᠠᠮᠠᠭᠠᠯᠠᠬᠤ ᠪᠠ ᠵᠠᠰᠠᠨ ᠰᠡᠷᠭᠦᠭᠡᠬᠦ᠌᠎ᠶ᠋ᠢ ᠴᠢᠩᠭᠠᠳᠭᠠᠬᠤ᠂ ᠮᠠᠨ᠎ᠤ ᠤᠯᠤᠰ᠎ᠤᠨ ᠤᠮᠠᠷᠠᠲᠤ᠎ᠶ᠋ᠢᠨ ᠴᠢᠬᠤᠯᠠ ᠠᠮᠢ ᠠᠬᠤᠶ᠎ᠶ᠋ᠢᠨ ᠠᠮᠤᠷ ᠲᠦᠪᠱᠢᠨ᠎ᠦ ᠬᠠᠯᠬᠠᠪᠴᠢ ᠪᠠ ᠤᠯᠤᠰ᠎ᠤᠨ ᠴᠢᠬᠤᠯᠠ ᠮᠠᠯ᠎ᠤᠨ ᠠᠱᠢᠭ ᠱᠢᠮ᠎ᠡ ᠲᠠᠷᠢᠶᠠᠯᠠᠩ᠎ᠤᠨ ᠪᠦᠲᠦᠭᠡᠭ᠌ᠳᠡᠬᠦᠨ᠎ᠦ ᠦᠶ᠋ᠯᠡᠳᠪᠦᠷᠢᠯᠡᠯ᠎ᠦᠨ ᠰᠠᠭᠤᠷᠢᠨ᠎ᠢ ᠪᠥᠲᠥᠭᠡᠨ ᠪᠠᠢᠭᠤᠯᠬᠤ᠎ᠳᠤ ᠴᠢᠬᠤᠯᠠ ᠶᠡᠬᠡ ᠠᠴᠢ ᠬᠣᠯᠪᠣᠭ᠍ᠳᠠᠯ ᠲᠠᠶ ᠶᠤᠮ᠃ ᠬᠢᠶᠠᠭ᠎ᠨᠢ ᠴᠢᠨᠠᠷ ᠰᠠᠢᠲᠠᠶ᠂ ᠥᠨᠳᠥᠷ ᠤᠨᠠᠯᠲᠠ᠎ᠲᠠᠶ᠂ ᠮᠠᠯᠵᠢᠬᠤ᠎ᠳᠤ ᠳᠠᠭᠠᠭᠠᠮᠠᠭᠠᠶ ᠵᠢᠴᠢ ᠭᠠᠩ ᠬᠠᠭ᠍ᠰᠠᠷᠠᠭᠠᠨ᠎ᠢ ᠡᠰᠡᠷᠭᠦᠴᠡᠬᠦ᠌᠂ ᠲᠠᠴᠢᠷ ᠭᠠᠵᠠᠷ ᠲᠤ᠌ ᠲᠠᠰᠪᠤᠷᠢᠳᠠᠢ᠂ ᠳᠠᠪᠤᠰᠤ ᠬᠤᠵᠢᠷ᠎ᠲᠤ ᠳᠠᠭᠠᠭᠠᠮᠠᠭᠠᠶ ᠵᠡᠷᠭᠡ ᠣᠨᠴᠠᠯᠢᠭ᠎ᠲᠠᠶ ᠪᠠᠢᠵᠤ᠂ ᠦᠬᠡᠷ ᠮᠣᠷᠢ ᠬᠣᠨᠢᠨ᠎ᠤ ᠢᠳᠡᠬᠦ᠌ ᠳᠤᠷᠠᠲᠠᠶ 《ᠠᠮᠲᠠᠲᠤ ᠢᠳᠡᠬᠡᠨ》 ᠪᠠᠢᠵᠤ᠂ ᠠᠮᠢ ᠠᠬᠤᠶ᠎ᠶ᠋ᠢ ᠰᠡᠷᠭᠦᠭᠡᠬᠦ᠌ ᠪᠠ ᠨᠤᠲᠤᠭ ᠪᠡᠯᠴᠢᠭᠡᠷ᠎ᠦᠨ ᠠᠮᠢ ᠠᠬᠤᠶ᠎ᠶ᠋ᠢᠨ ᠱᠢᠰᠲ᠋ᠧᠮ᠎ᠦᠨ ᠲᠣᠭ᠍ᠲᠠᠭᠤᠨ᠎ᠢ ᠬᠠᠮᠠᠭᠠᠯᠠᠬᠤ᠎ᠳᠤ ᠴᠢᠬᠤᠯᠠ ᠦᠢᠯᠡᠳᠦᠯ ᠦᠵᠡᠭᠦᠯᠵᠦ᠍ ᠪᠠᠢᠬᠤ ᠪᠡᠷ᠎ᠢᠶᠡᠨ ᠬᠢᠶᠠᠭ ᠤ᠋ᠨ ᠠᠵᠤ ᠦᠶ᠋ᠯᠡᠰ᠎ᠢ ᠬᠥᠭ᠌ᠵᠢᠭᠦᠯᠬᠦ᠌ ᠤᠷᠤᠨ ᠵᠠᠢ ᠮᠠᠰᠢ ᠥᠷᠭᠡᠨ ᠶᠤᠮ᠃

ᠸᠧᠨ ᠶᠠᠨ ᠯᠢᠨ᠂ ᠬᠢᠶᠠᠭ ᠤ᠋ᠨ ᠠᠵᠤ ᠦᠶ᠋ᠯᠡᠰ᠎ᠢ ᠲᠡᠳᠬᠦᠨ ᠳᠡᠮᠵᠢᠬᠦ᠌ ᠡᠷᠴᠢᠮ᠎ᠢᠶᠡᠨ ᠴᠢᠩᠭᠠᠷᠠᠭᠤᠯᠵᠤ᠂ ᠬᠤᠷᠢᠭ᠎ᠠ ᠱᠤᠭᠤᠮ᠎ᠤᠨ ᠪᠠᠲᠤᠯᠠᠭ᠎ᠠ᠎ᠶ᠋ᠢ ᠴᠢᠩᠭᠠᠳᠭᠠᠨ᠂ ᠥᠪᠡᠷᠲᠡᠭᠡᠨ ᠵᠠᠰᠠᠬᠤ ᠣᠷᠣᠨ᠎ᠤ ᠲᠠᠰ ᠳᠠᠪᠬᠤᠷᠭ᠎ᠠ᠎ᠡᠴᠡ ᠬᠢᠶᠠᠭ ᠢ᠋ ᠥᠷᠭᠡᠳᠭᠡᠨ ᠳᠠᠷᠢᠬᠤ ᠨᠠᠩ ᠲᠠᠲᠠᠬᠤ ᠬᠦᠴᠦᠨ᠎ᠲᠡᠶ᠂ ᠦᠷᠭᠦᠯᠵᠢᠯᠡᠨ ᠲᠣᠭ᠍ᠲᠠᠭᠤᠨ ᠪᠠᠢᠯᠭᠠᠬᠤ ᠨᠥᠬᠥᠪᠥᠷᠢ᠎ᠶ᠋ᠢᠨ ᠲᠥᠷᠥ᠎ᠶ᠋ᠢᠨ ᠪᠣᠳᠣᠯᠭ᠎ᠠ᠎ᠶ᠋ᠢ ᠰᠤᠳᠤᠯᠤᠨ ᠨᠡᠢᠲᠡᠯᠡᠵᠦ᠍᠂ ᠠᠢᠮᠠᠭ ᠬᠣᠲᠠ᠂ ᠬᠣᠱᠢᠭᠤ ᠱᠢᠶᠠᠨ᠎ᠤ 《ᠬᠢᠶᠠᠭ ᠤ᠋ᠨ ᠠᠵᠤ ᠦᠶ᠋ᠯᠡᠰ᠎ᠢ ᠬᠥᠭ᠌ᠵᠢᠭᠦᠯᠬᠦ᠌ ᠰᠠᠭᠤᠷᠢ ᠮᠥᠩᠭᠥ᠌》 ᠵᠢ ᠪᠠᠢᠭᠤᠯᠬᠤ᠎ᠶ᠋ᠢ ᠰᠦᠪᠡᠭ᠌ᠴᠢᠯᠡᠵᠦ᠍᠂ 《ᠵᠠᠰᠠᠭ᠎ᠤᠨ ᠣᠷᠳᠣᠨ ᠡᠴᠡ ᠪᠠᠳᠤᠯᠠᠨ ᠲᠠᠭᠠᠭᠠᠬᠤ᠌᠂ ᠪᠠᠩᠬᠢ ᠪᠠᠯᠠ ᠭᠠᠷᠭᠠᠬᠤ᠂ ᠠᠵᠤ ᠠᠬᠤᠢᠯᠠᠯ ᠠᠵᠢᠯᠯᠠᠬᠤ᠂ ᠮᠠᠯᠴᠢᠨ ᠲᠠᠷᠢᠶᠠᠴᠢᠨ ᠡᠷᠦᠬᠡ ᠬᠡᠷᠡᠭ᠌ᠵᠢᠭᠦᠯᠬᠦ᠌》 ᠠᠱᠢᠭ ᠲᠤᠰᠠ᠎ᠶ᠋ᠢ ᠬᠣᠯᠪᠣᠯᠳᠤᠭᠤᠯᠤᠨ ᠬᠠᠮᠲᠤ᠎ᠪᠠᠷ ᠡᠳ᠋ᠯᠡᠬᠦ᠌ ᠲᠣᠭ᠍ᠲᠠᠴᠠ᠎ᠶ᠋ᠢ ᠰᠦᠪᠡᠭ᠌ᠴᠢᠯᠡᠨ ᠪᠣᠶ ᠪᠣᠯᠭᠠᠪᠠᠯ ᠵᠤᠬᠢᠨ᠎ᠠ᠃ ᠬᠢᠶᠠᠭ ᠤ᠋ᠨ ᠡᠭᠦᠯᠳᠡᠷ ᠪᠣᠢᠵᠢᠭᠤᠯᠬᠤ ᠰᠤᠳᠤᠯᠭᠠᠨ᠎ᠤ ᠲᠥᠪ᠎ᠢ ᠪᠠᠢᠭᠤᠯᠵᠤ᠂ ᠨᠢᠭᠡ ᠪᠦᠯᠦᠭ ᠣᠷᠣᠨ ᠪᠦᠰᠡ᠎ᠶ᠋ᠢᠨ ᠵᠣᠬᠢᠴᠠᠬᠤ ᠴᠢᠨᠠᠷ᠎ᠢᠶᠠᠷ ᠴᠢᠩᠭ᠎ᠠ᠂ ᠤᠨᠠᠯᠲᠠ᠎ᠪᠠᠷ ᠥᠨᠳᠥᠷ᠂ ᠲᠡᠵᠢᠭᠡᠯ ᠪᠣᠷᠳᠣᠭ᠎ᠠ᠎ᠳᠤ ᠬᠡᠷᠡᠭ᠌ᠯᠡᠬᠦ᠌ ᠦᠨ᠎ᠡ ᠥᠷᠲᠡᠭ᠎ᠢᠶᠡᠷ ᠰᠠᠢᠨ᠂ ᠰᠥᠷᠬᠡᠤ ᠳᠠᠭᠠᠭᠠᠬᠤ ᠴᠢᠨᠠᠷ᠎ᠢᠶᠠᠷ ᠰᠠᠢᠨ᠂ ᠡᠪᠡᠳᠴᠢᠨ᠎ᠢ ᠡᠰᠡᠷᠭᠦᠴᠡᠬᠦ᠌ ᠴᠢᠨᠠᠷ᠎ᠢᠶᠠᠷ ᠴᠢᠩᠭ᠎ᠠ᠂ ᠬᠤᠵᠢᠷ᠎ᠲᠤ ᠳᠠᠭᠠᠭᠠᠮᠠᠭᠠᠶ ᠱᠢᠨ᠎ᠡ ᠡᠭᠦᠯᠳᠡᠷ᠎ᠢ ᠲᠦᠷᠭᠡᠳᠭᠡᠨ ᠰᠣᠩᠭᠣᠨ ᠪᠣᠢᠵᠢᠭᠤᠯᠵᠤ᠂ ᠲᠠᠸᠠᠷᠴᠢᠯᠠᠬᠰᠠᠨ ᠶᠡᠬᠡ ᠬᠡᠪᠴᠢᠶᠡᠨ᠎ᠦ ᠲᠠᠷᠢᠬᠤ ᠥᠷᠲᠡᠭ᠎ᠲᠡᠶ ᠱᠢᠯᠢᠳᠡᠭ ᠡᠭᠦᠯᠳᠡᠷ᠎ᠢ ᠲᠦᠷᠭᠡᠳᠭᠡᠨ ᠥᠷᠭᠡᠳᠭᠡᠨ ᠳᠡᠯᠭᠡᠷᠡᠭᠦᠯᠪᠠᠯ ᠵᠤᠬᠢᠨ᠎ᠠ᠃ ᠨᠢᠭᠡ ᠪᠦᠯᠦᠭ ᠬᠢᠶᠠᠭ ᠤ᠋ᠨ ᠠᠵᠤ ᠦᠢᠯᠡᠰ᠎ᠦᠨ ᠲᠠᠭᠠᠭᠤᠯᠤᠬᠴᠢ ᠠᠵᠤ ᠠᠬᠤᠢᠯᠠᠯ᠎ᠢ ᠲᠦᠷᠭᠡᠳᠭᠡᠨ ᠪᠣᠢᠵᠢᠭᠤᠯᠵᠤ᠂ 《ᠠᠵᠤ ᠠᠬᠤᠢᠯᠠᠯ +》 ᠣᠯᠠᠨ ᠡᠱᠢᠲᠦ ᠬᠠᠮᠲᠤᠷᠠᠯᠴᠠᠬᠤ ᠵᠠᠭ᠍ᠪᠤᠷ ᠢ᠋ ᠰᠦᠪᠡᠭ᠌ᠴᠢᠯᠡᠨ᠂ ᠬᠢᠶᠠᠭ ᠲᠠᠷᠢᠬᠤ᠂ ᠬᠠᠳᠤᠵᠤ ᠬᠤᠷᠢᠶᠠᠬᠤ᠂ ᠡᠳ᠋ᠱᠢᠭᠦᠯᠬᠦ᠌᠂ ᠬᠠᠳᠠᠭᠠᠯᠠᠬᠤ᠂ ᠲᠡᠭᠡᠭᠡᠪᠦᠷᠢᠯᠡᠬᠦ᠌᠂ ᠪᠣᠷᠣᠯᠠᠭᠤᠯᠬᠤ ᠪᠦᠬᠦ᠌ ᠠᠵᠤ ᠦᠢᠯᠡᠰ᠎ᠦᠨ ᠬᠡᠯᠬᠢᠶ᠎ᠠ᠎ᠪᠡᠷ ᠡᠵᠡᠩᠨᠡᠬᠦ᠌᠎ᠶ᠋ᠢ ᠠᠬᠢᠭᠤᠯᠵᠤ᠂ ᠲᠣᠭ᠍ᠲᠠᠭᠤᠨ ᠠᠵᠤ ᠦᠢᠯᠡᠰ᠎ᠦᠨ ᠬᠣᠯᠪᠣᠭᠠᠲᠤ ᠴᠣᠭ᠍ᠴᠠ᠎ᠶ᠋ᠢ ᠪᠦᠷᠢᠯᠳᠦᠭᠦᠯᠪᠠᠯ ᠵᠤᠬᠢᠨ᠎ᠠ᠃ ᠡᠭᠦᠨ ᠤ᠋ ᠵᠡᠷᠭᠡ ᠪᠡᠷ ᠮᠠᠯᠵᠢᠬᠤ ᠣᠷᠣᠨ᠂ ᠬᠠᠭᠠᠰ ᠮᠠᠯᠵᠢᠬᠤ ᠣᠷᠣᠨ ᠤ᠋ ᠮᠠᠯᠴᠢᠨ ᠲᠠᠷᠢᠶᠠᠴᠢᠳ ᠤ᠋ᠨ ᠥᠨᠳᠥᠷ ᠪᠠᠷᠢᠮᠵᠢᠶ᠎ᠠ ᠪᠥᠬᠥᠢ ᠮᠠᠯᠵᠢᠯ ᠤ᠋ᠨ ᠲᠠᠯᠠᠪᠠᠢ ᠪᠣᠯᠤᠨ ᠢᠵᠢ ᠪᠥᠷᠢᠳᠥᠬᠥᠯᠬᠥ᠌ ᠬᠢᠶᠠᠭ ᠲᠡᠷᠢᠬᠤ ᠰᠠᠭᠤᠷᠢᠨ ᠢ᠋ ᠪᠠᠢᠭᠤᠯᠬᠤ᠎ᠶ᠋ᠢ ᠲᠡᠮᠵᠢᠵᠤ᠂ ᠮᠠᠯ ᠪᠡᠯᠴᠢᠭᠡᠷ ᠢ᠋ ᠨᠢᠭᠡ ᠴᠤᠭ᠍ᠴᠠᠵᠢᠭᠤᠯᠤᠨ ᠬᠥᠭ᠌ᠵᠢᠭᠦᠯᠬᠦ᠌᠂ ᠲᠡᠷᠢᠵᠤ ᠲᠡᠵᠢᠭᠡᠬᠦ᠌᠎ᠶ᠋ᠢᠨ ᠰᠠᠢ᠌ᠨ ᠣᠷᠴᠢᠯ ᠢ᠋ ᠠᠬᠢᠭᠤᠯᠵᠤ᠂ ᠨᠤᠲᠤᠭ ᠪᠡᠯᠴᠢᠭᠡᠷ ᠤ᠋ᠨ ᠮᠠᠯ ᠠᠵᠤ ᠠᠬᠤᠢ᠎ᠶ᠋ᠢᠨ ᠬᠡᠯᠪᠡᠷᠢ᠎ᠪᠡᠨ ᠬᠤᠪᠢᠷᠠᠭᠤᠯᠤᠨ ᠲᠡᠰ ᠳᠡᠪᠱᠢᠬᠦ᠌᠎ᠶ᠋ᠢ ᠠᠬᠢᠭᠤᠯᠪᠠᠯ ᠵᠤᠬᠢᠨ᠎ᠠ ᠬᠡᠵᠤ ᠰᠠᠨᠠᠭᠤᠯᠭ᠎ᠠ ᠲᠤᠷᠠᠳᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号