ᠵᠢᠷᠭᠤᠭᠠᠨ ᠠᠵᠢᠯᠯᠠᠭ᠎ᠠ ᠪᠡᠷ ᠪᠤᠲᠠᠲᠠᠢ ᠠᠵᠢᠯᠯᠠᠬᠤ ᠰᠢᠨ᠎ᠡ ᠠᠶᠠᠨ ᠲᠡᠢᠰᠢ ᠤᠷᠤᠭᠰᠢᠯᠠᠨᠠᠮ
2025-01-17 11:02:33
ᠵᠣᠬᠢᠶᠠᠭ᠍ᠴᠢ᠄
ᠯᠢ ᠶᠦᠩ ᠲᠤᠤ
ᠣᠩᠱᠢᠭ᠍ᠰᠠᠨ ᠣᠳᠠᠭ᠎ᠠ᠄
★★★☆☆

ᠣᠨ ᠵᠢᠯ ᠰᠣᠯᠢᠭ᠍ᠳᠠᠵᠤ᠂ ᠲᠦᠮᠡᠨ ᠪᠣᠳᠠᠰ ᠰᠢᠨᠡᠳᠦᠨ᠎ᠠ ! ᠶᠠᠭ ᠰᠠᠶᠢᠬᠠᠨ ᠬᠤᠷᠠᠯᠳᠤᠵᠤ ᠪᠠᠢᠭ᠎ᠠ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠣᠶᠠᠷ ᠬᠤᠷᠠᠯ ᠳᠡᠭᠡᠷ᠎ᠡ᠂ ᠡᠯ᠎ᠡ ᠵᠦᠢᠯ᠎ᠦᠨ ᠮᠡᠳᠡᠭᠦᠯᠦᠯᠲᠡ᠎ᠳᠡᠬᠢ ᠢᠯᠡ ᠲᠣᠳᠣ᠌ ᠲᠣᠭ᠎ᠠ ᠪᠠᠷᠢᠮᠲᠠ᠂ ᠰᠢᠨ᠎ᠡ᠎ᠶᠢ ᠡᠭᠦᠳᠦᠭᠰᠡᠨ ᠠᠷᠭ᠎ᠠ ᠬᠡᠮᠵᠢᠶ᠎ᠡ᠎ᠨᠦᠭᠦᠳ ᠨᠢ ᠥᠪᠥᠷ ᠮᠣᠩᠭᠣᠯ᠎ᠤᠨ ᠤᠷᠤᠭᠰᠢᠯᠠᠨ ᠬᠦᠭᠵᠢᠭᠰᠡᠨ ᠪᠣᠳᠠᠲᠤ ᠪᠠᠢᠳᠠᠯ᠎ᠢ ᠵᠢᠷᠤᠭᠯᠠᠵᠠᠢ᠃

2024 ᠣᠨ᠎ᠳᠤ᠂ ᠵᠢᠱ᠌ᠢᠯᠲᠡ᠎ᠪᠡᠷ ᠲᠣᠭᠲᠠᠮᠠᠯ ᠬᠥᠷᠥᠩᠭᠡ᠎ᠶᠢᠨ ᠪᠡᠯᠡ ᠣᠷᠣᠭᠤᠯᠤᠯᠲᠠ 13% ᠪᠡᠷ ᠨᠡᠮᠡᠭᠳᠡᠨ᠂ ᠪᠦᠬᠦ ᠤᠯᠤᠰ᠎ᠤᠨ 2 ᠳ᠋ᠤᠭᠠᠷ ᠪᠠᠢᠷᠢ ᠪᠠᠨ ᠪᠠᠲᠤᠯᠠᠵᠦ᠂ ᠴᠢᠬᠤᠯᠠ ᠶᠡᠬᠡ ᠲᠦᠷᠦᠯ ᠵᠦᠢᠯ᠎ᠦᠨ ᠪᠡᠯᠡ ᠣᠷᠣᠭᠤᠯᠤᠯᠲᠠ 9100 ᠳ᠋ᠦᠩᠰᠢᠭᠤᠷ ᠲᠥᠭᠥᠷᠢᠭ᠎ᠢ ᠳᠠᠪᠠᠪᠠ; ᠠᠵᠤ ᠠᠬᠤᠢᠯᠠᠯ᠎ᠤᠨ ᠭᠠᠢᠯᠢ᠎ᠶᠢ ᠬᠠᠰᠤᠵᠦ ᠰᠦᠢᠳᠬᠡᠯ ᠎ᠢ ᠪᠠᠭᠤᠷᠠᠭᠤᠯᠤᠬᠰᠠᠨ ᠵᠢᠴᠢ ᠭᠠᠢᠯᠢ᠎ᠶᠢ ᠪᠤᠴᠠᠭᠠᠬᠰᠠᠨ ᠨᠢ 300 ᠳ᠋ᠦᠩᠰᠢᠭᠤᠷ ᠲᠥᠭᠥᠷᠢᠭ ᠎ᠲᠦ ᠬᠦᠷᠴᠦ᠂ ᠥᠪᠡᠷᠲᠡᠭᠡᠨ ᠵᠠᠰᠠᠬᠤ ᠣᠷᠣᠨ᠎ᠤ ᠠᠵᠤ ᠠᠬᠤᠢᠯᠠᠯ᠎ᠳᠤ ᠠᠰᠢᠬ ᠬᠦᠷᠲᠡᠭᠡᠬᠦ ᠰᠢᠭᠤᠳ ᠬᠦᠷᠭᠡᠬᠦ ᠪᠡᠯᠡ ᠮᠥᠩᠭᠥ 13.7 ᠳ᠋ᠦᠩᠰᠢᠭᠤᠷ ᠲᠥᠭᠥᠷᠢᠭ᠎ᠲᠦ ᠬᠦᠷᠴᠦ᠂ ᠲᠦᠭᠡᠮᠡᠯ ᠬᠠᠷᠠᠭᠠᠯᠵᠠᠯᠲᠦ ᠪᠠᠭ᠎ᠠ ᠵᠢᠵᠢᠭ ᠠᠵᠦ ᠠᠬᠤᠢᠯᠠᠯ ᠎ᠤᠨ ᠵᠢᠭᠡᠯᠡᠯᠭᠡ ᠢ᠋ᠢᠨ ᠦᠯᠡᠲᠡᠪᠦᠷᠢ 14%᠎ᠪᠠᠷ ᠨᠡᠮᠡᠭᠳᠡᠨ᠂《ᠦᠨᠳᠦᠷ ᠪᠦᠲᠦᠮᠵᠢᠲᠡᠢ ᠪᠡᠷ ᠨᠢᠭᠡ ᠶᠠᠪᠤᠲᠠᠯ ᠢ᠋ ᠬᠦᠢᠴᠡᠳᠬᠡᠬᠦ》 ᠲᠥᠷᠥ᠎ᠶᠢᠨ ᠶᠠᠪᠤᠳᠠᠯ᠎ᠤᠨ ᠬᠣᠷᠢᠶ᠎ᠠ᠎ᠶᠢᠨ ᠨᠡᠢᠲᠡᠯᠡᠭᠰᠡᠨ 13 ᠵᠦᠢᠯᠡᠰ ᠎ᠢ ᠪᠡᠶᠡᠯᠡᠭᠦᠯᠦᠭᠰᠡᠨ ᠰᠠᠭᠤᠷᠢᠨ ᠳᠡᠭᠡᠷ᠎ᠡ ᠪᠠᠰᠠ 10 ᠵᠦᠢᠯᠡᠰ ᠢ᠋ ᠨᠡᠢᠲᠡᠯᠡᠵᠦ᠂ ᠵᠠᠩᠭᠢᠯᠠᠭ᠎ᠠ᠎ᠶᠢᠨ ᠴᠠᠭ᠎ᠤᠨ ᠬᠢᠵᠠᠭᠠᠷ᠎ᠤᠨ ᠮᠠᠲᠧᠷᠢᠶᠠᠯ᠎ᠢ ᠴᠥᠮ 70%  ᠠ᠋ᠴᠠ ᠳᠡᠭᠡᠭᠰᠢ ᠬᠠᠰᠤᠵᠦ᠂ ᠠᠷᠠᠳ᠎ᠤᠨ ᠡᠵᠡᠩᠨᠡᠯᠲᠡ ᠢ᠋ᠢᠨ ᠭᠤᠤᠯ ᠴᠤᠬᠴᠠ 16.4 ᠲᠦᠮᠡᠨ ᠡᠷᠦᠬᠡ ᠪᠤᠲᠠᠲᠠᠢ ᠨᠡᠮᠡᠭᠲᠡᠨ᠂ 6.4%᠎ᠪᠠᠷ ᠨᠡᠮᠡᠭᠳᠡᠪᠡ; ᠬᠣᠲᠠ ᠪᠠᠯᠭᠠᠰᠤᠨ᠎ᠤ 20.1 ᠲᠦᠮᠡᠨ ᠬᠥᠮᠥᠨ᠎ᠳᠦ ᠰᠢᠨ᠎ᠡ᠎ᠪᠡᠷ ᠠᠵᠢᠯ ᠣᠯᠭᠣᠪᠠ; ᠲᠠᠷᠢᠶᠠᠯᠠᠩ᠎ᠤᠨ ᠤᠰᠤ ᠠᠷᠪᠢᠯᠠᠬᠰᠠᠨ ᠬᠡᠮᠵᠢᠶ᠎ᠡ᠎ᠶᠢ 3.8 ᠳ᠋ᠦᠩᠰᠢᠭᠤᠷ ᠪᠣᠰᠣᠭ᠎ᠠ ᠳᠥᠷᠪᠡᠯᠵᠢᠨ ᠮᠧᠲᠷ ᠰᠢᠨ᠎ᠡ᠎ᠪᠡᠷ ᠨᠡᠮᠡᠭᠳᠡᠭᠦᠯᠪᠡ; ᠬᠠᠭᠤᠷᠠᠢ ᠵᠠᠮ᠎ᠤᠨ ᠬᠢᠯᠢ ᠢ᠋ᠢᠨ ᠪᠣᠭᠣᠮᠲᠠ᠎ᠶᠢᠨ ᠪᠠᠷᠠᠭᠠᠨ᠎ᠤ ᠲᠡᠭᠡᠭᠡᠪᠦᠷᠢ ᠢ᠋ᠢᠨ ᠬᠡᠮᠵᠢᠶ᠎ᠡ 1.2 ᠳ᠋ᠦᠩᠰᠢᠭᠤᠷ ᠲᠣᠨ  ᠢ᠋ ᠳᠠᠪᠠᠵᠤ᠂ ᠭᠠᠳᠠᠭᠠᠳᠤ ᠠ᠋ᠴᠠ ᠣᠷᠣᠭᠤᠯᠵᠤ ᠭᠠᠳᠠᠭᠠᠳᠤ᠎ᠳᠤ ᠭᠠᠷᠭᠠᠭᠰᠠᠨ ᠶᠡᠷᠦᠩᠬᠡᠢ ᠬᠡᠮᠵᠢᠶ᠎ᠡ 2000 ᠳ᠋ᠦᠩᠰᠢᠭᠤᠷ ᠲᠥᠭᠥᠷᠢᠭ ᠢ᠋ ᠳᠠᠪᠠᠪᠠ; ᠶᠤᠸᠠᠨ᠎ᠤ ᠳᠡᠭᠡᠳᠦ ᠨᠡᠶ᠋ᠢᠰᠯᠡᠯ᠂ ᠴᠢᠨ᠎ᠤ ᠴᠢᠭᠡ ᠵᠠᠮ᠎ᠤᠨ ᠪᠠᠭᠤᠷᠢ᠂ ᠤᠳᠠ᠎ᠶᠢᠨ ᠫᠧᠷᠮᠢ ᠭᠠᠯᠪᠠ᠎ᠶᠢᠨ ᠤᠷᠭᠤᠮᠠᠯ᠎ᠤᠨ ᠬᠤᠴᠢᠯᠭ᠎ᠠ᠎ᠶᠢᠨ ᠴᠢᠯᠠᠭᠤᠵᠢᠮᠠᠯ᠎ᠤᠨ ᠭᠠᠷᠤᠯᠲᠠ᠎ᠶᠢᠨ ᠣᠷᠣᠨ᠎ᠢ ᠬᠠᠮᠠᠭᠠᠯᠠᠬᠤ ᠠᠵᠢᠯ ᠢᠳᠡᠪᠬᠢᠲᠡᠢ ᠠᠬᠢᠯᠲᠠ᠎ᠲᠠᠢ ᠪᠣᠯᠵᠤ᠂ ᠬᠤᠩᠱᠠᠨ ᠰᠣᠶᠣᠯ ᠎ᠤᠨ ᠬᠠᠭᠤᠴᠢ ᠰᠤᠳᠤᠯᠤᠯ᠎ᠤᠨ ᠲᠠᠯ᠎ᠠ᠎ᠪᠠᠷ ᠪᠠᠰᠠ ᠴᠢᠬᠤᠯᠠ ᠶᠡᠬᠡ ᠢᠯᠡᠷᠡᠭᠦᠯᠦᠯᠲᠡ᠎ᠲᠠᠢ ᠪᠣᠯᠵᠤ᠂ ᠪᠠᠳᠠᠢ᠎ᠶᠢᠨ ᠵᠢᠷᠠᠨ ᠎ᠤ ᠡᠯᠡᠰᠦ ︱ ᠡᠯᠡᠰᠦᠨ ᠴᠤᠬᠢᠶ᠎ᠠ ᠨᠠᠭᠤᠷ ᠪᠦᠷᠢᠲᠦ ᠨᠤᠬᠦᠳ ᠢ᠋ ᠠᠮᠵᠢᠯᠲᠠ ᠲᠠᠢ ᠪᠡᠷ ᠦᠪ ᠪᠤᠯᠭᠠᠨ ᠭᠤᠶᠤᠴᠢᠯᠠᠪᠠ ᠁

ᠥᠪᠡᠷᠲᠡᠭᠡᠨ ᠵᠠᠰᠠᠬᠤ ᠣᠷᠣᠨ ᠎ᠤ ᠨᠠᠮ᠎ᠤᠨ ᠬᠣᠷᠢᠶ᠎ᠠ᠎ᠶᠢᠨ ᠠᠷᠪᠠᠨ ᠨᠢᠭᠡᠳᠦᠭᠡᠷ ᠬᠤᠭᠤᠴᠠᠭᠠᠨ ᠎ᠤ ᠶᠢᠰᠦᠳᠦᠭᠡᠷ ᠪᠦᠬᠦᠳᠡ ᠬᠤᠷᠠᠯ ᠵᠢᠴᠢ ᠪᠦᠬᠦ ᠣᠷᠣᠨ᠎ᠤ ᠠᠵᠤ ᠠᠬᠤᠢ᠎ᠶᠢᠨ ᠠᠵᠢᠯ ᠎ᠤᠨ ᠬᠤᠷᠠᠯ ᠡᠴᠡ᠂ 2025 ᠣᠨ᠎ᠳᠤ ᠴᠢᠬᠤᠯᠠ ᠶᠡᠬᠡ ᠲᠦᠷᠦᠯ ᠵᠦᠢᠯ᠎ᠢ ᠲᠥᠯᠥᠪᠵᠢᠭᠦᠯᠬᠦ ᠠᠵᠢᠯᠯᠠᠭ᠎ᠠ᠂ ᠠᠵᠤ ᠠᠬᠤᠢᠯᠠᠯ᠎ᠢ ᠲᠤᠰᠠᠯᠠᠬᠤ ᠠᠵᠢᠯᠯᠠᠭ᠎ᠠ᠂ ᠠᠵᠢᠯ ᠣᠯᠭᠣᠯᠲᠠ᠎ᠶᠢ ᠠᠬᠢᠭᠤᠯᠬᠤ ᠠᠵᠢᠯᠯᠠᠭ᠎ᠠ᠂ ᠤᠰᠤ ᠠᠷᠪᠢᠯᠠᠬᠤ ᠠᠵᠢᠯᠯᠠᠭ᠎ᠠ᠂ ᠣᠷᠣᠨ ᠪᠦᠰᠡ᠎ᠶᠢᠨ ᠬᠠᠮᠲᠤᠷᠠᠯᠴᠠᠭ᠎ᠠ᠎ᠶᠢ ᠭᠦᠨᠵᠡᠭᠡᠢᠷᠡᠭᠦᠯᠬᠦ ᠠᠵᠢᠯᠯᠠᠭ᠎ᠠ᠂ ᠤᠮᠠᠷᠠᠲᠤ ᠬᠢᠯᠢ ᠎ᠶᠢᠨ ᠰᠣᠶᠣᠯ᠎ᠤᠨ ᠪᠠᠢᠭᠤᠯᠤᠯᠲᠠ᠎ᠶᠢ ᠳᠡᠭᠡᠭᠰᠢᠯᠡᠭᠦᠯᠬᠦ ᠠᠵᠢᠯᠯᠠᠭ᠎ᠠ 《ᠵᠢᠷᠭᠤᠭᠠᠨ ᠠᠵᠢᠯᠯᠠᠭ᠎ᠠ》 ᠶ᠋ᠢ ᠵᠣᠬᠢᠶᠠᠨ ᠪᠠᠢᠭᠤᠯᠤᠨ ᠥᠷᠨᠢᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ 

ᠥᠪᠡᠷᠲᠡᠭᠡᠨ ᠵᠠᠰᠠᠬᠤ ᠣᠷᠣᠨ᠎ᠤ ᠬᠣᠶᠠᠷ ᠬᠤᠷᠠᠯ ᠎ᠳᠤ ᠣᠷᠣᠯᠴᠠᠵᠤ ᠪᠠᠢᠭ᠎ᠠ ᠲᠥᠯᠥᠭᠡᠯᠡᠭᠴᠢᠳ ᠭᠡᠰᠢᠭᠦᠳ᠂ ᠰᠡᠳᠬᠢᠯ ᠨᠢᠭᠡᠳᠦᠨ ᠬᠦᠴᠦᠨ ᠵᠢᠡᠨ ᠬᠠᠮᠳᠤᠳᠬᠠᠨ ᠠᠵᠢᠯᠯᠠᠵᠤ᠂ 《ᠵᠢᠷᠭᠤᠭᠠᠨ ᠠᠵᠢᠯᠯᠠᠭ᠎ᠠ》 ᠶ᠋ᠢ ᠵᠠᠩᠭᠢᠯᠠᠭ᠎ᠠ᠎ᠶᠢᠨ ᠭᠠᠵᠠᠷ᠎ᠲᠤ ᠨᠠᠢᠳᠠᠪᠤᠷᠢᠵᠢᠭᠤᠯᠬᠤ᠎ᠶᠢ ᠬᠠᠮᠲᠤ ᠪᠠᠷ ᠠᠬᠢᠭᠤᠯᠵᠤ᠂ ᠰᠦᠷ ᠳᠠᠯᠠᠢᠴᠠᠲᠠᠢ ᠰᠢᠨ᠎ᠡ ᠬᠥᠳᠡᠯᠭᠡᠬᠦ ᠬᠦᠴᠦᠨ᠎ᠢ ᠬᠥᠭᠵᠢᠭᠡᠵᠦ᠂ ᠪᠣᠳᠠᠲᠠᠢ ᠠᠵᠢᠯᠯᠠᠬᠤ ᠰᠢᠨ᠎ᠡ ᠠᠶᠠᠨ ᠳᠡᠢᠰᠢ ᠤᠷᠤᠭᠰᠢᠯᠠᠨ᠎ᠠ ᠭᠡᠵᠦ ᠢᠯᠡᠳᠬᠡᠵᠡᠭᠡᠪᠡ᠃

《ᠠᠬᠢᠴᠠ᠎ᠶᠢᠨ ᠱᠤᠭᠤᠮ》 ᠢ᠋ ᠲᠠᠰᠤᠷᠠᠯᠲᠠ ᠦᠭᠡᠢ ᠰᠢᠨᠡᠳᠬᠡᠨ᠎ᠡ

ᠥᠪᠥᠷ ᠮᠣᠩᠭᠣᠯ᠎ᠤᠨ ᠴᠢᠬᠤᠯᠠ ᠶᠡᠬᠡ ᠲᠥᠷᠥᠯ ᠵᠦᠢᠯ᠎ᠦᠨ 《ᠠᠬᠢᠴᠠ᠎ᠶᠢᠨ ᠱᠤᠭᠤᠮ》 ᠎ᠢ ᠲᠠᠰᠤᠷᠠᠯᠲᠠ ᠦᠭᠡᠢ ᠰᠢᠨᠡᠳᠬᠡᠭᠳᠡᠨ᠂ ᠠᠯᠢ ᠤᠯᠠᠨ ᠭᠣᠣᠯᠳᠠᠯᠭ᠎ᠠ᠎ᠲᠠᠢ ᠲᠦᠷᠦᠯ ᠵᠦᠢᠯ᠎ᠦᠳ《ᠪᠦᠬᠦ ᠬᠦᠴᠦᠨ᠎ᠢᠶᠡᠷ ᠢ᠋ᠢᠡᠨ ᠶᠠᠪᠤᠬᠲᠠᠨ》᠂ ᠰᠢᠨ᠎ᠡ ᠠᠵᠤ ᠦᠢᠯᠡᠰ ᠥᠷᠨᠢᠭᠦᠨ ᠬᠥᠭᠵᠢᠵᠦ᠂ ᠰᠢᠨ᠎ᠡ ᠬᠥᠳᠡᠯᠭᠡᠬᠦ ᠬᠦᠴᠦᠨ ᠰᠦᠷ ᠳᠠᠯᠠᠢᠴᠠᠲᠠᠢ ᠴᠢᠩᠭ᠎ᠠ ᠬᠦᠴᠦᠲᠠᠢ ᠪᠠᠢᠪᠠ᠃

1 ᠰᠠᠷ᠎ᠠ᠎ᠶᠢᠨ 6 ᠎ᠤ᠋ ᠡᠳᠦᠷ᠂ ᠶᠤᠸᠠᠨ ᠵᠢᠩ ᠮᠧᠩ ᠰᠢᠨ ᠪᠦᠯᠦᠭᠯᠡᠯ᠎ᠦᠨ ᠪᠠᠶᠠᠨᠨᠠᠭᠤᠷ᠎ᠤᠨ ᠲᠣᠮᠣ᠌ ᠬᠡᠯᠪᠡᠷᠢ᠎ᠶᠢᠨ ᠨᠠᠪᠴᠢᠨ ᠢᠯᠲᠠᠰᠤ᠎ᠶᠢᠨ ᠦᠢᠯᠡᠳᠪᠦᠷᠢᠯᠡᠯ᠎ᠦᠨ ᠰᠠᠭᠤᠷᠢᠨ ᠪᠥᠬᠥ ᠲᠠᠯ᠎ᠠ᠎ᠪᠠᠷ ᠠᠰᠢᠭ᠍ᠯᠠᠯᠲᠠ᠎ᠳᠤ ᠣᠷᠣᠵᠦ᠂ ᠪᠦᠬᠦᠯᠢ ᠴᠣᠭᠴᠠ᠎ᠶᠢᠨ ᠢᠵᠢ ᠪᠦᠷᠢᠳᠦᠭᠰᠡᠨ ᠦᠢᠯᠡᠳᠪᠦᠷᠢᠯᠡᠬᠦ ᠴᠢᠳᠠᠪᠤᠷᠢ ᠨᠢ 500 ᠰᠠᠭᠤᠷᠢ (ᠢᠵᠢ) ᠳ᠋ᠦ ᠬᠦᠷᠴᠦ᠂ ᠲᠤᠬᠠᠢ᠎ᠶᠢᠨ ᠭᠠᠵᠠᠷ᠎ᠤᠨ ᠰᠠᠯᠬᠢᠨ ᠬᠦᠴᠦᠨ᠎ᠦ ᠮᠠᠰᠢᠨ᠎ᠤ ᠲᠣᠨᠣᠭ ᠲᠥᠬᠦᠭᠡᠷᠦᠮᠵᠢ ᠦᠢᠯᠡᠳᠬᠦ ᠦᠢᠯᠡᠰ᠎ᠦᠨ ᠪᠥᠬᠥ ᠠᠵᠤ ᠦᠢᠯᠡᠰ᠎ᠦᠨ ᠬᠡᠯᠬᠢᠶ᠎ᠡ ᠳᠠᠢᠰᠢ ᠤᠷᠤᠭᠰᠢᠯᠠᠬᠤ᠎ᠳᠤ ᠬᠦᠴᠦᠨ ᠨᠡᠮᠡᠷᠢᠯᠡᠪᠡ᠃

ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢ᠂ ᠶᠤᠸᠠᠨ ᠵᠢᠩ ᠮᠧᠩ ᠰᠢᠨ ᠪᠦᠯᠦᠭᠯᠡᠯ᠎ᠦᠨ ᠳᠡᠳ᠋ ᠶᠡᠷᠦᠩᠬᠡᠢ ᠳᠠᠭᠠᠭᠠᠮᠠᠯ ᠢᠦᠢ ᠯᠧ ᠢᠲᠡᠭᠡᠯ ᠲᠡᠭᠦᠯᠲᠡᠷ ᠢ᠋ᠢᠡᠷ᠄《2025 ᠣᠨ᠎ᠳᠤ᠂ ᠠᠵᠤ ᠠᠬᠤᠢᠯᠠᠯ ᠨᠢ ᠶᠡᠷᠦᠩᠬᠡᠢ ᠬᠡᠯᠲᠡᠰ ᠎ᠦᠨ ᠰᠠᠭᠤᠷᠢᠨ᠂ ᠨᠡᠭᠦᠷᠡᠰᠦᠲᠥ᠋ᠷᠥᠭᠴᠢ ᠦᠯᠦ ᠭᠠᠲᠠᠬᠰᠢᠯᠠᠭᠤᠯᠬᠤ ᠤᠰᠤᠲᠥ᠋ᠷᠥᠭ᠌ᠴᠢᠲᠤ ᠰᠢᠪᠲᠦᠷ᠂ ᠨᠡᠭᠦᠷᠡᠰᠦᠲᠥ᠋ᠷᠥᠭᠴᠢ ᠦᠯᠦ ᠭᠠᠲᠠᠬᠰᠢᠯᠠᠭᠤᠯᠬᠤ ᠳ᠋ᠢᠶᠠᠨ ᡂᠢ᠂ ᠨᠡᠭᠦᠷᠡᠰᠦᠲᠥ᠋ᠷᠥᠭᠴᠢ ᠦᠯᠦ ᠭᠠᠲᠠᠬᠰᠢᠯᠠᠭᠤᠯᠬᠤ ᠪᠤᠳᠤᠯᠲᠠ ᠢ᠋ᠢᠨ ᠬᠦᠴᠦᠨ᠂ ᠡᠯᠡᠰᠦᠷᠭᠡᠭᠵᠢᠯ ᠢ᠋ ᠰᠡᠷᠭᠡᠢᠯᠡᠨ ᠡᠯᠡᠰᠦ᠎ᠶᠢ ᠵᠠᠰᠠᠬᠤ᠂ ᠬᠠᠮᠲᠤ᠎ᠪᠠᠷ ᠡᠳ᠋ᠯᠡᠬᠦ ᠡᠨᠧᠷᠭᠢ ᠬᠠᠳᠠᠭᠠᠯᠠᠬᠤ ᠵᠡᠷᠭᠡ ᠲᠠᠯ᠎ᠠ᠎ᠪᠠᠷ ᠰᠢᠨ᠎ᠡ᠎ᠶᠢ ᠡᠭᠦᠳᠦᠨ ᠵᠢᠱ᠌ᠢᠶ᠎ᠡ ᠦᠵᠡᠭᠦᠯᠬᠦ ᠠᠵᠢᠯᠯᠠᠭ᠎ᠠ᠎ᠶᠢ ᠭᠣᠣᠯᠳᠠᠯᠭ᠎ᠠ᠎ᠲᠠᠢ ᠥᠷᠨᠢᠭᠦᠯᠵᠦ᠂ ᠥᠪᠡᠷᠲᠡᠭᠡᠨ ᠵᠠᠰᠠᠬᠤ ᠣᠷᠣᠨ᠎ᠤ ᠪᠣᠬᠢᠷᠲᠤᠯ ᠦᠭᠡᠢ ᠠᠵᠤ ᠦᠢᠯᠡᠳᠪᠦᠷᠢ᠎ᠶᠢᠨ ᠰᠢᠨ᠎ᠡ ᠥᠨᠳᠥᠷᠯᠢᠭ᠂ ᠣᠯᠠᠨ ᠤᠯᠤᠰ᠎ᠤᠨ ᠠᠷᠠᠯᠵᠢᠶᠠᠨ᠎ᠤ ᠰᠢᠨ᠎ᠡ ᠬᠦᠢᠰᠦ᠂ ᠳᠤᠮᠳᠠᠳᠤ ᠤᠯᠤᠰ ᠎ᠤᠨ ᠦᠢᠯᠡᠳᠬᠦ ᠦᠢᠯᠡᠰ᠎ᠤᠨ ᠰᠢᠨ᠎ᠡ ᠬᠥᠳᠡᠯᠭᠡᠭᠦᠷ᠎ᠢ ᠪᠣᠶ ᠪᠣᠯᠭᠠᠬᠤ᠎ᠳᠤ ᠬᠦᠴᠦᠨ ᠨᠡᠮᠡᠷᠢᠯᠡᠨ᠎ᠡ》 ᠬᠡᠵᠡᠢ᠃

ᠴᠢᠬᠤᠯᠠ ᠶᠡᠬᠡ ᠲᠦᠷᠦᠯ ᠵᠦᠢᠯ ᠪᠣᠯ ᠠᠵᠤ ᠠᠬᠤᠢ ᠨᠡᠢᠭᠡᠮ᠎ᠦᠨ ᠬᠥᠭᠵᠢᠯᠲᠡ᠎ᠶᠢ ᠠᠬᠢᠭᠤᠯᠬᠤ 《ᠬᠦᠴᠦᠲᠡᠢ ᠬᠥᠳᠡᠯᠭᠡᠭᠦᠷ》 ᠪᠠ 《ᠬᠠᠲᠠᠭᠤ ᠲᠤᠯᠭᠠᠭᠤᠷᠢᠯᠠᠯ》ᠮᠥᠨ᠃ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢ᠂ ᠤᠯᠠᠭᠠᠨᠬᠣᠲᠠ᠎ᠶᠢᠨ ᠨᠠᠮ᠎ᠤᠨ ᠬᠤᠷᠢᠶ᠎ᠠ ᠵᠢᠨ ᠳᠡᠳ᠋ ᠱᠦᠵᠢ᠂ ᠬᠣᠲᠠ᠎ᠶᠢᠨ ᠳᠠᠷᠤᠭ᠎ᠠ ᠮᠠ ᠮᠧᠩ᠄ 《2025 ᠣᠨ᠎ᠳᠤ᠂ ᠪᠢᠳᠡ〈ᠴᠢᠬᠤᠯᠠ ᠶᠡᠬᠡ ᠲᠥᠷᠥᠯ ᠵᠦᠢᠯ᠎ᠢ ᠲᠥᠯᠥᠪᠵᠢᠭᠦᠯᠬᠦ ᠠᠵᠢᠯᠯᠠᠭ᠎ᠠ〉ᠪᠠᠷ ᠭᠠᠷᠳᠠᠴᠠ ᠪᠣᠯᠭᠠᠵᠤ᠂ ᠬᠠᠭᠤᠴᠢᠨ ᠰᠠᠭᠤᠭᠠᠯᠢ ᠠᠷᠠᠳ᠎ᠤᠨ ᠲᠣᠭᠣᠷᠢᠭ᠋ ᠎ᠢ ᠥᠭᠡᠷᠡᠴᠢᠯᠡᠨ ᠰᠢᠨᠡᠳᠬᠡᠬᠦ ᠵᠡᠷᠭᠡ 43 ᠴᠢᠬᠤᠯᠠ ᠶᠡᠬᠡ ᠲᠥᠷᠥᠯ ᠵᠦᠢᠯ᠎ᠢ ᠬᠡᠷᠡᠭᠵᠢᠭᠦᠯᠵᠦ᠂ 66 ᠳ᠋ᠦᠩᠰᠢᠭᠤᠷ ᠲᠥᠭᠥᠷᠢᠭ᠎ᠡᠴᠡ ᠳᠡᠭᠡᠭᠰᠢᠬᠢ ᠪᠡᠯᠡ ᠣᠷᠣᠭᠤᠯᠤᠯᠲᠠ᠎ᠶᠢ ᠪᠡᠶᠡᠯᠡᠭᠦᠯᠬᠦ᠎ᠪᠡᠷ ᠴᠢᠷᠮᠠᠢᠨ᠎ᠠ᠃ ᠡᠭᠦᠨ᠎ᠦ ᠬᠠᠮᠲᠤ᠂ 《ᠠᠷᠪᠠᠨ ᠲᠠᠪᠤᠳᠤᠭᠠᠷ ᠲᠠᠪᠤᠨ ᠵᠢᠯ》 ᠎ᠤ᠋ᠨ ᠲᠥᠯᠦᠪᠵᠢᠭᠦᠯᠭᠡ ᠎ᠶᠢ ᠨᠠᠢᠷᠠᠭᠤᠯᠤᠨ ᠲᠤᠭᠤᠷᠪᠢᠬᠤ ᠴᠣᠩᠬᠣᠪᠴᠢ ᠬᠤᠭᠤᠴᠠᠭ᠎ᠠ᠎ᠶᠢ ᠱᠠᠯᠠᠪᠳᠠᠨ ᠠᠳᠬᠤᠵᠤ᠂ ᠠᠵᠤ ᠦᠢᠯᠡᠰ ᠎ᠢ ᠳᠡᠰ ᠳᠡᠪᠰᠢᠭᠦᠯᠬᠦ᠂ ᠬᠣᠲᠠ᠎ᠶᠢ ᠰᠢᠨᠡᠳᠬᠡᠬᠦ ᠵᠡᠷᠭᠡ ᠬᠦᠷᠢᠶᠡᠨ᠎ᠳᠦ ᠠᠩᠬᠠᠷᠤᠯ᠎ᠢᠶᠠᠨ ᠲᠥᠪᠯᠡᠷᠡᠭᠦᠯᠵᠦ᠂ ᠠᠵᠤ ᠦᠢᠯᠡᠰ᠎ᠦᠨ ᠪᠦᠲᠦᠴᠡ᠎ᠶᠢ ᠰᠢᠯᠢᠳᠡᠭᠵᠢᠭᠦᠯᠬᠦ ᠪᠠ ᠠᠵᠤ ᠠᠬᠤᠢ᠎ᠶᠢᠨ ᠶᠠᠰᠤ ᠴᠢᠨᠠᠷ ᠦᠷ᠎ᠡ ᠠᠰᠢᠭ᠋᠎ᠢ ᠵᠡᠷᠭᠡ ᠪᠡᠷ ᠳᠡᠭᠡᠭᠰᠢᠯᠡᠭᠦᠯᠬᠦ᠎ᠶᠢ ᠠᠬᠢᠭᠤᠯᠤᠨ᠎ᠠ》 ᠭᠡᠵᠡᠢ᠃

ᠨᠢᠭᠡ ᠭᠠᠵᠠᠷ ᠣᠷᠣᠨ᠎ᠤ ᠠᠵᠤ ᠠᠬᠤᠢ᠎ᠶᠢᠨ ᠬᠥᠭᠵᠢᠯᠲᠡ ᠨᠢ ᠡᠴᠦᠰ᠎ᠦᠨ ᠡᠴᠦᠰ᠎ᠲᠡᠬᠡᠨ ᠠᠵᠤ ᠠᠬᠤᠢᠯᠠᠯ᠎ᠤᠨ ᠭᠣᠣᠯᠯᠠᠬᠤ ᠦᠢᠯᠡᠳᠦᠯ᠎ᠳᠦ ᠲᠦᠰᠢᠭᠯᠡᠬᠦ ᠶᠤᠮ᠃ ᠡᠨᠡ ᠵᠢᠯ᠎ᠦᠨ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠠᠵᠢᠯ᠎ᠤᠨ ᠢᠯᠡᠳᠬᠡᠯ᠎ᠳᠦ ᠳᠤᠷᠠᠳᠤᠭᠰᠠᠨ ᠰᠢᠨ᠎ᠡ ᠱᠠᠭᠠᠷᠳᠠᠯᠭ᠎ᠠ᠎ᠶᠢᠨ ᠲᠤᠬᠠᠢ᠂ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶᠢᠨ ᠵᠥᠪᠯᠡᠯᠭᠡᠨ᠎ᠦ ᠭᠡᠰᠢᠭᠦᠨ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠷᠣᠨ ᠨᠤᠲᠤᠭ᠎ᠤᠨ ᠮᠥᠩᠭᠥᠨ ᠭᠦᠢᠯᠭᠡᠭᠡᠨ᠎ᠦ ᠬᠠᠮᠢᠶᠠᠷᠤᠯᠲᠠ᠎ᠶᠢᠨ ᠲᠣᠪᠴᠢᠶ᠎ᠠ᠎ᠶᠢᠨ ᠳᠠᠷᠤᠭ᠎ᠠ ᠮᠠ ᠪᠦᠦ ᠭᠦᠸᠧ᠄ 《ᠪᠢᠳᠡ ᠨᠢᠭᠡᠨᠲᠡ ᠥᠪᠡᠷᠲᠡᠭᠡᠨ ᠵᠠᠰᠠᠬᠤ ᠣᠷᠣᠨ᠎ᠤ ᠬᠠᠮᠢᠶ᠎ᠠ ᠪᠦᠬᠦᠢ ᠠᠵᠢᠯ ᠲᠥᠷᠥᠯ᠎ᠦᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠲᠠᠢ ᠬᠠᠮᠲᠤᠷᠠᠨ ᠪᠥᠬᠥ ᠣᠷᠣᠨ᠎ᠤ ᠪᠡᠯᠡ ᠬᠤᠷᠠᠮᠳᠤᠭᠤᠯᠭ᠎ᠠ᠎ᠶᠢᠨ ᠬᠡᠷᠡᠭᠴᠡᠭᠡ ᠱᠠᠭᠠᠷᠳᠠᠯᠭ᠎ᠠ ᠲᠠᠢ ᠲᠥᠷᠥᠯ ᠵᠦᠢᠯ᠎ᠢ 5163᠂ ᠠᠵᠤ ᠠᠬᠤᠢᠯᠠᠯ᠎ᠢ 674 ᠡᠮᠬᠢᠯᠡᠨ ᠬᠤᠷᠢᠶᠠᠩᠭᠤᠢᠯᠠᠵᠤ᠂ ᠪᠦᠬᠦᠨ᠎ᠢ ᠮᠥᠩᠭᠥᠨ ᠭᠦᠢᠯᠭᠡᠭᠡᠨ᠎ᠦ ᠪᠠᠢᠭᠤᠯᠤᠮᠵᠢ᠎ᠳᠤ ᠬᠦᠷᠭᠡᠪᠡ᠃ ᠮᠥᠩᠭᠥᠨ ᠭᠦᠢᠯᠭᠡᠭᠡᠨ᠎ᠦ ᠪᠠᠢᠭᠤᠯᠤᠮᠵᠢ ᠣᠳᠣᠬᠠᠨ᠎ᠳᠤ ᠨᠡᠶ᠋ᠢᠲᠡ 590 ᠭᠠᠷᠤᠢ ᠠᠵᠤ ᠠᠬᠤᠢᠯᠠᠯ᠎ᠤᠨ ᠲᠥᠷᠥᠯ ᠵᠦᠢᠯ ᠎ᠳᠦ ᠪᠡᠯᠡ ᠮᠥᠩᠭᠥ᠎ᠶᠢᠨ ᠳᠡᠮᠵᠢᠯᠭᠡ ᠬᠠᠩᠭᠠᠵᠤ᠂ ᠨᠡᠶ᠋ᠢᠲᠡ 2300 ᠳ᠋ᠦᠩᠰᠢᠭᠤᠷ ᠲᠥᠭᠥᠷᠢᠭ ᠎ᠦᠨ ᠢᠲᠡᠭᠡᠮᠵᠢᠲᠦ ᠵᠢᠭᠡᠯᠡᠯᠭᠡ ᠣᠯᠭᠣᠪᠠ᠃ ᠵᠠᠯᠭᠠᠭᠠᠳ᠂ ᠪᠢᠳᠡ〈ᠢᠲᠡᠭᠡᠮᠵᠢᠲᠦ ᠵᠢᠭᠡᠯᠡᠯᠭᠡ ᠎ᠶᠢ ᠥᠷᠭᠡᠳᠬᠡᠬᠦ〉 ᠲᠥᠷᠥ᠎ᠶᠢᠨ ᠪᠣᠳᠣᠯᠭ᠎ᠠ᠎ᠶᠢ ᠰᠠᠢᠲᠤᠷ ᠨᠠᠢᠳᠠᠪᠤᠷᠢᠵᠢᠭᠤᠯᠵᠤ᠂ ᠮᠥᠩᠭᠥᠨ ᠭᠦᠢᠯᠭᠡᠭᠡ ᠪᠡᠷ ᠠᠵᠤ ᠠᠬᠤᠢᠯᠠᠯ᠎ᠢ ᠲᠡᠳᠬᠦᠬᠦ ᠠᠵᠢᠯᠯᠠᠭ᠎ᠠ᠎ᠶᠢ ᠬᠡᠷᠡᠭᠵᠢᠭᠦᠯᠦᠨ᠂ ᠥᠪᠡᠷᠲᠡᠭᠡᠨ ᠵᠠᠰᠠᠬᠤ ᠣᠷᠣᠨ᠎ᠤ ᠰᠢᠨ᠎ᠡ ᠵᠠᠮ ᠨᠡᠭᠡᠭᠡᠵᠦ ᠳᠤᠮᠳᠠ ᠲᠦᠪᠰᠢᠨ᠎ᠳᠤ ᠣᠷᠣᠬᠤ᠎ᠳᠤ ᠮᠥᠩᠭᠥᠨ ᠭᠦᠢᠯᠭᠡᠭᠡᠨ᠎ᠦ ᠬᠦᠴᠦᠨ ᠴᠢᠳᠠᠯ᠎ᠢᠶᠠᠨ ᠡᠷᠭᠦᠨ᠎ᠡ》 ᠭᠡᠪᠡ᠃

ᠲᠠᠰᠤᠷᠠᠯᠲᠠ ᠦᠭᠡᠢ ᠪᠠᠲᠤᠵᠢᠭᠰᠠᠨ 《ᠰᠢᠨ᠎ᠡ ᠴᠢᠭᠯᠡᠯ》

ᠥᠪᠥᠷ ᠮᠣᠩᠭᠣᠯ᠎ᠳᠤ ᠨᠢᠭᠡ ᠲᠠᠯ᠎ᠠ᠎ᠪᠠᠷ ᠤᠰᠤ ᠳᠤᠲᠠᠭᠳᠠᠵᠤ ᠪᠠᠢᠬᠤ᠎ᠳᠤ᠂ ᠨᠥᠭᠥᠭᠡ ᠲᠠᠯ᠎ᠠ᠎ᠪᠠᠷ ᠵᠠᠷᠢᠮ ᠭᠠᠵᠠᠷ ᠣᠷᠣᠨ ᠪᠠ ᠠᠵᠢᠯ ᠲᠥᠷᠥᠯ᠎ᠦᠨ ᠤᠰᠤ ᠬᠡᠷᠡᠭᠯᠡᠬᠦ ᠠᠷᠭ᠎ᠠ ᠬᠡᠯᠪᠡᠷᠢ ᠨᠡᠯᠢᠶᠡᠳ ᠪᠦᠳᠦᠭᠦᠯᠢᠭ ᠪᠠᠢᠵᠤ᠂ ᠤᠰᠤ ᠠᠷᠪᠢᠯᠠᠬᠤ᠎ᠶᠢ ᠠᠯᠭᠤᠷᠯᠠᠵᠤ ᠪᠣᠯᠣᠰᠢ ᠦᠭᠡᠢ ᠶᠤᠮ᠃

《ᠮᠠᠨ᠎ᠤ ᠨᠤᠲᠤᠭ ᠪᠣᠷᠣᠳᠣᠬᠣᠢ ᠣᠷᠣᠨ᠎ᠳᠤ ᠪᠠᠢᠷᠢᠯᠠᠵᠤ᠂ ᠭᠠᠵᠠᠷ᠎ᠤᠨ ᠪᠠᠢᠴᠠ ᠲᠡᠭᠰᠢᠬᠡᠨ᠂ ᠭᠠᠵᠠᠷ ᠳᠣᠣᠷᠠᠬᠢ ᠤᠰᠤᠨ᠎ᠤ ᠴᠢᠨᠠᠷ ᠲᠠᠷᠢᠮᠠᠯ᠎ᠤᠨ ᠤᠷᠭᠤᠯᠲᠠ᠎ᠳᠤ ᠠᠰᠢᠭ᠋ ᠦᠭᠡᠢ ᠪᠠᠢᠳᠠᠭ ᠡᠴᠡ ᠪᠦᠷ ᠬᠠᠳᠤᠨ ᠭᠣᠣᠯ᠎ᠤᠨ ᠤᠰᠤ᠎ᠪᠠᠷ ᠤᠰᠤᠯᠠᠳᠠᠭ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠦᠲᠦᠭᠡᠨ ᠪᠠᠢᠭᠤᠯᠤᠯᠲᠠ ᠪᠠ ᠬᠠᠲᠤᠨ ᠭᠣᠣᠯ ᠎ᠢ  ᠲᠠᠲᠠᠵᠤ ᠳᠤᠰᠤᠯᠭᠠᠨ ᠤᠰᠤᠯᠠᠯᠲᠠ᠎ᠶᠢ ᠬᠡᠷᠡᠭᠵᠢᠭᠦᠯᠬᠦ ᠨᠢ ᠪᠣᠷᠣᠳᠣᠬᠣᠢ᠎ᠶᠢᠨ ᠭᠠᠵᠠᠷ ᠣᠷᠣᠨ᠎ᠤ ᠤᠰᠤ᠎ᠠᠷᠪᠢᠯᠠᠨ ᠬᠡᠷᠡᠭᠯᠡᠬᠦ᠎ᠳᠦ ᠠᠰᠢᠭ᠍ᠲᠠᠢ ᠶᠤᠮ᠃ ᠣᠳᠣᠬᠠᠨ᠎ᠳᠤ᠂ ᠮᠠᠨ᠎ᠤ ᠮᠢᠩ ᠰᠢᠩ ᠲᠣᠰᠬᠣᠨ ᠨᠢᠭᠡᠨᠲᠡ 14000 ᠮᠦ᠍ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠦᠲᠦᠭᠡᠨ ᠪᠠᠢᠭᠤᠯᠤᠯᠲᠠ᠎ᠶᠢᠨ ᠲᠥᠷᠥᠯ ᠵᠦᠢᠯ ᠎ᠢ ᠭᠤᠶᠤᠴᠢᠯᠠᠵᠤ᠂ 7000 ᠮᠦ᠍᠎ᠶᠢ ᠨᠢ ᠬᠠᠲᠤᠨ ᠭᠣᠣᠯ᠎ᠢ ᠲᠠᠲᠠᠵᠤ ᠳᠤᠰᠤᠯᠭᠠᠨ ᠤᠰᠤᠯᠠᠬᠤ ᠳᠡᠭᠡᠳᠦ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠵᠢᠱ᠌ᠢᠶ᠎ᠡ ᠦᠵᠡᠭᠦᠯᠬᠦ ᠲᠠᠷᠢᠶ᠎ᠠ ᠪᠣᠯᠭᠠᠬᠤ᠎ᠪᠠᠷ ᠲᠥᠯᠥᠪᠯᠡᠵᠦ ᠪᠠᠢᠨ᠎ᠠ᠃ ᠥᠪᠡᠷᠲᠡᠭᠡᠨ ᠵᠠᠰᠠᠬᠤ ᠣᠷᠣᠨ᠎ᠤ ᠬᠣᠶᠠᠷ ᠬᠤᠷᠠᠯ ᠲᠡᠭᠦᠰᠦᠭᠰᠡᠨ᠎ᠦ ᠳᠠᠷᠠᠭ᠎ᠠ᠂ ᠪᠢ ᠤᠰᠤ ᠠᠷᠪᠢᠯᠠᠬᠤ ᠨᠠᠩ ᠣᠯᠠᠨ ᠲᠥᠷᠥᠯ ᠵᠦᠢᠯ ᠎ᠢ ᠮᠢᠩ ᠰᠢᠩ ᠲᠣᠰᠬᠣᠨ᠎ᠳᠤ ᠨᠠᠢᠳᠠᠪᠤᠷᠢᠵᠢᠭᠤᠯᠬᠤ᠎ᠶᠢ ᠪᠥᠬᠥ ᠬᠦᠴᠦᠨ᠎ᠢᠶᠡᠷ᠎ᠢᠶᠡᠨ ᠠᠬᠢᠭᠤᠯᠤᠨ᠎ᠠ》 ᠭᠡᠵᠦ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢ᠂ ᠥᠪᠥᠷ ᠮᠣᠩᠭᠣᠯ᠎ᠤᠨ ᠷᠦᠩ ᠠᠨ ᠢᠨᠵᠧᠨᠧᠷᠢᠩ᠎ᠦᠨ ᠪᠦᠲᠦᠭᠡᠨ ᠪᠠᠢᠭᠤᠯᠤᠯᠲᠠ᠎ᠶᠢᠨ ᠬᠢᠵᠠᠭᠠᠷᠲᠤ ᠺᠣᠮᠫᠠᠨᠢ᠎ᠶᠢᠨ ᠬᠡᠷᠡᠭ ᠮᠡᠳᠡᠭᠴᠢᠳ᠎ᠦᠨ ᠳᠠᠷᠤᠭ᠎ᠠ᠂ ᠯᠢᠨ ᠾᠧ ᠲᠣᠭᠣᠷᠢᠭ᠋ ᠎ᠤᠨ ᠴᠠᠭᠠᠨ ᠣᠪᠣᠭ᠎ᠠ ᠪᠠᠯᠭᠠᠰᠤᠨ᠎ᠤ ᠮᠢᠩ ᠰᠢᠩ ᠲᠣᠰᠬᠣᠨ᠎ᠤ ᠨᠠᠮ᠎ᠤᠨ ᠡᠭᠦᠷ ᠎ᠦᠨ ᠱᠦᠵᠢ ᠴᠢᠦᠢ ᠼᠠᠩ ᠬᠡᠯᠡᠨ᠎ᠡ᠃

ᠤᠰᠤ ᠠᠷᠪᠢᠯᠠᠬᠤ ᠠᠵᠢᠯᠯᠠᠭ᠎ᠠ ᠨᠢ ᠤᠰᠤᠨ᠎ᠤ ᠡᠬᠢ ᠪᠠᠶᠠᠯᠢᠭ᠋᠎ᠤᠨ ᠬᠢᠵᠠᠭᠠᠷᠯᠠᠯ᠎ᠤᠨ ᠠᠰᠠᠭᠤᠳᠠᠯ᠎ᠢ ᠰᠢᠢᠳᠪᠦᠷᠢᠯᠡᠬᠦ᠎ᠳᠦ ᠴᠢᠭᠯᠡᠯ᠎ᠢ ᠲᠣᠳᠣᠷᠬᠠᠢ ᠵᠢᠭᠠᠵᠤ ᠥᠭᠴᠡᠢ᠃ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢ᠂ ᠣᠷᠳᠣᠰ ᠬᠣᠲᠠ᠎ᠶᠢᠨ ᠨᠠᠮ᠎ᠤᠨ ᠬᠤᠷᠢᠶ᠎ᠠ ᠵᠢᠨ ᠳᠡᠳ᠋ ᠱᠦᠵᠢ᠂ ᠣᠷᠣᠯᠠᠭ᠍ᠴᠢ ᠬᠣᠲᠠ᠎ᠶᠢᠨ ᠳᠠᠷᠤᠭ᠎ᠠ ᠢᠦᠢ ᠬᠠᠢ ᠢᠦᠢ᠄ 《2025 ᠣᠨ᠎ᠳᠤ᠂ ᠪᠢᠳᠡ ᠤᠰᠤᠨ᠎ᠤ ᠡᠬᠢ ᠪᠠᠶᠠᠯᠢᠭ᠋᠎ᠤᠨ ᠠᠰᠢᠭ᠍ᠯᠠᠯᠲᠠ᠎ᠶᠢ ᠡᠷᠴᠢᠮᠵᠢᠭᠦᠯᠬᠦ᠎ᠶᠢ ᠶᠡᠬᠡ᠎ᠪᠡᠷ ᠠᠬᠢᠭᠤᠯᠵᠤ᠂ ᠲᠠᠷᠢᠶᠠᠯᠠᠩ᠂ ᠠᠵᠤ ᠦᠢᠯᠡᠳᠪᠦᠷᠢ᠂ ᠬᠣᠲᠠ ᠬᠥᠳᠡᠭᠡ᠎ᠶᠢᠨ ᠤᠰᠤ ᠠᠷᠪᠢᠯᠠᠬᠤ ᠲᠦᠪᠰᠢᠨ᠎ᠢ ᠨᠢᠭᠡᠳᠦᠯᠲᠡᠢ ᠲᠥᠯᠥᠪᠵᠢᠭᠦᠯᠦᠨ ᠳᠡᠭᠡᠭᠰᠢᠯᠡᠭᠦᠯᠵᠦ᠂ 2025 ᠣᠨ᠎ᠳᠤ ᠪᠥᠬᠥ ᠬᠣᠲᠠ ᠪᠡᠷ ᠵᠢᠡᠨ 6000 ᠲᠦᠮᠡᠨ ᠪᠣᠰᠣᠭ᠎ᠠ ᠳᠥᠷᠪᠡᠯᠵᠢᠨ ᠮᠧᠲᠷ ᠤᠰᠤ ᠠᠷᠪᠢᠯᠠᠬᠤ ᠪᠡᠷ ᠲᠡᠮᠡᠴᠡᠵᠦ᠂ ᠲᠦᠮᠡᠨ ᠲᠥᠭᠥᠷᠢᠭ᠎ᠦᠨ GDP ᠎ᠵᠢᠨ ᠤᠰᠤ ᠬᠡᠷᠡᠭᠯᠡᠬᠦ ᠬᠡᠮᠵᠢᠶ᠎ᠡ᠎ᠶᠢ 2% ᠵᠢᠡᠷ ᠪᠠᠭᠤᠷᠠᠭᠤᠯᠤᠨ᠎ᠠ》 ᠭᠡᠵᠡᠢ᠃

ᠲᠠᠰᠤᠷᠠᠯᠲᠠ ᠦᠭᠡᠢ ᠭᠦᠨᠵᠡᠭᠡᠢᠷᠡᠭ᠌ᠰᠡᠨ 《ᠠᠵᠢᠯᠯᠠᠭᠠᠨ᠎ᠤ ᠬᠦᠴᠦᠨ》

ᠮᠠᠨ᠎ᠤ ᠤᠯᠤᠰ᠎ᠤᠨ ᠤᠮᠠᠷᠠᠰᠢ ᠨᠡᠭᠡᠭᠡᠯᠲᠡ ᠬᠢᠬᠦ᠌ ᠴᠢᠬᠤᠯᠠ ᠪᠡᠬᠢᠯᠡᠯᠲᠡ ᠪᠣᠯᠤᠭ᠍ᠰᠠᠨ᠎ᠤ ᠬᠤᠪᠢ᠎ᠳᠤ ᠂ ᠥᠪᠥᠷ ᠮᠣᠩᠭᠣᠯ ᠤᠯᠤᠰ᠎ᠤᠨ ᠳᠣᠲᠣᠭᠠᠳᠤ ᠭᠠᠳᠠᠭᠠᠳᠤ᠎ᠶ᠋ᠢᠨ ᠬᠤᠤᠰ ᠣᠷᠴᠢᠯ᠎ᠢ ᠬᠣᠯᠪᠣᠨ ᠨᠡᠪᠲᠡᠷᠡᠭᠦᠯᠬᠦ᠌ ᠳᠤᠮᠳᠠ ᠨᠠᠩ ᠶᠡᠬᠡ ᠦᠢᠯᠡᠳᠦᠯ ᠦᠵᠡᠭᠦᠯᠵᠦ᠍ ᠪᠤᠢ᠃ ᠬᠡᠷᠬᠢᠨ ᠣᠷᠣᠨ ᠪᠦᠰᠡ᠎ᠶ᠋ᠢᠨ ᠬᠠᠮᠲᠤᠷᠠᠯᠴᠠᠭ᠎ᠠ᠎ᠶ᠋ᠢ ᠴᠢᠨᠠᠭ᠍ᠰᠢᠳᠠ ᠭᠦᠨᠵᠡᠭᠡᠢᠷᠡᠭᠦᠯᠵᠦ᠍ ᠂ ᠭᠠᠳᠠᠭᠠᠳᠤ ᠨᠡᠬᠡᠬᠡᠯᠳᠡ᠎ᠶ᠋ᠢ ᠥᠷᠭᠡᠳᠭᠡᠵᠦ᠍ ᠂ ᠡᠬᠡ ᠤᠯᠤᠰ᠎ᠤᠨ ᠤᠮᠠᠷᠠᠲᠤ ᠬᠢᠯᠢ᠎ᠶ᠋ᠢ ᠨᠡᠩ ᠬᠥᠭ᠌ᠵᠢᠯ ᠪᠠᠳᠠᠷᠠᠯ᠎ᠲᠠᠶ ᠪᠣᠯᠭᠠᠬᠤ ᠪᠤᠢ?

《2025 ᠣᠨ᠎ᠳᠤ᠂ ᠪᠢᠳᠡ 〈ᠨᠢᠭᠡ ᠪᠦᠰᠡ ᠨᠢᠭᠡ ᠵᠠᠮ〉 ᠎ᠢ᠋ ᠬᠠᠮᠲᠤ᠎ᠪᠠᠷ ᠪᠦᠲᠦᠭᠡᠨ ᠪᠠᠢᠭᠤᠯᠬᠤ᠎ᠳᠤ ᠭᠦᠨᠵᠡᠭᠡᠢ ᠣᠷᠣᠯᠴᠠᠵᠤ᠂ ᠬᠢᠯᠢ᠎ᠶ᠋ᠢᠨ ᠪᠣᠭᠣᠮᠲᠠ ᠪᠣᠯᠤᠨ ᠳᠣᠲᠣᠷ᠎ᠠ ᠭᠠᠵᠠᠷ᠎ᠤᠨ ᠬᠣᠯᠪᠣᠭᠠᠯᠠᠨ ᠬᠥᠭ᠌ᠵᠢᠬᠦ᠌ ᠎ᠶ᠋ᠢ ᠠᠬᠢᠭᠤᠯᠤᠨ᠎ᠠ᠃ ᠳᠤᠮᠳᠠᠳᠤ ᠤᠯᠤᠰ (ᠥᠪᠥᠷ ᠮᠣᠩᠭᠣᠯ) ᠎ᠤ᠋ᠨ ᠴᠢᠯᠥᠭᠡᠲᠦ ᠠᠷᠠᠯᠵᠢᠶᠠᠨ ᠎ᠤ ᠲᠤᠷᠱᠢᠯᠲᠠ᠎ᠶ᠋ᠢᠨ ᠣᠷᠣᠨ᠎ᠢ ᠭᠤᠶᠤᠴᠢᠯᠠᠨ ᠪᠠᠢᠭᠤᠯᠬᠤ ᠠᠵᠢᠯ᠎ᠢ ᠯᠠᠪᠳᠠᠭᠤᠨ ᠪᠠᠲᠤᠲᠠᠶ ᠠᠬᠢᠭᠤᠯᠵᠤ᠂ ᠳᠤᠮᠳᠠᠳᠤ ᠮᠣᠩᠭᠣᠯ᠎ᠤᠨ ᠡᠷᠢᠶᠡᠨ ᠬᠣᠲᠠ ᠵᠠᠮ᠎ᠤᠨ ᠡᠭᠦᠳᠡ᠎ᠶ᠋ᠢᠨ ᠠᠵᠤ ᠠᠬᠤᠶ᠎ᠶ᠋ᠢᠨ ᠬᠠᠮᠲᠤᠷᠠᠯᠴᠠᠭᠠᠨ᠎ᠤ ᠣᠷᠣᠨ᠎ᠤ ᠪᠥᠲᠥᠭᠡᠨ ᠪᠠᠢᠭᠤᠯᠤᠯᠲᠠ᠎ᠶ᠋ᠢ ᠲᠦᠷᠭᠡᠳᠭᠡᠨ᠂ ᠠᠵᠤ ᠠᠬᠤᠶ᠎ᠶ᠋ᠢᠨ ᠨᠡᠭᠡᠭᠡᠯᠲᠡ᠎ᠶ᠋ᠢᠨ ᠣᠷᠣᠨ᠂ ᠶᠡᠷᠦᠩᠬᠡᠢᠯᠡᠭ᠌ᠰᠡᠨ ᠪᠠᠲᠤᠯᠠᠭ᠎ᠠ᠎ᠶ᠋ᠢᠨ ᠣᠷᠣᠨ ᠵᠡᠷᠭᠡ ᠨᠡᠭᠡᠭᠡᠯᠲᠡ᠎ᠶ᠋ᠢᠨ ᠲᠠᠪᠴᠠᠩ ᠎ᠤᠨ ᠴᠢᠳᠠᠮᠵᠢ᠎ᠶ᠋ᠢ ᠳᠡᠭᠡᠭ᠌ᠰᠢᠯᠡᠭᠦᠯᠦᠨ᠎ᠡ᠃ ᠲᠠᠪᠤᠳᠤᠭᠠᠷ ᠬᠤᠭᠤᠴᠠᠭᠠᠨ᠎ᠤ ᠳᠤᠮᠳᠠᠳᠤ ᠮᠣᠩᠭᠣᠯ᠎ᠤᠨ ᠦᠵᠡᠰᠭᠦᠯᠡᠩ ᠵᠡᠷᠭᠡ ᠠᠵᠢᠯᠯᠠᠭ᠎ᠠ᠎ᠶ᠋ᠢ ᠰᠠᠢᠲᠤᠷ ᠡᠬᠢᠯᠡᠨ᠎ᠡ᠃ ᠪᠡᠭᠡᠵᠢᠩ ᠲᠢᠶᠠᠨᠵᠢᠨ ᠾᠸᠪᠸᠢ᠂ ᠬᠠᠳᠤᠨ ᠭᠣᠣᠯ᠎ᠤᠨ ᠰᠠᠪᠠ ᠭᠠᠵᠠᠷ᠂ ᠵᠡᠭᠦᠨ ᠬᠣᠢᠲᠤ᠎ᠶ᠋ᠢᠨ ᠭᠤᠷᠪᠠᠨ ᠮᠤᠵᠢ᠂ ᠬᠥᠬᠡᠮᠥ᠋ᠷᠡᠨ᠎ᠦ ᠭᠤᠷᠪᠠᠯᠵᠢᠨ ᠬᠣᠢᠭ᠂ ᠭᠤᠸᠠᠩᠳᠦ᠋ᠩ ᠱᠢᠶᠠᠩᠭᠠᠩ ᠣᠣᠮᠧᠨ ᠵᠡᠷᠭᠡ ᠣᠷᠣᠨ ᠪᠦᠰᠡ᠎ᠯᠦᠭᠡ᠎ᠶ᠋ᠢᠨ ᠠᠵᠤ ᠠᠬᠤᠢ᠎ᠶ᠋ᠢᠨ ᠬᠠᠮᠲᠤᠷᠠᠯᠴᠠᠭ᠎ᠠ᠎ᠶ᠋ᠢ ᠦᠷᠭᠦᠯᠵᠢᠯᠡᠨ ᠭᠦᠨᠵᠡᠭᠡᠢᠷᠡᠭᠦᠯᠦᠨ᠎ᠡ》 ᠭᠡᠵᠦ ᠥᠪᠡᠷᠲᠡᠭᠡᠨ ᠵᠠᠰᠠᠬᠤ ᠣᠷᠣᠨ᠎ᠤ ᠤᠯᠤᠰ ᠲᠦᠷᠦ᠍᠎ᠶ᠋ᠢᠨ ᠵᠥᠪᠯᠡᠯᠭᠡᠨ᠎ᠦ ᠭᠡᠱᠢᠭᠦᠨ᠂ ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭᠠᠨ᠎ᠤ ᠶᠠᠪᠤᠳᠠᠯ᠎ᠤᠨ ᠲᠢᠩᠬᠢᠮ᠎ᠦᠨ ᠳᠡᠳ᠋ ᠳᠠᠷᠤᠭ᠎ᠠ ᠬᠣ᠌ ᠶᠢᠩ ᠹᠸᠩ ᠶᠠᠷᠢᠪᠠ᠃

ᠬᠡᠷᠬᠢᠨ ᠤᠮᠠᠷᠠᠲᠤ ᠬᠢᠯᠢ᠎ᠶ᠋ᠢᠨ ᠲᠡᠦᠬᠡ ᠰᠣᠶᠣᠯ᠎ᠤᠨ ᠦᠯᠡᠳᠡᠭ᠌ᠳᠡᠯ᠎ᠢ ᠰᠠᠢᠲᠤᠷ ᠬᠠᠮᠠᠭᠠᠯᠠᠵᠤ ᠂ ᠰᠠᠢᠲᠤᠷ ᠤᠯᠠᠮᠵᠢᠯᠠᠵᠤ᠂ ᠰᠠᠢᠲᠤᠷ ᠠᠱᠢᠭ᠍ᠯᠠᠬᠤ ᠪᠤᠢ? 《2025 ᠣᠨ᠎ᠳᠤ᠂ ᠪᠢᠳᠡ ᠪᠥᠬᠥ᠌ ᠤᠯᠤᠰ᠎ᠤᠨ ᠳᠥᠷᠪᠡᠳᠦᠭᠡᠷ ᠤᠳᠠᠭᠠᠨ᠎ᠤ ᠲᠡᠦᠬᠡ᠎ᠶ᠋ᠢᠨ ᠳᠤᠷᠠᠰᠭᠠᠯᠲᠤ ᠵᠦᠶ᠋ᠯᠡᠰ᠎ᠦᠨ ᠨᠡᠢᠳᠡᠮ ᠪᠠᠢᠴᠠᠭᠠᠯᠲᠠ᠎ᠶ᠋ᠢᠨ ᠠᠵᠢᠯ ᠎ᠢ ᠦᠷᠭᠦᠯᠵᠢᠯᠡᠨ ᠥᠷᠨᠢᠭᠦᠯᠵᠦ᠍᠂ 〈ᠳᠥᠷᠪᠡ ᠪᠠᠢᠬᠤ〉 ᠲᠠᠩᠰᠠ ᠡᠪᠬᠡᠮᠡᠯ᠎ᠢ ᠲᠠᠰᠤᠷᠠᠯᠲᠠ ᠥᠬᠡᠶ ᠲᠡᠭᠦᠯᠳᠡᠷᠵᠢᠭᠦᠯᠵᠦ᠍᠂ 〈ᠪᠠᠲᠤᠯᠠᠪᠠᠰᠤ ᠵᠣᠬᠢᠬᠤ᠎ᠶ᠋ᠢ᠎ᠨᠢ ᠪᠦᠬᠦᠨ᠎ᠢ ᠪᠠᠲᠤᠯᠠᠬᠤ〉 ᠎ᠶ᠋ᠢ ᠪᠡᠶᠡᠯᠡᠭᠦᠯᠦᠨ᠎ᠡ》 ᠭᠡᠵᠦ ᠥᠪᠡᠷᠲᠡᠭᠡᠨ ᠵᠠᠰᠠᠬᠤ ᠣᠷᠣᠨ᠎ᠤ ᠤᠯᠤᠰ ᠲᠦᠷᠦ᠍᠎ᠶ᠋ᠢᠨ ᠵᠥᠪᠯᠡᠯᠭᠡᠨ᠎ᠦ ᠭᠡᠱᠢᠭᠦᠨ᠂ ᠥᠪᠡᠷᠲᠡᠭᠡᠨ ᠵᠠᠰᠠᠬᠤ ᠣᠷᠣᠨ᠎ᠤ ᠲᠡᠦᠬᠡ᠎ᠶ᠋ᠢᠨ ᠳᠤᠷᠠᠰᠭᠠᠯᠲᠤ ᠵᠦᠢᠯᠡᠰ᠎ᠦᠨ ᠲᠣᠪᠴᠢᠶᠠᠨ᠎ᠤ ᠳᠠᠷᠤᠭ᠎ᠠ ᠼᠤᠤ ᠵᠢᠶᠠᠨ ᠧᠨ ᠬᠡᠯᠡᠪᠡ᠃

ᠲᠥᠯᠥᠭᠡᠯᠡᠭ᠌ᠴᠢᠳ ᠭᠡᠱᠢᠭᠦᠳ᠂ 《ᠵᠢᠷᠭᠤᠭᠠᠨ ᠠᠵᠢᠯᠯᠠᠭ᠎ᠠ》 ᠶ᠋ᠢᠨ ᠲᠥᠯᠥᠪᠵᠢᠭᠦᠯᠭᠡ᠎ᠶ᠋ᠢᠨ ᠵᠢᠷᠤᠭ ᠎ᠢ ᠪᠠᠷᠢᠯᠭ᠎ᠠ᠎ᠶ᠋ᠢᠨ ᠵᠢᠷᠤᠭ᠂ ᠪᠣᠳᠠᠲᠤ ᠦᠵᠡᠮᠵᠢ ᠪᠣᠯᠭᠠᠨ ᠬᠤᠪᠢᠷᠠᠭᠤᠯᠵᠤ᠂ ᠭᠠᠵᠠᠷ ᠣᠷᠣᠨ᠎ᠤ ᠦᠶ᠋ᠯᠡᠳᠪᠦᠷᠢᠯᠡᠯ᠎ᠦᠨ ᠶᠡᠷᠦᠩᠬᠡᠶ ᠥᠷᠲᠡᠭ᠎ᠦᠨ ᠶᠡᠷᠦᠩᠬᠡᠶ ᠬᠡᠮᠵᠢᠶ᠎ᠡ᠎ᠶ᠋ᠢ ᠪᠥᠬᠥ᠌ ᠤᠯᠤᠰ᠎ᠤᠨ ᠳᠤᠮᠳᠠ ᠲᠦᠪᠰᠢᠨ᠎ᠳᠦ ᠤᠷᠤᠭᠤᠯᠬᠤ ᠪᠠ《ᠵᠢᠱ᠌ᠢᠶᠡᠴᠢ ᠥᠪᠡᠷᠲᠡᠭᠡᠨ ᠵᠠᠰᠠᠬᠤ ᠣᠷᠣᠨ》 ᠎ᠤ᠋ ᠨᠠᠷ᠎ᠠ ᠠᠯᠳᠠᠷ᠎ᠢ ᠨᠡᠨᠭ᠌ ᠮᠠᠨᠳᠤᠭᠤᠯᠤᠨ᠎ᠠ ᠭᠡᠵᠦ ᠢᠲᠡᠭᠡᠯ ᠲᠡᠭᠦᠯᠳᠡᠷ ᠢᠯᠡᠷᠭᠡᠢᠯᠡᠵᠡᠭᠡᠨ᠎ᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号