《ᠵᠠᠰᠠᠭ᠎ᠤᠨ ᠣᠷᠳᠣᠨ᠎ᠤ ᠠᠵᠢᠯ᠎ᠤᠨ ᠢᠯᠡᠳᠬᠡᠯ᠎ᠳᠦ ᠤᠰᠤ ᠠᠷᠪᠢᠯᠠᠬᠤ ᠠᠵᠢᠯᠯᠠᠭ᠎ᠠ᠎ᠶᠢ ᠭᠦᠨᠵᠡᠭᠡᠢ ᠬᠡᠷᠡᠭᠵᠢᠭᠦᠯᠦᠨ᠎ᠡ ᠭᠡᠵᠦ ᠳᠤᠷᠠᠳᠴᠠᠢ᠃ ᠪᠢᠳᠡ ᠶᠡᠬᠡᠳᠡ ᠵᠣᠷᠢᠭ᠍ᠵᠢᠪᠠ᠃ ᠳᠡᠭᠡᠳᠦ ᠰᠤᠷᠭᠠᠭᠤᠯᠢ ᠵᠢᠨ ᠬᠢᠨ ᠮᠡᠷᠭᠡᠵᠢᠯ ᠦᠨ ᠰᠢᠨ᠎ᠡ᠎ᠶᠢ ᠡᠭᠦᠳᠬᠦ᠎ᠪᠡᠷ ᠳᠡᠮᠵᠢᠨ ᠪᠠᠲᠤ ᠪᠡᠬᠢ ᠮᠡᠷᠭᠡᠵᠢᠯ᠎ᠦᠨ ᠲᠤᠯᠭᠠᠭᠤᠷᠢᠯᠠᠯ ᠬᠠᠩᠭᠠᠵᠤ᠂ ᠥᠪᠡᠷᠲᠡᠭᠡᠨ ᠵᠠᠰᠠᠬᠤ ᠣᠷᠣᠨ᠎ᠤ ᠤᠰᠤ ᠠᠷᠪᠢᠯᠠᠬᠤ ᠠᠵᠢᠯᠯᠠᠭ᠎ᠠ᠎ᠶᠢ ᠪᠥᠬᠥ ᠲᠠᠯ᠎ᠠ᠎ᠪᠠᠷ᠂ ᠣᠯᠠᠨ ᠲᠠᠰ ᠳᠠᠪᠬᠤᠷᠭ᠎ᠠ᠎ᠪᠠᠷ ᠳᠡᠮᠵᠢᠵᠦ᠂ ᠪᠣᠬᠢᠷᠲᠤᠯ ᠦᠭᠡᠢ᠂ ᠦᠷᠭᠦᠯᠵᠢᠯᠡᠬᠦ ᠬᠥᠭᠵᠢᠯᠲᠡ᠎ᠶᠢᠨ ᠵᠠᠭᠪᠤᠷ᠎ᠢ ᠪᠠᠶ᠋ᠢᠭᠤᠯᠬᠤ᠎ᠳᠤ ᠬᠦᠴᠦᠨ ᠴᠢᠳᠠᠯ᠎ᠢᠶᠠᠨ ᠡᠷᠭᠦᠨ᠎ᠡ》 ᠭᠡᠵᠦ ᠥᠪᠡᠷᠲᠡᠭᠡᠨ ᠵᠠᠰᠠᠬᠤ ᠣᠷᠣᠨ ᠤ ᠤᠯᠤᠰ ᠲᠦᠷᠦ᠎ᠶᠢᠨ ᠵᠥᠪᠯᠡᠯᠭᠡᠨ᠎ᠦ ᠭᠡᠰᠢᠭᠦᠨ᠂ ᠥᠪᠥᠷ ᠮᠣᠩᠭᠣᠯ᠎ᠤᠨ ᠲᠠᠷᠢᠶᠠᠯᠠᠩ᠎ᠤᠨ ᠶᠡᠬᠡ ᠰᠤᠷᠭᠠᠭᠤᠯᠢ᠎ᠶᠢᠨ ᠤᠰᠤᠨ ᠠᠰᠢᠭ᠍ᠯᠠᠯᠲᠠ ᠪᠠ ᠰᠢᠷᠤᠢ ᠮᠣᠳᠣᠨ ᠪᠠᠷᠢᠯᠭ᠎ᠠ᠎ᠶᠢᠨ ᠢᠨᠵᠧᠨᠧᠷᠢᠩ᠎ᠦᠨ ᠳᠡᠭᠡᠳᠦ ᠰᠤᠷᠭᠠᠭᠤᠯᠢ᠎ᠶᠢᠨ ᠵᠠᠬᠢᠷᠤᠯ ᠯᠢ ᠬᠤᠤ ᠬᠡᠯᠡᠪᠡ᠃ ᠲᠡᠷᠡ ᠪᠠᠰᠠ᠄ 《ᠥᠪᠥᠷ ᠮᠣᠩᠭᠣᠯ᠎ᠤᠨ ᠣᠯᠠᠩᠬᠢ ᠭᠠᠵᠠᠷ ᠣᠷᠣᠨ ᠤᠰᠤᠨ᠎ᠤ ᠡᠬᠢ ᠪᠠᠶᠠᠯᠢᠭ᠋᠎ᠢᠶᠠᠷ ᠳᠤᠲᠠᠮᠠᠭ ᠪᠠᠢᠵᠤ᠂ ᠤᠰᠤ ᠠᠷᠪᠢᠯᠠᠬᠤ ᠠᠵᠢᠯᠯᠠᠭ᠎ᠠ ᠥᠷᠨᠢᠭᠦᠯᠬᠦ ᠨᠢ ᠤᠰᠤᠨ᠎ᠤ ᠡᠬᠢ ᠪᠠᠶᠠᠯᠢᠭ᠋᠎ᠢ ᠠᠰᠢᠭ᠍ᠯᠠᠬᠤ ᠦᠷ᠎ᠡ ᠪᠦᠲᠦᠮᠵᠢ᠎ᠶᠢ ᠳᠡᠭᠡᠭᠰᠢᠯᠡᠭᠦᠯᠬᠦ᠂ ᠪᠣᠬᠢᠷᠲᠤᠯ ᠦᠭᠡᠢ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠬᠤ᠎ᠳᠤ ᠴᠢᠬᠤᠯᠠ ᠶᠡᠬᠡ ᠠᠴᠢ ᠬᠣᠯᠪᠣᠭᠳᠠᠯ ᠲᠠᠢ ᠶᠤᠮ》 ᠭᠡᠪᠡ᠃

ᠯᠢ ᠬᠤᠤ ᠬᠡᠰᠢᠭᠦᠨ
ᠯᠢ ᠬᠤᠤ᠄ 《ᠪᠢᠳᠡ ᠰᠢᠨᠵᠢᠯᠡᠭᠡᠨ ᠦ ᠰᠠᠯᠠᠭ᠎ᠠ ᠲᠤᠰᠬᠠᠢ ᠮᠡᠷᠭᠡᠵᠢᠯ᠎ᠦᠨ ᠳᠠᠪᠠᠭᠤᠯᠢᠭ᠋᠎ᠢᠶᠠᠨ ᠭᠦᠢᠴᠡᠳ ᠪᠠᠳᠠᠷᠠᠭᠤᠯᠵᠤ᠂ ᠣᠯᠠᠨ ᠵᠦᠢᠯ᠎ᠦᠨ ᠠᠷᠭ᠎ᠠ ᠬᠡᠮᠵᠢᠶ᠎ᠡ᠎ᠶᠢ ᠵᠡᠷᠭᠡ᠎ᠪᠡᠷ ᠬᠡᠷᠡᠭᠯᠡᠨ〈ᠤᠰᠤ ᠠᠷᠪᠢᠯᠠᠬᠤ ᠠᠵᠢᠯᠯᠠᠭ᠎ᠠ〉 ᠳ᠋ᠤ ᠬᠦᠴᠦᠨ ᠨᠡᠮᠡᠷᠢᠯᠡᠨ᠎ᠡ᠃ ᠲᠠᠷᠢᠶᠠᠯᠠᠩ᠎ᠤᠨ ᠬᠦᠷᠢᠶᠡᠨ᠎ᠳᠦ᠂ ᠡᠭᠦᠯᠳᠡᠷ ᠰᠢᠯᠭᠠᠨ ᠰᠣᠩᠭᠣᠬᠤ᠂ ᠲᠠᠷᠢᠶᠠᠨ ᠭᠠᠵᠠᠷ᠎ᠤᠨ ᠤᠰᠤ ᠠᠷᠪᠢᠯᠠᠬᠤ ᠮᠡᠷᠭᠡᠵᠢᠯ ᠵᠢᠴᠢ ᠥᠨᠳᠥᠷ ᠪᠦᠲᠦᠮᠵᠢᠲᠡᠶ ᠤᠰᠤ ᠳᠠᠮᠵᠢᠭᠤᠯᠤᠨ ᠲᠤᠬᠢᠷᠠᠭᠤᠯᠬᠤ ᠰᠢᠰᠲᠧᠮ᠎ᠳᠦ ᠠᠩᠬᠠᠷᠤᠯ᠎ᠢᠶᠠᠨ ᠲᠥᠪᠯᠡᠷᠡᠭᠦᠯᠵᠦ᠂ ᠣᠶᠤᠨᠴᠢ ᠤᠰᠤᠯᠠᠯᠲᠠ ᠶᠢᠨ ᠣᠷᠣᠨ ᠢ ᠪᠠᠶ᠋ᠢᠭᠤᠯᠬᠤ᠎ᠳᠤ ᠬᠦᠴᠦᠨ ᠴᠢᠳᠠᠯ᠎ᠢᠶᠠᠨ ᠡᠷᠭᠦᠨ᠎ᠡ; ᠥᠪᠡᠷᠲᠡᠭᠡᠨ ᠵᠠᠰᠠᠬᠤ ᠣᠷᠣᠨ ᠤ ᠦᠢᠯᠡᠳᠪᠦᠷᠢ ᠠᠭᠤᠷᠬᠠᠢ᠎ᠶᠢᠨ ᠠᠵᠤ ᠠᠬᠤᠢᠯᠠᠯ ᠤᠨ ᠦᠳᠲᠡᠷ ᠲᠦᠷᠭᠡᠨ ᠬᠥᠭᠵᠢᠯᠲᠡ᠎ᠳᠦ ᠴᠢᠭᠯᠡᠭᠦᠯᠦᠨ᠂ ᠠᠵᠤ ᠦᠢᠯᠡᠳᠪᠦᠷᠢ᠎ᠶᠢᠨ ᠤᠰᠤ ᠠᠷᠪᠢᠯᠠᠬᠤ ᠠᠷᠭ᠎ᠠ ᠪᠣᠳᠣᠯᠭ᠎ᠠ᠎ᠶᠢ ᠭᠣᠣᠯᠳᠠᠯᠭ᠎ᠠ᠎ᠲᠠᠢ ᠰᠤᠳᠤᠯᠵᠤ᠂ ᠠᠵᠤ ᠦᠢᠯᠡᠳᠪᠦᠷᠢ᠎ᠶᠢᠨ ᠬᠠᠶᠠᠭᠳᠠᠮᠠᠯ ᠤᠰᠤ᠎ᠶᠢ ᠰᠢᠢᠳᠪᠦᠷᠢᠯᠡᠬᠦ ᠪᠠ ᠶᠡᠷᠦᠩᠬᠡᠢᠯᠡᠨ ᠠᠰᠢᠭ᠍ᠯᠠᠬᠤ ᠰᠢᠨ᠎ᠡ ᠠᠷᠭ᠎ᠠ ᠵᠠᠮ᠎ᠢ ᠬᠠᠢᠨ ᠰᠦᠪᠡᠭᠴᠢᠯᠡᠨ᠎ᠡ; ᠬᠣᠲᠠ ᠬᠥᠳᠡᠭᠡ᠎ᠶᠢᠨ ᠰᠠᠭᠤᠭᠠᠯᠢ ᠠᠷᠠᠳ᠎ᠤᠨ ᠤᠰᠤ ᠠᠷᠪᠢᠯᠠᠬᠤ ᠲᠠᠯ᠎ᠠ᠎ᠪᠠᠷ᠂ ᠤᠰᠤ ᠶᠢ ᠠᠷᠪᠢᠯᠠᠨ ᠬᠡᠷᠡᠭᠯᠡᠬᠦ ᠠᠭᠤᠯᠤᠭᠳᠠᠬᠤᠨ᠎ᠢ ᠳᠡᠯᠭᠡᠷᠡᠭᠦᠯᠵᠦ᠂ ᠳᠠᠬᠢᠯᠳᠠ ᠤᠰᠤ᠎ᠶᠢ ᠳᠠᠬᠢᠨ ᠠᠰᠢᠬᠯᠠᠬᠤ ᠮᠡᠷᠭᠡᠵᠢᠯ ᠢ ᠲᠦᠭᠡᠮᠡᠯᠵᠢᠭᠦᠯᠦᠨ ᠬᠡᠷᠡᠭᠯᠡᠬᠦ᠎ᠶᠢ ᠠᠬᠢᠭᠤᠯᠤᠨ᠎ᠠ》 ᠭᠡᠵᠦ ᠲᠠᠨᠢᠯᠴᠠᠭᠤᠯᠪᠠ᠃ ᠯᠢ ᠬᠤᠤ᠂ ᠤᠰᠤ ᠠᠷᠪᠢᠯᠠᠬᠤ ᠠᠵᠢᠯᠯᠠᠭ᠎ᠠ᠎ᠶᠢ ᠭᠦᠨᠵᠡᠭᠡᠢ ᠥᠷᠨᠢᠭᠦᠯᠬᠦ᠎ᠶᠢᠨ ᠬᠠᠮᠲᠤ ᠪᠠᠰᠠ ᠡᠩ᠎ᠦᠨ ᠪᠤᠰᠤ ᠤᠰᠤᠨ ᠰᠤᠷᠪᠤᠯᠵᠢ᠎ᠶᠢ ᠨᠡᠭᠡᠭᠡᠨ ᠠᠰᠢᠭ᠍ᠯᠠᠬᠤ᠎ᠶᠢ ᠴᠢᠩᠭᠠᠳᠬᠠᠬᠤ ᠴᠢᠬᠤᠯᠠᠳᠠᠢ᠃ ᠳᠠᠬᠢᠯᠲᠠ ᠤᠰᠤ᠂ ᠠᠭᠤᠷᠬᠠᠢ᠎ᠶᠢᠨ ᠬᠤᠳᠳᠤᠭ᠎ᠤᠨ ᠤᠰᠤ ᠵᠢᠴᠢ ᠪᠣᠷᠣᠭᠠᠨ ᠦᠶᠡᠷ ᠵᠡᠷᠭᠡ ᠡᠩ᠎ᠦᠨ ᠪᠤᠰᠤ ᠤᠰᠤᠨ᠎ᠤ ᠡᠬᠢ ᠰᠤᠷᠪᠤᠯᠵᠢ᠎ᠶᠢᠨ ᠳᠠᠯᠳᠠ ᠬᠦᠴᠦᠨ᠎ᠢ ᠭᠦᠨ ᠠᠭᠤᠳᠠᠯᠵᠤ᠂ ᠤᠰᠤᠨ᠎ᠤ ᠡᠬᠢ ᠪᠠᠶᠠᠯᠢᠭ᠎ᠢ ᠥᠨᠳᠥᠷ ᠪᠦᠲᠦᠮᠵᠢᠲᠡᠶ᠎ᠪᠡᠷ ᠡᠷᠭᠢᠯᠳᠦᠭᠦᠯᠦᠨ ᠠᠰᠢᠭ᠍ᠯᠠᠬᠤ᠎ᠶᠢ ᠪᠡᠶᠡᠯᠡᠭᠦᠯᠪᠡᠯ ᠵᠤᠬᠢᠨ᠎ᠠ ᠭᠡᠵᠦ ᠰᠠᠨᠠᠭᠤᠯᠪᠠ᠃
2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ
ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ
ᠬᠠᠷᠢᠯᠴᠠᠬᠤ ᠤᠲᠠᠰᠤ᠄0471-6635435
ᠢᠮᠧᠯ᠄mgyxww@163.com 蒙ICP备10000005号