ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭᠠᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ ᠎ᠤᠨ ᠭᠤᠷᠪᠠᠳᠤᠭᠠᠷ ᠬᠤᠷᠠᠯ᠎ᠤᠨ ᠲᠡᠷᠢᠭᠦᠯᠡᠭ᠌ᠴᠢᠳ᠎ᠦᠨ ᠪᠦᠯᠬᠦᠮ ᠬᠣᠶᠠᠳᠤᠭᠠᠷ ᠤᠳᠠᠭ᠎ᠠ᠎ᠶ᠋ᠢᠨ ᠬᠤᠷᠠᠯ ᠬᠢᠵᠡᠢ
2025-01-17 10:00:43
ᠵᠣᠬᠢᠶᠠᠭ᠍ᠴᠢ᠄
ᠵᠠᠩ ᠺᠦᠢ
ᠣᠩᠱᠢᠭ᠍ᠰᠠᠨ ᠣᠳᠠᠭ᠎ᠠ᠄
★★★☆☆


ᠰᠦᠨ ᠱᠤᠤ ᠴᠧᠩ ᠬᠤᠷᠠᠯ᠎ᠢ ᠡᠷᠭᠢᠯᠡᠪᠡ


1 ᠰᠠᠷ᠎ᠠ᠎ᠶ᠋ᠢᠨ 16 ᠤ᠋ ᠦᠳᠡ᠎ᠶ᠋ᠢᠨ ᠡᠮᠦᠨ᠎ᠡ᠂ ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭᠠᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠭᠤᠷᠪᠠᠳᠤᠭᠠᠷ ᠬᠤᠷᠠᠯ᠎ᠤᠨ ᠲᠡᠷᠢᠭᠦᠯᠡᠭ᠌ᠴᠢᠳ᠎ᠦᠨ ᠪᠦᠯᠬᠦᠮ ᠬᠣᠶᠠᠳᠤᠭᠠᠷ ᠤᠳᠠᠭ᠎ᠠ᠎ᠶ᠋ᠢᠨ ᠬᠤᠷᠠᠯ ᠬᠢᠪᠡ᠃

ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭᠠᠨ ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠭᠤᠷᠪᠠᠳᠤᠭᠠᠷ ᠬᠤᠷᠠᠯ᠎ᠤᠨ ᠲᠡᠷᠢᠭᠦᠯᠡᠭ᠌ᠴᠢᠳ᠎ᠦᠨ ᠪᠦᠯᠬᠦᠮ᠎ᠦᠨ ᠪᠦᠷᠢᠯᠳᠦᠭᠦᠨ 63 ᠬᠥᠮᠥᠨ ᠪᠣᠶ᠂ 60 ᠬᠥᠮᠥᠨ ᠲᠣᠰ ᠤᠳᠠᠭ᠎ᠠ᠎ᠶ᠋ᠢᠨ ᠬᠤᠷᠠᠯ᠎ᠳᠤ ᠣᠷᠣᠯᠴᠠᠵᠤ᠂ ᠬᠠᠤᠯᠢ ᠎ᠳᠤ ᠲᠣᠭ᠍ᠲᠠᠭᠠᠭ᠍ᠰᠠᠨ ᠬᠥᠮᠥᠨ ᠎ᠦ ᠲᠣᠭ᠎ᠠ᠎ᠳᠤ ᠨᠡᠢᠴᠡᠪᠡ᠃

ᠶᠡᠬᠡ ᠬᠤᠷᠠᠯ ᠎ᠤᠨ ᠲᠡᠷᠢᠭᠦᠯᠡᠭ᠌ᠴᠢᠳ᠎ᠦᠨ ᠪᠦᠯᠬᠦᠮ ᠎ᠦᠨ ᠪᠠᠢᠩᠭᠤ᠎ᠶ᠋ᠢᠨ ᠲᠡᠷᠢᠭᠦᠯᠡᠭ᠌ᠴᠢ ᠰᠦᠨ ᠱᠤᠤ ᠴᠧᠩ ᠬᠤᠷᠠᠯ ᠎ᠢ ᠡᠷᠬᠢᠯᠡᠵᠦ᠍᠂ ᠲᠡᠷᠢᠭᠦᠯᠡᠭ᠌ᠴᠢᠳ᠎ᠦᠨ ᠪᠦᠯᠬᠦᠮ᠎ᠦᠨ ᠪᠠᠢᠩᠭᠤ᠎ᠶ᠋ᠢᠨ ᠲᠡᠷᠢᠭᠦᠯᠡᠭ᠌ᠴᠢ ᠯᠢᠨ ᠱᠤᠤ ᠴᠦᠨ᠂ ᠵᠠᠩ ᠱᠤᠤ ᠴᠦᠨ᠂ ᠳ᠋ᠤᠸᠠᠨ ᡁᠢ ᠴᠢᠶᠠᠩ᠂ ᠵᠧᠩ ᠬᠣᠩ ᠹᠠᠨ᠂ ᠳ᠋ᠢᠩ ᠱᠢᠤ ᠹᠧᠩ᠂ ᠠᠢ ᠯᠢ ᠬᠤᠸᠠ᠂ ᠯᠢ ᠪᠢᠩ ᠷᠦᠩ᠂ ᠦ᠋ ᠶᠠᠨ ᠭᠠᠩ᠂ ᠸᠠᠨ ᠴᠤᠤ ᠴᠢ ᠬᠤᠷᠠᠯ᠎ᠳᠤ ᠣᠷᠣᠯᠴᠠᠪᠠ᠃

ᠬᠤᠷᠠᠯ᠎ᠡᠴᠡ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠪᠠᠢᠩᠭᠤ᠎ᠶ᠋ᠢᠨ ᠭᠡᠱᠢᠭᠦᠨ᠂ ᠵᠣᠬᠢᠶᠠᠨ ᠪᠠᠢ᠌ᠭᠤᠯᠬᠤ ᠬᠡᠯᠲᠡᠰ ᠎ᠦᠨ ᠳᠠᠷᠤᠭ᠎ᠠ ᠯᠢ ᠢᠦᠢ ᠭᠠᠩ᠎ᠤᠨ ᠬᠢᠭ᠌ᠰᠡᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ ᠎ᠤ ᠠᠷᠪᠠᠨ ᠳᠥᠷᠪᠡᠳᠦᠭᠡᠷ ᠬᠤᠭᠤᠴᠠᠭᠠᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠤᠷᠢᠶ᠎ᠠ ᠵᠢᠨ ᠳᠡᠳ᠋ ᠡᠷᠬᠢᠯᠡᠭ᠌ᠴᠢ᠂ ᠨᠠᠷᠢᠨ ᠪᠢᠴᠢᠭ᠎ᠦᠨ ᠳᠠᠷᠤᠭ᠎ᠠ᠂ ᠭᠡᠱᠢᠭᠦᠨ᠎ᠦ ᠵᠢᠱ᠌ᠢᠭ᠌ᠳᠡᠭ᠌ᠴᠢ ᠪᠤᠯᠤᠨ ᠬᠡᠰᠡᠭ ᠲᠤᠰᠭᠠᠢ ᠵᠦᠪᠯᠡᠯ᠎ᠤᠨ ᠡᠷᠬᠢᠯᠡᠭ᠌ᠴᠢ ᠭᠡᠱᠢᠭᠦᠨ ᠎ᠦ ᠵᠢᠱ᠌ᠢᠭ᠌ᠳᠡᠭ᠌ᠴᠢ ᠵᠢ ᠲᠠᠨᠢᠯᠴᠠᠭᠤᠯᠤᠬᠰᠠᠨ ᠨᠡᠷᠡᠰ᠎ᠦᠨ ᠲᠤᠬᠠᠢ ᠲᠣᠳᠣᠷᠬᠠᠢᠯᠠᠯᠲᠠ ᠵᠢ ᠰᠤᠨᠤᠰᠴᠤ᠂《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭᠠᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠭᠤᠷᠪᠠᠳᠤᠭᠠᠷ ᠬᠤᠷᠠᠯ᠎ᠤᠨ ᠲᠡᠷᠢᠭᠦᠯᠡᠭ᠌ᠴᠢᠳ᠎ᠦᠨ ᠪᠦᠯᠬᠦᠮ ᠡᠴᠡ ᠨᠡᠷ᠎ᠡ ᠳᠤᠷᠠᠳᠤᠭ᠍ᠰᠠᠨ ᠥᠪᠡᠷᠲᠡᠭᠡᠨ ᠵᠠᠰᠠᠬᠤ ᠣᠷᠣᠨ ᠎ᠤ ᠠᠷᠪᠠᠨ ᠳᠥᠷᠪᠡᠳᠦᠭᠡᠷ ᠬᠤᠭᠤᠴᠠᠭᠠᠨ ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ ᠎ᠤᠨ ᠪᠠᠢᠩᠭᠤ᠎ᠶ᠋ᠢᠨ ᠬᠤᠷᠢᠶ᠎ᠠ ᠵᠢᠨ ᠳᠡᠳ᠋ ᠡᠷᠬᠢᠯᠡᠭ᠌ᠴᠢ᠂ ᠨᠠᠷᠢᠨ ᠪᠢᠴᠢᠭ᠎ᠦᠨ ᠳᠠᠷᠤᠭ᠎ᠠ᠂ ᠭᠡᠱᠢᠭᠦᠨ ᠎ᠤ ᠵᠢᠱ᠌ᠢᠭ᠌ᠳᠡᠭ᠌ᠴᠢ᠎ᠵᠢᠨ ᠨᠡᠷᠡᠰ》 ᠢ᠋ ᠪᠠᠳᠤᠯᠠᠵᠤ᠂ ᠪᠠᠲᠤᠯᠠᠭ᠍ᠰᠠᠨ᠎ᠤ ᠳᠠᠷᠠᠭᠠᠬᠢ ᠵᠢᠱ᠌ᠢᠭ᠌ᠳᠡᠭ᠌ᠴᠢ ᠎ᠵᠢᠨ ᠨᠡᠷᠡᠰ ᠎ᠢ ᠪᠦᠬᠦ᠌ ᠲᠥᠯᠥᠭᠡᠯᠡᠭ᠌ᠴᠢᠳ᠎ᠲᠦ ᠳᠠᠷᠤᠮᠠᠯᠯᠠᠨ ᠲᠠᠷᠬᠠᠭᠠᠵᠤ ᠵᠥᠪᠳᠡᠯᠴᠡᠭᠦᠯᠦᠨ ᠶᠠᠷᠢᠯᠴᠠᠭᠤᠯᠬᠤ ᠪᠡᠷ ᠲᠣᠭ᠍ᠲᠠᠪᠠ᠃ ᠬᠤᠷᠠᠯ᠎ᠡᠴᠡ《ᠥᠪᠥᠷ ᠮᠣᠩᠭᠣᠯ ᠎ᠤᠨ ᠥᠪᠡᠷᠲᠡᠭᠡᠨ ᠵᠠᠰᠠᠬᠤ ᠣᠷᠣᠨ ᠎ᠤ ᠠᠷᠪᠠᠨ ᠳᠥᠷᠪᠡᠳᠦᠭᠡᠷ ᠬᠤᠭᠤᠴᠠᠭᠠᠨ᠎ᠤ ᠠᠷᠠᠳ ᠎ᠤᠨ ᠲᠥᠯᠥᠭᠡᠯᠡᠭ᠌ᠴᠢᠳ ᠎ᠦᠨ ᠶᠡᠬᠡ ᠬᠤᠷᠠᠯ ᠎ᠤᠨ ᠬᠡᠰᠡᠭ ᠲᠤᠰᠭᠠᠢ ᠵᠥᠪᠯᠡᠯ᠎ᠦᠨ ᠡᠷᠬᠢᠯᠡᠭ᠌ᠴᠢ ᠭᠡᠱᠢᠭᠦᠨ ᠎ᠤ ᠨᠡᠷᠡᠰ (ᠲᠥᠰᠥᠯ)》 ᠢ᠋ ᠪᠠᠲᠤᠯᠠᠵᠤ᠂ ᠪᠠᠲᠤᠯᠠᠭ᠍ᠰᠠᠨ ᠨᠡᠷᠡᠰ ᠎ᠦᠨ ᠲᠥᠰᠥᠯ ᠎ᠢ ᠪᠦᠬᠦ᠌ ᠲᠥᠯᠥᠭᠡᠯᠡᠭ᠌ᠴᠢᠳ᠎ᠲᠦ ᠳᠠᠷᠤᠮᠠᠯᠯᠠᠨ ᠲᠠᠷᠬᠠᠭᠠᠵᠤ ᠬᠢᠨᠠᠨ ᠵᠥᠪᠯᠡᠭᠦᠯᠬᠦ᠌᠎ᠪᠡᠷ ᠲᠣᠭ᠍ᠲᠠᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号