ᠱᠢᠨ᠎ᠡ ᠪᠠᠢᠷᠢᠱᠢᠯ ᠢ᠋ᠶ᠋ᠠᠷ ᠱᠢᠨ᠎ᠡ ᠳᠠᠪᠠᠭᠤᠯᠢᠭ ᠢ᠋ ᠪᠣᠶ ᠪᠣᠯᠭᠠᠶ᠎ᠠ
2025-01-16 10:51:45
ᠵᠣᠬᠢᠶᠠᠭ᠍ᠴᠢ᠄
ᠬᠠ ᠯᠢ ᠴᠢᠨ
ᠣᠩᠱᠢᠭ᠍ᠰᠠᠨ ᠣᠳᠠᠭ᠎ᠠ᠄
★★★☆☆

《ᠱᠢᠨ᠎ᠡ ᠴᠢᠨᠠᠷ ᠤ᠋ᠨ ᠦᠶ᠋ᠯᠡᠳᠪᠦᠷᠢᠯᠡᠯ ᠤ᠋ᠨ ᠬᠦᠴᠦᠨ ᠢ᠋ ᠬᠥᠭ᠌ᠵᠢᠭᠦᠯᠬᠦ᠌ ᠵᠢ ᠪᠠᠷᠢᠮᠲᠠᠯᠠᠵᠤ ᠂ ᠠᠵᠤ ᠦᠶ᠋ᠯᠡᠰ ᠤ᠋ᠨ ᠰᠢᠨᠡᠴᠢᠯᠡᠭᠰᠡᠨ ᠬᠡᠮᠵᠢᠶ᠎ᠠ᠂ ᠦᠨ᠎ᠡ ᠴᠡᠨ᠎ᠠ ᠂ ᠪᠣᠬᠢᠷᠲᠤᠯ ᠥᠬᠡᠶ ᠬᠡᠮᠵᠢᠶ᠎ᠡ ᠵᠢ ᠲᠠᠰᠤᠷᠠᠯᠲᠠ ᠥᠬᠡᠶ ᠳᠡᠭᠡᠭ᠌ᠰᠢᠯᠡᠭᠦᠯᠦᠨ᠎ᠠ》᠂ 《ᠠᠵᠤ ᠦᠢᠯᠡᠰ ᠵᠢᠭᠠᠨ ᠰᠤᠷᠭᠠᠯᠲᠠ ᠰᠤᠳᠤᠯᠭᠠᠨ ᠬᠡᠷᠡᠭ᠌ᠯᠡᠯᠲᠡ ᠵᠢ ᠭᠦᠨᠵᠡᠭᠡᠶ ᠠᠭᠤᠰᠤᠯᠴᠠᠭᠤᠯᠵᠤ ᠲᠠᠷᠢᠶᠠᠯᠠᠩ ᠤ᠋ᠨ ᠴᠢᠨᠠᠷ ᠰᠠᠢᠲᠠᠶ ᠬᠥᠭ᠌ᠵᠢᠯᠲᠡ ᠵᠢ ᠠᠬᠢᠭᠤᠯᠤᠨ᠎ᠠ》᠂《ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ ᠢ᠋ ᠱᠢᠯᠢᠳᠡᠭ᠌ᠵᠢᠭᠦᠯᠵᠦ᠍᠂ ᠣᠳᠣᠬᠢᠴᠢᠯᠠᠭ᠍ᠰᠠᠨ ᠣᠯᠠᠨ ᠤᠯᠤᠰ ᠤ᠋ᠨ ᠬᠢᠯᠢ ᠶ᠋ᠢᠨ ᠪᠣᠭᠣᠮᠲᠠ ᠵᠢᠨ ᠠᠵᠢᠯ ᠢ᠋ ᠰᠠᠢᠲᠤᠷ ᠬᠢᠨ᠎ᠠ》 ᠁ ᠥᠪᠡᠷᠲᠡᠭᠡᠨ ᠵᠠᠰᠠᠬᠤ ᠣᠷᠣᠨ ᠤ᠋ ᠬᠣᠶᠠᠷ ᠬᠤᠷᠠᠯ ᠳᠡᠭᠡᠷ᠎ᠡ ᠲᠥᠯᠥᠭᠡᠯᠡᠭ᠌ᠴᠢ ᠭᠡᠱᠢᠭᠦᠳ《ᠲᠠᠪᠤᠨ ᠶᠡᠬᠡ ᠡᠭᠦᠷᠭᠡ》 ᠶ᠋ᠢ ᠦᠷᠭᠦᠯᠵᠢᠯᠡᠨ ᠭᠦᠨᠵᠡᠭᠡᠶ ᠨᠠᠢᠳᠠᠪᠤᠷᠢᠵᠢᠭᠤᠯᠬᠤ ᠲᠤᠬᠠᠶ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ ᠲᠡᠪᠰᠢᠬᠦᠯᠵᠤ᠂ ᠡᠨᠡ ᠬᠦ᠌ ᠴᠢᠬᠤᠯᠠ ᠬᠠᠷᠢᠭᠤᠴᠠᠯᠭ᠎ᠠ ᠪᠠ ᠬᠦᠨᠳᠦ ᠡᠭᠦᠷᠭᠡ ᠵᠢ ᠢᠳᠡᠪᠬᠢᠲᠡᠶ ᠰᠠᠢᠲᠤᠷ ᠪᠡᠶᠡᠯᠡᠭᠦᠯᠬᠦ᠌᠂ ᠱᠢᠨ᠎ᠡ ᠪᠠᠢᠷᠢᠱᠢᠯ ᠢ᠋ ᠴᠣᠭ᠍ᠴᠠᠯᠠᠵᠤ ᠱᠢᠨ᠎ᠡ ᠳᠠᠪᠠᠭᠤᠯᠢᠭ ᠢ᠋ ᠪᠣᠶ ᠪᠣᠯᠭᠠᠬᠤ ᠪᠡᠷ ᠣᠶᠤᠨ ᠤᠬᠠᠭᠠᠨ ᠪᠠ ᠬᠦᠴᠦᠨ ᠴᠢᠳᠠᠯ ᠢ᠋ᠶ᠋ᠠᠨ ᠡᠷᠭᠦᠵᠡᠬᠡᠨ᠎ᠠ᠃

《ᠲᠠᠪᠤᠨ ᠶᠡᠬᠡ ᠡᠭᠦᠷᠭᠡ》 ᠪᠣᠯ ᠶᠡᠷᠦᠩᠬᠡᠢ ᠱᠦᠵᠢ ᠰᠢ ᠵᠢᠨ ᠫᠢᠩ ᠤ᠋ᠨ ᠥᠪᠥᠷ ᠮᠣᠩᠭᠣᠯ ᠳ᠋ᠦ ᠣᠯᠭᠣᠭ᠍ᠰᠠᠨ ᠪᠠᠢᠯᠳᠤᠬᠤ ᠪᠤᠳᠤᠯᠭ᠎ᠠ ᠶ᠋ᠢᠨ ᠪᠠᠢᠷᠢ ᠲᠣᠭ᠍ᠲᠠᠭᠠᠯᠲᠠ᠂ ᠪᠢᠳᠡᠨ ᠤ᠋ ᠡᠷᠬᠡᠪᠰᠢ ᠰᠠᠢᠲᠤᠷ ᠭᠦᠢᠴᠡᠳᠭᠡᠬᠦ᠌ ᠴᠢᠬᠤᠯᠠ ᠡᠭᠦᠷᠭᠡ ᠬᠠᠷᠢᠭᠤᠴᠠᠯᠭ᠎ᠠ ᠮᠦᠨ᠃ ᠥᠩᠭᠡᠷᠡᠭ᠌ᠰᠡᠨ ᠨᠢᠭᠡ ᠵᠢᠯ ᠳ᠋ᠦ ᠥᠪᠥᠷ ᠮᠣᠩᠭᠣᠯ ᠬᠦᠴᠦᠯᠡᠨ ᠴᠢᠷᠮᠠᠢᠵᠤ 《ᠲᠠᠪᠤᠨ ᠶᠡᠬᠡ ᠡᠭᠦᠷᠭᠡ》᠂《ᠤᠮᠠᠷᠠᠲᠤ ᠶ᠋ᠢᠨ ᠭᠤᠷᠪᠠᠨ ᠣᠷᠣᠨ》 ᠤ᠋ ᠢᠨᠵᠧᠨᠧᠷᠢᠩ ᠤ᠋ᠨ ᠭᠤᠷᠪᠠᠨ ᠶᠡᠬᠡ ᠪᠡᠯᠭᠡ ᠲᠡᠮᠳᠡᠭ ᠤ᠋ᠨ ᠴᠢᠨᠠᠷᠲᠠᠶ ᠳᠠᠢᠯᠠᠯᠳᠤᠭᠠᠨ ᠳ᠋ᠤ ᠴᠢᠬᠤᠯᠠ ᠶᠡᠬᠡ ᠠᠮᠵᠢᠯᠲᠠ ᠣᠯᠵᠤ  ᠡᠯᠡᠰᠦ ᠵᠢ ᠵᠠᠰᠠᠬᠤ᠂ ᠣᠢᠵᠢᠭᠤᠯᠬᠤ᠂ ᠡᠪᠡᠰᠦ ᠳᠠᠷᠢᠬᠤ ᠣᠨ ᠤ᠋ ᠡᠭᠦᠷᠭᠡ᠎ᠪᠡᠨ ᠳᠠᠪᠠᠭᠤᠯᠤᠨ ᠪᠡᠶᠡᠯᠡᠭᠦᠯᠪᠡ; ᠠᠶᠤᠯ ᠲᠦᠭ᠌ᠰᠢᠭᠦᠷᠢ ᠵᠢ ᠰᠡᠷᠭᠡᠢᠯᠡᠨ᠂ ᠬᠢᠨᠠᠯᠲᠠ ᠬᠠᠮᠢᠶᠠᠷᠤᠯᠲᠠ ᠵᠢ ᠴᠢᠩᠭᠠᠳᠭᠠᠵᠦ᠂ ᠬᠥᠭ᠌ᠵᠢᠯᠲᠡ ᠵᠢ ᠠᠬᠢᠭᠤᠯᠤᠨ᠂ ᠪᠦᠬᠦ᠌ ᠨᠡᠢᠭᠡᠮ ᠤ᠋ᠨ ᠠᠮᠤᠷ ᠲᠦᠪᠱᠢᠨ ᠤ᠋ ᠲᠦᠷᠦᠭ᠌ᠳᠡᠯ ᠢ᠋ ᠦᠷᠭᠦᠯᠵᠢᠯᠡᠨ ᠨᠡᠮᠡᠭᠳᠡᠬᠦᠯᠪᠡ; ᠱᠢᠨ᠎ᠡ ᠡᠨᠧᠷᠭᠢ ᠶ᠋ᠢᠨ ᠮᠠᠱᠢᠨ ᠴᠣᠭ᠍ᠴᠠᠯᠠᠪᠤᠷᠢ ᠵᠢᠨ ᠬᠡᠮᠵᠢᠶ᠎ᠠ ᠪᠦᠬᠦ᠌ ᠤᠯᠤᠰ ᠲᠦ᠍ ᠲᠦᠷᠦᠬᠦᠯᠡᠨ ᠳ᠋ᠦᠩᠱᠢᠭᠤᠷ ᠺᠢᠯᠦᠸᠠᠲ ᠤ᠋ᠨ ᠶᠡᠬᠡ ᠪᠤᠭᠤᠮᠳᠠ ᠵᠢ ᠳᠠᠪᠠᠨ 1.35 ᠳ᠋ᠦᠩᠱᠢᠭᠤᠷ ᠺᠢᠯᠦᠸᠠᠲ ᠲᠦ᠍ ᠬᠦᠷᠴᠦ᠍᠂ ᠪᠦᠬᠦ᠌ ᠤᠯᠤᠰ ᠲᠦ᠍ ᠲᠦᠷᠦᠬᠦᠯᠡᠨ ᠮᠤᠵᠢ ᠠᠯᠤᠰᠯᠠᠭ᠍ᠰᠠᠨ ᠣᠨᠴᠠ ᠥᠨᠳᠥᠷ ᠬᠦᠴᠦᠳᠡᠯᠲᠦ ᠪᠤᠬᠢᠷᠳᠤᠯ ᠦᠬᠡᠢ ᠴᠠᠬᠢᠯᠭᠠᠨ ᠤ᠋ ᠠᠷᠠᠯᠵᠢᠶ᠎ᠠ ᠥᠷᠨᠢᠭᠦᠯᠪᠡ; ᠠᠮᠤ ᠪᠤᠳᠠᠭᠠᠨ ᠤ᠋ ᠶᠡᠷᠦᠩᠬᠡᠶ ᠤᠨᠠᠯᠲᠠ 820.1 ᠳ᠋ᠦᠩᠱᠢᠭᠤᠷ ᠵᠢᠩ ᠳ᠋ᠦ ᠬᠦᠷᠴᠦ᠍᠂ ᠬᠣᠷᠢᠨ ᠨᠢᠭᠡᠨ ᠵᠢᠯ ᠳᠠᠷᠠᠭᠠᠯᠠᠨ ᠡᠯᠪᠡᠭ ᠬᠤᠷᠢᠶᠠᠯᠲᠠ ᠤᠯᠪᠠ ; ᠪᠥᠬᠥ᠌ ᠣᠷᠣᠨ ᠤ᠋ ᠬᠠᠭᠤᠷᠠᠶ ᠵᠠᠮ ᠤ᠋ᠨ ᠬᠢᠯᠢ ᠵᠢᠨ ᠪᠣᠭᠣᠮᠲᠠ ᠶ᠋ᠢᠨ ᠪᠠᠷᠠᠭᠠᠨ ᠤ᠋ ᠲᠡᠭᠡᠭᠡᠪᠦᠷᠢ ᠶ᠋ᠢᠨ ᠬᠡᠮᠵᠢᠶ᠎ᠡ 1.2 ᠳ᠋ᠦᠩᠱᠢᠭᠤᠷ ᠲᠣᠨ ᠢ᠋ ᠳᠠᠪᠠᠵᠤ᠂ ᠭᠠᠳᠠᠭᠠᠳᠤ ᠣᠷᠣᠭᠤᠯᠤᠯᠲᠠ ᠭᠠᠷᠭᠠᠯᠲᠠ ᠶ᠋ᠢᠨ ᠶᠡᠷᠦᠩᠬᠡᠶ ᠬᠡᠮᠵᠢᠶ᠎ᠡ 2000 ᠳ᠋ᠦᠩᠱᠢᠭᠤᠷ ᠲᠥᠭᠥᠷᠢᠭ ᠢ᠋ ᠳᠠᠪᠠᠪᠠ ᠁ ᠪᠥᠬᠥ᠌ ᠣᠷᠣᠨ ᠤ᠋ ᠳᠡᠭᠡᠳᠦ ᠳᠤᠤᠷᠠᠳᠤ ᠱᠠᠲᠤᠨ ᠤ᠋ ᠬᠠᠮᠲᠤ ᠶ᠋ᠢᠨ ᠴᠢᠷᠮᠠᠢᠯᠭ᠎ᠠ ᠪᠠᠷ《ᠲᠠᠪᠤᠨ ᠶᠡᠬᠡ ᠡᠭᠦᠷᠭᠡ》 ᠢᠯᠡᠳᠲᠡ ᠦᠷ᠎ᠡ ᠪᠦᠲᠦᠮᠵᠢ ᠣᠯᠵᠤ᠂ ᠴᠢᠨᠠᠷ ᠰᠠᠢᠲᠠᠶ ᠬᠥᠭ᠌ᠵᠢᠯᠲᠡ ᠯᠠᠪᠳᠠᠭᠤᠨ ᠪᠠᠲᠤᠲᠠᠶ ᠠᠯᠬᠤᠮ ᠢ᠋ ᠠᠯᠬᠤᠵᠤ᠂ ᠬᠦᠭᠵᠢᠯᠳᠡ ᠵᠢᠨ ᠰᠠᠢᠨ ᠰᠠᠢᠬᠠᠨ ᠪᠠᠢᠳᠠᠯ ᠨᠢ ᠬᠥᠮᠦᠰ ᠢ᠋ ᠵᠣᠷᠢᠭ᠍ᠵᠢᠭᠤᠯᠤᠨ ᠡᠷᠴᠢ ᠵᠣᠷᠢᠭ ᠢ᠋ ᠬᠥᠪᠴᠢᠯᠡᠨ᠎ᠠ᠃

ᠲᠠᠪᠰᠢᠭᠰᠠᠨ ᠲᠡᠬᠡᠷ᠎ᠠ ᠬᠡᠷᠬᠢᠨ ᠲᠠᠪᠰᠢᠵᠤ᠂ ᠴᠢᠷᠮᠠᠢᠭᠰᠠᠨ ᠲᠠᠬᠡᠷ᠎ᠠ ᠬᠡᠷᠬᠢᠨ ᠴᠢᠷᠮᠠᠢᠬᠤ ᠪᠤᠢ? 《ᠲᠠᠪᠤᠨ ᠶᠡᠬᠡ ᠡᠭᠦᠷᠭᠡ》 ᠶ᠋ᠢ ᠦᠷᠭᠦᠯᠵᠢᠯᠡᠨ ᠭᠦᠨᠵᠡᠭᠡᠢᠷᠡᠭᠦᠯᠦᠨ ᠨᠠᠢᠳᠠᠪᠤᠷᠢᠵᠢᠭᠤᠯᠬᠤ ᠳ᠋ᠦ ᠵᠠᠩᠬᠢᠯᠠᠭ᠎ᠠ ᠵᠢ ᠠᠳᠬᠤᠨ ᠨᠠᠷᠢᠯᠢᠭ ᠬᠤᠪᠢᠶᠠᠷᠢᠯᠠᠨ ᠪᠤᠳᠠᠳᠠᠢ ᠳ᠋ᠤ ᠨᠠᠢᠳᠠᠪᠤᠷᠢᠵᠢᠭᠤᠯᠬᠤ ᠬᠡᠷᠡᠭ᠌ᠲᠡᠶ᠃ ᠠᠵᠤ ᠦᠢᠯᠡᠰ ᠤ᠋ᠨ ᠪᠠᠢᠷᠢᠱᠢᠭᠤᠯᠤᠯᠲᠠ ᠵᠢ ᠱᠢᠯᠢᠳᠡᠭ᠌ᠵᠢᠭᠦᠯᠦᠨ ᠲᠤᠬᠢᠷᠠᠭᠤᠯᠵᠤ᠂ ᠪᠠᠢᠷᠢᠱᠢᠭᠤᠯᠤᠯᠲᠠ ᠵᠣᠬᠢᠰᠲᠠᠢ᠂ ᠵᠢᠷᠤᠮᠵᠢᠯ ᠲᠠᠶ᠂ ᠡᠮᠬᠢ ᠳᠢᠭ᠌ᠯᠢᠮ ᠲᠡᠶ᠂ ᠠᠮᠢᠵᠢᠷᠠᠯ ᠤ᠋ᠨ ᠬᠦᠴᠦᠨ ᠢ᠋ᠶ᠋ᠡᠷ ᠪᠢᠯᠬᠠᠮ᠎ᠠ ᠠᠵᠤ ᠦᠢᠯᠡᠰ ᠤ᠋ᠨ ᠬᠥᠭ᠌ᠵᠢᠯᠲᠡ ᠶ᠋ᠢᠨ ᠱᠢᠨ᠎ᠡ ᠪᠠᠢᠷᠢᠱᠢᠯ ᠢ᠋ ᠪᠦᠷᠢᠯᠳᠦᠭᠦᠯᠬᠦ᠌ ᠬᠡᠷᠡᠭ᠌ᠲᠡᠢ᠃ ᠦᠢᠯᠡᠳᠪᠦᠷᠢᠯᠡᠯ ᠤ᠋ᠨ ᠬᠡᠮᠵᠢᠶ᠎ᠠ ᠴᠢᠳᠠᠪᠤᠷᠢ᠂ ᠦᠢᠯᠡᠳᠪᠦᠷᠢᠯᠡᠯ ᠠᠮᠢ ᠠᠬᠤᠶ᠂ ᠭᠠᠷᠤᠯᠲᠠ ᠣᠷᠣᠯᠭ᠎ᠠ᠎ᠶᠢᠨ ᠨᠡᠮᠡᠭᠳᠡᠯ ᠢ᠋ ᠬᠠᠮᠲᠤ ᠳ᠋ᠤᠨᠢ ᠠᠳᠭᠤᠬᠤ ᠵᠢ ᠪᠠᠷᠢᠮᠲᠠᠯᠠᠨ᠂ ᠣᠳᠣᠬᠢᠴᠢᠯᠠᠭ᠍ᠰᠠᠨ ᠱᠢᠨ᠎ᠡ ᠮᠠᠯᠵᠢᠬᠤ ᠲᠠᠷᠢᠶᠠᠯᠠᠬᠤ ᠣᠷᠣᠨ ᠢ᠋ ᠲᠦᠷᠭᠡᠳᠭᠡᠨ ᠪᠦᠳᠦᠬᠡᠨ ᠪᠠᠢᠭᠤᠯᠬᠤ ᠬᠡᠷᠡᠭ᠌ᠲᠡᠶ᠃ ᠳᠣᠲᠣᠭᠠᠳᠤ ᠭᠠᠳᠠᠭᠠᠳᠤ ᠨᠡᠭᠡᠭᠡᠯᠲᠡ ᠵᠢ ᠪᠦᠬᠦ᠌ ᠲᠠᠯ᠎ᠠ ᠪᠠᠷ ᠥᠷᠭᠡᠳᠭᠡᠵᠦ᠍᠂ ᠬᠥᠭ᠌ᠵᠢᠯᠲᠡ ᠶ᠋ᠢᠨ ᠱᠢᠨ᠎ᠡ ᠣᠷᠣᠨ ᠵᠠᠶ ᠵᠢ ᠶᠡᠬᠡ ᠪᠡᠷ ᠥᠷᠭᠡᠳᠭᠡᠬᠦ᠌ ᠬᠡᠷᠡᠭ᠌ᠲᠡᠶ᠃ ᠠᠮᠢ ᠠᠬᠤᠶ ᠣᠷᠴᠢᠨ ᠲᠣᠭᠣᠷᠢᠨ ᠤ᠋ ᠬᠠᠮᠠᠭᠠᠯᠠᠯᠲᠠ ᠵᠢ ᠢᠮᠠᠭ᠍ᠲᠠ ᠲᠡᠷᠢᠭᠦᠨ ᠳ᠋ᠦ ᠲᠠᠯᠪᠢᠵᠤ᠂ ᠠᠮᠢ ᠠᠬᠤᠶ ᠶ᠋ᠢᠨ ᠠᠮᠤᠷ ᠲᠦᠪᠱᠢᠨ ᠤ᠋ ᠬᠠᠯᠬᠠᠪᠴᠢ ᠶ᠋ᠢᠨ ᠪᠥᠲᠥᠭᠡᠨ ᠪᠠᠢᠭᠤᠯᠤᠯᠲᠠ ᠵᠢ ᠪᠥᠬᠥ᠌ ᠬᠦᠴᠦᠨ ᠢ᠋ᠶ᠋ᠡᠷ ᠢ᠋ᠶ᠋ᠡᠨ ᠠᠬᠢᠭᠤᠯᠬᠤ ᠬᠡᠷᠡᠭ᠌ᠲᠡᠶ᠃ ᠬᠥᠭ᠌ᠵᠢᠯᠲᠡ ᠪᠠ ᠠᠮᠤᠷ ᠲᠦᠪᠱᠢᠨ ᠢ᠋ ᠨᠠᠩ ᠰᠠᠢᠲᠤᠷ ᠨᠢᠭᠡᠳᠦᠯᠲᠡᠶ ᠲᠥᠯᠥᠪᠵᠢᠭᠦᠯᠵᠦ᠍᠂ ᠡᠬᠡ ᠤᠯᠤᠰ ᠤ᠋ᠨ ᠤᠮᠠᠷᠠᠲᠤ ᠶ᠋ᠢᠨ ᠠᠮᠤᠷ ᠲᠦᠪᠱᠢᠨ ᠲᠣᠭ᠍ᠲᠠᠭᠤᠨ ᠤ᠋ ᠬᠠᠯᠬᠠᠪᠴᠢ ᠵᠢ ᠡᠷᠡᠰ ᠪᠡᠬᠢᠵᠢᠭᠦᠯᠬᠦ᠌ ᠬᠡᠷᠡᠭ᠌ᠲᠡᠶ᠃

ᠰᠠᠢᠳᠤᠷ ᠲᠦᠯᠦᠪᠵᠢᠬᠦᠯᠪᠡᠯ ᠬᠤᠯᠠ ᠠᠶᠠᠯᠠᠵᠤ ᠪᠣᠳᠠᠲᠠᠢ ᠠᠵᠢᠯᠯᠠᠪᠠᠯ ᠠᠮᠵᠢᠯᠲᠠ ᠳ᠋ᠦ ᠬᠦᠷᠳᠡᠭ᠃ ᠶᠡᠷᠦᠩᠬᠡᠶ ᠱᠦᠵᠢ ᠰᠢ ᠵᠢᠨ ᠫᠢᠩ ᠤ᠋ᠨ ᠥᠪᠥᠷ ᠮᠣᠩᠭᠣᠯ ᠳ᠋ᠦ ᠣᠯᠭᠣᠭ᠍ᠰᠠᠨ ᠪᠠᠢᠯᠳᠤᠬᠤ ᠪᠣᠳᠣᠯᠭ᠎ᠠ ᠶ᠋ᠢᠨ ᠪᠠᠢᠷᠢ ᠲᠣᠭ᠍ᠲᠠᠭᠠᠯᠲᠠ ᠳ᠋ᠦ ᠠᠩᠬᠠᠷᠤᠯ ᠢ᠋ᠶ᠋ᠠᠨ ᠲᠥᠪᠯᠡᠷᠡᠭᠦᠯᠵᠦ᠍᠂ ᠬᠥᠭ᠌ᠵᠢᠯᠲᠡ ᠶ᠋ᠢᠨ ᠱᠢᠨ᠎ᠡ ᠪᠠᠢᠷᠢᠱᠢᠯ ᠢ᠋ ᠲᠦᠷᠭᠡᠳᠭᠡᠨ ᠪᠠᠢᠭᠤᠯᠵᠤ ᠥᠷᠢᠰᠥᠯᠳᠦᠭᠡᠨ ᠤ᠋ ᠱᠢᠨ᠎ᠡ ᠳᠠᠪᠠᠭᠤᠯᠢᠭ ᠢ᠋ ᠪᠣᠶ ᠪᠣᠯᠭᠠᠨ᠂ ᠨᠢᠭᠡ ᠵᠢᠷᠤᠭ ᠲᠥᠰᠦᠪ ᠢ᠋ ᠡᠴᠦᠰ ᠲᠤᠨᠢ ᠲᠤᠯᠲᠠᠯ᠎ᠠ ᠵᠢᠷᠤᠭ᠍ᠯᠠᠪᠠᠯ ᠪᠢᠳᠡ ᠯᠠᠪᠲᠠᠶ᠎ᠠ ᠱᠢᠨ᠎ᠡ ᠳᠦᠷᠰᠦ ᠪᠠᠢᠳᠠᠯ ᠱᠢᠨ᠎ᠡ ᠵᠢᠳᠬᠦᠯ ᠴᠢᠷᠮᠠᠢᠯᠭ᠎ᠠ ᠱᠢᠨ᠎ᠡ ᠬᠠᠷᠢᠭᠤᠴᠠᠯᠭ᠎ᠠ ᠡᠭᠦᠷᠭᠡᠯᠡᠯ ᠢ᠋ᠶ᠋ᠡᠷ 《ᠲᠠᠪᠤᠨ ᠶᠡᠬᠡ ᠡᠭᠦᠷᠭᠡ》 ᠶ᠋ᠢᠨ ᠱᠢᠨ᠎ᠡ ᠦᠷ᠎ᠡ ᠪᠦᠲᠦᠮᠵᠢ ᠤᠯᠬᠤ ᠵᠢ ᠲᠠᠰᠤᠷᠠᠯᠳᠠ ᠦᠬᠡᠢ ᠠᠬᠢᠭᠤᠯᠵᠤ ᠴᠢᠳᠠᠨ᠎ᠠ ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号