ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠎ᠦᠨ ᠴᠢᠬᠤᠯᠠ ᠶᠡᠬᠡ ᠲᠦᠷᠦᠯ ᠵᠦᠢᠯ᠎ᠢ ᠬᠡᠷᠡᠭᠵᠢᠭᠦᠯᠬᠦ ᠰᠢᠨ᠎ᠡ ᠎ᠶᠢ ᠡᠭᠦᠳᠬᠦ ᠲᠠᠪᠴᠠᠩ᠎ᠢ ᠪᠠᠢᠭᠤᠯᠬᠤ ᠵᠡᠷᠭᠡ ᠲᠠᠯ᠎ᠠ᠎ᠪᠠᠷ ᠰᠢᠨ᠎ᠡ ᠰᠢᠪᠲᠤᠯᠤᠯᠲᠠ᠎ᠶᠢ ᠪᠡᠶᠡᠯᠡᠭᠦᠯᠵᠦ ᠬᠣᠷᠢᠨᠭᠡᠷ ᠰᠢᠶᠠᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ ᠵᠠᠮ᠎ᠢᠶᠡᠷ ᠵᠠᠮᠨᠠᠯ᠎ᠡ
2025-01-23 11:34:59
ᠵᠣᠬᠢᠶᠠᠭ᠍ᠴᠢ᠄
ᠵᠧᠩ ᠰᠢᠦᠸᠠᠢ ᠯᠢᠶᠠᠩ ᠵᠠᠩ ᠶᠦᠨ ᠹᠧᠢ
ᠣᠩᠱᠢᠭ᠍ᠰᠠᠨ ᠣᠳᠠᠭ᠎ᠠ᠄
★★★☆☆

1 ᠰᠠᠷ᠎ᠠ᠎ᠶᠢᠨ 19 ᠎ᠤ᠋ ᠡᠳᠦᠷ᠂ ᠰᠤᠷᠪᠤᠯᠵᠢᠯᠠᠭ᠍ᠴᠢ ᠬᠥᠬᠡᠬᠣᠲᠠ᠎ᠶᠢᠨ ᠬᠣᠷᠢᠨᠭᠡᠷ ᠰᠢᠶᠠᠨ᠎ᠳᠤ ᠪᠠᠢᠭ᠎ᠠ ᠥᠪᠥᠷ ᠮᠣᠩᠭᠣᠯ ᠎ᠤᠨ ᠲᠢᠶᠠᠨ ᠬᠤᠤ ᠰᠢᠯ ᠰᠢᠷᠬᠡᠭ᠎ᠦᠨ ᠦᠢᠯᠡᠳᠪᠦᠷᠢᠯᠡᠯ᠎ᠦᠨ ᠲᠦᠷᠦᠯ ᠵᠦᠢᠯ ᠎ᠦᠨ ᠦᠢᠯᠡᠳᠪᠦᠷᠢ᠎ᠶᠢᠨ ᠲᠠᠰᠤᠭ᠎ᠲᠤ ᠬᠦᠷᠬᠦ᠎ᠳᠦ᠂ ᠳ᠋ᠢᠶᠠᠮᠧᠲᠷ ᠨᠢ ᠬᠡᠳᠦᠨ ᠮᠢᠺᠷᠦᠮᠸᠲᠷ᠎ᠡᠴᠡ ᠬᠣᠷᠢᠨ ᠬᠡᠳᠦᠨ ᠮᠢᠺᠷᠦᠮᠸᠲᠷ᠎ᠤᠨ ᠲᠠᠩ ᠰᠢᠷᠬᠡᠭᠳᠦ ᠰᠢᠯ ᠦᠢᠯᠡᠳᠪᠦᠷᠢᠯᠡᠭᠲᠡᠨ᠂ ᠭᠠᠳᠠᠷᠭᠤ ᠳ᠋ᠡᠬᠢ ᠨᠡᠪᠴᠢᠭᠡᠬᠦ ᠡᠳ᠋᠎ᠤᠨ ᠦᠢᠯᠡᠳᠦᠯ᠎ᠢᠶᠡᠷ ᠨᠢᠭᠡ ᠪᠠᠭᠴᠠ ᠪᠠᠬᠴᠠ ᠰᠢᠯ ᠰᠢᠷᠬᠡᠭ᠎ᠢ ᠪᠦᠷᠢᠯᠳᠦᠭᠦᠯᠦᠨ᠎ᠡ᠃

《ᠡᠨᠡ᠎ᠬᠦ ᠲᠦᠷᠦᠯ ᠵᠦᠢᠯ ᠨᠢ ᠤᠯᠤᠰ᠎ᠤᠨ ᠳᠣᠲᠣᠭᠠᠳᠤ᠎ᠶᠢᠨ ᠠᠳᠠᠯᠢ ᠠᠵᠢᠯ ᠲᠦᠷᠦᠯ᠎ᠦᠨ ᠬᠠᠮᠤᠭ᠎ᠤᠨ ᠥᠨᠳᠥᠷ ᠲᠦᠪᠰᠢᠨ᠎ᠳᠦ ᠬᠦᠷᠴᠦ᠂ ᠥᠨᠳᠥᠷ ᠬᠠᠶ᠋ᠢᠯᠤᠰᠢ᠎ᠶᠢᠨ ᠨᠤᠷᠮ᠎ᠠ᠂ ᠪᠠᠭ᠎ᠠ ᠡᠨᠧᠷᠭᠢ᠎ᠶᠢᠨ ᠬᠣᠷᠣᠭᠳᠠᠯ ᠪᠠ ᠣᠶᠤᠨᠴᠢᠯᠠᠯᠲᠠ ᠶ᠋ᠢ ᠪᠡᠶᠡᠯᠡᠭᠦᠯᠵᠦ᠂ ᠲᠦᠷᠦᠯ ᠵᠦᠢᠯ᠎ᠢ ᠠᠰᠢᠭ᠍ᠯᠠᠯᠲᠠ᠎ᠳᠤ ᠣᠷᠣᠭᠤᠯᠤᠭᠰᠠᠨ᠎ᠤ ᠳᠠᠷᠠᠭ᠎ᠠ ᠳᠡᠯᠡᠬᠡᠢ᠎ᠶᠢᠨ ᠲᠡᠷᠢᠭᠦᠨ᠎ᠦ ᠲᠦᠪᠰᠢᠨ᠎ᠳᠦ ᠬᠦᠷᠭᠦ ᠪᠤᠯᠤᠨ᠎ᠠ》 ᠭᠡᠵᠦ ᠥᠪᠥᠷ ᠮᠣᠩᠭᠣᠯ᠎ᠤᠨ ᠲᠢᠶᠠᠨ ᠬᠤᠤ ᠰᠢᠯ ᠰᠢᠷᠬᠡᠭ᠎ᠦᠨ ᠬᠢᠵᠠᠭᠠᠷᠲᠤ ᠺᠣᠮᠫᠠᠨᠢ᠎ᠶᠢᠨ ᠶᠡᠷᠦᠩᠬᠡᠢ ᠬᠡᠯᠲᠡᠰ᠎ᠦᠨ ᠳᠠᠷᠤᠭ᠎ᠠ ᠶᠦᠨ ᠪᠢᠨ ᠰᠤᠷᠪᠤᠯᠵᠢᠯᠠᠭ᠍ᠴᠢ᠎ᠳᠤ ᠬᠡᠯᠡᠪᠡ᠃

ᠥᠪᠥᠷ ᠮᠣᠩᠭᠣᠯ᠎ᠤᠨ ᠲᠢᠶᠠᠨ ᠬᠤᠤ ᠰᠢᠯ ᠰᠢᠷᠬᠡᠭ᠎ᠦᠨ ᠬᠢᠵᠠᠭᠠᠷᠲᠤ ᠺᠣᠮᠫᠠᠨᠢ᠎ᠶᠢᠨ ᠬᠢᠨ ᠰᠢᠨᠵᠢᠯᠡᠬᠦ ᠤᠬᠠᠭᠠᠨ ᠲᠸᠭᠨᠢᠢᠡ᠋ ᠮᠡᠷᠭᠡᠵᠢᠯ᠎ᠢᠶᠡᠷ ᠬᠥᠲᠥᠯᠥᠨ ᠳᠠᠭᠠᠭᠤᠯᠬᠤ᠎ᠪᠠᠷ ᠬᠥᠭᠵᠢᠯᠲᠡ᠎ᠶᠢᠨ ᠪᠠᠢᠯᠳᠤᠬᠤ ᠪᠣᠳᠣᠯᠭ᠎ᠠ ᠪᠣᠯᠭᠠᠵᠤ᠂ ᠠᠵᠤ ᠦᠢᠯᠡᠰ ᠎ᠦᠨ ᠬᠡᠯᠬᠢᠶ᠎ᠡ᠎ᠶᠢ ᠳᠠᠰᠤᠷᠠᠯᠳᠠ ᠦᠭᠡᠢ ᠤᠷᠲᠤᠳᠬᠠᠬᠤ᠎ᠪᠠᠷ ᠳᠠᠮᠵᠢᠨ᠂ ᠰᠢᠯ ᠰᠢᠷᠬᠡᠭ ᠦᠢᠯᠡᠳᠬᠦ ᠰᠠᠭᠤᠷᠢᠨ᠎ᠤ ᠬᠡᠰᠡᠭ ᠦᠵᠦᠭᠦᠷᠯᠢᠭ᠎ᠦᠨ ᠦᠢᠯᠡᠳᠬᠦᠨ᠎ᠢ ᠦᠢᠯᠡᠳᠪᠦᠷᠢᠯᠡᠵᠦ᠂ ᠰᠢᠯ ᠰᠢᠷᠬᠡᠭ ᠰᠡᠮᠡᠳᠡᠰᠦ᠎ᠶᠢᠨ ᠥᠪᠡᠷᠲᠡᠭᠡᠨ ᠬᠡᠷᠡᠭᠯᠡᠬᠦ ᠬᠠᠷᠢᠴᠠᠯ᠎ᠢ ᠳᠡᠭᠡᠭᠰᠢᠯᠡᠭᠦᠯᠵᠦ᠂ ᠦᠢᠯᠡᠳᠬᠦᠨ᠎ᠦ ᠨᠡᠮᠡᠯᠲᠡ ᠦᠷᠳᠡᠭ᠎ᠢ ᠳᠡᠭᠡᠭᠰᠢᠯᠡᠭᠦᠯᠤᠨ᠂ ᠬᠣᠷᠢᠨᠭᠡᠷ ᠰᠢᠶᠠᠨ᠎ᠤ ᠠᠵᠤ ᠠᠬᠤᠢ᠎ᠶᠢᠨ ᠴᠢᠨᠠᠷ ᠰᠠᠢᠲᠠᠢ ᠬᠥᠭᠵᠢᠯᠲᠡ᠎ᠳᠦ ᠬᠦᠴᠦᠨ ᠨᠡᠮᠡᠷᠢᠯᠡᠪᠡ᠃

ᠡᠨᠡ ᠎ᠬᠦ ᠠᠵᠤ ᠠᠬᠤᠢᠯᠠᠯ᠎ᠢ ᠣᠷᠣᠭᠤᠯᠤᠭᠰᠠᠨ ᠨᠢ ᠬᠣᠷᠢᠨᠭᠡᠷ ᠰᠢᠶᠠᠨ᠎ᠤ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ 《ᠪᠦᠰᠡᠯᠡᠯᠲᠡ ᠰᠢᠪᠲᠤᠯᠬᠤ》ᠢᠨᠵᠧᠨᠧᠷᠢᠩ᠎ᠢ ᠭᠦᠨᠵᠡᠭᠡᠢ ᠬᠡᠷᠡᠭᠵᠢᠭᠦᠯᠵᠦ᠂ ᠰᠢᠶᠠᠨ᠎ᠤ ᠬᠡᠪᠴᠢᠶᠡᠨ᠎ᠦ ᠠᠵᠤ ᠠᠬᠤᠢ᠎ᠶᠢᠨ ᠴᠢᠨᠠᠷ ᠰᠠᠢᠲᠠᠢ ᠬᠥᠭᠵᠢᠯᠲᠡ᠎ᠶᠢ ᠪᠡᠶᠡᠯᠡᠭᠦᠯᠦᠭᠰᠡᠨ᠎ᠦ ᠬᠤᠷᠢᠶᠠᠩᠭᠤᠢ ᠳᠦᠷᠰᠦ ᠪᠤᠯᠪᠡ᠃

ᠥᠪᠥᠷ ᠮᠣᠩᠭᠣᠯ ᠣᠷᠣᠨ᠎ᠤ ᠮᠢᠬᠠᠨ ᠦᠬᠡᠷ᠎ᠦᠨ ᠭᠣᠣᠯ ᠡᠭᠦᠯᠲᠡᠷ᠎ᠤᠨ ᠪᠠᠢᠭᠤᠯᠤᠯᠲᠠ ᠪᠠ ᠰᠢᠨ᠎ᠡ ᠡᠭᠦᠯᠳᠡᠷ ᠪᠣᠢᠵᠢᠭᠤᠯᠬᠤ᠂ ᠴᠢᠨᠠᠷ ᠰᠠᠢᠲᠠᠢ ᠴᠠᠷᠭᠠᠰᠤ᠎ᠶᠢᠨ ᠰᠢᠨ᠎ᠡ ᠡᠭᠦᠯᠳᠡᠷ᠎ᠢ ᠰᠣᠩᠭᠣᠨ ᠪᠣᠢᠵᠢᠭᠤᠯᠬᠤ ᠵᠢᠴᠢ ᠠᠵᠤ ᠦᠢᠯᠡᠰᠵᠢᠭᠦᠯᠦᠨ ᠵᠢᠱ᠌ᠢᠶ᠎ᠡ ᠦᠵᠡᠭᠦᠯᠬᠦ᠂ ᠰᠦ᠎ᠶᠢᠨ ᠶᠠᠰᠤ ᠴᠢᠨᠠᠷ᠎ᠢ ᠳᠡᠭᠡᠭᠰᠢᠯᠡᠭᠦᠯᠦᠨ ᠡᠳ᠋ᠰᠢᠭᠦᠯᠬᠦ ᠵᠠᠩᠭᠢᠯᠠᠭ᠎ᠠ᠎ᠶᠢᠨ ᠮᠡᠷᠭᠡᠵᠢᠯ᠎ᠦᠨ ᠰᠢᠨ᠎ᠡ᠎ᠶᠢ ᠡᠭᠦᠳᠬᠦ ᠪᠠ ᠬᠡᠷᠡᠭᠯᠡᠬᠦ᠂ 350MW ᠬᠡᠳᠦ ᠵᠠᠭᠠᠬ ᠡᠴᠡ ᠲᠠᠪᠠᠬᠰᠠᠨ ᠮᠠᠰᠢᠨ ᠴᠣᠭᠴᠠᠯᠠᠪᠤᠷᠢ᠎ᠶᠢᠨ ᠠᠮᠢᠳᠤᠯᠢᠭ᠋ ᠴᠢᠨᠠᠷᠲᠠᠢ ᠵᠠᠩᠭᠢᠯᠠᠭ᠎ᠠ᠎ᠶᠢᠨ ᠮᠡᠷᠭᠡᠵᠢᠯ᠎ᠦᠨ ᠰᠤᠳᠤᠯᠭᠠᠨ ᠪᠠ ᠬᠡᠷᠡᠭᠯᠡᠭᠡ᠎ᠶᠢ ᠳᠡᠭᠡᠭᠰᠢᠯᠡᠭᠦᠯᠬᠦ ᠁ ᠣᠳᠣᠬᠠᠨ᠎ᠤ ᠬᠣᠷᠢᠨᠭᠡᠷ ᠰᠢᠶᠠᠨ᠎ᠳᠤ᠂ ᠨᠢᠭᠡ ᠪᠦᠯᠦᠭ 《ᠲᠤᠨᠭᠬᠠᠬ ᠨᠡᠢ᠌ᠳᠡᠯᠡᠨ ᠮᠠᠨᠭᠯᠠᠢ᠌ᠯᠠᠬ᠍ᠴᠢ ᠡᠯᠰᠡᠬᠦ᠌ 》 ᠪᠠ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ 《ᠪᠦᠰᠡᠯᠡᠯᠲᠡ ᠰᠢᠪᠲᠤᠯᠬᠤ 》 ᠴᠢᠬᠤᠯᠠ ᠶᠡᠬᠡ ᠵᠢᠱ᠌ᠢᠶ᠎ᠡ ᠦᠵᠡᠭᠦᠯᠬᠦ ᠵᠦᠢᠯᠡᠰ᠎ᠢ ᠶᠠᠭ ᠱᠠᠯᠠᠪᠳᠠᠨ ᠬᠡᠷᠡᠭᠵᠢᠭᠦᠯᠵᠦ ᠪᠠᠢᠨ᠎ᠠ᠃

ᠬᠣᠷᠢᠨᠭᠡᠷ ᠰᠢᠶᠠᠨ ᠰᠠᠨᠠᠭᠠᠴᠢᠯᠠᠭ᠎ᠠ ᠡᠴᠡ᠎ᠪᠠᠨ ᠠᠵᠢᠯᠯᠠᠵᠤ᠂ ᠰᠢᠨᠵᠢᠯᠡᠬᠦ ᠤᠬᠠᠭᠠᠨ ᠲᠸᠭᠨᠢᠢᠡ᠋ ᠮᠡᠷᠭᠡᠵᠢᠯ᠎ᠦᠨ ᠰᠢᠨ᠎ᠡ᠎ᠶᠢ ᠡᠭᠦᠳᠬᠦ ᠠᠶᠠᠨ ᠵᠠᠮ᠎ᠳᠤ 《ᠥᠨᠳᠥᠷ᠎ᠲᠦ ᠠᠪᠠᠷᠢᠨ ᠰᠢᠨ᠎ᠡ᠎ᠶᠢ ᠬᠥᠭᠡᠭᠡᠴᠡᠯᠳᠦᠵᠦ》᠂ ᠰᠢᠨᠵᠢᠯᠡᠬᠦ ᠤᠬᠠᠭᠠᠨ ᠲᠸᠭᠨᠢᠢᠡ᠋ ᠮᠡᠷᠭᠡᠵᠢᠯ᠎ᠦᠨ ᠰᠢᠨ᠎ᠡ᠎ᠶᠢ ᠡᠭᠦᠳᠬᠦ ᠬᠦᠴᠦᠨ᠎ᠢ ᠪᠠᠳᠠᠷᠠᠭᠤᠯᠪᠠ᠃

ᠣᠢᠷ᠎ᠠ᠎ᠶᠢᠨ ᠵᠢᠯ᠎ᠡᠴᠡ᠂ ᠬᠣᠷᠢᠨᠭᠡᠷ ᠰᠢᠶᠠᠨ ᠬᠣᠶᠠᠷ ᠶᠡᠬᠡ ᠶᠠᠪᠤᠳᠠᠯ᠎ᠢ ᠰᠠᠢᠲᠤᠷ ᠬᠢᠬᠦ ᠪᠠ 《ᠣᠷᠣᠨ᠎ᠤ ᠲᠥᠪ ᠢ᠋ ᠬᠦᠴᠦᠷᠭᠡᠭᠵᠢᠭᠦᠯᠬᠦ 》ᠢᠨᠵᠧᠨᠧᠷᠢᠩ᠎ᠦᠨ ᠬᠠᠷᠠᠯᠲᠠ᠎ᠶᠢ ᠬᠡᠷᠡᠭᠵᠢᠭᠦᠯᠬᠦ᠎ᠲᠠᠢ ᠨᠢᠭ᠍ᠲᠠ ᠤᠶᠠᠯᠳᠤᠭᠤᠯᠤᠨ᠂ ᠰᠢᠨᠵᠢᠯᠡᠬᠦ ᠤᠬᠠᠭᠠᠨ ᠲᠸᠭᠨᠢᠢᠡ᠋ ᠮᠡᠷᠭᠡᠵᠢᠯ᠎ᠦᠨ 《ᠪᠦᠰᠡᠯᠡᠯᠲᠡ ᠰᠢᠪᠲᠤᠯᠬᠤ 》 ᠢᠨᠵᠧᠨᠧᠷᠢᠩ᠎ᠢ ᠭᠦᠨᠵᠡᠭᠡᠢ ᠬᠡᠷᠡᠭᠵᠢᠭᠦᠯᠵᠦ᠂ ᠤᠯᠤᠰ᠎ᠤᠨ ᠰᠢᠨ᠎ᠡ᠎ᠶᠢ ᠡᠭᠦᠳᠬᠦ ᠬᠡᠯᠪᠡᠷᠢ᠎ᠶᠢᠨ ᠰᠢᠶᠠᠨ᠎ᠤ ᠪᠦᠲᠦᠭᠡᠨ ᠪᠠᠢᠭᠤᠯᠤᠯᠲᠠ᠎ᠶᠢ ᠪᠦᠬᠦ ᠲᠠᠯ᠎ᠠ᠎ᠪᠠᠷ ᠠᠬᠢᠭᠤᠯᠪᠠ᠃ ᠴᠢᠬᠤᠯᠠ ᠶᠡᠬᠡ ᠰᠢᠨᠵᠢᠯᠡᠬᠦ ᠤᠬᠠᠭᠠᠨ ᠲᠸᠭᠨᠢᠢᠡ᠋ ᠮᠡᠷᠭᠡᠵᠢᠯ᠎ᠦᠨ ᠵᠦᠢᠯᠡᠰ᠎ᠢ ᠬᠡᠷᠡᠭᠵᠢᠭᠦᠯᠬᠦ᠂ ᠰᠢᠨ᠎ᠡ᠎ᠶᠢ ᠡᠭᠦᠳᠬᠦ ᠲᠠᠪᠴᠠᠩ᠎ᠤᠨ ᠪᠠᠢᠭᠤᠯᠤᠯᠲᠠ᠂ ᠰᠢᠨ᠎ᠡ᠎ᠶᠢ ᠡᠭᠦᠳᠬᠦ ᠪᠡᠶᠡᠴᠢ ᠴᠣᠭᠴᠠ᠎ᠶᠢ ᠪᠣᠢᠵᠢᠭᠤᠯᠬᠤ ᠵᠢᠴᠢ ᠭᠣᠣᠯᠳᠠᠯᠭ᠎ᠠ᠎ᠲᠠᠢ ᠠᠵᠤ ᠦᠢᠯᠡᠰ᠎ᠦᠨ ᠬᠦᠷᠢᠶᠡᠨ᠎ᠳᠡᠬᠢ ᠡᠭᠦᠷᠭᠡ ᠵᠡᠷᠭᠡ ᠤᠯᠠᠨ ᠲᠠᠯ᠎ᠠ᠎ᠪᠠᠷ ᠴᠥᠮ ᠰᠢᠪᠲᠤᠯᠤᠯᠲᠠ᠎ᠶᠢᠨ ᠴᠢᠨᠠᠷᠲᠠᠢ ᠠᠬᠢᠴᠠ᠎ᠲᠠᠢ ᠪᠣᠯᠪᠠ᠃

ᠠᠵᠤ ᠠᠬᠤᠢᠯᠠᠯ ᠪᠣᠯ ᠰᠢᠨ᠎ᠡ᠎ᠶᠢ ᠡᠭᠦᠳᠬᠦ᠎ᠶᠢᠨ ᠭᠤᠤᠯ ᠴᠣᠭᠴᠠ ᠮᠥᠨ᠂ ᠰᠢᠨ᠎ᠡ᠎ᠶᠢ ᠡᠭᠦᠳᠦᠨ ᠪᠦᠲᠦᠭᠡᠬᠦ᠎ᠶᠢ ᠠᠬᠢᠭᠤᠯᠬᠤ ᠵᠠᠩᠭᠢᠯᠠᠭ᠎ᠠ᠎ᠶᠢᠨ ᠬᠦᠴᠦᠨ ᠮᠥᠨ᠃ ᠬᠣᠷᠢᠨᠭᠡᠷ ᠰᠢᠶᠠᠨ ᠰᠢᠨ᠎ᠡ᠎ᠶᠢ ᠡᠭᠦᠳᠬᠦ᠎ᠪᠡᠷ ᠬᠥᠳᠡᠯᠭᠡᠭᠦᠷ ᠪᠣᠯᠭᠠᠵᠤ᠂ ᠠᠵᠤ ᠠᠬᠤᠢᠯᠠᠯ᠎ᠤᠨ ᠰᠢᠨ᠎ᠡ᠎ᠶᠢ ᠡᠭᠦᠳᠬᠦ ᠭᠣᠣᠯ ᠴᠣᠭᠴᠠ᠎ᠶᠢᠨ ᠪᠠᠢᠷᠢ ᠰᠠᠭᠤᠷᠢ ᠤᠯᠠᠮ ᠲᠣᠪᠣᠢᠮ᠎ᠠ ᠪᠣᠯᠪᠠ᠃

2024 ᠣᠨ᠎ᠳᠤ᠂ ᠬᠣᠷᠢᠨᠭᠡᠷ ᠰᠢᠶᠠᠨ ᠰᠢᠨᠵᠢᠯᠡᠬᠦ ᠤᠬᠠᠭᠠᠨ ᠲᠸᠭᠨᠢᠢᠡ᠋ ᠮᠡᠷᠭᠡᠵᠢᠯ᠎ᠦᠨ《 ᠪᠦᠰᠡᠯᠡᠯᠲᠡ ᠰᠢᠪᠲᠤᠯᠬᠤ 》 ᠲᠦᠷᠦᠯ ᠵᠦᠢᠯ᠎ᠦᠨ ᠬᠠᠷᠠᠯᠲᠠ᠎ᠶᠢ ᠳᠠᠪᠠᠭᠤᠯᠤᠨ ᠪᠡᠶᠡᠯᠡᠭᠦᠯᠵᠦ᠂ ᠲᠥᠪ᠂ ᠥᠪᠡᠷᠲᠡᠭᠡᠨ ᠵᠠᠰᠠᠬᠤ ᠣᠷᠣᠨ ᠵᠢᠴᠢ ᠬᠤᠳᠠ᠎ᠶᠢᠨ ᠲᠡᠰ᠎ᠤᠨ ᠴᠢᠬᠤᠯᠠ ᠶᠡᠬᠡ ᠰᠢᠨᠵᠢᠯᠡᠬᠦ ᠤᠬᠠᠭᠠᠨ ᠲᠸᠭᠨᠢᠢᠡ᠋ ᠮᠡᠷᠭᠡᠵᠢᠯ᠎ᠦᠨ ᠪᠡᠯᠡ ᠮᠥᠩᠭᠥ᠎ᠶᠢᠨ ᠲᠦᠷᠦᠯ ᠵᠦᠢᠯ᠎ᠢ ᠨᠡᠢ᠍ᠢᠳᠡ 9 ᠣᠯᠵᠤ᠂ ᠪᠡᠶᠡᠯᠡᠭᠦᠯᠦᠭᠰᠡᠨ ᠨᠤᠷᠮ᠎ᠠ ᠨᠢ 180% ᠳ᠋ᠤ ᠬᠦᠷᠴᠡᠢ᠂ ᠡᠭᠦᠨ᠎ᠳᠦ ᠠᠵᠤ ᠠᠬᠤᠢᠯᠠᠯ᠎ᠢᠶᠠᠷ ᠲᠦᠷᠦᠭᠦᠯᠡᠭᠦᠯᠦᠭᠰᠡᠨ ᠲᠦᠷᠦᠯ ᠵᠦᠢᠯ᠎ᠦᠨ ᠡᠵᠡᠯᠡᠬᠦ ᠬᠠᠷᠢᠴᠠᠯ ᠨᠢ 78%᠎ᠳ᠋ᠤ ᠬᠦᠷᠴᠡᠢ᠃

ᠡᠭᠦᠨ᠎ᠦ ᠬᠠᠮᠲᠤ᠂ ᠰᠢᠨ᠎ᠡ᠎ᠶᠢ ᠡᠭᠦᠳᠬᠦ ᠲᠠᠪᠴᠠᠩ᠎ᠤᠨ ᠪᠠᠢᠭᠤᠯᠤᠯᠲᠠ ᠴᠢᠬᠤᠯᠠ ᠶᠡᠬᠡ ᠰᠢᠪᠲᠤᠯᠤᠯᠲᠠ᠎ᠲᠠᠢ ᠪᠣᠯᠵᠤ᠂ ᠼᠤᠤ ᠳᠦ᠎ᠤᠯᠤᠰ᠎ᠤᠨ ᠲᠠᠰ᠎ᠤᠨ ᠫᠤᠰᠲ ᠳ᠋ᠣᠺᠲ᠋ᠣᠷ᠎ᠤᠨ ᠰᠢᠨᠵᠢᠯᠡᠬᠦ ᠤᠬᠠᠭᠠᠨ᠎ᠤ ᠰᠤᠳᠤᠯᠭᠠᠨ᠎ᠤ ᠠᠵᠢᠯ᠎ᠤᠨ ᠥᠷᠲᠡᠭᠡ ᠵᠡᠷᠭᠡ ᠤᠯᠤᠰ᠎ᠤᠨ ᠲᠠᠰ᠎ᠤᠨ ᠲᠠᠪᠴᠠᠩ 1 ᠨᠡᠮᠡᠭᠳᠡᠵᠦ᠂ ᠤᠯᠤᠰ᠎ᠤᠨ ᠲᠠᠰ᠎ᠤᠨ ᠰᠢᠨ᠎ᠡ᠎ᠶᠢ ᠡᠭᠦᠳᠬᠦ ᠲᠠᠪᠴᠠᠩ 5 ᠪᠣᠯᠪᠠ᠃ ᠼᠤᠤ ᠳᠦ᠂ ᠲᠢᠶᠠᠨ ᠺᠠᠩ ᠲᠡᠵᠢᠭᠡᠯ ᠪᠣᠷᠳᠣᠭ᠎ᠠ ᠵᠡᠷᠭᠡ᠎ᠶᠢ ᠪᠠᠭᠲᠠᠭᠠᠭᠰᠠᠨ ᠥᠪᠡᠷᠲᠡᠭᠡᠨ ᠵᠠᠰᠠᠬᠤ ᠣᠷᠣᠨ᠎ᠤ ᠲᠡᠰ᠎ᠤᠨ 6 ᠠᠵᠤ ᠠᠬᠤᠢᠯᠠᠯ᠎ᠤᠨ ᠰᠤᠳᠤᠯᠤᠨ ᠨᠡᠭᠡᠭᠡᠬᠦ ᠲᠥᠪ᠎ᠢ ᠰᠢᠨ᠎ᠡ᠎ᠪᠡᠷ ᠪᠤᠢ ᠪᠤᠯᠭᠠᠵᠤ᠂ ᠥᠪᠡᠷᠲᠡᠭᠡᠨ ᠵᠠᠰᠠᠬᠤ ᠣᠷᠣᠨ᠎ᠤ ᠲᠡᠰ᠎ᠤᠨ ᠰᠢᠨ᠎ᠡ᠎ᠶᠢ ᠡᠭᠦᠳᠬᠦ ᠲᠠᠪᠴᠠᠩ 35 ᠪᠣᠯᠵᠤ᠂ ᠠᠵᠤ ᠠᠬᠤᠢᠯᠠᠯ᠎ᠤᠨ ᠰᠤᠳᠤᠯᠤᠨ ᠨᠡᠭᠡᠭᠡᠬᠦ ᠲᠥᠪ 40 ᠪᠣᠯᠵᠤ᠂ ᠬᠥᠭᠵᠢᠯᠲᠡ᠎ᠶᠢᠨ ᠰᠢᠨ᠎ᠡ ᠲᠦᠪᠰᠢᠨ᠎ᠢ ᠡᠭᠦᠳᠪᠡ᠃

ᠡᠭᠦᠨ᠎ᠡᠴᠡ ᠭᠠᠳᠠᠨ᠎ᠠ᠂ ᠬᠣᠷᠢᠨᠭᠡᠷ ᠰᠢᠶᠠᠨ ᠪᠠᠰᠠ ᠰᠢᠨ᠎ᠡ᠎ᠶᠢ ᠡᠭᠦᠳᠬᠦ ᠭᠣᠣᠯ ᠴᠣᠭᠴᠠ᠎ᠶᠢ ᠪᠤᠢ ᠪᠤᠯᠭᠠᠬᠤ ᠲᠣᠭᠲᠠᠴᠠ᠎ᠶᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂《ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠬᠡᠯᠪᠡᠷᠢ᠎ᠶᠢᠨ ᠳᠤᠮᠳᠠ ᠪᠠᠭ᠎ᠠ ᠠᠵᠤ ᠠᠬᠤᠢᠯᠠᠯ — ᠳᠡᠭᠡᠳᠦ ᠰᠢᠨ᠎ᠡ ᠮᠡᠷᠭᠡᠵᠢᠯ᠎ᠦᠨ ᠠᠵᠤ ᠠᠬᠤᠢᠯᠠᠯ — ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠳᠠᠭᠠᠭᠤᠯᠤᠭ᠍ᠴᠢ ᠠᠵᠤ ᠠᠬᠤᠢᠯᠠᠯ》 ᠎ᠤ᠋ᠨ ᠱᠠᠲᠤᠯᠢᠭ᠋ ᠪᠤᠢᠵᠢᠭᠤᠯᠬᠤ ᠰᠢᠰᠲᠧᠮ᠎ᠢ ᠪᠠᠢᠭᠤᠯᠵᠤ᠂ ᠰᠢᠨ᠎ᠡ᠎ᠶᠢ ᠡᠭᠦᠳᠬᠦ ᠭᠣᠣᠯ ᠴᠣᠭᠴᠠ᠎ᠶᠢᠨ ᠲᠦᠷᠭᠡᠨ ᠨᠡᠮᠡᠭᠳᠡᠯ᠎ᠢ ᠪᠦᠲᠦᠮᠵᠢᠲᠡᠶ ᠠᠬᠢᠭᠤᠯᠪᠠ᠃

2024 ᠣᠨ᠎ᠳᠤ᠂ ᠤᠯᠤᠰ᠎ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠬᠡᠯᠪᠡᠷᠢ᠎ᠶᠢᠨ 35 ᠳᠤᠮᠳᠠ ᠪᠠᠭ᠎ᠠ ᠠᠵᠤ ᠠᠬᠤᠢᠯᠠᠯ᠂ ᠤᠯᠤᠰ᠎ᠤᠨ ᠳᠡᠭᠡᠳᠦ ᠰᠢᠨ᠎ᠡ ᠮᠡᠷᠭᠡᠵᠢᠯ᠎ᠦᠨ 23 ᠠᠵᠤ ᠠᠬᠤᠢᠯᠠᠯ᠎ᠢ ᠪᠤᠢᠵᠢᠭᠤᠯᠤᠨ ᠮᠡᠳᠡᠭᠦᠯᠵᠦ᠂ ᠡᠭᠦᠨ᠎ᠳᠦ 12 ᠠᠵᠤ ᠠᠬᠤᠢᠯᠠᠯ ᠨᠢ ᠠᠩᠬ᠎ᠠ ᠤᠳᠠᠭ᠎ᠠ ᠭᠤᠶᠤᠴᠢᠯᠠᠨ ᠮᠡᠳᠡᠭᠦᠯᠵᠦ ᠠᠮᠵᠢᠯᠲᠠ ᠣᠯᠪᠠ᠃

ᠣᠳᠣᠬᠠᠨ᠎ᠳᠤ᠂ ᠬᠣᠷᠢᠨᠭᠡᠷ ᠰᠢᠶᠠᠨ᠎ᠤ ᠬᠡᠪᠴᠢᠶᠡᠵᠢᠯ᠎ᠡᠴᠡ ᠳᠡᠭᠡᠭᠰᠢᠬᠢ ᠠᠵᠤ ᠦᠢᠯᠡᠳᠪᠦᠷᠢ᠎ᠶᠢᠨ ᠠᠵᠤ ᠠᠬᠤᠢᠯᠠᠯ᠎ᠤᠨ ᠳᠣᠲᠣᠷ᠎ᠠ᠂ 《ᠭᠤᠷᠪᠠ᠎ᠶᠢ ᠳᠠᠭᠤᠰᠬᠠᠬᠤ》ᠵᠢ ᠪᠡᠶᠡᠯᠡᠭᠦᠯᠦᠭᠰᠡᠨ ᠠᠵᠤ ᠠᠬᠤᠢᠯᠠᠯ 28 ᠪᠠᠢᠵᠤ᠂ 58.33% ᠵᠢ ᠡᠵᠡᠯᠡᠪᠡ; ᠰᠤᠳᠤᠯᠤᠨ ᠨᠡᠭᠡᠭᠡᠬᠦ ᠠᠵᠢᠯᠯᠠᠭ᠎ᠠ᠎ᠲᠠᠢ ᠠᠵᠤ ᠠᠬᠤᠢᠯᠠᠯ 36 ᠪᠠᠢᠵᠤ᠂ 75% ᠵᠢ ᠡᠵᠡᠯᠡᠪᠡ᠃

ᠡᠭᠦᠨ᠎ᠦ ᠬᠠᠮᠲᠤ᠂ ᠵᠢᠩ ᠨᠧᠩ ᠢᠯᠴᠢ ᠵᠢᠨ ᠴᠠᠬᠢᠯᠭᠠᠨ᠎ᠤ ᠬᠣᠲᠠ᠎ᠶᠢᠨ ᠲᠠᠰ᠎ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠳᠠᠭᠠᠭᠤᠯᠤᠭ᠍ᠴᠢ ᠠᠵᠤ ᠠᠬᠤᠢᠯᠠᠯ᠎ᠢ ᠰᠢᠨ᠎ᠡ᠎ᠪᠡᠷ 1 ᠪᠤᠢ ᠪᠤᠯᠭᠠᠵᠤ᠂ ᠪᠥᠬᠥ ᠰᠢᠶᠠᠨ᠎ᠤ ᠬᠣᠲᠠ᠎ᠶᠢᠨ ᠲᠠᠰ᠎ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠳᠠᠭᠠᠭᠤᠯᠤᠭ᠍ᠴᠢ ᠠᠵᠤ ᠠᠬᠤᠢᠯᠠᠯ᠎ᠤᠨ ᠶᠡᠷᠦᠩᠬᠡᠢ ᠲᠣᠭ᠎ᠠ᠎ᠶᠢ 5 ᠪᠣᠯᠭᠠᠵᠠᠢ᠃ ᠪᠥᠬᠥ ᠰᠢᠶᠠᠨ᠎ᠤ ᠡᠯ᠎ᠡ ᠱᠠᠲᠤᠨ᠎ᠤ ᠡᠯ᠎ᠡ ᠲᠥᠷᠥᠯ᠎ᠦᠨ ᠰᠤᠳᠤᠯᠤᠨ ᠨᠡᠭᠡᠭᠡᠬᠦ ᠲᠠᠪᠴᠠᠩ᠎ᠤᠨ ᠶᠡᠷᠦᠩᠬᠡᠢ ᠲᠣᠭ᠎ᠠ 61 ᠪᠣᠯᠵᠤ᠂ ᠬᠣᠷᠢᠨᠭᠡᠷ ᠰᠢᠶᠠᠨ᠎ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ ᠥᠨᠳᠥᠷᠯᠢᠭ᠎ᠢ ᠪᠠᠶ᠋ᠢᠭᠤᠯᠬᠤ᠎ᠳᠤ ᠪᠠᠲᠤ ᠪᠡᠬᠢ ᠰᠠᠭᠤᠷᠢ ᠲᠠᠯᠪᠢᠵᠠᠢ᠃

ᠭᠣᠣᠯᠳᠠᠯᠭ᠎ᠠ᠎ᠳᠤ ᠠᠩᠬᠠᠷᠤᠯ᠎ᠢᠶᠠᠨ ᠲᠥᠪᠯᠡᠷᠡᠭᠦᠯᠵᠦ᠂ ᠮᠡᠷᠭᠡᠵᠢᠯ᠎ᠦᠨ ᠪᠣᠭᠣᠮᠲᠠ ᠰᠢᠪᠲᠤᠯᠬᠤ᠎ᠶᠢ ᠬᠦᠴᠦᠲᠡᠢ ᠠᠬᠢᠭᠤᠯᠪᠠ᠃ ᠮᠧᠩ ᠨᠢᠦ ᠠᠨᠠᠭᠠᠬᠤ ᠤᠬᠠᠭᠠᠨ᠎ᠤ ᠤᠨᠴᠠ ᠬᠡᠷᠡᠭᠴᠡᠭᠡᠲᠦ ᠲᠧ ᠺᠠᠩ ᠷᠦᠢ ᠦᠢᠯᠡᠳᠪᠦᠷᠢ ᠨᠢ ᠥᠪᠥᠷ ᠮᠣᠩᠭᠣᠯ᠎ᠤᠨ ᠠᠩᠬᠠᠳᠠᠭ᠍ᠴᠢ ᠪᠡᠶ᠎ᠡ᠎ᠪᠡᠨ ᠳᠠᠭᠠᠭᠠᠵᠤ ᠵᠢᠷᠤᠵᠤ ᠲᠥᠯᠥᠪᠯᠡᠨ ᠪᠦᠲᠦᠭᠡᠨ ᠪᠠᠢᠭᠤᠯᠤᠭᠰᠠᠨ ᠠᠨᠠᠭᠠᠬᠤ ᠤᠬᠠᠭᠠᠨ᠎ᠤ ᠣᠨᠴᠠ ᠬᠡᠷᠡᠭᠴᠡᠭᠡᠲᠦ ᠨᠢᠯᠬ᠎ᠠ ᠬᠡᠦᠬᠡᠳ᠎ᠦᠨ ᠨᠠᠢᠷᠠᠯᠭ᠎ᠠ᠎ᠲᠠᠢ ᠢᠳᠡᠭᠡᠨ᠎ᠦ ᠦᠢᠯᠡᠳᠪᠦᠷᠢ ᠪᠣᠯᠤᠭᠰᠠᠨ᠎ᠤ ᠬᠤᠪᠢ᠎ᠳᠤ᠂ ᠤᠯᠤᠰ᠎ᠤᠨ ᠳᠣᠲᠣᠭᠠᠳᠤ᠎ᠶᠢᠨ ᠠᠨᠠᠭᠠᠬᠤ ᠤᠬᠠᠭᠠᠨ᠎ᠤ ᠣᠨᠴᠠ ᠬᠡᠷᠡᠭᠴᠡᠭᠡᠲᠦ ᠨᠢᠯᠬ᠎ᠠ ᠬᠡᠦᠬᠡᠳ᠎ᠦᠨ ᠨᠠᠢᠷᠠᠯᠭ᠎ᠠ᠎ᠲᠠᠢ ᠢᠳᠡᠭᠡᠨ᠎ᠦ ᠵᠦᠢᠯ᠎ᠢ ᠬᠦᠳᠦᠯᠦᠨ ᠳᠠᠭᠠᠭᠤᠯᠵᠦ ᠪᠤᠢ᠃

《ᠮᠧᠩ ᠨᠢᠦ᠎ᠶᠢᠨ ᠠᠷᠪᠠᠳᠤᠭᠠᠷ ᠬᠤᠭᠤᠴᠠᠭᠠᠨ᠎ᠤ ᠲᠸ ᠺᠠᠩ ᠷᠦᠢ ᠠᠨᠠᠭᠠᠬᠤ ᠤᠬᠠᠭᠠᠨ᠎ᠤ ᠤᠨᠴᠠ ᠬᠡᠷᠡᠭᠴᠡᠭᠡᠲᠦ ᠢᠳᠡᠭᠡᠨ᠎ᠦ ᠲᠦᠷᠦᠯ ᠵᠦᠢᠯ ᠨᠢ ᠨᠢᠯᠬ᠎ᠠ ᠬᠡᠦᠬᠡᠳ᠎ᠦᠨ ᠠᠨᠠᠭᠠᠬᠤ ᠤᠬᠠᠭᠠᠨ᠎ᠤ ᠤᠨᠴᠠ ᠬᠡᠷᠡᠭᠴᠡᠭᠡᠲᠦ ᠴᠢᠳᠠᠮᠵᠢ᠎ᠶᠢᠨ ᠴᠢᠨᠠᠷᠲᠠᠢ ᠳᠡᠭᠡᠳᠦ ᠲᠡᠰ᠎ᠤᠨ ᠦᠢᠯᠡᠳᠬᠦᠨ᠎ᠢ ᠦᠢᠯᠡᠳᠪᠦᠷᠢᠯᠡᠬᠦ᠎ᠪᠡᠷ ᠴᠢᠷᠮᠠᠢᠵᠤ᠂ ᠨᠠᠢᠷᠠᠯᠭ᠎ᠠ᠎ᠶᠢ ᠰᠤᠳᠤᠯᠤᠨ ᠨᠡᠭᠡᠭᠡᠬᠦ᠎ᠡᠴᠡ ᠪᠣᠭᠣᠳᠠᠯ ᠪᠠᠭᠯᠠᠭ᠎ᠠ᠎ᠶᠢ ᠵᠢᠷᠤᠵᠤ ᠲᠥᠯᠥᠪᠯᠡᠬᠦ᠂ ᠦᠢᠯᠡᠳᠪᠦᠷᠢᠯᠡᠵᠦ ᠡᠳ᠋ᠰᠢᠭᠦᠯᠬᠦ᠂ ᠦᠢᠯᠡᠳᠬᠦᠨ᠎ᠢ ᠪᠣᠷᠣᠯᠠᠭᠤᠯᠬᠤ ᠬᠦᠷᠲᠡᠯ᠎ᠡ ᠴᠣ ᠰᠢᠨ᠎ᠡ ᠡᠵᠡᠩᠨᠡᠯᠲᠡ᠎ᠶᠢᠨ  ᠵᠠᠭᠪᠤᠷ᠎ᠢ ᠡᠭᠦᠳᠴᠦ᠂ ᠠᠰᠢᠭ᠍ᠯᠠᠯᠲᠠ᠎ᠳᠤ ᠣᠷᠣᠭᠤᠯᠤᠭᠰᠠᠨ᠎ᠤ ᠳᠠᠷᠠᠭ᠎ᠠ ᠦᠢᠯᠡᠳᠪᠦᠷᠢᠯᠡᠯ᠎ᠤᠨ ᠴᠢᠳᠠᠪᠤᠷᠢ 4000 ᠲᠣᠨ ᠬᠦᠷᠦᠨ᠎ᠡ》ᠭᠡᠵᠦ ᠮᠧᠩ ᠨᠢᠦ ᠪᠦᠯᠦᠭᠯᠡᠯ᠎ᠦᠨ ᠳᠡᠳ᠋ ᠶᠡᠷᠦᠩᠬᠡᠢ ᠵᠠᠬᠢᠷᠤᠯ᠂ ᠪᠦᠯᠦᠭᠯᠡᠯ᠎ᠦᠨ ᠪᠠᠢᠯᠳᠤᠬᠤ ᠪᠣᠳᠣᠯᠭ᠎ᠠ ᠪᠠ ᠪᠡᠯᠡ ᠣᠷᠣᠭᠤᠯᠤᠯᠲᠠ᠎ᠶᠢᠨ ᠬᠠᠮᠢᠶᠠᠷᠤᠯᠲᠠ᠎ᠶᠢᠨ ᠬᠠᠷᠢᠭᠤᠴᠠᠯᠭᠠᠲᠠᠨ ᠴᠧᠨ ᠢ ᠢ ᠬᠡᠯᠡᠨ᠎ᠡ᠃

ᠬᠣᠷᠢᠨᠭᠡᠷ ᠰᠢᠶᠠᠨ ᠤᠯᠤᠰ᠎ᠤᠨ ᠴᠢᠬᠤᠯᠠ ᠮᠠᠯ᠎ᠤᠨ ᠠᠰᠢᠭ᠋ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠦ ᠦᠢᠯᠡᠳᠪᠦᠷᠢᠯᠡᠯ᠎ᠦᠨ ᠰᠠᠭᠤᠷᠢᠨ᠎ᠢ ᠪᠦᠲᠦᠭᠡᠨ ᠪᠠᠶ᠋ᠢᠭᠤᠯᠬᠤ ᠬᠠᠷᠠᠯᠲᠠ᠎ᠶᠢᠨ ᠲᠣᠭᠣᠷᠢᠨ᠎ᠳᠤ᠂ ᠬᠥᠬᠡᠬᠣᠲᠠ᠎ᠶᠢᠨ ᠰᠦ᠎ᠶᠢᠨ ᠦᠢᠯᠡᠰ ᠎ᠦᠨ ᠪᠥᠬᠥ ᠠᠵᠤ ᠦᠢᠯᠡᠰ᠎ᠦᠨ ᠬᠡᠯᠬᠢᠶ᠎ᠡ᠎ᠶᠢᠨ ᠬᠥᠭᠵᠢᠯᠲᠡ᠎ᠶᠢᠨ ᠠᠷᠭ᠎ᠠ ᠵᠠᠮ᠎ᠢ ᠴᠢᠩᠭ᠎ᠠ ᠵᠢᠷᠤᠮᠯᠠᠵᠤ᠂  ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ《ᠪᠦᠰᠡᠯᠡᠯᠲᠡ ᠰᠢᠪᠲᠤᠯᠬᠤ》ᠴᠢᠬᠤᠯᠠ ᠶᠡᠬᠡ ᠵᠢᠱ᠌ᠢᠶ᠎ᠡ ᠦᠵᠡᠭᠦᠯᠬᠦ ᠲᠥᠷᠥᠯ ᠵᠦᠢᠯ᠎ᠢ ᠢᠳᠡᠪᠬᠢᠲᠡᠢ ᠬᠡᠷᠡᠭᠵᠢᠭᠦᠯᠵᠦ᠂ ᠵᠠᠩᠭᠢᠯᠠᠭ᠎ᠠ᠎ᠶᠢᠨ ᠮᠡᠷᠭᠡᠵᠢᠯ᠎ᠦᠨ ᠲᠠᠯ᠎ᠠ᠎ᠪᠠᠷ ᠬᠥᠮᠥᠰ᠎ᠦᠨ ᠠᠩᠬᠠᠷᠤᠯ᠎ᠢ ᠲᠠᠲᠠᠭᠰᠠᠨ ᠠᠯᠢ ᠤᠯᠠᠨ ᠠᠮᠵᠢᠯᠲᠠ ᠪᠦᠲᠦᠮᠵᠢ ᠣᠯᠵᠠᠢ᠃

— ᠰᠦ᠎ᠶᠢᠨ ᠦᠢᠯᠡᠰ᠎ᠦᠨ ᠲᠠᠯ᠎ᠠ᠎ᠪᠠᠷ᠂ ᠮᠧᠩ ᠨᠢᠦ ᠪᠦᠯᠦᠭᠯᠡᠯ᠎ᠢ ᠵᠣᠬᠢᠶᠠᠨ ᠪᠠᠢᠭᠤᠯᠵᠤ ᠰᠤᠷᠭᠤᠭ ᠰᠦ᠎ᠶᠢᠨ ᠶᠠᠰᠤ ᠴᠢᠨᠠᠷ᠎ᠢ ᠳᠡᠭᠡᠭᠰᠢᠯᠡᠭᠦᠯᠬᠦ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ 《ᠪᠦᠰᠡᠯᠡᠯᠲᠡ ᠰᠢᠪᠲᠤᠯᠬᠤ》 ᠴᠢᠬᠤᠯᠠ ᠶᠡᠬᠡ ᠵᠢᠱ᠌ᠢᠶ᠎ᠡ ᠦᠵᠡᠭᠦᠯᠬᠦ ᠲᠥᠷᠥᠯ ᠵᠦᠢᠯ᠎ᠢ ᠬᠡᠷᠡᠭᠵᠢᠭᠦᠯᠵᠦ᠂《ᠰᠦ᠎ᠶᠢᠨ ᠥᠭᠡᠬᠦ᠎ᠶᠢ ᠨᠠᠷᠢᠯᠢᠭ᠋ ᠡᠳ᠋ᠰᠢᠭᠦᠯᠬᠦ ᠠᠵᠤ ᠦᠢᠯᠡᠰ᠎ᠦᠨ ᠬᠡᠯᠬᠢᠶ᠎ᠡ᠎ᠶᠢᠨ ᠵᠠᠩᠭᠢᠯᠠᠭ᠎ᠠ᠎ᠶᠢᠨ ᠮᠡᠷᠭᠡᠵᠢᠯ᠎ᠦᠨ ᠰᠢᠪᠲᠤᠯᠤᠯᠲᠠ》ᠵᠢᠨ ᠲᠥᠷᠥᠯ ᠵᠦᠢᠯ᠎ᠢ ᠠᠬᠢᠭᠤᠯᠤᠨ ᠬᠡᠷᠡᠭᠵᠢᠭᠦᠯᠵᠦ᠂ 3 ᠵᠦᠢᠯ᠎ᠦᠨ ᠲᠤᠰᠬᠠᠢ ᠠᠰᠢᠭ᠋᠎ᠤᠨ ᠡᠷᠬᠡ ᠤᠯᠪᠠ᠃

— ᠮᠢᠬᠠᠨ᠎ᠤ ᠦᠢᠯᠡᠰ᠎ᠦᠨ ᠲᠠᠯ᠎ᠠ᠎ᠪᠠᠷ᠂ ᠯᠢ ᠭᠤᠸᠠᠩ ᠫᠧᠩ ᠫᠷᠤᠹᠧᠰᠰᠤᠷ᠎ᠤᠨ ᠪᠦᠯᠬᠦᠮ᠎ᠢ ᠤᠷᠤᠭᠤᠯᠤᠨ ᠠᠪᠴᠢᠷᠠᠵᠤ᠂《ᠬᠣᠣᠰ ᠪᠤᠯᠴᠢᠩᠲᠤ》ᠮᠢᠬᠠᠨ ᠦᠬᠡᠷ᠎ᠦᠨ ᠰᠢᠨ᠎ᠡ ᠡᠭᠦᠯᠳᠡᠷ᠎ᠢ ᠪᠣᠢᠵᠢᠭᠤᠯᠵᠤ᠂ ᠮᠢᠬᠠᠨ ᠦᠬᠡᠷ᠎ᠦᠨ ᠡᠭᠦᠯᠳᠡᠷ᠎ᠢ ᠳᠡᠭᠡᠭᠰᠢᠯᠡᠭᠦᠯᠪᠡ᠃

— ᠡᠪᠡᠰᠦᠨ᠎ᠦ ᠦᠢᠯᠡᠰ᠎ᠦᠨ ᠬᠦᠷᠢᠶᠡᠨ᠎ᠳᠦ᠂ ᠬᠤᠵᠢᠷ᠎ᠲᠤ ᠲᠡᠰᠪᠦᠷᠢᠲᠡᠢ ᠴᠠᠷᠭᠠᠰᠤ᠎ᠶ᠋ᠢ ᠰᠣᠩᠭᠣᠨ ᠪᠣᠢᠵᠢᠭᠤᠯᠬᠤ ᠠᠵᠢᠯ᠎ᠢ ᠥᠷᠨᠢᠭᠦᠯᠵᠦ᠍᠂ ᠥᠨᠳᠥᠷ ᠲᠡᠰᠪᠦᠷᠢᠲᠡᠢ ᠰᠤᠭᠤ᠎ᠶᠢᠨ ᠪᠣᠷᠣ ᠴᠠᠷᠭᠠᠰᠤ᠎ᠶ᠋ᠢᠨ ᠱᠢᠨ᠎ᠡ ᠦᠷ᠎ᠡ᠎ᠶ᠋ᠢ ᠪᠣᠢᠵᠢᠭᠤᠯᠵᠤ᠂ ᠳᠡᠯᠡᠬᠡᠢ᠎ᠶ᠋ᠢᠨ ᠲᠦᠪᠱᠢᠨ᠎ᠳᠦ ᠬᠦᠷᠭᠡᠪᠡ᠃

— ᠢᠳᠡᠱᠢᠨ ᠨᠣᠭᠣᠭ᠎ᠠ ᠎ᠶ᠋ᠢᠨ ᠠᠵᠤ ᠦᠶ᠋ᠯᠡᠰ ᠎ᠦᠨ ᠬᠦᠷᠢᠶᠡᠨ᠎ᠳᠦ᠂ ᠬᠤᠯᠤᠤᠪᠠᠩ1749᠂  ᠴᠠᠬᠢᠷᠮ᠎ᠠ15᠂ ᠮᠸᠩ ᠵᠢᠨ ᠪᠤᠤ 1 ᠳ᠋ᠤᠭᠡᠷ ᠨᠣᠮᠧᠷᠲᠤ ᠣᠷᠣᠰ ᠰᠣᠩᠭᠢᠨ᠎ᠠ ᠵᠡᠷᠭᠡ᠎ᠶ᠋ᠢ ᠰᠣᠩᠭᠣᠨ ᠪᠣᠢᠵᠢᠭᠤᠯᠵᠤ᠂ ᠵᠠᠬ᠎ᠠ ᠳᠡᠯᠭᠡᠭᠦᠷ᠎ᠦᠨ ᠥᠷᠢᠰᠥᠯᠳᠦᠬᠦ᠌ ᠬᠦᠴᠦᠨ᠎ᠢ ᠴᠢᠩᠭᠠᠳᠬᠠᠪᠠ᠃

— ᠦᠷ᠎ᠡ᠎ᠶ᠋ᠢᠨ ᠦᠶ᠋ᠯᠡᠰ᠎ᠢ ᠬᠥᠭ᠌ᠵᠢᠭᠦᠯᠦᠨ ᠮᠠᠨᠳᠤᠭᠤᠯᠬᠤ ᠲᠠᠯ᠎ᠠ᠎ᠪᠠᠷ᠂ ᠵᠠᠩ ᠶᠦᠩ ᠠᠺᠠᠳᠧᠮᠢᠴᠢ᠎ᠳᠦ ᠲᠦᠱᠢᠭ᠌ᠯᠡᠨ᠂ ᠤᠯᠤᠰ᠎ᠤᠨ ᠰᠢᠯᠢᠲᠡᠭ ᠡᠭᠦᠯᠳᠡᠷ᠎ᠤᠨ ᠦᠬᠡᠷ᠎ᠦᠨ ᠱᠢᠨ᠎ᠡ ᠡᠭᠦᠯᠳᠡᠷ᠎ᠢ ᠪᠤᠢᠵᠢᠭᠤᠯᠬᠤ ᠲᠥᠷᠥᠯ ᠵᠦᠶ᠋ᠯ᠎ᠢ ᠡᠭᠦᠷᠭᠡᠯᠡᠵᠦ᠍᠂ ᠳᠡᠭᠡᠳᠦ ᠲᠠᠰ᠎ᠤᠨ ᠰᠢᠯᠢᠲᠡᠭ  ᠡᠭᠦᠯᠳᠡᠷ᠎ᠤᠨ ᠦᠭᠡᠷ᠎ᠢ ᠪᠡᠶ᠎ᠡ᠎ᠪᠡᠨ ᠳᠠᠭᠠᠭᠠᠨ ᠪᠣᠢᠵᠢᠭᠤᠯᠵᠤ ᠤᠳᠤᠮᠯᠠᠯ᠎ᠤᠨ ᠬᠢᠷᠢ ᠲᠦᠪᠱᠢᠨ ᠨᠢ ᠳᠡᠯᠡᠬᠡᠶ᠎ᠶ᠋ᠢᠨ ᠲᠡᠷᠢᠭᠦᠨ᠎ᠳᠦ ᠤᠷᠤᠪᠠ᠃

ᠡᠭᠦᠨ᠎ᠦ ᠬᠠᠮᠲᠤ ᠂ ᠬᠣᠷᠢᠨᠭᠡᠷ ᠱᠢᠶᠠᠨ ᠱᠢᠨ᠎ᠡ᠎ᠪᠡᠷ ᠮᠠᠨᠳᠤᠭ᠍ᠰᠠᠨ ᠠᠵᠤ ᠦᠢᠯᠡᠰ᠎ᠦᠨ ᠬᠥᠭ᠌ᠵᠢᠯᠲᠡ᠎ᠶ᠋ᠢ ᠲᠦᠷᠭᠡᠳᠭᠡᠪᠡ᠃ ᠱᠢᠨ᠎ᠡ ᠡᠨᠧᠷᠭᠢ ᠱᠢᠨ᠎ᠡ ᠮᠠᠲ᠋ᠧᠷᠢᠶᠠᠯ᠎ᠤᠨ ᠬᠦᠷᠢᠶᠡᠨ᠎ᠳᠦ᠂ ᠰᠠᠭᠠᠯᠢ᠎ᠶ᠋ᠢᠨ ᠦᠨᠢᠶ᠎ᠡ ᠲᠡᠵᠢᠭᠡᠨ ᠦᠷᠡᠵᠢᠭᠦᠯᠬᠦ᠌ ᠢᠯᠭᠠᠳᠠᠰᠤ᠎ᠶ᠋ᠢ ᠠᠱᠢᠭ᠍ᠯᠠᠬᠤ ᠲᠥᠷᠥᠯ ᠵᠦᠶ᠋ᠯ᠎ᠢ ᠬᠡᠷᠡᠭ᠌ᠵᠢᠭᠦᠯᠪᠡ ᠃ ᠠᠮᠢᠳᠤ ᠪᠣᠳᠠᠰ᠎ᠤᠨ ᠡᠮ ᠡᠮᠨᠡᠯᠭᠡ᠎ᠶ᠋ᠢᠨ ᠠᠵᠤ ᠦᠢᠯᠡᠰ᠎ᠦᠨ ᠲᠠᠯ᠎ᠠ᠎ᠪᠠᠷ 9 ᠭᠣᠣᠯᠳᠠᠯᠭ᠎ᠠ᠎ᠲᠠᠶ ᠲᠥᠷᠥᠯ ᠵᠦᠢᠯ᠎ᠢ ᠲᠦᠯᠬᠢᠨ ᠠᠬᠢᠭᠤᠯᠵᠤ᠂ ᠳ᠋ᠠ ᠳᠠᠩ ᠡᠮ᠎ᠦᠨ ᠦᠢᠯᠡᠰ᠎ᠦᠨ ᠬᠦᠷᠢᠶᠡᠯᠡᠩ ᠲᠣᠭᠣᠷᠢᠭ᠎ᠨᠢ ᠥᠪᠡᠷᠲᠡᠭᠡᠨ ᠵᠠᠰᠠᠬᠤ ᠣᠷᠣᠨ᠎ᠤ ᠭᠣᠣᠯᠳᠠᠯᠭ᠎ᠠ᠎ᠲᠠᠶ ᠪᠡᠯᠡ ᠮᠥᠩᠭᠥ᠎ᠶ᠋ᠢᠨ ᠳᠡᠮᠵᠢᠯᠭᠡ᠎ᠶ᠋ᠢ ᠣᠯᠪᠠ᠃

ᠣᠳᠣᠬᠠᠨ᠎ᠳᠤ ᠂ ᠲᠣᠰ ᠲᠥᠷᠥᠯ ᠵᠦᠶ᠋ᠯ᠎ᠦᠨ ᠨᠢᠭᠡᠳᠦᠭᠡᠷ ᠬᠤᠭᠤᠴᠠᠭᠠᠨ᠎ᠤ ᠵᠢᠯ᠎ᠳᠦ 18 ᠲᠦᠮᠡᠨ ᠲᠣᠨ ᠳᠡᠵᠢᠭᠡᠯ ᠪᠣᠷᠳᠣᠭ᠎ᠠ ᠦᠶ᠋ᠯᠡᠳᠪᠦᠷᠢᠯᠡᠬᠦ᠌ ᠲᠥᠷᠥᠯ ᠵᠦᠶ᠋ᠯ᠎ᠦᠨ ᠲᠤᠷᠰᠢᠯᠲᠠ ᠠᠮᠵᠢᠯᠲᠠ ᠤᠯᠪᠠ᠃

《ᠮᠸᠩ ᠨᠢᠤ ᠪᠦᠯᠦᠭ᠌ᠯᠡᠯ᠎ᠦᠨ ᠰᠦ᠎ᠶᠢᠨ ᠦᠶ᠋ᠯᠡᠰ᠎ᠦᠨ ᠪᠥᠬᠥ᠌ ᠠᠵᠤ ᠦᠶ᠋ᠯᠡᠰ᠎ᠦᠨ ᠬᠡᠯᠬᠢᠶ᠎ᠡ᠎ᠶ᠋ᠢᠨ ᠴᠢᠨᠠᠷ ᠰᠠᠢᠲᠠᠶ ᠬᠥᠭ᠌ᠵᠢᠯᠲᠡ᠎ᠶ᠋ᠢᠨ ᠵᠠᠭᠤᠨ ᠳ᠋ᠦᠩᠱᠢᠭᠤᠷ᠎ᠤᠨ ᠪᠦᠯᠦᠭ᠌ᠵᠢᠯ᠎ᠦᠨ ᠵᠠᠩᠭᠢᠯᠠᠭ᠎ᠠ᠎ᠶ᠋ᠢᠨ ᠢᠵᠢ ᠪᠦᠷᠢᠳᠦᠭᠦᠯᠬᠦ᠌ ᠲᠥᠷᠥᠯ ᠵᠦᠶ᠋ᠯ ᠪᠣᠯᠤᠭ᠍ᠰᠠᠨ᠎ᠤ ᠬᠤᠪᠢ᠎ᠳᠤ᠂ ᠲᠤᠰ ᠲᠥᠷᠥᠯ ᠵᠦᠶ᠋ᠯ ᠨᠢ ᠣᠯᠠᠨ ᠤᠯᠤᠰ᠎ᠤᠨ ᠲᠡᠷᠢᠭᠦᠨ᠎ᠦ ᠮᠡᠷᠭᠡᠵᠢᠯ ᠪᠣᠯᠤᠨ ᠲᠥᠬᠥᠭᠡᠷᠦᠮᠵᠢ᠎ᠶ᠋ᠢ ᠪᠥᠬᠥ᠌ ᠲᠠᠯ᠎ᠠ᠎ᠪᠠᠷ ᠣᠷᠣᠭᠤᠯᠤᠨ ᠠᠪᠴᠢᠷᠠᠬᠰᠠᠨ ᠶᠤᠮ》 ᠭᠡᠵᠦ ᠵᠥᠩ ᠯᠢᠶᠠᠩ ᠲᠡᠵᠢᠭᠡᠯ ᠪᠣᠷᠳᠣᠭ᠎ᠠ(ᠬᠥᠬᠡᠬᠣᠲᠠ) ᠎ᠶ᠋ᠢᠨ ᠬᠢᠵᠠᠭᠠᠷᠲᠤ ᠺᠣᠮᠫᠠᠨᠢ ᠶ᠋ᠢᠨ  ᠢᠨᠵᠧᠨᠧᠷ ᠯᠢ ᠵᠢᠶᠦ᠋ᠨ ᠱ᠌ᠢ   ᠲᠠᠨᠢᠯᠴᠠᠭᠤᠯᠤᠨ᠎ᠠ᠃

ᠬᠣᠷᠢᠨᠭᠡᠷ ᠲᠸ᠋ ᠣᠳᠣᠬᠠᠨ᠎ᠳᠤ 9 ᠲᠡᠵᠢᠭᠡᠯ ᠪᠣᠷᠳᠣᠭ᠎ᠠ ᠡᠳ᠋ᠱᠢᠭᠦᠯᠬᠦ᠌ ᠲᠥᠷᠥᠯ ᠵᠦᠶ᠋ᠯ᠎ᠪᠤᠢ᠂ ᠡᠭᠦᠨ᠎ᠳᠦ 6 ᠎ᠶ᠋ᠢ᠎ᠨᠢ ᠨᠢᠭᠡᠨᠲᠡ ᠠᠱᠢᠭ᠍ᠯᠠᠯᠲᠠ᠎ᠳᠤ ᠣᠷᠣᠭᠤᠯᠵᠤ᠂ 3 ᠎ᠶ᠋ᠢ᠎ᠨᠢ ᠶᠠᠭ ᠪᠥᠲᠥᠭᠡᠨ ᠪᠠᠢᠭᠤᠯᠵᠤ ᠪᠠᠢᠨ᠎ᠠ᠂ ᠡᠲᠡᠭᠡᠷ ᠲᠥᠷᠥᠯ ᠵᠦᠶ᠋ᠯ ᠎ᠦᠨ  ᠲᠥᠰᠥᠪᠯᠡᠭᠰᠡᠨ ᠦᠶ᠋ᠯᠡᠳᠪᠦᠷᠢᠯᠡᠯ᠎ᠦᠨ ᠴᠢᠳᠠᠪᠤᠷᠢ᠎ᠨᠢ ᠵᠢᠯ᠎ᠳᠦ 159 ᠲᠦᠮᠡᠨ ᠲᠣᠨ ᠎ᠳᠤ ᠬᠦᠷᠴᠡᠶ᠃ ᠲᠥᠷᠥᠯ ᠵᠦᠶ᠋ᠯ᠎ᠦᠨ ᠪᠠᠢᠭᠤᠯᠤᠭ᠍ᠳᠠᠭ᠍ᠰᠠᠨ ᠨᠢ ᠬᠣᠷᠢᠨᠭᠡᠷ ᠱᠢᠶᠠᠨ᠎ᠤ ᠲᠡᠵᠢᠭᠡᠯ ᠪᠣᠷᠳᠣᠭ᠎ᠠ ᠡᠳ᠋ᠱᠢᠭᠦᠯᠬᠦ᠌ ᠴᠢᠳᠠᠪᠤᠷᠢ᠎ᠶ᠋ᠢ ᠶᠡᠬᠡ᠎ᠪᠡᠷ ᠳᠡᠭᠡᠭ᠌ᠰᠢᠯᠡᠭᠦᠯᠦᠭ᠌ᠰᠡᠨ᠎ᠢᠶᠡᠷ ᠪᠠᠷᠠᠬᠤ ᠥᠬᠡᠶ᠂ ᠤᠯᠤᠰ᠎ᠤᠨ ᠴᠢᠬᠤᠯᠠ ᠮᠠᠯ᠎ᠤᠨ ᠠᠱᠢᠭ ᠱᠢᠮ᠎ᠡ ᠲᠠᠷᠢᠶᠠᠯᠠᠩ᠎ᠤᠨ ᠪᠦᠲᠦᠭᠡᠭ᠌ᠳᠡᠬᠦᠨ᠎ᠦ ᠦᠶ᠋ᠯᠡᠳᠪᠦᠷᠢᠯᠡᠯ᠎ᠦᠨ ᠰᠠᠭᠤᠷᠢᠨ᠎ᠢ ᠪᠠᠢᠭᠤᠯᠬᠤ᠎ᠳᠤ ᠪᠠᠲᠤ ᠪᠠᠬᠢ ᠰᠠᠭᠤᠷᠢ ᠲᠠᠯᠪᠢᠪᠠ᠃

ᠣᠢᠷ᠎ᠠ᠎ᠶ᠋ᠢᠨ ᠵᠢᠯ᠎ᠳᠦ᠂ ᠬᠣᠷᠢᠨᠭᠡᠷ ᠱᠢᠶᠠᠨ 《ᠰᠦ᠂ ᠮᠢᠬ᠎ᠠ᠂ ᠡᠪᠡᠰᠦ᠂ ᠨᠣᠭᠣᠭ᠎ᠠ᠂ ᠦᠷ᠎ᠡ᠎ᠶ᠋ᠢᠨ ᠢᠷᠡᠯᠲᠡ 》 ᠵᠡᠷᠭᠡ ᠠᠵᠤ ᠦᠶ᠋ᠯᠡᠰ᠎ᠦᠨ ᠬᠡᠯᠬᠢᠶᠠᠵᠢᠯ ᠎ᠢ ᠨᠠᠷᠢᠨ ᠨᠢᠮᠪᠠᠶ ᠪᠠᠢᠷᠢᠯᠠᠭᠤᠯᠵᠤ᠂ ᠲᠡᠭᠦᠨ᠎ᠦ ᠬᠥᠷᠰᠢ ᠵᠡᠷᠭᠡᠯᠡᠳᠡᠭᠡ ᠬᠣᠲᠠ ᠲᠣᠭᠣᠷᠢᠭ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠲᠥᠪᠯᠡᠷᠡᠨ ᠵᠠᠯᠭᠠᠯᠳᠤᠭ᠍ᠰᠠᠨ ᠵᠡᠷᠭᠡ ᠥᠪᠡᠷᠮᠢᠴᠡ ᠣᠷᠣᠨ ᠪᠠᠢᠷᠢ ᠪᠠ ᠭᠠᠵᠠᠷ ᠵᠦᠶ᠎ᠶ᠋ᠢᠨ ᠳᠠᠪᠠᠭᠤᠯᠢᠭ᠎ᠲᠤ ᠲᠦᠱᠢᠭ᠌ᠯᠡᠨ᠂ ᠢᠳᠡᠱᠢᠨ ᠨᠣᠭᠣᠭ᠎ᠠ᠎ᠶ᠋ᠢᠨ ᠠᠵᠤ ᠦᠶ᠋ᠯᠡᠰ᠎ᠢ ᠶᠡᠬᠡ᠎ᠪᠡᠷ ᠬᠥᠭ᠌ᠵᠢᠭᠦᠯᠪᠡ᠃

《ᠪᠡᠭᠡᠵᠢᠩ ᠥᠪᠥᠷ ᠮᠣᠩᠭᠣᠯ᠎ᠤᠨ ᠬᠠᠮᠵᠢᠯᠴᠠᠭ᠎ᠠ》 ᠎ᠶ᠋ᠢᠨ ᠲᠠᠪᠴᠠᠩ᠎ᠢ ᠠᠱᠢᠭ᠍ᠯᠠᠨ᠂ ᠳᠤᠮᠳᠠᠳᠤ ᠤᠯᠤᠰ᠎ᠤᠨ ᠲᠠᠷᠢᠶᠠᠯᠠᠩ᠎ᠤᠨ ᠱᠢᠨᠵᠢᠯᠡᠬᠦ᠌ ᠤᠬᠠᠭᠠᠨ᠎ᠤ ᠬᠦᠷᠢᠶᠡᠯᠡᠩ᠎ᠦᠨ ᠢᠳᠡᠱᠢᠨ ᠨᠣᠭᠣᠭ᠎ᠠ ᠬᠤᠸᠠᠷ ᠴᠡᠴᠡᠭ ᠰᠤᠳᠤᠯᠬᠤ ᠭᠠᠵᠠᠷ᠎ᠲᠠᠶ ᠬᠠᠮᠲᠤᠷᠠᠯᠴᠠᠵᠤ᠂ ᠳᠤᠮᠳᠠᠳᠤ ᠤᠯᠤᠰ᠎ᠤᠨ ᠲᠠᠷᠢᠶᠠᠯᠠᠩ᠎ᠤᠨ ᠱᠢᠨᠵᠢᠯᠡᠬᠦ᠌ ᠤᠬᠠᠭᠠᠨ᠎ᠤ ᠬᠦᠷᠢᠶᠡᠯᠡᠩ᠎ᠦᠨ ᠠᠺᠠᠳᠧᠮᠢᠴᠢ ᠲᠤᠰᠭᠠᠶ ᠮᠡᠷᠭᠡᠵᠢᠯᠲᠡᠨ᠎ᠦ ᠪᠦᠯᠬᠦᠮ᠎ᠢ ᠣᠷᠣᠭᠤᠯᠤᠨ ᠠᠪᠴᠢᠷᠠᠭ᠍ᠰᠠᠨ ᠪᠥᠭᠡᠳ ᠥᠪᠥᠷ ᠮᠣᠩᠭᠣᠯ᠎ᠤᠨ ᠢᠳᠡᠱᠢᠨ ᠨᠣᠭᠣᠭ᠎ᠠ᠎ᠶ᠋ᠢᠨ ᠲᠤᠷᠱᠢᠯᠲᠠ᠎ᠶ᠋ᠢᠨ ᠥᠷᠲᠡᠭᠡ᠎ᠶ᠋ᠢ ᠪᠠᠢᠭᠤᠯᠤᠬᠰᠠᠨ ᠪᠠᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号