ᠭᠦᠸᠧ ᠲᠢᠶᠠᠨ ᠪᠦᠦ ᠲᠥᠯᠥᠭᠡᠯᠡᠭ᠌ᠴᠢ ᠄ ᠠᠵᠤ ᠦᠶ᠋ᠯᠡᠰ ᠵᠢᠡᠷ ᠬᠥᠲᠥᠯᠥᠨ ᠳᠠᠭᠠᠭᠤᠯᠬᠤ ᠵᠢ ᠴᠢᠩᠭᠠᠳᠬᠠᠵᠦ ᠱᠢᠶᠠᠨ ᠤ᠋ ᠬᠡᠪᠴᠢᠶᠡᠨ ᠤ᠋ ᠠᠵᠤ ᠠᠬᠤᠶ ᠵᠢ ᠠᠮᠢᠳᠤᠯᠢᠭᠵᠢᠭᠤᠯᠤᠨ᠎ᠠ
2025-01-18 14:24:49
ᠵᠣᠬᠢᠶᠠᠭ᠍ᠴᠢ᠄
ᠱᠢᠤᠢ ᠵᠢᠩ ᠸᠠᠩ ᠯᠸᠢ
ᠣᠩᠱᠢᠭ᠍ᠰᠠᠨ ᠣᠳᠠᠭ᠎ᠠ᠄
★★★☆☆

 《ᠵᠠᠰᠠᠭ ᠤ᠋ᠨ ᠣᠷᠳᠣᠨ ᠤ᠋ ᠠᠵᠢᠯ ᠤ᠋ᠨ ᠢᠯᠡᠳᠭᠡᠯ ᠨᠢ ᠠᠯᠤᠰ ᠬᠡᠲᠦ᠍ ᠵᠢᠨ ᠵᠣᠭ᠍ᠰᠣᠴᠠ ᠲᠠᠢ᠂ ᠠᠷᠭ᠎ᠠ ᠬᠡᠮᠵᠢᠶ᠎ᠡ ᠨᠢ ᠬᠦᠴᠦᠲᠡᠶ ᠪᠠᠢᠵᠤ᠂ ᠣᠯᠠᠨ ᠢ᠋ ᠶᠡᠬᠡᠳᠡ ᠤᠷᠮᠠᠰᠢᠭᠤᠯᠤᠨ ᠵᠣᠷᠢᠭ᠍ᠵᠢᠭᠤᠯᠵᠤ᠂ ᠢᠲᠡᠭᠡᠯ ᠵᠣᠷᠢᠭ ᠢ᠋ ᠬᠦᠪᠴᠢᠯᠡᠭᠰᠡᠨ ᠪᠥᠭᠡᠳ ᠪᠠᠰᠠ ᠪᠢᠳᠡᠨ ᠤ᠋ ᠰᠢᠶᠠᠨ ᠤ᠋ ᠬᠡᠪᠴᠢᠶᠡᠨ ᠤ᠋ ᠠᠵᠤ ᠠᠬᠤᠶ ᠵᠢᠨ ᠴᠢᠨᠠᠷ ᠰᠠᠢᠲᠠᠶ ᠬᠥᠭ᠌ᠵᠢᠯᠲᠡ ᠵᠢ ᠲᠦᠷᠭᠡᠳᠭᠡᠬᠦ᠌ ᠬᠠᠷᠢᠭᠤᠴᠠᠯᠭᠠᠲᠤ ᠰᠡᠳᠭᠢᠯᠭᠡ ᠪᠠ ᠲᠤᠯᠭᠠᠮ ᠪᠣᠳᠣᠯ ᠢ᠋ ᠤᠯᠠᠮ ᠨᠢᠭᠡ ᠠᠯᠬᠤᠮ ᠴᠢᠩᠭᠠᠷᠠᠭᠤᠯᠪᠠ》 ᠭᠡᠵᠦ ᠥᠪᠡᠷᠲᠡᠭᠡᠨ ᠵᠠᠰᠠᠬᠤ ᠣᠷᠣᠨ ᠤ᠋ ᠠᠷᠠᠳ ᠤ᠋ᠨ ᠲᠦᠯᠦᠭᠡᠯᠡᠭᠴᠢᠳ ᠤ᠋ᠨ ᠶᠡᠭᠡ ᠬᠤᠷᠠᠯ ᠤ᠋ᠨ ᠲᠥᠯᠥᠭᠡᠯᠡᠭ᠌ᠴᠢ᠂ ᠲᠦᠩᠯᠢᠶᠣᠤ ᠬᠣᠲᠠ ᠵᠢᠨ ᠬᠣᠷᠴᠢᠨ ᠵᠡᠭᠦᠨ ᠭᠠᠷᠤᠨ ᠬᠣᠢᠲᠤ ᠬᠣᠱᠢᠭᠤᠨ ᠤ᠋ ᠨᠠᠮ ᠤ᠋ᠨ ᠬᠣᠷᠢᠶᠠᠨ ᠤ᠋ ᠱᠦᠵᠢ ᠭᠦᠸᠧ ᠲᠢᠶᠠᠨ ᠪᠦᠦ ᠬᠡᠯᠡᠨ᠎ᠠ᠃

ᠭᠦᠸᠧ ᠲᠢᠶᠠᠨ ᠪᠦᠦ᠂ 2024 ᠣᠨ ᠳ᠋ᠤ ᠬᠣᠷᠴᠢᠨ ᠵᠡᠭᠦᠨ ᠭᠠᠷᠤᠨ ᠬᠣᠢᠲᠤ ᠬᠣᠱᠢᠭᠤᠨ ᠤ᠋ GDP ᠵᠢᠨ ᠨᠡᠮᠡᠭᠳᠡᠯ ᠤ᠋ᠨ ᠨᠤᠷᠮ᠎ᠠ 7% ᠳ᠋ᠤ ᠬᠦᠷᠴᠦ᠂ GDP ᠵᠢᠨ ᠶᠡᠷᠤᠩᠬᠡᠢ ᠬᠡᠮᠵᠢᠶ᠎ᠠ 150 ᠳ᠋ᠦᠩᠱᠢᠭᠤᠷ ᠲᠥᠭᠥᠷᠢᠭ ᠲᠣ᠌ ᠬᠦᠷᠴᠦ᠍᠂ ᠡᠯ᠎ᠡ ᠵᠦᠶ᠋ᠯ ᠤ᠋ᠨ ᠠᠵᠤ ᠠᠬᠤᠶ ᠵᠢᠨ ᠭᠦᠶ᠋ᠴᠡᠳᠭᠡᠯ ᠲᠣᠭ᠎ᠠ ᠵᠢᠨ ᠨᠡᠮᠡᠭ᠌ᠳᠡᠯ ᠤ᠋ᠨ ᠬᠤᠷᠳᠤᠴᠠ ᠰᠠᠢᠵᠢᠷᠠᠬᠤ ᠬᠠᠨᠳᠤᠰᠢ ᠲᠠᠢ ᠪᠣᠯᠪᠠ ᠭᠡᠵᠦ ᠲᠠᠨᠢᠯᠴᠠᠭᠤᠯᠤᠯ᠎ᠠ᠃ ᠱᠢᠨ᠎ᠡ ᠨᠢᠭᠡ ᠵᠢᠯ ᠳ᠋ᠦ ᠬᠣᠷᠴᠢᠨ ᠵᠡᠭᠦᠨ ᠭᠠᠷᠤᠨ ᠬᠣᠢᠲᠤ ᠬᠣᠱᠢᠭᠤ ᠬᠡᠷᠬᠢᠨ ᠱᠢᠨ᠎ᠡ ᠬᠠᠷᠠᠯᠲᠠ ᠳ᠋ᠤ ᠱᠢᠪᠲᠤᠯᠤᠯᠲᠠ ᠭᠠᠷᠭᠠᠨ᠂ ᠱᠢᠨ᠎ᠡ ᠬᠤᠷᠳᠤᠴᠠ ᠵᠢ ᠪᠡᠶᠡᠯᠡᠭᠦᠯᠬᠦ᠌ ᠪᠤᠢ? 《ᠴᠢᠨᠠᠷ ᠰᠠᠢᠲᠠᠢ ᠬᠥᠭ᠌ᠵᠢᠯᠲᠡ ᠪᠣᠯ ᠱᠢᠨ᠎ᠡ ᠴᠠᠭ ᠦᠶ᠎ᠡ ᠵᠢᠨ ᠬᠠᠲᠠᠭᠤ ᠶᠣᠰᠣ ᠮᠥᠨ》 ᠭᠡᠵᠦ ᠭᠦᠸᠧ ᠲᠢᠶᠠᠨ ᠪᠦᠦ ᠶᠠᠷᠢᠨ᠎ᠠ᠃


QQ20250118-142435.png

ᠭᠦᠸᠧ ᠲᠢᠶᠠᠨ ᠪᠦᠦ ᠲᠥᠯᠥᠭᠡᠯᠡᠭ᠌ᠴᠢ 


《ᠡᠨᠡ ᠵᠢᠯ ᠪᠢᠳᠡ ᠥᠪᠡᠷᠲᠡᠭᠡᠨ ᠵᠠᠰᠠᠬᠤ ᠣᠷᠣᠨ ᠤ᠋ ᠨᠠᠮ ᠤ᠋ᠨ ᠬᠣᠷᠢᠶ᠎ᠠ ᠪᠠ ᠵᠠᠰᠠᠭ ᠤ᠋ᠨ ᠣᠷᠳᠣᠨ ᠤ᠋ ᠪᠠᠢᠯᠳᠤᠬᠤ ᠪᠣᠳᠣᠯᠭ᠎ᠠ ᠵᠢᠨ ᠱᠢᠶ᠋ᠳᠪᠦᠷᠢᠲᠦ ᠪᠣᠳᠣᠯᠭ᠎ᠠ ᠵᠢ ᠨᠠᠷᠢᠨ ᠬᠢᠨᠠᠮᠠᠭᠠᠶ ᠲᠤᠭᠤᠱᠢᠯᠠᠭᠤᠯᠵᠤ᠂ ᠵᠠᠰᠠᠭ ᠤ᠋ᠨ ᠣᠷᠳᠣᠨ ᠤ᠋ ᠠᠵᠢᠯ ᠤ᠋ᠨ ᠢᠯᠡᠳᠭᠡᠯ ᠤ᠋ᠨ ᠡᠯ᠎ᠡ ᠵᠦᠶ᠋ᠯ ᠤ᠋ᠨ ᠪᠠᠢᠷᠢᠯᠠᠭᠤᠯᠤᠯᠲᠠ ᠱᠠᠭᠠᠷᠳᠠᠯᠭ᠎ᠠ ᠶᠣᠰᠣᠭᠠᠷ ᠨᠠᠢᠳᠠᠪᠤᠷᠢᠵᠢᠭᠤᠯᠤᠯᠲᠠ ᠵᠢ ᠰᠠᠢᠲᠤᠷ ᠠᠳᠬᠤᠨ᠎ᠠ᠃ ᠬᠣᠷᠴᠢᠨ ᠵᠡᠭᠦᠨ ᠭᠠᠷᠤᠨ ᠬᠣᠢᠲᠤ ᠬᠣᠱᠢᠭᠤ ᠰᠠᠭᠤᠷᠢ ᠲᠠᠯᠪᠢᠬᠤ᠂ ᠠᠯᠤᠰ ᠬᠡᠲᠦ᠍ ᠳ᠋ᠦ ᠠᠱᠢᠭ᠍ᠲᠠᠶ ᠪᠠᠢᠬᠤ᠂ ᠦᠷᠭᠦᠯᠵᠢᠯᠡᠬᠦ᠌᠂ ᠴᠢᠨᠠᠷ ᠰᠠᠢᠲᠠᠶ ᠪᠠᠢᠬᠤ ᠵᠢ ᠪᠠᠷᠢᠮᠲᠠᠯᠠᠨ᠂ ᠵᠠᠩᠭᠢᠯᠠᠭ᠎ᠠ ᠵᠢᠨ ᠴᠢᠨᠠᠷᠲᠠᠶ ᠢᠨᠵᠧᠨᠧᠷᠢᠩ ᠤ᠋ᠨ ᠪᠥᠲᠥᠭᠡᠨ ᠪᠠᠢᠭᠤᠯᠤᠯᠲᠠ ᠵᠢ ᠲᠦᠷᠭᠡᠳᠭᠡᠵᠦ᠍ ᠂ ᠭᠤᠤᠯᠯᠠᠬᠤ ᠠᠵᠤ ᠦᠶ᠋ᠯᠡᠰ ᠤ᠋ᠨ ᠬᠡᠯᠬᠢᠶ᠎ᠡ ᠵᠢ ᠤᠷᠲᠤᠳᠭᠠᠨ᠂ ᠴᠠᠬᠢᠭᠤᠷᠲᠤ ᠡᠯᠡᠰᠦᠨ ᠤ᠋ ᠰᠠᠭᠤᠷᠢ ᠮᠥᠩᠭᠥᠨ ᠤ᠋ ᠠᠭᠤᠷᠬᠠᠶ ᠬᠠᠢᠬᠤ ᠠᠭᠤᠷᠬᠠᠶ ᠮᠠᠯᠲᠠᠬᠤ ᠡᠷᠬᠡ ᠵᠢ ᠱᠢᠯᠵᠢᠭᠦᠯᠬᠦ ᠵᠢ ᠲᠦᠷᠭᠡᠳᠭᠡᠨ ᠠᠬᠢᠭᠤᠯᠬᠤ ᠵᠢᠨ ᠬᠠᠮᠲᠤ ᠴᠠᠬᠢᠭᠤᠷᠲᠤ ᠡᠯᠡᠰᠦᠨ ᠤ᠋ ᠠᠵᠤ ᠦᠶ᠋ᠯᠡᠰ ᠢ᠋ ᠡᠯᠡᠰᠦ ᠮᠠᠯᠲᠠᠬᠤ᠂ ᠡᠯᠡᠰᠦ ᠬᠤᠳᠠᠯᠳᠤᠬᠤ 1.0 ᠵᠢᠨ ᠴᠠᠭ ᠦᠶ᠎ᠡ ᠡᠴᠡ ᠨᠠᠩ ᠥᠨᠳᠥᠷ ᠳᠠᠪᠬᠤᠷᠭ᠎ᠠ ᠲᠡᠢᠰᠢ ᠳᠡᠰ ᠳᠠᠪᠰᠢᠬᠦ ᠵᠢ ᠠᠬᠢᠭᠤᠯᠵᠤ᠂ ᠡᠬᠢ ᠪᠠᠶᠠᠯᠢᠭ ᠤ᠋ᠨ ᠳᠠᠪᠠᠭᠤᠯᠢᠭ ᠢ᠋ ᠬᠥᠭ᠌ᠵᠢᠯᠲᠡ ᠵᠢᠨ ᠬᠦᠭᠵᠢᠶᠡᠨᠳᠤ ᠪᠠᠢᠳᠠᠯ ᠪᠣᠯᠭᠠᠨ ᠬᠤᠪᠢᠷᠠᠭᠤᠯᠤᠨ᠎ᠠ;  ᠪᠤᠬᠢᠷᠳᠤᠯ ᠦᠭᠡᠢ ᠴᠠᠬᠢᠯᠭᠠᠨ ᠢ᠋ ᠠᠵᠤ ᠦᠢᠯᠡᠰ ᠲᠡᠶ ᠬᠠᠮᠵᠢᠯᠴᠠᠭᠤᠯᠤᠨ ᠨᠡᠭᠡᠭᠡᠨ ᠬᠥᠭ᠌ᠵᠢᠭᠦᠯᠬᠦ᠌ ᠵᠢ ᠪᠠᠷᠢᠮᠲᠠᠯᠠᠵᠤ᠂〈ᠪᠤᠬᠢᠷᠳᠦᠯ ᠦᠭᠡᠢ ᠲᠡᠢᠰᠢ ᠤᠷᠤᠭᠰᠢᠯᠠᠬᠤ᠂ ᠪᠤᠬᠢᠷᠳᠤᠯ ᠦᠭᠡᠢ ᠪᠤᠯᠭᠠᠨ ᠰᠢᠨᠡᠴᠢᠯᠡᠬᠦ᠂ ᠪᠤᠬᠢᠷᠳᠤᠯ ᠦᠭᠡᠢ ᠪᠡᠷ ᠬᠥᠭ᠌ᠵᠢᠬᠦ〉ᠠᠵᠤ ᠦᠢᠯᠡᠰ ᠤ᠋ᠨ ᠵᠠᠭ᠍ᠪᠤᠷ ᠢ᠋ ᠪᠤᠢ ᠪᠣᠯᠭᠠᠨ᠎ᠠ; ᠬᠢᠮᠢ ᠵᠢᠨ ᠠᠵᠤ ᠦᠶ᠋ᠯᠡᠳᠪᠦᠷᠢ ᠲᠥᠪᠯᠡᠷᠡᠭ᠌ᠰᠡᠨ ᠣᠷᠣᠨ ᠢ᠋ ᠭᠤᠶᠤᠴᠢᠯᠠᠨ ᠮᠡᠳᠡᠭᠦᠯᠬᠦ᠌ ᠵᠢ ᠲᠦᠷᠭᠡᠳᠭᠡᠵᠦ᠍᠂ ᠪᠠᠢᠭᠠᠯᠢ ᠵᠢᠨ ᠱᠢᠲᠠᠮᠠᠬᠠᠶ ᠬᠡᠶ ᠵᠢᠨ LNG ᠂ ᠳᠡᠭᠡᠳᠦ ᠾᠯᠣᠷ ᠬᠦᠴᠢᠯ ᠤ᠋ᠨ ᠳᠠᠪᠤᠰᠤ᠂ ᠰᠠᠯᠬᠢᠨ ᠬᠦᠴᠦᠨ ᠤ᠋ ᠴᠠᠬᠢᠯᠭᠠᠨ ᠭᠡᠷᠡᠯᠴᠢ ᠴᠡᠨᠡᠭ ᠤᠰᠤᠲᠥ᠋ᠷᠥᠭ᠌ᠴᠢ ᠡᠨᠧᠷᠬᠢ ᠮᠧᠲ᠋ᠢᠯ ᠠᠯᠺᠣᠣᠯ ᠵᠡᠷᠭᠡ ᠲᠥᠷᠥᠯ ᠵᠦᠶ᠋ᠯ ᠢ᠋ ᠨᠠᠢᠳᠠᠪᠤᠷᠢᠵᠢᠭᠤᠯᠬᠤ ᠵᠢ ᠪᠠᠲᠤᠯᠠᠨ᠎ᠠ; ᠭᠤᠤᠯᠳᠠᠯᠭ᠎ᠠ ᠲᠠᠢ ᠰᠢᠪᠳᠤᠯᠤᠯᠳᠠ ᠬᠢᠵᠦ᠂ ᠱᠢᠨ᠎ᠡ ᠤᠷᠤᠯᠳᠤᠭᠠᠨ ᠤ᠋ ᠵᠠᠮ ᠨᠡᠭᠡᠭᠡᠨ᠂ ᠮᠦ᠍ ᠪᠦᠷᠢ ᠵᠢᠨ ᠤᠨᠠᠯᠲᠠ ᠨᠢ ᠮᠢᠩᠭᠠᠨ ᠵᠢᠩ ᠳ᠋ᠤ ᠬᠦᠷᠬᠦ ᠱᠢᠷ᠎ᠠ ᠪᠤᠷᠴᠠᠭ ᠤ᠋ᠨ ᠡᠭᠦᠯᠳᠡᠷ ᠢ᠋ ᠪᠣᠢᠵᠢᠭᠤᠯᠬᠤ᠂ ᠪᠣᠬᠢᠷᠲᠤᠯ ᠦᠭᠡᠢ AI ᠪᠤᠳᠤᠯᠳᠠ᠎ᠵᠢᠨ ᠴᠢᠳᠠᠪᠤᠷᠢ ᠵᠢᠨ ᠬᠡᠷᠡᠭ᠌ᠯᠡᠭᠡ᠂ ᠴᠠᠬᠢᠯᠭᠠᠨ ᠳᠠᠮᠵᠢᠭᠤᠯᠬᠤ ᠪᠦᠷᠬᠦᠪᠴᠢ ᠵᠢᠨ ᠱᠢᠯ ᠵᠡᠷᠭᠡ ᠮᠡᠷᠭᠡᠵᠢᠯ ᠤ᠋ᠨ ᠪᠣᠭᠣᠮᠲᠠ ᠱᠢᠪᠲᠤᠯᠬᠤ ᠪᠠ ᠦᠷ᠎ᠡ ᠪᠦᠲᠦᠭᠡᠯ ᠢ᠋ ᠬᠤᠪᠢᠷᠠᠭᠤᠯᠬᠤ ᠵᠢ ᠠᠬᠢᠭᠤᠯᠵᠤ ᠂ ᠱᠢᠨ᠎ᠡ ᠴᠢᠨᠠᠷ ᠤ᠋ᠨ ᠦᠢᠯᠡᠳᠪᠦᠷᠢᠯᠡᠯ ᠤ᠋ᠨ ᠬᠦᠴᠦᠨ ᠢ᠋ ᠰᠦᠪᠡᠭ᠌ᠴᠢᠯᠡᠨ ᠬᠥᠭ᠌ᠵᠢᠭᠦᠯᠤᠨ᠎ᠠ 》 ᠭᠡᠵᠦ ᠭᠦᠸᠧ ᠲᠢᠶᠠᠨ ᠪᠦᠦ ᠢᠯᠡᠷᠭᠡᠢᠯᠡᠪᠡ ᠃

《ᠵᠠᠰᠠᠭ ᠤ᠋ᠨ ᠣᠷᠳᠣᠨ ᠤ᠋ ᠠᠵᠢᠯ ᠤ᠋ᠨ ᠢᠯᠡᠳᠭᠡᠯ ᠳ᠋ᠦ ᠵᠡᠭᠦᠨ ᠪᠡᠶ᠎ᠠ ᠶ᠋ᠢᠨ ᠲᠠᠪᠤᠨ ᠠᠢᠮᠠᠭ ᠬᠣᠲᠠ〈ᠰᠦᠷ ᠵᠢᠪᠬᠤᠭ᠎ᠠ ᠪᠠᠨ ᠲᠠᠬᠢᠨ ᠮᠠᠨᠳᠤᠭᠤᠯᠬᠤ〉ᠡᠷᠴᠢ ᠵᠤᠷᠢᠭ ᠶ᠋ᠢᠡᠨ ᠬᠦᠪᠴᠢᠯᠡᠵᠦ᠂ ᠱᠢᠨ᠎ᠡ ᠬᠥᠭ᠌ᠵᠢᠯᠲᠡ ᠵᠢᠨ ᠳᠠᠪᠠᠭᠤᠯᠢᠭ ᠢ᠋ ᠬᠠᠮᠳᠤ ᠪᠡᠷ ᠪᠤᠢ ᠪᠤᠯᠭᠠᠬᠤ ᠬᠡᠷᠡᠭ᠌ᠲᠡᠶ ᠭᠡᠵᠦ᠍ ᠳᠤᠷᠠᠳᠴᠠᠢ᠃ ᠡᠭᠦᠨ ᠳ᠋ᠤ ᠤᠯᠠᠭᠠᠨᠬᠠᠳᠠ ᠬᠤᠳᠠ ᠪᠤᠯᠤᠨ ᠲᠦᠩᠯᠢᠶᠣᠤ ᠬᠤᠳᠠ ᠬᠤᠰᠢᠭᠤᠴᠢ ᠪᠤᠯᠵᠤ᠂ ᠬᠥᠭ᠌ᠵᠢᠭᠦᠯᠦᠨ ᠮᠠᠨᠳᠤᠭᠤᠯᠬᠤ ᠬᠤᠷᠳᠤᠴᠠ ᠪᠡᠨ ᠲᠦᠷᠭᠡᠳᠭᠡᠬᠦ᠌ ᠬᠡᠷᠡᠭ᠌ᠲᠡᠢ ᠃ ᠡᠨᠡ ᠬᠦ᠌ ᠬᠠᠷᠠᠯᠲᠠ ᠵᠢ ᠪᠡᠶᠡᠯᠡᠭᠦᠯᠬᠦ᠌ ᠳ᠋ᠦ ᠱᠢᠶᠠᠨ ᠤ᠋ ᠬᠡᠪᠴᠢᠶᠡᠨ ᠤ᠋ ᠠᠵᠤ ᠠᠬᠤᠶ ᠵᠢᠨ ᠲᠤᠯᠭᠠᠭᠤᠷᠢᠯᠠᠯ ᠡᠴᠡ ᠰᠠᠯᠵᠤ ᠴᠢᠳᠠᠬᠤ ᠥᠬᠡᠶ ᠶᠤᠮ᠂ ᠬᠣᠷᠴᠢᠨ ᠵᠡᠭᠦᠨ ᠭᠠᠷᠤᠨ ᠬᠣᠢᠲᠤ ᠬᠣᠱᠢᠭᠤ〈ᠲᠠᠪᠤᠨ ᠶᠡᠬᠡ ᠡᠭᠦᠷᠭᠡ〉 ᠵᠢᠨ ᠲᠣᠭᠣᠷᠢᠨ ᠳ᠋ᠤ〈ᠵᠢᠷᠭᠤᠭᠠᠨ ᠢᠨᠵᠧᠨᠧᠷᠢᠩ〉 ᠢ᠋ ᠦᠷᠭᠦᠯᠵᠢᠯᠡᠨ ᠬᠡᠷᠡᠭ᠌ᠵᠢᠭᠦᠯᠵᠦ᠍᠂〈ᠵᠢᠷᠭᠤᠭᠠᠨ ᠠᠵᠢᠯᠯᠠᠭ᠎ᠠ〉 ᠵᠢ ᠵᠣᠬᠢᠶᠠᠨ ᠪᠠᠢᠭᠤᠯᠤᠨ ᠥᠷᠨᠢᠭᠦᠯᠵᠦ᠍ ᠂ ᠠᠵᠤ ᠠᠬᠤᠶ ᠵᠢᠨ ᠶᠡᠬᠡ ᠬᠥᠭ᠌ᠵᠢᠯᠲᠡ ᠶᠡᠬᠡ ᠱᠢᠪᠲᠤᠯᠤᠯᠲᠠ ᠪᠠᠷ ᠲᠦᠩᠯᠢᠶᠣᠤ ᠬᠣᠲᠠ ᠵᠢᠨ ᠠᠵᠤ ᠠᠬᠤᠶ ᠵᠢᠨ ᠬᠦᠭᠵᠢᠯᠳᠡ ᠵᠢᠨ ᠬᠤᠷᠳᠤᠴᠠ ᠳ᠋ᠦ ᠬᠦᠴᠦᠨ ᠨᠡᠮᠡᠷᠢᠯᠡᠨ᠂ ᠥᠪᠡᠷᠲᠡᠭᠡᠨ ᠵᠠᠰᠠᠬᠤ ᠣᠷᠣᠨ ᠤ᠋ ᠱᠢᠨ᠎ᠡ ᠵᠠᠮ ᠨᠡᠬᠡᠬᠡᠵᠤ ᠲᠤᠮᠳᠠ ᠲᠦᠪᠰᠢᠨ ᠳ᠋ᠤ ᠤᠷᠤᠬᠤ ᠠᠬᠢᠴᠠ ᠲᠤᠮᠳᠠ ᠬᠠᠷᠢᠭᠤᠴᠠᠯᠭ᠎ᠠ ᠡᠭᠦᠷᠭᠡᠯᠡᠯ ᠵᠢᠡᠨ ᠢᠯᠡᠷᠡᠬᠦᠯᠵᠤ ᠬᠦᠴᠦᠨ ᠴᠢᠳᠠᠯ ᠵᠢᠡᠨ ᠡᠷᠭᠦᠨ᠎ᠡ》ᠭᠡᠵᠦ ᠭᠦᠸᠧ ᠲᠢᠶᠠᠨ ᠪᠦᠦ ᠢᠲᠡᠭᠡᠯ ᠲᠡᠭᠦᠯᠳᠡᠷ ᠬᠡᠯᠡᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号