ᠯᠢᠦ ᠸᠸᠨ ᠵᠢᠢ ᠭᠡᠰᠢᠭᠦᠨ᠄ ᠤᠮᠠᠷᠠᠲᠤ ᠬᠢᠯᠢ᠎ᠶᠢᠨ ᠰᠣᠶᠣᠯ᠎ᠤᠨ ᠰᠤᠳᠤᠯᠭᠠᠨ ᠲᠠᠢᠯᠪᠤᠷᠢᠯᠠᠯᠲᠠ ᠪᠠᠷ ᠰᠣᠶᠣᠯ ᠲᠡᠦᠬᠡ᠎ᠶᠢᠨ ᠡᠭᠦᠷᠭᠡᠯᠡᠯ᠎ᠢ ᠢᠯᠡᠷᠡᠭᠦᠯᠦᠨ᠎ᠡ
2025-01-17 10:37:50
ᠵᠣᠬᠢᠶᠠᠭ᠍ᠴᠢ᠄
ᠯᠢ ᠴᠢᠶᠠᠨ ᠎ᠶᠢᠨ ᠴᠢᠤᠸᠠᠨ
ᠣᠩᠱᠢᠭ᠍ᠰᠠᠨ ᠣᠳᠠᠭ᠎ᠠ᠄
★★★☆☆

《ᠵᠠᠰᠠᠭ᠎ᠤᠨ ᠣᠷᠳᠣᠨ᠎ᠤ ᠠᠵᠢᠯ᠎ᠤᠨ ᠢᠯᠡᠳᠬᠡᠯ ᠬᠥᠮᠥᠰ᠎ᠢ ᠤᠷᠮᠠᠰᠢᠭᠤᠯᠤᠨ ᠵᠤᠷᠢᠭᠵᠢᠭᠤᠯᠤᠨ᠎ᠠ᠃ ᠪᠢᠳᠡ ᠤᠮᠠᠷᠠᠲᠤ ᠬᠢᠯᠢ᠎ᠶᠢᠨ ᠰᠣᠶᠣᠯ ᠭᠡᠬᠦ ᠡᠨᠡ ᠬᠦ᠌ 〈ᠪᠠᠶᠠᠨ ᠰᠠᠩ〉᠎ᠢ ᠰᠠᠢᠲᠤᠷ ᠨᠡᠭᠡᠭᠡᠨ ᠬᠥᠭᠵᠢᠭᠦᠯᠵᠦ᠂ ᠤᠮᠠᠷᠠᠲᠤ ᠬᠢᠯᠢ᠎ᠶᠢᠨ ᠰᠣᠶᠣᠯ ᠲᠡᠦᠬᠡ᠎ᠶᠢᠨ ᠡᠬᠢ ᠰᠤᠷᠪᠤᠯᠵᠢ᠂ ᠬᠥᠭᠵᠢᠯᠲᠡ᠎ᠶᠢᠨ ᠰᠤᠳᠠᠰᠤ᠎ᠶᠢᠨ ᠰᠤᠳᠤᠯᠭᠠᠨ᠎ᠢ ᠴᠢᠩᠭᠠᠳᠬᠠᠵᠤ᠂  ᠳᠦᠷᠰᠦᠯᠢᠭ ᠠᠮᠢᠳᠤᠯᠢᠭ᠎ᠵᠢᠡᠷ ᠳᠣᠲᠣᠭᠠᠳᠤ ᠴᠢᠨᠠᠷ᠎ᠤᠨ ᠵᠦᠢᠯ᠎ᠢ ᠨᠡᠪᠲᠡᠷᠡᠲᠡᠯ᠎ᠡ ᠰᠤᠳᠤᠯᠵᠤ᠂ ᠲᠣᠳᠣᠷᠬᠠᠢ ᠲᠠᠢᠯᠪᠤᠷᠢᠯᠠᠵᠤ᠂ ᠰᠠᠢᠲᠤᠷ ᠲᠣᠳᠣᠷᠬᠠᠢᠯᠠᠪᠡᠯ ᠵᠤᠬᠢᠨ᠎ᠠ》᠃ ᠠᠬᠤᠢ ᠲᠠᠯᠠᠪᠠᠢ᠎ᠳᠤ ᠵᠠᠰᠠᠭ᠎ᠤᠨ ᠣᠷᠳᠣᠨ᠎ᠤ ᠠᠵᠢᠯ᠎ᠤᠨ ᠢᠯᠡᠳᠬᠡᠯ᠎ᠢ ᠰᠣᠨᠣᠰᠤᠭᠠᠳ ᠥᠪᠡᠷᠲᠡᠭᠡᠨ ᠵᠠᠰᠠᠬᠤ ᠣᠷᠣᠨ᠎ᠤ ᠤᠯᠤᠰ ᠲᠦᠷᠦ᠎ᠶᠢᠨ ᠵᠥᠪᠯᠡᠯᠭᠡᠨ᠎ᠦ ᠭᠡᠰᠢᠭᠦᠨ᠂ ᠥᠪᠡᠷᠲᠡᠭᠡᠨ ᠵᠠᠰᠠᠬᠤ ᠣᠷᠣᠨ᠎ᠤ ᠰᠣᠶᠣᠯ ᠲᠡᠦᠬᠡ᠎ᠵᠢᠨ ᠰᠤᠳᠤᠯᠭᠠᠨ᠎ᠤ ᠣᠷᠳᠣᠨ᠎ᠤ ᠨᠠᠮ᠎ᠤᠨ ᠤᠳᠤᠷᠢᠳᠬᠤ ᠳᠤᠭᠤᠢᠯᠠᠩ᠎ᠤᠨ ᠱᠦᠵᠢ᠂ ᠬᠤᠷᠢᠶᠠᠨ ᠳᠠᠷᠤᠭ᠎ᠠ ᠯᠢᠦ ᠸᠸᠨ ᠵᠢᠢ ᠮᠠᠰᠢ ᠵᠣᠷᠢᠭ᠍ᠵᠢᠪᠠ᠃


QQ截图20250102104936.png


ᠯᠢᠦ ᠸᠸᠨ ᠵᠢᠢ ᠭᠡᠰᠢᠭᠦᠨ


ᠯᠢᠦ ᠸᠸᠨ ᠵᠢᠢ᠂ ᠤᠮᠠᠷᠠᠲᠤ ᠬᠢᠯᠢ᠎ᠶᠢᠨ ᠰᠣᠶᠣᠯ᠎ᠨᠢ ᠡᠯᠪᠡᠭ ᠪᠠᠶᠠᠯᠢᠭ᠋ ᠠᠭᠤᠯᠬᠤᠨ᠎ᠲᠠᠢ᠂ ᠬᠢᠯᠡᠯᠵᠠᠮ᠎ᠠ ᠰᠤᠳᠤᠨ ᠪᠦᠳᠦᠭᠡᠯ ᠲᠠᠢ᠂ ᠲᠥᠷᠥᠯ ᠵᠦᠢᠯ ᠣᠯᠠᠨ ᠶᠠᠩᠵᠤ᠎ᠶᠢᠨ ᠪᠠᠢᠵᠤ᠂ ᠤᠮᠠᠷᠠᠲᠤ ᠬᠢᠯᠢ᠎ᠶᠢᠨ ᠰᠣᠶᠣᠯ᠎ᠢ ᠰᠤᠳᠤᠯᠤᠨ ᠲᠠᠢᠯᠪᠤᠷᠢᠯᠠᠬᠤ ᠠᠵᠢᠯ᠎ᠢ ᠰᠠᠢᠲᠤᠷ ᠬᠢᠬᠦ ᠪᠣᠯ ᠤᠮᠠᠷᠠᠲᠤ ᠬᠢᠯᠢ᠎ᠶᠢᠨ ᠰᠣᠶᠣᠯ᠎ᠢ ᠪᠠᠳᠠᠷᠠᠭᠤᠯᠬᠤ᠎ᠶᠢᠨ ᠤᠷᠢᠲᠠᠯ ᠪᠠ ᠰᠠᠭᠤᠷᠢ ᠮᠥᠨ ᠭᠡᠪᠠ᠃

《ᠥᠪᠥᠷ ᠮᠣᠩᠭᠣᠯ᠎ᠤᠨ ᠭᠦᠨ ᠵᠤᠵᠠᠭᠠᠨ ᠲᠡᠦᠬᠡ ᠰᠣᠶᠣᠯ᠂ ᠡᠯᠪᠡᠭ ᠪᠠᠶᠠᠯᠢᠭ᠋ ᠰᠣᠶᠣᠯ ᠢᠷᠭᠡᠨᠰᠢᠯ᠎ᠦᠨ ᠡᠬᠢ ᠪᠠᠶᠠᠯᠢᠭ᠋᠎ᠢ ᠰᠠᠢᠲᠤᠷ ᠰᠤᠳᠤᠯᠵᠤ᠂ ᠤᠮᠠᠷᠠᠲᠤ ᠬᠢᠯᠢ᠎ᠶᠢᠨ ᠰᠣᠶᠣᠯ᠎ᠤᠨ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠣᠭᠴᠠᠯᠠᠬᠤ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠤᠶᠤᠨ ᠰᠠᠨᠠᠭᠠᠨ᠎ᠤ ᠭᠡᠷ ᠣᠷᠣᠨ᠎ᠢ ᠪᠠᠶ᠋ᠢᠭᠤᠯᠬᠤ ᠶᠠᠪᠤᠴᠠ᠎ᠳᠠᠬᠢ ᠨᠢᠭ᠍ᠲᠠᠷᠠᠭᠤᠯᠬᠤ ᠦᠢᠯᠡᠳᠦᠯ᠎ᠢ ᠬᠡᠷᠬᠢᠨ ᠰᠠᠢᠲᠤᠷ ᠪᠠᠳᠠᠷᠠᠭᠤᠯᠬᠤ ᠲᠤᠬᠠᠢ ᠪᠦᠳᠦᠮᠵᠢᠳᠡᠢ ᠬᠠᠷᠢᠭᠤᠯᠳᠠ ᠦᠭᠭᠦ ᠪᠣᠯ ᠮᠠᠨ᠎ᠤ ᠡᠭᠦᠷᠭᠡ ᠪᠣᠯᠣᠨ᠎ᠠ》 ᠭᠡᠵᠦ ᠯᠢᠦ ᠸᠸᠨ ᠵᠢᠢ ᠬᠡᠯᠡᠪᠡ᠃

2024 ᠣᠨ᠎ᠳᠤ᠂ ᠥᠪᠡᠷᠲᠡᠭᠡᠨ ᠵᠠᠰᠠᠬᠤ ᠣᠷᠣᠨ᠎ᠤ ᠰᠣᠶᠣᠯ ᠲᠡᠦᠬᠡ᠎ᠶᠢᠨ ᠰᠤᠳᠤᠯᠭᠠᠨ᠎ᠤ ᠣᠷᠳᠣᠨ ᠲᠡᠦᠬᠡ᠎ᠪᠡᠷ ᠤᠴᠢᠷ ᠶᠠᠪᠤᠳᠠᠯ᠎ᠢ ᠲᠡᠮᠳᠡᠭᠯᠡᠨ᠂ ᠤᠷᠠᠯᠢᠭ᠋᠎ᠢᠶᠠᠷ ᠤᠴᠢᠷ ᠶᠠᠪᠤᠳᠠᠯ᠎ᠢ ᠬᠦᠦᠷᠨᠢᠵᠦ᠂ ᠣᠷᠳᠣᠨ᠎ᠤ ᠠᠵᠢᠯᠲᠠᠳ ᠵᠢᠡᠨ ᠵᠣᠬᠢᠶᠠᠨ ᠪᠠᠢᠭᠤᠯᠤᠨ ᠢᠳᠡᠪᠬᠢᠲᠡᠢ᠎ᠪᠡᠷ ᠵᠠᠰᠠᠭ᠎ᠲᠤ ᠲᠤᠰᠠᠯᠠᠨ ᠰᠠᠨᠠᠯ ᠰᠠᠨᠠᠭᠤᠯᠭ᠎ᠠ ᠳᠤᠷᠠᠳᠴᠤ᠂ ᠦᠨᠳᠦᠰᠦᠲᠡᠨ᠎ᠨᠦᠭᠦᠳ᠎ᠦᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠤᠨ ᠲᠡᠦᠬᠡ᠎ᠶᠢᠨ ᠰᠤᠳᠤᠯᠭᠠᠨ ᠪᠠ ᠤᠷᠠᠯᠢᠭ᠋᠎ᠤᠨ ᠵᠣᠬᠢᠶᠠᠨ ᠪᠦᠲᠦᠭᠡᠯᠭᠡ᠎ᠶᠢ ᠬᠢᠨᠠᠮᠠᠭᠠᠢ ᠥᠷᠨᠢᠭᠦᠯᠵᠦ᠂ ᠰᠢᠯᠦᠭ ᠳᠠᠭᠤᠯᠠᠯ ᠳᠠᠭᠤᠤ ᠮᠠᠭᠲᠠᠭᠤ᠂ ᠵᠤᠬᠢᠶᠠᠯ ᠪᠦᠳᠦᠭᠡᠯ ᠤᠷᠠᠨ ᠪᠢᠴᠢᠯᠭᠡ ᠤᠷᠠᠨ ᠵᠢᠷᠤᠭ᠎ᠢᠶᠡᠷ ᠥᠪᠥᠷ ᠮᠣᠩᠭᠣᠯ᠎ᠤᠨ ᠥᠯᠢᠭᠡᠷ᠎ᠢ ᠰᠠᠢᠲᠤᠷ ᠶᠠᠷᠢᠵᠤ᠂ ᠤᠮᠠᠷᠠᠲᠤ ᠬᠢᠯᠢ᠎ᠶᠢᠨ ᠰᠣᠶᠣᠯ᠎ᠢ ᠨᠠᠩ ᠠᠯᠳᠠᠷᠰᠢᠯ ᠲᠠᠢ ᠨᠡᠩ ᠲᠠᠲᠠᠬᠤ ᠬᠦᠴᠦᠨ᠎ᠲᠠᠢ ᠪᠣᠯᠭᠠᠪᠠ᠃ ᠲᠡᠷᠡᠴᠢᠯᠡᠨ ᠠᠳᠠᠯᠢ ᠪᠤᠰᠤ ᠭᠥᠯᠢᠶᠡᠨ ᠠᠪᠤᠭ᠍ᠰᠠᠳ᠎ᠲᠤ ᠴᠢᠭᠯᠡᠭᠦᠯᠦᠨ ᠤᠷᠠᠨ ᠪᠢᠴᠢᠯᠭᠡ ᠤᠷᠠᠨ ᠵᠢᠷᠤᠭ᠎ᠤᠨ ᠰᠣᠯᠢᠯᠴᠠᠭ᠎ᠠ᠂ ᠤᠷᠠᠨ ᠪᠦᠲᠦᠭᠡᠯ᠎ᠦᠨ ᠦᠵᠡᠰᠬᠦᠯᠡᠩ᠂ ᠲᠤᠰᠬᠠᠢ ᠰᠡᠳᠦᠪᠲᠦ ᠲᠠᠢᠯᠤᠮᠵᠢ ᠵᠡᠷᠭᠡ ᠬᠡᠯᠪᠡᠷᠢ᠎ᠪᠡᠷ ᠤᠮᠠᠷᠠᠲᠤ ᠬᠢᠯᠢ᠎ᠶᠢᠨ ᠰᠣᠶᠣᠯ᠎ᠤᠨ 《ᠳᠣᠯᠣᠭ᠎ᠠ᠎ᠶᠢ ᠣᠷᠣᠭᠤᠯᠬᠤ》 ᠠᠵᠢᠯᠯᠠᠭ᠎ᠠ᠎ᠶᠢ ᠦᠷᠭᠦᠯᠵᠢᠯᠡᠨ ᠥᠷᠨᠢᠭᠦᠯᠵᠦ᠂ ᠨᠠᠩ ᠣᠯᠠᠨ ᠤᠮᠠᠷᠠᠲᠤ ᠬᠢᠯᠢ᠎ᠶᠢᠨ ᠥᠯᠢᠭᠡᠷ᠂ ᠤᠮᠠᠷᠠᠲᠤ ᠬᠢᠯᠢ᠎ᠶᠢᠨ ᠲᠠᠭᠤᠨ᠎ᠢ ᠪᠥᠬᠥ ᠣᠷᠣᠨ᠎ᠳᠤ ᠳᠡᠯᠭᠡᠷᠡᠭᠦᠯᠪᠡ᠃

《ᠪᠢᠳᠡ ᠣᠷᠳᠣᠨ᠎ᠤ ᠠᠵᠢᠯᠲᠠᠳ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠢᠷᠭᠡᠨᠰᠢᠯ ᠨᠡᠢᠭᠡᠮ᠎ᠦᠨ ᠰᠢᠨᠵᠢᠯᠡᠬᠦ ᠤᠬᠠᠭᠠᠨ᠎ᠤ ᠬᠦᠷᠢᠶᠡᠨ᠎ᠳᠡᠬᠢ ᠲᠤᠰᠬᠠᠢ ᠮᠡᠷᠭᠡᠵᠢᠯᠲᠡᠨ ᠡᠷᠳᠡᠮᠲᠡᠨ᠎ᠦ ᠥᠪᠡᠷᠮᠢᠴᠡ ᠦᠢᠯᠡᠳᠦᠯ᠎ᠢ ᠬᠦᠴᠦᠯᠡᠨ ᠪᠠᠳᠠᠷᠠᠭᠤᠯᠵᠤ᠂ ᠤᠮᠠᠷᠠᠲᠤ ᠬᠢᠯᠢ᠎ᠶᠢᠨ ᠰᠣᠶᠣᠯ᠎ᠢ ᠰᠤᠳᠤᠯᠤᠨ ᠲᠠᠢᠯᠪᠤᠷᠢᠯᠠᠬᠤ᠂ ᠵᠠᠰᠠᠭ᠎ᠲᠤ ᠲᠤᠰᠠᠯᠠᠨ ᠰᠠᠨᠠᠯ ᠰᠠᠨᠠᠭᠤᠯᠭ᠎ᠠ ᠳᠤᠷᠠᠳᠬᠤ᠂ ᠤᠷᠠᠯᠢᠭ᠋᠎ᠤᠨ ᠵᠣᠬᠢᠶᠠᠨ ᠪᠦᠲᠦᠭᠡᠯᠭᠡ ᠎ᠪᠠᠨ ᠴᠢᠩᠭᠠᠳᠬᠠᠵᠤ᠂ ᠤᠮᠠᠷᠠᠲᠤ ᠬᠢᠯᠢ᠎ᠶᠢᠨ ᠰᠣᠶᠣᠯ᠎ᠤᠨ ᠲᠥᠷᠥᠯ ᠲᠡᠮᠳᠡᠭ᠎ᠢ ᠨᠠᠩ ᠭᠢᠯᠠᠯᠵᠠᠮ᠎ᠠ᠂ ᠨᠠᠩ ᠨᠦᠯᠦᠭᠡᠯᠡᠭᠦ ᠬᠦᠴᠦᠨ ᠲᠠᠢ ᠪᠣᠯᠭᠠᠬᠤ᠎ᠳᠤ ᠬᠦᠴᠦᠨ ᠨᠡᠮᠡᠷᠢᠯᠡᠨ᠎ᠡ᠃ ᠬᠤᠢᠰᠢᠳᠠ ᠥᠪᠡᠷᠲᠡᠭᠡᠨ ᠵᠠᠰᠠᠬᠤ ᠣᠷᠣᠨ᠎ᠤ ᠰᠣᠶᠣᠯ ᠲᠡᠦᠬᠡ᠎ᠶᠢᠨ ᠣᠷᠳᠣᠨ ᠤᠮᠠᠷᠠᠲᠤ ᠬᠢᠯᠢ᠎ᠶᠢᠨ ᠰᠣᠶᠣᠯ᠎ᠤᠨ 〈ᠳᠣᠯᠣᠭ᠎ᠠ᠎ᠶᠢ ᠣᠷᠣᠭᠤᠯᠬᠤ〉 ᠠᠵᠢᠯᠯᠠᠭ᠎ᠠ᠎ᠶᠢ ᠦᠷᠭᠦᠯᠵᠢᠯᠡᠨ ᠥᠷᠨᠢᠭᠦᠯᠵᠦ᠂ ᠲᠥᠪ᠎ᠦᠨ ᠰᠣᠶᠣᠯ ᠲᠡᠦᠬᠡ᠎ᠶᠢᠨ ᠰᠤᠳᠤᠯᠭᠠᠨ᠎ᠤ ᠣᠷᠳᠣᠨ᠎ᠤ ᠳᠡᠮᠵᠢᠯᠭᠡ᠎ᠶᠢ ᠢᠳᠡᠪᠬᠢᠲᠡᠢ ᠣᠯᠵᠤ᠂ ᠠᠬ᠎ᠠ ᠳᠡᠭᠦᠦ ᠮᠤᠵᠢ ᠣᠷᠣᠨ ᠬᠣᠲᠠ᠎ᠶᠢᠨ ᠰᠣᠶᠣᠯ ᠲᠡᠦᠬᠡ᠎ᠶᠢᠨ ᠰᠤᠳᠤᠯᠭᠠᠨ᠎ᠤ ᠣᠷᠳᠣᠨ ᠯᠤᠭ᠎ᠠ᠎ᠶᠢᠨ ᠬᠠᠮᠲᠤᠷᠠᠯᠴᠠᠭ᠎ᠠ᠎ᠪᠠᠨ ᠴᠢᠩᠭᠠᠳᠬᠠᠵᠤ᠂ 〈ᠤᠮᠠᠷᠠᠲᠤ ᠬᠢᠯᠢ᠎ᠶᠢᠨ ᠰᠣᠶᠣᠯ᠎ᠤᠨ ᠲᠤᠮᠳᠠᠳᠤ ᠤᠯᠤᠰ ᠲᠡᠬᠢ ᠠᠶᠠᠯᠠᠯ〉 ᠢ᠋ ᠠᠬᠢᠭᠤᠯᠬᠤ ᠳᠤᠮᠳᠠ ᠰᠣᠶᠣᠯ ᠲᠡᠦᠬᠡ᠎ᠶᠢᠨ ᠡᠭᠦᠷᠭᠡᠯᠡᠯ᠎ᠢ ᠢᠯᠡᠷᠡᠭᠦᠯᠵᠦ᠂ ᠰᠣᠶᠣᠯ ᠲᠡᠦᠬᠡ᠎ᠶᠢᠨ ᠬᠦᠴᠦᠨ ᠴᠢᠳᠠᠯ᠎ᠢᠶᠠᠨ ᠡᠷᠭᠦᠨ᠎ᠡ》 ᠭᠡᠵᠦ ᠯᠢᠦ ᠸᠧᠨ ᠵᠢᠢ ᠢᠯᠡᠳᠭᠡᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号