ᠰᠣᠯᠢᠯᠴᠠᠭᠠᠨ᠎ᠤ ᠠᠵᠢᠯᠯᠠᠭ᠎ᠠ᠎ᠶ᠋ᠢ 1994 ᠤᠳᠠᠭ᠎ᠠ ᠥᠷᠨᠢᠭᠦᠯᠵᠦ 100 ᠲᠦᠮᠡᠨ ᠬᠦᠮᠦᠨ ᠤᠳᠠᠭ᠎ᠠ ᠵᠢ ᠬᠠᠮᠤᠷᠴᠦ ᠮᠠᠨ ᠤ᠋ ᠤᠷᠤᠨ ᠣᠷᠣᠨ ᠪᠦᠰᠡ ᠠᠯᠤᠰᠯᠠᠨ ᠬᠠᠮᠵᠢᠯᠴᠠᠵᠤ ᠦᠨᠳᠦᠰᠦᠲᠡᠨ᠎ᠨᠦᠭᠦᠳ᠎ᠦᠨ ᠵᠠᠯᠠᠭᠤᠴᠤᠳ ᠪᠠᠭᠠᠴᠤᠳ᠎ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠢ ᠠᠬᠢᠭᠤᠯᠵᠦ ᠪᠤᠢ
2025-01-02 09:43:13
ᠵᠣᠬᠢᠶᠠᠭ᠍ᠴᠢ᠄
ᠪᠤᠤ ᠢᠤᠢ ᠶᠢᠡᠭ
ᠣᠩᠱᠢᠭ᠍ᠰᠠᠨ ᠣᠳᠠᠭ᠎ᠠ᠄
★★★☆☆

ᠰᠤᠷᠪᠤᠯᠵᠢᠯᠠᠭ᠍ᠴᠢ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠦ ᠬᠡᠷᠡᠭ ᠡᠷᠭᠢᠯᠡᠬᠦ᠌ ᠵᠥᠪᠯᠡᠯ᠎ᠡᠴᠡ ᠣᠢᠯᠠᠭᠠᠭ᠍ᠰᠠᠨ᠎ᠢᠶᠠᠷ᠂ 2024 ᠣᠨ᠎ᠠᠴᠠ ᠨᠠᠭᠠᠰᠢ᠂ ᠥᠪᠡᠷᠲᠡᠭᠡᠨ ᠵᠠᠰᠠᠬᠤ ᠣᠷᠣᠨ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠪᠠᠷ ᠠᠵᠢᠯ᠎ᠤᠨ ᠭᠤᠤᠯ ᠱᠢᠵᠢᠮ ᠪᠣᠯᠭᠠᠬᠤ᠎ᠶ᠋ᠢ ᠪᠠᠷᠢᠮᠲᠠᠯᠠᠵᠤ᠂ ᠵᠠᠯᠠᠭᠤᠴᠤᠳ ᠪᠠᠭᠠᠴᠤᠳ᠎ᠤᠨ 《ᠢᠲᠠᠷᠡᠬᠦᠨ ᠦᠰᠤᠨ ᠪᠤᠢᠵᠢᠯᠲᠠ》 ᠵᠢᠨ ᠵᠠᠩᠭᠢᠯᠠᠭ᠎ᠠ᠎ᠶ᠋ᠢᠨ ᠭᠤᠬᠴᠤᠭ᠎ᠠ᠎ᠶ᠋ᠢ ᠴᠢᠩᠭ᠎ᠠ ᠠᠳᠭᠤᠨ᠂ ᠣᠷᠣᠨ ᠪᠦᠰᠡ ᠠᠯᠤᠰᠯᠠᠭ᠍ᠰᠠᠨ ᠵᠠᠯᠠᠭᠤᠴᠤᠳ ᠪᠠᠭᠠᠴᠤᠳ᠎ᠤᠨ ᠰᠣᠯᠢᠯᠴᠠᠭ᠎ᠠ ᠬᠠᠮᠵᠢᠯᠴᠠᠭᠠᠨ᠎ᠤ ᠲᠣᠭ᠍ᠲᠠᠴᠠ᠎ᠶ᠋ᠢ 384 ᠪᠠᠢᠭᠤᠯᠵᠤ᠂ ᠦᠨᠳᠦᠰᠦᠲᠡᠨ᠎ᠨᠦᠭᠦᠳ᠎ᠦᠨ ᠵᠠᠯᠠᠭᠤᠴᠤᠳ ᠪᠠᠭᠠᠴᠤᠳ᠎ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠤᠨ ᠠᠵᠢᠯᠯᠠᠭ᠎ᠠ᠎ᠶ᠋ᠢ 1994 ᠤᠳᠠᠭ᠎ᠠ ᠥᠷᠨᠢᠭᠦᠯᠤᠨ᠂ 100 ᠲᠦᠮᠡᠨ ᠬᠥᠮᠦᠨ ᠤᠳᠠᠭ᠎ᠠ ᠵᠢᠨ ᠦᠨᠳᠦᠰᠦᠲᠡᠨ᠎ᠨᠦᠭᠦᠳ᠎ᠦᠨ ᠵᠠᠯᠠᠭᠤᠴᠤᠳ ᠪᠠᠭᠠᠴᠤᠳ᠎ᠢ ᠬᠠᠮᠤᠷᠴᠠᠶ᠃

ᠡᠬᠢ ᠪᠠᠶᠠᠯᠢᠭ᠎ᠢ ᠰᠠᠢᠲᠤᠷ ᠠᠱᠢᠭ᠍ᠯᠠᠵᠤ᠂ ᠳᠣᠲᠣᠭᠠᠳᠤ ᠳ᠋ᠠᠭᠠᠨ ᠬᠠᠮᠵᠢᠯᠴᠠᠨ ᠬᠠᠮᠲᠤ᠎ᠪᠠᠷ ᠪᠠᠢᠭᠤᠯᠬᠤ ᠶ᠋ᠢ ᠴᠢᠬᠤᠯᠠᠴᠢᠯᠠᠪᠠ᠃ ᠮᠠᠨ ᠤ᠋ ᠤᠷᠤᠨ ᠦᠨᠳᠦᠰᠦᠲᠡᠨ᠎ᠨᠦᠭᠦᠳ᠎ᠦᠨ ᠵᠠᠯᠠᠭᠤᠴᠤᠳ ᠪᠠᠭᠠᠴᠤᠳ᠎ᠤᠨ ᠰᠣᠯᠢᠯᠴᠠᠭᠠᠨ᠎ᠤ ᠲᠥᠯᠥᠪᠯᠡᠭᠡ᠎ᠶ᠋ᠢ ᠬᠡᠷᠡᠭ᠌ᠵᠢᠭᠦᠯᠬᠦ᠌᠎ᠪᠡᠷ ᠠᠵᠠ ᠲᠣᠬᠢᠶᠠᠯ ᠪᠣᠯᠭᠠᠵᠤ᠂ ᠲᠣᠭ᠍ᠲᠠᠴᠠ᠎ᠶ᠋ᠢ ᠬᠠᠮᠲᠤ᠎ᠪᠠᠷ ᠪᠠᠢᠭᠤᠯᠬᠤ᠂ ᠡᠬᠢ ᠪᠠᠶᠠᠯᠢᠭ᠎ᠢ ᠬᠠᠮᠲᠤ᠎ᠪᠠᠷ ᠡᠳ᠋ᠯᠡᠬᠦ᠌᠂ ᠠᠵᠢᠯᠯᠠᠭ᠎ᠠ᠎ᠶ᠋ᠢ ᠬᠠᠮᠲᠤ᠎ᠪᠠᠷ ᠡᠷᠬᠢᠯᠡᠬᠦ ᠵᠠᠭ᠍ᠪᠤᠷ᠎ᠢ ᠬᠡᠷᠡᠭᠵᠢᠬᠦᠯᠵᠦ᠂ ᠡᠯ᠎ᠡ ᠭᠠᠵᠠᠷ ᠣᠷᠣᠨ᠎ᠤ 《ᠦᠯᠢᠭᠡᠷ᠎ᠲᠡᠶ᠂ ᠡᠬᠢ ᠰᠤᠷᠪᠤᠯᠵᠢ᠎ᠲᠠᠶ》 ᠬᠠᠮᠵᠢᠯᠴᠠᠭᠠᠨ᠎ᠤ ᠲᠣᠭ᠍ᠲᠠᠴᠠ ᠪᠠᠢᠭᠤᠯᠬᠤ᠎ᠶ᠋ᠢ ᠵᠣᠷᠢᠭ᠍ᠵᠢᠭᠤᠯᠤᠨ ᠳᠡᠮᠵᠢᠵᠦ᠍᠂ ᠣᠷᠣᠨ᠎ᠤ ᠳᠣᠲᠣᠷᠠᠬᠢ ᠡᠯ᠎ᠡ ᠭᠠᠵᠠᠷ᠎ᠤᠨ ᠱᠢᠯᠢᠳᠡᠭ ᠡᠬᠢ ᠪᠠᠶᠠᠯᠢᠭ᠎ᠢ ᠰᠠᠢᠳᠤᠷ ᠠᠰᠢᠬᠯᠠᠵᠦ᠂ ᠵᠠᠯᠠᠭᠤᠴᠤᠳ ᠪᠠᠭᠠᠴᠤᠳ᠎ᠲᠤ ᠢᠳᠡᠪᠬᠢ ᠬᠦᠴᠦᠨ ᠣᠯᠭᠣᠬᠤ ᠰᠣᠯᠢᠯᠴᠠᠭᠠᠨ᠎ᠤ ᠠᠵᠢᠯᠯᠠᠭ᠎ᠠ᠎ᠶ᠋ᠢ ᠭᠦᠢᠴᠡᠳ ᠦᠷᠨᠢᠬᠦᠯᠵᠡᠢ᠃

ᠬᠥᠬᠡᠬᠣᠲᠠ᠎ᠶ᠋ᠢᠨ ᠴᠢᠩ ᠱᠦᠶ ᠾᠧ ᠱᠢᠶᠠᠨ ᠪᠠ ᠣᠷᠳᠣᠰ ᠬᠣᠲᠠ᠎ᠶ᠋ᠢᠨ ᠵᠡᠭᠦᠨᠭᠠᠷ ᠬᠣᠱᠢᠭᠤ 《ᠣᠷᠳᠣ ᠴᠠᠭᠠᠨ ᠬᠡᠷᠡᠮ ᠬᠢᠭᠡᠳ ᠬᠠᠲᠤᠨ ᠭᠤᠤᠯ᠎ᠤᠨ ᠠᠭᠤᠯᠵᠠᠯᠳᠠ》 ᠬᠡᠬᠦ ᠦᠨᠳᠦᠰᠦᠲᠡᠨ᠎ᠦ ᠪᠦᠯᠬᠦᠮᠳᠡᠯ᠎ᠦᠨ ᠠᠭᠤᠰᠤᠯᠴᠠᠯ᠎ᠤᠨ ᠠᠭᠤᠯᠤᠭ᠍ᠳᠠᠬᠤᠨ᠎ᠳᠤ ᠲᠦᠱᠢᠭ᠌ᠯᠡᠨ᠂ 《ᠪᠤᠭᠤᠮᠲᠠ ᠪᠠᠷ ᠠᠶᠠᠯᠠᠬᠰᠠᠨ ᠨᠢ》 ᠬᠡᠬᠦ ᠦᠨᠳᠦᠰᠦᠲᠡᠨ᠎ᠦ ᠠᠭᠤᠰᠤᠯᠴᠠᠯ᠎ᠤᠨ ᠦᠯᠢᠭᠡᠷ ᠲᠡᠦᠬᠡ᠎ᠶ᠋ᠢ ᠰᠠᠢᠲᠤᠷ ᠶᠠᠷᠢᠵᠤ᠂ 《ᠨᠢᠭᠡ ᠭᠤᠤᠯ᠎ᠤᠨ ᠬᠣᠶᠠᠷ ᠡᠷᠭᠢ᠎ᠶ᠋ᠢᠨ ᠠᠨᠠᠷ᠎ᠤᠨ ᠴᠡᠴᠡᠬᠡᠰ ᠤᠮᠠᠷᠠᠲᠤ ᠬᠢᠯᠢ ᠳ᠋ᠤ ᠪᠠᠲᠠᠷᠠᠨ ᠲᠠᠯᠬᠡᠷᠠᠨ᠎ᠠ》 ᠬᠡᠬᠦ ᠵᠠᠯᠠᠭᠤᠴᠤᠳ ᠪᠠᠭᠠᠴᠤᠳ᠎ᠤᠨ ᠰᠣᠯᠢᠯᠴᠠᠭ᠎ᠠ ᠬᠠᠮᠲᠤᠷᠠᠯᠴᠠᠭᠠᠨ᠎ᠤ ᠲᠣᠭ᠍ᠲᠠᠴᠠ᠎ᠶ᠋ᠢ ᠪᠠᠢᠭᠤᠯᠪᠠ; ᠬᠥᠯᠥᠨ ᠪᠣᠢᠷ ᠬᠣᠲᠠ 《ᠲᠣᠪᠠ ᠱᠢᠶᠡᠨᠪᠢ ᠡᠮᠦᠨᠡᠰᠢ ᠨᠡᠭᠦᠭ᠌ᠰᠡᠨ》 ᠦᠨᠳᠦᠰᠦᠲᠡᠨ᠎ᠦ ᠠᠭᠤᠰᠤᠯᠴᠠᠯ᠎ᠤᠨ ᠲᠡᠦᠬᠡᠨ ᠪᠣᠳᠠᠲᠤ ᠪᠠᠢᠳᠠᠯ᠎ᠳᠤ ᠲᠦᠱᠢᠭ᠌ᠯᠡᠨ᠂ ᠬᠥᠬᠡᠬᠣᠲᠠ ᠤᠯᠠᠭᠠᠨᠴᠠᠪ ᠬᠣᠲᠠ᠎ᠯᠤᠭ᠎ᠠ ᠵᠢᠨ ᠬᠠᠮᠵᠢᠯᠴᠠᠭ᠎ᠠ᠎ᠪᠠᠨ ᠭᠦᠨᠵᠡᠭᠡᠢᠷᠡᠭᠦᠯᠵᠦ᠍᠂ ᠬᠠᠮᠢᠶ᠎ᠠ ᠪᠥᠬᠥᠶ ᠰᠤᠳᠤᠯᠤᠨ ᠰᠤᠷᠤᠯᠴᠠᠬᠤ ᠠᠵᠢᠯᠯᠠᠭ᠎ᠠ᠎ᠶ᠋ᠢ ᠵᠣᠬᠢᠶᠠᠨ ᠪᠠᠢᠭᠤᠯᠤᠨ ᠥᠷᠨᠢᠭᠦᠯᠵᠠᠢ; ᠬᠥᠬᠡᠬᠣᠲᠠ᠂ ᠪᠤᠭᠤᠲᠤ᠂ ᠤᠯᠠᠭᠠᠨᠴᠠᠪ᠂ ᠠᠯᠠᠱᠠ ᠠᠢᠮᠠᠭ ᠳᠥᠷᠪᠡᠨ ᠭᠠᠵᠠᠷ ᠣᠷᠣᠨ 《ᠵᠣᠣ ᠵᠢᠶᠦ᠋ᠨ ᠪᠤᠭᠤᠮᠳᠠ ᠵᠢᠨ ᠭᠠᠳᠠᠨ᠎ᠠ ᠮᠤᠷᠲᠠᠭᠰᠠᠨ ᠨᠢ》᠂ 《ᠰᠡᠳᠭᠢᠯ ᠨᠢᠭᠡᠳᠦᠨ ᠬᠦᠴᠦ᠍᠎ᠪᠡᠨ ᠬᠠᠮᠲᠤᠳᠭᠠᠵᠤ ᠪᠤᠭᠤᠲᠤ᠎ᠶ᠋ᠢᠨ ᠪᠣᠯᠣᠳ ᠲᠡᠮᠦᠷ᠎ᠦᠨ ᠪᠦᠯᠦᠭ᠌ᠯᠡᠯ᠎ᠢ ᠪᠠᠢᠭᠤᠯᠤᠭ᠍ᠰᠠᠨ᠎ᠨᠢ》᠂ 《ᠭᠤᠷᠪᠠᠨ ᠮᠢᠩᠭᠠᠨ ᠥᠨᠥᠴᠢᠨ ᠬᠡᠦᠬᠡᠳ᠎ᠢ ᠥᠪᠥᠷ ᠮᠣᠩᠭᠣᠯ᠎ᠦᠷᠡᠴᠢᠯᠠᠨ ᠲᠠᠵᠢᠬᠡᠭᠰᠠᠨ ᠨᠢ》᠂ 《ᠬᠠᠮᠤᠭ᠎ᠤᠨ ᠭᠣᠶᠣ ᠮᠠᠯᠵᠢᠯ᠎ᠤᠨ ᠲᠠᠯᠠᠪᠠᠶ ᠪᠠᠨ ᠰᠠᠨᠰᠠᠷ᠎ᠤᠨ ᠠᠶᠠᠯᠠᠯ ᠳ᠋ᠤ ᠵᠤᠷᠢᠭᠤᠯᠤᠭᠰᠠᠨ ᠨᠢ》 ᠵᠡᠷᠭᠡ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢᠨ ᠥᠯᠢᠭᠡᠷ᠎ᠢᠶᠡᠷ ᠰᠡᠳᠦᠪ ᠪᠣᠯᠭᠠᠵᠤ᠂ ᠡᠪᠦᠯ ᠵᠣᠨ᠎ᠤ ᠠᠮᠠᠷᠠᠯᠲᠠ᠎ᠶ᠋ᠢᠨ ᠬᠤᠭᠤᠴᠠᠭᠠᠨ᠎ᠳᠤ ᠦᠨᠳᠦᠰᠦᠲᠡᠨ᠎ᠨᠦᠭᠦᠳ᠎ᠦᠨ ᠵᠠᠯᠠᠭᠤᠴᠤᠳ ᠪᠠᠭᠠᠴᠤᠳ᠎ᠢ ᠵᠣᠬᠢᠶᠠᠨ ᠪᠠᠢᠭᠤᠯᠵᠤ ᠲᠤᠬᠠᠶ᠎ᠶ᠋ᠢᠨ ᠭᠠᠵᠠᠷ᠎ᠲᠤᠨᠢ ᠰᠤᠳᠤᠯᠤᠨ ᠰᠤᠷᠤᠯᠴᠠᠬᠤ ᠠᠵᠢᠯᠯᠠᠭ᠎ᠠ ᠵᠢ᠎ᠢᠳᠡᠪᠬᠢᠳᠡᠢ ᠥᠷᠨᠢᠭᠦᠯᠵᠠᠢ; ᠬᠥᠯᠥᠨ ᠪᠣᠢᠷ ᠬᠣᠲᠠ᠂ ᠬᠢᠩᠭᠠᠨ ᠠᠢᠮᠠᠭ 《ᠤᠯᠠᠭᠠᠨ ᠪᠥᠴᠡᠲᠡᠨ ᠡᠬᠡ ᠤᠯᠤᠰ᠎ᠢᠶᠠᠨ ᠬᠠᠢᠷᠠᠯᠠᠵᠤ ᠭᠠᠷ ᠬᠣᠯᠪᠣᠯᠴᠠᠨ ᠬᠢᠯᠢ᠎ᠪᠡᠷ ᠠᠶᠠᠯᠠᠬᠤ》 ᠠᠵᠢᠯᠯᠠᠭ᠎ᠠ᠎ᠶ᠋ᠢ ᠪᠠᠢᠩᠭᠤ ᠥᠷᠨᠢᠭᠦᠯᠪᠡ; ᠦᠬᠠᠶ ᠬᠣᠲᠠ ᠪᠠ ᠪᠠᠶᠠᠨᠨᠠᠭᠤᠷ ᠬᠣᠲᠠ 《ᠵᠠᠯᠠᠭᠤᠴᠤᠳ ᠪᠠᠭᠠᠴᠤᠳ ᠭᠠᠷ ᠬᠣᠯᠪᠣᠯᠴᠠᠨ ᠦᠶ᠋ᠯᠡᠳᠦᠯᠭᠡᠵᠢᠭᠦᠯᠬᠦ᠌ ᠬᠤᠸᠠᠷᠠᠨ》 ᠤ᠋ ᠬᠠᠮᠲᠤᠷᠠᠯᠴᠠᠭᠠᠨ᠎ᠤ ᠲᠣᠭ᠍ᠲᠠᠴᠠ᠎ᠶ᠋ᠢ ᠪᠠᠢᠭᠤᠯᠵᠤ᠂《ᠠᠨᠠᠷ᠎ᠤᠨ ᠦᠷ᠎ᠡ ᠪᠡᠷ ᠢᠵᠢᠯᠢ ᠲᠥᠪᠲᠦ ᠲᠣᠭᠣᠷᠢᠭ᠎ᠢ ᠬᠠᠮᠲᠤ᠎ᠪᠠᠷ ᠵᠢᠷᠤᠭ᠍ᠯᠠᠬᠤ》 ᠠᠵᠢᠯᠯᠠᠭ᠎ᠠ᠎ᠶ᠋ᠢ ᠪᠠᠢᠩᠭᠤ ᠥᠷᠨᠢᠭᠦᠯᠵᠦ᠍᠂ 7000 ᠭᠠᠷᠤᠶ ᠬᠥᠮᠦᠨ ᠤᠳᠠᠭ᠎ᠠ ᠠᠵᠢᠯᠯᠠᠭ᠎ᠠ᠎ᠳᠤ ᠣᠷᠣᠯᠴᠠᠪᠠ᠃

ᠢᠲᠠᠪᠬᠢᠲᠠᠢ ᠪᠠᠷ 《ᠭᠠᠷᠴᠦ ᠶᠠᠪᠤᠨ》᠂ ᠮᠤᠵᠢ ᠣᠷᠣᠨ ᠠᠯᠤᠰᠯᠠᠭᠰᠠᠨ ᠬᠠᠮᠲᠤᠷᠠᠯᠴᠠᠭ᠎ᠠ ᠰᠤᠯᠢᠯᠴᠠᠭ᠎ᠠ᠎ᠶᠢ ᠠᠬᠢᠭᠤᠯᠪᠠ᠃ ᠮᠠᠨ ᠤ᠋ ᠤᠷᠤᠨ ᠡᠯ᠎ᠡ ᠭᠠᠵᠠᠷ ᠣᠷᠣᠨ᠎ᠤ ᠬᠢᠨ ᠰᠠᠨᠠᠭᠠᠴᠢᠯᠠᠭ᠎ᠠ᠎ᠠᠴᠠ᠎ᠪᠠᠨ ᠪᠤᠰᠤᠳ ᠮᠤᠵᠢ ᠣᠷᠣᠨ᠎ᠤ ᠬᠠᠮᠢᠶ᠎ᠠ ᠪᠥᠬᠥᠶ ᠭᠠᠵᠠᠷ ᠣᠷᠣᠨ᠎ᠯᠤᠭ᠎ᠠ ᠵᠠᠯᠠᠭᠤᠴᠤᠳ ᠪᠠᠭᠠᠴᠤᠳ᠎ᠤᠨ ᠲᠥᠯᠥᠪᠯᠡᠭᠡ᠎ᠪᠡᠷ ᠬᠠᠮᠵᠢᠯᠴᠠᠨ ᠰᠣᠯᠢᠯᠴᠠᠬᠤ ᠲᠣᠭ᠍ᠲᠠᠴᠠ ᠥᠷᠨᠢᠭᠦᠯᠬᠦ᠌᠎ᠶ᠋ᠢ ᠢᠳᠡᠪᠬᠢᠲᠡᠶ ᠳᠥᠯᠭᠢᠨ ᠠᠬᠢᠭᠤᠯᠵᠤ᠂ ᠥᠪᠡᠷᠲᠡᠭᠡᠨ ᠵᠠᠰᠠᠬᠤ ᠣᠷᠣᠨ  ᠵᠢᠱ᠌ᠢᠶ᠎ᠡ ᠦᠵᠡᠭᠦᠯᠦᠨ ᠳᠠᠢᠴᠢᠯᠠᠬᠤ᠂ ᠠᠢᠮᠠᠭ ᠬᠣᠲᠠ ᠪᠥᠬᠥ᠌ ᠲᠠᠯ᠎ᠠ᠎ᠪᠠᠷ ᠳᠥᠯᠭᠢᠨ ᠠᠬᠢᠭᠤᠯᠬᠤ᠂ ᠬᠣᠱᠢᠭᠤ ᠱᠢᠶᠠᠨ ᠬᠣᠲᠠ ᠲᠣᠭᠣᠷᠢᠭ᠎ᠤᠨ ᠭᠤᠤᠯᠳᠠᠯᠭ᠎ᠠ᠎ᠲᠠᠶ ᠱᠢᠨ᠎ᠡ᠎ᠶ᠋ᠢ ᠡᠭᠦᠳᠬᠦ᠌ ᠠᠵᠢᠯ᠎ᠤᠨ ᠠᠯᠬᠤᠮ ᠳᠠᠷᠠᠭ᠎ᠠ᠎ᠪᠠᠷ ᠳᠠᠮᠵᠢᠨ᠂ ᠦᠪᠤᠷ ᠮᠤᠡᠭᠭᠤᠯ ᠬᠢᠭᠡᠳ ᠪᠤᠰᠤᠳ ᠮᠤᠵᠢ ᠣᠷᠣᠨ᠎ᠯᠤᠭ᠎ᠠ᠎ᠶ᠋ᠢᠨ ᠵᠠᠯᠠᠭᠤᠴᠤᠳ ᠪᠠᠭᠠᠴᠤᠳ᠎ᠤᠨ ᠰᠣᠯᠢᠯᠴᠠᠭᠠᠨ᠎ᠤ ᠠᠵᠢᠯᠯᠠᠭ᠎ᠠ᠎ᠶ᠋ᠢ ᠭᠦᠨᠵᠡᠭᠡᠢᠷᠡᠭᠦᠯᠬᠦ᠌ 《ᠠᠵᠢᠯ᠎ᠤᠨ ᠰᠦᠯᠵᠢᠶ᠎ᠡ》 ᠶ᠋ᠢ ᠪᠠᠢᠭᠤᠯᠪᠠ᠃

ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠦ ᠬᠡᠷᠡᠭ ᠡᠷᠭᠢᠯᠡᠬᠦ᠌ ᠵᠥᠪᠯᠡᠯ᠎ᠤᠨ ᠬᠢᠨ ᠪᠡᠭᠡᠵᠢᠩ᠂ ᠭᠤᠸᠠᠩᠰᠢ᠂ ᠬᠤᠪᠸᠢ ᠵᠡᠷᠭᠡ ᠭᠠᠵᠠᠷ ᠣᠷᠣᠨ᠎ᠯᠤᠭ᠎ᠠ ᠲᠣᠰ ᠲᠣᠰ ᠣᠷᠳᠣ ᠬᠤᠭᠤᠴᠠᠭ᠎ᠠ ᠬᠠᠮᠵᠢᠯᠴᠠᠬᠤ ᠪᠦᠲᠦᠮᠵᠢᠲᠡᠶ ᠲᠣᠭ᠍ᠲᠠᠴᠠ᠎ᠶ᠋ᠢ ᠪᠠᠢᠭᠤᠯᠵᠤ᠂ 《ᠦᠨᠳᠦᠰᠦᠲᠡᠨ᠎ᠨᠦᠭᠦᠳ᠎ᠦᠨ ᠵᠠᠯᠠᠭᠤ ᠰᠤᠷᠪᠤᠯᠵᠢᠯᠠᠭ᠍ᠴᠢ ᠥᠪᠥᠷ ᠮᠣᠩᠭᠣᠯ᠎ᠤᠨ ᠴᠢᠨᠠᠷ ᠰᠠᠢᠲᠠᠶ ᠬᠥᠭ᠌ᠵᠢᠯᠲᠡ᠎ᠶ᠋ᠢ ᠬᠠᠷᠠᠬᠤᠢ》᠂ 《ᠪᠡᠭᠡᠵᠢᠩ ᠥᠪᠥᠷ ᠮᠣᠩᠭᠣᠯ᠎ᠤᠨ ᠦᠵᠡᠯ ᠰᠠᠨᠠᠭ᠎ᠠ ᠤᠯᠤᠰ ᠲᠥᠷᠥ᠎ᠶ᠋ᠢᠨ ᠵᠠᠯᠠᠭᠤ ᠪᠠᠭ᠍ᠰᠢ ᠨᠠᠷ᠎ᠤᠨ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠤᠢᠯᠠᠭᠠᠯᠲᠠ》᠂ 《ᠥᠪᠥᠷ ᠮᠣᠩᠭᠣᠯ᠎ᠤᠨ ᠵᠠᠯᠠᠭᠤᠴᠤᠳ ᠪᠠᠭᠠᠴᠤᠳ ᠵᠣᠣ ᠵᠢᠶᠦ᠋ᠨ᠎ᠦ ᠨᠤᠲᠤᠭ᠎ᠢᠶᠠᠷ ᠵᠤᠭᠠᠴᠠᠨ ᠲᠣᠭᠣᠷᠢᠵᠤ ᠦᠨᠳᠦᠰᠦᠲᠡᠨ᠎ᠦ ᠪᠦᠯᠬᠦᠮᠳᠡᠯ᠎ᠦᠨ ᠵᠣᠷᠢᠭ ᠰᠠᠨᠠᠭ᠎ᠠ᠎ᠶ᠋ᠢ ᠣᠢᠯᠠᠭᠠᠬᠤ》᠂ 《ᠴᠠᠶ᠎ᠪᠠᠷ ᠠᠭᠤᠰᠤᠯᠴᠠᠯ᠎ᠢ ᠠᠬᠢᠭᠤᠯᠬᠤ ᠤᠮᠠᠷᠠᠲᠤ ᠬᠢᠯᠢ᠎ᠶ᠋ᠢᠨ ᠠᠶᠠᠯᠠᠯ》 ᠵᠡᠷᠭᠡ ᠠᠵᠢᠯᠯᠠᠭ᠎ᠠ᠎ᠶ᠋ᠢ ᠵᠣᠬᠢᠶᠠᠨ ᠪᠠᠢᠭᠤᠯᠤᠨ ᠥᠷᠨᠢᠭᠦᠯᠪᠡ᠃ ᠡᠯ᠎ᠡ ᠦᠨᠳᠦᠰᠦᠲᠡᠨ᠎ᠦ ᠵᠠᠯᠠᠭᠤᠴᠤᠳ ᠪᠠᠭᠠᠴᠤᠳ᠎ᠤᠨ ᠰᠣᠯᠢᠯᠴᠠᠭᠠᠨ᠎ᠤ ᠲᠥᠯᠥᠪᠯᠡᠭᠡ᠎ᠶ᠋ᠢ ᠬᠡᠷᠡᠭ᠌ᠵᠢᠭᠦᠯᠦᠭ᠌ᠰᠡᠨ᠎ᠡᠴᠡ ᠨᠠᠭᠠᠰᠢ᠂ ᠡᠯ᠎ᠡ ᠭᠠᠵᠠᠷ ᠣᠷᠣᠨ ᠣᠷᠣᠨ᠎ᠤ ᠭᠠᠳᠠᠨᠠᠬᠢ ᠬᠠᠮᠢᠶ᠎ᠠ ᠪᠥᠬᠥᠶ ᠭᠠᠵᠠᠷ ᠣᠷᠣᠨ᠎ᠯᠤᠭ᠎ᠠ ᠰᠠᠨᠠᠭᠠᠴᠢᠯᠠᠭ᠎ᠠ᠎ᠠᠴᠠ᠎ᠪᠠᠨ 《ᠲᠦᠷᠦᠯ ᠲᠠᠮᠳᠡᠭ ᠤ᠋ᠨ ᠮᠠᠶᠢᠭ》 ᠤ᠋ᠨ ᠰᠣᠯᠢᠯᠴᠠᠭᠠᠨ᠎ᠤ ᠲᠣᠭ᠍ᠲᠠᠴᠠ᠎ᠶ᠋ᠢ 661 ᠪᠠᠢᠭᠤᠯᠵᠤ᠂ ᠵᠠᠯᠠᠭᠤᠴᠤᠳ ᠪᠠᠭᠠᠴᠤᠳ᠎ᠤᠨ ᠰᠣᠯᠢᠯᠴᠠᠭᠠᠨ᠎ᠤ ᠠᠵᠢᠯᠯᠠᠭ᠎ᠠ᠎ᠶ᠋ᠢ ᠨᠠᠡᠭ 《ᠨᠠᠷ᠎ᠠ ᠲᠦᠷᠦ》 ᠲᠠᠢ ᠪᠣᠯᠭᠠᠪᠠ᠃

ᠬᠥᠬᠡᠬᠣᠲᠠ ᠬᠤᠪᠸᠢ ᠮᠤᠵᠢ᠎ᠶ᠋ᠢᠨ ᠢᠴᠠᠩ ᠬᠣᠲᠠ᠎ᠯᠤᠭ᠎ᠠ 《ᠥᠪᠥᠷ ᠮᠣᠩᠭᠣᠯ ᠬᠤᠪᠸᠢ ᠵᠢᠨ ᠵᠠᠯᠠᠭᠤᠴᠤᠳ ᠪᠠᠭᠠᠴᠤᠳ ᠳᠠᠬᠢᠨ ᠵᠣᠣ ᠵᠢᠶᠦ᠋ᠨ ᠪᠤᠭᠤᠮᠳᠠ ᠵᠢᠨ ᠭᠠᠳᠠᠨ᠎ᠠ ᠮᠤᠷᠳᠠᠬᠰᠠᠨ ᠵᠠᠮ᠎ᠢᠶᠠᠷ ᠵᠠᠮᠨᠠᠬᠤ》 ᠦᠶ᠋ᠯᠡᠳᠦᠯᠭᠡ᠎ᠶ᠋ᠢᠨ ᠠᠵᠢᠯᠯᠠᠭ᠎ᠠ᠎ᠶ᠋ᠢ 1200 ᠭᠠᠷᠤᠶ ᠲᠠᠯᠠᠪᠠᠶ ᠤᠳᠠᠭ᠎ᠠ ᠥᠷᠨᠢᠭᠦᠯᠵᠠᠢ; ᠪᠤᠭᠤᠲᠤ ᠬᠣᠲᠠ ᠱᠠᠩᠬᠠᠶ ᠬᠣᠲᠠ᠎ᠯᠤᠭ᠎ᠠ 《ᠪᠠᠲᠤ ᠴᠤᠭᠴᠠᠯᠠᠬᠤ》 ᠭᠤᠤᠯ ᠰᠡᠳᠦᠪᠲᠦ ᠬᠥᠮᠦᠵᠢᠯ᠎ᠦᠨ ᠬᠠᠮᠲᠤᠷᠠᠯᠴᠠᠭᠠᠨ᠎ᠤ ᠵᠥᠪᠯᠡᠯᠴᠡᠭᠡᠷ ᠲᠣᠭ᠍ᠲᠠᠵᠤ᠂ ᠦᠨᠳᠦᠰᠦᠲᠡᠨ᠎ᠨᠦᠭᠦᠳ᠎ᠦᠨ 10 ᠲᠦᠮᠡ ᠭᠠᠷᠤᠶ ᠪᠠᠭ᠍ᠰᠢ ᠰᠤᠷᠤᠭ᠍ᠴᠢᠳ᠎ᠲᠤ ᠠᠱᠢᠭ ᠬᠦᠷᠲᠡᠭᠡᠪᠡ; ᠤᠯᠠᠭᠠᠨᠴᠠᠪ ᠬᠣᠲᠠ᠂ ᠪᠠᠶᠠᠨᠨᠠᠭᠤᠷ ᠬᠣᠲᠠ ᠪᠡᠭᠡᠵᠢᠩ᠎ᠦᠨ ᠡᠯ᠎ᠡ ᠭᠠᠵᠠᠷ᠎ᠤᠨ ᠡᠯ᠎ᠡ ᠲᠥᠷᠥᠯ᠎ᠦᠨ ᠰᠤᠷᠭᠠᠭᠤᠯᠢ᠎ᠯᠤᠭ᠎ᠠ 27 ᠬᠠᠮᠢᠶ᠎ᠠ ᠪᠥᠬᠥᠶ ᠬᠡᠯᠡᠯᠴᠡᠭᠡᠷ ᠳᠤᠬᠳᠠᠵᠠᠢ; ᠬᠢᠩᠭᠠᠨ ᠠᠢᠮᠠᠭ ᠬᠢᠭᠡᠳ ᠭᠤᠸᠠᠩᠰᠢ᠎ᠶ᠋ᠢᠨ ᠭᠦᠢᠯᠢᠨ ᠬᠤᠳᠠ 《ᠠᠭᠤᠯᠠ ᠤᠰᠤ᠎ᠪᠠᠷ᠎ᠢᠶᠠᠨ ᠵᠣᠯᠭᠠᠵᠤ ᠰᠡᠳᠭᠢᠯ ᠨᠢᠭᠡᠳᠦᠨ ᠬᠦᠰᠡᠯ ᠵᠡᠭᠦᠳᠦ᠍᠎ᠪᠡᠨ ᠲᠡᠷᠭᠡᠯᠱᠢᠭᠦᠯᠬᠦ᠌》 ᠲᠦᠭ ᠲᠦᠮᠡᠨ ᠵᠠᠯᠠᠭᠤᠴᠤᠳ ᠪᠠᠭᠠᠴᠤᠳ᠎ᠤᠨ ᠰᠣᠯᠢᠯᠴᠠᠭᠠᠨ᠎ᠤ ᠠᠵᠢᠯᠯᠠᠭ᠎ᠠ ᠥᠷᠨᠢᠭᠦᠯᠬᠦ᠌ ᠪᠦᠳᠦᠭᠦᠪᠴᠢ ᠵᠥᠪᠯᠡᠯᠴᠡᠭᠡᠷ ᠲᠣᠭ᠍ᠲᠠᠵᠠᠢ; ᠣᠷᠳᠣᠰ ᠬᠣᠲᠠ ᠪᠠ ᠵᠢᠶᠠᠩᠰᠦ ᠮᠤᠵᠢ᠎ᠶ᠋ᠢᠨ ᠨᠠᠨᠵᠢᠩ ᠬᠣᠲᠠ 《ᠨᠠᠨᠵᠢᠩ᠎ᠤᠨ ᠰᠡᠬᠡᠭᠡᠲᠡᠨ ᠵᠠᠯᠠᠭᠤᠴᠤᠳ᠎ᠤᠨ ᠵᠠᠮ᠎ᠢᠶᠠᠷ ᠳᠠᠬᠢᠨ ᠠᠶᠠᠯᠠᠬᠤ》 ᠵᠡᠷᠭᠡ ᠵᠠᠯᠠᠭᠤᠴᠤᠳ ᠪᠠᠭᠠᠴᠤᠳ᠎ᠤᠨ ᠰᠣᠯᠢᠯᠴᠠᠭᠠᠨ᠎ᠤ ᠠᠵᠢᠯᠯᠠᠭ᠎ᠠ᠎ᠶ᠋ᠢ ᠵᠣᠬᠢᠶᠠᠨ ᠪᠠᠢᠭᠤᠯᠤᠨ ᠥᠷᠨᠢᠭᠦᠯᠪᠡ; ᠠᠯᠠᠱᠠ ᠠᠢᠮᠠᠭ᠂ ᠦᠬᠠᠶ ᠬᠣᠲᠠ ᠨᠢᠩᠱᠢᠶᠠ᠎ᠶ᠋ᠢᠨ ᠢᠷᠭᠠᠶ ᠬᠣᠲᠠ᠎ᠲᠠᠶ 《ᠥᠪᠥᠷ ᠮᠣᠩᠭᠣᠯ ᠨᠢᠩᠱᠢᠶᠠ᠎ᠶ᠋ᠢᠨ ᠵᠠᠯᠠᠭᠤᠴᠤᠳ ᠪᠠᠭᠠᠴᠤᠳ ᠭᠠᠷ ᠭᠠᠷ᠎ᠢᠶᠠᠨ ᠬᠣᠯᠪᠣᠯᠴᠠᠬᠤ》 ᠣᠷᠣᠨ ᠪᠦᠰᠡ᠎ᠶ᠋ᠢᠨ ᠰᠣᠯᠢᠯᠴᠠᠭᠠᠨ᠎ᠤ ᠠᠵᠢᠯᠯᠠᠭ᠎ᠠ᠎ᠶ᠋ᠢᠨ ᠲᠥᠷᠥᠯ ᠲᠡᠮᠳᠡᠭ᠎ᠢ ᠪᠠᠢᠭᠤᠯᠵᠤ᠂ 3.78 ᠲᠦᠮᠡᠨ ᠬᠥᠮᠦᠨ ᠤᠳᠠᠭ᠎ᠠ ᠵᠢᠨ ᠵᠠᠯᠠᠭᠤᠴᠤᠳ ᠪᠠᠭᠠᠴᠤᠳ᠎ᠢ  ᠬᠠᠮᠤᠷᠴᠤ᠌᠂ ᠦᠨᠳᠦᠰᠦᠲᠡᠨ ᠨᠤᠭᠦᠳ᠎ᠦᠨ ᠵᠠᠯᠠᠭᠤᠴᠤᠳ ᠪᠠᠭᠠᠴᠤᠳ ᠳᠤᠮᠳᠠᠳᠤ᠎ᠶ᠋ᠢᠨ ᠦᠨᠳᠦᠰᠦᠲᠡᠨ᠎ᠦ ᠪᠣᠰᠴᠤ᠌ ᠵᠣᠭ᠍ᠰᠣᠭ᠍ᠰᠠᠨ᠂ ᠪᠠᠶᠠᠵᠢᠨ ᠴᠢᠨᠡᠭᠡᠯᠢᠭ᠌ᠵᠢᠭ᠌ᠰᠡᠨ᠎ᠡᠴᠡ ᠬᠦᠴᠦᠷᠬᠡᠭ᠌ᠵᠢᠭ᠌ᠰᠡᠨ ᠬᠦᠷᠲᠡᠯᠡᠬᠢ ᠥᠷᠭᠡᠨ ᠠᠭᠤᠳᠠᠮ ᠲᠠᠪᠴᠠᠩ᠎ᠢ ᠢᠳᠡᠪᠬᠢᠲᠡᠶ ᠡᠭᠦᠳᠴᠠᠢ᠃

《ᠡᠭᠦᠯᠡᠨ ᠰᠣᠯᠢᠯᠴᠠᠭ᠎ᠠ》 ᠶ᠋ᠢᠨ ᠱᠢᠨ᠎ᠡ᠎ᠶ᠋ᠢ ᠡᠭᠦᠳᠴᠦ᠂ ᠰᠤᠯᠢᠯᠴᠠᠭᠠᠨ᠎ᠤ ᠠᠵᠢᠯᠯᠠᠭ᠎ᠠ᠎ᠶᠢ ᠪᠦᠲᠦᠮᠵᠢᠲᠡᠶ ᠥᠷᠭᠡᠳᠭᠡᠪᠡ᠃ ᠮᠠᠨ ᠤ᠋ ᠤᠷᠤᠨ ᠦᠨᠳᠦᠰᠦᠲᠡᠨ᠎ᠨᠦᠭᠦᠳ᠎ᠦᠨ ᠵᠠᠯᠠᠭᠤᠴᠤᠳ ᠪᠠᠭᠠᠴᠤᠳ᠎ᠲᠤ 《ᠡᠭᠦᠯᠡᠨ ᠰᠣᠯᠢᠯᠴᠠᠭ᠎ᠠ》 ᠶ᠋ᠢᠨ ᠲᠠᠪᠴᠠᠩ᠎ᠢ ᠢᠳᠡᠪᠬᠢᠲᠡᠶ ᠪᠠᠢᠭᠤᠯᠵᠤ᠂ ᠰᠣᠯᠢᠯᠴᠠᠠ ᠨᠥᠬᠥᠷᠯᠡᠬᠦ᠌ ᠠᠵᠢᠯᠯᠠᠭ᠎ᠠ ᠵᠢ ᠢᠳᠡᠪᠬᠢᠳᠡᠢ ᠦᠷᠨᠢᠬᠦᠯᠵᠦ᠂ ᠦᠷᠭᠡᠨ ᠤᠯᠠᠨ ᠵᠠᠯᠠᠭᠤᠴᠤᠳ ᠪᠠᠭᠠᠴᠤᠳ᠎ᠢ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠭᠤᠤᠯ ᠰᠡᠳᠦᠪᠲᠦ ᠦᠶ᠋ᠯᠡᠳᠦᠯᠭᠡ᠎ᠳᠦ ᠣᠷᠣᠯᠴᠠᠭᠤᠯᠪᠠ᠃

ᠬᠥᠬᠡᠬᠣᠲᠠ᠎ᠶ᠋ᠢᠨ ᠴᠢᠩ ᠱᠦᠶ ᠾᠧ ᠱᠢᠶᠠᠨ ᠬᠢᠭᠡᠳ ᠱᠠᠨᠳᠦ᠋ᠩ ᠮᠤᠵᠢ᠎ᠶ᠋ᠢᠨ ᠳ᠋ᠠᠨ ᠱᠢᠶᠠᠨ 《ᠦᠨᠳᠦᠰᠦᠲᠡᠨ᠎ᠦ ᠲᠥᠷᠥ᠎ᠶ᠋ᠢᠨ ᠪᠣᠳᠣᠯᠭ᠎ᠠ᠎ᠶ᠋ᠢᠨ ᠤᠬᠠᠭᠤᠯᠭ᠎ᠠ᠎ᠶ᠋ᠢᠨ ᠰᠠᠷ᠎ᠠ》 ᠶ᠋ᠢᠨ ᠬᠤᠭᠤᠴᠠᠭᠠᠨ᠎ᠳᠤ ᠵᠠᠯᠠᠭᠤᠴᠤᠳ ᠪᠠᠭᠠᠴᠤᠳ᠎ᠤᠨ ᠡᠭᠦᠯᠡᠨ ᠰᠣᠯᠢᠯᠴᠠᠭᠠᠨ᠎ᠤ ᠠᠵᠢᠯᠯᠠᠭ᠎ᠠ ᠥᠷᠨᠢᠭᠦᠯᠵᠦ᠍᠂ ᠬᠣᠶᠠᠷ ᠭᠠᠵᠠᠷ᠎ᠤᠨ 2000 ᠭᠠᠷᠤᠶ ᠵᠠᠯᠠᠭᠤᠴᠤᠳ ᠪᠠᠭᠠᠴᠤᠳ ᠬᠠᠮᠳᠤ ᠪᠠᠷ ᠤᠯᠤᠰ᠎ᠤᠨ ᠰᠦᠯᠳᠡ ᠳᠠᠭᠤᠤ᠎ᠶ᠋ᠢ ᠳᠠᠭᠤᠯᠠᠬᠤ ᠵᠡᠷᠭᠡ ᠣᠨᠴᠠᠯᠢᠭ᠍ᠲᠤ ᠠᠵᠢᠯᠯᠠᠭ᠎ᠠ ᠥᠷᠨᠢᠭᠦᠯᠪᠡ; ᠬᠥᠬᠡᠬᠣᠲᠠ᠎ᠶ᠋ᠢᠨ ᠰᠠᠢᠬᠠᠨ ᠲᠣᠭᠣᠷᠢᠭ ᠭᠤᠸᠠᠩᠰᠢ᠎ᠶ᠋ᠢᠨ ᠪᠢᠨᠶᠠᠩ ᠱᠢᠶᠠᠨ᠎ᠲᠠᠶ 《ᠭᠠᠷ ᠭᠠᠷ᠎ᠢᠶᠠᠨ ᠬᠣᠯᠪᠣᠯᠴᠠᠨ ᠰᠡᠳᠭᠢᠯ ᠵᠢᠷᠦᠬᠡ᠎ᠪᠡᠨ ᠬᠣᠯᠪᠣᠬᠤ》 ᠵᠠᠯᠠᠭᠤᠴᠤᠳ ᠪᠠᠭᠠᠴᠤᠳ᠎ᠤᠨ ᠡᠭᠦᠯᠡᠨ ᠰᠣᠯᠢᠯᠴᠠᠭᠠᠨ᠎ᠤ ᠠᠵᠢᠯᠯᠠᠭ᠎ᠠ᠎ᠶ᠋ᠢᠨ ᠲᠣᠭ᠍ᠲᠠᠴᠠ᠎ᠶ᠋ᠢ ᠪᠠᠢᠭᠤᠯᠵᠤ᠂ ᠭᠣᠣᠯ ᠰᠡᠳᠦᠪᠲᠦ ᠠᠵᠢᠯᠯᠠᠭ᠎ᠠ ᠥᠷᠨᠢᠭᠦᠯᠵᠦ᠍᠂ ᠬᠣᠶᠠᠷ ᠭᠠᠵᠠᠷ᠎ᠤᠨ 4500 ᠭᠠᠷᠤᠢ ᠵᠠᠯᠠᠭᠤᠴᠤᠳ ᠪᠠᠭᠠᠴᠤᠳ᠎ᠢ ᠬᠠᠮᠤᠷᠴᠠᠢ; ᠬᠥᠯᠥᠨ ᠪᠣᠢᠷ ᠬᠣᠲᠠ᠂ ᠱᠢᠯᠢ᠎ᠶ᠋ᠢᠨ ᠭᠤᠤᠯ ᠠᠢᠮᠠᠭ ᠵᠡᠷᠭᠡ ᠭᠠᠵᠠᠷ ᠣᠷᠣᠨ ᠲᠥᠪᠡᠳ᠎ᠯᠦᠭᠡ ᠡᠭᠦᠯᠡᠨ ᠰᠣᠯᠢᠯᠴᠠᠭᠠᠨ᠎ᠤ ᠲᠣᠭ᠍ᠲᠠᠴᠠ ᠪᠠᠢᠭᠤᠯᠵᠤ᠂ ᠰᠦᠯᠵᠢᠶᠡᠨ ᠳᠡᠭᠡᠷ᠎ᠡ 《ᠵᠢᠵᠢᠭ ᠠᠨᠠᠷ᠎ᠤᠨ ᠦᠷ᠎ᠡ ᠳᠤᠮᠳᠠᠳᠤ᠎ᠶ᠋ᠢᠨ ᠬᠠᠢᠷ᠎ᠠ ᠰᠡᠳᠭᠢᠯᠭᠡ》᠂ 《ᠠᠩᠭᠢ᠎ᠶ᠋ᠢᠨ ᠲᠣᠭ᠎ᠢᠶᠠᠨ ᠥᠨᠳᠥᠷ ᠮᠠᠨᠳᠤᠭᠤᠯᠤᠨ ᠨᠠᠮ᠎ᠢᠶᠠᠨ ᠳᠠᠭᠠᠵᠤ ᠱᠢᠨ᠎ᠡ ᠴᠠᠭ ᠦᠶ᠎ᠡ᠎ᠶ᠋ᠢᠨ ᠰᠠᠢᠨ ᠬᠤᠰᠢᠭᠤᠴᠢ ᠠᠩᠬᠢ ᠵᠢᠨ ᠭᠡᠱᠢᠭᠦᠨ ᠪᠣᠯᠬᠤ᠎ᠪᠠᠷ ᠴᠢᠷᠮᠠᠢᠬᠤ》 ᠭᠤᠤᠯ ᠰᠡᠳᠦᠪᠲᠦ ᠠᠩᠭᠢ᠎ᠶ᠋ᠢᠨ ᠬᠤᠷᠠᠯ᠎ᠢ ᠥᠷᠨᠢᠭᠦᠯᠪᠡ; ᠤᠯᠠᠭᠠᠨᠬᠠᠳᠠ ᠬᠣᠲᠠ᠎ᠶ᠋ᠢᠨ ᠠᠸ᠋ᠬᠠᠨ ᠬᠣᠱᠢᠭᠤᠨ᠎ᠤ 37 ᠰᠤᠷᠭᠠᠭᠤᠯᠢ ᠨᠢ ᠪᠡᠭᠡᠵᠢᠩ ᠬᠣᠲᠠ᠎ᠶ᠋ᠢᠨ ᠬᠠᠶ ᠳ᠋ᠢᠶᠠᠨ ᠲᠣᠭᠣᠷᠢᠭ᠎ᠤᠨ 28 ᠰᠤᠷᠭᠠᠭᠤᠯᠢ᠎ᠲᠠᠶ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢᠨ ᠬᠤᠤᠰᠯᠠᠯ ᠪᠠᠢᠭᠤᠯᠵᠠᠢ; ᠤᠯᠠᠭᠠᠨᠴᠠᠪ ᠬᠣᠲᠠ᠎ᠶ᠋ᠢᠨ ᠵᠦᠸᠧᠽᠢ ᠱᠢᠶᠠᠨ᠎ᠤ ᠡᠯ᠎ᠡ ᠳᠤᠮᠳᠠᠳᠤ ᠪᠠᠭ᠎ᠠ ᠰᠤᠷᠭᠠᠭᠤᠯᠢ ᠬᠢᠭᠡᠳ ᠪᠡᠭᠡᠵᠢᠩ ᠬᠣᠲᠠ᠎ᠶ᠋ᠢᠨ ᠴᠤᠤᠶᠠᠩ ᠲᠣᠭᠣᠷᠢᠭ᠎ᠤᠨ 9 ᠰᠤᠷᠭᠠᠭᠤᠯᠢ ᠬᠠᠪᠰᠤᠷᠤᠯᠴᠠᠭ᠎ᠠ ᠪᠠᠢᠭᠤᠯᠵᠤ ᠬᠠᠪᠰᠤᠷᠤᠨ ᠲᠡᠳᠬᠦᠬᠦ᠌ ᠵᠥᠪᠯᠡᠯᠴᠡᠭᠡᠷ ᠲᠣᠭ᠍ᠲᠠᠪᠠ; ᠬᠥᠬᠡᠬᠣᠲᠠ᠎ᠶ᠋ᠢᠨ ᠢᠤᠢ᠍ᠢᠴᠢᠤᠸᠠᠨ ᠲᠣᠭᠣᠷᠢᠭ 《ᠵᠤᠤ ᠵᠢᠶᠦ᠋ᠨ ᠪᠤᠭᠤᠮᠳᠠ ᠵᠢᠨ ᠭᠠᠳᠠᠨ᠎ᠠ ᠮᠤᠷᠲᠠᠭᠰᠠᠨ ᠨᠢ》 ᠬᠡᠬᠦ ᠵᠠᠮ ᠳᠠᠭᠠᠤ᠎ᠶ᠋ᠢᠨ 11 ᠬᠣᠱᠢᠭᠤ ᠱᠢᠶᠠᠨ (ᠬᠤᠳᠠ᠂ ᠲᠣᠭᠣᠷᠢᠭ) ᠲᠠᠢ ᠬᠣᠯᠪᠣᠭ᠎ᠠ ᠪᠠᠢᠭᠤᠯᠵᠤ᠂ ᠵᠠᠯᠠᠭᠤᠴᠤᠳ ᠪᠠᠭᠠᠴᠤᠳ᠎ᠢ ᠵᠣᠬᠢᠶᠠᠨ ᠪᠠᠢᠭᠤᠯᠵᠤ ᠰᠦᠯᠵᠢᠶᠡᠨ ᠳᠡᠭᠡᠷᠡᠬᠢ ᠰᠣᠯᠢᠯᠴᠠᠭ᠎ᠠ᠂ ᠡᠭᠦᠯᠡᠨ ᠦᠵᠦᠭᠦᠷᠯᠢᠭ᠎ᠦᠨ ᠠᠵᠢᠯᠯᠠᠭ᠎ᠠ ᠵᠡᠷᠭᠡ᠎ᠶ᠋ᠢ ᠥᠷᠨᠢᠭᠦᠯᠵᠦ᠍᠂ ᠮᠢᠩᠭᠠᠨ ᠭᠠᠵᠠᠷ ᠠᠯᠤᠰᠯᠠᠵᠤ ᠪᠠᠢᠭ᠎ᠠ ᠵᠠᠯᠠᠭᠤᠴᠤᠳ ᠪᠠᠭᠠᠴᠤᠳ ᠴᠠᠭ ᠣᠷᠣᠨ ᠵᠠᠢ᠎ᠶ᠋ᠢ ᠠᠯᠤᠰᠯᠠᠨ ᠬᠠᠮᠳᠤ ᠪᠠᠷ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠰᠠᠨ ᠪᠠᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号