ᠤᠯᠤᠰ ᠲᠥᠷᠥ᠎ᠶ᠋ᠢᠨ ᠵᠥᠪᠯᠡᠯᠭᠡᠨ᠎ᠦ ᠠᠷᠪᠠᠨ ᠭᠤᠷᠪᠠᠳᠤᠭᠠᠷ ᠬᠤᠭᠤᠴᠠᠭᠠᠨ᠎ᠤ ᠬᠣᠷᠢᠶ᠎ᠠ ᠵᠢᠨ ᠭᠤᠷᠪᠠᠳᠤᠭᠠᠷ ᠬᠤᠷᠠᠯ᠎ᠤᠨ ᠰᠠᠨᠠᠯ ᠳᠤᠷᠠᠳᠤᠯᠭ᠎ᠠ᠎ᠶ᠋ᠢ ᠬᠢᠨᠠᠨ ᠪᠠᠢᠴᠠᠭᠠᠭ᠍ᠰᠠᠨ ᠪᠠᠢᠳᠠᠯ᠎ᠤᠨ ᠲᠤᠬᠠᠶ ᠳᠤᠮᠳᠠᠳᠤ ᠤᠯᠤᠰ᠎ᠤᠨ ᠠᠷᠠᠳ᠎ᠤᠨ ᠤᠯᠤᠰ ᠲᠥᠷᠥ᠎ᠶ᠋ᠢᠨ ᠵᠥᠪᠯᠡᠯᠭᠡᠨ᠎ᠦ ᠠᠷᠪᠠᠨ ᠭᠤᠷᠪᠠᠳᠤᠭᠠᠷ ᠬᠤᠭᠤᠴᠠᠭᠠᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠤᠷᠢᠶ᠎ᠠ᠎ᠶᠢᠨ ᠰᠠᠨᠠᠯ ᠳᠤᠷᠠᠳᠤᠯᠭ᠎ᠠ᠎ᠶ᠋ᠢ ᠬᠢᠨᠠᠨ ᠪᠠᠢᠴᠠᠭᠠᠬᠤ ᠵᠥᠪᠯᠡᠯ᠎ᠦᠨ ᠮᠡᠳᠡᠭᠦᠯᠦᠯᠲᠡ
2025-01-18 16:05:47
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

(2025 ᠣᠨ᠎ᠤ 1 ᠰᠠᠷ᠎ᠠ᠎ᠶ᠋ᠢᠨ 17 ᠎ᠤ᠋ ᠡᠳᠦᠷ ᠤᠯᠤᠰ ᠲᠥᠷᠥ᠎ᠶ᠋ᠢᠨ ᠵᠥᠪᠯᠡᠯᠭᠡᠨ᠎ᠦ ᠠᠷᠪᠠᠨ ᠭᠤᠷᠪᠠᠳᠤᠭᠠᠷ ᠬᠤᠭᠤᠴᠠᠭᠠᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠤᠷᠢᠶ᠎ᠠ᠎ᠶᠢᠨ ᠭᠤᠷᠪᠠᠳᠤᠭᠠᠷ ᠬᠤᠷᠠᠯ ᠡᠴᠡ ᠬᠢᠨᠠᠨ ᠵᠥᠪᠯᠡᠵᠦ᠍ ᠪᠠᠲᠤᠯᠠᠪᠠ)


ᠤᠯᠤᠰ ᠲᠥᠷᠥ ᠶ᠋ᠢᠨ ᠵᠥᠪᠯᠡᠯᠭᠡᠨ᠎ᠦ ᠠᠷᠪᠠᠨ ᠭᠤᠷᠪᠠᠳᠤᠭᠠᠷ ᠬᠤᠭᠤᠴᠠᠭᠠᠨ᠎ᠤ ᠬᠤᠷᠢᠶ᠎ᠠ᠎ᠶᠢᠨ ᠭᠤᠷᠪᠠᠳᠤᠭᠠᠷ ᠬᠤᠷᠠᠯ᠎ᠤᠨ ᠬᠤᠭᠤᠴᠠᠭᠠᠨ᠎ᠳᠦ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠎ᠶᠢᠨ ᠪᠠᠲᠤ ᠴᠢᠩᠭ᠎ᠠ ᠤᠳᠤᠷᠢᠳᠤᠯᠭ᠎ᠠ ᠳᠤᠤᠷ᠎ᠠ  ᠤᠯᠤᠰ ᠲᠦᠷᠦ᠎ᠶᠢᠨ ᠵᠥᠪᠯᠡᠯᠭᠡᠨ᠎ᠦ ᠪᠦᠬᠦ᠌ ᠭᠡᠱᠢᠭᠦᠳ᠂ ᠤᠯᠤᠰ ᠲᠥᠷᠥ᠎ᠶ᠋ᠢᠨ ᠵᠥᠪᠯᠡᠯᠭᠡᠨ᠎ᠦ ᠡᠯ᠎ᠡ ᠣᠷᠣᠯᠴᠠᠭ᠍ᠰᠠᠨ ᠨᠢᠭᠡᠴᠢ ᠪᠣᠯᠤᠨ ᠡᠯ᠎ᠡ ᠲᠤᠰᠭᠠᠶ ᠵᠥᠪᠯᠡᠯ ᠰᠢ ᠵᠢᠨ ᠫᠢᠩ ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠣᠯᠭ᠎ᠠ ᠪᠣᠯᠭᠠᠬᠤ᠎ᠶ᠋ᠢ ᠪᠠᠷᠢᠮᠲᠠᠯᠠᠵᠤ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠬᠣᠷᠢᠳᠤᠭᠠᠷ ᠶᠡᠬᠡ ᠬᠤᠷᠠᠯ ᠪᠠ ᠬᠣᠷᠢᠳᠤᠭᠠᠷ ᠬᠤᠭᠤᠴᠠᠭᠠᠨ᠎ᠤ ᠲᠦᠪ ᠬᠤᠷᠢᠶ᠎ᠠ᠎ᠶᠢᠨ ᠬᠣᠶᠠᠳᠤᠭᠠᠷ᠂ ᠭᠤᠷᠪᠠᠳᠤᠭᠠᠷ ᠪᠥᠬᠥᠳᠡ ᠬᠤᠷᠠᠯ᠎ᠤᠨ ᠵᠣᠷᠢᠭ ᠰᠠᠨᠠᠭ᠎ᠠ ᠵᠢ ᠪᠦᠬᠦ ᠳᠠᠯ᠎ᠠ ᠪᠡᠷ ᠲᠤᠭᠤᠰᠢᠯᠠᠭᠤᠯᠵᠤ᠂ ᠶᠡᠷᠦᠩᠬᠡᠶ ᠱᠦᠵᠢ ᠰᠢ ᠵᠢᠨ ᠫᠢᠩ᠎ᠦᠨ ᠳᠤᠮᠳᠠᠳᠤ ᠤᠯᠤᠰ᠎ᠤᠨ ᠠᠷᠠᠳ᠎ᠤᠨ ᠤᠯᠤᠰ ᠲᠥᠷᠥ᠎ᠶ᠋ᠢᠨ ᠵᠥᠪᠯᠡᠯᠭᠡᠨ ᠪᠠᠢᠭᠤᠯᠤᠭ᠍ᠳᠠᠭ᠍ᠰᠠᠨ 75 ᠵᠢᠯ ᠎ᠦᠨ ᠣᠶ᠎ᠶ᠋ᠢ ᠪᠡᠯᠭᠡᠯᠡᠬᠦ᠌ ᠶᠡᠬᠡ ᠬᠤᠷᠠᠯ ᠳᠡᠭᠡᠷᠡᠬᠢ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠪᠣᠯᠤᠨ ᠥᠪᠥᠷ ᠮᠣᠩᠭᠣᠯ᠎ᠤᠨ ᠲᠤᠬᠠᠶ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠭᠦᠨᠵᠡᠭᠡᠶ ᠰᠤᠷᠤᠯᠴᠠᠨ ᠲᠤᠭᠤᠱᠢᠯᠠᠭᠤᠯᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶ᠋ᠢᠨ ᠠᠷᠪᠠᠨ ᠨᠢᠭᠡᠳᠦᠭᠡᠷ ᠬᠤᠭᠤᠴᠠᠭᠠᠨ᠎ᠤ ᠶᠢᠰᠦᠳᠦᠭᠡᠷ ᠪᠥᠬᠥᠳᠡ ᠬᠤᠷᠠᠯ ᠵᠢᠴᠢ ᠪᠥᠬᠥ᠌ ᠣᠷᠣᠨ᠎ᠤ ᠠᠵᠤ ᠠᠬᠤᠶ᠎ᠶ᠋ᠢᠨ ᠠᠵᠢᠯ᠎ᠤᠨ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠶ ᠨᠠᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶ᠋ᠢᠨ ᠵᠥᠪᠯᠡᠯᠭᠡᠨ᠎ᠦ ᠠᠷᠪᠠᠨ ᠭᠤᠷᠪᠠᠳᠤᠭᠠᠷ ᠬᠤᠭᠤᠴᠠᠭᠠᠨ᠎ᠤ ᠬᠤᠷᠢᠶ᠎ᠠ᠎ᠶᠢᠨ ᠭᠤᠷᠪᠠᠳᠤᠭᠠᠷ ᠬᠤᠷᠠᠯ᠎ᠤᠨ ᠡᠬᠢᠯᠡᠯᠲᠡ᠎ᠶ᠋ᠢᠨ ᠬᠤᠷᠠᠯ ᠳᠡᠭᠡᠷᠡᠬᠢ ᠰᠦᠨ ᠱᠤᠤ ᠴᠧᠩ ᠱᠦᠵᠢ᠎ᠶ᠋ᠢᠨ ᠶᠠᠷᠢᠶᠠᠨ᠎ᠤ ᠵᠣᠷᠢᠭ ᠰᠠᠨᠠᠭ᠎ᠠ᠎ᠶ᠋ᠢ ᠨᠠᠷᠢᠨ ᠬᠢᠨᠠᠮᠠᠭᠠᠶ ᠰᠤᠷᠤᠯᠴᠠᠨ ᠲᠤᠭᠤᠰᠢᠯᠠᠭᠤᠯᠵᠤ᠂ ᠨᠢᠭᠡ ᠭᠤᠤᠯ ᠰᠢᠵᠢᠮ᠎ᠢ ᠲᠤᠭᠤᠰᠢᠯᠠᠭᠤᠯᠬᠤ᠂ ᠬᠣᠶᠠᠷ ᠶᠡᠬᠡ ᠶᠠᠪᠤᠳᠠᠯ᠎ᠢ ᠰᠠᠢ᠌ᠨ ᠬᠢᠬᠦ᠂ ᠮᠣᠩᠭᠣᠯ ᠮᠣᠷᠢᠨ᠎ᠤ ᠵᠣᠷᠢᠭ ᠰᠠᠨᠠᠭ᠎ᠠ᠎ᠶ᠋ᠢ ᠪᠠᠳᠠᠷᠠᠭᠤᠯᠬᠤ᠂ ᠱᠢᠨ᠎ᠡ ᠵᠠᠮ ᠨᠡᠭᠡᠭᠡᠵᠦ᠍ ᠳᠤᠮᠳᠠ ᠲᠦᠪᠰᠢᠨ᠎ᠳᠦ ᠣᠷᠣᠬᠤ ᠳᠡᠭᠡᠷ᠎ᠡ ᠠᠩᠬᠠᠷᠤᠯ᠎ᠢᠶᠠᠨ ᠲᠥᠪᠯᠡᠷᠡᠭᠦᠯᠵᠦ᠂ 《ᠲᠠᠪᠤᠨ ᠶᠡᠬᠡ ᠡᠭᠦᠷᠭᠡ》 ᠎ᠶ᠋ᠢ ᠭᠦᠨᠵᠡᠭᠡᠶ ᠨᠠᠢᠳᠠᠪᠤᠷᠢᠵᠢᠭᠤᠯᠬᠤ᠂ 《ᠵᠢᠷᠭᠤᠭᠠᠨ ᠢᠨᠵᠧᠨᠧᠷᠢᠩ》 ᠢ᠋ ᠦᠷᠭᠦᠯᠵᠢᠯᠡᠨ ᠬᠡᠷᠡᠭ᠌ᠵᠢᠭᠦᠯᠬᠦ᠂ 《ᠵᠢᠷᠭᠤᠭᠠᠨ ᠠᠵᠢᠯᠯᠠᠭ᠎ᠠ 》 ᠶ᠋ᠢ ᠵᠣᠬᠢᠶᠠᠨ ᠪᠠᠢᠭᠤᠯᠤᠨ ᠥᠷᠨᠢᠭᠦᠯᠬᠦ᠎ᠶᠢᠨ ᠲᠤᠭᠤᠷᠢᠨ᠎ᠳᠦ ᠰᠠᠨᠠᠯ ᠲᠤᠷᠠᠳᠤᠯᠭ᠎ᠠ᠎ᠶ᠋ᠢ ᠢᠳᠡᠪᠬᠢᠲᠡᠶ ᠠᠰᠢᠭᠯᠠᠨ ᠠᠷᠭ᠎ᠠ ᠤᠬᠠᠭᠠᠨ ᠭᠠᠷᠭᠠᠨ ᠵᠠᠰᠠᠭ᠎ᠲᠤ ᠲᠤᠰᠠᠯᠠᠵᠤ᠂ ᠬᠠᠮᠲᠤ᠎ᠶ᠋ᠢᠨ ᠲᠠᠨᠢᠯᠲᠠ᠎ᠶ᠋ᠢ ᠨᠢᠭ᠍ᠲᠠᠷᠠᠭᠤᠯᠪᠠ᠃

2025 ᠣᠨ᠎ᠤ 1 ᠰᠠᠷ᠎ᠠ᠎ᠶ᠋ᠢᠨ 15 ᠎ᠤ᠋ ᠡᠳᠦᠷ᠎ᠦᠨ 12 ᠴᠠᠭ ᠪᠣᠯᠲᠠᠯ᠎ᠠ ᠨᠡᠢᠲᠡ 1087 ᠬᠤᠪᠢ ᠰᠠᠨᠠᠯ ᠳᠤᠷᠠᠳᠤᠯᠭ᠎ᠠ᠎ᠶ᠋ᠢ ᠭᠥᠯᠢᠶᠡᠨ ᠠᠪᠴᠤ᠌᠂ 《ᠳᠤᠮᠳᠠᠳᠤ ᠤᠯᠤᠰ᠎ᠤᠨ ᠠᠷᠠᠳ᠎ᠤᠨ ᠤᠯᠤᠰ ᠲᠥᠷᠥ᠎ᠶ᠋ᠢᠨ ᠵᠥᠪᠯᠡᠯᠭᠡᠨ᠎ᠦ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠣᠷᠢᠶ᠎ᠠ᠎ᠶ᠋ᠢᠨ ᠰᠠᠨᠠᠯ ᠳᠤᠷᠠᠳᠤᠯᠭ᠎ᠠ᠎ᠶ᠋ᠢᠨ ᠠᠵᠢᠯ᠎ᠤᠨ ᠲᠦᠷᠢᠮ》 ᠢ᠋ ᠦᠨᠳᠦᠰᠦᠯᠡᠨ᠂ ᠬᠢᠨᠠᠨ ᠪᠠᠢᠴᠠᠭᠠᠬᠤ ᠪᠡᠷ ᠳᠠᠮᠵᠢᠨ 821 ᠬᠤᠪᠢ᠎ᠶ᠋ᠢ ᠰᠠᠨᠠᠯ ᠳᠤᠷᠠᠳᠤᠯᠭ᠎ᠠ ᠪᠤᠯᠭᠠᠨ ᠳᠡᠩᠰᠡᠯᠡᠵᠦ᠍᠂ ᠳᠠᠩᠰᠠᠯᠠᠭ᠍ᠰᠠᠨ ᠨᠣᠷᠮ᠎ᠠ᠎ᠨᠢ 75.53 % ᠎ᠳ᠋ᠤ ᠬᠦᠷᠴᠡᠶ; 143 ᠬᠡᠷᠡᠭ᠎ᠢ ᠨᠡᠢᠳᠬᠡᠨ ᠱᠢᠶ᠋ᠳᠪᠦᠷᠢᠯᠡᠵᠦ᠍᠂ 123 ᠬᠤᠪᠢ ᠨᠡᠢᠭᠡᠮ᠎ᠦᠨ ᠪᠠᠢᠳᠠᠯ ᠠᠷᠠᠳ᠎ᠤᠨ ᠰᠠᠨᠠᠭ᠎ᠠ᠎ᠶ᠋ᠢᠨ ᠮᠡᠳᠡᠭᠡ ᠵᠠᠩᠭᠢ᠎ᠶ᠋ᠢ ᠱᠢᠯᠵᠢᠭᠦᠯᠬᠦ᠌᠎ᠪᠡᠷ ᠪᠠᠢᠨ᠎ᠠ᠃ ᠡᠭᠦᠨ᠎ᠦ ᠳᠣᠲᠣᠷ᠎ᠠ ᠭᠡᠱᠢᠭᠦᠳ᠎ᠦᠨ ᠰᠠᠨᠠᠯ ᠳᠤᠷᠠᠳᠤᠯᠭ᠎ᠠ 601 ᠬᠤᠪᠢ ᠪᠠᠢᠵᠤ᠂ 73.20% ᠎ᠢ ᠡᠵᠡᠯᠡᠪᠡ; ᠡᠯ᠎ᠡ ᠠᠷᠠᠳᠴᠢᠯᠠᠭ᠍ᠰᠠᠨ ᠨᠠᠮ ᠪᠦᠯᠦᠭ᠂ ᠬᠣᠯᠪᠣᠭ᠍ᠳᠠᠯ ᠪᠦᠬᠦᠢ ᠠᠷᠠᠳ᠎ᠤᠨ ᠪᠦᠯᠬᠦᠮ᠂ ᠤᠯᠤᠰ ᠲᠦᠷᠦ᠍᠎ᠶ᠋ᠢᠨ ᠵᠥᠪᠯᠡᠯᠭᠡᠨ᠎ᠦ ᠡᠯ᠎ᠡ ᠲᠤᠰᠭᠠᠶ ᠵᠦᠪᠯᠡᠯ ᠪᠠ ᠡᠲᠡᠭᠡᠳ ᠢᠯᠭᠠᠯ᠎ᠤᠨ ᠰᠠᠨᠠᠯ ᠳᠤᠷᠠᠳᠤᠯᠭ᠎ᠠ 220 ᠬᠤᠪᠢ ᠪᠠᠢᠵᠤ᠂ 26.80 %  ᠵᠢ ᠡᠵᠡᠯᠡᠪᠡ᠃ ᠮᠠᠨ᠎ᠤ ᠤᠯᠤᠰ᠎ᠤᠨ ᠤᠮᠠᠷᠠᠲᠤ᠎ᠶ᠋ᠢᠨ ᠴᠢᠬᠤᠯᠠ ᠠᠮᠢ ᠠᠬᠤᠢ᠎ᠶ᠋ᠢᠨ ᠠᠮᠤᠷ ᠲᠦᠪᠱᠢᠨ᠎ᠦ ᠬᠠᠯᠬᠠᠪᠴᠢ᠎ᠶ᠋ᠢ ᠪᠦᠳᠦᠭᠡᠨ ᠪᠠᠢᠭᠤᠯᠬᠤ ᠲᠠᠯ᠎ᠠ ᠪᠡᠷ ᠬᠢ ᠰᠠᠨᠠᠯ ᠳᠤᠷᠠᠳᠤᠯᠭ᠎ᠠ 152 ᠬᠤᠪᠢ ᠪᠠᠢᠵᠤ᠂ 18.51% ᠎ᠶ᠋ᠢ ᠡᠵᠡᠯᠡᠪᠡ; ᠡᠭᠡ ᠤᠯᠤᠰ᠎ᠤᠨ ᠤᠮᠠᠷᠠᠲᠤ ᠬᠢᠯᠢ᠎ᠶ᠋ᠢᠨ ᠠᠮᠤᠷ ᠲᠦᠪᠱᠢᠨ ᠲᠣᠭ᠍ᠲᠠᠭᠤᠨ ᠤ᠋ ᠬᠠᠯᠬᠠᠪᠴᠢ᠎ᠶ᠋ᠢ ᠪᠦᠳᠦᠭᠡᠨ ᠪᠠᠢᠭᠤᠯᠬᠤ᠎ᠳᠠᠯ᠎ᠠ ᠪᠡᠷ ᠬᠢ ᠰᠠᠨᠠᠯ ᠳᠤᠷᠠᠳᠤᠯᠭ᠎ᠠ 91 ᠬᠤᠪᠢ ᠪᠠᠢᠵᠤ᠂ 11.09 % ᠎ᠶ᠋ᠢ ᠡᠵᠡᠯᠡᠪᠡ; ᠤᠯᠤᠰ᠎ᠤᠨ ᠴᠢᠬᠤᠯᠠ ᠡᠨᠧᠷᠭᠢ ᠪᠠ ᠪᠠᠢᠯᠳᠤᠬᠤ ᠪᠤᠳᠤᠯᠭ᠎ᠠ᠎ᠶ᠋ᠢᠨ ᠡᠬᠢ ᠪᠠᠶᠠᠯᠢᠭ᠎ᠤᠨ ᠰᠠᠭᠤᠷᠢᠨ᠎ᠢ ᠪᠦᠳᠦᠭᠡᠨ ᠪᠠᠢᠭᠤᠯᠬᠤ ᠲᠠᠯ᠎ᠠ᠎ᠪᠠᠷ ᠬᠢ ᠰᠠᠨᠠᠯ ᠳᠤᠷᠠᠳᠤᠯᠭ᠎ᠠ 124 ᠬᠤᠪᠢ ᠪᠠᠢᠵᠤ᠂ 15.10% ᠵᠢ ᠡᠵᠡᠯᠡᠪᠡ; ᠤᠯᠤᠰ᠎ᠤᠨ ᠴᠢᠬᠤᠯᠠ ᠮᠠᠯ᠎ᠤᠨ ᠠᠱᠢᠭ ᠱᠢᠮ᠎ᠡ ᠲᠠᠷᠢᠶᠠᠯᠠᠩ᠎ᠤᠨ ᠪᠦᠲᠦᠭᠡᠭ᠌ᠳᠡᠬᠦᠨ ᠤ᠋ ᠦᠶ᠋ᠯᠡᠳᠪᠦᠷᠢᠯᠡᠯ᠎ᠦᠨ ᠰᠠᠭᠤᠷᠢᠨ᠎ᠢ ᠪᠦᠲᠦᠭᠡᠨ ᠪᠠᠢᠭᠤᠯᠬᠤ ᠲᠠᠯ᠎ᠠ ᠎ᠪᠠᠷ ᠬᠢ ᠰᠠᠨᠠᠯ ᠳᠤᠷᠠᠳᠤᠯᠭ᠎ᠠ 112 ᠬᠤᠪᠢ ᠪᠠᠢᠵᠤ᠂ 13.64% ᠎ᠢ ᠡᠵᠡᠯᠡᠪᠡ; ᠤᠯᠤᠰ ᠎ᠤᠨ ᠤᠮᠠᠷᠠᠰᠢ ᠨᠡᠭᠡᠭᠡᠯᠲᠡ ᠬᠢᠬᠦ᠌ ᠴᠢᠬᠤᠯᠠ ᠪᠡᠬᠢᠯᠡᠯᠲᠡ᠎ᠶ᠋ᠢ ᠪᠠᠢᠭᠤᠯᠬᠤ ᠲᠠᠯ᠎ᠠ᠎ᠪᠠᠷ ᠬᠢ ᠰᠠᠨᠠᠯ ᠳᠤᠷᠠᠳᠤᠯᠭ᠎ᠠ 93 ᠬᠤᠪᠢ ᠪᠠᠢᠵᠤ᠂ 11.33 % ᠎ᠶ᠋ᠢ ᠡᠵᠡᠯᠡᠪᠡ; ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠢ ᠪᠦᠬᠦ᠌ ᠲᠠᠯ᠎ᠠ᠎ᠪᠠᠷ ᠪᠦᠳᠦᠭᠡᠨ ᠪᠠᠢᠭᠤᠯᠬᠤ ᠲᠠᠯ᠎ᠠ᠎ᠪᠠᠷ ᠬᠢ ᠰᠠᠨᠠᠯ ᠳᠤᠷᠠᠳᠤᠯᠭ᠎ᠠ 185 ᠬᠤᠪᠢ ᠪᠠᠢᠵᠤ᠂ 22.53% ᠵᠢ ᠡᠵᠡᠯᠡᠪᠡ; ᠪᠤᠰᠤᠳ ᠲᠠᠯ᠎ᠠ᠎ᠶ᠋ᠢᠨ ᠰᠠᠨᠠᠯ ᠳᠤᠷᠠᠳᠤᠯᠭ᠎ᠠ 64 ᠬᠤᠪᠢ ᠪᠠᠢᠵᠤ᠂ 7.80% ᠵᠢ ᠡᠵᠡᠯᠡᠪᠡ᠃

ᠲᠤᠰ ᠤᠲᠠᠭ᠎ᠠ ᠵᠢᠨ ᠬᠤᠷᠠᠯ ᠳᠡᠭᠡᠷ᠎ᠡ᠂ ᠤᠯᠤᠰ ᠲᠦᠷᠦ᠎ᠶ᠋ᠢᠨ ᠵᠥᠪᠯᠡᠯᠭᠡᠨ᠎ᠦ ᠪᠦᠬᠦ᠌ ᠭᠡᠱᠢᠭᠦᠳ᠂ ᠤᠯᠤᠰ ᠲᠥᠷᠥ᠎ᠶ᠋ᠢᠨ ᠵᠥᠪᠯᠡᠯᠭᠡᠨ᠎ᠦ ᠡᠯ᠎ᠡ ᠣᠷᠣᠯᠴᠠᠭ᠍ᠰᠠᠨ ᠨᠢᠭᠡᠴᠢ ᠪᠠ ᠡᠯ᠎ᠡ ᠲᠤᠰᠭᠠᠶ ᠵᠦᠪᠯᠡᠯ ᠲᠤᠰᠭᠠᠶ ᠮᠡᠷᠭᠡᠵᠢᠯ᠂ ᠳᠠᠪᠠᠭᠤᠯᠢᠭ ᠲᠠᠭᠠᠨ ᠰᠠᠭᠤᠷᠢᠯᠠᠵᠤ᠂ ᠬᠥᠭ᠌ᠵᠢᠯᠲᠡ᠎ᠶ᠋ᠢᠨ ᠬᠡᠷᠡᠭ᠌ᠴᠡᠭᠡ᠂ ᠠᠷᠠᠳ᠎ᠤᠨ ᠠᠮᠢᠳᠤᠷᠠᠯ᠎ᠤᠨ ᠬᠦᠰᠡᠯ ᠡᠷᠡᠮᠡᠯᠵᠡᠯ᠎ᠢ ᠴᠢᠩᠭ᠎ᠠ ᠠᠵᠢᠭ᠍ᠯᠠᠬᠤ᠂ ᠳᠤᠷᠠᠳᠤᠭ᠍ᠰᠠᠨ ᠰᠠᠨᠠᠯ ᠳᠤᠷᠠᠳᠤᠯᠭ᠎ᠠ᠎ᠶᠢᠨ ᠰᠡᠳᠦᠪ ᠰᠤᠨᠭᠭᠤᠯᠲᠠ ᠨᠠᠩ ᠲᠥᠪᠯᠡᠷᠡᠨᠭᠬᠥᠢ᠂ ᠪᠠᠢᠴᠠᠭᠠᠨ ᠰᠤᠳᠤᠯᠤᠯᠲᠠ ᠨᠠᠩ ᠭᠦᠨᠵᠡᠭᠡᠢᠷᠡᠵᠦ᠂ ᠠᠷᠭ᠎ᠠ ᠤᠬᠠᠭᠠᠨ ᠭᠠᠷᠭᠠᠬᠤ᠎ᠳᠠᠭᠠᠨ ᠨᠠᠩ ᠪᠣᠳᠠᠲᠠᠶ᠎ᠶ᠋ᠢ ᠡᠷᠬᠢᠮᠯᠡᠵᠦ᠂ ᠰᠠᠨᠠᠯ ᠳᠤᠷᠠᠳᠤᠯᠭ᠎ᠠ᠎ᠶ᠋ᠢᠨ ᠪᠦᠲᠦᠴᠡ ᠤᠯᠠᠮ ᠱᠢᠯᠢᠳᠡᠭ᠌ᠵᠢᠵᠦ᠂ ᠰᠠᠨᠠᠯ ᠳᠤᠷᠠᠳᠤᠯᠭ᠎ᠠ᠎ᠶ᠋ᠢᠨ ᠪᠦᠬᠦᠯᠢ ᠴᠣᠭ᠍ᠴᠠ᠎ᠶ᠋ᠢᠨ ᠶᠠᠰᠤ ᠴᠢᠨᠠᠷ ᠤᠯᠠᠮ ᠳᠡᠭᠡᠭ᠌ᠰᠢᠯᠡᠵᠦ᠂ ᠭᠤᠤᠯᠳᠠᠯᠭ᠎ᠠ᠎ᠶᠢᠨ ᠲᠤᠭᠤᠷᠢᠨ᠎ᠳᠦ ᠶᠡᠬᠡ ᠲᠠᠯ᠎ᠠ᠎ᠳᠤ ᠦᠢᠯᠡᠴᠢᠯᠡᠬᠦ᠂ ᠭᠤᠤᠯᠳᠠᠯᠭ᠎ᠠ᠎ᠳᠦ ᠤᠷᠤᠯᠴᠠᠨ ᠬᠥᠭ᠌ᠵᠢᠯᠲᠡ᠎ᠳᠦ ᠬᠦᠴᠦᠨ ᠨᠡᠮᠡᠷᠢᠯᠡᠬᠦ᠂ ᠭᠤᠤᠯᠳᠠᠯᠭ᠎ᠠ ᠲᠠᠢ ᠠᠭᠤᠰᠤᠯᠴᠠᠨ ᠠᠷᠠᠳ᠎ᠤᠨ ᠲᠥᠯᠥᠭᠡ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠬᠦ᠌ ᠪᠣᠳᠠᠲᠤ ᠠᠵᠢᠯᠯᠠᠭ᠎ᠠ ᠪᠡᠷ ᠥᠪᠡᠷᠲᠡᠭᠡᠨ ᠵᠠᠰᠠᠬᠤ ᠣᠷᠣᠨ᠎ᠤ ᠴᠢᠨᠠᠷ ᠰᠠᠢᠲᠠᠢ ᠬᠥᠭ᠌ᠵᠢᠯᠲᠡ᠎ᠶ᠋ᠢ ᠢᠳᠡᠪᠬᠢᠲᠡᠢ ᠠᠬᠢᠭᠤᠯᠵᠤ᠂ ᠰᠠᠨᠠᠯ ᠳᠤᠷᠠᠳᠤᠯᠭ᠎ᠠ ᠳᠤᠷᠠᠳᠤᠭ᠍ᠰᠠᠳ᠎ᠤᠨ ᠬᠡᠬᠦᠳᠡᠭ ᠴᠡᠭᠡᠵᠢᠨ᠎ᠳᠡᠭᠡᠨ 《ᠤᠯᠤᠰ᠎ᠤᠨ ᠶᠡᠬᠡ ᠶᠠᠪᠤᠳᠠᠯ》᠎ᠢ᠋ ᠪᠠᠭᠳᠠᠭᠠᠵᠤ᠂ ᠰᠡᠳᠬᠢᠯ᠎ᠳᠡᠭᠡᠨ ᠬᠣᠶᠠᠷ ᠶᠡᠬᠡ ᠶᠠᠪᠤᠳᠠᠯ᠎ᠢ ᠪᠤᠳᠤᠵᠤ᠂ ᠵᠢᠷᠦᠬᠡᠨ᠎ᠳᠡᠭᠡᠨ 《ᠠᠷᠠᠳ᠎ᠤᠨ ᠠᠩᠬᠠᠷᠴᠤ ᠪᠠᠢᠭ᠎ᠠ ᠠᠰᠠᠭᠤᠳᠠᠯ》 ᠎ᠢ ᠳᠡᠭᠡᠳᠦᠯᠡᠵᠦ ᠪᠠᠢᠭ᠎ᠠ ᠵᠢ ᠢᠯᠡᠷᠡᠬᠦᠯᠪᠡ᠃

ᠶᠡᠬᠡ ᠬᠤᠷᠠᠯ ᠲᠡᠭᠦᠰᠦᠭ᠌ᠰᠡᠨ᠎ᠦ ᠳᠠᠷᠠᠭ᠎ᠠ  ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶ᠋ᠢᠨ ᠵᠥᠪᠯᠡᠯᠭᠡᠨ ᠡᠴᠡ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ ᠎ᠤᠨ ᠣᠷᠳᠣᠨ᠎ᠲᠠᠶ ᠬᠠᠮᠲᠤᠷᠠᠨ ᠰᠠᠨᠠᠯ ᠳᠤᠷᠠᠳᠤᠯᠭ᠎ᠠ᠎ᠶ᠋ᠢ ᠲᠤᠱᠢᠶᠠᠨ ᠱᠢᠶ᠋ᠳᠪᠦᠷᠢᠯᠡᠭᠦᠯᠬᠦ᠌ ᠬᠤᠷᠠᠯ ᠬᠤᠷᠠᠯᠳᠤᠭᠤᠯᠵᠤ᠂ ᠰᠠᠨᠠᠯ ᠳᠤᠷᠠᠳᠤᠯᠭ᠎ᠠ ᠪᠤᠯᠭᠠᠨ ᠳᠠᠩᠰᠠᠯᠠᠭᠰᠠᠨ ᠰᠠᠨᠠᠯ ᠳᠤᠷᠠᠳᠤᠯᠭ᠎ᠠ᠎ᠶ᠋ᠢ ᠬᠣᠯᠪᠣᠭ᠍ᠳᠠᠯ ᠪᠥᠬᠥᠶ ᠨᠢᠭᠡᠴᠢ᠎ᠳᠦ ᠬᠦᠷᠭᠡᠨ ᠱᠢᠶ᠋ᠳᠪᠦᠷᠢᠯᠡᠭᠦᠯᠬᠦ ᠪᠤᠯᠤᠨ᠎ᠠ᠃ ᠲᠣᠰ ᠤᠳᠠᠭᠠᠨ᠎ᠤ ᠶᠡᠬᠡ ᠬᠤᠷᠠᠯ᠎ᠤᠨ ᠰᠠᠨᠠᠯ ᠳᠤᠷᠠᠳᠤᠯᠭ᠎ᠠ᠎ᠶ᠋ᠢᠨ ᠬᠢᠵᠠᠭᠠᠷᠯᠠᠯ᠎ᠤᠨ ᠴᠠᠭ ᠡᠴᠡ ᠰᠡᠭᠦᠯᠡᠷ ᠬᠣᠷᠢᠶᠠᠨ ᠣᠯᠤᠭ᠍ᠰᠠᠨ ᠰᠠᠨᠠᠯ ᠳᠤᠷᠠᠳᠤᠯᠭ᠎ᠠ᠎ᠶ᠋ᠢ ᠡᠩ᠎ᠦᠨ ᠦᠶ᠎ᠡ᠎ᠶ᠋ᠢᠨ ᠰᠠᠨᠠᠯ ᠳᠤᠷᠠᠳᠤᠯᠭ᠎ᠠ᠎ᠪᠠᠷ ᠴᠠᠭ ᠲᠤᠬᠠᠶ ᠎ᠳᠤᠨᠢ ᠬᠢᠨᠠᠨ ᠪᠠᠢᠴᠠᠭᠠᠵᠤ᠂ ᠰᠠᠨᠠᠯ ᠳᠤᠷᠠᠳᠤᠯᠭ᠎ᠠ ᠪᠤᠯᠭᠠᠨ ᠳᠠᠩᠰᠠᠯᠠᠭ᠍ᠰᠠᠨ᠎ᠤ ᠳᠠᠷᠠᠭ᠎ᠠ ᠬᠣᠯᠪᠣᠭ᠍ᠳᠠᠯ ᠪᠥᠬᠥᠶ ᠨᠢᠭᠡᠴᠢ᠎ᠳᠦ ᠲᠤᠱᠢᠶᠠᠨ ᠥᠭ᠌ᠴᠦ ᠱᠢᠶ᠋ᠳᠪᠦᠷᠢᠯᠡᠭᠦᠯᠦᠨ᠎ᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号