ᠨᠠᠨ ᠨᠠᠨ ᠲᠥᠯᠥᠭᠡᠯᠡᠭᠴᠢ ᠄ ᠪᠣᠳᠠᠲᠠᠢ ᠠᠵᠢᠯᠯᠠᠵᠤ 《 ᠵᠢᠷᠭᠤᠭᠠᠨ ᠠᠵᠢᠯᠯᠠᠭ᠎ᠠ 》 ᠳ᠋ᠤ ᠬᠦᠴᠦᠨ ᠨᠡᠮᠡᠷᠢᠯᠡᠨ᠎ᠡ
2025-01-17 11:17:36
ᠵᠣᠬᠢᠶᠠᠭ᠍ᠴᠢ᠄
ᠮᠧᠶ ᠭᠠᠩ ᠸᠠᠩ ᠯᠧᠢ
ᠣᠩᠱᠢᠭ᠍ᠰᠠᠨ ᠣᠳᠠᠭ᠎ᠠ᠄
★★★☆☆

《〈ᠵᠢᠷᠭᠤᠭᠠᠨ ᠠᠵᠢᠯᠯᠠᠭ᠎ᠠ〉 ᠵᠢ ᠰᠠᠢᠲᠤᠷ ᠵᠣᠬᠢᠶᠠᠨ ᠪᠠᠢᠭᠤᠯᠤᠨ ᠥᠷᠨᠢᠭᠦᠯᠬᠦ ᠪᠣᠯ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠠᠵᠤ ᠠᠬᠤᠢ᠎ᠶᠢᠨ ᠦᠷᠭᠦᠯᠵᠢᠯᠡᠨ ᠬᠦᠭᠵᠢᠬᠦ᠎ᠶᠢ ᠪᠥᠬᠥ ᠬᠦᠴᠦᠨ᠎ᠢᠶᠡᠷ ᠠᠬᠢᠭᠤᠯᠵᠤ᠂ 〈ᠰᠢᠨ᠎ᠡ ᠵᠠᠮ ᠨᠡᠭᠡᠭᠡᠵᠦ ᠳᠤᠮᠳᠠ ᠲᠦᠪᠰᠢᠨ᠎ᠳᠤ ᠣᠷᠣᠬᠤ〉ᠬᠠᠷᠠᠯᠲᠠ᠎ᠶᠢ ᠪᠡᠶᠡᠯᠡᠭᠦᠯᠬᠦ ᠬᠦᠴᠦᠲᠡᠢ ᠲᠤᠯᠭᠠᠭᠤᠷᠢᠯᠠᠯ ᠪᠣᠯᠣᠨ᠎ᠠ᠃ ᠪᠢᠳᠡ ᠨᠡᠩ ᠪᠣᠳᠠᠲᠠᠢ᠎ᠶᠢ ᠡᠷᠬᠢᠮᠯᠡᠬᠦ ᠠᠵᠢᠯ᠎ᠤᠨ ᠰᠤᠷᠲᠠᠯ᠎ᠢᠶᠠᠷ᠂ ᠵᠣᠷᠢᠭ᠍ᠲᠠᠢ ᠬᠢᠵᠦ ᠴᠢᠳᠠᠮᠠᠭᠠᠢ ᠠᠵᠢᠯᠯᠠᠵᠤ᠂ ᠡᠭᠦᠷᠭᠡ᠎ᠶᠢᠨ ᠨᠠᠷᠢᠨ ᠲᠠᠩᠰᠠ᠎ᠶᠢ ᠦᠨᠡᠨ ᠪᠣᠳᠠᠲᠠᠢ ᠬᠢᠷᠢ ᠪᠦᠲᠦᠮᠵᠢ᠎ᠶᠢᠨ ᠨᠠᠷᠢᠨ ᠲᠠᠩᠰᠠ ᠪᠣᠯᠭᠠᠨ ᠬᠤᠪᠢᠷᠠᠭᠤᠯᠤᠨ᠎ᠠ》ᠭᠡᠵᠦ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢ᠂ ᠬᠥᠬᠡᠬᠣᠲᠠ᠎ᠶᠢᠨ ᠢᠤᠢ᠍ᠢᠴᠢᠤᠸᠠᠨ ᠲᠣᠭᠣᠷᠢᠭ᠋᠎ᠤᠨ ᠨᠠᠮ᠎ᠤᠨ ᠬᠣᠷᠢᠶ᠎ᠠ ᠵᠢᠨ ᠳᠡᠳ᠋ ᠱᠦᠵᠢ᠂ ᠲᠣᠭᠣᠷᠢᠭ᠋᠎ᠤᠨ ᠳᠠᠷᠤᠭ᠎ᠠ ᠨᠠᠨ ᠨᠠᠨ ᠬᠡᠯᠡᠪᠡ᠃


QQ20250117-111611.png

         ᠨᠠᠨ ᠨᠠᠨ ᠲᠥᠯᠥᠭᠡᠯᠡᠭᠴᠢ 


ᠨᠠᠨ ᠨᠠᠨ᠂ ᠢᠦᠢᠴᠢᠤᠸᠠᠨ ᠲᠣᠭᠣᠷᠢᠭ᠋ 87 ᠭᠣᠣᠯᠳᠠᠯᠭ᠎ᠠ᠎ᠲᠠᠢ ᠲᠦᠷᠦᠯ ᠵᠦᠢᠯ᠎ᠢ ᠬᠡᠷᠡᠭᠵᠢᠭᠦᠯᠬᠦ᠎ᠪᠡᠷ ᠲᠥᠯᠥᠪᠯᠡᠵᠦ᠂ ᠶᠡᠷᠦᠩᠬᠡᠢ ᠪᠡᠯᠡ ᠣᠷᠣᠭᠤᠯᠤᠯᠲᠠ ᠨᠢ 407 ᠳ᠋ᠦᠩᠰᠢᠭᠤᠷ ᠲᠥᠭᠥᠷᠢᠭ ᠪᠠᠢᠵᠤ᠂ ᠠᠮᠢᠳᠤ ᠪᠣᠳᠠᠰ᠎ᠤᠨ ᠡᠮ ᠡᠮᠨᠡᠯᠭᠡ᠎ᠶᠢᠨ ᠠᠵᠤ ᠦᠢᠯᠡᠰ᠂ ᠪᠣᠬᠢᠷᠲᠤᠯ ᠦᠭᠡᠢ ᠢᠳᠡᠭᠡᠨ᠎ᠢ ᠡᠳ᠋ᠰᠢᠭᠦᠯᠦᠨ ᠪᠣᠯᠪᠠᠰᠤᠷᠠᠭᠤᠯᠬᠤ ᠠᠵᠤ ᠦᠢᠯᠡᠰ ᠪᠠ ᠲᠣᠭᠠᠴᠢᠯᠠᠭᠰᠠᠨ ᠠᠵᠤ ᠠᠬᠤᠢ᠎ᠶᠢᠨ ᠠᠵᠤ ᠦᠢᠯᠡᠰ᠎ᠦᠨ ᠪᠦᠯᠦᠭᠵᠢᠯ᠎ᠢ ᠬᠦᠴᠦᠯᠡᠨ ᠪᠤᠵᠠᠭᠠᠢᠷᠠᠭᠤᠯᠵᠤ᠂ ᠦᠢᠯᠡᠳᠬᠡᠯ᠎ᠤᠨ ᠦᠢᠯᠡᠰ ᠪᠣᠯᠣᠨ ᠤᠳᠤ ᠦᠶ᠎ᠡ᠎ᠶᠢᠨ ᠪᠠᠷᠠᠭᠠᠨ᠎ᠤ ᠭᠦᠢᠯᠭᠡᠭᠡᠨ᠎ᠦ ᠠᠵᠤ ᠦᠢᠯᠡᠰ᠎ᠦᠨ ᠪᠦᠯᠦᠭᠵᠢᠯ᠎ᠢ ᠪᠤᠢ ᠪᠤᠯᠭᠠᠵᠤ᠂ ᠨᠢᠭᠡ ᠪᠦᠯᠦᠭ ᠪᠣᠬᠢᠷᠲᠤᠯ ᠦᠭᠡᠢ ᠠᠵᠤ ᠦᠢᠯᠡᠰ᠎ᠦᠨ ᠲᠦᠷᠦᠯ ᠵᠦᠢᠯ᠎ᠢ ᠲᠥᠯᠥᠪᠵᠢᠭᠦᠯᠦᠨ᠎ᠡ; ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠢ ᠤᠯᠠᠮ ᠴᠢᠨᠠᠭᠰᠢᠲᠠ ᠰᠢᠯᠢᠳᠡᠭᠵᠢᠭᠦᠯᠵᠦ᠂ ᠠᠵᠤ ᠠᠬᠤᠢᠯᠠᠯᠲᠠᠨ᠎ᠢ ᠨᠢᠭᠡ ᠰᠡᠳᠬᠢᠯ᠎ᠢᠶᠡᠷ ᠦᠢᠯᠡᠰ ᠪᠣᠰᠬᠠᠵᠤ᠂ ᠰᠠᠨᠠᠭ᠎ᠠ ᠠᠮᠤᠷ ᠡᠵᠡᠩᠨᠡᠭᠦᠯᠦᠨ᠎ᠡ; ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠢ 4.6 ᠲᠦᠮᠡᠨ ᠮᠦ᠍ ᠰᠢᠨ᠎ᠡ᠎ᠪᠡᠷ ᠪᠠᠢᠭᠤᠯᠵᠤ᠂ 10 ᠺᠢᠯᠣᠮᠧᠲᠷ᠎ᠤᠨ ᠳᠠᠬᠢᠯᠳᠠ ᠤᠰᠤᠨ᠎ᠤ ᠬᠣᠭᠣᠯᠠᠢ ᠲᠣᠣᠷ᠎ᠢ ᠰᠢᠨ᠎ᠡ᠎ᠪᠡᠷ ᠪᠠᠢᠭᠤᠯᠵᠤ᠂ ᠭᠠᠵᠠᠷ ᠳᠣᠣᠷᠠᠬᠢ ᠤᠰᠤ᠎ᠶᠢ ᠪᠦᠲᠦᠮᠵᠢᠲᠡᠢ ᠠᠷᠪᠢᠯᠠᠨ᠎ᠠ; ᠨᠥᠬᠥᠴᠡᠯ᠎ᠳᠦ ᠨᠡᠢᠴᠡᠬᠦ ᠤᠷᠢᠨ ᠠᠪᠴᠢᠷᠠᠭᠰᠠᠨ ᠴᠢᠳᠠᠪᠤᠷᠢᠲᠠᠨ᠎ᠳᠤ ᠪᠡᠯᠡ ᠮᠥᠩᠭᠥᠨ᠎ᠦ ᠱᠠᠩᠨᠠᠯ ᠣᠯᠭᠣᠵᠤ᠂ 160 ᠢᠵᠢ ᠴᠢᠳᠠᠪᠤᠷᠢᠲᠠᠨ᠎ᠤ ᠨᠡᠶ᠋ᠢᠲᠡ᠎ᠶᠢᠨ ᠣᠷᠣᠨ ᠰᠠᠭᠤᠴᠠ ᠵᠢ ᠬᠡᠷᠡᠭᠯᠡᠨ᠂ ᠦᠷ᠎ᠡ ᠬᠡᠦᠬᠡᠳ᠎ᠦᠨ ᠬᠢᠨ ᠰᠤᠷᠭᠠᠭᠤᠯᠢ᠎ᠳᠤ ᠣᠷᠣᠬᠤ ᠱᠠᠭᠠᠷᠳᠠᠯᠭ᠎ᠠ᠎ᠶᠢ ᠬᠠᠩᠭᠠᠨ᠎ᠠ; ᠰᠣᠶᠣᠯ ᠵᠢᠭᠤᠯᠴᠢᠯᠠᠯ᠎ᠤᠨ ᠲᠣᠭᠣᠷᠢᠭ᠋᠎ᠢ᠋ ᠳᠡᠰ ᠳᠡᠪᠰᠢᠭᠦᠯᠵᠦ᠂ ᠮᠧᠩ ᠮᠠ ᠵᠢᠵᠢᠭ ᠪᠠᠯᠭᠠᠰᠤᠨ᠎ᠤ ᠨᠢᠭᠡᠳᠦᠭᠡᠷ ᠬᠤᠭᠤᠴᠠᠭᠠᠨ᠎ᠤ ᠲᠥᠷᠥᠯ ᠵᠦᠢᠯ ᠎ᠦᠨ ᠪᠦᠲᠦᠭᠡᠨ ᠪᠠᠢᠭᠤᠯᠤᠯᠲᠠ᠎ᠶᠢ ᠠᠬᠢᠭᠤᠯᠤᠨ᠎ᠠ; ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠎ᠤ ᠪᠤᠵᠠᠭᠠᠢᠷᠠᠨ ᠬᠦᠴᠦᠷᠬᠡᠭᠵᠢᠬᠦ᠎ᠶᠢ ᠳᠡᠮᠵᠢᠵᠦ᠂ ᠠᠵᠤ ᠠᠬᠤᠢᠯᠠᠯ᠎ᠤᠨ ᠭᠠᠳᠠᠭᠠᠳᠤ ᠭᠠᠷᠭᠠᠯᠲᠠ᠎ᠶᠢᠨ ᠲᠤᠬᠠᠢᠯᠠᠭᠰᠠᠨ ᠠᠵᠢᠯ ᠎ᠢᠶᠠᠨ ᠥᠷᠭᠡᠳᠬᠡᠬᠦ᠎ᠶᠢ ᠵᠣᠷᠢᠭ᠍ᠵᠢᠭᠤᠯᠵᠤ᠂ ᠠᠷᠠᠯᠵᠢᠶᠠᠨ ᠎ᠤ ᠲᠣᠭ᠎ᠠ ᠵᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ ᠭᠡᠵᠦ ᠢᠯᠡᠳᠬᠡᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号