《ᠡᠨᠡ ᠵᠢᠯ᠎ᠦᠨ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠎ᠳᠦ᠂ 〈ᠠᠵᠤ ᠠᠬᠤᠢᠯᠠᠯ᠎ᠢ ᠲᠤᠰᠠᠯᠠᠬᠤ ᠠᠵᠢᠯᠯᠠᠭ᠎ᠠ᠎ᠶ᠋ᠢ ᠴᠢᠩᠭ᠎ᠠ ᠠᠳᠭᠤᠵᠤ᠂ ᠦᠨᠡᠨ ᠰᠡᠳᠭᠢᠯ᠎ᠡᠴᠡ᠎ᠪᠡᠨ ᠠᠵᠤ ᠠᠬᠤᠢᠯᠠᠯ᠎ᠤᠨ ᠬᠦᠴᠢᠷ ᠠᠰᠠᠭᠤᠳᠠᠯ᠎ᠢ ᠱᠢᠢᠳᠪᠦᠷᠢᠯᠡᠵᠦ᠍ ᠥᠭ᠌ᠬᠦ ᠬᠡᠷᠡᠭ᠌ᠲᠡᠢ〉 ᠭᠡᠵᠦ᠍ ᠲᠣᠳᠣᠷᠬᠠᠢ ᠳᠤᠷᠠᠳᠴᠠᠢ᠃ ᠡᠨᠡ᠎ᠨᠢ ᠪᠢᠳᠡᠨ ᠳᠦ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠵᠠᠰᠠᠭ ᠤᠨ ᠣᠷᠳᠣᠨ ᠤ ᠠᠷᠠᠳ ᠤᠨ ᠡᠵᠡᠩᠨᠡᠯᠲᠡ᠎ᠶ᠋ᠢᠨ ᠠᠵᠤ ᠠᠬᠤᠶ᠎ᠶ᠋ᠢᠨ ᠬᠥᠭ᠌ᠵᠢᠯᠲᠡ᠎ᠶ᠋ᠢ ᠳᠡᠭᠡᠳᠦ ᠬᠡᠮᠵᠢᠶ᠎ᠡ᠎ᠪᠡᠷ ᠴᠢᠬᠤᠯᠠᠴᠢᠯᠠᠵᠤ ᠪᠠᠢᠬᠤ᠎ᠶ᠋ᠢ ᠦᠨᠡᠨ ᠬᠦ᠌ ᠮᠡᠳᠡᠷᠡᠭᠦᠯᠪᠡ》ᠭᠡᠵᠦ ᠵᠠᠰᠠᠭ᠎ᠤᠨ ᠣᠷᠳᠣᠨ ᠤ ᠠᠵᠢᠯ ᠤᠨ ᠢᠯᠡᠳᠭᠡᠯ ᠢ ᠰᠣᠨᠣᠰᠤᠭ᠍ᠰᠠᠨ᠎ᠤ ᠳᠠᠷᠠᠭ᠎ᠠ᠂ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶ᠋ᠢᠨ ᠵᠥᠪᠯᠡᠯᠭᠡᠨ᠎ᠦ ᠭᠡᠱᠢᠭᠦᠨ᠂ ᠤᠯᠠᠭᠠᠨᠴᠠᠪ ᠬᠣᠲᠠ᠎ᠶ᠋ᠢᠨ ᠦᠶ᠋ᠯᠡᠳᠪᠦᠷᠢ ᠬᠤᠳᠠᠯᠳᠤᠭᠠᠨ᠎ᠤ ᠬᠣᠯᠪᠣᠭ᠎ᠠ᠎ᠶ᠋ᠢᠨ ᠲᠡᠷᠢᠭᠦᠯᠡᠭ᠌ᠴᠢ ᠾᠧᠦ᠍ᠶ᠋ᠢᠨ ᠮᠧᠶ ᠶᠠᠷᠢᠨ᠎ᠠ᠃

ᠾᠧᠦ᠍ᠶ᠋ᠢᠨ ᠮᠧᠶ ᠭᠡᠱᠢᠭᠦᠨ
ᠠᠵᠤ ᠠᠬᠤᠢᠯᠠᠯ ᠢ ᠲᠤᠰᠠᠯᠠᠬᠤ ᠠᠵᠢᠯᠯᠠᠭ᠎ᠠ ᠶ᠋ᠢ ᠬᠡᠷᠬᠢᠨ ᠰᠠᠢᠲᠤᠷ ᠨᠠᠢᠳᠠᠪᠤᠷᠢᠵᠢᠭᠤᠯᠵᠤ᠂ ᠠᠵᠤ ᠠᠬᠤᠢᠯᠠᠯ᠎ᠤᠨ ᠴᠢᠨᠠᠷ ᠰᠠᠢᠲᠠᠶ ᠬᠥᠭ᠌ᠵᠢᠯᠲᠡ᠎ᠶ᠋ᠢ ᠬᠠᠮᠠᠭᠠᠯᠠᠬᠤ ᠲᠤᠬᠠᠶ ᠾᠧᠦ᠍ᠶ᠋ᠢᠨ ᠮᠧᠶ᠂ ᠤᠯᠤᠰ᠎ᠤᠨ ᠬᠠᠮ ᠲᠥᠷᠥ᠎ᠶ᠋ᠢᠨ ᠪᠣᠳᠣᠯᠭ᠎ᠠ ᠪᠠ ᠤᠳᠠᠯ ᠥᠬᠡᠶ ᠨᠡᠢᠲᠡᠯᠡᠬᠦ᠌ ᠠᠷᠠᠳ᠎ᠤᠨ ᠡᠵᠡᠩᠨᠡᠯᠳᠡ ᠵᠢᠨ ᠠᠵᠤ ᠠᠬᠤᠶ᠎ᠶ᠋ᠢ ᠠᠬᠢᠭᠤᠯᠬᠤ ᠬᠠᠤᠯᠢ᠎ᠪᠠᠷ ᠠᠵᠠ ᠲᠣᠬᠢᠶᠠᠯ ᠪᠣᠯᠭᠠᠵᠤ᠂ ᠠᠵᠤ ᠠᠬᠤᠢᠯᠠᠯ᠎ᠳᠤ ᠬᠣᠯᠪᠣᠭ᠍ᠳᠠᠬᠤ ᠲᠥᠷᠥ᠎ᠶ᠋ᠢᠨ ᠪᠣᠳᠣᠯᠭ᠎ᠠ᠎ᠶ᠋ᠢ ᠨᠠᠢᠲᠡᠪᠤᠷᠢᠵᠢᠭᠤᠯᠬᠤ ᠢᠨᠵᠧᠨᠧᠷᠢᠩ ᠪᠠ 《ᠮᠢᠩᠭᠠᠨ ᠠᠵᠤ ᠠᠬᠤᠢᠯᠠᠯ ᠲᠦᠮᠡᠨ ᠡᠷᠦᠬᠡ᠎ᠶ᠋ᠢ ᠬᠠᠪᠰᠤᠷᠤᠨ ᠲᠡᠳᠬᠦᠬᠦ᠌ ᠠᠵᠢᠯᠯᠠᠭ᠎ᠠ》᠂ 《ᠨᠢᠭᠡ ᠠᠵᠤ ᠠᠬᠤᠢᠯᠠᠯ᠎ᠳᠤ ᠨᠢᠭᠡ ᠲᠥᠷᠥ᠎ᠶ᠋ᠢᠨ ᠪᠣᠳᠣᠯᠭ᠎ᠠ ᠬᠡᠷᠡᠭ᠌ᠵᠢᠭᠦᠯᠬᠦ᠌》 ᠵᠢ ᠯᠠᠪᠳᠠᠭᠤᠨ ᠪᠠᠲᠤᠲᠠᠶ ᠠᠬᠢᠭᠤᠯᠵᠤ᠂ ᠬᠠᠨᠳᠤᠯᠭᠠᠲᠤ ᠴᠢᠨᠠᠷᠲᠠᠶ᠎ᠪᠠᠷ ᠠᠵᠤ ᠠᠬᠤᠢᠯᠠᠯ᠎ᠢ ᠬᠠᠪᠰᠤᠷᠤᠨ ᠬᠦᠴᠢᠷᠳᠡᠯ᠎ᠢ᠎ᠨᠢ ᠱᠢᠶ᠋ᠳᠪᠦᠷᠢᠯᠡᠬᠦ ᠴᠢᠬᠤᠯᠠᠳᠠᠢ᠃ ᠣᠯᠠᠨ ᠵᠦᠶ᠋ᠯ᠎ᠦᠨ ᠠᠷᠭ᠎ᠠ ᠬᠡᠮᠵᠢᠶ᠎ᠡ᠎ᠶ᠋ᠢ ᠵᠡᠷᠭᠡ᠎ᠪᠡᠷ ᠬᠡᠷᠡᠭ᠌ᠯᠡᠨ ᠠᠷᠠᠳ᠎ᠤᠨ ᠡᠵᠡᠩᠨᠡᠯᠳᠡ ᠵᠢᠨ ᠠᠵᠤ ᠠᠬᠤᠢᠯᠠᠯ᠎ᠤᠨ ᠪᠠᠯᠠ ᠳᠣᠭᠢᠷᠠᠭᠤᠯᠬᠤ᠎ᠳᠤ ᠬᠦᠴᠢᠷᠲᠡᠶ᠂ ᠪᠠᠯᠠ ᠳᠣᠭᠢᠷᠠᠭᠤᠯᠬᠤ᠎ᠳᠤ ᠦᠨᠡᠲᠡᠶ ᠪᠠᠢᠬᠤ ᠠᠰᠠᠭᠤᠳᠠᠯ᠎ᠢ ᠨᠠᠮᠳᠠᠭᠤᠯᠬᠤ ᠴᠢᠬᠤᠯᠠᠳᠠᠢ᠃ ᠠᠷᠠᠳ᠎ᠤᠨ ᠡᠵᠡᠩᠨᠡᠯᠳᠡ ᠵᠢᠨ ᠠᠵᠤ ᠠᠬᠤᠢᠯᠠᠯ᠎ᠤᠨ ᠪᠠᠯᠠ ᠲᠣᠬᠢᠷᠠᠭᠤᠯᠭ᠎ᠠ᠎ᠶ᠋ᠢᠨ ᠳᠠᠭᠠᠭᠠᠯᠲᠠ᠎ᠶ᠋ᠢᠨ ᠲᠦᠭ᠌ᠰᠢᠭᠦᠷᠢ᠎ᠳᠦ ᠨᠥᠬᠥᠪᠥᠷᠢᠯᠡᠬᠦ᠌ ᠲᠣᠭ᠍ᠲᠠᠴᠠ᠎ᠶ᠋ᠢ ᠲᠡᠭᠦᠯᠳᠡᠷᠵᠢᠭᠦᠯᠵᠦ᠍᠂ ᠠᠵᠤ ᠠᠬᠤᠢᠯᠠᠯ᠎ᠤᠨ ᠪᠠᠯᠠ ᠲᠣᠬᠢᠷᠠᠭᠤᠯᠭ᠎ᠠ᠎ᠶ᠋ᠢᠨ ᠪᠠᠷᠢᠮᠵᠢᠶ᠎ᠠ᠎ᠶ᠋ᠢ ᠪᠠᠭᠤᠷᠠᠭᠤᠯᠬᠤ ᠴᠢᠬᠤᠯᠠᠳᠠᠢ᠃ ᠡᠬᠡ ᠮᠥᠩᠭᠥ ᠪᠡᠨ ᠪᠤᠴᠠᠭᠠᠬᠤ ᠥᠬᠡᠶ᠎ᠪᠡᠷ ᠦᠷᠭᠦᠯᠵᠢᠯᠡᠨ ᠵᠢᠭᠡᠯᠡᠯᠭᠡ ᠲᠠᠯᠪᠢᠬᠤ ᠵᠡᠷᠭᠡ ᠠᠵᠤ ᠠᠬᠤᠢᠯᠠᠯ᠎ᠳᠤ ᠬᠠᠷᠠᠭᠠᠯᠵᠠᠯ ᠦᠵᠡᠭᠦᠯᠬᠦ᠌ ᠲᠥᠷᠥ᠎ᠶ᠋ᠢᠨ ᠪᠣᠳᠣᠯᠭ᠎ᠠ᠎ᠶ᠋ᠢ ᠨᠠᠢᠳᠠᠪᠤᠷᠢᠵᠢᠭᠤᠯᠵᠤ᠂ ᠠᠵᠤ ᠠᠬᠤᠢᠯᠠᠯ᠎ᠢ ᠬᠠᠪᠰᠤᠷᠤᠨ ᠪᠡᠷᠬᠡ ᠪᠣᠭᠣᠮᠲᠠ᠎ᠶ᠋ᠢ ᠳᠤᠭᠤᠯᠬᠤ ᠴᠢᠬᠤᠯᠠᠳᠠᠢ᠃ ᠲᠠᠪᠴᠠᠩ ᠪᠠᠢᠭᠤᠯᠵᠤ᠂ ᠡᠬᠢ ᠪᠠᠶᠠᠯᠢᠭ᠎ᠢ ᠵᠣᠯᠭᠠᠭᠤᠯᠵᠤ᠂ ᠠᠵᠤ ᠠᠬᠤᠢᠯᠠᠯ᠎ᠢ ᠬᠠᠪᠰᠤᠷᠤᠨ ᠵᠠᠬᠢᠶᠠᠯᠠᠭ᠎ᠠ᠎ᠶ᠋ᠢ ᠡᠷᠢᠵᠦ᠍᠂ ᠵᠠᠬ᠎ᠠ ᠳᠡᠯᠭᠡᠭᠦᠷ᠎ᠢ ᠥᠷᠭᠡᠳᠭᠡᠵᠦ᠍᠂ ᠠᠷᠠᠳ᠎ᠤᠨ ᠡᠵᠡᠩᠨᠡᠯᠲᠡ᠎ᠶ᠋ᠢᠨ ᠠᠵᠤ ᠠᠬᠤᠢᠯᠠᠯ᠎ᠤᠨ ᠬᠥᠭ᠌ᠵᠢᠯᠲᠡ᠎ᠶ᠋ᠢᠨ ᠢᠲᠡᠭᠡᠯ ᠵᠣᠷᠢᠭ᠎ᠢ ᠬᠥᠪᠴᠢᠯᠡᠬᠦ ᠴᠢᠬᠤᠯᠠᠳᠠᠢ ᠭᠡᠵᠦ ᠰᠠᠨᠠᠭᠤᠯᠪᠠ᠃
2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ
ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ
ᠬᠠᠷᠢᠯᠴᠠᠬᠤ ᠤᠲᠠᠰᠤ᠄0471-6635435
ᠢᠮᠧᠯ᠄mgyxww@163.com 蒙ICP备10000005号