— ᠥᠪᠡᠷᠲᠡᠭᠡᠨ ᠵᠠᠰᠠᠬᠤ ᠣᠷᠣᠨ᠎ᠤ ᠤᠰᠤᠨ ᠠᠱᠢᠭ᠍ᠯᠠᠯᠲᠠ᠎ᠶ᠋ᠢᠨ ᠲᠢᠩᠬᠢᠮ᠎ᠦᠨ ᠨᠠᠮ᠎ᠤᠨ ᠤᠳᠤᠷᠢᠳᠭᠤ
ᠳᠤᠭᠤᠢᠯᠠᠩ᠎ᠤᠨ ᠱᠦᠵᠢ ᠲᠢᠩᠬᠢᠮ᠎ᠦᠨ ᠳᠠᠷᠤᠭ᠎ᠠ ᠱᠸᠩ ᠰᠢᠶᠤᠤ ᠶᠢᠦ ᠵᠢ ᠰᠤᠷᠪᠤᠯᠵᠢᠯᠠᠬᠰᠠᠨ ᠨᠢ
《ᠲᠠᠷᠢᠶᠠᠯᠠᠩ᠎ᠤᠨ ᠤᠰᠤ ᠠᠷᠪᠢᠯᠠᠬᠤ ᠤᠰᠤᠯᠠᠯᠲᠠ᠂ ᠠᠵᠤ ᠦᠶ᠋ᠯᠡᠳᠪᠦᠷᠢ᠎ᠶ᠋ᠢᠨ ᠤᠰᠤ ᠠᠷᠪᠢᠯᠠᠬᠤ ᠮᠡᠷᠭᠡᠵᠢᠯ᠎ᠦᠨ ᠥᠭᠡᠷᠡᠴᠢᠯᠡᠯᠲᠡ᠂ ᠬᠣᠲᠠ ᠬᠥᠳᠡᠭᠡ᠎ᠶ᠋ᠢᠨ ᠰᠠᠭᠤᠭᠠᠯᠢ ᠠᠷᠠᠳ᠎ᠤᠨ ᠤᠰᠤ᠎ᠶ᠋ᠢ ᠠᠷᠪᠢᠯᠠᠨ ᠬᠡᠷᠡᠭ᠌ᠯᠡᠬᠦ᠌᠎ᠶ᠋ᠢ ᠶᠡᠬᠡᠪᠡᠷ ᠠᠬᠢᠭᠤᠯᠵᠤ᠂ ᠬᠡᠪ᠎ᠦᠨ ᠪᠤᠰᠤ ᠤᠰᠤᠨ ᠠᠱᠢᠭ᠍ᠯᠠᠯᠲᠠ᠎ᠶ᠋ᠢ ᠴᠢᠩᠭᠠᠳᠭᠠᠵᠤ᠂ ᠵᠠᠬ᠎ᠠ ᠳᠡᠯᠭᠡᠭᠦᠷᠴᠢᠯᠡᠭ᠌ᠰᠡᠨ ᠠᠷᠭ᠎ᠠ ᠪᠠᠷᠢᠯ᠎ᠢ ᠬᠡᠷᠡᠭ᠌ᠯᠡᠨ ᠤᠰᠤ ᠠᠷᠪᠢᠯᠠᠬᠤ ᠦᠷ᠎ᠡ ᠪᠦᠲᠦᠮᠵᠢ᠎ᠶ᠋ᠢ ᠳᠡᠭᠡᠭ᠌ᠰᠢᠯᠡᠭᠦᠯᠬᠦ᠌᠎ᠶ᠋ᠢ ᠴᠢᠬᠤᠯᠠᠴᠢᠯᠠᠨ᠎ᠠ》 ᠬᠡᠵᠦ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶ᠋ᠢᠨ ᠠᠷᠪᠠᠨ ᠨᠢᠭᠡᠳᠦᠭᠡᠷ ᠬᠤᠭᠤᠴᠠᠭᠠᠨ᠎ᠤ ᠶᠢᠰᠦᠳᠦᠭᠡᠷ ᠪᠥᠬᠥᠳᠡ ᠬᠤᠷᠠᠯ ᠵᠢᠴᠢ ᠪᠥᠬᠥ᠌ ᠣᠷᠣᠨ᠎ᠤ ᠠᠵᠤ ᠠᠬᠤᠶ᠎ᠶ᠋ᠢᠨ ᠠᠵᠢᠯ᠎ᠤᠨ ᠬᠤᠷᠠᠯ᠎ᠠᠴᠠ ᠤᠰᠤ ᠠᠷᠪᠢᠯᠠᠬᠤ ᠠᠵᠢᠯᠯᠠᠭ᠎ᠠ᠎ᠳᠤ ᠲᠣᠳᠣᠷᠬᠠᠶ ᠪᠠᠢᠷᠢᠯᠠᠭᠤᠯᠤᠯᠲᠠ ᠬᠢᠪᠠ᠃ ᠥᠪᠡᠷᠲᠡᠭᠡᠨ ᠵᠠᠰᠠᠬᠤ ᠣᠷᠣᠨ᠎ᠤ ᠤᠰᠤᠨ ᠠᠱᠢᠭ᠍ᠯᠠᠯᠲᠠ᠎ᠶ᠋ᠢᠨ ᠲᠢᠩᠬᠢᠮ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠠᠷᠪᠠᠨ ᠨᠢᠭᠡᠳᠦᠭᠡᠷ ᠬᠤᠭᠤᠴᠠᠭᠠᠨ᠎ᠤ ᠶᠢᠰᠦᠳᠦᠭᠡᠷ ᠪᠥᠬᠥᠳᠡ ᠬᠤᠷᠠᠯ ᠵᠢᠴᠢ ᠪᠥᠬᠥ᠌ ᠣᠷᠣᠨ᠎ᠤ ᠠᠵᠤ ᠠᠬᠤᠶ᠎ᠶ᠋ᠢᠨ ᠠᠵᠢᠯ᠎ᠤᠨ ᠬᠤᠷᠠᠯ᠎ᠤᠨ ᠵᠣᠷᠢᠭ ᠰᠠᠨᠠᠭ᠎ᠠ᠎ᠶ᠋ᠢ ᠬᠡᠷᠬᠢᠨ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠤᠰᠤᠨ᠎ᠤ ᠡᠬᠢ ᠪᠠᠶᠠᠯᠢᠭ᠎ᠢ ᠠᠷᠪᠢᠴᠢ ᠡᠷᠴᠢᠮᠯᠢᠭ ᠠᠱᠢᠭ᠍ᠯᠠᠬᠤ᠎ᠶ᠋ᠢ ᠪᠥᠬᠥ᠌ ᠬᠦᠴᠦᠨ᠎ᠢᠶᠡᠷ ᠠᠬᠢᠭᠤᠯᠵᠤ᠂ ᠴᠢᠨᠠᠷ ᠰᠠᠢᠲᠠᠶ ᠬᠥᠭ᠌ᠵᠢᠯᠲᠡ᠎ᠶ᠋ᠢᠨ ᠤᠰᠤ ᠬᠡᠷᠡᠭ᠌ᠯᠡᠬᠦ᠌ ᠬᠡᠷᠡᠭ᠌ᠴᠡᠭᠡ᠎ᠶ᠋ᠢ ᠪᠠᠲᠤᠯᠠᠬᠤ ᠲᠤᠬᠠᠶ᠂ ᠰᠤᠷᠪᠤᠯᠵᠢᠯᠠᠭ᠍ᠴᠢ ᠥᠪᠡᠷᠲᠡᠭᠡᠨ ᠵᠠᠰᠠᠬᠤ ᠣᠷᠣᠨ᠎ᠤ ᠤᠰᠤᠨ ᠠᠱᠢᠭ᠍ᠯᠠᠯᠲᠠ᠎ᠶ᠋ᠢᠨ ᠲᠢᠩᠬᠢᠮ᠎ᠦᠨ ᠨᠠᠮ᠎ᠤᠨ ᠤᠳᠤᠷᠢᠳᠭᠤ ᠳᠤᠭᠤᠢᠯᠠᠩ᠎ᠤᠨ ᠱᠦᠵᠢ᠂ ᠲᠢᠩᠬᠢᠮ᠎ᠦᠨ ᠳᠠᠷᠤᠭ᠎ᠠ ᠱᠸᠩ ᠰᠢᠶᠤᠤ ᠶᠢᠦ᠎ᠶ᠋ᠢ ᠰᠤᠷᠪᠤᠯᠵᠢᠯᠠᠪᠠ᠃
《ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠠᠷᠪᠠᠨ ᠨᠢᠭᠡᠳᠦᠭᠡᠷ ᠬᠤᠭᠤᠴᠠᠭᠠᠨ᠎ᠤ ᠶᠢᠰᠦᠳᠦᠭᠡᠷ ᠪᠦᠬᠦᠳᠡ ᠬᠤᠷᠠᠯ ᠵᠢᠴᠢ ᠪᠦᠬᠦ᠌ ᠣᠷᠣᠨ᠎ᠤ ᠠᠵᠤ ᠠᠬᠤᠢ᠎ᠶ᠋ᠢᠨ ᠠᠵᠢᠯ᠎ᠤᠨ ᠬᠤᠷᠠᠯ᠎ᠤᠨ ᠪᠠᠢᠷᠢᠯᠠᠭᠤᠯᠤᠯᠲᠠ ᠶᠣᠰᠣᠭᠠᠷ᠂ ᠥᠪᠡᠷᠲᠡᠭᠡᠨ ᠵᠠᠰᠠᠬᠤ ᠣᠷᠣᠨ᠎ᠤ ᠤᠰᠤᠨ ᠠᠱᠢᠭ᠍ᠯᠠᠯᠲᠠ᠎ᠶ᠋ᠢᠨ ᠲᠢᠩᠬᠢᠮ 〈ᠵᠢᠷᠭᠤᠭᠠᠨ ᠠᠵᠢᠯᠯᠠᠭ᠎ᠠ〉 ᠶ᠋ᠢᠨ ᠱᠠᠭᠠᠷᠳᠠᠯᠭ᠎ᠠ᠎ᠶ᠋ᠢᠨ ᠲᠣᠭᠣᠷᠢᠨ᠎ᠳᠤ᠂ 〈ᠤᠰᠤ ᠪᠡᠷ ᠳᠥᠷᠪᠡ ᠵᠢ ᠲᠣᠭ᠍ᠲᠠᠭᠠᠬᠤ〉 ᠵᠠᠷᠴᠢᠮ᠎ᠢ ᠭᠦᠨᠵᠡᠭᠡᠶ ᠲᠤᠭᠤᠰᠢᠯᠠᠭᠤᠯᠤᠨ ᠨᠠᠢᠳᠠᠪᠤᠷᠢᠵᠢᠭᠤᠯᠵᠦ᠂ ᠲᠠᠷᠢᠶᠠᠯᠠᠩ᠎ᠤᠨ ᠤᠰᠤ ᠠᠷᠪᠢᠯᠠᠵᠤ ᠦᠷ᠎ᠡ ᠠᠱᠢᠭ᠎ᠢ ᠨᠡᠮᠡᠭ᠌ᠳᠡᠭᠦᠯᠬᠦ᠌᠂ ᠠᠵᠤ ᠦᠢᠯᠡᠳᠪᠦᠷᠢ᠎ᠶ᠋ᠢᠨ ᠤᠰᠤ ᠠᠷᠪᠢᠯᠠᠵᠤ ᠭᠠᠳᠠᠭ᠍ᠰᠢᠯᠠᠭᠤᠯᠤᠯᠲᠠ᠎ᠶ᠋ᠢ ᠪᠠᠭᠠᠰᠭᠠᠬᠤ᠂ ᠬᠣᠲᠠ ᠪᠠᠯᠭᠠᠰᠤᠨ᠎ᠤ ᠤᠰᠤ ᠠᠷᠪᠢᠯᠠᠵᠤ ᠬᠣᠬᠢᠷᠠᠯ᠎ᠢ ᠪᠠᠭᠠᠰᠭᠠᠬᠤ 3 ᠵᠦᠢᠯ᠎ᠦᠨ ᠭᠣᠣᠯᠳᠠᠯᠭ᠎ᠠ᠎ᠲᠠᠶ ᠠᠵᠢᠯ ᠳ᠋ᠦ ᠠᠩᠬᠠᠷᠤᠯ᠎ᠢᠶᠠᠨ ᠲᠥᠪᠯᠡᠷᠡᠭᠦᠯᠵᠦ᠂ ᠬᠥᠲᠥᠯᠥᠨ ᠵᠢᠯᠣᠭᠣᠳᠭᠤ ᠴᠢᠨᠠᠷ ᠪᠦᠬᠦᠢ᠂ ᠬᠢᠵᠠᠭᠠᠷᠯᠠᠬᠤ ᠴᠢᠨᠠᠷ ᠪᠦᠬᠦᠢ᠂ ᠤᠷᠮᠠᠱᠢᠭᠤᠯᠬᠤ ᠴᠢᠨᠠᠷ ᠪᠦᠬᠦᠢ ᠱᠢᠨ᠎ᠡ᠎ᠶ᠋ᠢ ᠡᠭᠦᠳᠬᠦ᠌ ᠠᠷᠭ᠎ᠠ ᠬᠡᠮᠵᠢᠶ᠎ᠡ ᠵᠢ ᠲᠣᠭ᠍ᠲᠠᠭᠠᠨ ᠨᠡᠢᠲᠡᠯᠡᠵᠦ᠂ ᠪᠣᠬᠢᠷ ᠤᠰᠤ᠎ᠶ᠋ᠢ ᠡᠬᠢ ᠪᠠᠶᠠᠯᠢᠭ᠍ᠵᠢᠭᠤᠯᠤᠨ ᠠᠱᠢᠭ᠍ᠯᠠᠬᠤ᠎ᠶ᠋ᠢ ᠶᠡᠬᠡ ᠪᠡᠷ ᠠᠬᠢᠭᠤᠯᠵᠦ᠂ ᠤᠰᠤᠨ᠎ᠤ ᠡᠬᠢ ᠪᠠᠶᠠᠯᠢᠭ᠎ᠤᠨ ᠬᠠᠲᠠᠭᠤ ᠬᠢᠵᠠᠭᠠᠷᠯᠠᠯ᠎ᠢ ᠦᠷᠭᠦᠯᠵᠢᠯᠡᠨ ᠴᠢᠩᠭᠠᠳᠭᠠᠵᠦ᠂ ᠭᠣᠣᠯᠳᠠᠯᠭ᠎ᠠ᠎ᠲᠠᠶ ᠬᠦᠷᠢᠶᠡᠨ᠎ᠦ ᠤᠰᠤ ᠠᠷᠪᠢᠯᠠᠬᠤ ᠳᠠᠯᠳᠠ ᠬᠦᠴᠦᠨ᠎ᠢ ᠭᠦᠨ ᠠᠭᠤᠳᠠᠯᠵᠦ᠂ ᠱᠢᠨᠵᠢᠯᠡᠬᠦ᠌ ᠤᠬᠠᠭᠠᠨᠴᠢ᠎ᠪᠠᠷ ᠤᠰᠤ ᠬᠡᠷᠡᠭ᠌ᠯᠡᠬᠦ᠌ ᠳᠦᠷᠢᠮ᠎ᠦᠨ ᠱᠢᠰᠲ᠋ᠧᠮ᠎ᠢ ᠪᠠᠢᠭᠤᠯᠤᠨ ᠪᠦᠷᠢᠨᠱᠢᠭᠦᠯᠵᠦ᠂ ᠤᠰᠤᠨ᠎ᠤ ᠦᠨ᠎ᠡ᠎ᠶ᠋ᠢᠨ ᠪᠦᠷᠢᠯᠳᠦᠬᠦ᠌ ᠲᠣᠭ᠍ᠲᠠᠴᠠ᠎ᠶ᠋ᠢ ᠲᠡᠭᠦᠯᠳᠡᠷᠵᠢᠭᠦᠯᠵᠦ᠂ ᠤᠰᠤ ᠠᠷᠪᠢᠯᠠᠬᠤ ᠵᠠᠬ᠎ᠠ ᠳᠡᠯᠭᠡᠭᠦᠷ᠎ᠦᠨ ᠠᠮᠢᠵᠢᠷᠠᠯ᠎ᠤᠨ ᠬᠦᠴᠦᠨ᠎ᠢ ᠬᠥᠭ᠌ᠵᠢᠭᠡᠵᠦ᠂ ᠤᠰᠤ ᠠᠷᠪᠢᠯᠠᠬᠤ ᠠᠵᠤ ᠦᠢᠯᠡᠰ᠎ᠢ ᠶᠡᠬᠡ ᠪᠡᠷ ᠬᠥᠭ᠌ᠵᠢᠭᠦᠯᠵᠦ᠂ ᠪᠦᠬᠦ᠌ ᠨᠡᠢᠭᠡᠮ᠎ᠦᠨ ᠤᠰᠤ ᠠᠷᠪᠢᠯᠠᠬᠤ ᠤᠬᠠᠮᠰᠠᠷ᠎ᠢ ᠬᠦᠴᠦᠯᠡᠨ ᠳᠡᠭᠡᠭ᠌ᠰᠢᠯᠡᠭᠦᠯᠵᠦ᠂ ᠤᠰᠤᠨ᠎ᠤ ᠡᠬᠢ ᠪᠠᠶᠠᠯᠢᠭ᠎ᠢ ᠠᠷᠪᠢᠴᠢ ᠡᠷᠴᠢᠮᠯᠢᠭ ᠠᠱᠢᠭ᠍ᠯᠠᠬᠤ ᠲᠦᠪᠰᠢᠨ᠎ᠢ ᠦᠨᠡᠨ ᠬᠦ᠌ ᠳᠡᠭᠡᠭ᠌ᠰᠢᠯᠡᠭᠦᠯᠵᠦ᠂ ᠠᠵᠤ ᠠᠬᠤᠶ ᠨᠡᠢᠭᠡᠮ᠎ᠦᠨ ᠴᠢᠨᠠᠷ ᠰᠠᠢᠲᠠᠶ ᠬᠥᠭ᠌ᠵᠢᠯᠲᠡ᠎ᠳᠦ ᠤᠰᠤ ᠬᠡᠷᠡᠭ᠌ᠯᠡᠬᠦ᠌ ᠠᠮᠤᠷ ᠲᠦᠪᠱᠢᠨ᠎ᠦ ᠪᠠᠲᠤᠯᠠᠭ᠎ᠠ ᠬᠠᠩᠭᠠᠨ᠎ᠠ》 ᠬᠡᠵᠦ ᠱᠸᠩ ᠰᠢᠶᠤᠤ ᠶᠢᠦ ᠬᠡᠯᠡᠪᠡ᠃
ᠨᠢᠭᠡ᠎ᠳᠦ᠂ ᠤᠰᠤ᠎ᠶ᠋ᠢ ᠠᠷᠪᠢᠯᠠᠨ ᠬᠡᠷᠡᠭ᠌ᠯᠡᠬᠦ᠌ ᠲᠦᠷᠢᠮ᠎ᠦᠨ ᠱᠢᠰᠲ᠋ᠧᠮ᠎ᠢ ᠦᠷᠭᠦᠯᠵᠢᠯᠡᠨ ᠲᠡᠭᠦᠯᠳᠡᠷᠵᠢᠭᠦᠯᠦᠨ᠎ᠡ᠃ ᠣᠢᠷ᠎ᠠ᠎ᠶ᠋ᠢᠨ ᠵᠢᠯ᠎ᠦᠨ ᠲᠤᠷᠰᠢ᠂ ᠥᠪᠡᠷᠲᠡᠭᠡᠨ ᠵᠠᠰᠠᠬᠤ ᠣᠷᠣᠨ᠎ᠤ ᠤᠰᠤᠨ ᠠᠱᠢᠭ᠍ᠯᠠᠯᠲᠠ᠎ᠶ᠋ᠢᠨ ᠲᠢᠩᠬᠢᠮ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤ᠎ᠶ᠋ᠢ ᠠᠷᠪᠢᠯᠠᠨ ᠬᠡᠷᠡᠭ᠌ᠯᠡᠬᠦ᠌ ᠲᠦᠷᠢᠮ》 ᠢ᠋ ᠵᠣᠬᠢᠶᠠᠨ ᠪᠠᠢᠭᠤᠯᠤᠨ ᠵᠠᠰᠠᠪᠤᠷᠢ ᠣᠷᠣᠭᠤᠯᠵᠤ᠂ 《ᠤᠰᠤᠨ᠎ᠤ ᠡᠬᠢ ᠪᠠᠶᠠᠯᠢᠭ᠎ᠤᠨ ᠬᠠᠮᠢᠶᠠᠷᠤᠯᠲᠠ᠎ᠶ᠋ᠢ ᠤᠯᠠᠮ ᠨᠢᠭᠡ ᠠᠯᠬᠤᠮ ᠴᠢᠩᠭᠠᠳᠭᠠᠵᠤ ᠤᠰᠤᠨ᠎ᠤ ᠡᠬᠢ ᠪᠠᠶᠠᠯᠢᠭ᠎ᠤᠨ ᠬᠠᠲᠠᠭᠤ ᠬᠢᠵᠠᠭᠠᠷᠯᠠᠯ᠎ᠢ ᠴᠢᠩᠭᠠᠳᠭᠠᠬᠤ ᠠᠵᠢᠯ᠎ᠤᠨ ᠲᠤᠬᠠᠶ ᠵᠢᠯᠣᠭᠣᠳᠭᠤ ᠰᠠᠨᠠᠯ》 ᠪᠠ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ᠎ᠤ ᠡᠬᠢ ᠪᠠᠶᠠᠯᠢᠭ᠎ᠢ ᠠᠷᠪᠢᠴᠢ ᠡᠷᠴᠢᠮᠯᠢᠭ ᠠᠱᠢᠭ᠍ᠯᠠᠬᠤ᠎ᠶ᠋ᠢ ᠠᠬᠢᠭᠤᠯᠬᠤ ᠶᠡᠷᠦᠩᠬᠡᠶ ᠲᠥᠰᠦᠯ》 ᠵᠡᠷᠭᠡ ᠣᠯᠠᠨ ᠵᠦᠶ᠋ᠯ᠎ᠦᠨ ᠲᠥᠷᠥ᠎ᠶ᠋ᠢᠨ ᠪᠣᠳᠣᠯᠭ᠎ᠠ᠎ᠶ᠋ᠢᠨ ᠴᠢᠨᠠᠷᠲᠠᠶ ᠪᠢᠴᠢᠭ ᠮᠠᠲ᠋ᠧᠷᠢᠶᠠᠯ᠎ᠢ ᠳᠠᠷᠤᠮᠠᠯᠯᠠᠨ ᠲᠠᠷᠬᠠᠭᠠᠵᠤ᠂ ᠥᠪᠡᠷᠲᠡᠭᠡᠨ ᠵᠠᠰᠠᠬᠤ ᠣᠷᠣᠨ᠎ᠤ ᠠᠵᠢᠯ ᠲᠥᠷᠥᠯ᠎ᠦᠨ ᠤᠰᠤ ᠬᠡᠷᠡᠭ᠌ᠯᠡᠬᠦ᠌ ᠲᠣᠭ᠍ᠲᠠᠭ᠍ᠰᠠᠨ ᠨᠣᠷᠮ᠎ᠠ᠎ᠳᠤ ᠵᠠᠰᠠᠪᠤᠷᠢ ᠣᠷᠣᠭᠤᠯᠬᠤ᠎ᠶ᠋ᠢ ᠪᠥᠬᠥ᠌ ᠲᠠᠯ᠎ᠠ᠎ᠪᠠᠷ ᠠᠬᠢᠭᠤᠯᠵᠤ᠂ ᠤᠰᠤ ᠠᠷᠪᠢᠯᠠᠬᠤ ᠪᠠᠷᠢᠮᠵᠢᠶ᠎ᠠ᠎ᠶ᠋ᠢᠨ ᠱᠢᠰᠲ᠋ᠧᠮ᠎ᠤᠨ ᠪᠠᠢᠭᠤᠯᠤᠯᠲᠠ᠎ᠶ᠋ᠢ ᠲᠡᠭᠦᠯᠳᠡᠷᠵᠢᠭᠦᠯᠦᠨ᠂ ᠪᠥᠬᠥ᠌ ᠨᠡᠢᠭᠡᠮ᠎ᠦᠨ ᠤᠰᠤ ᠠᠷᠪᠢᠯᠠᠬᠤ ᠦᠵᠡᠯ ᠤᠬᠠᠮᠰᠠᠷ᠎ᠢ ᠳᠡᠭᠡᠭ᠌ᠰᠢᠯᠡᠭᠦᠯᠵᠦ᠍᠂ 《ᠨᠢᠭᠡ ᠠᠢᠮᠠᠭ ᠬᠣᠲᠠ᠎ᠳᠤ ᠨᠢᠭᠡ ᠠᠷᠭ᠎ᠠ ᠪᠣᠳᠣᠯᠭᠠᠬᠡᠷᠡᠭᠵᠢᠭᠦᠯᠬᠦ》 ᠶ᠋ᠢ ᠠᠬᠢᠭᠤᠯᠤᠨ ᠨᠠᠢᠳᠠᠪᠤᠷᠢᠵᠢᠭᠤᠯᠪᠠ᠃
ᠬᠣᠶᠠᠷ᠎ᠲᠤ᠂ ᠤᠰᠤᠨ᠎ᠤ ᠡᠬᠢ ᠪᠠᠶᠠᠯᠢᠭ᠎ᠤᠨ ᠬᠠᠲᠠᠭᠤ ᠬᠢᠵᠠᠭᠠᠷᠯᠠᠯ᠎ᠤᠨ ᠰᠠᠭᠤᠷᠢ᠎ᠶ᠋ᠢ ᠲᠠᠰᠤᠷᠠᠯᠲᠠ ᠥᠬᠡᠶ ᠪᠡᠬᠢᠵᠢᠭᠦᠯᠦᠨ᠎ᠡ᠃ ᠣᠢᠷ᠎ᠠ᠎ᠶ᠋ᠢᠨ ᠵᠢᠯ᠎ᠦᠨ ᠲᠤᠷᠰᠢ᠂ ᠥᠪᠡᠷᠲᠡᠭᠡᠨ ᠵᠠᠰᠠᠬᠤ ᠣᠷᠣᠨ᠎ᠤ ᠤᠰᠤᠨ ᠠᠱᠢᠭ᠍ᠯᠠᠯᠲᠠ᠎ᠶ᠋ᠢᠨ ᠲᠢᠩᠬᠢᠮ ᠤᠰᠤᠨ᠎ᠤ ᠡᠬᠢ ᠪᠠᠶᠠᠯᠢᠭ᠎ᠢ ᠨᠡᠭᠡᠭᠡᠨ ᠠᠱᠢᠭ᠍ᠯᠠᠬᠤ 《ᠳᠡᠭᠡᠷ᠎ᠡ ᠬᠢᠵᠠᠭᠠᠷ》 ᠢ᠋ ᠵᠦᠢ ᠵᠣᠬᠢᠰᠲᠠᠶ ᠲᠣᠭ᠍ᠲᠠᠭᠠᠵᠤ᠂ ᠤᠰᠤ ᠬᠡᠷᠡᠭ᠌ᠯᠡᠬᠦ᠌ ᠶᠡᠷᠦᠩᠬᠡᠶ ᠬᠡᠮᠵᠢᠶ᠎ᠡ᠎ᠶ᠋ᠢᠨ ᠭᠦᠢᠴᠡᠳᠭᠡᠯ ᠲᠣᠭ᠎ᠠ᠎ᠶ᠋ᠢ ᠤᠰᠤᠨ ᠰᠤᠷᠪᠤᠯᠵᠢ᠂ ᠠᠵᠢᠯ ᠲᠥᠷᠥᠯ ᠬᠤᠪᠢᠶᠠᠨ ᠱᠠᠲᠤ ᠳᠠᠷᠠᠭᠠᠯᠠᠨ ᠨᠠᠷᠢᠯᠢᠬ᠍ᠵᠢᠭᠤᠯᠤᠨ ᠬᠤᠪᠢᠶᠠᠷᠢᠯᠠᠵᠤ ᠪᠠᠢᠭᠠᠳ ᠥᠪᠡᠷᠲᠡᠭᠡᠨ ᠵᠠᠰᠠᠬᠤ ᠣᠷᠣᠨ᠂ ᠠᠢᠮᠠᠭ ᠬᠣᠲᠠ᠂ ᠬᠣᠱᠢᠭᠤ ᠱᠢᠶᠠᠨ ᠭᠤᠷᠪᠠᠨ ᠱᠠᠲᠤᠨ᠎ᠤ ᠵᠠᠰᠠᠭ ᠵᠠᠬᠢᠷᠭᠠᠨ᠎ᠤ ᠣᠷᠣᠨ᠎ᠢ ᠬᠠᠮᠤᠷᠤᠭ᠍ᠰᠠᠨ ᠤᠰᠤ ᠬᠡᠷᠡᠭ᠌ᠯᠡᠬᠦ᠌ ᠶᠡᠷᠦᠩᠬᠡᠶ ᠬᠡᠮᠵᠢᠶ᠎ᠡ᠎ᠶ᠋ᠢ ᠡᠵᠡᠮᠳᠡᠬᠦ᠌ ᠭᠦᠢᠴᠡᠳᠭᠡᠯ ᠲᠣᠭ᠎ᠠ᠎ᠶ᠋ᠢᠨ ᠱᠢᠰᠲᠸᠮ᠎ᠢ ᠦᠨᠳᠦᠰᠦᠨ᠎ᠳᠡᠭᠡᠨ ᠪᠠᠢᠭᠤᠯᠪᠠ᠃ ᠵᠠᠯᠭᠠᠭᠠᠳ᠂ ᠥᠪᠡᠷᠲᠡᠭᠡᠨ ᠵᠠᠰᠠᠬᠤ ᠣᠷᠣᠨ᠎ᠤ ᠤᠰᠤᠨ ᠠᠱᠢᠭ᠍ᠯᠠᠯᠲᠠ᠎ᠶ᠋ᠢᠨ ᠲᠢᠩᠬᠢᠮᠤᠰᠤ ᠬᠡᠷᠡᠭ᠌ᠯᠡᠬᠦ᠌ ᠶᠡᠷᠦᠩᠬᠡᠶ ᠬᠡᠮᠵᠢᠶ᠎ᠡ᠎ᠶ᠋ᠢ ᠬᠢᠵᠠᠭᠠᠷᠯᠠᠬᠤ᠎ᠪᠠᠨ ᠦᠷᠭᠦᠯᠵᠢᠯᠡᠨ ᠴᠢᠩᠳᠠᠯᠠᠵᠤ᠂ ᠤᠰᠤᠨ᠎ᠤ ᠡᠬᠢ ᠪᠠᠶᠠᠯᠢᠭ᠎ᠤᠨ ᠳᠠᠭᠠᠭᠠᠴᠠ᠎ᠠᠴᠠ ᠬᠡᠲᠦᠷᠡᠬᠦ᠌ ᠪᠠ ᠬᠡᠲᠦᠷᠡᠲᠡᠯ᠎ᠡ ᠮᠠᠯᠲᠠᠭ᠍ᠰᠠᠨ ᠭᠠᠵᠠᠷ ᠣᠷᠣᠨ᠎ᠳᠤ ᠱᠢᠨ᠎ᠡ᠎ᠪᠡᠷ ᠨᠡᠮᠡᠭ᠌ᠳᠡᠬᠦ᠌ ᠤᠰᠤ ᠬᠡᠷᠡᠭ᠌ᠯᠡᠬᠦ᠌ ᠬᠡᠮᠵᠢᠶ᠎ᠡ᠎ᠶ᠋ᠢ ᠬᠢᠨᠠᠨ ᠵᠥᠪᠱᠢᠶᠡᠷᠡᠬᠦ᠌᠎ᠶ᠋ᠢ ᠬᠢᠵᠠᠭᠠᠷᠯᠠᠬᠤ ᠵᠢ ᠴᠢᠩᠭ᠎ᠠ ᠬᠡᠷᠡᠭ᠌ᠵᠢᠭᠦᠯᠵᠦ᠍᠂ ᠱᠢᠨ᠎ᠡ᠎ᠪᠡᠷ ᠪᠠᠢᠭᠤᠯᠬᠤ ᠲᠥᠷᠥᠯ ᠵᠦᠶ᠋ᠯ᠎ᠦᠨ ᠬᠡᠷᠡᠭ᠌ᠯᠡᠬᠦ᠌ ᠤᠰᠤ᠎ᠨᠢ ᠡᠷᠬᠡᠪᠰᠢ ᠥᠪᠡᠷᠲᠡᠭᠡᠨ ᠵᠠᠰᠠᠬᠤ ᠣᠷᠣᠨ᠎ᠤ ᠠᠵᠢᠯ ᠲᠥᠷᠥᠯ᠎ᠦᠨ ᠤᠰᠤ ᠬᠡᠷᠡᠭ᠌ᠯᠡᠬᠦ᠌ ᠲᠣᠭ᠍ᠲᠠᠭ᠍ᠰᠠᠨ ᠨᠣᠷᠮ᠎ᠠ᠎ᠶ᠋ᠢᠨ ᠪᠠᠷᠢᠮᠵᠢᠶ᠎ᠠ᠎ᠳᠤ ᠨᠡᠢᠴᠡᠭ᠌ᠰᠡᠨ ᠪᠠᠢᠬᠤ ᠬᠡᠷᠡᠭ᠌ᠲᠡᠶ᠃ ᠤᠰᠤᠨ᠎ᠤ ᠡᠬᠢ ᠪᠠᠶᠠᠯᠢᠭ᠎ᠤᠨ ᠨᠤᠲᠠᠯᠠᠯᠲᠠ᠎ᠶ᠋ᠢ ᠴᠢᠩᠭᠠᠳᠬᠠᠨ ᠲᠥᠯᠥᠪᠵᠢᠭᠦᠯᠵᠦ᠂ ᠠᠵᠤ ᠠᠬᠤᠶ ᠨᠡᠢᠭᠡᠮ᠎ᠦᠨ ᠬᠥᠭ᠌ᠵᠢᠯᠲᠡ᠎ᠶ᠋ᠢᠨ ᠪᠠᠢᠷᠢᠱᠢᠯ ᠪᠠ ᠤᠰᠤᠨ᠎ᠤ ᠡᠬᠢ ᠪᠠᠶᠠᠯᠢᠭ᠎ᠤᠨ ᠳᠠᠭᠠᠭᠠᠬᠤ ᠴᠢᠳᠠᠪᠤᠷᠢ᠎ᠶ᠋ᠢᠨ ᠬᠠᠷᠢᠯᠴᠠᠨ ᠵᠣᠬᠢᠴᠠᠯᠳᠤᠬᠤ᠎ᠶ᠋ᠢ ᠠᠬᠢᠭᠤᠯᠤᠨ᠎ᠠ᠃ ᠤᠰᠤ ᠬᠡᠷᠡᠭ᠌ᠯᠡᠬᠦ᠌ ᠶᠡᠷᠦᠩᠬᠡᠶ ᠬᠡᠮᠵᠢᠶ᠎ᠡ᠂ ᠲᠦᠮᠡᠨ ᠲᠥᠭᠥᠷᠢᠭ᠎ᠦᠨ GDP᠎ᠶ᠋ᠢᠨ ᠤᠰᠤ ᠬᠡᠷᠡᠭ᠌ᠯᠡᠬᠦ᠌ ᠬᠡᠮᠵᠢᠶ᠎ᠡ᠂ ᠲᠠᠷᠢᠶᠠᠨ ᠭᠠᠵᠠᠷ᠎ᠤᠨ ᠤᠰᠤᠯᠠᠯᠲᠠ᠎ᠶ᠋ᠢᠨ ᠤᠰᠤ᠎ᠶ᠋ᠢ ᠪᠦᠲᠦᠮᠵᠢᠲᠡᠶ ᠠᠱᠢᠭ᠍ᠯᠠᠬᠤ ᠢᠯᠡᠳᠭᠡᠮᠵᠢ ᠵᠡᠷᠭᠡ ᠭᠦᠢᠴᠡᠳᠭᠡᠯ ᠲᠣᠭ᠎ᠠ᠎ᠶ᠋ᠢ ᠥᠪᠡᠷᠲᠡᠭᠡᠨ ᠵᠠᠰᠠᠬᠤ ᠣᠷᠣᠨ᠎ᠠᠴᠠ ᠠᠢᠮᠠᠭ ᠬᠣᠲᠠ᠎ᠶ᠋ᠢᠨ ᠣᠨ᠎ᠤ ᠠᠵᠢᠯ᠎ᠤᠨ ᠠᠮᠵᠢᠯᠲᠠ ᠪᠦᠲᠦᠮᠵᠢ᠎ᠶ᠋ᠢ ᠬᠢᠨᠠᠨ ᠱᠢᠯᠭᠠᠬᠤ᠎ᠳᠤ ᠣᠷᠣᠭᠤᠯᠵᠤ᠂ ᠬᠢᠨᠠᠨ ᠱᠢᠯᠭᠠᠬᠤ᠎ᠶ᠋ᠢᠨ 《ᠵᠦᠭ᠌ᠯᠡᠭᠦᠷ》 ᠪᠠ 《ᠵᠢᠯᠣᠭᠣᠳᠭᠤ ᠳᠣᠬᠢᠭᠤᠷ》 ᠤ᠋ᠨ ᠦᠢᠯᠡᠳᠦᠯ᠎ᠢ ᠭᠦᠢᠴᠡᠳ ᠪᠠᠳᠠᠷᠠᠭᠤᠯᠤᠨ᠎ᠠ᠃
ᠭᠤᠷᠪᠠ᠎ᠳᠤ᠂ ᠭᠤᠤᠯᠳᠠᠯᠭ᠎ᠠ᠎ᠲᠠᠶ ᠬᠦᠷᠢᠶᠡᠨ᠎ᠳᠡᠬᠢ ᠤᠰᠤ ᠠᠷᠪᠢᠯᠠᠬᠤ ᠳᠠᠯᠳᠠ ᠬᠦᠴᠦᠨ᠎ᠢ ᠭᠦᠨ ᠠᠭᠤᠳᠠᠯᠵᠤ᠂ ᠲᠠᠷᠢᠶᠠᠯᠠᠩ᠎ᠤᠨ ᠤᠰᠤ ᠬᠡᠷᠡᠭ᠌ᠯᠡᠬᠦ᠌ ᠦᠷ᠎ᠡ ᠪᠦᠲᠦᠮᠵᠢ᠎ᠶ᠋ᠢ ᠦᠷᠭᠦᠯᠵᠢᠯᠡᠨ ᠳᠡᠭᠡᠭ᠌ᠰᠢᠯᠡᠭᠦᠯᠵᠦ᠍᠂ ᠠᠵᠤ ᠦᠶ᠋ᠯᠡᠳᠪᠦᠷᠢ᠎ᠶ᠋ᠢᠨ ᠤᠰᠤ ᠠᠷᠪᠢᠯᠠᠬᠤ ᠬᠥᠳᠡᠯᠭᠡᠬᠦ᠌ ᠬᠦᠴᠦᠨ᠎ᠢ ᠦᠷᠭᠦᠯᠵᠢᠯᠡᠨ ᠴᠢᠩᠭᠠᠳᠬᠠᠵᠦ᠂ ᠬᠣᠲᠠ ᠪᠠᠯᠭᠠᠰᠤᠨ᠎ᠤ ᠤᠰᠤ ᠠᠷᠪᠢᠯᠠᠬᠤ ᠵᠢᠱ᠌ᠢᠶ᠎ᠡ ᠦᠵᠡᠭᠦᠯᠵᠦ᠍ ᠬᠥᠲᠥᠯᠥᠨ ᠳᠠᠭᠠᠭᠤᠯᠬᠤ ᠦᠢᠯᠡᠳᠦᠯ᠎ᠢ ᠪᠠᠳᠠᠷᠠᠭᠤᠯᠤᠨ᠎ᠠ᠃
ᠲᠠᠷᠢᠶᠠᠯᠠᠩ᠎ᠤᠨ ᠲᠠᠯ᠎ᠠ᠎ᠪᠠᠷ᠂ ᠤᠰᠤ᠎ᠪᠠᠷ ᠭᠠᠵᠠᠷ᠎ᠢ ᠲᠣᠭ᠍ᠲᠠᠭᠠᠬᠤ᠎ᠶ᠋ᠢ ᠪᠠᠷᠢᠮᠲᠠᠯᠠᠨ᠂ ᠲᠠᠷᠢᠶᠠᠯᠠᠩ᠎ᠳᠦ ᠬᠡᠷᠡᠭᠯᠡᠬᠦ ᠱᠢᠨ᠎ᠡ᠎ᠪᠡᠷ ᠨᠡᠮᠡᠭ᠌ᠳᠡᠬᠦ᠌ ᠤᠰᠤ᠎ᠶ᠋ᠢ ᠴᠢᠩᠭ᠎ᠠ ᠬᠢᠵᠠᠭᠠᠷᠯᠠᠵᠤ᠂ ᠳᠤᠰᠤᠯᠭᠠᠨ ᠤᠰᠤᠯᠠᠬᠤ᠎ᠪᠠᠷ ᠭᠣᠣᠯ ᠪᠣᠯᠭᠠᠭ᠍ᠰᠠᠨ ᠥᠨᠳᠥᠷ ᠪᠦᠲᠦᠮᠵᠢᠲᠡᠶ ᠤᠰᠤ ᠠᠷᠪᠢᠯᠠᠬᠤ ᠤᠰᠤᠯᠠᠯᠲᠠ᠎ᠶ᠋ᠢᠨ ᠢᠨᠵᠸᠨ᠋ᠸᠷᠢᠡᠭ ᠤ᠋ᠨ ᠪᠦᠲᠦᠭᠡᠨ ᠪᠠᠢᠭᠤᠯᠤᠯᠲᠠ᠎ᠶ᠋ᠢ ᠲᠣᠪᠣᠢᠮ᠎ᠠ ᠰᠠᠢᠲᠤᠷ ᠠᠳᠭᠤᠵᠤ᠂ ᠲᠠᠷᠢᠮᠠᠯ᠎ᠤᠨ ᠪᠦᠲᠦᠴᠡ᠎ᠶ᠋ᠢ ᠤᠯᠠᠮ ᠨᠢᠭᠡ ᠠᠯᠬᠤᠮ ᠱᠢᠯᠢᠳᠡᠭ᠌ᠵᠢᠭᠦᠯᠦᠨ ᠲᠣᠬᠢᠷᠠᠭᠤᠯᠵᠤ᠂ ᠮᠠᠯᠵᠢᠬᠤ ᠲᠠᠷᠢᠶᠠᠯᠠᠬᠤ ᠣᠷᠣᠨ᠎ᠤ ᠠᠮᠢᠳᠤᠷᠠᠯ᠎ᠤᠨ ᠤᠰᠤ ᠠᠷᠪᠢᠯᠠᠬᠤ᠎ᠶ᠋ᠢ ᠲᠦᠯᠬᠢᠨ ᠠᠬᠢᠭᠤᠯᠵᠠᠢ᠃ 2024 ᠣᠨ᠎ᠤ ᠪᠣᠷᠣᠲᠣᠬᠣᠶ᠎ᠶ᠋ᠢᠨ ᠤᠰᠤᠯᠠᠯᠲᠠ᠎ᠶ᠋ᠢᠨ ᠣᠷᠣᠨ᠎ᠤ ᠨᠠᠮᠤᠷ᠎ᠤᠨ ᠤᠰᠤᠯᠠᠯᠲᠠ᠎ᠳᠤ 9.95 ᠳ᠋ᠦᠩᠱᠢᠭᠤᠷ ᠪᠣᠰᠣᠭ᠎ᠠ ᠳᠥᠷᠪᠡᠯᠵᠢᠨ ᠮᠧᠲ᠋ᠷ ᠤᠰᠤ ᠬᠣᠷᠣᠭ᠍ᠳᠠᠭᠤᠯᠵᠤ᠂ ᠤᠰᠤᠨ᠎ᠤ ᠬᠣᠷᠣᠭ᠍ᠳᠠᠯ᠎ᠢ ᠪᠠᠭᠠᠰᠭᠠᠬᠤ ᠪᠠ ᠤᠰᠤ ᠶᠠᠪᠤᠭᠤᠯᠬᠤ ᠬᠤᠭᠤᠴᠠᠭ᠎ᠠ᠎ᠶ᠋ᠢ ᠪᠣᠭᠣᠨᠢᠰᠭᠠᠬᠤ ᠬᠤᠤᠰ ᠬᠠᠷᠠᠯᠲᠠ᠎ᠶ᠋ᠢ ᠪᠡᠶᠡᠯᠡᠭᠦᠯᠵᠦ᠍᠂ 《ᠶᠡᠬᠡ ᠤᠰᠤ᠎ᠪᠠᠷ ᠨᠠᠯᠠᠢᠲᠠᠯᠠ ᠤᠰᠤᠯᠠᠬᠤ》 ᠠᠰᠠᠭᠤᠳᠠᠯ᠎ᠢ ᠢᠯᠡᠳᠲᠡ ᠰᠠᠢᠵᠢᠷᠠᠭᠤᠯᠪᠠ᠃ ᠲᠠᠷᠢᠶᠠᠯᠠᠩ᠎ᠤᠨ ᠤᠰᠤᠨ᠎ᠤ ᠦᠨ᠎ᠡ ᠬᠠᠩᠰᠢ᠎ᠶ᠋ᠢᠨ ᠶᠡᠷᠦᠩᠬᠡᠢᠯᠡᠭ᠌ᠰᠡᠨ ᠥᠭᠡᠷᠡᠴᠢᠯᠡᠯᠲᠡ᠎ᠶ᠋ᠢ ᠬᠡᠷᠡᠭ᠌ᠵᠢᠭᠦᠯᠦᠭ᠌ᠰᠡᠨ ᠲᠠᠯᠠᠪᠠᠶ 4968.83 ᠲᠦᠮᠡᠨ ᠮᠸ᠋ᠳᠦ ᠬᠦᠷᠴᠦ᠍᠂ ᠡᠭᠦᠷᠭᠡ᠎ᠪᠡᠨ ᠨᠢᠭᠡ ᠵᠢᠯ ᠤᠷᠢᠳᠴᠢᠯᠠᠨ ᠳᠠᠪᠠᠭᠤᠯᠤᠨ ᠪᠡᠶᠡᠯᠡᠭᠦᠯᠵᠠᠢ᠃ ᠪᠥᠬᠥ᠌ ᠣᠷᠣᠨ᠎ᠤ ᠲᠠᠷᠢᠶᠠᠨ ᠭᠠᠵᠠᠷ᠎ᠤᠨ ᠤᠰᠤᠯᠠᠯᠲᠠ᠎ᠶ᠋ᠢᠨ ᠤᠰᠤᠨ᠎ᠤ ᠪᠦᠲᠦᠮᠵᠢᠲᠡᠶ ᠠᠱᠢᠭ᠍ᠯᠠᠯᠲᠠ᠎ᠶ᠋ᠢᠨ ᠢᠯᠡᠳᠭᠡᠮᠵᠢ 0.583᠎ᠳ᠋ᠤ ᠬᠦᠷᠴᠦ᠍᠂ ᠪᠥᠬᠥ᠌ ᠤᠯᠤᠰ᠎ᠤᠨ ᠳᠤᠮᠳᠠᠴᠢ ᠲᠦᠪᠱᠢᠨ᠎ᠡᠴᠡ ᠥᠨᠳᠥᠷ ᠪᠣᠯᠪᠠ᠃ 2025 ᠣᠨ᠎ᠳᠤ ᠱᠢᠨ᠎ᠡ᠎ᠪᠡᠷ ᠨᠡᠮᠡᠭ᠌ᠳᠡᠭᠦᠯᠬᠦ᠌ᠲᠠᠷᠢᠶᠠᠯᠠᠩᠤᠨ ᠤᠰᠤ ᠠᠷᠪᠢᠯᠠᠬᠤ ᠬᠡᠮᠵᠢᠶ᠎ᠡ᠎ᠶ᠋ᠢ 2.7 ᠳ᠋ᠦᠩᠱᠢᠭᠤᠷ ᠪᠣᠰᠣᠭ᠎ᠠ ᠳᠥᠷᠪᠡᠯᠵᠢᠨ ᠮᠧᠲ᠋ᠷ᠎ᠡᠴᠡ ᠳᠡᠭᠡᠭ᠌ᠰᠢ᠎ᠳᠦ ᠬᠦᠷᠭᠡᠬᠦ ᠪᠡᠷ ᠲᠥᠯᠥᠪᠯᠡᠵᠦ᠍ ᠪᠠᠢᠨ᠎ᠠ᠃
ᠠᠵᠤ ᠦᠢᠯᠡᠳᠪᠦᠷᠢ᠎ᠶ᠋ᠢᠨ ᠲᠠᠯ᠎ᠠ᠎ᠪᠠᠷ᠂ ᠤᠰᠤ᠎ᠪᠠᠷ ᠭᠠᠷᠤᠯᠲᠠ᠎ᠶ᠋ᠢ ᠲᠣᠭ᠍ᠲᠠᠭᠠᠬᠤ᠎ᠶ᠋ᠢ ᠪᠠᠷᠢᠮᠲᠠᠯᠠᠨ᠂ ᠤᠰᠤ ᠬᠡᠷᠡᠭᠯᠡᠬᠦ ᠵᠥᠪᠱᠢᠶᠡᠷᠡᠯ ᠤ᠋ᠨ ᠬᠢᠨᠠᠨ ᠵᠥᠪᠱᠢᠶᠡᠷᠡᠬᠦ᠌᠎ᠶ᠋ᠢ ᠴᠢᠡᠭᠭᠠᠳᠬᠠᠵᠦ᠂ ᠱᠢᠨ᠎ᠡ᠎ᠪᠡᠷ ᠪᠠᠢᠭᠤᠯᠬᠤ ᠲᠥᠷᠥᠯ ᠵᠦᠢᠯ᠎ᠦᠨ ᠤᠰᠤ ᠬᠡᠷᠡᠭ᠌ᠯᠡᠬᠦ᠌ ᠲᠣᠭ᠍ᠲᠠᠭ᠍ᠰᠠᠨ ᠨᠣᠷᠮ᠎ᠠ ᠨᠢ ᠥᠪᠡᠷᠲᠡᠭᠡᠨ ᠵᠠᠰᠠᠬᠤ ᠣᠷᠣᠨ᠎ᠤ ᠠᠵᠢᠯ ᠲᠥᠷᠥᠯ᠎ᠦᠨ ᠤᠰᠤ ᠬᠡᠷᠡᠭ᠌ᠯᠡᠬᠦ᠌ ᠲᠣᠭ᠍ᠲᠠᠭ᠍ᠰᠠᠨ ᠨᠣᠷᠮ᠎ᠠ ᠡᠴᠡ ᠥᠨᠳᠥᠷ ᠪᠠᠢᠪᠠᠯ ᠵᠥᠪᠱᠢᠶᠡᠷᠡᠬᠦ᠌ ᠦᠭᠡᠶ᠃ ᠭᠤᠤᠯᠳᠠᠯᠭ᠎ᠠ ᠲᠠᠶ ᠠᠵᠤ ᠦᠶ᠋ᠯᠡᠳᠪᠦᠷᠢ᠎ᠶ᠋ᠢᠨ ᠠᠵᠤ ᠠᠬᠤᠢᠯᠠᠯ᠎ᠤᠨ ᠤᠰᠤ ᠠᠷᠪᠢᠯᠠᠬᠤ ᠥᠭᠡᠷᠡᠴᠢᠯᠡᠯᠲᠡ᠎ᠶ᠋ᠢ ᠲᠦᠷᠭᠡᠳᠭᠡᠨ ᠠᠬᠢᠭᠤᠯᠵᠤ᠂ ᠠᠵᠤ ᠠᠬᠤᠢᠯᠠᠯ ᠪᠠ ᠬᠦᠷᠢᠶᠡᠯᠡᠩ ᠲᠣᠭᠣᠷᠢᠭ᠎ᠤᠨ ᠬᠠᠶᠠᠭ᠍ᠳᠠᠮᠠᠯ ᠤᠰᠤ᠎ᠶ᠋ᠢ ᠡᠷᠭᠢᠯᠳᠦᠭᠦᠯᠦᠨ ᠠᠱᠢᠭ᠍ᠯᠠᠬᠤ᠎ᠶ᠋ᠢ ᠠᠬᠢᠭᠤᠯᠤᠨ᠂ ᠢᠷᠡᠬᠦ᠌ ᠵᠢᠯ ᠤᠰᠤ ᠠᠷᠪᠢᠯᠠᠬᠤ ᠥᠭᠡᠷᠡᠴᠢᠯᠡᠯᠲᠡ᠎ᠶ᠋ᠢᠨ ᠲᠥᠷᠥᠯ ᠵᠦᠶ᠋ᠯ᠎ᠢ 20᠎ᠡᠴᠠ ᠳᠡᠭᠡᠭ᠌ᠰᠢ ᠬᠡᠷᠡᠭ᠌ᠵᠢᠭᠦᠯᠬᠦ᠌᠎ᠪᠡᠷ ᠲᠥᠯᠥᠪᠯᠡᠵᠦ᠍᠂ ᠲᠦᠮᠡᠨ ᠲᠥᠭᠥᠷᠢᠭ᠎ᠦᠨ ᠠᠵᠤ ᠦᠶ᠋ᠯᠡᠳᠪᠦᠷᠢ᠎ᠶ᠋ᠢᠨ ᠨᠡᠮᠡᠭ᠌ᠳᠡᠯ ᠥᠷᠲᠡᠭ᠎ᠦᠨ ᠤᠰᠤ ᠬᠡᠷᠡᠭ᠌ᠯᠡᠬᠦ᠌ ᠬᠡᠮᠵᠢᠶ᠎ᠡ᠎ᠶ᠋ᠢ 2020 ᠣᠨ᠎ᠤ ᠬᠢ᠎ᠡᠴᠡ 13%᠎ᠡᠴᠠ ᠳᠡᠭᠡᠭ᠌ᠰᠢ ᠪᠠᠭᠤᠷᠠᠭᠤᠯᠬᠤ᠎ᠶ᠋ᠢ ᠪᠡᠶᠡᠯᠡᠭᠦᠯᠦᠨ᠎ᠡ᠃ 2024 ᠣᠨ᠎ᠳᠤ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠤᠰᠤ ᠠᠷᠪᠢᠯᠠᠬᠤ ᠳᠠᠭᠤᠷᠢᠶᠠᠯᠦᠵᠡᠭᠦᠯᠬᠦ ᠠᠵᠤ ᠠᠬᠤᠢᠯᠠᠯ 4᠂ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠤᠰᠤ ᠠᠷᠪᠢᠯᠠᠬᠤ ᠬᠡᠯᠪᠡᠷᠢ᠎ᠶ᠋ᠢᠨ ᠠᠵᠤ ᠠᠬᠤᠢᠯᠠᠯ 28᠂ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠤᠰᠤ ᠠᠷᠪᠢᠯᠠᠬᠤ ᠬᠡᠯᠪᠡᠷᠢ᠎ᠶ᠋ᠢᠨ ᠬᠦᠷᠢᠶᠡᠯᠡᠩ ᠲᠣᠭᠣᠷᠢᠭ 7 ᠵᠢ ᠪᠠᠢᠭᠤᠯᠵᠦ᠂ 2 ᠠᠵᠤ ᠠᠬᠤᠢᠯᠠᠯ ᠨᠢ ᠤᠯᠤᠰ᠎ᠤᠨ ᠤᠰᠤ ᠠᠷᠪᠢᠯᠠᠬᠤ ᠦᠷ᠎ᠡ ᠠᠱᠢᠭ᠎ᠤᠨ ᠳᠠᠭᠠᠭᠤᠯᠤᠭ᠍ᠴᠢ᠎ᠪᠠᠷ ᠰᠣᠩᠭᠣᠭ᠍ᠳᠠᠪᠠ᠃
ᠬᠣᠲᠠ ᠪᠠᠯᠭᠠᠰᠤ᠎ᠶ᠋ᠢᠨ ᠠᠮᠢᠳᠤᠷᠠᠯ᠎ᠤᠨ ᠲᠠᠯ᠎ᠠ᠎ᠪᠠᠷ᠂ ᠬᠣᠲᠠ᠎ᠶ᠋ᠢᠨ ᠤᠰᠤ ᠬᠠᠩᠭᠠᠬᠤ ᠬᠣᠭᠣᠯᠠᠶ ᠲᠤᠤᠷ᠎ᠤᠨ ᠭᠣᠭᠣᠵᠢᠵᠤ ᠬᠣᠬᠢᠷᠠᠬᠤ᠎ᠶ᠋ᠢ ᠪᠦᠬᠦ᠌ ᠬᠦᠴᠦᠨ᠎ᠢᠶᠡᠷ᠎ᠢᠶᠡᠨ ᠵᠠᠰᠠᠨ ᠬᠣᠷᠢᠭ᠍ᠯᠠᠵᠤ᠂ ᠬᠠᠢᠮᠢᠶᠠᠨ ᠬᠣᠲᠠ ᠶ᠋ᠢᠨ ᠪᠦᠲᠦᠭᠡᠨ ᠪᠠᠢᠭᠤᠯᠤᠯᠲᠠ᠎ᠲᠠᠶ ᠤᠶᠠᠯᠳᠤᠭᠤᠯᠤᠨ ᠪᠣᠷᠣᠭᠠᠨ᠎ᠤ ᠤᠰᠤ᠎ᠶ᠋ᠢ ᠬᠤᠷᠠᠨ ᠬᠠᠳᠠᠭᠠᠯᠠᠬᠤ ᠠᠱᠢᠭ᠍ᠯᠠᠯᠲᠠ᠎ᠶ᠋ᠢᠨ ᠲᠦᠪᠰᠢᠨ᠎ᠢ ᠳᠡᠭᠡᠭ᠌ᠰᠢᠯᠡᠭᠦᠯᠵᠦ᠍᠂ ᠪᠦᠬᠦ᠌ ᠣᠷᠣᠨ᠎ᠤ ᠬᠣᠲᠠ᠎ᠶ᠋ᠢᠨ ᠣᠯᠠᠨ ᠨᠡᠢᠲᠡ᠎ᠶ᠋ᠢᠨ ᠤᠰᠤ ᠬᠠᠩᠭᠠᠬᠤ ᠬᠣᠭᠣᠯᠠᠶ ᠲᠤᠤᠷ᠎ᠤᠨ ᠭᠣᠭᠣᠵᠢᠵᠤ ᠬᠣᠬᠢᠷᠠᠬᠤ ᠨᠣᠷᠮ᠎ᠠ᠎ᠶ᠋ᠢ 9%᠎ᠶ᠋ᠢᠨ ᠳᠣᠲᠣᠷ᠎ᠠ ᠬᠢᠵᠠᠭᠠᠷᠯᠠᠵᠤ᠂ ᠬᠠᠲᠤᠨ ᠭᠤᠤᠯ᠎ᠤᠨ ᠰᠠᠪᠠ ᠭᠠᠵᠠᠷ᠎ᠤᠨ ᠤᠰᠤ ᠳᠤᠲᠠᠭ᠍ᠳᠠᠵᠤ ᠪᠠᠢᠭ᠎ᠠ ᠲᠤᠰᠭᠠᠶ ᠣᠷᠣᠨ᠎ᠤ ᠲᠠᠰ᠎ᠤᠨ ᠬᠣᠲᠠᠪᠦᠷ ᠤᠰᠤ ᠠᠷᠪᠢᠯᠠᠬᠤ ᠪᠠᠷᠢᠮᠵᠢᠶ᠎ᠠ᠎ᠳᠤ ᠬᠦᠷᠬᠦ᠌᠎ᠶ᠋ᠢ ᠪᠡᠶᠡᠯᠡᠭᠦᠯᠵᠠᠢ᠃
ᠳᠥᠷᠪᠡ᠎ᠳᠦ᠂ ᠬᠡᠪ᠎ᠦᠨ ᠪᠤᠰᠤ ᠤᠰᠤᠨ ᠰᠤᠷᠪᠤᠯᠵᠢ᠎ᠶ᠋ᠢᠨ ᠠᠱᠢᠭ᠍ᠯᠠᠯᠲᠠ᠎ᠶ᠋ᠢ ᠴᠢᠩᠭᠠᠳᠭᠠᠨ᠎ᠠ᠃ ᠣᠢᠷ᠎ᠠ᠎ᠶ᠋ᠢᠨ ᠵᠢᠯ᠎ᠳᠦ᠂ ᠥᠪᠥᠷ ᠮᠣᠩᠭᠣᠯ ᠬᠡᠪ᠎ᠦᠨ ᠪᠤᠰᠤ ᠤᠰᠤᠨ ᠰᠤᠷᠪᠤᠯᠵᠢ᠎ᠶ᠋ᠢ ᠤᠰᠤᠨ᠎ᠤ ᠡᠬᠢ ᠪᠠᠶᠠᠯᠢᠭ᠎ᠢ ᠨᠢᠭᠡᠳᠦᠯᠲᠡᠶ ᠲᠣᠬᠢᠷᠠᠭᠤᠯᠬᠤ ᠬᠠᠮᠢᠶᠠᠷᠤᠯᠲᠠ᠎ᠳᠤ ᠣᠷᠣᠭᠤᠯᠵᠤ᠂ ᠤᠰᠤ ᠬᠡᠷᠡᠭᠯᠡᠬᠦ ᠵᠥᠪᠱᠢᠶᠡᠷᠡᠯ᠎ᠢ ᠬᠢᠨᠠᠨ ᠵᠥᠪᠱᠢᠶᠡᠷᠡᠬᠦ᠌ ᠦᠶ᠎ᠡ᠎ᠳᠦ ᠬᠡᠪ᠎ᠦᠨ ᠪᠤᠰᠤ ᠤᠰᠤᠨ᠎ᠤ ᠡᠬᠢ ᠪᠠᠶᠠᠯᠢᠭ᠎ᠢ ᠤᠷᠢᠳ᠎ᠢᠶᠠᠷ ᠲᠣᠬᠢᠷᠠᠭᠤᠯᠵᠤ᠂ ᠬᠣᠲᠠ᠎ᠶ᠋ᠢᠨ ᠳᠠᠬᠢᠨ ᠡᠬᠦᠰᠬᠦ ᠤᠰᠤ ᠵᠢᠨ ᠠᠱᠢᠭ᠍ᠯᠠᠯᠲᠠ᠎ᠶ᠋ᠢ ᠶᠡᠬᠡᠪᠡᠷ ᠳᠥᠯᠭᠢᠨ ᠠᠬᠢᠭᠤᠯᠵᠤ᠂ ᠠᠵᠤ ᠦᠶ᠋ᠯᠡᠳᠪᠦᠷᠢ᠎ᠶ᠋ᠢᠨ ᠦᠶ᠋ᠯᠡᠳᠪᠦᠷᠢᠯᠡᠯ᠎ᠦᠨ ᠳᠠᠬᠢᠠ ᠡᠬᠦᠰᠬᠦ ᠤᠰᠤ ᠵᠢᠨ ᠠᠱᠢᠭ᠍ᠯᠠᠯᠲᠠ᠎ᠶ᠋ᠢ ᠭᠤᠤᠯᠳᠠᠯᠭ᠎ᠠ᠎ᠲᠠᠶ ᠳᠥᠯᠭᠢᠨ ᠠᠬᠢᠭᠤᠯᠵᠤ᠂ ᠠᠮᠢ ᠠᠬᠤᠶ ᠣᠷᠴᠢᠨ ᠲᠣᠭᠣᠷᠢᠨ ᠵᠢᠴᠢ ᠲᠠᠷᠢᠶᠠᠯᠠᠩ᠎ᠤᠨ ᠳᠠᠬᠢᠠ ᠡᠬᠦᠰᠬᠦ ᠤᠰᠤ ᠵᠢᠨ ᠠᠱᠢᠭ᠍ᠯᠠᠯᠲᠠ᠎ᠶ᠋ᠢ ᠵᠢᠷᠤᠮᠵᠢᠭᠤᠯᠤᠨ ᠯᠠᠪᠳᠠᠭᠤᠨ᠎ᠪᠠᠳᠤᠳᠠᠢ ᠳᠥᠯᠭᠢᠨ ᠠᠬᠢᠭᠤᠯᠵᠦ᠂ ᠨᠡᠢᠲᠡᠯᠢᠭ ᠭᠠᠵᠠᠷ ᠣᠷᠣᠨ᠎ᠤ ᠳᠠᠬᠢᠠ ᠡᠬᠦᠰᠬᠦ ᠤᠰᠤ᠎ᠶ᠋ᠢ ᠳᠣᠭᠢᠷᠠᠭᠤᠯᠤᠨ ᠠᠱᠢᠭ᠍ᠯᠠᠬᠤ ᠲᠤᠷᠱᠢᠯᠲᠠ᠎ᠶ᠋ᠢᠨ ᠪᠥᠲᠥᠭᠡᠨ ᠪᠠᠢᠭᠤᠯᠤᠯᠲᠠ᠎ᠶ᠋ᠢ ᠢᠳᠡᠪᠬᠢᠲᠡᠶ ᠳᠥᠯᠭᠢᠨ ᠠᠬᠢᠭᠤᠯᠪᠠ᠃ ᠣᠳᠣᠬᠠᠨ᠎ᠳᠤ ᠮᠠᠨ᠎ᠤ ᠣᠷᠣᠨ᠎ᠤ ᠳᠠᠬᠢᠠ ᠡᠬᠦᠰᠬᠦ ᠤᠰᠤ ᠵᠢᠨ ᠠᠱᠢᠭ᠍ᠯᠠᠯᠲᠠ᠎ᠶ᠋ᠢᠨ ᠨᠣᠷᠮ᠎ᠠ 54%᠎ᠳ᠋ᠤ ᠬᠦᠷᠴᠦ᠍᠂ ᠨᠡᠭᠦᠷᠡᠰᠦᠨ ᠳᠠᠪᠬᠤᠷᠭ᠎ᠠ᠎ᠶ᠋ᠢᠨ ᠤᠰᠤ᠎ᠶ᠋ᠢᠨ ᠠᠱᠢᠭ᠍ᠯᠠᠯᠳᠠ ᠵᠢᠨ ᠨᠣᠷᠮ᠎ᠠ 60%᠎ᠳ᠋ᠤ ᠬᠦᠷᠴᠦ᠍᠂ ᠴᠥᠮ ᠪᠥᠬᠥ᠌ ᠤᠯᠤᠰ᠎ᠤᠨ ᠳᠤᠮᠳᠠᠴᠢ ᠲᠦᠪᠱᠢᠨ᠎ᠡᠴᠡ ᠦᠨᠳᠦᠷ ᠪᠠᠢᠨ᠎ᠠ᠃ ᠵᠠᠯᠭᠠᠭᠠᠳ᠂ ᠥᠪᠥᠷ ᠮᠣᠩᠭᠣᠯ ᠤᠰᠤ ᠨᠡᠮᠡᠭ᠌ᠳᠡᠭᠦᠯᠬᠦ᠌ ᠠᠵᠢᠯ᠎ᠢ ᠦᠷᠭᠦᠯᠵᠢᠯᠡᠨ ᠰᠠᠢᠲᠤᠷ ᠬᠢᠵᠦ᠍᠂ ᠤᠰᠤᠨ ᠲᠤᠤᠷ᠎ᠤᠨ ᠭᠤᠤᠯᠯᠠᠭ᠍ᠴᠢ ᠢᠨᠵᠧᠨᠧᠷᠢᠩ᠎ᠦᠨ ᠪᠥᠲᠥᠭᠡᠨ ᠪᠠᠢᠭᠤᠯᠤᠯᠲᠠ᠎ᠶ᠋ᠢ ᠲᠦᠷᠭᠡᠳᠭᠡᠨ ᠠᠬᠢᠭᠤᠯᠵᠤ᠂ ᠬᠠᠲᠤᠨ ᠭᠤᠤᠯ᠎ᠤᠨ 《ᠨᠠᠶ᠋ᠮᠠ ᠳᠣᠯᠣᠭ᠎ᠠ》 ᠶ᠋ᠢᠨ ᠤᠰᠤ᠎ᠶ᠋ᠢ ᠰᠠᠯᠭᠠᠬᠤ ᠲᠥᠰᠦᠯ᠎ᠳᠦ ᠮᠠᠨ᠎ᠤ ᠣᠷᠣᠨ᠎ᠤ ᠭᠦᠶ᠋ᠴᠡᠳᠭᠡᠯ ᠲᠣᠭ᠎ᠠ᠎ᠶ᠋ᠢ ᠱᠢᠯᠵᠢᠭᠦᠯᠦᠨ ᠨᠡᠮᠡᠭ᠌ᠳᠡᠭᠦᠯᠬᠦ᠌᠎ᠪᠡᠷ ᠢᠳᠡᠪᠬᠢᠲᠡᠶ ᠴᠢᠷᠮᠠᠢᠨ᠎ᠠ; ᠪᠣᠬᠢᠷ ᠤᠰᠤ᠎ᠶ᠋ᠢ ᠡᠬᠢ ᠪᠠᠶᠠᠯᠢᠭ᠍ᠵᠢᠭᠤᠯᠤᠨ ᠠᠱᠢᠭ᠍ᠯᠠᠬᠤ ᠲᠦᠪᠱᠢᠨ᠎ᠢ ᠨᠡᠮᠡᠭ᠌ᠳᠡᠭᠦᠯᠵᠦ᠍᠂ ᠳᠠᠬᠢᠨ ᠡᠬᠦᠰᠬᠦ ᠤᠰᠤ᠂ ᠨᠡᠭᠦᠷᠡᠰᠦᠨ ᠳᠠᠪᠬᠤᠷᠭ᠎ᠠ᠎ᠶ᠋ᠢᠨ ᠤᠰᠤ᠎ᠶ᠋ᠢ ᠠᠱᠢᠭ᠍ᠯᠠᠬᠤ ᠲᠤᠨᠤᠭ ᠲᠦᠬᠦᠬᠡᠷᠤᠮᠵᠢ ᠵᠢᠨ ᠪᠥᠲᠥᠭᠡᠨ ᠪᠠᠢᠭᠤᠯᠤᠯᠲᠠ᠎ᠶ᠋ᠢ ᠠᠬᠢᠭᠤᠯᠤᠨ᠂ 2025 ᠣᠨ᠎ᠳᠤ ᠪᠥᠬᠥ᠌ ᠣᠷᠣᠨ᠎ᠤ ᠬᠡᠪ ᠤ᠋ᠨ ᠪᠤᠰᠤ ᠤᠰᠤᠨ᠎ᠤ ᠡᠬᠢ ᠪᠠᠶᠠᠯᠢᠭ᠎ᠤᠨ ᠠᠱᠢᠭ᠍ᠯᠠᠯᠲᠠ᠎ᠶ᠋ᠢᠨ ᠬᠡᠮᠵᠢᠶ᠎ᠡ᠎ᠶ᠋ᠢ 7.68 ᠳ᠋ᠦᠩᠱᠢᠭᠤᠷ ᠪᠣᠰᠣᠭ᠎ᠠ ᠳᠥᠷᠪᠡᠯᠵᠢᠨ ᠮᠧᠲ᠋ᠷ᠎ᠡᠴᠡ ᠳᠡᠭᠡᠭ᠌ᠰᠢ᠎ᠳᠦ ᠬᠦᠷᠭᠡᠵᠦ᠍᠂ ᠤᠰᠤᠨ ᠠᠱᠢᠭ᠍ᠯᠠᠯᠲᠠ᠎ᠶ᠋ᠢᠨ ᠬᠥᠭ᠌ᠵᠢᠯᠲᠡ᠎ᠶ᠋ᠢᠨ ᠪᠠᠯᠠ ᠮᠥᠩᠭᠥ᠎ᠶ᠋ᠢ 2751 ᠲᠦᠮᠡᠨ ᠲᠥᠭᠥᠷᠢᠭ ᠳᠡᠮᠡᠴᠡᠨ ᠣᠯᠵᠤ᠂ ᠪᠤᠭᠤᠲᠤ ᠬᠣᠲᠠ᠎ᠶ᠋ᠢᠨ ᠴᠢᠩᠱᠠᠨ ᠲᠣᠭᠣᠷᠢᠭ᠎ᠤᠨ ᠲᠣᠨᠣᠭ ᠲᠥᠬᠥᠭᠡᠷᠦᠮᠵᠢ᠎ᠶ᠋ᠢᠨ ᠬᠦᠷᠢᠶᠡᠯᠡᠩ ᠲᠣᠭᠣᠷᠢᠭ᠎ᠤᠨ ᠳᠠᠬᠢᠨ ᠡᠬᠦᠰᠬᠦ ᠤᠰᠤ ᠵᠢᠨ ᠬᠣᠭᠣᠯᠠᠶ ᠱᠤᠭᠤᠮ᠎ᠤᠨ ᠢᠨᠵᠧᠨᠧᠷᠢᠩ᠎ᠦᠨ ᠪᠥᠲᠥᠭᠡᠨ ᠪᠠᠢᠭᠤᠯᠤᠯᠲᠠ᠎ᠶ᠋ᠢ ᠳᠡᠮᠵᠢᠵᠦ᠍᠂ ᠤᠰᠤ ᠠᠷᠪᠢᠯᠠᠬᠤ ᠠᠵᠢᠯᠯᠠᠭ᠎ᠠ᠎ᠶ᠋ᠢᠨ ᠪᠣᠳᠠᠲᠦ ᠦᠷ᠎ᠡ ᠪᠦᠲᠦᠮᠵᠢ ᠤᠯᠬᠤ᠎ᠶ᠋ᠢ ᠴᠢᠷᠮᠠᠢᠨ ᠪᠡᠶᠡᠯᠡᠭᠦᠯᠦᠨ᠎ᠡ᠃
ᠲᠠᠪᠤ᠎ᠳᠤ᠂ ᠤᠰᠤ ᠬᠡᠷᠡᠭ᠌ᠯᠡᠬᠦ᠌ ᠡᠷᠬᠡ᠎ᠶ᠋ᠢᠨ ᠥᠭᠡᠷᠡᠴᠢᠯᠡᠯᠲᠡ᠎ᠶ᠋ᠢ ᠦᠷᠭᠦᠯᠵᠢᠯᠡᠨ ᠠᠬᠢᠭᠤᠯᠤᠨ᠎ᠠ᠃ ᠤᠰᠤ ᠬᠡᠷᠡᠭ᠌ᠯᠡᠬᠦ᠌ ᠡᠷᠬᠡ᠎ᠶ᠋ᠢᠨ ᠠᠷᠠᠯᠵᠢᠶ᠎ᠠ᠎ᠶ᠋ᠢᠨ ᠲᠦᠷᠢᠮ᠎ᠦᠨ ᠪᠠᠲᠤᠯᠠᠭ᠎ᠠ᠎ᠶ᠋ᠢ ᠪᠦᠷᠢᠨᠱᠢᠬᠦᠯᠵᠦ᠍᠂ ᠤᠰᠤᠨ᠎ᠤ ᠡᠷᠬᠡ᠎ᠶ᠋ᠢᠨ ᠠᠷᠠᠯᠵᠢᠶ᠎ᠠ᠎ᠶ᠋ᠢᠨ ᠠᠷᠭ᠎ᠠ ᠵᠠᠮ᠎ᠤᠨ ᠱᠢᠨ᠎ᠡ᠎ᠶ᠋ᠢ ᠡᠭᠦᠳᠴᠦ᠂ ᠤᠰᠤ ᠠᠷᠪᠢᠯᠠᠬᠤ ᠵᠠᠬ᠎ᠠ ᠳᠡᠯᠭᠡᠭᠦᠷ᠎ᠦᠨ ᠠᠮᠢᠵᠢᠷᠠᠯ᠎ᠤᠨ ᠬᠦᠴᠦᠨ᠎ᠢ ᠲᠠᠰᠤᠷᠠᠯᠲᠠ ᠥᠬᠡᠶ ᠬᠥᠭ᠌ᠵᠢᠭᠡᠵᠦ᠍᠂ ᠤᠰᠤ ᠠᠷᠪᠢᠯᠠᠬᠤ ᠠᠵᠤ ᠦᠶ᠋ᠯᠡᠰ᠎ᠢ ᠬᠥᠭ᠌ᠵᠢᠭᠦᠯᠬᠦ᠌ ᠪᠠ ᠤᠰᠤ ᠠᠷᠪᠢᠯᠠᠬᠤ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠦᠷ᠎ᠡ ᠪᠦᠲᠦᠭᠡᠯ᠎ᠢ ᠤᠯᠠᠷᠢᠭᠤᠯᠬᠤ᠎ᠶ᠋ᠢ ᠭᠤᠤᠯᠳᠠᠯᠭ᠎ᠠ᠎ᠲᠠᠶ ᠠᠬᠢᠭᠤᠯᠤᠨ᠂ ᠭᠡᠷ᠎ᠡ᠎ᠪᠡᠷ ᠤᠰᠤ ᠠᠷᠪᠢᠯᠠᠬᠤ ᠬᠠᠮᠢᠶᠠᠷᠤᠯᠲᠠ᠎ᠶ᠋ᠢᠨ ᠵᠠᠭ᠍ᠪᠤᠷ ᠪᠠ 《ᠤᠰᠤ ᠠᠷᠪᠢᠯᠠᠬᠤ ᠵᠢᠭᠡᠯᠡᠯᠭᠡ》᠎ᠶ᠋ᠢᠨ ᠪᠠᠯᠠ ᠲᠣᠬᠢᠷᠠᠭᠤᠯᠭ᠎ᠠ᠎ᠶ᠋ᠢᠨ ᠦᠶ᠋ᠯᠡᠴᠢᠯᠡᠭᠡᠨ᠎ᠦ ᠠᠵᠢᠯ᠎ᠢ ᠶᠡᠬᠡ ᠪᠡᠷ ᠳᠡᠯᠭᠡᠷᠡᠭᠦᠯᠦᠨ᠎ᠡ᠃ 2024 ᠣᠨ᠎ᠳᠤ᠂ ᠥᠪᠥᠷ ᠮᠣᠩᠭᠣᠯ ᠤᠯᠤᠰ᠎ᠠᠴᠠ ᠪᠠᠯᠠ ᠣᠷᠣᠭᠤᠯᠵᠤ ᠪᠥᠲᠥᠭᠡᠨ ᠪᠠᠢᠭᠤᠯᠤᠭ᠍ᠰᠠᠨ ᠤᠰᠤ ᠠᠷᠪᠢᠯᠠᠬᠤ ᠢᠨᠵᠧᠨᠧᠷᠢᠩ᠎ᠦᠨ ᠠᠷᠪᠢᠯᠠᠭ᠍ᠰᠠᠨ 4050 ᠲᠦᠮᠡᠨ ᠪᠣᠰᠣᠭ᠎ᠠ ᠳᠥᠷᠪᠡᠯᠵᠢᠨ ᠮᠧᠲ᠋ᠷ᠎ᠦᠨ ᠤᠰᠤᠨ᠎ᠤ ᠬᠡᠮᠵᠢᠶ᠎ᠡ᠎ᠶ᠋ᠢ ᠤᠰᠤᠨ᠎ᠤ ᠡᠷᠬᠡ᠎ᠶ᠋ᠢᠨ ᠠᠷᠠᠯᠵᠢᠶᠠᠨ᠎ᠤ ᠲᠣᠭ᠍ᠲᠠᠴᠠ ᠶᠣᠰᠣᠭᠠᠷ ᠱᠢᠯᠢᠳᠡᠭ᠌ᠵᠢᠭᠦᠯᠦᠨ ᠳᠣᠭᠢᠷᠠᠭᠤᠯᠬᠤ᠎ᠶ᠋ᠢ ᠰᠦᠪᠡᠭ᠌ᠴᠢᠯᠡᠵᠦ᠍᠂ ᠬᠠᠲᠤᠨ ᠭᠤᠤᠯ ᠳᠠᠭᠠᠤ ᠭᠠᠵᠠᠷ ᠣᠷᠣᠨ᠎ᠤ 300 ᠳ᠋ᠦᠩᠱᠢᠭᠤᠷ ᠲᠥᠭᠥᠷᠢᠭ᠎ᠦᠨ ᠠᠵᠤ ᠦᠶ᠋ᠯᠡᠳᠪᠦᠷᠢ᠎ᠶ᠋ᠢᠨ ᠦᠶ᠋ᠯᠡᠳᠬᠦᠨ᠎ᠦ ᠥᠷᠲᠡᠭ᠎ᠢ ᠱᠢᠨ᠎ᠡ᠎ᠪᠡᠷ ᠨᠡᠮᠡᠭ᠌ᠳᠡᠭᠦᠯᠬᠦ᠌᠎ᠳᠦ ᠤᠰᠤᠨ᠎ᠤ ᠡᠬᠢ ᠪᠠᠶᠠᠯᠢᠭ᠎ᠤᠨ ᠲᠤᠯᠭᠠᠭᠤᠷᠢᠯᠠᠯ ᠬᠠᠩᠭᠠᠪᠠ᠃ ᠬᠠᠲᠤᠨ ᠭᠤᠤᠯ᠎ᠤᠨ ᠭᠤᠤᠯ ᠤᠷᠤᠰᠭᠠᠯ᠎ᠤᠨ ᠤᠰᠤᠨ᠎ᠤ ᠡᠷᠬᠡ᠎ᠶ᠋ᠢ ᠠᠢᠮᠠᠭ ᠬᠣᠲᠠ᠎ᠶ᠋ᠢᠨ ᠬᠣᠭᠣᠷᠣᠨᠳᠣ ᠱᠢᠯᠵᠢᠭᠦᠯᠦᠨ ᠥᠭ᠌ᠬᠦ ᠬᠣᠶᠠᠳᠤᠭᠠᠷ ᠬᠤᠭᠤᠴᠠᠭᠠᠨ᠎ᠤ ᠢᠨᠵᠧᠨᠧᠷᠢᠩ᠎ᠢ ᠯᠠᠪᠳᠠᠭᠤᠨ᠎ᠪᠠᠳᠤᠳᠠᠢ ᠠᠬᠢᠭᠤᠯᠵᠤ᠂ 2025 ᠣᠨ᠎ᠤ ᠡᠴᠦᠰ᠎ᠲᠦ ᠪᠠᠷᠢᠯᠭ᠎ᠠ᠎ᠶ᠋ᠢ ᠪᠦᠬᠦᠨ᠎ᠢ ᠪᠠᠢᠭᠤᠯᠵᠤ ᠳᠠᠭᠤᠰᠭᠠᠭ᠍ᠰᠠᠨ᠎ᠤ ᠳᠠᠷᠠᠭ᠎ᠠ᠂ ᠲᠠᠷᠢᠶᠠᠯᠠᠩ᠎ᠠᠴᠠ ᠠᠵᠤ ᠦᠶ᠋ᠯᠡᠳᠪᠦᠷᠢ᠎ᠳᠦ 1.2 ᠳ᠋ᠦᠩᠱᠢᠭᠤᠷ ᠪᠣᠰᠣᠭ᠎ᠠ ᠳᠥᠷᠪᠡᠯᠵᠢᠨ ᠮᠧᠲ᠋ᠷ᠎ᠦᠨ ᠤᠰᠤᠨ᠎ᠤ ᠭᠦᠶ᠋ᠴᠡᠳᠭᠡᠯ ᠲᠣᠭ᠎ᠠ᠎ᠶ᠋ᠢ ᠱᠢᠯᠵᠢᠭᠦᠯᠦᠨ ᠥᠭ᠌ᠴᠦ ᠪᠣᠯᠤᠨ᠎ᠠ᠃