ᠪᠡᠯᠡ ᠣᠷᠣᠭᠤᠯᠤᠯᠲᠠ᠎ᠶᠢ ᠭᠤᠢᠪᠢᠰᠢ ᠦᠭᠡᠢ ᠠᠳᠬᠤᠵᠤ ᠴᠢᠬᠤᠯᠠ ᠶᠡᠬᠡ ᠲᠦᠷᠦᠯ ᠵᠦᠢᠯ ᠎ᠢ ᠤᠬᠠᠭᠠᠯᠠᠨ ᠲᠥᠯᠥᠪᠯᠡᠬᠦ ᠠᠵᠢᠯᠯᠠᠭ᠎ᠠ᠎ᠶᠢ ᠪᠦᠬᠦ ᠬᠦᠴᠦᠨ᠎ᠢᠶᠡᠷ᠎ᠢᠶᠡᠨ ᠠᠬᠢᠭᠤᠯᠤᠨ᠎ᠠ ︱ ᠥᠪᠡᠷᠲᠡᠭᠡᠨ ᠵᠠᠰᠠᠬᠤ ᠣᠷᠣᠨ ᠎ᠤ ᠬᠣᠶᠠᠷ ᠬᠤᠷᠠᠯ᠎ᠤᠨ ᠪᠠᠢᠷᠢᠯᠠᠭᠤᠯᠤᠯᠲᠠ᠎ᠠᠴᠠ ᠡᠷᠡᠯᠬᠡᠭᠯᠡᠨ ᠤᠷᠤᠭᠰᠢᠯᠠᠵᠤ ᠪᠠᠢᠭ᠎ᠠ ᠥᠪᠥᠷ ᠮᠣᠩᠭᠣᠯ᠎ᠢ ᠬᠠᠷᠠᠬᠤᠢ
2025-01-23 10:18:45
ᠵᠣᠬᠢᠶᠠᠭ᠍ᠴᠢ᠄
ᠬᠠᠨ ᠰᠢᠦᠧᠠᠢ ᠷᠦ ᠯᠢ ᠶᠦᠩ ᠲᠤᠤ ᠺᠠᠩ ᠯᠢ ᠨᠠ ᠭᠤᠤ ᠬᠤᠢ ᠵᠠᠩ ᠬᠤᠢ ᠯᠢᠩ
ᠣᠩᠱᠢᠭ᠍ᠰᠠᠨ ᠣᠳᠠᠭ᠎ᠠ᠄
★★★☆☆

ᠴᠢᠬᠤᠯᠠ ᠶᠡᠬᠡ ᠲᠦᠷᠦᠯ ᠵᠦᠢᠯ ᠪᠣᠯ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠬᠤ ᠵᠠᠩᠭᠢᠯᠠᠭ᠎ᠠ᠎ᠶᠢᠨ ᠲᠤᠯᠭᠠᠭᠤᠷᠢᠯᠠᠯ᠂ ᠨᠡᠮᠡᠭᠳᠡᠯ ᠎ᠢ ᠲᠣᠭᠲᠠᠪᠤᠷᠢᠵᠢᠭᠤᠯᠵᠤ ᠪᠦᠲᠦᠴᠡ᠎ᠶᠢ ᠰᠢᠯᠢᠳᠡᠭᠵᠢᠭᠦᠯᠬᠦ ᠴᠢᠬᠤᠯᠠ ᠭᠠᠷᠳᠠᠴᠠ ᠮᠥᠨ᠃ ᠥᠪᠥᠷ ᠮᠣᠩᠭᠣᠯ᠎ᠤᠨ 2025 ᠣᠨ᠎ᠤ 《ᠵᠠᠰᠠᠭ᠎ᠤᠨ ᠣᠷᠳᠣᠨ᠎ᠤ ᠠᠵᠢᠯ ᠎ᠤᠨ ᠢᠯᠡᠳᠬᠡᠯ 》 ᠳ᠋ᠤ ᠂ ᠡᠨᠡ ᠵᠢᠯ 《ᠴᠢᠬᠤᠯᠠ ᠶᠡᠬᠡ ᠲᠥᠷᠥᠯ ᠵᠦᠢᠯ ᠎ᠢ  ᠤᠬᠠᠭᠠᠯᠠᠨ ᠲᠦᠯᠦᠪᠯᠡᠬᠦ ᠠᠵᠢᠯᠯᠠᠭ᠎ᠠ ᠵᠢ ᠬᠡᠷᠡᠭᠵᠢᠬᠦᠯᠵᠦ᠂  ᠪᠡᠯᠡ ᠣᠷᠣᠭᠤᠯᠤᠯᠲᠠ᠎ᠶᠢ ᠭᠤᠢᠪᠢᠰᠢ ᠦᠭᠡᠢ ᠠᠳᠬᠤᠬᠤ》 ᠵᠡᠷᠭᠡ 11 ᠲᠠᠯ᠎ᠠ᠎ᠶᠢᠨ ᠠᠵᠢᠯ᠎ᠢ ᠭᠣᠣᠯᠳᠠᠯᠭ᠎ᠠ᠎ᠲᠠᠢ ᠰᠠᠢᠲᠤᠷ ᠬᠢᠨ᠎ᠡ ᠭᠡᠵᠦ ᠳᠤᠷᠠᠳᠪᠠ ᠃

ᠣᠢᠷ᠎ᠠ᠎ᠶᠢᠨ ᠡᠳᠦᠷ᠂ ᠪᠦᠬᠦ ᠣᠷᠣᠨ ᠎ᠤ ᠡᠯ᠎ᠡ ᠭᠠᠵᠠᠷ ᠡᠯ᠎ᠡ ᠰᠠᠯᠠᠭ᠎ᠠ ᠮᠥᠴᠢᠷ᠎ᠥᠪᠡᠷᠲᠡᠭᠡᠨ ᠵᠠᠰᠠᠬᠤ ᠣᠷᠣᠨ ᠎ᠤ ᠬᠣᠶᠠᠷ ᠬᠤᠷᠠᠯ᠎ᠤᠨ ᠵᠣᠷᠢᠭ᠋ ᠰᠠᠨᠠᠭ᠎ᠠ᠎ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂  ᠪᠠᠢᠷᠢᠯᠠᠭᠤᠯᠤᠨ ᠳᠤᠬᠢᠷᠠᠭᠤᠯᠵᠤ᠂ ᠴᠢᠬᠤᠯᠠ ᠶᠡᠬᠡ ᠲᠦᠷᠦᠯ ᠵᠦᠢᠯ᠎ᠢ  ᠤᠬᠠᠭᠠᠯᠠᠨ ᠲᠥᠯᠥᠪᠯᠡᠬᠦ ᠠᠵᠢᠯᠯᠠᠭ᠎ᠠ ᠵᠢ ᠠᠬᠢᠭᠤᠯᠤᠨ ᠨᠠᠢᠳᠠᠪᠤᠷᠢᠵᠢᠭᠤᠯᠵᠤ᠂ ᠥᠷᠭᠡᠨ ᠤᠯᠠᠨ ᠺᠠᠳ᠋ᠷ ᠤᠯᠠᠨ ᠲᠦᠮᠡᠨ᠎ᠦ ᠦᠵᠡᠯ ᠰᠠᠨᠠᠭ᠎ᠠ ᠪᠣᠯᠣᠨ ᠦᠢᠯᠡ ᠠᠵᠢᠯᠯᠠᠭ᠎ᠠ ᠵᠢ ᠥᠪᠡᠷᠲᠡᠭᠡᠨ ᠵᠠᠰᠠᠬᠤ ᠣᠷᠣᠨ ᠎ᠤ ᠪᠠᠢᠷᠢᠯᠠᠭᠤᠯᠤᠯᠲᠠ ᠳᠡᠭᠡᠷ᠎ᠡ ᠨᠢᠭᠡᠳᠬᠡᠬᠦ ᠎ᠶᠢ  ᠬᠥᠲᠥᠯᠥᠨ ᠵᠢᠯᠤᠭᠤᠳᠴᠤ᠂  ᠬᠥᠭᠵᠢᠯᠲᠡ᠎ᠶᠢᠨ ᠨᠡᠢᠯᠡᠯ ᠬᠦᠴᠦᠨ᠎ᠢ ᠨᠢᠭ᠍ᠲᠠᠷᠠᠭᠤᠯᠵᠤ᠂ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠳᠠ ᠵᠢᠨ ᠥᠪᠥᠷ ᠮᠣᠩᠭᠣᠯ᠎ᠤᠨ ᠰᠢᠨ᠎ᠡ ᠬᠠᠭᠤᠳᠠᠰᠤ᠎ᠶᠢ ᠲᠠᠰᠤᠷᠠᠯᠳᠠ ᠦᠭᠡᠢ ᠪᠢᠴᠢᠭᠯᠡᠬᠦ᠎ᠳᠦ ᠨᠡᠩ ᠶᠡᠬᠡ ᠰᠢᠨ᠎ᠡ ᠬᠤᠪᠢ ᠨᠡᠮᠡᠷᠢ ᠦᠵᠡᠭᠦᠯᠵᠤ ᠪᠤᠢ᠃

ᠭᠣᠣᠯᠳᠠᠯᠭ᠎ᠠ᠎ᠶᠢᠨ ᠲᠣᠭᠣᠷᠢᠨ᠎ᠳᠤ ᠲᠦᠷᠦᠯ ᠵᠦᠢᠯ ᠤᠷᠤᠭᠤᠯᠤᠨ ᠠᠪᠴᠢᠷᠠᠬᠤ  ᠵᠢ ᠤᠨᠤᠴᠠᠳᠠᠢ ᠲᠥᠯᠥᠪᠵᠢᠭᠦᠯᠦᠨ᠎ᠡ

ᠬᠠᠬᠢᠷ ᠡᠪᠦᠯ᠎ᠦᠨ ᠬᠦᠬᠡᠭᠡ ᠰᠠᠷ᠎ᠠ ᠶᠤᠸᠠᠨ ᠵᠢᠩ ᠮᠧᠩ ᠰᠢᠨ ᠪᠦᠯᠦᠭᠯᠡᠯ᠎ᠦᠨ ᠪᠠᠶᠠᠨᠨᠠᠭᠤᠷ ᠲᠡᠬᠢ ᠲᠣᠮᠣ᠌ ᠬᠡᠯᠪᠡᠷᠢ᠎ᠶᠢᠨ ᠢᠯᠲᠠᠰᠤ᠎ᠶᠢᠨ ᠦᠢᠯᠡᠳᠪᠦᠷᠢᠯᠡᠯ᠎ᠦᠨ ᠰᠠᠭᠤᠷᠢᠨ᠎ᠤ ᠦᠢᠯᠡᠳᠪᠦᠷᠢᠯᠡᠯ᠎ᠦᠨ ᠲᠠᠰᠤᠭ᠎ᠲᠤ᠂ ᠠᠦ᠋ᠲ᠋ᠣᠴᠢᠯᠠᠭᠰᠠᠨ ᠰᠢᠯᠭᠠᠨ ᠪᠠᠢᠴᠠᠭᠠᠬᠤ ᠮᠠᠰᠢᠨ ᠬᠥᠮᠥᠨ᠂ ᠲᠡᠭᠡᠭᠡᠪᠦᠷᠢ᠎ᠶᠢᠨ AGV ᠵᠡᠷᠭᠡ ᠳᠡᠭᠡᠳᠦ ᠰᠢᠨ᠎ᠡ ᠮᠡᠷᠭᠡᠵᠢᠯ᠎ᠦᠨ ᠲᠤᠨᠤᠭ ᠲᠥᠬᠦᠭᠡᠷᠦᠮᠵᠢ ᠵᠢ ᠠᠵᠢᠯᠯᠠᠭᠤᠯᠤᠭᠰᠠᠨ ᠭᠦᠭᠵᠢᠶᠠᠨᠳᠠᠢ ᠪᠠᠢᠳᠠᠯ ᠬᠠᠷᠠᠭᠳᠠᠨ᠎ᠠ᠃ ᠲᠤᠰ ᠦᠢᠯᠡᠳᠪᠦᠷᠢᠯᠡᠯ᠎ᠦᠨ ᠰᠠᠭᠤᠷᠢᠨ  1 ᠰᠠᠷ᠎ᠠ᠎ᠶᠢᠨ 6᠎ᠤ᠋ ᠡᠳᠦᠷ ᠪᠥᠬᠥ ᠲᠠᠯ᠎ᠠ᠎ᠪᠠᠷ ᠠᠰᠢᠭ᠍ᠯᠠᠯᠲᠠ᠎ᠳᠤ ᠣᠷᠣᠵᠠᠢ᠃ ᠲᠤᠰ ᠲᠥᠷᠥᠯ ᠵᠦᠢᠯ ᠨᠢ  ᠶᠤᠸᠠᠨ ᠵᠢᠩ ᠮᠧᠩ ᠰᠢᠨ ᠪᠦᠯᠦᠭᠯᠡᠯ ᠎ᠦᠨ ᠪᠠᠶᠠᠨᠨᠠᠭᠤᠷ᠎ᠲᠡᠬᠢ ᠣᠶᠤᠨᠲᠤ ᠰᠠᠯᠬᠢᠨ ᠬᠦᠴᠦ ᠪᠠᠷ ᠴᠠᠬᠢᠯᠭᠠᠨ ᠭᠠᠷᠭᠠᠬᠤ ᠮᠠᠰᠢᠨ ᠴᠤᠭᠴᠠᠯᠠᠪᠤᠷᠢ ᠵᠢᠨ ᠲᠤᠨᠤᠭᠯᠠᠯ ᠦᠢᠯᠡᠳᠭᠡᠯ᠎ᠤᠨ ᠰᠠᠭᠤᠷᠢᠨ  ᠯᠤᠭ᠎ᠠ  ᠬᠠᠷᠢᠯᠴᠠᠨ ᠨᠥᠬᠥᠪᠦᠷᠢᠯᠡᠵᠦ᠂ ᠪᠦᠬᠦᠯᠢ ᠴᠣᠭᠴᠠ᠎ᠶᠢᠨ ᠢᠵᠢ ᠪᠦᠷᠢᠳᠦᠭᠦᠯᠦᠭᠰᠡᠨ ᠦᠢᠯᠡᠳᠪᠦᠷᠢᠯᠡᠬᠦ ᠴᠢᠳᠠᠪᠤᠷᠢ ᠨᠢ 500 ᠰᠠᠭᠤᠷᠢ (ᠢᠵᠢ) ᠳ᠋ᠤ ᠬᠦᠷᠴᠦ᠂ ᠲᠤᠬᠠᠢ᠎ᠶᠢᠨ ᠭᠠᠵᠠᠷ᠎ᠤᠨ ᠰᠠᠯᠬᠢᠨ ᠬᠦᠴᠦ ᠪᠠᠷ ᠴᠠᠬᠢᠯᠭᠠᠨ ᠭᠠᠷᠭᠠᠬᠤ ᠮᠠᠰᠢᠨ᠎ᠴᠤᠭᠴᠠᠯᠠᠪᠤᠷᠢ ᠵᠢᠨ ᠲᠤᠨᠤᠭᠯᠠᠯ ᠦᠢᠯᠡᠳᠭᠡᠯ᠎ᠤᠨ ᠪᠥᠬᠥ ᠠᠵᠤ ᠦᠢᠯᠡᠰ᠎ᠦᠨ ᠬᠡᠯᠬᠢᠶ᠎ᠡ᠎ᠶᠢᠨ ᠴᠢᠨᠠᠷ ᠰᠠᠢᠲᠠᠢ ᠬᠥᠭᠵᠢᠯᠲᠡ᠎ᠳᠦ ᠬᠦᠴᠦᠨ ᠨᠡᠮᠡᠷᠢᠯᠡᠪᠡ᠃

ᠴᠢᠬᠤᠯᠠ ᠶᠡᠬᠡ ᠲᠦᠷᠦᠯ ᠵᠦᠢᠯ᠎ᠢ ᠤᠬᠠᠭᠠᠯᠠᠨ ᠲᠦᠯᠦᠪᠯᠡᠬᠦ ᠠᠵᠢᠯᠯᠠᠭ᠎ᠠ᠎ᠶᠢ ᠨᠠᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ᠎ᠶᠢ ᠬᠡᠷᠬᠢᠨ ᠠᠬᠢᠭᠤᠯᠬᠤ ᠪᠤᠢ? ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠪᠠ ᠥᠭᠡᠷᠡᠴᠢᠯᠡᠯᠲᠡ᠎ᠶᠢᠨ ᠵᠥᠪᠯᠡᠯ᠎ᠦᠨ ᠨᠠᠮ᠎ᠤᠨ ᠤᠳᠤᠷᠢᠳᠬᠤ ᠳᠤᠭᠤᠢᠯᠠᠩ᠎ᠤᠨ ᠱᠦᠵᠢ᠂ ᠡᠷᠬᠢᠯᠡᠭᠴᠢ ᠬᠥᠩ ᠮᠢᠩ ᠵᠦ᠍᠄ 《2025 ᠣᠨ᠎ᠳᠤ ᠪᠢᠳᠡ ᠴᠢᠬᠤᠯᠠ ᠶᠡᠬᠡ ᠲᠥᠷᠥᠯ ᠵᠦᠢᠯ᠎ᠢ ᠤᠬᠠᠭᠠᠯᠠᠨ ᠲᠦᠯᠦᠪᠯᠡᠬᠦ ᠠᠵᠢᠯᠯᠠᠭ᠎ᠠ᠎ᠶᠢ ᠣᠯᠠᠨ ᠲᠠᠯ᠎ᠠ᠎ᠪᠠᠷ ᠬᠦᠴᠦᠯᠡᠨ ᠪᠥᠬᠥ ᠲᠠᠯ᠎ᠠ᠎ᠪᠠᠷ ᠭᠦᠨᠵᠡᠭᠡᠢ ᠠᠬᠢᠭᠤᠯᠤᠨ᠎ᠠ᠃ 〈ᠲᠦᠷᠦᠯ ᠵᠦᠢᠯ ᠨᠢ ᠲᠥᠯᠦᠪᠵᠢᠭᠦᠯᠭᠡ᠎ᠶᠢ ᠳᠠᠭᠠᠵᠤ᠂ ᠡᠯᠧᠮᠧᠨ᠋ᠲ ᠨᠢ ᠲᠦᠷᠦᠯ ᠵᠦᠢᠯ ᠎ᠢ  ᠳᠠᠭᠠᠬᠤ〉 ᠵᠢ ᠪᠠᠷᠢᠮᠲᠠᠯᠠᠵᠤ᠂ 〈ᠠᠷᠪᠠᠨ ᠲᠠᠪᠤᠳᠤᠭᠠᠷ ᠲᠠᠪᠤᠨ ᠵᠢᠯ〉 ᠤ᠋ᠨ ᠲᠥᠯᠦᠪᠵᠢᠭᠦᠯᠭᠡ᠎ᠶᠢ ᠨᠠᠢᠷᠠᠭᠤᠯᠤᠨ ᠵᠣᠬᠢᠶᠠᠬᠤ ᠵᠠᠩᠭᠢᠯᠠᠭ᠎ᠠ᠎ᠶᠢᠨ ᠴᠠᠭ ᠬᠤᠭᠤᠴᠠᠭ᠎ᠠ ᠎ᠶᠢ ᠠᠮᠵᠢᠨ ᠡᠯ᠎ᠡ ᠲᠦᠷᠦᠯ᠎ᠦᠨ ᠲᠥᠯᠦᠪᠵᠢᠭᠦᠯᠭᠡ᠂ ᠬᠡᠷᠡᠭᠵᠢᠭᠦᠯᠬᠦ ᠲᠥᠰᠥᠯ᠂ ᠭᠣᠣᠯᠳᠠᠯᠭ᠎ᠠ᠎ᠲᠠᠢ ᠡᠭᠦᠷᠭᠡ᠎ᠶᠢ ᠨᠠᠢᠷᠠᠭᠤᠯᠤᠨ ᠵᠣᠬᠢᠶᠠᠬᠤ᠎ᠶᠢ ᠠᠬᠢᠭᠤᠯᠬᠤ ᠦᠶ᠎ᠡ᠎ᠪᠡᠷ ᠲᠦᠷᠦᠯ ᠵᠦᠢᠯ᠎ᠦᠨ ᠬᠥᠮᠥᠷᠭᠡ᠎ᠶᠢᠨ ᠪᠠᠢᠭᠤᠯᠤᠯᠲᠠ᠎ᠶᠢ ᠴᠢᠩᠭᠠᠳᠬᠠᠵᠤ᠂ ᠲᠦᠷᠦᠯ ᠵᠦᠢᠯ᠎ᠦᠨ ᠪᠠᠢᠭᠤᠯᠤᠯᠲᠠ᠎ᠪᠠᠷ ᠲᠤᠯᠭᠠᠭᠤᠷᠢᠯᠠᠯ ᠪᠣᠯᠭᠠᠵᠤ᠂ ᠡᠯ᠎ᠡ ᠵᠦᠢᠯ ᠎ᠦᠨ ᠠᠵᠢᠯ᠎ᠤᠨ ᠡᠭᠦᠷᠭᠡ᠎ᠶᠢ ᠪᠡᠶᠡᠯᠡᠭᠦᠯᠬᠦ᠎ᠶᠢ ᠠᠬᠢᠭᠤᠯᠤᠨ᠎ᠠ᠃ ᠡᠭᠦᠨ᠎ᠦ ᠵᠡᠷᠭᠡ᠎ᠪᠡᠷ ᠠᠵᠤ ᠦᠢᠯᠡᠰ᠎ᠦᠨ ᠲᠥᠷᠥᠯ ᠵᠦᠢᠯ  ᠢ᠋ ᠲᠥᠯᠥᠪᠯᠡᠵᠦ ᠨᠥᠭᠡᠴᠡᠯᠡᠬᠦ ᠪᠠ ᠠᠷᠠᠯᠵᠢᠶᠠᠴᠢᠨ ᠤᠷᠢᠵᠤ ᠪᠡᠯᠡ ᠣᠷᠣᠭᠤᠯᠤᠨ ᠠᠪᠴᠢᠷᠠᠬᠤ ᠠᠵᠢᠯ  ᠢ᠋ ᠦᠷᠭᠦᠯᠵᠢᠯᠡᠨ ᠰᠠᠢᠲᠤᠷ ᠬᠢᠨ᠎ᠡ᠃ ᠤᠯᠤᠰ᠎ᠤᠨ ᠴᠢᠬᠤᠯᠠ ᠶᠡᠬᠡ ᠬᠥᠭᠵᠢᠯᠲᠡ᠎ᠶᠢᠨ ᠪᠠᠢᠯᠳᠤᠬᠤ ᠪᠣᠳᠣᠯᠭ᠎ᠠ ᠪᠠ ᠣᠷᠣᠨ ᠨᠤᠲᠤᠭ ᠎ᠤᠨ ᠬᠥᠭᠵᠢᠯᠲᠡ᠎ᠶᠢᠨ ᠪᠣᠳᠠᠲᠤ ᠪᠠᠢᠳᠠᠯ᠎ᠢ ᠣᠨᠣᠴᠠᠳᠠᠢ ᠡᠵᠡᠮᠳᠡᠵᠦ᠂ ᠳᠠᠪᠠᠭᠤᠯᠢᠭ᠋ ᠣᠨᠴᠠᠯᠢᠭ᠍ᠲᠤ ᠠᠵᠤ ᠦᠢᠯᠡᠰ᠎ᠦᠨ ᠬᠡᠯᠬᠢᠶ᠎ᠡ᠂  ᠳᠠᠪᠠᠭᠤᠯᠢᠭ᠋ ᠣᠨᠴᠠᠯᠢᠭ᠍ᠲᠤ ᠠᠵᠤ ᠦᠢᠯᠡᠰ᠎ᠦᠨ ᠪᠦᠯᠦᠭᠵᠢᠯ ᠳᠡᠭᠡᠷ᠎ᠡ ᠦᠷᠭᠦᠯᠵᠢᠯᠡᠨ ᠲᠦᠷᠦᠯ ᠵᠦᠢᠯ᠎ᠢ  ᠲᠦᠯᠦᠪᠯᠡᠨ ᠨᠥᠭᠡᠴᠡᠯᠡᠬᠦ ᠠᠵᠢᠯ᠎ᠢ ᠰᠠᠢᠲᠤᠷ ᠬᠢᠵᠦ᠂ ᠨᠢᠭᠡ ᠪᠦᠯᠦᠭ 〈ᠬᠡᠯᠬᠢᠶ᠎ᠠ ᠵᠢ ᠤᠷᠲᠤᠳᠬᠠᠭᠰᠠᠨ᠂ ᠬᠡᠯᠬᠢᠶ᠎ᠠ ᠵᠢ ᠨᠥᠬᠥᠪᠦᠷᠢᠯᠡᠭᠰᠡᠨ᠂ ᠬᠡᠯᠬᠢᠶ᠎ᠠ ᠵᠢ ᠴᠢᠩᠭᠠᠳᠬᠠᠭᠰᠠᠨ᠂ ᠬᠡᠯᠬᠢᠶ᠎ᠠ ᠵᠢ ᠪᠠᠢᠭᠤᠯᠤᠭᠰᠠᠨ 〉 ᠲᠦᠷᠦᠯ ᠵᠦᠢᠯ᠎ᠢ ᠣᠷᠣᠭᠤᠯᠤᠨ ᠠᠪᠴᠢᠷᠠᠵᠤ᠂ ᠠᠵᠤ ᠦᠢᠯᠡᠰ᠎ᠦᠨ ᠬᠡᠯᠬᠢᠶ᠎ᠡ᠂ ᠦᠷᠳᠡᠭ᠎ᠦᠨ ᠬᠡᠯᠬᠢᠶ᠎ᠡ᠂ ᠰᠢᠨ᠎ᠡ᠎ᠶᠢ ᠡᠭᠦᠳᠬᠦ ᠬᠡᠯᠬᠢᠶ᠎ᠡ᠎ᠶᠢ ᠲᠡᠭᠦᠯᠳᠡᠷᠵᠢᠭᠦᠯᠦᠨ᠎ᠡ᠃ ᠢᠷᠡᠭᠡᠳᠦᠢ᠎ᠶᠢᠨ ᠠᠵᠤ ᠦᠢᠯᠡᠰ᠂ ᠰᠢᠨ᠎ᠡ ᠴᠢᠨᠠᠷ᠎ᠦᠨ ᠦᠢᠯᠡᠳᠪᠦᠷᠢᠯᠡᠯ᠎ᠦᠨ ᠬᠦᠴᠦᠨ᠂ ᠣᠳᠣ᠌ ᠦᠶ᠎ᠡ᠎ᠶᠢᠨ ᠦᠢᠯᠡᠴᠢᠯᠡᠭᠡᠨ᠎ᠦ ᠦᠢᠯᠡᠰ ᠵᠡᠷᠭᠡ ᠭᠣᠣᠯᠳᠠᠯᠭ᠎ᠠ᠎ᠲᠠᠢ ᠬᠦᠷᠢᠶ᠎ᠡ ᠴᠠᠷᠠᠭ᠎ᠠ᠎ᠶᠢ ᠤᠬᠠᠭᠠᠯᠠᠨ ᠲᠦᠯᠦᠪᠯᠡᠵᠦ ᠪᠠᠢᠷᠢᠯᠠᠭᠤᠯᠬᠤ᠎ᠶᠢ ᠴᠢᠩᠭᠠᠳᠬᠠᠵᠤ᠂ ᠲᠥᠷᠥᠯ ᠵᠦᠢᠯ ᠣᠷᠣᠭᠤᠯᠤᠨ ᠠᠪᠴᠢᠷᠠᠬᠤ᠂ ᠪᠣᠢᠵᠢᠭᠤᠯᠬᠤ ᠡᠷᠴᠢᠮ᠎ᠢ ᠴᠢᠩᠭᠠᠷᠠᠭᠤᠯᠤᠨ᠂ ᠴᠡᠭ᠎ᠢᠶᠡᠷ ᠨᠡᠢᠳᠡᠮ᠎ᠢ ᠳᠠᠶ᠋ᠢᠴᠢᠯᠠᠵᠤ᠂ ᠣᠳᠣ᠌ ᠦᠶ᠎ᠡ᠎ᠶᠢᠨ ᠠᠵᠤ ᠦᠢᠯᠡᠰ᠎ᠦᠨ ᠰᠢᠰᠲᠧᠮ᠎ᠢ ᠲᠦᠷᠭᠡᠳᠬᠡᠨ ᠪᠦᠷᠢᠨᠰᠢᠭᠦᠯᠦᠨ᠎ᠡ》 ᠬᠡᠵᠠᠢ᠃

ᠥᠪᠡᠷᠲᠡᠭᠡᠨ ᠵᠠᠰᠠᠬᠤ ᠣᠷᠣᠨ᠎ᠤ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠳᠠ ᠵᠢᠨ ᠲᠢᠩᠬᠢᠮ᠎ᠦᠨ ᠺᠠᠳ᠋ᠷ ᠠᠵᠢᠯᠲᠠᠳ ᠥᠪᠡᠷᠲᠡᠭᠡᠨ ᠵᠠᠰᠠᠬᠤ ᠣᠷᠣᠨ᠎ᠤ ᠬᠣᠶᠠᠷ ᠬᠤᠷᠠᠯ᠎ᠠᠴᠠ ᠪᠠᠢᠷᠢᠯᠠᠭᠤᠯᠤᠭᠰᠠᠨ ᠭᠣᠣᠯᠳᠠᠯᠭ᠎ᠠ᠎ᠲᠠᠢ ᠠᠵᠢᠯ᠎ᠤᠨ ᠡᠭᠦᠷᠭᠡ ᠶᠣᠰᠣᠭᠠᠷ  ᠴᠢᠬᠤᠯᠠ ᠶᠡᠬᠡ ᠲᠥᠷᠥᠯ ᠵᠦᠢᠯ᠎ᠢ ᠤᠬᠠᠭᠠᠯᠠᠨ ᠲᠦᠯᠦᠪᠯᠡᠬᠦ ᠠᠵᠢᠯᠯᠠᠭ᠎ᠠ᠎ᠶᠢ ᠨᠠᠢᠳᠠᠪᠤᠷᠢᠵᠢᠭᠤᠯᠵᠤ᠂ ᠭᠣᠣᠯᠳᠠᠯᠭ᠎ᠠ᠎ᠲᠠᠢ ᠠᠵᠤ ᠦᠢᠯᠡᠳᠪᠦᠷᠢ᠎ᠶᠢᠨ ᠲᠥᠷᠥᠯ ᠵᠦᠢᠯ᠎ᠦᠨ ᠪᠦᠲᠦᠭᠡᠨ ᠪᠠᠢᠭᠤᠯᠤᠯᠲᠠ᠎ᠶᠢᠨ ᠠᠬᠢᠴᠠ᠎ᠶᠢ ᠲᠦᠷᠭᠡᠳᠬᠡᠵᠦ᠂ ᠠᠵᠤ ᠦᠢᠯᠡᠳᠪᠦᠷᠢ᠎ᠶᠢᠨ ᠪᠡᠯᠡ ᠣᠷᠣᠭᠤᠯᠤᠯᠲᠠ᠎ᠶᠢᠨ ᠨᠡᠮᠡᠭᠳᠡᠯ᠎ᠢ ᠰᠢᠯᠢᠳᠡᠭᠵᠢᠭᠦᠯᠬᠦ᠂ ᠨᠦᠬᠡᠴᠡ ᠎ᠶᠢᠨ ᠬᠡᠮᠵᠢᠶ᠎ᠡ᠎ᠶᠢ ᠲᠣᠬᠢᠷᠠᠭᠤᠯᠬᠤ᠂ ᠶᠡᠷᠦᠩᠬᠡᠢ ᠬᠡᠮᠵᠢᠶ᠎ᠡ᠎ᠶᠢ ᠥᠷᠭᠡᠳᠬᠡᠬᠦ᠂ ᠶᠠᠰᠤ ᠴᠢᠨᠠᠷ᠎ᠢ ᠳᠡᠭᠡᠭᠰᠢᠯᠡᠭᠦᠯᠬᠦ ᠲᠠᠯ᠎ᠠ᠎ᠪᠠᠷ ᠬᠢ 《 ᠭᠣᠣᠯ ᠬᠥᠳᠡᠯᠭᠡᠭᠦᠷ 》 ᠎ᠤ᠋ᠨ ᠦᠢᠯᠡᠳᠦᠯ᠎ᠢ ᠪᠦᠲᠦᠮᠵᠢᠲᠡᠶ ᠪᠠᠳᠠᠷᠠᠭᠤᠯᠤᠨ᠎ᠠ ᠭᠡᠵᠤ ᠢᠯᠡᠷᠭᠡᠢᠯᠡᠵᠡᠭᠡᠪᠠ᠃

ᠥᠪᠡᠷᠲᠡᠭᠡᠨ ᠵᠠᠰᠠᠬᠤ ᠣᠷᠣᠨ᠎ᠤ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ᠎ᠶᠢᠨ ᠲᠢᠩᠬᠢᠮ᠎ᠦᠨ ᠨᠠᠮ᠎ᠤᠨ ᠤᠳᠤᠷᠢᠳᠬᠤ ᠳᠤᠭᠤᠢᠯᠠᠩ᠎ᠤᠨ ᠱᠦᠵᠢ᠂ ᠲᠢᠩᠬᠢᠮ᠎ᠦᠨ ᠳᠠᠷᠤᠭ᠎ᠠ ᠸᠠᠩ ᠵᠢᠨ ᠪᠦᠦ᠂ ᠨᠢᠭᠡ ᠲᠠᠯ᠎ᠠ᠎ᠪᠠᠷ᠂ 1398 ᠭᠣᠣᠯᠳᠠᠯᠭ᠎ᠠ᠎ᠲᠠᠢ ᠠᠵᠤ ᠦᠢᠯᠡᠳᠪᠦᠷᠢ᠎ᠶᠢᠨ ᠲᠥᠷᠥᠯ ᠵᠦᠢᠯ᠎ᠦᠨ ᠲᠣᠬᠢᠷᠠᠭᠤᠯᠤᠯᠲᠠ᠎ᠶᠢ ᠴᠢᠩᠭᠠᠳᠬᠠᠵᠤ ᠂ 751 ᠰᠢᠨ᠎ᠡ᠎ᠪᠡᠷ ᠪᠠᠶ᠋ᠢᠭᠤᠯᠬᠤ ᠲᠥᠷᠥᠯ ᠵᠦᠢᠯ᠎ᠤᠨ ᠡᠮᠦᠨᠡᠬᠢ ᠬᠤᠭᠤᠴᠠᠭᠠᠨ᠎ᠤ ᠠᠵᠢᠯ ᠎ᠢ  ᠭᠣᠣᠯᠳᠠᠯᠭ᠎ᠠ᠎ᠲᠠᠢ ᠠᠳᠬᠤᠵᠤ ᠠᠵᠢᠯ ᠡᠬᠢᠯᠡᠭᠦᠯᠦᠨ᠎ᠡ; 647 ᠦᠷᠭᠦᠯᠵᠢᠯᠡᠨ ᠪᠠᠶ᠋ᠢᠭᠤᠯᠵᠤ ᠪᠠᠢᠭ᠎ᠠ ᠲᠥᠷᠥᠯ ᠵᠦᠢᠯ᠎ᠤᠨ ᠲᠣᠬᠢᠷᠠᠭᠤᠯᠤᠯᠲᠠ ᠵᠢ ᠠᠳᠬᠤᠵᠤ  ᠠᠬᠢᠴᠠ ᠎ᠶᠢ ᠪᠠᠲᠤᠯᠠᠬᠤ᠎ᠪᠠᠷ ᠭᠣᠣᠯᠳᠠᠯᠭ᠎ᠠ ᠪᠣᠯᠭᠠᠵᠤ  ᠡᠳᠦᠷ ᠲᠤᠲᠤᠮ᠎ᠤᠨ ᠬᠢᠨᠠᠨ ᠬᠡᠮᠵᠢᠵᠦ ᠲᠣᠬᠢᠷᠠᠭᠤᠯᠬᠤ ᠪᠠ ᠬᠦᠴᠦᠨ ᠵᠦᠢᠯ᠎ᠢ ᠵᠣᠬᠢᠴᠠᠭᠤᠯᠤᠨ ᠪᠠᠲᠤᠯᠠᠬᠤ᠎ᠶᠢ ᠴᠢᠩᠭᠠᠳᠬᠠᠨ᠎ᠠ; ᠵᠢᠯ ᠎ᠤᠨ ᠲᠤᠳᠤᠷ᠎ᠠ ᠠᠵᠢᠯ ᠳᠠᠭᠤᠰᠬᠠᠬᠤ᠎ᠪᠠᠷ ᠲᠥᠯᠥᠪᠯᠡᠵᠦ ᠪᠠᠢᠭ᠎ᠠ 400  ᠲᠦᠷᠦᠯ ᠵᠦᠢᠯ ᠎ᠦᠨ ᠦᠢᠯᠡᠴᠢᠯᠡᠭᠡ᠎ᠶᠢ ᠴᠢᠩᠭᠠᠳᠬᠠᠬᠤ᠂ ᠠᠰᠢᠭ᠍ᠯᠠᠯᠲᠠ᠎ᠳᠤ ᠣᠷᠣᠭᠤᠯᠬᠤ᠎ᠶᠢ ᠠᠬᠢᠭᠤᠯᠬᠤ᠎ᠪᠠᠷ ᠭᠣᠣᠯᠳᠠᠯᠭ᠎ᠠ ᠪᠣᠯᠭᠠᠵᠤ ᠲᠦᠷᠦᠯ ᠵᠦᠢᠯ᠎ᠢ ᠰᠢᠯᠭᠠᠨ ᠠᠪᠬᠤ᠂ ᠠᠰᠢᠭ᠍ᠯᠠᠯᠲᠠ᠎ᠳᠤ ᠣᠷᠣᠭᠤᠯᠬᠤ ᠵᠡᠷᠭᠡ ᠡᠯ᠎ᠡ ᠭᠣᠭᠴᠣᠭ᠎ᠠ᠎ᠶᠢᠨ ᠠᠰᠠᠭᠤᠳᠠᠯ᠎ᠢ ᠢᠳᠡᠪᠬᠢᠲᠡᠢ ᠵᠣᠬᠢᠴᠠᠭᠤᠯᠤᠨ ᠰᠢᠢᠳᠪᠦᠷᠢᠯᠡᠨ᠎ᠡ᠃ ᠨᠥᠭᠥᠭᠡ ᠲᠠᠯ᠎ᠠ᠎ᠪᠠᠷ᠂ ᠲᠥᠷᠥᠯ ᠵᠦᠢᠯ᠎ᠦᠨ ᠨᠥᠭᠡᠴᠡᠯᠡᠯᠲᠡ  ᠵᠢ ᠦᠷᠬᠦᠯᠵᠢᠯᠡᠨ ᠯᠠᠪᠳᠠᠭᠤᠨ ᠪᠠᠲᠤᠲᠠᠢ ᠰᠠᠢᠲᠤᠷ ᠬᠢᠵᠦ᠂ ᠠᠵᠤ ᠦᠢᠯᠡᠳᠪᠦᠷᠢ᠎ᠶᠢᠨ ᠬᠦᠷᠢᠶᠡᠨ᠎ᠳᠡᠬᠢ ᠭᠣᠣᠯᠳᠠᠯᠭ᠎ᠠ᠎ᠲᠠᠢ ᠠᠵᠤ ᠦᠢᠯᠡᠰ᠎ᠦᠨ ᠪᠦᠯᠦᠭᠵᠢᠯ ᠪᠠ ᠣᠨᠴᠠᠯᠢᠭ᠍ᠲᠤ ᠠᠵᠤ ᠦᠢᠯᠡᠰ᠎ᠦᠨ ᠬᠡᠯᠬᠢᠶ᠎ᠡ᠂ ᠢᠯᠠᠩᠭᠤᠶ᠎ᠠ ᠰᠢᠨ᠎ᠡ ᠡᠨᠧᠷᠭᠢ᠎ᠶᠢᠨ ᠲᠣᠨᠣᠭᠯᠠᠯ᠂ ᠲᠡᠷᠢᠭᠦᠨ᠎ᠦ ᠲᠡᠮᠦᠷᠯᠢᠭ ᠮᠠᠲᠧᠷᠢᠶᠠᠯ᠂ ᠬᠣᠪᠣᠷ ᠰᠢᠷᠣᠢ᠎ᠶᠢᠨ ᠰᠢᠨ᠎ᠡ ᠮᠠᠲᠧᠷᠢᠶᠠᠯ᠂ ᠰᠢᠨ᠎ᠡ ᠬᠡᠯᠪᠡᠷᠢ᠎ᠶᠢᠨ ᠬᠢᠮᠢ᠎ᠶᠢᠨ ᠠᠵᠤ ᠦᠢᠯᠡᠳᠪᠦᠷᠢ᠂ ᠠᠮᠢᠳᠤ ᠪᠣᠳᠠᠰ᠎ᠤᠨ ᠡᠮ ᠡᠮᠨᠡᠯᠭᠡ᠂ ᠤᠢᠷ᠎ᠠ ᠤᠬᠳᠠᠷᠭᠤᠢ ᠵᠢᠨ ᠠᠵᠤ ᠠᠬᠤᠢ᠂ ᠲᠣᠭᠠᠴᠢᠯᠠᠭᠰᠠᠨ ᠠᠵᠤ ᠦᠢᠯᠡᠰ ᠵᠡᠷᠭᠡ ᠭᠣᠣᠯᠳᠠᠯᠭ᠎ᠠ᠎ᠲᠠᠢ ᠬᠦᠷᠢᠶᠡᠨ ᠳ᠋ᠤ ᠨᠢᠭᠡ ᠪᠦᠯᠦᠭ ᠴᠢᠬᠤᠯᠠ ᠶᠡᠬᠡ ᠠᠵᠤ ᠦᠢᠯᠡᠳᠪᠦᠷᠢ᠎ᠶᠢᠨ ᠲᠥᠷᠥᠯ ᠵᠦᠢᠯ᠎ᠢ ᠲᠥᠯᠦᠪᠯᠡᠨ ᠨᠥᠭᠡᠴᠡᠯᠡᠨ᠎ᠡ᠃ ᠡᠭᠦᠨ᠎ᠦ ᠬᠠᠮᠲᠤ᠂ ᠭᠣᠣᠯᠳᠠᠯᠭ᠎ᠠ᠎ᠲᠠᠢ ᠠᠵᠢᠯ ᠲᠥᠷᠥᠯ᠎ᠦᠨ ᠮᠡᠷᠭᠡᠵᠢᠯ᠎ᠦᠨ ᠥᠭᠡᠷᠡᠴᠢᠯᠡᠯᠲᠡ᠎ᠶᠢ ᠴᠢᠩᠭᠠᠳᠬᠠᠵᠤ᠂ ᠦᠢᠯᠡᠳᠬᠦ ᠦᠢᠯᠡᠰ᠎ᠦᠨ ᠴᠢᠬᠤᠯᠠ ᠶᠡᠬᠡ ᠮᠡᠷᠭᠡᠵᠢᠯ᠎ᠦᠨ ᠰᠠᠢᠵᠢᠷᠠᠭᠤᠯᠤᠯᠳᠠ ᠬᠢᠵᠦ ᠳᠡᠰ ᠳᠡᠪᠰᠢᠭᠦᠯᠬᠦ  ᠪᠠ ᠶᠡᠬᠡ ᠬᠡᠪᠴᠢᠶᠡᠨ᠎ᠦ ᠲᠥᠬᠦᠭᠡᠷᠦᠮᠵᠢ ᠵᠢ ᠰᠢᠨᠡᠳᠬᠡᠬᠦ ᠢᠨᠵᠧᠨᠧᠷᠢᠩ᠎ᠢ ᠵᠣᠬᠢᠶᠠᠨ ᠪᠠᠢᠭᠤᠯᠤᠨ ᠬᠡᠷᠡᠭᠵᠢᠭᠦᠯᠵᠦ᠂ ᠤᠯᠤᠰ᠎ᠤᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ ᠪᠠ ᠮᠡᠷᠭᠡᠵᠢᠯ᠎ᠦᠨ ᠰᠠᠢᠵᠢᠷᠠᠭᠤᠯᠤᠯᠳᠠ ᠬᠢᠬᠦ ᠳᠠᠬᠢᠨ ᠵᠢᠭᠡᠯᠡᠯᠭᠡ᠂ ᠤᠷᠲᠤ ᠬᠤᠭᠤᠴᠠᠭᠠᠨ᠎ᠤ ᠤᠨᠴᠠᠭᠠᠢ ᠤᠯᠤᠰ᠎ᠤᠨ ᠵᠢᠭᠡᠯᠡᠯᠭᠡ᠂ ᠲᠥᠪ᠎ᠦᠨ ᠮᠡᠷᠭᠡᠵᠢᠯ᠎ᠦᠨ ᠰᠠᠢᠵᠢᠷᠠᠭᠤᠯᠤᠯᠳᠠ᠎ᠶᠢᠨ ᠬᠥᠲᠥᠯᠥᠨ ᠵᠢᠯᠤᠭᠣᠳᠬᠤ ᠪᠡᠯᠡ ᠮᠥᠩᠭᠥ ᠵᠡᠷᠭᠡ ᠲᠥᠷᠥ᠎ᠶᠢᠨ ᠪᠣᠳᠣᠯᠭ᠎ᠠ᠎ᠶᠢᠨ ᠳᠡᠮᠵᠢᠯᠭᠡ᠎ᠶᠢ ᠤᠯᠬᠤ ᠪᠡᠷ ᠢᠳᠡᠪᠬᠢᠳᠠᠢ ᠴᠢᠷᠮᠠᠢᠵᠤ᠂ ᠨᠢᠭᠡ ᠪᠦᠯᠦᠭ 《ᠬᠣᠶᠠᠷ ᠰᠢᠨ᠎ᠡ 》᠂ 《ᠬᠣᠶᠠᠷ ᠴᠢᠬᠤᠯᠠ》  ᠲᠥᠷᠥᠯ ᠵᠦᠢᠯ᠎ᠢ ᠬᠦᠴᠦᠯᠡᠨ ᠬᠡᠷᠡᠭᠵᠢᠭᠦᠯᠵᠤ ᠨᠦᠭᠡᠴᠡᠯᠡᠨ᠎ᠠ ᠬᠡᠵᠠᠢ᠃

ᠬᠠᠮᠲᠤ᠎ᠶᠢᠨ ᠲᠠᠨᠢᠯᠲᠠ᠎ᠶᠢ ᠨᠢᠭ᠍ᠲᠠᠷᠠᠭᠤᠯᠵᠤ ᠲᠥᠷᠥᠯ ᠵᠦᠢᠯ᠎ᠦᠨ ᠪᠦᠲᠦᠭᠡᠨ ᠪᠠᠢᠭᠤᠯᠤᠯᠲᠠ᠎ᠶᠢᠨ ᠠᠬᠢᠴᠠ᠎ᠶᠢ ᠲᠦᠷᠭᠡᠳᠬᠡᠨ᠎ᠠ

1 ᠰᠠᠷ᠎ᠠ᠎ᠶᠢᠨ 21 ᠤ᠋  ᠡᠳᠦᠷ᠂ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ᠎ᠶᠢᠨ ᠲᠢᠩᠬᠢᠮ᠎ᠦᠨ ᠪᠦᠲᠦᠭᠡᠨ ᠪᠠᠢᠭᠤᠯᠤᠯᠲᠠ ᠬᠠᠮᠢᠶᠠᠷᠤᠯᠲᠠ᠎ᠶᠢᠨ ᠭᠠᠵᠠᠷ᠎ᠤᠨ ᠠᠵᠢᠯᠲᠠᠳ ᠸᠢᠳᠢᠣ᠋  ᠬᠤᠷᠠᠯ᠎ᠢᠶᠠᠷ ᠳᠠᠮᠵᠢᠭᠤᠯᠤᠨ  ᠡᠪᠦᠯ᠎ᠦᠨ ᠴᠠᠭ᠎ᠢ ᠭᠦᠢᠴᠡᠳ ᠠᠰᠢᠭ᠍ᠯᠠᠨ ᠮᠠᠲᠧᠷᠢᠶᠠᠯ ᠨᠥᠭᠡᠴᠡᠯᠡᠬᠦ ᠵᠢᠴᠢ ᠪᠦᠲᠦᠭᠡᠨ ᠪᠠᠢᠭᠤᠯᠤᠯᠲᠠ᠎ᠳᠤ ᠬᠡᠷᠡᠭᠯᠡᠬᠦ ᠭᠠᠵᠠᠷ᠎ᠰᠢᠷᠤᠢ ᠵᠢᠨ ᠭᠠᠷᠳᠠᠮ᠎ᠬᠦᠢᠴᠡᠳᠭᠡᠯ ᠵᠡᠷᠭᠡ ᠠᠵᠢᠯ᠎ᠢ ᠰᠠᠢᠲᠤᠷ ᠬᠢᠵᠦ᠂ ᠠᠭᠤᠷ ᠠᠮᠢᠰᠬᠤᠯ᠎ᠲᠤᠯᠠᠭᠠᠷᠠᠭᠰᠠᠨ᠎ᠦ ᠳᠠᠷᠠᠭ᠎ᠠ  ᠪᠥᠬᠥ ᠲᠠᠯ᠎ᠠ᠎ᠪᠠᠷ ᠠᠵᠢᠯ᠎ᠢᠶᠠᠨ ᠰᠡᠷᠭᠦᠭᠡᠵᠦ ᠪᠦᠲᠦᠭᠡᠨ ᠪᠠᠢᠭᠤᠯᠬᠤ ᠬᠡᠷᠡᠭᠳᠡᠢ ᠬᠡᠵᠦ ᠪᠥᠬᠥ ᠣᠷᠣᠨ᠎ᠤ ᠭᠣᠣᠯᠳᠠᠯᠭ᠎ᠠ᠎ᠲᠠᠢ ᠵᠠᠰᠠᠮᠠᠯ ᠵᠠᠮ᠎ᠤᠨ ᠪᠦᠲᠦᠭᠡᠨ ᠪᠠᠢᠭᠤᠯᠤᠯᠲᠠ᠎ᠶᠢᠨ ᠲᠥᠷᠥᠯ ᠵᠦᠢᠯ᠎ᠦᠨ ᠬᠢᠨ ᠳ᠋ᠤ ᠱᠠᠯᠠᠪᠳᠠᠭᠤᠯᠤᠨ ᠱᠠᠭᠠᠷᠳᠠᠪᠠ᠃

ᠥᠪᠡᠷᠲᠡᠭᠡᠨ ᠵᠠᠰᠠᠬᠤ ᠣᠷᠣᠨ ᠎ᠤ ᠬᠣᠶᠠᠷ ᠬᠤᠷᠠᠯ ᠲᠡᠭᠦᠰᠦᠭᠰᠡᠨ᠎ᠲᠠᠷᠤᠢᠬᠠᠨ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ᠎ᠶᠢᠨ ᠲᠢᠩᠬᠢᠮ  ᠨᠠᠮ᠎ᠤᠨ ᠭᠡᠰᠢᠭᠦᠨ ᠺᠠᠳ᠋ᠷᠴᠤᠳ᠎ᠢ ᠵᠣᠬᠢᠶᠠᠨ ᠪᠠᠢᠭᠤᠯᠤᠨ ᠥᠪᠡᠷᠲᠡᠭᠡᠨ ᠵᠠᠰᠠᠬᠤ ᠣᠷᠣᠨ᠎ᠤ ᠬᠣᠶᠠᠷ ᠬᠤᠷᠠᠯ᠎ᠤᠨ ᠵᠣᠷᠢᠭ᠋ ᠰᠠᠨᠠᠭ᠎ᠠ᠎ᠶᠢ ᠰᠤᠷᠤᠯᠴᠠᠵᠦ᠂ ᠨᠢᠭᠡ ᠭᠣᠣᠯ ᠰᠢᠵᠢᠮ᠎ᠢ ᠲᠤᠭᠤᠰᠢᠯᠠᠭᠤᠯᠵᠤ᠂ ᠬᠣᠶᠠᠷ ᠶᠡᠬᠡ ᠶᠠᠪᠤᠳᠠᠯ᠎ᠢ ᠰᠠᠢᠲᠤᠷ ᠬᠢᠵᠦ᠂ 《ᠲᠠᠪᠤᠨ ᠶᠡᠬᠡ ᠡᠭᠦᠷᠭᠡ》 ᠵᠢ ᠪᠡᠶᠡᠯᠡᠭᠦᠯᠵᠦ᠂ 《ᠵᠢᠷᠭᠤᠭᠠᠨ ᠢᠨᠵᠧᠨᠧᠷᠢᠩ》 ᠢ᠋ ᠬᠡᠷᠡᠭᠵᠢᠭᠦᠯᠵᠦ᠂ 《ᠵᠢᠷᠭᠤᠭᠠᠨ ᠠᠵᠢᠯᠯᠠᠭ᠎ᠠ》ᠵᠢ ᠥᠷᠨᠢᠭᠦᠯᠬᠦ ᠲᠤᠭᠤᠷᠢᠨ ᠳ᠋ᠤ ᠶᠡᠷᠦᠩᠬᠡᠢᠯᠡᠭᠰᠡᠨ ᠵᠠᠮ ᠬᠠᠷᠢᠯᠴᠠᠭ᠎ᠠ ᠲᠡᠭᠡᠭᠡᠪᠦᠷᠢ᠎ᠶᠢᠨ ᠰᠢᠰᠲ᠋ᠧᠮ᠎ᠤᠨ ᠥᠭᠡᠷᠡᠴᠢᠯᠡᠯᠲᠡ᠎ᠶᠢ ᠤᠯᠠᠮ ᠭᠦᠨᠵᠡᠭᠡᠢᠷᠡᠭᠦᠯᠵᠦ᠂ ᠴᠢᠬᠤᠯᠠ ᠶᠡᠬᠡ ᠲᠦᠷᠦᠯ ᠵᠦᠢᠯ᠎ᠦᠨ ᠪᠦᠲᠦᠭᠡᠨ ᠪᠠᠢᠭᠤᠯᠤᠯᠲᠠ᠎ᠶᠢ ᠪᠦᠬᠦ ᠬᠦᠴᠦᠨ᠎ᠢᠶᠡᠷ ᠵᠢᠡᠨ ᠠᠬᠢᠭᠤᠯᠵᠤ᠂ ᠵᠠᠮ ᠬᠠᠷᠢᠯᠴᠠᠭ᠎ᠠ ᠲᠡᠭᠡᠭᠡᠪᠦᠷᠢ᠎ᠶᠢᠨ ᠦᠢᠯᠡᠴᠢᠯᠡᠭᠡᠨ᠎ᠦ ᠲᠦᠪᠰᠢᠨ᠎ᠢ ᠲᠠᠰᠤᠷᠠᠯᠳᠡ ᠦᠭᠡᠢ ᠳᠡᠭᠡᠭᠰᠢᠯᠡᠭᠦᠯᠬᠦ ᠬᠡᠷᠡᠭᠳᠡᠢ ᠭᠡᠵᠦ ᠱᠠᠭᠠᠷᠳᠠᠪᠠ᠃

ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ᠎ᠶᠢᠨ ᠲᠢᠩᠬᠢᠮ᠎ᠦᠨ ᠲᠥᠯᠦᠪᠵᠢᠭᠦᠯᠭᠡ᠎ᠶᠢᠨ ᠭᠠᠵᠠᠷ᠎ᠤᠨ ᠳᠠᠷᠤᠭ᠎ᠠ ᠵᠠᠩ ᠬᠣᠩ ᠸᠧᠢ ᠄《ᠪᠢᠳᠡ ᠥᠪᠡᠷᠲᠡᠭᠡᠨ ᠵᠠᠰᠠᠬᠤ ᠣᠷᠣᠨ᠎ᠤ ᠵᠡᠭᠦᠨ ᠳᠤᠮᠳᠠ ᠪᠠᠷᠠᠭᠤᠨ ᠬᠡᠰᠡᠭ ᠭᠠᠵᠠᠷ ᠣᠷᠣᠨ᠎ᠤ ᠲᠦᠷᠭᠡᠨ᠎ᠦ ᠲᠡᠮᠦᠷ ᠵᠠᠮ ᠪᠣᠯᠣᠨ ᠵᠡᠭᠦᠨ ᠬᠣᠢᠲᠤ ᠣᠷᠣᠨ᠂ ᠪᠠᠷᠠᠭᠤᠨ ᠬᠣᠢᠲᠤ ᠣᠷᠣᠨ᠎ᠢ ᠰᠢᠭᠤᠳ ᠬᠣᠯᠪᠣᠭᠰᠠᠨ ᠪᠠᠷᠠᠭᠠᠨ᠎ᠤ ᠭᠦᠢᠯᠭᠡᠭᠡᠨ᠎ᠦ ᠵᠠᠮ᠎ᠢ ᠨᠡᠪᠲᠡᠷᠡᠭᠦᠯᠬᠦ᠎ᠳᠦ ᠠᠩᠬᠠᠷᠤᠯ᠎ᠢᠶᠠᠨ ᠲᠥᠪᠯᠡᠷᠡᠭᠦᠯᠵᠦ᠂ ᠶᠡᠷᠦᠩᠬᠡᠢᠯᠡᠭᠰᠡᠨ ᠵᠠᠮ ᠬᠠᠷᠢᠯᠴᠠᠭᠠᠨ᠎ᠤ ᠰᠠᠭᠤᠷᠢ ᠲᠥᠬᠦᠭᠡᠷᠦᠮᠵᠢ ᠎ᠶᠢᠨ ᠴᠢᠬᠤᠯᠠ ᠶᠡᠬᠡ ᠲᠦᠷᠦᠯ ᠵᠦᠢᠯ᠎ᠢ ᠤᠬᠠᠭᠠᠯᠠᠨ ᠲᠦᠯᠦᠪᠯᠡᠬᠦ ᠠᠵᠢᠯᠯᠠᠭᠠᠨ ᠎ᠤ ᠲᠥᠰᠥᠯ ᠎ᠢ ᠲᠣᠭᠲᠠᠭᠠᠵᠤ᠂  ᠮᠤᠵᠢ ᠵᠢᠨ ᠬᠤᠭᠤᠷᠤᠨᠳᠤᠬᠢ ᠨᠡᠪᠳᠡᠷᠡᠬᠦ ᠵᠠᠮ + ᠬᠢᠯᠢ ᠳᠠᠭᠠᠤ᠎ᠶᠢᠨ ᠵᠠᠰᠠᠮᠠᠯ ᠵᠠᠮ ᠎ᠤᠨ ᠶᠠᠰᠤ ᠴᠢᠨᠠᠷ᠎ᠢ ᠳᠡᠭᠡᠭᠰᠢᠯᠡᠭᠦᠯᠬᠦ ᠢᠨᠵᠧᠨᠧᠷᠢᠩ᠂ ᠬᠥᠬᠡᠬᠣᠲᠠ ᠪᠤᠭᠤᠲᠤ ᠣᠷᠳᠣᠰ᠎ᠤᠨ 1 ᠴᠠᠭ᠎ᠤᠨ ᠲᠤᠳᠤᠷ᠎ᠠ ᠠᠵᠢᠯ᠎ᠳᠤ ᠭᠠᠷᠬᠤ ᠬᠦᠷᠢᠶ᠎ᠡ ᠴᠠᠷᠠᠭ᠎ᠠ + ᠪᠡᠭᠡᠵᠢᠩ ᠲᠢᠶᠠᠨᠵᠢᠨ ᠡᡁᠧᠪᠸᠢ᠎ᠵᠢᠨ ᠬᠤᠯᠪᠤᠯᠳᠤᠨ ᠨᠡᠪᠳᠡᠷᠡᠬᠦ ᠢᠨᠵᠧᠨᠧᠷᠢᠩ᠂ ᠬᠢᠯᠢ ᠠᠯᠤᠰᠯᠠᠭᠰᠠᠨ ᠲᠡᠮᠦᠷ ᠵᠠᠮ᠎ᠢ ᠬᠣᠯᠪᠣᠬᠤ + ᠪᠣᠭᠣᠮᠲᠠ ᠪᠠ ᠵᠠᠩᠭᠢᠯᠠᠭ᠎ᠠ᠎ᠶᠢᠨ  ᠬᠤᠳᠠ᠎ᠳᠤ ᠰᠢᠭᠤᠳ ᠬᠦᠷᠬᠦ ᠭᠠᠷᠠᠮ᠎ᠤᠨ ᠢᠨᠵᠧᠨᠧᠷᠢᠩ᠂ ᠠᠵᠤ ᠦᠢᠯᠡᠰ᠎ᠦᠨ ᠵᠠᠮ᠂ ᠵᠢᠭᠤᠯᠴᠢᠯᠠᠯ᠎ᠤᠨ ᠵᠠᠮ᠂ ᠡᠬᠢ ᠪᠠᠶᠠᠯᠢᠭ᠋᠎ᠤᠨ ᠵᠠᠮ᠂ ᠡᠯᠡᠰᠦ ᠎ᠶᠢ ᠵᠠᠰᠠᠬᠤ ᠵᠠᠮ᠎ᠢ ᠳᠡᠭᠡᠭᠰᠢᠯᠡᠭᠦᠯᠬᠦ + ᠲᠠᠰᠤᠷᠬᠠᠢ ᠵᠠᠮ᠎ᠢ ᠨᠡᠪᠲᠡᠷᠡᠭᠦᠯᠬᠦ ᠢᠨᠵᠧᠨᠧᠷᠢᠩ᠎ᠢ ᠭᠣᠣᠯᠳᠠᠯᠭ᠎ᠠ᠎ᠲᠠᠢ ᠬᠡᠷᠡᠭᠵᠢᠭᠦᠯᠦᠨ᠎ᠠ》 ᠬᠡᠪᠡ᠃

《ᠪᠢᠳᠡ ᠪᠣᠳᠠᠲᠠᠢ ᠠᠵᠢᠯᠯᠠᠬᠤ᠎ᠶᠢ ᠲᠡᠷᠢᠭᠦᠨ᠎ᠳᠦ ᠲᠠᠯᠪᠢᠬᠤ᠎ᠶᠢ ᠪᠠᠷᠢᠮᠲᠠᠯᠠᠵᠤ᠂ ᠴᠢᠬᠤᠯᠠ ᠶᠡᠬᠡ ᠲᠦᠷᠦᠯ ᠵᠦᠢᠯ᠎ᠢ ᠤᠬᠠᠭᠠᠯᠠᠨ ᠲᠦᠯᠦᠪᠯᠡᠬᠦ ᠠᠵᠢᠯᠯᠠᠭ᠎ᠠ᠎ᠶᠢ ᠯᠠᠪᠳᠠᠭᠤᠨ ᠪᠠᠲᠤᠲᠠᠢ ᠥᠷᠨᠢᠭᠦᠯᠵᠦ᠂ ᠲᠦᠷᠦᠯ ᠵᠦᠢᠯ᠎ᠦᠨ ᠨᠥᠭᠡᠴᠡ᠎ᠶᠢᠨ ᠨᠠᠷᠢᠯᠢᠭ᠋ ᠣᠨᠣᠴᠠᠳᠠᠢ ᠴᠢᠨᠠᠷ ᠪᠣᠯᠣᠨ ᠦᠷ᠎ᠡ ᠪᠦᠲᠦᠮᠵᠢᠲᠦ ᠴᠢᠨᠠᠷ᠎ᠢ ᠤᠯᠠᠮ ᠴᠢᠩᠭᠠᠳᠬᠠᠨ᠎ᠠ》 ᠬᠡᠵᠦ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭ᠍ᠯᠠᠯᠲᠠ᠎ᠶᠢᠨ ᠲᠢᠩᠬᠢᠮ᠎ᠦᠨ ᠡᠳ᠋᠎ᠦᠨ ᠵᠠᠰᠠᠭ᠎ᠤᠨ ᠶᠠᠪᠤᠳᠠᠯ᠎ᠤᠨ ᠭᠠᠵᠠᠷ᠎ᠤᠨ ᠳᠡᠳ᠋ ᠳᠠᠷᠤᠭ᠎ᠠ ᠨᠢᠶᠧ ᠵᠦᠩ ᠴᠢᠩ᠎ᠲᠡᠨᠢᠯᠴᠠᠭᠤᠯᠪᠠ᠃ ᠲᠡᠷᠡ᠂ ᠨᠢᠭᠡ᠎ᠳᠦ᠂ ᠪᠠᠢᠭᠤᠯᠵᠤ ᠪᠠᠢᠭ᠎ᠠ ᠲᠦᠷᠦᠯ ᠵᠦᠢᠯ᠎ᠦᠨ ᠪᠦᠲᠦᠭᠡᠨ ᠪᠠᠢᠭᠤᠯᠤᠯᠲᠠ᠎ᠶᠢᠨ ᠬᠤᠷᠳᠤᠴᠠ᠎ᠶᠢ ᠲᠦᠷᠭᠡᠳᠬᠡᠵᠦ᠂ ᠬᠠᠳᠤᠨ ᠭᠣᠣᠯ᠎ᠤᠨ ᠤᠰᠤ᠎ᠶᠢ ᠬᠥᠬᠡᠬᠣᠲᠠ᠎ᠳᠤ ᠲᠠᠲᠠᠵᠤ ᠣᠷᠣᠭᠤᠯᠬᠤ ᠭᠤᠷᠪᠠᠳᠤᠭᠠᠷ ᠬᠤᠭᠤᠴᠠᠭᠠᠨ᠎ᠤ ᠢᠨᠵᠧᠨᠧᠷᠢᠩ᠎ᠢ ᠲᠦᠷᠭᠡᠳᠬᠡᠨ ᠠᠬᠢᠭᠤᠯᠵᠤ᠂ ᠪᠣᠷᠣᠳᠣᠬᠣᠢ᠂ ᠳ᠋ᠧᠩᠺᠧᠦ ᠵᠡᠷᠭᠡ ᠲᠣᠮᠣ᠌ ᠳᠤᠮᠳᠠ ᠬᠡᠯᠪᠡᠷᠢ᠎ᠶᠢᠨ ᠤᠰᠤᠯᠠᠯᠲᠠ᠎ᠶᠢᠨ ᠣᠷᠣᠨ᠎ᠤ ᠣᠳᠣᠬᠢᠴᠢᠯᠠᠭᠰᠠᠨ ᠥᠭᠡᠷᠡᠴᠢᠯᠡᠯᠲᠡ᠎ᠶᠢ ᠠᠬᠢᠭᠤᠯᠵᠤ᠂ ᠴᠤᠤᠯ ᠭᠣᠣᠯ᠎ᠤᠨ ᠤᠰᠤ᠎ᠶᠢ ᠲᠠᠲᠠᠵᠤ ᠪᠠᠷᠠᠭᠤᠨ ᠯᠢᠶᠤᠤ ᠡᠾᠧ ᠭᠤᠤᠯ᠎ᠤᠨ ᠤᠰᠤ ᠵᠢ ᠨᠦᠬᠦᠪᠦᠷᠢᠯᠡᠬᠦ ᠨᠢᠭᠡᠳᠦᠭᠡᠷ ᠬᠤᠭᠤᠴᠠᠭ᠎ᠠ᠂ ᠬᠣᠶᠠᠳᠤᠭᠠᠷ ᠬᠤᠭᠤᠴᠠᠭᠠᠨ᠎ᠤ ᠢᠨᠵᠧᠨᠧᠷᠢᠩ᠎ᠦᠨ ᠪᠦᠬᠦ ᠱᠤᠭᠤᠮ᠎ᠢᠶᠠᠷ ᠤᠰᠤ ᠨᠡᠪᠲᠡᠷᠡᠭᠦᠯᠬᠦ᠎ᠶᠢ ᠪᠡᠶᠡᠯᠡᠭᠦᠯᠦᠨ᠎ᠡ; ᠬᠣᠶᠠᠷ᠎ᠲᠤ᠂ ᠨᠢᠭᠡ ᠪᠦᠯᠦᠭ ᠴᠢᠬᠤᠯᠠ ᠶᠡᠬᠡ ᠲᠥᠷᠥᠯ ᠵᠦᠢᠯ᠎ᠦᠨ ᠠᠵᠢᠯ ᠡᠬᠢᠯᠡᠭᠦᠯᠬᠦ᠎ᠶᠢ ᠠᠬᠢᠭᠤᠯᠵᠤ᠂ ᠬᠠᠲᠤᠨ ᠭᠣᠣᠯ᠎ᠤᠨ ᠥᠪᠥᠷ ᠮᠣᠩᠭᠣᠯ᠎ᠤᠨ ᠬᠡᠰᠡᠭ᠎ᠦᠨ ᠭᠣᠣᠯ᠎ᠤᠨ ᠵᠠᠮ᠎ᠢ ᠵᠠᠰᠠᠬᠤ ᠢᠨᠵᠧᠨᠧᠷᠢᠩ᠂ ᠦᠨᠳᠡᠬᠡᠨ ᠤᠰᠤᠨ ᠴᠥᠭᠥᠷᠥᠮ᠎ᠦᠨ ᠳᠣᠣᠷᠠᠳᠤ ᠤᠷᠤᠰᠬᠠᠯ᠎ᠤᠨ ᠤᠰᠤᠯᠠᠯᠲᠠ᠎ᠶᠢᠨ ᠣᠷᠣᠨ᠂ ᠦᠪᠦᠷᠵᠢᠯᠠᠭ᠎ᠠ ᠤᠰᠤᠨ ᠴᠥᠭᠥᠷᠥᠮ ᠵᠡᠷᠭᠡ ᠨᠢᠭᠡ ᠪᠦᠯᠦᠭ ᠴᠢᠬᠤᠯᠠ ᠶᠡᠬᠡ ᠤᠰᠤᠨ ᠠᠰᠢᠭ᠍ᠯᠠᠯᠲᠠ᠎ᠶᠢᠨ ᠢᠨᠵᠧᠨᠧᠷᠢᠩ᠎ᠦᠨ ᠡᠮᠦᠨᠡᠬᠢ ᠬᠤᠭᠤᠴᠠᠭᠠᠨ᠎ᠤ ᠠᠵᠢᠯ ᠎ᠢ ᠲᠦᠷᠭᠡᠳᠬᠡᠨ ᠠᠬᠢᠭᠤᠯᠵᠤ᠂ ᠲᠥᠷᠥᠯ ᠵᠦᠢᠯ᠎ᠢ ᠲᠣᠭᠲᠠᠭᠠᠬᠤ᠂ ᠪᠡᠯᠡ ᠮᠥᠩᠭᠥ᠎ᠶᠢ ᠨᠠᠢᠳᠠᠪᠤᠷᠢᠵᠢᠭᠤᠯᠤᠭᠰᠠᠨ ᠳᠠᠷᠤᠢᠬᠠᠨ ᠠᠵᠢᠯ ᠡᠬᠢᠯᠡᠭᠦᠯᠦᠨ ᠪᠦᠲᠦᠭᠡᠨ ᠪᠠᠶ᠋ᠢᠭᠤᠯᠬᠤ᠎ᠶᠢ ᠦᠨᠡᠨ ᠬᠦ᠌ ᠪᠠᠲᠤᠯᠠᠨ᠎ᠠ; ᠭᠤᠷᠪᠠ᠎ᠳᠤ᠂ ᠲᠥᠷᠥᠯ ᠵᠦᠢᠯ᠎ᠦᠨ ᠨᠥᠭᠡᠴᠡ᠎ᠶᠢ ᠴᠢᠩᠭᠠᠳᠬᠠᠵᠤ᠂ 《ᠠᠷᠪᠠᠨ ᠲᠠᠪᠤᠳᠤᠭᠠᠷ ᠲᠠᠪᠤᠨ ᠵᠢᠯ》 ᠤ᠋ᠨ ᠲᠥᠯᠦᠪᠵᠢᠭᠦᠯᠭᠡ᠎ᠶᠢ ᠨᠠᠢᠷᠠᠭᠤᠯᠤᠨ ᠵᠣᠬᠢᠶᠠᠬᠤ ᠎ᠶᠢ ᠴᠢᠩᠭ᠎ᠠ ᠠᠳᠬᠤᠵᠤ᠂ ᠤᠯᠤᠰ᠎ᠤᠨ ᠤᠰᠤᠨ᠎ᠤ ᠲᠣᠣᠷ᠎ᠤᠨ ᠪᠦᠲᠦᠭᠡᠨ ᠪᠠᠢᠭᠤᠯᠤᠯᠲᠠ᠎ᠶᠢᠨ ᠪᠠᠢᠷᠢᠰᠢᠯ᠎ᠳᠤ ᠰᠠᠨᠠᠭᠠᠴᠢᠯᠠᠭ᠎ᠠ  ᠠ᠋ᠴᠠ᠎ᠪᠠᠨ ᠠᠭᠤᠰᠤᠯᠴᠠᠵᠤ᠂  ᠨᠢᠭᠡ ᠪᠦᠯᠦᠭ ᠳᠤᠲᠠᠭᠤᠳᠠᠯ᠎ᠢ ᠨᠥᠬᠥᠪᠦᠷᠢᠯᠡᠬᠦ᠂  ᠪᠠᠭᠤᠷᠠᠢ ᠵᠦᠢᠯᠡᠰ᠎ᠢ ᠴᠢᠩᠭᠠᠳᠬᠠᠬᠤ᠂ ᠳᠠᠪᠠᠭᠤᠯᠢᠭ ᠵᠢᠡᠨ ᠪᠤᠯᠪᠠᠰᠤᠷᠠᠭᠤᠯᠬᠤ᠂ ᠠᠯᠤᠰ ᠬᠡᠲᠦ᠎ᠳᠦ ᠠᠰᠢᠭ᠍ᠲᠠᠢ ᠴᠢᠬᠤᠯᠠ ᠶᠡᠬᠡ ᠲᠥᠷᠥᠯ ᠵᠦᠢᠯ᠎ᠢ ᠰᠢᠰᠲᠧᠮ᠎ᠲᠠᠢ ᠲᠥᠯᠥᠪᠯᠡᠨ᠎ᠡ ; ᠳᠥᠷᠪᠡ᠎ᠳᠦ᠂ ᠪᠡᠯᠡ ᠮᠥᠩᠭᠥ  ᠴᠢᠷᠮᠠᠢᠨ ᠣᠯᠬᠤ ᠠᠵᠢᠯ᠎ᠢ ᠪᠦᠬᠦ ᠬᠦᠴᠦᠨ᠎ᠢᠶᠡᠷ᠎ᠢᠶᠡᠨ ᠰᠠᠢᠲᠤᠷ ᠬᠢᠵᠦ᠂ ᠤᠯᠤᠰ᠎ᠤᠨ ᠨᠡᠭᠡᠭᠡᠨ ᠬᠥᠭᠵᠢᠭᠦᠯᠦᠯᠲᠡ᠎ᠶᠢᠨ ᠪᠠᠩᠬᠢ ᠵᠡᠷᠭᠡ ᠤᠯᠤᠰ᠎ᠤᠨ ᠥᠮᠴᠢᠯᠡᠯ᠎ᠦᠨ ᠪᠠᠩᠬᠢ᠎ᠲᠠᠢ ᠵᠣᠯᠭᠠᠭᠤᠯᠬᠤ ᠬᠠᠮᠲᠤᠷᠠᠯᠴᠠᠭ᠎ᠠ᠎ᠶᠢ ᠰᠠᠢᠲᠤᠷ ᠠᠳᠬᠤᠵᠤ᠂ ᠨᠡᠭᠡᠭᠡᠨ ᠬᠥᠭᠵᠢᠭᠦᠯᠦᠯᠲᠡ᠎ᠶᠢᠨ ᠴᠢᠨᠠᠷᠲᠠᠢ ᠮᠥᠩᠭᠥᠨ ᠭᠦᠢᠯᠭᠡᠭᠡᠨ᠎ᠢᠶᠡᠷ ᠤᠰᠤᠨ ᠠᠰᠢᠭ᠍ᠯᠠᠯᠲᠠ᠎ᠶᠢᠨ ᠰᠠᠭᠤᠷᠢ ᠲᠥᠬᠦᠭᠡᠷᠦᠮᠵᠢ᠎ᠶᠢᠨ ᠪᠦᠲᠦᠭᠡᠨ ᠪᠠᠢᠭᠤᠯᠤᠯᠲᠠ᠎ᠶᠢ  ᠢᠳᠡᠪᠬᠢᠲᠡᠢ ᠲᠠᠮᠵᠢᠵᠦ᠂  ᠦᠷ᠎ᠡ ᠪᠦᠲᠦᠮᠵᠢ᠎ᠶᠢ ᠰᠢᠯᠢᠳᠡᠭᠵᠢᠭᠦᠯᠵᠦ᠂ ᠲᠦᠷᠦᠯ ᠵᠦᠢᠯ ᠎ᠢ ᠲᠦᠷᠭᠡᠳᠭᠡᠨ ᠨᠠᠢᠳᠠᠪᠤᠷᠢᠵᠢᠭᠤᠯᠤᠨ᠎ᠠ ᠬᠡᠵᠡᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号