— ᠥᠪᠡᠷᠲᠡᠭᠡᠨ ᠵᠠᠰᠠᠬᠤ ᠣᠷᠣᠨ ᠤ᠋ ᠤᠯᠤᠰ ᠲᠥᠷᠥ ᠶ᠋ᠢᠨ ᠵᠥᠪᠯᠡᠯᠭᠡᠨ ᠤ᠋ ᠠᠷᠪᠠᠨ ᠭᠤᠷᠪᠠᠳᠤᠭᠠᠷ ᠬᠤᠭᠤᠴᠠᠭᠠᠨ ᠤ᠋ ᠬᠣᠷᠢᠶ᠎ᠠ ᠶ᠋ᠢᠨ ᠭᠤᠷᠪᠠᠳᠤᠭᠠᠷ ᠬᠤᠷᠠᠯ ᠤ᠋ᠨ ᠬᠡᠰᠡᠭ ᠦᠵᠡᠭᠳᠡᠯ
1 ᠰᠠᠷ᠎ᠠ ᠶ᠋ᠢᠨ 17 ᠤ᠋ ᠦᠳᠡ ᠶ᠋ᠢᠨ ᠡᠮᠦᠨ᠎ᠡ᠂ ᠥᠪᠡᠷᠲᠡᠭᠡᠨ ᠵᠠᠰᠠᠬᠤ ᠣᠷᠣᠨ ᠤ᠋ ᠤᠯᠤᠰ ᠲᠥᠷᠥ ᠶ᠋ᠢᠨ ᠵᠥᠪᠯᠡᠯᠭᠡᠨ ᠤ᠋ ᠠᠷᠪᠠᠨ ᠭᠤᠷᠪᠠᠳᠤᠭᠠᠷ ᠬᠤᠭᠤᠴᠠᠭᠠᠨ ᠤ᠋ ᠬᠣᠷᠢᠶ᠎ᠠ ᠶ᠋ᠢᠨ ᠭᠤᠷᠪᠠᠳᠤᠭᠠᠷ ᠬᠤᠷᠠᠯ ᠡᠯ᠎ᠡ ᠵᠥᠪᠯᠡᠬᠦ᠌ ᠵᠦᠶ᠋ᠯᠡᠰ ᠢ᠋ᠶ᠋ᠡᠨ ᠲᠡᠭᠦᠰ ᠠᠮᠵᠢᠯᠲᠠ ᠲᠠᠢ ᠳᠠᠭᠤᠰᠭᠠᠭᠠᠳ ᠥᠪᠥᠷ ᠮᠣᠩᠭᠣᠯ ᠤ᠋ᠨ ᠠᠷᠠᠳ ᠤ᠋ᠨ ᠬᠤᠷᠠᠯ ᠤ᠋ᠨ ᠲᠠᠩᠬᠢᠮ ᠳ᠋ᠤ ᠢᠯᠠᠯᠲᠠ ᠲᠠᠢ ᠲᠡᠭᠦᠰᠪᠡ᠃

ᠦᠵᠡᠯᠳᠡ ᠪᠠᠨ ᠲᠠᠯᠬᠡᠨᠠ

ᠮᠡᠳᠡᠭᠦᠯᠦᠯᠲᠡ ᠵᠢ ᠬᠢᠨᠠᠨ ᠵᠦᠪᠯᠡᠨ᠎ᠡ

ᠠᠯᠠᠭ᠎ᠠ ᠲᠠᠱᠢᠵᠤ ᠪᠠᠲᠤᠯᠠᠨ᠎ᠠ
ᠬᠤᠷᠠᠯ ᠤ᠋ᠨ ᠬᠤᠭᠤᠴᠠᠭᠠᠨ ᠳ᠋ᠤ ᠤᠯᠤᠰ ᠲᠥᠷᠥ ᠶ᠋ᠢᠨ ᠵᠥᠪᠯᠡᠯᠭᠡᠨ ᠤ᠋ ᠭᠡᠱᠢᠭᠦᠳ ᠡᠭᠦᠷᠭᠡ ᠬᠠᠷᠢᠭᠤᠴᠠᠯᠭ᠎ᠠ ᠪᠠᠨ ᠬᠢᠨᠠᠮᠠᠭᠠᠶ ᠭᠦᠶ᠋ᠴᠡᠳᠭᠡᠨ᠂ ᠰᠦᠨ ᠱᠤᠤ ᠴᠧᠩ ᠱᠦᠵᠢ ᠵᠢᠨ ᠡᠬᠢᠯᠡᠯᠲᠡ ᠶ᠋ᠢᠨ ᠬᠤᠷᠠᠯ ᠳᠡᠭᠡᠷᠡᠬᠢ ᠶᠠᠷᠢᠶ᠎ᠠ ᠵᠢ ᠭᠦᠨᠵᠡᠭᠡᠶ ᠰᠤᠷᠤᠯᠴᠠᠵᠤ᠂ ᠥᠪᠡᠷᠲᠡᠭᠡᠨ ᠵᠠᠰᠠᠬᠤ ᠣᠷᠣᠨ ᠤ᠋ ᠤᠯᠤᠰ ᠲᠥᠷᠥ ᠶ᠋ᠢᠨ ᠵᠥᠪᠯᠡᠯᠭᠡᠨ ᠤ᠋ ᠪᠠᠢᠩᠭᠤ ᠶ᠋ᠢᠨ ᠬᠣᠷᠢᠶ᠎ᠠ ᠶ᠋ᠢᠨ ᠠᠵᠢᠯ ᠤ᠋ᠨ ᠮᠡᠳᠡᠭᠦᠯᠦᠯᠲᠡ ᠪᠣᠯᠤᠨ ᠰᠠᠨᠠᠯ ᠳᠤᠷᠠᠳᠤᠯᠭ᠎ᠠ ᠶ᠋ᠢᠨ ᠠᠵᠢᠯ ᠤ᠋ᠨ ᠪᠠᠢᠳᠠᠯ ᠤ᠋ᠨ ᠮᠡᠳᠡᠭᠦᠯᠦᠯᠲᠡ ᠵᠢ ᠨᠠᠷᠢᠨ ᠬᠢᠨᠠᠮᠠᠭᠠᠶ ᠬᠢᠨᠠᠨ ᠵᠥᠪᠯᠡᠵᠦ᠍᠂ ᠵᠠᠰᠠᠭ ᠤ᠋ᠨ ᠣᠷᠳᠣᠨ ᠤ᠋ ᠠᠵᠢᠯ ᠤ᠋ᠨ ᠢᠯᠡᠳᠭᠡᠯ᠂ 《ᠬᠤᠶᠠᠷ ᠬᠣᠷᠢᠶ᠎ᠠ》 ᠶ᠋ᠢᠨ ᠠᠵᠢᠯ ᠤ᠋ᠨ ᠮᠡᠳᠡᠭᠦᠯᠦᠯᠲᠡ ᠵᠡᠷᠭᠡ ᠵᠢ ᠭᠦᠨᠵᠡᠭᠡᠶ ᠶᠠᠷᠢᠯᠴᠠᠵᠤ᠂ ᠶᠡᠬᠡ ᠬᠤᠷᠠᠯ ᠤ᠋ᠨ ᠰᠣᠩᠭᠣᠭᠤᠯᠢ ᠶ᠋ᠢᠨ ᠡᠭᠦᠷᠭᠡ ᠵᠢ ᠤᠷᠤᠭ᠍ᠰᠢᠲᠠᠶ ᠪᠡᠶᠡᠯᠡᠭᠦᠯᠵᠡᠢ᠃ ᠭᠡᠱᠢᠭᠦᠳ ᠬᠡᠬᠦᠳᠡᠭ ᠳᠦᠭᠦᠷᠡᠩ ᠤᠯᠤᠰ ᠲᠦᠷᠦ᠍ ᠶ᠋ᠢᠨ ᠬᠠᠯᠠᠭᠤᠨ ᠰᠡᠳᠭᠢᠯᠭᠡ᠂ ᠪᠠᠲᠤ ᠴᠢᠩᠭ᠎ᠠ ᠬᠠᠷᠢᠭᠤᠴᠠᠯᠭ᠎ᠠ ᠡᠭᠦᠷᠭᠡᠯᠡᠯ᠂ ᠴᠤᠭ ᠪᠠᠳᠠᠷᠠᠩᠭᠤᠢ ᠤᠶᠤᠨ ᠰᠠᠨᠠᠭᠠᠨ ᠤ᠋ ᠳᠦᠷᠰᠦ ᠪᠠᠢᠳᠠᠯ ᠢ᠋ᠶ᠋ᠡᠷ ᠬᠣᠶᠠᠷ ᠶᠡᠬᠡ ᠶᠠᠪᠤᠳᠠᠯ ᠢ᠋ ᠰᠠᠢᠲᠤᠷ ᠬᠢᠬᠦ᠌᠂ 《ᠵᠢᠷᠭᠤᠭᠠᠨ ᠢᠨᠵᠧᠨᠧᠷᠢᠩ》 ᠢ᠋ ᠦᠷᠭᠦᠯᠵᠢᠯᠡᠨ ᠬᠡᠷᠡᠭ᠌ᠵᠢᠭᠦᠯᠬᠦ᠌᠂ 《ᠵᠢᠷᠭᠤᠭᠠᠨ ᠠᠵᠢᠯᠯᠠᠭ᠎ᠠ》 ᠵᠢ ᠵᠣᠬᠢᠶᠠᠨ ᠪᠠᠢᠭᠤᠯᠤᠨ ᠥᠷᠨᠢᠭᠦᠯᠬᠦ᠌᠂ ᠪᠡᠭᠡᠵᠢᠩ ᠥᠪᠥᠷ ᠮᠣᠩᠭᠣᠯ ᠤ᠋ᠨ ᠪᠦᠬᠦ᠌ ᠲᠠᠯ᠎ᠠ ᠶ᠋ᠢᠨ ᠬᠠᠮᠵᠢᠯᠴᠠᠭ᠎ᠠ ᠵᠢ ᠭᠦᠨᠵᠡᠭᠡᠢᠷᠡᠭᠦᠯᠬᠦ᠌ ᠵᠡᠷᠭᠡ ᠭᠣᠣᠯᠳᠠᠯᠭ᠎ᠠ ᠲᠠᠢ ᠡᠭᠦᠷᠭᠡ ᠶ᠋ᠢᠨ ᠲᠣᠭᠣᠷᠢᠨ ᠳ᠋ᠤ ᠢᠳᠡᠪᠬᠢᠲᠡᠢ ᠪᠡᠷ ᠠᠷᠭ᠎ᠠ ᠤᠬᠠᠭᠠᠨ ᠲᠡᠪᠰᠢᠬᠦᠯᠦᠨ ᠵᠠᠰᠠᠭ ᠲᠦ᠍ ᠲᠤᠰᠠᠯᠠᠵᠤ᠂ ᠣᠨᠣᠴᠠᠲᠠᠢ ᠪᠡᠷ ᠵᠥᠪᠯᠡᠯᠭᠡ ᠬᠢᠵᠦ᠍ ᠲᠦᠷᠦ᠍ ᠶ᠋ᠢᠨ ᠶᠠᠪᠤᠳᠠᠯ ᠢ᠋ ᠵᠥᠪᠯᠡᠨ᠂ ᠬᠡᠬᠦᠳᠡᠭ ᠴᠡᠭᠡᠵᠢᠨ ᠳ᠋ᠡᠭᠡᠨ ᠶᠡᠬᠡ ᠲᠠᠯ᠎ᠠ ᠵᠢ ᠪᠠᠭ᠍ᠲᠠᠭᠠᠭᠰᠠᠨ᠂ ᠠᠷᠠᠳ ᠤ᠋ᠨ ᠠᠮᠢᠳᠤᠷᠠᠯ ᠢ᠋ ᠬᠠᠯᠠᠮᠵᠢᠯᠠᠭ᠍ᠰᠠᠨ ᠲᠤᠱᠢᠶᠠᠯ ᠬᠠᠷᠢᠭᠤᠴᠠᠯᠭ᠎ᠠ ᠪᠠᠨ ᠭᠦᠢᠴᠡᠳᠭᠡᠬᠦ᠌ ᠴᠤᠭ ᠵᠢᠪᠬᠤᠭ᠎ᠠ ᠵᠢ ᠠᠮᠢᠳᠤᠯᠢᠭ ᠢ᠋ᠶ᠋ᠡᠷ ᠢᠯᠡᠷᠡᠭᠦᠯᠵᠦ᠍᠂ ᠤᠯᠤᠰ ᠲᠦᠷᠦ᠍ ᠶ᠋ᠢᠨ ᠵᠥᠪᠯᠡᠯᠭᠡᠨ ᠤ᠋ ᠲᠤᠰᠭᠠᠢ ᠵᠥᠪᠯᠡᠬᠦ᠌ ᠪᠠᠢᠭᠤᠯᠤᠮᠵᠢ ᠶ᠋ᠢᠨ ᠴᠢᠬᠤᠯᠠ ᠦᠢᠯᠡᠳᠦᠯ ᠪᠣᠯᠤᠨ ᠨᠡᠢᠭᠡᠮ ᠵᠢᠷᠤᠮ ᠤ᠋ᠨ ᠵᠥᠪᠯᠡᠬᠦ᠌ ᠠᠷᠠᠳᠴᠢᠯᠠᠯ ᠤ᠋ᠨ ᠠᠮᠢᠵᠢᠷᠠᠯ ᠤ᠋ᠨ ᠬᠦᠴᠦᠨ ᠢ᠋ ᠭᠦᠢᠴᠡᠳ ᠢᠯᠡᠷᠡᠭᠦᠯᠵᠠᠢ᠃

ᠪᠢᠯᠧᠲ ᠦᠭᠭᠦᠨ᠎ᠡ

ᠬᠤᠷᠠᠯ ᠤ᠋ᠨ ᠲᠠᠯᠠᠪᠠᠶ ᠳ᠋ᠤ ᠣᠷᠣᠨ᠎ᠠ
1 ᠰᠠᠷ᠎ᠠ ᠶ᠋ᠢᠨ 15 ᠤ᠋ ᠡᠳᠦᠷ ᠤ᠋ᠨ 12 ᠴᠠᠭ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ ᠤ᠋ ᠤᠯᠤᠰ ᠲᠥᠷᠥ ᠶ᠋ᠢᠨ ᠵᠥᠪᠯᠡᠯᠭᠡᠨ ᠤ᠋ ᠠᠷᠪᠠᠨ ᠭᠤᠷᠪᠠᠳᠤᠭᠠᠷ ᠬᠤᠭᠤᠴᠠᠭᠠᠨ ᠤ᠋ ᠬᠣᠷᠢᠶ᠎ᠠ ᠶ᠋ᠢᠨ ᠭᠤᠷᠪᠠᠳᠤᠭᠠᠷ ᠬᠤᠷᠠᠯ ᠨᠡᠢᠲᠡ 1087 ᠬᠤᠪᠢ ᠰᠠᠨᠠᠯ ᠳᠤᠷᠠᠳᠤᠯᠭ᠎ᠠ ᠬᠤᠷᠢᠶᠠᠵᠠᠢ᠃ ᠬᠢᠨᠠᠨ ᠪᠠᠢᠴᠠᠭᠠᠬᠤ ᠪᠠᠷ ᠳᠠᠮᠵᠢᠨ 821 ᠬᠤᠪᠢ ᠰᠠᠨᠠᠯ ᠳᠤᠷᠠᠳᠤᠯᠭ᠎ᠠ ᠵᠢ ᠳᠠᠩᠰᠠᠯᠠᠨ᠂ 143 ᠬᠤᠪᠢ ᠰᠠᠨᠠᠯ ᠳᠤᠷᠠᠳᠤᠯᠭ᠎ᠠ ᠵᠢ ᠨᠡᠢᠯᠡᠭᠦᠯᠵᠦ᠂ 123 ᠬᠤᠪᠢ ᠨᠡᠢᠭᠡᠮ ᠤ᠋ᠨ ᠪᠠᠢᠳᠠᠯ ᠠᠷᠠᠳ ᠤ᠋ᠨ ᠰᠠᠨᠠᠭᠠᠨ ᠤ᠋ ᠲᠤᠬᠠᠢ ᠮᠡᠳᠡᠭᠡ ᠵᠠᠩᠭᠢ ᠵᠢ ᠳᠠᠮᠵᠢᠭᠤᠯᠬᠤ ᠪᠠᠷ ᠪᠤᠯᠵᠠᠢ᠃