— ᠥᠪᠡᠷᠲᠡᠭᠡᠨ ᠵᠠᠰᠠᠬᠤ ᠣᠷᠣᠨ ᠤ᠋ ᠠᠷᠪᠠᠨ ᠳᠥᠷᠪᠡᠳᠦᠭᠡᠷ ᠬᠤᠭᠤᠴᠠᠭᠠᠨ ᠤ᠋ ᠠᠷᠠᠳ ᠤ᠋ᠨ ᠲᠥᠯᠥᠭᠡᠯᠡᠭ᠌ᠴᠢᠳ ᠤ᠋ᠨ ᠶᠡᠬᠡ ᠬᠤᠷᠠᠯ ᠤ᠋ᠨ ᠭᠤᠷᠪᠠᠳᠤᠭᠠᠷ ᠬᠤᠷᠠᠯ ᠤ᠋ᠨ ᠬᠡᠰᠡᠭ ᠦᠵᠡᠭᠳᠡᠯ
1 ᠰᠠᠷ᠎ᠠ ᠶ᠋ᠢᠨ 17 ᠤ᠋ ᠦᠳᠡ ᠶ᠋ᠢᠨ ᠬᠣᠢᠨ᠎ᠠ᠂ ᠥᠪᠡᠷᠲᠡᠭᠡᠨ ᠵᠠᠰᠠᠬᠤ ᠣᠷᠣᠨ ᠤ᠋ ᠠᠷᠪᠠᠨ ᠳᠥᠷᠪᠡᠳᠦᠭᠡᠷ ᠬᠤᠭᠤᠴᠠᠭᠠᠨ ᠤ᠋ ᠠᠷᠠᠳ ᠤ᠋ᠨ ᠲᠥᠯᠥᠭᠡᠯᠡᠭ᠌ᠴᠢᠳ ᠤ᠋ᠨ ᠶᠡᠬᠡ ᠬᠤᠷᠠᠯ ᠤ᠋ᠨ ᠭᠤᠷᠪᠠᠳᠤᠭᠠᠷ ᠬᠤᠷᠠᠯ ᠡᠯ᠎ᠡ ᠵᠥᠪᠯᠡᠬᠦ᠌ ᠵᠤᠢᠯᠡᠰ ᠶ᠋ᠢᠡᠨ ᠲᠡᠭᠦᠰ ᠠᠮᠵᠢᠯᠲᠠ ᠲᠠᠶ ᠳᠠᠭᠤᠰᠬᠠᠭᠠᠳ ᠥᠪᠥᠷ ᠮᠣᠩᠭᠣᠯ ᠤ᠋ᠨ ᠠᠷᠠᠳ ᠤ᠋ᠨ ᠬᠤᠷᠠᠯ ᠤ᠋ᠨ ᠲᠠᠩᠬᠢᠮ ᠳ᠋ᠤ ᠢᠯᠠᠯᠲᠠ ᠲᠠᠶ ᠲᠡᠭᠦᠰᠪᠡ᠃ ᠬᠤᠷᠠᠯ ᠤ᠋ᠨ ᠬᠤᠭᠤᠴᠠᠭᠠᠨ ᠳ᠋ᠦ ᠠᠷᠠᠳ ᠤ᠋ᠨ ᠲᠥᠯᠥᠭᠡᠯᠡᠭ᠌ᠴᠢᠳ ᠤ᠋ᠨ ᠶᠡᠬᠡ ᠬᠤᠷᠠᠯ ᠤ᠋ᠨ ᠲᠦᠯᠦᠭᠡᠯᠡᠭᠴᠢᠳ ᠪᠦᠬᠦ᠌ ᠣᠷᠣᠨ ᠤ᠋ ᠠᠷᠠᠳ ᠲᠦᠮᠡᠨ ᠤ᠋ ᠬᠦᠨᠳᠦ ᠨᠠᠢᠳᠠᠯᠭ᠎ᠠ ᠵᠢ ᠡᠭᠦᠷᠭᠡᠯᠡᠵᠦ᠂ ᠲᠤᠱᠢᠶᠠᠯ ᠬᠠᠷᠢᠭᠤᠴᠠᠯᠭ᠎ᠠ ᠪᠠᠨ ᠬᠠᠤᠯᠢ ᠶᠣᠰᠣᠭᠠᠷ ᠭᠦᠢᠴᠡᠳᠭᠡᠨ᠂ ᠢᠳᠡᠪᠬᠢᠲᠡᠢ ᠪᠡᠷ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ ᠲᠡᠪᠰᠢᠬᠦᠯᠵᠤ᠂ ᠡᠵᠡᠨ ᠬᠥᠮᠦᠨ ᠤ᠋ ᠵᠣᠷᠢᠭ ᠰᠠᠨᠠᠭ᠎ᠠ ᠪᠠ ᠳᠡᠭᠡᠳᠦ ᠬᠡᠮᠵᠢᠶᠡᠨ ᠤ᠋ ᠤᠯᠤᠰ ᠲᠦᠷᠦ᠍ ᠶ᠋ᠢᠨ ᠬᠠᠷᠢᠭᠤᠴᠠᠯᠭᠠᠲᠤ ᠰᠡᠳᠭᠢᠯᠭᠡ ᠪᠡᠨ ᠢᠯᠡᠷᠡᠭᠦᠯᠪᠡ᠃ ᠤᠯᠠᠨ ᠵᠢᠡᠷ ᠵᠢᠡᠨ ᠥᠩᠭᠡᠷᠡᠭ᠌ᠰᠡᠨ ᠨᠢᠭᠡ ᠵᠢᠯ ᠤ᠋ᠨ ᠠᠵᠢᠯ ᠤ᠋ᠨ ᠠᠮᠵᠢᠯᠲᠠ ᠪᠦᠲᠦᠮᠵᠢ ᠪᠡᠨ ᠡᠷᠭᠢᠴᠡᠭᠦᠯᠤᠨ᠂ ᠱᠢᠨ᠎ᠡ ᠨᠢᠭᠡ ᠵᠢᠯ ᠤ᠋ᠨ ᠬᠥᠭ᠌ᠵᠢᠯᠲᠡ ᠶ᠋ᠢᠨ ᠲᠦᠯᠦᠪᠯᠡᠭᠡ ᠵᠢ ᠬᠠᠮᠲᠤ ᠪᠠᠷ ᠵᠥᠪᠯᠡᠵᠦ᠍᠂ ᠡᠯ᠎ᠡ ᠵᠦᠢᠯ ᠤ᠋ᠨ ᠰᠣᠩᠭᠣᠭᠤᠯᠢ ᠶ᠋ᠢᠨ ᠡᠭᠦᠷᠭᠡ ᠵᠢ ᠲᠡᠭᠦᠰ ᠠᠮᠵᠢᠯᠲᠠ ᠲᠠᠶ ᠪᠡᠶᠡᠯᠡᠭᠦᠯᠵᠦ᠍᠂ ᠵᠠᠰᠠᠭ ᠤ᠋ᠨ ᠤᠷᠳᠤᠨ ᠤ᠋ ᠠᠵᠢᠯ ᠤ᠋ᠨ ᠢᠯᠡᠳᠭᠡᠯ᠂ 《ᠬᠤᠶᠠᠷ ᠬᠤᠷᠢᠶ᠎ᠠ》 ᠶ᠋ᠢᠨ ᠠᠵᠢᠯ ᠤ᠋ᠨ ᠮᠡᠳᠡᠭᠦᠯᠦᠯᠲᠡ ᠪᠣᠯᠤᠨ ᠪᠤᠰᠤᠳ ᠡᠯ᠎ᠡ ᠵᠦᠢᠯ ᠤ᠋ᠨ ᠮᠡᠳᠡᠭᠦᠯᠦᠯᠲᠡ ᠪᠠ ᠱᠢᠢᠳᠪᠦᠷᠢ ᠵᠢ ᠬᠢᠨᠠᠨ ᠵᠥᠪᠯᠡᠵᠦ᠍ ᠪᠠᠲᠤᠯᠠᠪᠠ᠃ ᠬᠤᠷᠠᠯ ᠡᠴᠡ ᠨᠠᠮ ᠤ᠋ᠨ ᠲᠥᠪ ᠬᠣᠷᠢᠶᠠᠨ ᠤ᠋ ᠱᠢᠶ᠋ᠳᠪᠦᠷᠢᠲᠦ ᠪᠣᠳᠣᠯᠭ᠎ᠠ ᠪᠠᠢᠷᠢᠯᠠᠭᠤᠯᠤᠯᠲᠠ ᠪᠣᠯᠤᠨ ᠥᠪᠡᠷᠲᠡᠭᠡᠨ ᠵᠠᠰᠠᠬᠤ ᠣᠷᠣᠨ ᠤ᠋ ᠨᠠᠮ ᠤ᠋ᠨ ᠬᠤᠷᠢᠶ᠎ᠠ ᠵᠢᠨ ᠠᠷᠪᠠᠨ ᠨᠢᠭᠡᠳᠦᠭᠡᠷ ᠬᠤᠭᠤᠴᠠᠭᠠᠨ ᠤ᠋ ᠶᠢᠰᠦᠳᠦᠭᠡᠷ ᠪᠥᠬᠥᠳᠡ ᠬᠤᠷᠠᠯ ᠤ᠋ᠨ ᠠᠵᠢᠯ ᠤ᠋ᠨ ᠪᠠᠢᠷᠢᠯᠠᠭᠤᠯᠤᠯᠲᠠ ᠵᠢ ᠲᠤᠭᠤᠱᠢᠯᠠᠭᠤᠯᠵᠤ᠂ ᠪᠥᠬᠥ᠌ ᠣᠷᠣᠨ ᠤ᠋ ᠠᠷᠠᠳ ᠲᠦᠮᠡᠨ ᠤ᠋ ᠬᠠᠮᠲᠤ ᠶ᠋ᠢᠨ ᠬᠦᠰᠡᠯ ᠡᠷᠡᠮᠡᠯᠵᠡᠯᠢ ᠢᠯᠡᠷᠡᠭᠦᠯᠪᠡ᠃ ᠲᠥᠯᠥᠭᠡᠯᠡᠭ᠌ᠴᠢᠳ᠂ ᠰᠢ ᠵᠢᠨ ᠫᠢᠩ ᠨᠥᠬᠥᠷ ᠵᠢᠡᠷ ᠭᠣᠣᠯ ᠪᠣᠯᠭᠠᠭ᠍ᠰᠠᠨ ᠨᠠᠮ ᠤ᠋ᠨ ᠲᠥᠪ ᠬᠣᠷᠢᠶᠠᠨ ᠤ᠋ ᠲᠣᠭᠣᠷᠢᠨ ᠳ᠋ᠤ ᠨᠡᠩ ᠰᠠᠢᠨ ᠨᠢᠭ᠍ᠲᠠᠷᠠᠨ ᠪᠦᠯᠬᠦᠮᠳᠡᠵᠦ᠍᠂ ᠴᠢᠷᠮᠠᠢᠨ ᠲᠡᠮᠡᠴᠡᠵᠦ᠍᠂ ᠰᠢᠷᠭᠠᠭᠤ ᠠᠵᠢᠯᠯᠠᠨ᠂ ᠴᠤᠴᠠᠯᠲᠠ ᠦᠭᠡᠢ ᠤᠷᠤᠭ᠍ᠰᠢᠯᠠᠵᠤ᠂ ᠡᠭᠡ ᠤᠯᠤᠰ ᠤ᠋ᠨ ᠤᠮᠠᠷᠠᠲᠤ ᠶ᠋ᠢᠨ ᠡᠨᠡ ᠬᠦ᠌ ᠦᠵᠡᠮᠵᠢ ᠶ᠋ᠢᠨ ᠣᠷᠣᠨ ᠵᠢᠡᠨ ᠨᠡᠩ ᠦᠵᠡᠰᠭᠦᠯᠡᠩᠲᠦ ᠰᠠᠢᠬᠠᠨ ᠪᠣᠯᠭᠠᠨ ᠪᠦᠳᠦᠭᠡᠨ ᠪᠠᠢᠭᠤᠯᠤᠨ᠎ᠠ ᠭᠡᠵᠦ᠍ ᠰᠠᠨᠠᠯ ᠨᠢᠭᠡᠲᠡᠢ ᠢᠯᠡᠳᠭᠡᠵᠡᠭᠡᠪᠡ!

ᠲᠦᠯᠦᠭᠡᠯᠡᠭᠴᠢᠳ ᠤ᠋ᠨ ᠰᠤᠷᠪᠤᠯᠵᠢᠯᠠᠭ᠎ᠠ ᠬᠦᠯᠢᠶᠡᠬᠦ ᠵᠠᠮ

ᠵᠠᠭᠤᠴᠢᠯᠠᠭᠤᠷ ᠤ᠋ᠨ ᠬᠢᠨ ᠠᠡᠭᠬᠠᠷᠤᠯ ᠶ᠋ᠢᠡᠨ ᠬᠠᠨᠳᠤᠭᠤᠯᠤᠨ᠎ᠠ

ᠳᠠᠷᠤᠪᠴᠢ ᠳᠠᠷᠤᠵᠤ ᠪᠠᠲᠤᠯᠠᠨ᠎ᠠ

ᠨᠠᠷᠢᠨ ᠬᠢᠨᠠᠮᠠᠭᠠᠢ ᠰᠤᠨᠤᠰᠤᠨ᠎ᠠ

ᠰᠢᠨ᠎ᠡ ᠠᠶᠠᠨ ᠳ᠋ᠠᠭᠠᠨ ᠮᠤᠷᠳᠠᠨ᠎ᠠ