《〈ᠵᠢᠷᠭᠤᠭᠠᠨ ᠠᠵᠢᠯᠯᠠᠭ᠎ᠠ〉 ᠪᠣᠯ ᠬᠥᠭ᠌ᠵᠢᠯᠲᠡ᠎ᠶ᠋ᠢᠨ ᠢᠨᠵᠧᠨᠧᠷᠢᠩ ᠮᠥᠨ᠂ ᠨᠠᠩ ᠴᠤ᠌ ᠠᠷᠠᠳ᠎ᠤᠨ ᠰᠡᠳᠭᠢᠯ ᠦᠨ ᠢᠨᠵᠧᠨᠧᠷᠢᠩ ᠮᠥᠨ᠃ ᠬᠤᠤᠯᠢᠨ ᠭᠤᠤᠯ ᠬᠣᠲᠠ 〈ᠵᠢᠷᠭᠤᠭᠠᠨ ᠠᠵᠢᠯᠯᠠᠭ᠎ᠠ〉᠎ᠶ᠋ᠢ ᠰᠠᠢᠲᠤᠷ ᠵᠣᠬᠢᠶᠠᠨ ᠪᠠᠢᠭᠤᠯᠤᠨ ᠥᠷᠨᠢᠭᠦᠯᠵᠦ᠍᠂ ᠪᠣᠳᠠᠲᠠᠶ ᠠᠵᠢᠯᠯᠠᠬᠤ᠎ᠶ᠋ᠢ ᠲᠡᠷᠢᠭᠦᠨ᠎ᠳᠦ ᠲᠠᠯᠪᠢᠵᠤ᠂ ᠪᠥᠬᠥ᠌ ᠵᠢᠯ ᠦᠨ ᠡᠯ᠎ᠡ ᠵᠦᠶ᠋ᠯ᠎ᠦᠨ ᠠᠵᠢᠯ ᠤᠨ ᠡᠭᠦᠷᠭᠡ᠎ᠪᠡᠨ ᠪᠡᠶᠡᠯᠡᠭᠦᠯᠬᠦ᠌᠎ᠶ᠋ᠢ ᠦᠨᠡᠨ ᠬᠦ᠌ ᠪᠠᠲᠤᠯᠠᠨ᠎ᠠ》 ᠭᠡᠵᠦ ᠥᠪᠡᠷᠲᠡᠭᠡᠨ ᠵᠠᠰᠠᠬᠤ ᠣᠷᠣᠨ ᠤ ᠠᠷᠠᠳ᠎ᠤᠨ ᠲᠥᠯᠥᠭᠡᠯᠡᠭ᠌ᠴᠢ᠂ ᠬᠣᠣᠯᠢᠨ ᠭᠣᠣᠯ ᠬᠣᠲᠠ ᠶ᠋ᠢᠨ ᠨᠠᠮ᠎ᠤᠨ ᠬᠣᠷᠢᠶ᠎ᠠ ᠵᠢᠨ ᠳᠡᠳ᠋ ᠱᠦᠵᠢ᠂ ᠬᠣᠲᠠ᠎ᠶ᠋ᠢᠨ ᠳᠠᠷᠤᠭ᠎ᠠ ᠵᠢᠶ ᠬᠠᠶ ᠶᠠᠩ ᠶᠠᠷᠢᠨ᠎ᠠ᠃

ᠵᠢᠶ ᠬᠠᠶ ᠶᠠᠩ ᠲᠥᠯᠥᠭᠡᠯᠡᠭ᠌ᠴᠢ
ᠵᠢᠶ ᠬᠠᠶ ᠶᠠᠩ᠂ ᠬᠤᠤᠯᠢᠨ ᠭᠤᠤᠯ ᠬᠣᠲᠠ 《ᠲᠥᠷᠥᠯ ᠵᠦᠶ᠋ᠯ᠎ᠢᠶᠡᠷ ᠭᠤᠤᠯ ᠪᠣᠯᠭᠠᠵᠤ᠂ ᠠᠷᠠᠯᠵᠢᠶᠠᠴᠢᠨ ᠤᠷᠢᠬᠤ᠎ᠪᠠᠷ ᠭᠤᠤᠯ ᠪᠣᠯᠭᠠᠬᠤ᠎ᠶ᠋ᠢ ᠪᠠᠷᠢᠮᠲᠠᠯᠠᠵᠤ 》᠂ ᠨᠢᠭᠡ ᠪᠦᠯᠦᠭ ᠲᠣᠮᠣ ᠲᠥᠷᠥᠯ ᠵᠦᠶ᠋ᠯ ᠰᠠᠢᠨ ᠲᠥᠷᠥᠯ ᠵᠦᠶ᠋ᠯ᠎ᠢ ᠴᠢᠨᠠᠷ ᠰᠠᠢᠲᠠᠶ ᠲᠥᠰᠦᠪᠯᠡᠨ ᠨᠥᠭᠡᠴᠡᠯᠡᠵᠦ᠍᠂ ᠠᠵᠤ ᠦᠶ᠋ᠯᠡᠳᠪᠦᠷᠢ᠎ᠶ᠋ᠢᠨ ᠠᠵᠤ ᠠᠬᠤᠶ᠎ᠶ᠋ᠢᠨ ᠶᠡᠷᠦᠩᠬᠡᠶ ᠬᠡᠮᠵᠢᠶ᠎ᠡ᠎ᠶ᠋ᠢ ᠦᠷᠭᠦᠯᠵᠢᠯᠡᠨ ᠪᠤᠵᠠᠭᠠᠢᠷᠠᠭᠤᠯᠤᠨ ᠬᠦᠴᠦᠷᠬᠡᠭ᠌ᠵᠢᠭᠦᠯᠦᠨ᠎ᠡ᠃ ᠠᠷᠭ᠎ᠠ ᠪᠦᠬᠦᠨ᠎ᠢ ᠰᠦᠪᠡᠭ᠌ᠴᠢᠯᠡᠵᠦ᠍ ᠠᠵᠤ ᠠᠬᠤᠢᠯᠠᠯ᠎ᠳᠤ ᠲᠤᠯᠭᠠᠷᠠᠵᠤ ᠪᠠᠢᠭ᠎ᠠ ᠬᠣᠷᠢᠭ᠎ᠠ ᠰᠠᠭᠠᠳ᠎ᠢ ᠠᠷᠢᠯᠭᠠᠵᠤ᠂ ᠠᠵᠤ ᠠᠬᠤᠢᠯᠠᠯ᠎ᠤᠨ ᠬᠥᠭ᠌ᠵᠢᠯᠲᠡ᠎ᠳᠦ ᠤᠨᠢᠨ ᠳᠡᠭᠡᠷ᠎ᠡ ᠨᠢ ᠦᠢᠯᠡᠴᠢᠯᠡᠵᠦ᠍᠂ ᠣᠪᠣᠷ ᠰᠠᠢ᠌ᠨ᠂ ᠦᠷ᠎ᠡ ᠪᠦᠲᠦᠮᠵᠢ ᠥᠨᠳᠥᠷ ᠦᠢᠯᠡᠴᠢᠯᠡᠭᠡᠨ᠎ᠤ ᠲᠦᠷᠦᠯ ᠲᠡᠮᠳᠡᠭ᠎ᠢ ᠡᠭᠦᠳᠦᠨ᠎ᠡ; ᠲᠡᠳᠬᠦᠨ ᠳᠡᠮᠵᠢᠬᠦ᠌ ᠲᠥᠷᠦ᠍᠎ᠶ᠋ᠢᠨ ᠪᠣᠳᠣᠯᠭ᠎ᠠ᠎ᠶ᠋ᠢ ᠰᠠᠢᠲᠤᠷ ᠨᠠᠢᠳᠠᠪᠤᠷᠢᠵᠢᠭᠤᠯᠵᠤ᠂ ᠶᠡᠬᠡ ᠳᠡᠭᠡᠳᠦ ᠰᠤᠷᠭᠠᠭᠤᠯᠢ ᠲᠡᠭᠦᠰᠦᠭ᠌ᠰᠡᠨ ᠤᠶᠤᠲᠠᠳ᠂ ᠬᠦᠯᠦᠰᠦᠨ ᠮᠠᠯᠴᠢᠨ ᠲᠠᠷᠢᠶᠠᠴᠢᠨ᠎ᠤ ᠠᠵᠢᠯ ᠣᠯᠭᠣᠯᠲᠠ᠎ᠶ᠋ᠢ ᠪᠦᠬᠦ᠌ ᠬᠦᠴᠦᠨ᠎ᠢᠶᠡᠷ ᠰᠠᠢᠲᠤᠷ ᠬᠢᠵᠦ᠍ ᠂ ᠵᠢᠯ᠎ᠦᠨ ᠳᠣᠲᠣᠷ᠎ᠠ ᠬᠣᠲᠠ ᠪᠠᠯᠭᠠᠰᠤᠨ ᠤ 2000 ᠡᠴᠠ ᠳᠡᠭᠡᠭ᠌ᠰᠢ ᠬᠥᠮᠦᠨ᠎ᠳᠦ ᠱᠢᠨ᠎ᠡ᠎ᠪᠡᠷ ᠠᠵᠢᠯ ᠣᠯᠭᠣᠨ᠎ᠠ; ᠤᠰᠤ ᠠᠷᠪᠢᠯᠠᠬᠤ ᠳᠠᠯᠳᠠ ᠬᠦᠴᠦᠨ᠎ᠢ ᠠᠭᠤᠳᠠᠯᠵᠤ᠂ ᠲᠦᠭᠡᠭᠡᠯ ᠤᠰᠤᠨ᠎ᠤ ᠣᠷᠣᠨ ᠪᠦᠰᠡ᠎ᠶ᠋ᠢᠨ ᠬᠡᠮᠵᠢᠯᠲᠡ᠂ ᠣᠶᠤᠨᠴᠢ᠎ᠪᠠᠷ ᠤᠰᠤ ᠬᠠᠩᠭᠠᠬᠤ᠎ᠶ᠋ᠢ ᠴᠢᠩᠭᠠᠳᠭᠠᠵᠤ᠂ ᠤᠰᠤᠨ᠎ᠤ ᠡᠬᠢ ᠪᠠᠶᠠᠯᠢᠭ᠎ᠤᠨ ᠳᠠᠭᠠᠭᠠᠴᠠ᠎ᠶ᠋ᠢ ᠳᠡᠭᠡᠭ᠌ᠰᠢᠯᠡᠭᠦᠯᠦᠨ᠎ᠡ; ᠭᠠᠳᠠᠭᠠᠳᠤ ᠠᠷᠠᠯᠵᠢᠶᠠᠨ᠎ᠤ ᠵᠠᠬ᠎ᠠ ᠳᠡᠯᠭᠡᠭᠦᠷ᠎ᠢ ᠤᠯᠠᠮ ᠨᠢᠭᠡ ᠠᠯᠬᠤᠮ ᠥᠷᠭᠡᠳᠭᠡᠵᠦ᠍᠂ ᠪᠣᠳᠠᠲᠠᠶ᠎ᠶ᠋ᠢ ᠡᠷᠬᠢᠮᠯᠡᠭ᠌ᠰᠡᠨ ᠬᠠᠮᠲᠤᠷᠠᠯᠴᠠᠭ᠎ᠠ᠎ᠶ᠋ᠢ ᠥᠷᠭᠡᠳᠭᠡᠵᠦ᠍᠂ ᠣᠷᠣᠨ ᠪᠦᠰᠡ᠎ᠶ᠋ᠢᠨ ᠨᠡᠭᠡᠭᠡᠯᠲᠡᠲᠦ ᠬᠥᠭ᠌ᠵᠢᠯᠲᠡ᠎ᠶ᠋ᠢᠨ ᠱᠢᠨ᠎ᠡ ᠪᠠᠢᠷᠢᠱᠢᠯ᠎ᠢ ᠴᠢᠷᠮᠠᠢᠨ ᠪᠠᠢᠭᠤᠯᠤᠨ᠎ᠠ; ᠤᠮᠠᠷᠠᠲᠤ ᠬᠢᠯᠢ᠎ᠶ᠋ᠢᠨ ᠰᠣᠶᠣᠯ ᠴᠠᠭ ᠦᠶ᠎ᠡ᠎ᠶ᠋ᠢᠨ ᠦᠨ᠎ᠡ ᠥᠷᠲᠡᠭ᠎ᠲᠡᠶ ᠨᠢᠭ᠍ᠲᠠ ᠤᠶᠠᠯᠳᠤᠭᠤᠯᠤᠨ᠂ ᠨᠠᠩ ᠣᠯᠠᠨ ᠤᠳᠭ᠎ᠠ ᠤᠷᠠᠯᠢᠭ᠎ᠤᠨ ᠰᠣᠳᠣᠨ ᠪᠦᠲᠦᠭᠡᠯ᠎ᠢ ᠵᠣᠬᠢᠶᠠᠨ ᠪᠦᠲᠦᠭᠡᠵᠦ᠍᠂ ᠤᠯᠠᠭᠠᠨᠮᠥ᠋ᠴᠢᠷ᠎ᠦᠨ ᠰᠠᠷ᠎ᠠ ᠵᠡᠷᠭᠡ ᠠᠷᠠᠳ᠎ᠲᠤ ᠠᠱᠢᠭ ᠬᠦᠷᠲᠡᠭᠡᠬᠦ᠌ ᠠᠵᠢᠯᠯᠠᠭ᠎ᠠ ᠶ᠋ᠢ ᠰᠠᠢᠲᠤᠷ ᠥᠷᠨᠢᠭᠦᠯᠵᠦ᠍᠂ ᠣᠯᠠᠨ ᠲᠦᠮᠡᠨ ᠦ ᠣᠶᠤᠨ ᠰᠠᠨᠠᠭ᠎ᠠ ᠰᠣᠶᠣᠯ᠎ᠤᠨ ᠬᠡᠷᠡᠭ᠌ᠴᠡᠭᠡ ᠱᠠᠭᠠᠷᠳᠠᠯᠭ᠎ᠠ᠎ᠶ᠋ᠢ ᠬᠠᠩᠭᠠᠨ᠎ᠠ ᠭᠡᠵᠦ ᠢᠯᠡᠷᠬᠡᠢᠯᠡᠪᠡ᠃
2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ
ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ
ᠬᠠᠷᠢᠯᠴᠠᠬᠤ ᠤᠲᠠᠰᠤ᠄0471-6635435
ᠢᠮᠧᠯ᠄mgyxww@163.com 蒙ICP备10000005号