《ᠢᠯᠡᠳᠬᠡᠯ᠎ᠳᠦ ᠳ᠋ᠦᠩᠨᠡᠭᠰᠡᠨ ᠠᠮᠵᠢᠯᠲᠠ ᠪᠦᠲᠦᠮᠵᠢ ᠨᠢ ᠪᠤᠰᠤᠳᠴᠢ ᠪᠥᠭᠡᠳ ᠪᠥᠬᠥ ᠲᠠᠯ᠎ᠠ᠎ᠶᠢᠨ ᠪᠠᠢᠵᠤ᠂ ᠠᠵᠢᠯ ᠪᠠᠢᠷᠢᠯᠠᠭᠤᠯᠤᠬᠰᠠᠨ ᠨᠢ ᠪᠣᠳᠠᠲᠠᠢ᠎ᠶᠢ ᠡᠷᠬᠢᠮᠯᠡᠭᠰᠡᠨ ᠪᠥᠭᠡᠳ ᠨᠠᠷᠢᠨ ᠪᠣᠳᠠᠲᠠᠢ ᠪᠠᠢᠵᠤ᠂ ᠪᠢᠳᠡᠨ᠎ᠢ ᠮᠠᠰᠢ ᠤᠷᠮᠠᠰᠢᠭᠤᠯᠤᠨ ᠵᠣᠷᠢᠭ᠍ᠵᠢᠭᠤᠯᠵᠤ ᠪᠠᠢᠨ᠎ᠠ᠃ 〈ᠰᠦ ᠵᠢᠨ ᠦᠢᠯᠡᠰ᠎ᠤᠨ ᠳᠡᠯᠡᠬᠡᠢ ᠳᠡᠭᠡᠷᠡᠬᠢ ᠥᠷᠢᠰᠦᠯᠳᠦᠬᠦ ᠬᠦᠴᠦᠨ᠎ᠢ ᠳᠡᠭᠡᠭᠰᠢᠯᠡᠭᠦᠯᠬᠦ〉 ᠲᠤᠬᠠᠢ ᠪᠠᠢᠷᠢᠯᠠᠭᠤᠯᠤᠯᠲᠠ ᠨᠢ ᠰᠦ᠎ᠶᠢᠨ ᠦᠢᠯᠡᠰ᠎ᠦᠨ ᠴᠢᠨᠠᠷ ᠰᠠᠢᠲᠠᠢ ᠬᠥᠭᠵᠢᠯᠲᠡ᠎ᠳᠦ ᠴᠢᠬᠤᠯᠠ ᠠᠴᠢ ᠬᠣᠯᠪᠣᠭᠳᠠᠯ᠎ᠲᠠᠢ ᠶᠤᠮ》 ᠭᠡᠵᠤ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠲᠥᠯᠥᠭᠡᠯᠡᠭᠴᠢ ᠵᠠᠩ ᠵᠢᠶᠠᠨ ᠴᠢᠦ ᠵᠠᠰᠠᠭ᠎ᠤᠨ ᠣᠷᠳᠣᠨ᠎ᠤ ᠠᠵᠢᠯ᠎ᠤᠨ ᠢᠯᠡᠳᠬᠡᠯ᠎ᠢ ᠬᠢᠨᠠᠨ ᠵᠦᠪᠯᠡᠬᠦ᠎ᠳᠡᠭᠡᠨ ᠬᠡᠯᠡᠪᠡ᠃

ᠵᠠᠩ ᠵᠢᠶᠠᠨ ᠴᠢᠦ ᠲᠥᠯᠥᠭᠡᠯᠡᠭᠴᠢ
ᠣᠳᠣᠬᠠᠨ᠎ᠳᠤ᠂ ᠲᠣᠮᠣ᠌ ᠬᠡᠯᠪᠡᠷᠢ᠎ᠶᠢᠨ ᠰᠦ ᠵᠢᠨ ᠠᠵᠤ ᠠᠬᠤᠢᠯᠠᠯ᠎ᠤᠨ ᠬᠥᠭᠵᠢᠯᠲᠡ ᠨᠢ ᠬᠡᠪᠴᠢᠶ᠎ᠡ᠎ᠶᠢ ᠴᠢᠬᠤᠯᠠᠴᠢᠯᠠᠵᠤ ᠪᠠᠢᠭᠰᠠᠨ᠎ᠠᠴᠠ ᠪᠠᠨ ᠶᠠᠰᠤ ᠴᠢᠨᠠᠷ᠎ᠢ ᠴᠢᠬᠤᠯᠠᠴᠢᠯᠠᠬᠤ ᠳᠠᠢᠰᠢ ᠠᠯᠬᠤᠮ ᠠᠯᠬᠤᠮ᠎ᠢᠶᠠᠷ ᠬᠤᠪᠢᠷᠠᠵᠤ ᠪᠤᠢ᠂ ᠡᠨᠡ ᠨᠢ ᠠᠵᠤ ᠠᠬᠤᠢᠯᠠᠯ᠎ᠤᠨ ᠡᠵᠡᠩᠨᠡᠯᠲᠡ᠎ᠶᠢᠨ ᠵᠠᠭᠪᠤᠷ᠂ ᠰᠢᠨ᠎ᠡ᠎ᠶᠢ ᠡᠭᠦᠳᠬᠦ ᠴᠢᠳᠠᠪᠤᠷᠢ᠂ ᠲᠦᠷᠦᠯ ᠲᠡᠮᠳᠡᠭ᠎ᠤᠨ ᠡᠵᠡᠩᠨᠡᠯᠲᠡ ᠪᠣᠷᠣᠯᠠᠭᠤᠯᠤᠯᠲᠠ ᠵᠡᠷᠭᠡ᠎ᠳᠦ ᠴᠥᠮ ᠨᠠᠩ ᠥᠨᠳᠥᠷ ᠱᠠᠭᠠᠷᠳᠠᠯᠭ᠎ᠠ ᠲᠠᠯᠪᠢᠭᠰᠠᠨ ᠪᠠᠢᠨ᠎ᠠ᠃
ᠵᠠᠩ ᠵᠢᠶᠠᠨ ᠴᠢᠦ᠂ ᠵᠠᠰᠠᠭ᠎ᠤᠨ ᠣᠷᠳᠣᠨ᠎ᠤ ᠠᠵᠢᠯ᠎ᠤᠨ ᠢᠯᠡᠳᠬᠡᠯ ᠢᠳᠡᠪᠬᠢᠲᠡᠢ ᠳᠣᠬᠢᠶ᠎ᠠ ᠦᠭᠴᠦ᠂ ᠠᠵᠤ ᠠᠬᠤᠢᠯᠠᠯ᠎ᠤᠨ ᠬᠥᠭᠵᠢᠯᠲᠡ᠎ᠳᠦ ᠢᠲᠡᠭᠡᠯ ᠵᠣᠷᠢᠭ᠋ ᠨᠡᠮᠡᠷᠢᠯᠡᠨ᠂ ᠠᠵᠤ ᠠᠬᠤᠢᠯᠠᠯ ᠡᠵᠡᠩᠨᠡᠭᠴᠢᠳ᠎ᠦᠨ ᠰᠡᠳᠬᠢᠯ᠎ᠢ ᠳᠤᠯᠠᠭᠠᠴᠠᠭᠤᠯᠵᠠᠢ᠃ 2024 ᠣᠨ᠎ᠳᠤ ᠢᠯᠢ ᠪᠦᠯᠦᠭᠯᠡᠯ ᠳᠡᠯᠡᠬᠡᠢ᠎ᠶᠢᠨ ᠰᠦ ᠵᠢᠨ ᠦᠢᠯᠡᠰ᠎ᠦᠨ ᠲᠦᠷᠦᠯ ᠲᠡᠮᠳᠡᠭ᠎ᠦᠨ ᠦᠷᠳᠡᠭ᠎ᠦᠨ ᠨᠡᠷᠡᠰ᠎ᠦᠨ ᠵᠢᠭ᠍ᠰᠠᠭᠠᠯᠲᠠ᠎ᠶᠢᠨ ᠡᠮᠦᠨ᠎ᠡ ᠡᠩᠨᠡᠭᠡᠨ᠎ᠳᠦ ᠵᠢᠬᠰᠠᠪᠠ᠃ ᠡᠭᠦᠨ᠎ᠦ ᠬᠠᠮᠳᠤ᠂ ᠢᠯᠢ ᠪᠦᠯᠦᠭᠯᠡᠯ᠎ᠦᠨ ᠬᠢᠨ ᠳᠠᠭᠠᠭᠤᠯᠤᠭ᠍ᠴᠢ ᠠᠵᠤ ᠠᠬᠤᠢᠯᠠᠯ᠎ᠤᠨ ᠦᠢᠯᠡᠳᠦᠯ᠎ᠢᠶᠡᠨ ᠭᠦᠢᠴᠡᠳ ᠪᠠᠳᠠᠷᠠᠭᠤᠯᠵᠤ᠂ ᠬᠢᠷᠢ ᠲᠡᠩᠴᠡᠭᠰᠡᠨ ᠦᠨᠢᠶᠡᠨ ᠰᠦ᠎ᠶᠢ ᠬᠤᠷᠢᠶᠠᠬᠤ ᠶᠤᠰᠤᠳᠠᠢ ᠵᠢ ᠨᠢ ᠪᠦᠬᠦᠨ᠎ᠢ ᠬᠤᠷᠢᠶᠠᠵᠤ᠂ 2024 ᠣᠨ᠎ᠳᠤ 273 ᠲᠦᠮᠡᠨ ᠲᠣᠨ ᠰᠦ ᠬᠤᠷᠢᠶᠠᠵᠤ᠂ 4.3 ᠳ᠋ᠦᠩᠰᠢᠭᠤᠷ ᠲᠥᠭᠥᠷᠢᠭ᠎ᠦᠨ ᠪᠡᠯᠡ ᠲᠣᠬᠢᠷᠠᠭᠤᠯᠭ᠎ᠠ᠎ᠶᠢᠨ ᠵᠢᠭᠡᠯᠡᠯᠭᠡ ᠲᠠᠯᠪᠢᠵᠠᠢ ᠭᠡᠪᠠ᠃
《ᠣᠢᠷ᠎ᠠ᠎ᠶᠢᠨ ᠵᠢᠯ᠎ᠡᠴᠡ ᠨᠠᠭᠠᠰᠢ᠂ ᠢᠯᠢ ᠪᠦᠯᠦᠭᠯᠡᠯ᠎ᠦᠨ ᠬᠢᠨ ᠥᠪᠡᠷᠲᠡᠭᠡᠨ ᠵᠠᠰᠠᠬᠤ ᠣᠷᠣᠨ᠎ᠤ 〈ᠲᠠᠪᠤᠨ ᠶᠡᠬᠡ ᠡᠭᠦᠷᠭᠡ〉 ᠶ᠋ᠢ ᠰᠠᠢᠲᠤᠷ ᠪᠡᠶᠡᠯᠡᠭᠦᠯᠬᠦ᠎ᠳᠦ ᠢᠳᠡᠪᠬᠢᠲᠡᠢ ᠳᠡᠮᠵᠢᠯᠭᠡ ᠦᠵᠡᠭᠦᠯᠵᠦ᠂ ᠮᠡᠷᠭᠡᠵᠢᠯ᠎ᠦᠨ ᠪᠣᠭᠣᠮᠢ᠎ᠶᠢ ᠲᠦᠷᠭᠡᠨ ᠰᠢᠪᠲᠤᠯᠵᠤ᠂ ᠰᠦ ᠵᠢᠨ ᠦᠢᠯᠡᠰ᠎ᠦᠨ ᠰᠢᠨ᠎ᠡ᠎ᠶᠢ ᠡᠭᠦᠳᠬᠦ ᠬᠡᠪ ᠳᠠᠭᠤᠷᠢᠶᠠᠯ᠎ᠢ ᠪᠤᠢ ᠪᠤᠯᠭᠠᠵᠠᠢ᠃ ᠪᠡᠶ᠎ᠡ᠎ᠪᠡᠨ ᠳᠠᠭᠠᠭᠠᠵᠤ ᠰᠤᠳᠤᠯᠤᠨ ᠨᠡᠭᠡᠭᠡᠭᠰᠡᠨ ᠰᠦ ᠵᠢᠨ ᠲᠡᠮᠦᠷᠯᠢᠭ ᠤᠭᠤᠷᠠᠭ᠎ᠢ ᠦᠢᠯᠡᠳᠬᠦ ᠤᠷ᠎ᠠ ᠮᠡᠷᠭᠡᠰᠢᠯ ᠨᠢ ᠣᠯᠠᠨ ᠤᠯᠤᠰ᠎ᠤᠨ ᠭᠠᠭᠴᠠᠭᠠᠷ ᠡᠵᠡᠮᠰᠢᠯ᠎ᠢ ᠡᠪᠳᠡᠵᠦ᠂ ᠢᠳᠡᠪᠬᠢ ᠴᠢᠨᠠᠷ᠎ᠤᠨ ᠰᠦ ᠵᠢᠨ ᠲᠡᠮᠦᠷᠯᠢᠭ ᠤᠭᠤᠷᠠᠭ ᠢ᠋ ᠬᠠᠳᠠᠭᠠᠯᠠᠬᠤ ᠨᠣᠷᠮ᠎ᠠ᠎ᠶᠢ 90%᠎ᠡᠴᠡ ᠳᠡᠭᠡᠭᠰᠢ ᠪᠤᠯᠭᠠᠵᠤ᠂ ᠣᠯᠠᠨ ᠤᠯᠤᠰ᠎ᠤᠨ ᠲᠦᠪᠰᠢᠨ᠎ᠡᠴᠡ ᠳᠠᠪᠠᠪᠠ; ᠰᠠᠢ ᠺᠸ ᠰᠢᠩ ᠺᠣᠮᠫᠠᠨᠢ᠎ᠶᠢᠨ ᠪᠣᠢᠵᠢᠭᠤᠯᠤᠭᠰᠠᠨ ᠡᠭᠦᠯᠳᠡᠷ᠎ᠤᠨ ᠪᠤᠬ᠎ᠠ ᠨᠢ ᠤᠯᠤᠰ᠎ᠤᠨ ᠳᠣᠲᠣᠭᠠᠳᠤ᠎ᠶᠢᠨ ᠡᠭᠦᠯᠳᠡᠷ᠎ᠤᠨ ᠪᠤᠬ᠎ᠠ᠎ᠶᠢᠨ ᠨᠡᠷᠡᠰ᠎ᠦᠨ ᠵᠢᠭ᠍ᠰᠠᠭᠠᠯᠲᠠ᠎ᠶᠢᠨ ᠡᠮᠦᠨ᠎ᠡ 8 ᠨᠡᠷᠡᠰ᠎ᠲᠦ ᠵᠢᠭ᠍ᠰᠠᠭᠠᠭᠳᠠᠵᠠᠢ; ᠰᠤᠳᠤᠯᠤᠨ ᠪᠦᠲᠦᠭᠡᠭᠰᠡᠨ ᠪᠡᠶ᠎ᠡ᠎ᠪᠡᠨ ᠳᠠᠭᠠᠭᠠᠭᠰᠠᠨ ᠮᠡᠳᠡᠯᠭᠡ᠎ᠶᠢᠨ ᠦᠮᠴᠢᠯᠡᠯ ᠤ᠋ᠨ ᠡᠷᠬᠡ᠎ᠲᠠᠢ 〈ᠡᠭᠦᠯᠳᠡᠷ ᠪᠣᠢᠵᠢᠭᠤᠯᠬᠤ 1 ᠨᠣᠮᠧᠷᠲᠤ ᠢᠯᠳᠠᠰᠦ〉 ᠨᠢ ᠮᠠᠨ᠎ᠤ ᠤᠯᠤᠰ ᠭᠠᠷᠤᠯᠳᠠ ᠪᠡᠷ ᠦᠨᠳᠦᠷ᠂ ᠣᠷᠳᠣ᠌ ᠨᠠᠰᠤᠲᠠᠢ᠂ ᠡᠪᠡᠳᠴᠢᠨ᠎ᠢ ᠡᠰᠡᠷᠭᠦᠴᠡᠬᠦ ᠰᠠᠭᠠᠯᠢ᠎ᠶᠢᠨ ᠦᠨᠢᠶ᠎ᠡ᠎ᠶᠢᠨ ᠭᠧᠨ᠎ᠦ ᠪᠦᠯᠦᠭ᠎ᠢ ᠰᠢᠯᠭᠠᠨ ᠪᠠᠢᠴᠠᠭᠠᠬᠤ ᠮᠡᠷᠭᠡᠵᠢᠯ᠎ᠢ ᠪᠡᠶ᠎ᠡ᠎ᠪᠡᠨ ᠳᠠᠭᠠᠭᠠᠵᠤ ᠡᠵᠡᠮᠰᠢᠭᠰᠡᠨᠢ ᠬᠠᠷᠠᠭᠤᠯᠵᠤ ᠪᠠᠢᠨ᠎ᠠ》 ᠭᠡᠵᠦ ᠵᠠᠩ ᠵᠢᠶᠠᠨ ᠴᠢᠦ ᠭᠡᠯᠡᠪᠡ᠃
ᠵᠠᠩ ᠵᠢᠶᠠᠨ ᠴᠢᠦ᠂ ᠢᠯᠢ ᠪᠦᠯᠦᠭᠯᠡᠯ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠪᠣᠯᠣᠨ ᠵᠠᠰᠠᠭ᠎ᠤᠨ ᠣᠷᠳᠣᠨ᠎ᠤ ᠰᠢᠢᠳᠪᠦᠷᠢᠲᠦ ᠪᠣᠳᠣᠯᠭ᠎ᠠ ᠪᠠᠢᠷᠢᠯᠠᠭᠤᠯᠤᠯᠲᠠ᠎ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ ᠴᠢᠬᠤᠯᠠ ᠶᠡᠬᠡ ᠲᠦᠷᠦᠯ ᠵᠦᠢᠯ᠎ᠦᠨ ᠪᠦᠲᠦᠭᠡᠨ ᠪᠠᠢᠭᠤᠯᠤᠯᠲᠠ᠎ᠪᠠᠷ ᠵᠢᠱ᠌ᠢᠯᠲᠡ᠎ᠪᠡᠨ ᠲᠣᠭᠲᠠᠪᠤᠷᠢᠵᠢᠭᠤᠯᠵᠤ᠂ ᠢᠲᠡᠭᠡᠯ ᠵᠣᠷᠢᠭ᠋᠎ᠢᠶᠠᠨ ᠬᠥᠪᠴᠢᠯᠡᠵᠦ ᠪᠤᠢ᠃ ᠢᠯᠢ᠎ᠶᠢᠨ ᠡᠷᠡᠭᠦᠯ ᠮᠡᠨᠳᠦ᠎ᠶᠢᠨ ᠬᠥᠨᠳᠡᠢ᠎ᠶᠢᠨ ᠠᠵᠤ ᠦᠢᠯᠡᠰ᠎ᠦᠨ ᠪᠠᠢᠷᠢᠰᠢᠭᠤᠯᠤᠯᠲᠠ᠎ᠶᠢ ᠲᠦᠷᠭᠡᠳᠬᠡᠨ ᠲᠡᠭᠦᠯᠳᠡᠷᠵᠢᠭᠦᠯᠵᠦ᠂ 15 ᠲᠦᠮᠡᠨ ᠲᠣᠨ᠎ᠤ ᠴᠡᠪᠡᠷ ᠪᠢᠰᠢᠯᠠᠭ᠎ᠤᠨ ᠦᠢᠯᠡᠳᠪᠤᠷᠢᠯᠡᠯ᠎ᠤᠨ ᠭᠤᠷᠪᠠᠳᠤᠭᠠᠷ ᠬᠤᠭᠤᠴᠠᠭ᠎ᠠ᠂ 6.3 ᠲᠦᠮᠡᠨ ᠲᠣᠨ᠎ᠤ ᠰᠦ ᠵᠢᠨ ᠲᠠᠯᠬ᠎ᠠ᠎ᠶᠢᠨ ᠭᠤᠷᠪᠠᠳᠤᠭᠠᠷ ᠬᠤᠭᠤᠴᠠᠭ᠎ᠠ᠎ᠶᠢᠨ 2 ᠲᠥᠷᠥᠯ ᠵᠦᠢᠯ᠎ᠢ ᠵᠢᠯ᠎ᠦᠨ ᠳᠣᠲᠣᠷ᠎ᠠ ᠠᠰᠢᠭ᠍ᠯᠠᠯᠲᠠ᠎ᠳᠤ ᠣᠷᠣᠭᠤᠯᠬᠤ᠎ᠪᠠᠷ ᠴᠢᠷᠮᠠᠢᠵᠤ᠂ 《ᠨᠢᠭᠡ ᠰᠢᠷᠬᠡᠭ ᠡᠪᠡᠰᠦ᠎ᠡᠴᠡ ᠨᠢᠭᠡ ᠴᠣᠮᠣ᠌ ᠰᠦ᠂ ᠳᠠᠬᠢᠭᠠᠳ ᠨᠢᠭᠡ ᠬᠡᠰᠡᠭ ᠪᠢᠰᠢᠯᠠᠭ》 ᠬᠦᠷᠳᠡᠯᠡᠬᠢ ᠠᠵᠤ ᠦᠢᠯᠡᠰ᠎ᠦᠨ ᠪᠠᠢᠷᠢᠰᠢᠭᠤᠯᠤᠯᠲᠠ᠎ᠶᠢ ᠠᠩᠬ᠎ᠠ ᠠᠯᠬᠤᠮ ᠬᠡᠪᠴᠢᠶᠡᠵᠢᠭᠦᠯᠦᠨ᠎ᠡ᠃ ᠪᠡᠯᠡ ᠣᠷᠣᠭᠤᠯᠵᠤ ᠪᠦᠲᠦᠭᠡᠨ ᠪᠠᠢᠭᠤᠯᠤᠭᠰᠠᠨ ᠪᠣᠳᠠᠲᠤ ᠦᠷ᠎ᠡ ᠪᠦᠲᠦᠮᠵᠢ᠎ᠪᠡᠷ ᠰᠦ ᠵᠢᠨ ᠦᠢᠯᠡᠰ᠎ᠦᠨ ᠬᠥᠭᠵᠢᠯᠲᠡ᠎ᠶᠢᠨ ᠰᠠᠢᠨ ᠬᠠᠨᠳᠤᠰᠢ᠂ ᠰᠠᠢᠨ ᠢᠷᠡᠭᠡᠳᠦᠢ᠎ᠶᠢ ᠴᠤᠭᠴᠠᠯᠠᠨ᠎ᠠ᠃ ᠡᠭᠦᠨ᠎ᠦ ᠬᠠᠮᠳᠤ᠂ ᠨᠡᠩ ᠶᠡᠬᠡ ᠪᠡᠷ ᠡᠨᠧᠷᠭᠢ ᠠᠷᠪᠢᠯᠠᠵᠤ ᠪᠣᠬᠢᠷᠲᠤᠯ᠎ᠢ ᠪᠠᠭᠠᠰᠬᠠᠬᠤ ᠨᠡᠭᠦᠷᠡᠰᠦᠲᠥ᠋ᠷᠥᠭᠴᠢ ᠵᠢᠨ ᠭᠠᠳᠠᠭᠰᠢᠯᠠᠭᠤᠯᠤᠯᠳᠠ᠎ᠶᠢ ᠪᠠᠭᠤᠷᠠᠭᠤᠯᠬᠤ᠎ᠶᠢ ᠠᠬᠢᠭᠤᠯᠵᠤ᠂ ᠤᠰᠤ ᠠᠷᠪᠢᠯᠠᠬᠤ ᠠᠷᠭ᠎ᠠ ᠬᠡᠮᠵᠢᠶ᠎ᠡ᠎ᠶᠢ ᠲᠡᠰ ᠳᠡᠪᠰᠢᠭᠦᠯᠵᠦ᠂ ᠠᠵᠤ ᠦᠢᠯᠡᠰ᠎ᠦᠨ ᠬᠡᠯᠬᠢᠶ᠎ᠡ᠎ᠶᠢᠨ ᠬᠠᠮᠲᠤᠷᠠᠯᠴᠠᠭᠠᠨ᠎ᠤ ᠬᠠᠨᠢᠲᠠᠨ᠎ᠲᠠᠢ ᠬᠠᠮᠲᠤ᠎ᠪᠠᠷ ᠠᠵᠤ ᠦᠢᠯᠡᠰ᠎ᠢ ᠪᠣᠬᠢᠷᠲᠤᠯ ᠦᠭᠡᠢ ᠪᠣᠯᠭᠠᠬᠤ᠂ ᠲᠤᠤᠷ᠎ᠠ ᠨᠡᠭᠦᠷᠡᠰᠦᠲᠥ᠋ᠷᠥᠭᠴᠢᠳᠤ ᠲᠠᠢᠰᠢ ᠬᠡᠯᠪᠡᠷᠢ᠎ᠪᠠᠨ ᠬᠤᠪᠢᠷᠠᠭᠤᠯᠬᠤ᠎ᠶᠢ ᠲᠦᠷᠭᠡᠳᠬᠡᠨ ᠠᠬᠢᠭᠤᠯᠵᠤ᠂ ᠨᠡᠩ ᠤᠯᠠᠨ ᠨᠡᠭᠦᠷᠡᠰᠦᠲᠥ᠋ᠷᠥᠭᠴᠢ ᠦᠯᠦ ᠭᠠᠳᠠᠭᠰᠢᠯᠠᠭᠤᠯᠬᠤ ᠦᠯᠢᠭᠡᠷ ᠬᠡᠪ᠎ᠢ ᠡᠭᠦᠳᠴᠦ᠂ ᠨᠡᠩ ᠤᠯᠠᠨ ᠪᠣᠬᠢᠷᠲᠤᠯ ᠦᠭᠡᠢ ᠦᠢᠯᠡᠳᠪᠦᠷᠢ᠎ᠶᠢ ᠪᠠᠢᠭᠤᠯᠵᠤ᠂ ᠣᠳᠣᠬᠢᠴᠢᠯᠠᠭᠰᠠᠨ ᠰᠦ ᠵᠢᠨ ᠦᠢᠯᠡᠰ᠎ᠦᠨ ᠬᠥᠭᠵᠢᠯᠲᠡ᠎ᠶᠢᠨ ᠵᠠᠭᠪᠤᠷ᠎ᠢ ᠭᠠᠷ ᠬᠣᠯᠪᠤᠯᠴᠠᠨ ᠠᠬᠢᠭᠤᠯᠤᠨ᠎ᠠ ᠭᠡᠵᠤ ᠬᠠᠷᠠᠯᠳᠠ ᠵᠤᠷᠢᠯᠳᠠ ᠪᠠᠨ ᠶᠠᠷᠢᠭᠰᠠᠨ ᠪᠠᠢᠨ᠎ᠠ᠃