ᠰᠦᠨ ᠱᠤᠤ ᠴᠧᠩ ᠬᠤᠷᠠᠯ᠎ᠢ ᠡᠷᠬᠢᠯᠡᠪᠡ
1 ᠰᠠᠷ᠎ᠠ᠎ᠶᠢᠨ 17 ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠦᠨ ᠶᠡᠬᠡ ᠬᠤᠷᠠᠯ᠎ᠤᠨ ᠭᠤᠷᠪᠠᠳᠤᠭᠠᠷ ᠬᠤᠷᠠᠯ ᠤᠨ ᠲᠡᠷᠢᠭᠦᠯᠡᠭᠴᠢᠳ᠎ᠦᠨ ᠪᠦᠯᠬᠦᠮ ᠭᠤᠷᠪᠠᠳᠤᠭᠠᠷ ᠤᠳᠠᠭ᠎ᠠ᠎ᠶᠢᠨ ᠬᠤᠷᠠᠯ ᠬᠢᠪᠡ᠃
ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭᠠᠨ᠎ᠤ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠭᠤᠷᠪᠠᠳᠤᠭᠠᠷ ᠬᠤᠷᠠᠯ᠎ᠤᠨ ᠲᠡᠷᠢᠭᠦᠯᠡᠭᠴᠢᠳ᠎ᠦᠨ ᠪᠦᠯᠬᠦᠮ᠎ᠦᠨ ᠪᠦᠷᠢᠯᠳᠦᠭᠦᠨ 63 ᠬᠥᠮᠥᠨ ᠪᠤᠢ᠂ 58 ᠬᠥᠮᠥᠨ ᠲᠣᠰ ᠤᠳᠠᠭ᠎ᠠ ᠵᠢᠨ ᠬᠤᠷᠠᠯ᠎ᠳᠤ ᠣᠷᠣᠯᠴᠠᠵᠤ᠂ ᠬᠠᠤᠯᠢ᠎ᠳᠤ ᠲᠣᠭᠲᠠᠭᠠᠭᠰᠠᠨ ᠬᠥᠮᠥᠨ᠎ᠦ ᠲᠣᠭ᠎ᠠ᠎ᠳᠤ ᠨᠡᠢᠴᠡᠪᠡ᠃
ᠶᠡᠬᠡ ᠬᠤᠷᠠᠯ ᠤᠨ ᠲᠡᠷᠢᠭᠦᠯᠡᠭᠴᠢᠳ᠎ᠦᠨ ᠪᠦᠯᠬᠦᠮ᠎ᠦᠨ ᠪᠠᠢᠩᠭᠤ᠎ᠶᠢᠨ ᠲᠡᠷᠢᠭᠦᠯᠡᠭᠴᠢ ᠰᠦᠨ ᠱᠤᠤ ᠴᠧᠩ ᠬᠤᠷᠠᠯ᠎ᠢ ᠡᠷᠬᠢᠯᠡᠪᠡ᠃ ᠲᠡᠷᠢᠭᠦᠯᠡᠭᠴᠢᠳ᠎ᠦᠨ ᠪᠦᠯᠬᠦᠮ᠎ᠦᠨ ᠪᠠᠢᠩᠭᠤ᠎ᠶᠢᠨ ᠲᠡᠷᠢᠭᠦᠯᠡᠭᠴᠢ ᠯᠢᠨ ᠱᠤᠤ ᠴᠦᠨ᠂ ᠵᠠᠩ ᠱᠤᠤ ᠴᠦᠨ᠂ᠳ᠋ᠤᠸᠠᠨ ᡁᠢ ᠴᠢᠶᠠᠩ᠂ ᠵᠧᠩ ᠬᠣᠩ ᠹᠠᠨ᠂ ᠳ᠋ᠢᠩ ᠰᠢᠸ᠋ ᠹᠸᠩ᠂ ᠠᠢ ᠯᠢ ᠬᠤᠸᠠ᠂ ᠯᠢ ᠪᠢᠩ ᠷᠦᠩ᠂ ᠦ᠋ ᠶᠠᠨ ᠭᠠᠩ᠂ ᠸᠠᠨ ᠴᠤᠤ ᠴᠢ ᠬᠤᠷᠠᠯ᠎ᠳᠤ ᠣᠷᠣᠯᠴᠠᠪᠠ᠃
ᠬᠤᠷᠠᠯ᠎ᠡᠴᠡ ᠶᠡᠬᠡ ᠬᠤᠷᠠᠯ᠎ᠤᠨ ᠳᠡᠳ᠋ ᠨᠠᠷᠢᠨ ᠪᠢᠴᠢᠭ᠎ᠦᠨ ᠳᠠᠷᠤᠭ᠎ᠠ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ ᠤᠨ ᠣᠷᠳᠣᠨ᠎ᠤ ᠨᠠᠷᠢᠨ ᠪᠢᠴᠢᠭ᠎ᠦᠨ ᠳᠠᠷᠤᠭ᠎ᠠ ᠵᠧᠩ ᠳ᠋ᠦᠩ ᠪᠥᠸᠧ᠎ᠶᠢᠨ ᠬᠢᠭᠰᠡᠨ ᠵᠠᠰᠠᠭ ᠤᠨ ᠣᠷᠳᠣᠨ᠎ᠤ ᠠᠵᠢᠯ᠎ᠤᠨ ᠢᠯᠡᠳᠬᠡᠯ ᠪᠣᠯᠣᠨ ᠲᠥᠯᠥᠪᠯᠡᠭᠡ᠂ ᠲᠥᠰᠥᠪ᠎ᠦᠨ ᠮᠡᠳᠡᠭᠦᠯᠦᠯᠲᠡ᠎ᠶᠢ ᠬᠢᠨᠠᠨ ᠵᠥᠪᠯᠡᠭᠰᠡᠨ ᠪᠠᠢᠳᠠᠯ᠎ᠤᠨ ᠲᠤᠬᠠᠢ ᠬᠠᠷᠢᠭᠤ ᠮᠡᠳᠡᠭᠦᠯᠦᠯᠲᠡ᠎ᠶᠢ ᠰᠣᠨᠣᠰᠪᠠ᠃ ᠬᠤᠷᠠᠯ᠎ᠡᠴᠡ ᠶᠡᠬᠡ ᠬᠤᠷᠠᠯ᠎ᠤᠨ ᠳᠡᠳ᠋ ᠨᠠᠷᠢᠨ ᠪᠢᠴᠢᠭ᠎ᠦᠨ ᠳᠠᠷᠤᠭ᠎ᠠ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠪᠠᠢᠩᠭᠤ᠎ᠶᠢᠨ ᠬᠣᠷᠢᠶ᠎ᠠ᠎ᠶᠢᠨ ᠨᠠᠮ᠎ᠤᠨ ᠤᠳᠤᠷᠢᠳᠬᠤ ᠳᠤᠭᠤᠢᠯᠠᠩ᠎ᠤᠨ ᠪᠦᠷᠢᠯᠳᠦᠭᠦᠨ ᠸᠠᠨ ᠴᠤᠤ ᠴᠢ᠎ᠶᠢᠨ ᠬᠢᠭᠰᠡᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠪᠠᠢᠩᠭᠤ᠎ᠶᠢᠨ ᠬᠣᠷᠢᠶ᠎ᠠ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠥᠨᠳᠥᠷ ᠵᠡᠷᠭᠡ᠎ᠶᠢᠨ ᠰᠢᠭᠦᠬᠦ ᠬᠣᠷᠢᠶ᠎ᠠ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠪᠠᠢᠴᠠᠭᠠᠬᠤ ᠬᠣᠷᠢᠶ᠎ᠠ᠎ᠶᠢᠨ ᠠᠵᠢᠯ᠎ᠤᠨ ᠮᠡᠳᠡᠭᠦᠯᠦᠯᠲᠡ ᠵᠢ ᠬᠢᠨᠡᠨ ᠵᠦᠪᠯᠡᠭᠰᠡᠨ ᠪᠠᠢᠳᠠᠯ᠎ᠤᠨ ᠲᠤᠬᠠᠢ ᠬᠠᠷᠢᠭᠤ ᠮᠡᠳᠡᠭᠦᠯᠦᠯᠲᠡ ᠵᠢ ᠰᠤᠨᠤᠰᠪᠠ᠃
ᠬᠤᠷᠠᠯ᠎ᠡᠴᠡ ᠶᠡᠬᠡ ᠬᠤᠷᠠᠯ᠎ᠤᠨ ᠳᠡᠳ᠋ ᠨᠠᠷᠢᠨ ᠪᠢᠴᠢᠭ᠎ᠦᠨ ᠳᠠᠷᠤᠭ᠎ᠠ᠂ ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭᠠᠨ᠎ᠤ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠰᠠᠨᠠᠯ ᠵᠥᠪᠯᠡᠯᠭᠡ᠎ᠶᠢ ᠬᠢᠨᠠᠨ ᠪᠠᠢᠴᠠᠭᠠᠬᠤ ᠵᠥᠪᠯᠡᠯ᠎ᠦᠨ ᠡᠷᠬᠢᠯᠡᠭᠴᠢ ᠭᠡᠰᠢᠭᠦᠨ ᠸᠠᠨ ᠴᠤᠤ ᠴᠢ᠎ᠶᠢᠨ ᠬᠢᠭᠰᠡᠨ ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭᠠᠨ᠎ᠤ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠭᠤᠷᠪᠠᠳᠤᠭᠠᠷ ᠬᠤᠷᠠᠯ᠎ᠤᠨ ᠲᠥᠯᠥᠭᠡᠯᠡᠭᠴᠢᠳ᠎ᠦᠨ ᠰᠠᠨᠠᠯ ᠵᠥᠪᠯᠡᠯᠭᠡ᠎ᠶᠢ ᠬᠢᠨᠠᠨ ᠪᠠᠢᠴᠠᠭᠠᠭᠰᠠᠨ ᠦᠷ᠎ᠡ ᠳ᠋ᠦᠩ᠎ᠦᠨ ᠲᠤᠬᠠᠢ ᠮᠡᠳᠡᠭᠦᠯᠦᠯᠲᠡ᠎ᠶᠢ ᠰᠣᠨᠣᠰᠴᠤ ᠪᠠᠲᠤᠯᠠᠪᠠ᠃ ᠬᠤᠷᠠᠯ᠎ᠡᠴᠡ ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭᠠᠨ᠎ᠤ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠡᠳ᠋᠎ᠦᠨ ᠵᠠᠰᠠᠭ ᠠᠵᠤ ᠠᠬᠤᠢ᠎ᠶᠢᠨ ᠵᠥᠪᠯᠡᠯ᠎ᠦᠨ ᠡᠷᠬᠢᠯᠡᠭᠴᠢ ᠭᠡᠰᠢᠭᠦᠨ ᠹᠸᠩ ᠢᠦᠢ ᠵᠧᠨ᠎ᠦ ᠬᠢᠭᠰᠡᠨ ᠥᠪᠡᠷᠲᠡᠭᠡᠨ ᠵᠠᠰᠠᠬᠤ ᠣᠷᠣᠨ᠎ᠤ 2024 ᠣᠨ᠎ᠤ ᠤᠯᠤᠰ ᠠᠷᠠᠳ᠎ᠤᠨ ᠠᠵᠤ ᠠᠬᠤᠢ ᠪᠤᠯᠤᠨ ᠨᠡᠢᠭᠡᠮ᠎ᠦᠨ ᠬᠥᠭᠵᠢᠯᠲᠡ᠎ᠶᠢᠨ ᠲᠥᠯᠥᠪᠯᠡᠭᠡ᠎ᠶᠢ ᠬᠡᠷᠡᠭᠵᠢᠭᠦᠯᠦᠭᠰᠡᠨ ᠪᠠᠢᠳᠠᠯ ᠵᠢᠴᠢ 2025 ᠣᠨ᠎ᠤ ᠤᠯᠤᠰ ᠠᠷᠠᠳ᠎ᠤᠨ ᠠᠵᠤ ᠠᠬᠤᠢ ᠪᠣᠯᠣᠨ ᠨᠡᠢᠭᠡᠮ᠎ᠦᠨ ᠬᠥᠭᠵᠢᠯᠲᠡ᠎ᠶᠢᠨ ᠲᠥᠯᠥᠪᠯᠡᠭᠡ᠎ᠶᠢᠨ ᠲᠥᠰᠥᠯ᠎ᠢ ᠬᠢᠨᠠᠨ ᠪᠠᠢᠴᠠᠭᠠᠭᠰᠠᠨ ᠦᠷ᠎ᠡ ᠳ᠋ᠦᠩ᠎ᠦᠨ ᠲᠤᠬᠠᠢ ᠮᠡᠳᠡᠭᠦᠯᠦᠯᠲᠡ᠂ᠥᠪᠡᠷᠲᠡᠭᠡᠨ ᠵᠠᠰᠠᠬᠤ ᠣᠷᠣᠨ᠎ᠤ 2024 ᠣᠨ᠎ᠤ ᠲᠥᠰᠥᠪ᠎ᠢ ᠭᠦᠢᠴᠡᠳᠬᠡᠭᠰᠡᠨ ᠪᠠᠢᠳᠠᠯ ᠪᠠ 2025 ᠣᠨ ᠤ ᠲᠥᠰᠥᠪ᠎ᠦᠨ ᠲᠥᠰᠥᠯ᠎ᠢ ᠬᠢᠨᠠᠨ ᠪᠠᠢᠴᠠᠭᠠᠭᠰᠠᠨ ᠦᠷ᠎ᠡ ᠳ᠋ᠦᠩ᠎ᠦᠨ ᠲᠤᠬᠠᠢ ᠮᠡᠳᠡᠭᠦᠯᠦᠯᠲᠡ ᠵᠢ ᠰᠣᠨᠣᠰᠴᠤ ᠪᠠᠲᠤᠯᠠᠪᠠ᠃ ᠳᠡᠭᠡᠷ᠎ᠡ ᠳᠤᠷᠠᠳᠤᠭᠰᠠᠨ ᠭᠤᠷᠪᠠᠨ ᠮᠡᠳᠡᠭᠦᠯᠦᠯᠲᠡ᠎ᠶᠢ ᠪᠦᠬᠦ ᠲᠥᠯᠥᠭᠡᠯᠡᠭᠴᠢᠳ᠎ᠲᠦ ᠳᠠᠷᠤᠮᠠᠯᠯᠠᠨ ᠲᠠᠷᠬᠠᠭᠠᠬᠤ᠎ᠪᠠᠷ ᠲᠣᠭᠲᠠᠪᠠ᠃
ᠬᠤᠷᠠᠯ᠎ᠡᠴᠡ ᠶᠡᠬᠡ ᠬᠤᠷᠠᠯ᠎ᠤᠨ ᠳᠡᠳ᠋ ᠨᠠᠷᠢᠨ ᠪᠢᠴᠢᠭ᠎ᠦᠨ ᠳᠠᠷᠤᠭ᠎ᠠ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠵᠣᠬᠢᠶᠠᠨ ᠪᠠᠶ᠋ᠢᠭᠤᠯᠬᠤ ᠬᠡᠯᠲᠡᠰ᠎ᠦᠨ ᠪᠠᠢᠩᠭᠤ᠎ᠶᠢᠨ ᠳᠡᠳ᠋ ᠳᠠᠷᠤᠭ᠎ᠠ ᠵᠠᠩ ᠵᠣᠣ ᠭᠠᠩ᠎ᠤᠨ ᠬᠢᠭᠰᠡᠨ ᠡᠯ᠎ᠡ ᠲᠦᠯᠦᠭᠡᠯᠡᠭᠴᠢᠳ᠎ᠤᠨ ᠪᠦᠯᠬᠦᠮ ᠤᠨ ᠬᠢᠨ᠎ᠤ ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠪᠠᠢᠩᠭᠤ᠎ᠶᠢᠨ ᠬᠣᠷᠢᠶ᠎ᠠ᠎ᠶᠢᠨ ᠳᠡᠳ᠋ ᠡᠷᠬᠢᠯᠡᠭᠴᠢ᠂ ᠨᠠᠷᠢᠨ ᠪᠢᠴᠢᠭ᠎ᠦᠨ ᠳᠠᠷᠤᠭ᠎ᠠ᠂ ᠭᠡᠰᠢᠭᠦᠨ᠎ᠦ ᠵᠢᠱ᠌ᠢᠭᠳᠡᠭᠴᠢ᠎ᠶᠢᠨ ᠪᠠᠢᠳᠠᠯ ᠪᠣᠯᠣᠨ ᠬᠡᠰᠡᠭ ᠲᠤᠰᠬᠠᠢ ᠵᠥᠪᠯᠡᠯ᠎ᠦᠨ ᠡᠷᠬᠢᠯᠡᠭᠴᠢ ᠭᠡᠰᠢᠭᠦᠨ᠎ᠦ ᠵᠢᠱ᠌ᠢᠭᠳᠡᠭᠴᠢ᠎ᠵᠢ ᠵᠦᠪᠳᠡᠯᠴᠡᠨ ᠶᠠᠷᠢᠯᠴᠠᠭᠰᠠᠨ ᠪᠠᠢᠳᠠᠯ᠎ᠤᠨ ᠲᠤᠬᠠᠢ ᠬᠠᠷᠢᠭᠤ ᠮᠡᠳᠡᠭᠦᠯᠦᠯᠲᠡ᠎ᠶᠢ ᠰᠣᠨᠣᠰᠴᠦ᠂ ᠲᠡᠷᠢᠭᠦᠯᠡᠭᠴᠢᠳ᠎ᠦᠨ ᠪᠦᠯᠬᠦᠮ᠎ᠡᠴᠡ ᠨᠡᠷ᠎ᠡ ᠳᠤᠷᠠᠳᠤᠭᠰᠠᠨ ᠪᠥᠭᠡᠳ ᠪᠦᠬᠦ ᠲᠥᠯᠥᠭᠡᠯᠡᠭᠴᠢᠳ ᠵᠦᠪᠳᠡᠯᠴᠡᠨ ᠶᠠᠷᠢᠯᠴᠠᠵᠤ ᠵᠥᠪᠰᠢᠶᠡᠷᠡᠭᠰᠡᠨ ᠵᠢᠱ᠌ᠢᠭᠳᠡᠭᠴᠢ ᠵᠢ ᠵᠢᠩᠬᠢᠨᠢ ᠵᠢᠱ᠌ᠢᠭᠳᠡᠭᠴᠢ ᠪᠣᠯᠭᠠᠵᠤ᠂ ᠶᠡᠬᠡ ᠬᠤᠷᠠᠯ᠎ᠳᠤ ᠳᠡᠪᠰᠢᠭᠦᠯᠵᠦ ᠰᠣᠩᠭᠣᠭᠤᠯᠬᠤᠪᠠᠷ ᠲᠣᠭᠲᠠᠪᠠ; ᠲᠡᠷᠢᠭᠦᠯᠡᠭᠴᠢᠳ᠎ᠦᠨ ᠪᠦᠯᠬᠦᠮ ᠡᠴᠡ ᠨᠡᠷ᠎ᠡ ᠳᠤᠷᠠᠳᠤᠭᠰᠠᠨ ᠪᠥᠭᠡᠳ ᠪᠦᠬᠦ ᠲᠥᠯᠥᠭᠡᠯᠡᠭᠴᠢᠳ ᠵᠦᠪᠳᠡᠯᠴᠡᠨ ᠶᠠᠷᠢᠯᠴᠠᠵᠤ ᠵᠥᠪᠰᠢᠶᠡᠷᠡᠭᠰᠡᠨ ᠬᠡᠰᠡᠭ ᠲᠤᠰᠬᠠᠢ ᠵᠦᠪᠯᠡᠯ᠎ᠤᠨ ᠡᠷᠬᠢᠯᠡᠭᠴᠢ ᠭᠡᠰᠢᠭᠦᠳ᠎ᠦᠨ ᠨᠡᠷᠡᠰ᠎ᠦᠨ ᠲᠥᠰᠥᠯ᠎ᠢ ᠶᠡᠬᠡ ᠬᠤᠷᠠᠯ᠎ᠳᠤ ᠳᠡᠪᠰᠢᠭᠦᠯᠵᠤ ᠪᠠᠲᠤᠯᠠᠭᠤᠯᠬᠤ ᠪᠡᠷ ᠲᠤᠭᠲᠠᠪᠠ᠃
ᠬᠤᠷᠠᠯ᠎ᠡᠴᠡ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭᠠᠨ᠎ᠤ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠭᠤᠷᠪᠠᠳᠤᠭᠠᠷ ᠬᠤᠷᠠᠯ᠎ᠤᠨ ᠶᠡᠷᠦᠩᠬᠡᠢ ᠪᠢᠯᠧᠲ ᠬᠢᠨᠠᠭ᠍ᠴᠢ᠂ ᠳᠡᠳ᠋ ᠶᠡᠷᠦᠩᠬᠡᠢ ᠪᠢᠯᠧᠲ ᠬᠢᠨᠠᠭ᠍ᠴᠢ᠂ ᠪᠢᠯᠧᠲ ᠬᠢᠨᠠᠭ᠍ᠴᠢᠳ᠎ᠤᠨ ᠨᠡᠷᠡᠰ (ᠲᠥᠰᠥᠯ)》 ᠢ᠋ ᠪᠠᠲᠤᠯᠠᠵᠤ᠂ ᠨᠡᠷᠡᠰ᠎ᠦᠨ ᠲᠥᠰᠥᠯ᠎ᠢ ᠪᠦᠬᠦ ᠲᠥᠯᠥᠭᠡᠯᠡᠭᠴᠢᠳ᠎ᠲᠦ ᠳᠠᠷᠤᠮᠠᠯᠯᠠᠨ ᠲᠠᠷᠬᠠᠭᠠᠵᠤ᠂ ᠶᠡᠬᠡ ᠬᠤᠷᠠᠯ᠎ᠳᠤ ᠳᠡᠪᠰᠢᠭᠦᠯᠵᠦ ᠪᠠᠲᠤᠯᠠᠭᠤᠯᠬᠤ᠎ᠪᠠᠷ ᠲᠣᠭᠲᠠᠪᠠ᠃
ᠬᠤᠷᠠᠯ᠎ᠡᠴᠡ ᠵᠠᠰᠠᠭ᠎ᠤᠨ ᠣᠷᠳᠣᠨ᠎ᠤ ᠠᠵᠢᠯ᠎ᠤᠨ ᠢᠯᠡᠳᠬᠡᠯ᠎ᠦᠨ ᠲᠤᠬᠠᠢ ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭᠠᠨ᠎ᠤ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠭᠤᠷᠪᠠᠳᠤᠭᠠᠷ ᠬᠤᠷᠠᠯ᠎ᠤᠨ ᠰᠢᠢᠳᠪᠦᠷᠢ (ᠲᠥᠰᠥᠯ)᠂ ᠥᠪᠡᠷᠲᠡᠭᠡᠨ ᠵᠠᠰᠠᠬᠤ ᠣᠷᠣᠨ᠎ᠤ 2024 ᠣᠨ᠎ᠤ ᠤᠯᠤᠰ ᠠᠷᠠᠳ᠎ᠤᠨ ᠠᠵᠤ ᠠᠬᠤᠢ ᠪᠤᠯᠤᠨ ᠨᠡᠢᠭᠡᠮ᠎ᠦᠨ ᠬᠥᠭᠵᠢᠯᠲᠡ᠎ᠶᠢᠨ ᠲᠥᠯᠥᠪᠯᠡᠭᠡ᠎ᠶᠢ ᠬᠡᠷᠡᠭᠵᠢᠭᠦᠯᠦᠭᠰᠡᠨ ᠪᠠᠢᠳᠠᠯ ᠵᠢᠴᠢ 2025 ᠣᠨ᠎ᠤ ᠤᠯᠤᠰ ᠠᠷᠠᠳ᠎ᠤᠨ ᠠᠵᠤ ᠠᠬᠤᠢ ᠪᠤᠯᠤᠨ ᠨᠡᠢᠭᠡᠮ᠎ᠦᠨ ᠬᠥᠭᠵᠢᠯᠲᠡ᠎ᠶᠢᠨ ᠲᠥᠯᠥᠪᠯᠡᠭᠡ᠎ᠶᠢᠨ ᠲᠤᠬᠠᠢ ᠰᠢᠢᠳᠪᠦᠷᠢ (ᠲᠥᠰᠥᠯ)᠂ ᠥᠪᠡᠷᠲᠡᠭᠡᠨ ᠵᠠᠰᠠᠬᠤ ᠣᠷᠣᠨ᠎ᠤ 2024 ᠣᠨ᠎ᠤ ᠲᠥᠰᠥᠪ᠎ᠢ ᠭᠦᠢᠴᠡᠳᠬᠡᠭᠰᠡᠨ ᠪᠠᠢᠳᠠᠯ ᠪᠠ 2025 ᠣᠨ᠎ᠤ ᠲᠥᠰᠥᠪ᠎ᠦᠨ ᠲᠤᠬᠠᠢ ᠰᠢᠢᠳᠪᠦᠷᠢ (ᠲᠥᠰᠥᠯ)᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠪᠠᠢᠩᠭᠤ᠎ᠶᠢᠨ ᠬᠣᠷᠢᠶ᠎ᠠ ᠵᠢᠨ ᠠᠵᠢᠯ᠎ᠤᠨ ᠮᠡᠳᠡᠭᠦᠯᠦᠯᠲᠡ᠎ᠶᠢᠨ ᠲᠤᠬᠠᠢ ᠰᠢᠢᠳᠪᠦᠷᠢ (ᠲᠥᠰᠥᠯ)᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠥᠨᠳᠥᠷ ᠵᠡᠷᠭᠡ᠎ᠶᠢᠨ ᠰᠢᠭᠦᠬᠦ ᠬᠣᠷᠢᠶ᠎ᠡ ᠵᠢᠨ ᠠᠵᠢᠯ᠎ᠤᠨ ᠮᠡᠳᠡᠭᠦᠯᠦᠯᠲᠡ᠎ᠶᠢᠨ ᠲᠤᠬᠠᠢ ᠰᠢᠢᠳᠪᠦᠷᠢ (ᠲᠥᠰᠥᠯ)᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠪᠠᠢᠴᠠᠭᠠᠬᠤ ᠬᠣᠷᠢᠶ᠎ᠡ ᠵᠢᠨ ᠠᠵᠢᠯ᠎ᠤᠨ ᠮᠡᠳᠡᠭᠦᠯᠦᠯᠲᠡ᠎ᠶᠢᠨ ᠲᠤᠬᠠᠢ ᠰᠢᠢᠳᠪᠦᠷᠢ (ᠲᠥᠰᠥᠯ) ᠵᠢ ᠪᠠᠲᠤᠯᠠᠵᠤ᠂ ᠪᠠᠲᠤᠯᠠᠭᠰᠠᠨ᠎ᠤ ᠳᠠᠷᠠᠭᠠᠬᠢ ᠡᠯ᠎ᠡ ᠵᠦᠢᠯ᠎ᠦᠨ ᠰᠢᠢᠳᠪᠦᠷᠢ᠎ᠶᠢᠨ ᠲᠥᠰᠥᠯ᠎ᠢ ᠪᠦᠬᠦ ᠲᠥᠯᠥᠭᠡᠯᠡᠭᠴᠢᠳ᠎ᠲᠦ ᠳᠠᠷᠤᠮᠠᠯᠯᠠᠨ ᠲᠠᠷᠬᠠᠭᠠᠵᠤ᠂ ᠶᠡᠬᠡ ᠬᠤᠷᠠᠯ᠎ᠳᠤ ᠳᠡᠪᠰᠢᠭᠦᠯᠵᠦ ᠬᠢᠨᠠᠨ ᠵᠥᠪᠯᠡᠭᠦᠯᠵᠦ᠂ ᠪᠠᠲᠤᠯᠠᠭᠤᠯᠬᠤ᠎ᠪᠠᠷ ᠲᠣᠭᠲᠠᠪᠠ᠃
ᠬᠤᠷᠠᠯ᠎ᠡᠴᠡ ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭᠠᠨ᠎ᠤ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠭᠤᠷᠪᠠᠳᠤᠭᠠᠷ ᠬᠤᠷᠠᠯ᠎ᠤᠨ ᠦᠨᠳᠦᠰᠦᠨ ᠬᠠᠤᠯᠢ᠎ᠳᠤ ᠲᠠᠩᠭᠠᠷᠢᠭ᠍ᠯᠠᠬᠤ ᠵᠢ ᠵᠣᠬᠢᠶᠠᠨ ᠪᠠᠢᠭᠤᠯᠬᠤ ᠲᠥᠰᠥᠯ ᠶᠣᠰᠣᠭᠠᠷ ᠦᠨᠳᠦᠰᠦᠨ ᠬᠠᠤᠯᠢ᠎ᠳᠤ ᠲᠠᠩᠭᠠᠷᠢᠭ᠍ᠯᠠᠬᠤ ᠶᠣᠰᠣᠯᠠᠯ᠎ᠢ ᠵᠣᠬᠢᠶᠠᠨ ᠪᠠᠢᠭᠤᠯᠤᠨ ᠬᠡᠷᠡᠭᠵᠢᠭᠦᠯᠬᠦ᠎ᠪᠡᠷ ᠲᠤᠭᠲᠠᠪᠠ᠃