ᠵᠠᠩ ᠶᠦᠩ ᠮᠢᠩ ᠭᠡᠱᠢᠭᠦᠨ᠄ ᠦᠬᠡᠷ᠎ᠦᠨ ᠢᠷᠡᠯᠲᠡ᠎ᠶ᠋ᠢᠨ ᠴᠢᠨᠠᠷᠲᠠᠶ ᠠᠮᠢᠳᠤ ᠪᠣᠳᠠᠰ᠎ᠤᠨ ᠡᠮ ᠦᠶ᠋ᠯᠡᠳᠬᠦ᠌ ᠲᠦᠭᠦᠬᠡᠶ ᠮᠠᠲ᠋ᠧᠷᠢᠶᠠᠯ ᠲᠤᠰᠠᠯᠠᠬᠤ ᠮᠠᠲ᠋ᠧᠷᠢᠶᠠᠯ᠎ᠤᠨ ᠱᠢᠨ᠎ᠡ᠎ᠶ᠋ᠢ ᠡᠭᠦᠳᠬᠦ᠌ ᠬᠡᠷᠡᠭ᠌ᠯᠡᠭᠡᠨ᠎ᠦ ᠲᠠᠪᠴᠠᠩ᠎ᠢ ᠪᠠᠢᠭᠤᠯᠤᠨ᠎ᠠ
2025-01-16 10:03:12
ᠵᠣᠬᠢᠶᠠᠭ᠍ᠴᠢ᠄
ᠵᠠᠩ ᠬᠤᠢ ᠯᠢᠩ ᠴᠧᠩ ᠶᠢᠩ ᠵᠢᠶᠦ᠋ᠨ
ᠣᠩᠱᠢᠭ᠍ᠰᠠᠨ ᠣᠳᠠᠭ᠎ᠠ᠄
★★★☆☆

ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠎ᠳᠦ ᠠᠮᠢᠳᠤ ᠪᠣᠳᠠᠰ᠎ᠤᠨ ᠦᠶ᠋ᠯᠡᠳᠬᠡᠯ᠎ᠳᠦ ᠠᠮᠢᠳᠤ ᠪᠣᠳᠠᠰ᠎ᠤᠨ ᠡᠮ ᠡᠮᠨᠡᠯᠭᠡ ᠪᠠ ᠠᠮᠢᠳᠤ ᠪᠣᠳᠠᠰ᠎ᠤᠨ ᠢᠰᠭᠡᠯᠲᠡ ᠬᠣᠶᠠᠷ ᠶᠡᠬᠡ ᠬᠦᠷᠢᠶᠡᠨ᠎ᠳᠦ ᠠᠨᠭᠬᠠᠷᠤᠯ ᠵᠢᠡᠨ ᠲᠥᠪᠯᠡᠷᠡᠭᠦᠯᠬᠦ᠌ ᠬᠡᠷᠡᠭ᠌ᠲᠡᠶ ᠭᠡᠵᠦ ᠳᠤᠷᠠᠳᠪᠠ᠃ ᠡᠨᠡ ᠨᠢ ᠥᠪᠡᠷᠲᠡᠭᠡᠨ ᠵᠠᠰᠠᠬᠤ ᠣᠷᠣᠨ᠎ᠤ ᠤᠯᠤᠰ ᠲᠦᠷᠦ᠍᠎ᠶ᠋ᠢᠨ ᠵᠥᠪᠯᠡᠯᠭᠡᠨ᠎ᠦ ᠭᠡᠱᠢᠭᠦᠨ᠂ ᠥᠪᠥᠷ ᠮᠣᠩᠭᠣᠯ᠎ᠤᠨ ᠪᠠᠭ᠍ᠰᠢ᠎ᠶ᠋ᠢᠨ ᠶᠡᠬᠡ ᠰᠤᠷᠭᠠᠭᠤᠯᠢ᠎ᠶ᠋ᠢᠨ ᠠᠮᠢ ᠨᠠᠰᠤᠨ᠎ᠤ ᠱᠢᠨᠵᠢᠯᠡᠬᠦ᠌ ᠤᠬᠠᠭᠠᠨ ᠪᠣᠯᠤᠨ ᠮᠡᠷᠭᠡᠵᠢᠯ᠎ᠦᠨ ᠳᠡᠭᠡᠳᠦ ᠰᠤᠷᠭᠠᠭᠤᠯᠢ᠎ᠶ᠋ᠢᠨ ᠳᠡᠳ᠋ ᠫᠷᠤᠹᠸᠰᠰᠤᠷ ᠵᠠᠩ ᠶᠦᠩ ᠮᠢᠩ᠎ᠢ ᠲᠤᠢᠯ᠎ᠢᠶᠠᠷ ᠤᠷᠮᠠᠱᠢᠭᠤᠯᠪᠠ᠃


QQ截图20250108151725.png


ᠵᠠᠩ ᠶᠦᠩ ᠮᠢᠩ ᠭᠡᠱᠢᠭᠦᠨ


ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶ᠋ᠢᠨ ᠵᠥᠪᠯᠡᠯᠭᠡᠨ᠎ᠦ ᠠᠷᠪᠠᠨ ᠭᠤᠷᠪᠠᠳᠤᠭᠠᠷ ᠬᠤᠭᠤᠴᠠᠭᠠᠨ᠎ᠤ ᠬᠣᠷᠢᠶ᠎ᠠ᠎ᠶ᠋ᠢᠨ ᠭᠤᠷᠪᠠᠳᠤᠭᠠᠷ ᠬᠤᠷᠠᠯ ᠳᠡᠭᠡᠷ᠎ᠡ ᠵᠠᠩ ᠶᠦᠩ ᠮᠢᠩ 《ᠥᠪᠥᠷ ᠮᠣᠩᠭᠣᠯ᠎ᠤᠨ ᠦᠬᠡᠷ᠎ᠦᠨ ᠢᠷᠡᠯᠲᠡ᠎ᠶ᠋ᠢᠨ ᠴᠢᠨᠠᠷᠲᠠᠶ ᠠᠮᠢᠳᠤ ᠪᠣᠳᠠᠰ᠎ᠤᠨ ᠡᠮ ᠦᠶ᠋ᠯᠡᠳᠬᠦ᠌ ᠲᠦᠭᠦᠬᠡᠶ ᠮᠠᠲ᠋ᠧᠷᠢᠶᠠᠯ ᠲᠤᠰᠠᠯᠠᠬᠤ ᠮᠠᠲ᠋ᠧᠷᠢᠶᠠᠯ᠎ᠤᠨ ᠱᠢᠨ᠎ᠡ᠎ᠶ᠋ᠢ ᠡᠭᠦᠳᠬᠦ ᠬᠡᠷᠡᠭ᠌ᠯᠡᠬᠡᠨ᠎ᠤ ᠲᠠᠪᠴᠠᠩ᠎ᠤᠨ ᠪᠠᠢᠭᠤᠯᠤᠯᠲᠠ᠎ᠶ᠋ᠢ ᠶᠡᠬᠡᠪᠡᠷ ᠠᠬᠢᠭᠤᠯᠬᠤ ᠲᠤᠬᠠᠶ ᠰᠠᠨᠠᠯ ᠳᠤᠷᠠᠳᠤᠯᠭ᠎ᠠ》 ᠶ᠋ᠢ ᠳᠡᠪᠱᠢᠭᠦᠯᠪᠡ᠃

《ᠣᠳᠣᠬᠠᠨ᠎ᠳᠤ ᠤᠯᠤᠰ᠎ᠤᠨ ᠳᠣᠲᠣᠭᠠᠳᠤ᠎ᠳᠤ ᠦᠬᠡᠷ᠎ᠦᠨ ᠢᠷᠡᠯᠲᠡ᠎ᠶ᠋ᠢᠨ ᠴᠢᠨᠠᠷᠲᠠᠶ ᠠᠮᠢᠳᠤ ᠪᠣᠳᠠᠰ᠎ᠤᠨ ᠡᠮ ᠦᠶ᠋ᠯᠡᠳᠬᠦ᠌ ᠲᠦᠭᠦᠬᠡᠶ ᠮᠠᠲ᠋ᠧᠷᠢᠶᠠᠯ ᠲᠤᠰᠠᠯᠠᠬᠤ ᠮᠠᠲ᠋ᠧᠷᠢᠶᠠᠯ᠎ᠤᠨ ᠬᠦᠷᠢᠶᠡᠨ᠎ᠳᠦ ᠳᠠᠩᠰᠠᠯᠠᠭᠤᠯᠤᠭ᠍ᠰᠠᠨ ᠲᠤᠰᠭᠠᠶ ᠰᠤᠳᠤᠯᠭᠠᠨ᠎ᠤ ᠪᠠᠢᠭᠤᠯᠤᠮᠵᠢ᠎ᠶ᠋ᠢ ᠬᠠᠷᠠᠬᠠᠨ ᠡᠷᠢᠵᠦ᠍ ᠣᠯᠤᠭᠠᠳᠤᠶ ᠪᠠᠢᠨ᠎ᠠ᠃ ᠥᠪᠥᠷ ᠮᠣᠩᠭᠣᠯ᠎ᠳᠤ ᠠᠵᠢᠯ ᠲᠥᠷᠥᠯ᠎ᠦᠨ ᠲᠥᠯᠥᠭᠡᠯᠡᠬᠦ᠌ ᠴᠢᠨᠠᠷᠲᠠᠶ ᠱᠢᠨ᠎ᠡ᠎ᠶ᠋ᠢ ᠡᠭᠦᠳᠬᠦ᠌ ᠬᠡᠷᠡᠭ᠌ᠯᠡᠭᠡᠨ᠎ᠦ ᠲᠥᠪ ᠪᠠᠢᠭᠤᠯᠤᠭ᠍ᠰᠠᠨ᠎ᠨᠢ ᠡᠨᠡ ᠬᠦ᠌ ᠬᠦᠷᠢᠶ᠎ᠡ ᠴᠠᠷᠠᠭ᠎ᠠ᠎ᠶ᠋ᠢᠨ ᠬᠣᠭᠣᠰᠣᠨ᠎ᠢ ᠨᠥᠬᠥᠪᠥᠷᠢᠯᠡᠵᠦ᠍ ᠴᠢᠳᠠᠬᠤ᠎ᠪᠠᠷ ᠪᠠᠷᠠᠬᠤ ᠥᠬᠡᠶ ᠪᠠᠰᠠ ᠲᠣᠰ ᠭᠠᠵᠠᠷ ᠣᠷᠣᠨ᠎ᠤ ᠡᠬᠢ ᠪᠠᠶᠠᠯᠢᠭ᠎ᠤᠨ ᠳᠠᠪᠠᠭᠤᠯᠢᠭ᠎ᠢᠶᠠᠨ ᠭᠦᠶ᠋ᠴᠡᠳ ᠪᠠᠳᠠᠷᠠᠭᠤᠯᠵᠤ᠂ ᠦᠬᠡᠷ᠎ᠦᠨ ᠢᠷᠡᠯᠲᠡ᠎ᠶ᠋ᠢᠨ ᠴᠢᠨᠠᠷᠲᠠᠶ ᠠᠮᠢᠳᠤ ᠪᠣᠳᠠᠰ᠎ᠤᠨ ᠡᠮ ᠦᠶ᠋ᠯᠡᠳᠬᠦ᠌ ᠲᠦᠭᠦᠬᠡᠶ ᠮᠠᠲ᠋ᠧᠷᠢᠶᠠᠯ ᠪᠠ ᠲᠤᠰᠠᠯᠠᠬᠤ ᠮᠠᠲ᠋ᠧᠷᠢᠶᠠᠯ᠎ᠤᠨ ᠰᠤᠳᠤᠯᠭᠠᠨ ᠪᠣᠯᠤᠨ ᠦᠷ᠎ᠡ ᠪᠦᠲᠦᠭᠡᠯ᠎ᠦᠨ ᠤᠯᠠᠷᠢᠭᠤᠯᠤᠯᠲᠠ᠎ᠶ᠋ᠢᠨ ᠱᠢᠨ᠎ᠡ ᠦᠨᠳᠦᠷᠴᠡ᠎ᠳ᠋ᠤ ᠭᠠᠷᠬᠤ᠎ᠶ᠋ᠢ ᠠᠬᠢᠭᠤᠯᠵᠤ ᠴᠢᠳᠠᠨ᠎ᠠ》 ᠭᠡᠵᠦ᠍ ᠵᠠᠩ ᠶᠦᠩ ᠮᠢᠩ ᠬᠡᠯᠡᠪᠡ᠃

 ᠵᠠᠩ ᠶᠦᠩ ᠮᠢᠩ᠎ᠦᠨ ᠦᠵᠡᠬᠦ᠌᠎ᠪᠡᠷ᠂ ᠥᠪᠥᠷ ᠮᠣᠩᠭᠣᠯ ᠨᠢ ᠲᠡᠵᠢᠭᠡᠨ ᠦᠷᠡᠵᠢᠭᠦᠯᠬᠦ᠌ ᠪᠠ ᠨᠢᠲᠤᠯᠬᠤ ᠦᠶ᠋ᠯᠡᠰ ᠨᠡᠯᠢᠶᠡᠳ ᠲᠥᠪᠯᠡᠷᠡᠭ᠌ᠰᠡᠨ ᠣᠷᠣᠨ ᠪᠦᠰᠡ ᠪᠣᠯᠤᠭ᠍ᠰᠠᠨ᠎ᠤ ᠬᠤᠪᠢ᠎ᠳᠤ ᠡᠯᠪᠡᠭ ᠪᠠᠶᠠᠯᠢᠭ ᠦᠬᠡᠷ᠎ᠦᠨ ᠢᠷᠡᠯᠲᠡ᠎ᠶ᠋ᠢᠨ ᠴᠢᠨᠠᠷᠲᠠᠶ ᠲᠤᠰᠠᠯᠠᠬᠤ ᠦᠶ᠋ᠯᠡᠳᠬᠦᠨ᠎ᠲᠡᠶ ᠶᠤᠮ᠃ 《ᠥᠪᠥᠷ ᠮᠣᠩᠭᠣᠯ᠎ᠤᠨ ᠦᠬᠡᠷ᠎ᠦᠨ ᠢᠷᠡᠯᠲᠡ᠎ᠶ᠋ᠢᠨ ᠴᠢᠨᠠᠷᠲᠠᠶ ᠠᠮᠢᠳᠤ ᠪᠣᠳᠠᠰ᠎ᠤᠨ ᠡᠮ ᠦᠶ᠋ᠯᠡᠳᠬᠦ᠌ ᠲᠦᠭᠦᠬᠡᠶ ᠮᠠᠲ᠋ᠧᠷᠢᠶᠠᠯ ᠲᠤᠰᠠᠯᠠᠬᠤ ᠮᠠᠲ᠋ᠧᠷᠢᠶᠠᠯ᠎ᠤᠨ ᠱᠢᠨ᠎ᠡ᠎ᠶ᠋ᠢ ᠡᠭᠦᠳᠬᠦ᠌ ᠬᠡᠷᠡᠭ᠌ᠯᠡᠭᠡᠨ᠎ᠦ ᠲᠥᠪ᠎ᠢ ᠪᠠᠢᠭᠤᠯᠵᠤ᠂ ᠲᠤᠬᠠᠶ᠎ᠶ᠋ᠢᠨ ᠭᠠᠵᠠᠷ᠎ᠤᠨ ᠠᠵᠤ ᠠᠬᠤᠢᠯᠠᠯ᠎ᠳᠤ ᠨᠠᠩ ᠰᠠᠢᠲᠤᠷ ᠦᠶ᠋ᠯᠡᠴᠢᠯᠡᠭᠦᠯᠵᠦ᠍᠂ ᠦᠶ᠋ᠯᠡᠳᠬᠦᠨ᠎ᠦ ᠪᠦᠲᠦᠴᠡ᠎ᠶ᠋ᠢ ᠪᠠᠶᠠᠯᠢᠭ᠍ᠵᠢᠭᠤᠯᠤᠨ᠂ ᠵᠠᠬ᠎ᠠ ᠳᠡᠯᠭᠡᠭᠦᠷ᠎ᠦᠨ ᠥᠷᠢᠰᠦᠯᠳᠦᠬᠦ᠌ ᠬᠦᠴᠦᠨ᠎ᠢ ᠳᠡᠭᠡᠭ᠌ᠰᠢᠯᠡᠭᠦᠯᠦᠨ᠎ᠡ᠃ ᠵᠣᠬᠢᠶᠠᠮᠠᠯ ᠣᠶᠤᠨ ᠴᠢᠳᠠᠪᠤᠷᠢ᠎ᠶ᠋ᠢᠨ ᠮᠡᠷᠭᠡᠵᠢᠯ᠎ᠲᠡᠶ ᠤᠶᠠᠯᠳᠤᠭᠤᠯᠤᠨ ᠰᠤᠳᠤᠯᠤᠨ ᠨᠡᠭᠡᠭᠡᠬᠦ᠌ ᠦᠷ᠎ᠡ ᠪᠦᠲᠦᠮᠵᠢ ᠪᠠ ᠱᠢᠨ᠎ᠡ᠎ᠶ᠋ᠢ ᠡᠭᠦᠳᠬᠦ᠌ ᠴᠢᠳᠠᠪᠤᠷᠢ᠎ᠶ᠋ᠢ ᠳᠡᠭᠡᠭ᠌ᠰᠢᠯᠡᠭᠦᠯᠵᠦ᠍᠂ ᠠᠮᠢᠳᠤ ᠪᠣᠳᠠᠰ᠎ᠤᠨ ᠳᠡᠭᠡᠳᠦ ᠤᠷᠤᠰᠭᠠᠯ᠎ᠤᠨ ᠦᠶ᠋ᠯᠡᠳᠬᠦᠨ᠎ᠢ ᠦᠶ᠋ᠯᠡᠳᠪᠦᠷᠢᠯᠡᠵᠦ᠍ ᠡᠳ᠋ᠱᠢᠭᠦᠯᠬᠦ᠌ ᠮᠡᠷᠭᠡᠵᠢᠯ᠎ᠦᠨ ᠬᠢᠷᠢ ᠲᠦᠪᠱᠢᠨ᠎ᠢ ᠳᠡᠭᠡᠭ᠌ᠰᠢᠯᠡᠭᠦᠯᠬᠦ᠌ ᠪᠡᠷ ᠳᠠᠮᠵᠢᠨ ᠠᠵᠤ ᠦᠶ᠋ᠯᠡᠰ᠎ᠦᠨ ᠬᠡᠯᠬᠢᠶ᠎ᠡ᠎ᠶ᠋ᠢᠨ ᠮᠡᠷᠭᠡᠵᠢᠯ᠎ᠦᠨ ᠲᠠᠰ ᠳᠡᠪᠱᠢᠬᠦ᠌᠎ᠶ᠋ᠢ ᠠᠬᠢᠭᠤᠯᠵᠤ᠂ ᠠᠵᠤ ᠦᠶ᠋ᠯᠡᠰ᠎ᠦᠨ ᠬᠡᠯᠬᠢᠶ᠎ᠡ᠎ᠶ᠋ᠢᠨ ᠤᠷᠲᠤᠳᠭᠠᠯ ᠪᠠ ᠪᠤᠵᠠᠭᠠᠢᠷᠠᠯ᠎ᠢ ᠲᠦᠷᠭᠡᠳᠭᠡᠵᠦ᠍᠂ ᠥᠪᠥᠷ ᠮᠣᠩᠭᠣᠯ᠎ᠤᠨ ᠠᠮᠢᠳᠤ ᠪᠣᠳᠠᠰ᠎ᠤᠨ ᠡᠮ ᠦᠶ᠋ᠯᠡᠳᠬᠦ᠌ ᠠᠵᠤ ᠦᠢᠯᠡᠰᠵᠢᠯᠲᠡ᠎ᠶ᠋ᠢᠨ ᠠᠬᠢᠴᠠ᠎ᠳᠤ ᠱᠢᠨ᠎ᠡ ᠬᠥᠳᠡᠯᠭᠡᠬᠦ᠌ ᠡᠨᠧᠷᠭᠢ ᠨᠡᠮᠡᠷᠢᠯᠡᠵᠦ᠍᠂ ᠣᠷᠣᠨ ᠪᠦᠰᠡ᠎ᠶ᠋ᠢᠨ ᠠᠵᠤ ᠠᠬᠤᠶ᠎ᠶ᠋ᠢᠨ ᠴᠢᠨᠠᠷ ᠰᠠᠢᠲᠠᠶ ᠬᠥᠭ᠌ᠵᠢᠯᠲᠡ᠎ᠶ᠋ᠢ ᠤᠯᠠᠮ ᠨᠢᠭᠡ ᠠᠯᠬᠤᠮ ᠠᠬᠢᠭᠤᠯᠬᠤ ᠪᠣᠯᠤᠨ᠎ᠠ》 ᠭᠡᠵᠦ᠍ ᠵᠠᠩ ᠶᠦᠩ ᠮᠢᠩ ᠬᠡᠯᠡᠪᠡ᠃

ᠵᠠᠩ ᠶᠦᠩ ᠮᠢᠩ᠂ ᠡᠬᠢ ᠪᠠᠶᠠᠯᠢᠭ᠎ᠢ ᠨᠡᠢᠳᠭᠡᠬᠦ ᠪᠡᠷ ᠳᠠᠮᠵᠢᠨ ᠣᠷᠣᠨ᠎ᠤ ᠳᠣᠲᠣᠷ᠎ᠠ ᠭᠠᠳᠠᠨᠠᠬᠢ ᠴᠢᠳᠠᠪᠤᠷᠢᠲᠠᠨ᠎ᠢ ᠲᠣᠰ ᠱᠢᠨ᠎ᠡ᠎ᠶ᠋ᠢ ᠡᠭᠦᠳᠬᠦ᠌ ᠲᠠᠪᠴᠠᠩ᠎ᠳᠤ ᠲᠡᠳᠡᠨ ᠣᠷᠣᠭᠤᠯᠵᠤ᠂ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠲᠥᠷᠥᠯ ᠵᠦᠶ᠋ᠯ᠎ᠳᠦ ᠲᠦᠱᠢᠭ᠌ᠯᠡᠨ᠂ ᠠᠵᠤ ᠠᠬᠤᠢᠯᠠᠯ᠎ᠲᠠᠶ ᠬᠠᠮᠵᠢᠯᠴᠠᠨ ᠬᠠᠮᠲᠤᠷᠠᠯᠴᠠᠵᠤ᠂ ᠦᠶ᠋ᠯᠡᠳᠪᠦᠷᠢᠯᠡᠬᠦ᠌ ᠵᠢᠭᠠᠬᠤ ᠰᠤᠳᠤᠯᠬᠤ᠎ᠶ᠋ᠢ ᠤᠶᠠᠯᠳᠤᠭᠤᠯᠤᠭ᠍ᠰᠠᠨ ᠳᠠᠪᠠᠭᠤᠯᠢᠭ᠎ᠢᠶᠠᠨ ᠭᠦᠶ᠋ᠴᠡᠳ ᠪᠠᠳᠠᠷᠠᠭᠤᠯᠵᠤ᠂ ᠲᠣᠰ ᠬᠦᠷᠢᠶᠡᠨ᠎ᠦ ᠬᠥᠭ᠌ᠵᠢᠯᠲᠡ᠎ᠶ᠋ᠢ ᠠᠬᠢᠭᠤᠯᠬᠤ ᠬᠡᠷᠡᠭ᠌ᠲᠡᠶ ᠭᠡᠵᠦ ᠰᠠᠨᠠᠭᠤᠯᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号