ᠣᠢᠷ᠎ᠠ᠎ᠳᠤ᠂ ᠪᠥᠬᠥ᠌ ᠤᠯᠤᠰ᠎ᠤᠨ 31 ᠮᠤᠵᠢ ᠣᠷᠣᠨ ᠬᠣᠲᠠ ᠵᠢᠨ ᠬᠢᠨ ᠲᠤᠰ ᠲᠤᠰ ᠤ᠋ᠨ ᠬᠣᠶᠠᠷ ᠬᠤᠷᠠᠯ ᠵᠢᠡᠨ ᠵᠠᠯᠭᠠᠭ᠎ᠠ᠎ᠪᠠᠷ ᠬᠤᠷᠠᠯᠳᠤᠭᠤᠯᠵᠤ᠂ ᠠᠵᠤ ᠠᠬᠤᠶ᠎ᠶ᠋ᠢᠨ ᠨᠡᠮᠡᠭ᠌ᠳᠡᠯ᠂ ᠣᠷᠣᠯᠭ᠎ᠠ᠂ ᠬᠡᠷᠡᠭ᠌ᠯᠡᠭᠡ᠂ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ ᠵᠡᠷᠭᠡ ᠠᠷᠠᠳ ᠲᠦᠮᠡᠨ᠎ᠤ 《ᠵᠣᠭᠣᠰᠣᠨ ᠬᠠᠪᠳᠠᠭ᠎ᠠ》᠎ᠲᠠᠢ ᠨᠢᠭ᠍ᠲᠠ ᠬᠣᠯᠪᠣᠭᠳᠠᠬᠤ ᠲᠥᠷᠥ᠎ᠶ᠋ᠢᠨ ᠪᠣᠳᠣᠯᠭ᠎ᠠ ᠨᠤᠭᠤᠳ ᠱᠢᠨ᠎ᠡ᠎ᠪᠡᠷ ᠨᠡᠢᠲᠡᠯᠡᠭᠳᠡᠵᠤ ᠪᠠᠢᠨ᠎ᠠ᠃ 2025 ᠣᠨ᠎ᠳᠤ᠂ ᠠᠷᠠᠳ ᠲᠦᠮᠡᠨ ᠤ᠋ ᠬᠡᠷ ᠪᠦᠯᠢ᠎ᠶ᠋ᠢᠨ ᠣᠷᠣᠯᠭ᠎ᠠ ᠵᠠᠷᠤᠯᠭ᠎ᠠ ᠶ᠋ᠢᠨ ᠲᠠᠯ᠎ᠠ᠎ᠪᠠᠷ ᠶᠠᠮᠠᠷ ᠶᠠᠮᠠᠷ ᠪᠣᠳᠠᠲᠤ ᠠᠱᠢᠭ ᠪᠠ ᠬᠤᠪᠢᠷᠠᠯᠲᠠ᠎ᠲᠠᠶ ᠪᠣᠯᠬᠤ ᠪᠣᠶ?
ᠨᠡᠮᠡᠭ᠌ᠳᠡᠯ᠎ᠢ ᠲᠣᠭ᠍ᠲᠠᠪᠤᠷᠢᠵᠢᠭᠤᠯᠬᠤ᠄ ᠬᠥᠭ᠌ᠵᠢᠯᠲᠡ᠎ᠶ᠋ᠢᠨ ᠬᠠᠷᠠᠯᠲᠠ᠎ᠶ᠋ᠢ ᠲᠣᠳᠣᠷᠬᠠᠢᠯᠠᠵᠤ ᠦᠨᠡᠨ ᠪᠣᠳᠠᠲᠠᠢ ᠠᠷᠭ᠎ᠠ ᠬᠡᠮᠵᠢᠶ᠎ᠠ ᠳᠤᠷᠠᠳᠴᠠᠢ
ᠠᠵᠤ ᠠᠬᠤᠶ᠎ᠶ᠋ᠢᠨ ᠰᠡᠷᠭᠦᠨ ᠰᠠᠢᠵᠢᠷᠠᠬᠤ ᠬᠠᠨᠳᠤᠰᠢ᠎ᠶ᠋ᠢ ᠪᠡᠬᠢᠵᠢᠭᠦᠯᠬᠦ᠌᠎ᠶ᠋ᠢᠨ ᠲᠥᠯᠥᠭᠡ᠂ ᠣᠯᠠᠨ ᠭᠠᠵᠠᠷ ᠤ᠋ᠨ ᠬᠢᠨ ᠢᠳᠡᠪᠬᠢᠲᠡᠶ ᠨᠡᠮᠡᠭ᠌ᠳᠡᠯ᠎ᠦᠨ ᠬᠠᠷᠠᠯᠲᠠ ᠲᠣᠭ᠍ᠲᠠᠭᠠᠪᠠ᠃
ᠴᠥᠭᠡᠨ ᠪᠤᠰᠤ ᠭᠠᠵᠠᠷ᠎ᠤᠨ ᠬᠢᠨ 2025 ᠣᠨ᠎ᠤ ᠠᠵᠤ ᠠᠬᠤᠶ᠎ᠶ᠋ᠢᠨ ᠨᠡᠮᠡᠭ᠌ᠳᠡᠯ᠎ᠦᠨ ᠬᠤᠷᠳᠤᠴᠠ᠎ᠶ᠋ᠢ 5% ᠣᠷᠴᠢᠮ ᠪᠤᠶᠤ 5% ᠭᠠᠷᠤᠶ᠎ᠪᠠᠷ ᠲᠣᠭ᠍ᠲᠠᠭᠠᠵᠠᠶ᠃ ᠪᠡᠭᠡᠵᠢᠩ᠂ ᠭᠤᠸᠠᠩᠳᠦ᠋ᠩ ᠵᠡᠷᠭᠡ ᠭᠠᠵᠠᠷ ᠤᠨ᠎ᠬᠢᠨ 2025 ᠣᠨ ᠤ ᠣᠷᠣᠨ ᠨᠤᠲᠤᠭ ᠤᠨ ᠦᠶ᠋ᠯᠡᠳᠪᠦᠷᠢᠯᠡᠯ᠎ᠦᠨ ᠶᠡᠷᠦᠩᠬᠡᠶ ᠥᠷᠲᠡᠭ ᠤ᠋ᠨ ᠨᠡᠮᠡᠭᠳᠡᠯ ᠢ᠋ 5% ᠣᠷᠴᠢᠮ ᠵᠢᠡᠷ ᠳᠤᠳᠤᠷᠬᠠᠢᠯᠠᠪᠠ; ᠵᠧᠵᠢᠶᠠᠩ᠂ ᠬᠤᠨᠠᠨ᠂ ᠭᠢᠷᠢᠨ ᠵᠡᠷᠭᠡ ᠭᠠᠵᠠᠷ ᠤᠨ ᠬᠢᠨ ᠡᠨᠡ ᠬᠦ᠌ ᠬᠠᠷᠠᠯᠲᠠ ᠶ᠋ᠢ 5 .5 % ᠣᠷᠴᠢᠮ᠎ᠢᠶᠠᠷ ᠲᠣᠭ᠍ᠲᠠᠭᠠᠵᠤ᠂ ᠹᠦᠵᠢᠶᠠᠨ ᠤ ᠬᠢᠨ ᠡᠨᠡ ᠬᠦ᠌ ᠬᠠᠷᠠᠯᠲᠠ ᠶ᠋ᠢ 5.0 % ᠡᠴᠡ 5.5% ᠪᠡᠷ ᠲᠣᠭ᠍ᠲᠠᠭᠠᠪᠠ; ᠬᠤᠪᠧᠶ᠂ ᠥᠪᠥᠷ ᠮᠣᠩᠭᠣᠯ᠂ ᠱᠢᠨᠵᠢᠶᠠᠩ ᠤᠨ ᠠᠵᠤ ᠠᠬᠤᠶ᠎ᠶ᠋ᠢᠨ ᠨᠡᠮᠡᠭ᠌ᠳᠡᠯ᠎ᠦᠨ ᠬᠤᠷᠳᠤᠴᠠ ᠵᠢᠨ ᠬᠠᠷᠠᠯᠳᠠ 6 % ᠣᠷᠴᠢᠮ ᠪᠠᠢᠵᠤ᠂ ᠬᠠᠢᠨᠠᠨ ᠤ᠋ 6% ᠭᠠᠷᠤᠢ ᠪᠡᠷ ᠲᠤᠭᠳᠠᠭᠠᠪᠠ᠃
ᠭᠠᠳᠠᠭᠠᠳᠤ ᠠᠷᠠᠯᠵᠢᠶ᠎ᠠ ᠨᠡᠮᠡᠭ᠌ᠳᠡᠯ᠎ᠢ ᠲᠣᠭ᠍ᠲᠠᠪᠤᠷᠢᠵᠢᠭᠤᠯᠬᠤ ᠳᠤᠮᠳᠠ ᠴᠢᠬᠤᠯᠠ ᠦᠢᠯᠡᠳᠦᠯ ᠪᠠᠳᠠᠷᠠᠭᠤᠯᠵᠤ ᠪᠠᠢᠳᠠᠭ᠃ ᠭᠤᠸᠠᠩᠳᠦ᠋ᠩ ᠮᠤᠵᠢ᠎ᠶ᠋ᠢᠨ ᠤᠯᠤᠰ ᠲᠦᠷᠦ᠍᠎ᠶ᠋ᠢᠨ ᠵᠥᠪᠯᠡᠯᠭᠡᠨ᠎ᠦ ᠭᠡᠱᠢᠭᠦᠨ᠂ ᠠᠷᠠᠳᠴᠢᠯᠠᠯ᠎ᠢᠶᠠᠷ ᠤᠯᠤᠰ᠎ᠢᠶᠠᠨ ᠪᠠᠢᠭᠤᠯᠬᠤ ᠬᠤᠷᠠᠯ ᠤᠨ ᠭᠤᠸᠠᠩᠳᠦ᠋ᠩ ᠮᠤᠵᠢ ᠶ᠋ᠢᠨ ᠬᠣᠷᠢᠶ᠎ᠠ ᠵᠢᠨ ᠳᠡᠳ᠋ ᠡᠷᠬᠢᠯᠡᠭ᠌ᠴᠢ ᠭᠡᠱᠢᠭᠦᠨ ᠴᠧᠨ ᠯᠢᠩ ᠯᠢ᠂ ᠭᠠᠳᠠᠭᠠᠳᠤ ᠠᠷᠠᠯᠵᠢᠶᠠᠨ ᠤ ᠴᠢᠨᠠᠷ ᠰᠠᠢᠲᠠᠢ ᠬᠥᠭ᠌ᠵᠢᠯᠲᠡ᠎ᠶ᠋ᠢ ᠠᠬᠢᠭᠤᠯᠵᠤ᠂ ᠳᠤᠮᠳᠠᠳᠤ ᠤᠯᠤᠰ᠎ᠤᠨ ᠠᠵᠤ ᠠᠬᠤᠢᠯᠠᠯ ᠤᠨ 《ᠭᠠᠳᠠᠭᠠᠳᠤ ᠳ᠋ᠤ ᠭᠠᠷᠴᠤ᠌ ᠶᠠᠪᠤᠬᠤ》 ᠶᠡᠷᠦᠩᠬᠡᠢᠯᠡᠭ᠌ᠰᠡᠨ ᠦᠢᠯᠡᠴᠢᠯᠡᠭᠡᠨ᠎ᠦ ᠰᠠᠭᠤᠷᠢᠨ ᠢ ᠲᠦᠷᠭᠡᠳᠭᠡᠨ ᠪᠠᠢᠭᠤᠯᠵᠤ᠂ ᠭᠠᠳᠠᠭᠠᠳᠤ᠎ᠳᠠᠬᠢ ᠰᠠᠩ ᠬᠥᠮᠥᠷᠭᠡ᠎ᠶ᠋ᠢᠨ ᠠᠵᠤ ᠠᠬᠤᠢᠯᠠᠯ᠎ᠢ ᠳᠡᠮᠵᠢᠬᠦ᠌ ᠡᠷᠴᠢᠮ᠎ᠢᠶᠡᠨ ᠴᠢᠩᠭᠠᠷᠠᠭᠤᠯᠵᠤ᠂ ᠭᠠᠳᠠᠭᠠᠳᠤ ᠳᠠᠬᠢ ᠶᠡᠷᠦᠩᠬᠡᠢᠯᠡᠭ᠌ᠰᠡᠨ ᠦᠢᠯᠡᠴᠢᠯᠡᠭᠡᠨ᠎ᠦ ᠱᠢᠰᠲ᠋ᠧᠮ᠎ᠢ ᠲᠡᠭᠦᠯᠳᠡᠷᠵᠢᠭᠦᠯᠬᠦ᠌ ᠬᠡᠷᠡᠭ᠌ᠲᠡᠢ᠃ ᠭᠠᠳᠠᠭᠠᠳᠤ ᠠᠷᠠᠯᠵᠢᠶᠠᠨ᠎ᠤ ᠱᠢᠨ᠎ᠡ ᠴᠢᠨᠠᠷ᠎ᠤᠨ ᠦᠶ᠋ᠯᠡᠳᠪᠦᠷᠢᠯᠡᠯ᠎ᠦᠨ ᠬᠦᠴᠦᠨ᠎ᠢ ᠪᠣᠢᠵᠢᠭᠤᠯᠵᠤ᠂ ᠭᠠᠳᠠᠭᠠᠳᠤ ᠠᠷᠠᠯᠵᠢᠶᠠᠨ᠎ᠤ ᠦᠶ᠋ᠯᠡᠳᠬᠦᠨ᠎ᠦ ᠵᠢᠭ᠍ᠰᠠᠭᠠᠯ᠎ᠤᠨ 《ᠱᠢᠨ᠎ᠡ ᠭᠤᠷᠪᠠᠨ ᠵᠦᠢᠯ》 ᠡᠴᠡ 《ᠱᠢᠨ᠎ᠡ ᠣᠯᠠᠨ ᠵᠦᠢᠯ》 ᠳᠠᠢᠰᠢ ᠤᠷᠤᠭ᠍ᠰᠢᠯᠠᠬᠤ᠎ᠶ᠋ᠢ ᠠᠬᠢᠭᠤᠯᠬᠤ ᠬᠡᠷᠡᠭᠳᠠᠢ ᠭᠡᠰᠡᠨ ᠰᠠᠨᠠᠭᠤᠯᠭ᠎ᠠ ᠳᠤᠷᠠᠳᠴᠠᠢ᠃
ᠣᠷᠣᠯᠭ᠎ᠠ᠎ᠶ᠋ᠢ ᠨᠡᠮᠡᠭ᠌ᠳᠡᠭᠦᠯᠬᠦ᠌᠄ ᠳᠤᠮᠳᠠ ᠳᠤᠤᠷ᠎ᠠ ᠣᠷᠣᠯᠭ᠎ᠠ᠎ᠲᠠᠶ ᠬᠥᠮᠦᠰ᠎ᠦᠨ ᠣᠷᠣᠯᠭ᠎ᠠ᠎ᠶ᠋ᠢ ᠨᠡᠮᠡᠭ᠌ᠳᠡᠭᠦᠯᠵᠦ᠍ ᠳᠠᠷᠤᠭᠠᠰᠤ᠎ᠶ᠋ᠢ ᠬᠥᠩᠭᠡᠷᠡᠭᠦᠯᠦᠨ᠎ᠡ
ᠠᠷᠠᠳ ᠢᠷᠭᠡᠳ ᠤ᠋ᠨ ᠣᠷᠣᠯᠭ᠎ᠠ᠎ᠶ᠋ᠢᠨ ᠨᠡᠮᠡᠭ᠌ᠳᠡᠯ᠎ᠦᠨ ᠬᠤᠷᠳᠤᠴᠠ ᠬᠡᠳᠦᠶ ᠳ᠋ᠤ ᠬᠦᠷᠬᠦ ᠪᠣᠶ? ᠡᠯ᠎ᠡ ᠭᠠᠵᠠᠷ᠎ᠤᠨ ᠬᠢᠨ ᠠᠵᠤ ᠠᠬᠤᠶ᠎ᠶ᠋ᠢᠨ ᠨᠡᠮᠡᠭ᠌ᠳᠡᠯ᠎ᠦᠨ ᠬᠠᠷᠠᠯᠲᠠ᠎ᠪᠠᠨ ᠲᠣᠭ᠍ᠲᠠᠭᠠᠵᠤ᠂ ᠰᠠᠭᠤᠭᠠᠯᠢ ᠠᠷᠠᠳ᠎ᠤᠨ ᠬᠥᠮᠦᠨ ᠳᠤᠮᠳᠠᠴᠢ ᠡᠵᠡᠮᠳᠡᠵᠦ᠍ ᠪᠣᠯᠬᠤ ᠣᠷᠣᠯᠭ᠎ᠠ᠎ᠶ᠋ᠢᠨ ᠨᠡᠮᠡᠭ᠌ᠳᠡᠯ᠎ᠢ ᠠᠵᠤ ᠠᠬᠤᠶ᠎ᠶ᠋ᠢᠨ ᠨᠡᠮᠡᠭ᠌ᠳᠡᠯ᠎ᠲᠡᠶ ᠠᠳᠠᠯᠢ ᠪᠠᠢᠯᠭᠠᠬᠤ ᠪᠤᠶᠤ ᠠᠵᠤ ᠠᠬᠤᠶ᠎ᠶ᠋ᠢᠨ ᠨᠡᠮᠡᠭ᠌ᠳᠡᠯ᠎ᠦᠨ ᠬᠤᠷᠳᠤᠴᠠ᠎ᠡᠴᠡ ᠥᠨᠳᠥᠷ ᠪᠠᠢᠯᠭᠠᠬᠤ ᠬᠠᠷᠠᠯᠲᠠ᠎ᠶ᠋ᠢ ᠲᠣᠭ᠍ᠲᠠᠭᠠᠪᠠ᠃
ᠲᠢᠶᠠᠨᠵᠢᠨ ᠬᠣᠲᠠ᠎ᠶ᠋ᠢᠨ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠎ᠳᠦ᠂ ᠰᠠᠭᠤᠭᠠᠯᠢ ᠠᠷᠠᠳ᠎ᠤᠨ ᠬᠥᠮᠦᠨ ᠳᠤᠮᠳᠠᠴᠢ ᠡᠵᠡᠮᠳᠡᠵᠦ᠍ ᠪᠣᠯᠬᠤ ᠣᠷᠣᠯᠭ᠎ᠠ᠎ᠶ᠋ᠢᠨ ᠨᠡᠮᠡᠭ᠌ᠳᠡᠯ᠎ᠢ ᠠᠵᠤ ᠠᠬᠤᠶ᠎ᠶ᠋ᠢᠨ ᠨᠡᠮᠡᠭ᠌ᠳᠡᠯ᠎ᠲᠡᠶ ᠠᠳᠠᠯᠢ ᠪᠠᠢᠯᠭᠠᠨ᠎ᠠ; ᠠᠮᠢᠳᠤᠯᠢᠭ ᠵᠢᠡᠷ ᠠᠵᠢᠯ ᠬᠢᠵᠤ ᠪᠠᠢᠬᠤ ᠪᠠ ᠠᠵᠢᠯ ᠣᠯᠭᠣᠯᠲᠠ᠎ᠶ᠋ᠢᠨ ᠱᠢᠨ᠎ᠡ ᠬᠡᠯᠪᠡᠷᠢ ᠪᠠᠢᠳᠠᠯ᠎ᠤᠨ ᠬᠥᠳᠡᠯᠮᠦᠷᠢᠴᠢᠳ᠎ᠦᠨ ᠡᠷᠬᠡ ᠠᠱᠢᠭ᠎ᠤᠨ ᠪᠠᠲᠤᠯᠠᠭ᠎ᠠ᠎ᠶ᠋ᠢ ᠴᠢᠩᠭᠠᠳᠭᠠᠵᠤ᠂ ᠳᠤᠮᠳᠠ ᠳᠣᠣᠷ᠎ᠠ ᠣᠷᠣᠯᠭ᠎ᠠ᠎ᠲᠠᠶ ᠬᠦᠮᠦᠰ ᠤ᠋ᠨ ᠣᠷᠣᠯᠭ᠎ᠠ᠎ᠶ᠋ᠢ ᠨᠡᠮᠡᠭ᠌ᠳᠡᠭᠦᠯᠦᠨ ᠳᠠᠷᠤᠭᠠᠰᠤ᠎ᠶ᠋ᠢ ᠬᠥᠩᠭᠡᠷᠡᠭᠦᠯᠬᠦ᠌᠎ᠶ᠋ᠢ ᠠᠬᠢᠭᠤᠯᠤᠨ᠎ᠠ ᠭᠡᠵᠤ ᠳᠤᠷᠠᠳᠴᠠᠢ᠃ ᠭᠢᠷᠢᠨ ᠮᠤᠵᠢ᠂ ᠬᠣᠲᠠ ᠬᠥᠳᠡᠭᠡ᠎ᠶ᠋ᠢᠨ ᠰᠠᠭᠤᠭᠠᠯᠢ ᠠᠷᠠᠳ᠎ᠤᠨ ᠬᠥᠮᠦᠨ ᠳᠤᠮᠳᠠᠴᠢ ᠡᠵᠡᠮᠳᠡᠵᠦ᠍ ᠪᠣᠯᠬᠤ ᠣᠷᠣᠯᠭ᠎ᠠ᠎ᠶ᠋ᠢᠨ ᠨᠡᠮᠡᠭ᠌ᠳᠡᠯ᠎ᠦᠨ ᠬᠤᠷᠳᠤᠴᠠ᠎ᠶ᠋ᠢ ᠠᠵᠤ ᠠᠬᠤᠶ᠎ᠶ᠋ᠢᠨ ᠨᠡᠮᠡᠭ᠌ᠳᠡᠯ ᠦᠨ ᠬᠤᠷᠳᠤᠴᠠ᠎ᠡᠴᠡ ᠥᠨᠳᠥᠷ ᠪᠣᠯᠭᠠᠨ᠎ᠠ; ᠲᠠᠷᠢᠶᠠᠴᠢᠳ᠎ᠤᠨ ᠴᠠᠯᠢᠩ ᠤᠨ ᠴᠢᠨᠠᠷᠲᠠᠢ ᠣᠷᠣᠯᠭ᠎ᠠ᠎ᠶ᠋ᠢ ᠳᠡᠭᠡᠭ᠌ᠰᠢᠯᠡᠭᠦᠯᠬᠦ᠌ ᠠᠵᠢᠯᠯᠠᠭ᠎ᠠ᠎ᠶ᠋ᠢ ᠬᠡᠷᠡᠭ᠌ᠵᠢᠭᠦᠯᠵᠦ᠍᠂ ᠴᠠᠯᠢᠩ ᠤᠨ ᠴᠢᠨᠠᠷᠲᠠᠢ ᠣᠷᠣᠯᠭ᠎ᠠ᠎ᠶ᠋ᠢ 20% ᠭᠠᠷᠤᠢ ᠳᠡᠭᠡᠭ᠌ᠰᠢᠯᠡᠭᠦᠯᠦᠨ᠎ᠡ ᠭᠡᠵᠤ ᠳᠤᠷᠠᠳᠴᠠᠢ᠃ ᠬᠠᠢᠨᠠᠨ ᠮᠤᠵᠢ᠂ ᠬᠣᠲᠠ ᠪᠠᠯᠭᠠᠰᠤ ᠪᠣᠯᠤᠨ ᠬᠥᠳᠡᠭᠡ ᠲᠣᠰᠭᠣᠨ᠎ᠤ ᠪᠠᠢᠩᠭᠤ ᠰᠠᠭᠤᠭ᠎ᠠ ᠰᠠᠭᠤᠭᠠᠯᠢ ᠠᠷᠠᠳ᠎ᠤᠨ ᠬᠥᠮᠦᠨ ᠳᠤᠮᠳᠠᠴᠢ ᠡᠵᠡᠮᠳᠡᠵᠦ᠍ ᠪᠣᠯᠬᠤ ᠣᠷᠣᠯᠭ᠎ᠠ᠎ᠶ᠋ᠢ ᠲᠤᠰ ᠲᠤᠰ 6.5 % ᠣᠷᠴᠢᠮ᠂ 7.5 % ᠣᠷᠴᠢᠮ᠎ᠢᠶᠠᠷ ᠨᠡᠮᠡᠭ᠌ᠳᠡᠭᠦᠯᠦᠨ᠎ᠡ ᠭᠡᠵᠤ ᠳᠤᠳᠤᠷᠬᠠᠢᠯᠠᠪᠠ᠃
ᠳᠤᠮᠳᠠ ᠳᠣᠣᠷ᠎ᠠ ᠣᠷᠣᠯᠭ᠎ᠠ᠎ᠲᠠᠶ ᠬᠥᠮᠦᠰ᠎ᠦᠨ ᠣᠷᠣᠯᠭ᠎ᠠ᠎ᠶ᠋ᠢ ᠨᠡᠮᠡᠭ᠌ᠳᠡᠭᠦᠯᠵᠦ᠍ ᠳᠠᠷᠤᠭᠠᠰᠤ᠎ᠶ᠋ᠢ ᠬᠥᠩᠭᠡᠷᠡᠭᠦᠯᠬᠦ᠌ ᠶᠠᠪᠤᠳᠠᠯ ᠡᠨᠡ ᠵᠢᠯ᠎ᠦᠨ ᠣᠷᠣᠨ ᠨᠤᠲᠤᠭ᠎ᠤᠨ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠎ᠳᠦ ᠣᠯᠠᠨᠲᠠ ᠢᠯᠡᠷᠡᠪᠡ᠃ ᠪᠡᠭᠡᠵᠢᠩ ᠬᠣᠲᠠ ᠳᠤᠮᠳᠠ ᠳᠤᠤᠷ᠎ᠠ ᠣᠷᠣᠯᠭ᠎ᠠ᠎ᠲᠠᠶ ᠬᠦᠮᠦᠰ᠎ᠤᠨ ᠣᠷᠣᠯᠭ᠎ᠠ᠎ᠶ᠋ᠢᠨ ᠨᠡᠮᠡᠭ᠌ᠳᠡᠯ ᠢ ᠠᠬᠢᠭᠤᠯᠵᠤ᠂ ᠠᠵᠢᠯ᠎ᠡᠴᠡ᠎ᠪᠠᠨ ᠠᠮᠠᠷᠠᠭ᠍ᠰᠠᠳ᠎ᠤᠨ ᠦᠨᠳᠦᠰᠦᠨ ᠨᠠᠰᠤᠵᠢᠯ ᠤᠨ ᠠᠰᠠᠷᠠᠮᠵᠢ ᠶ᠋ᠢᠨ ᠮᠥᠩᠭᠥ᠎ᠶ᠋ᠢ ᠵᠣᠬᠢᠰᠲᠠᠶ᠎ᠪᠠᠷ ᠳᠡᠭᠡᠭ᠌ᠰᠢᠯᠡᠭᠦᠯᠵᠦ᠍᠂ ᠬᠣᠲᠠ ᠬᠥᠳᠡᠭᠡ ᠶ᠋ᠢᠨ ᠰᠠᠭᠤᠭᠠᠯᠢ ᠠᠷᠠᠳ᠎ᠤᠨ ᠰᠠᠭᠤᠷᠢ ᠨᠠᠰᠤᠵᠢᠯ᠎ᠤᠨ ᠠᠰᠠᠷᠠᠮᠵᠢ᠎ᠶ᠋ᠢᠨ ᠮᠥᠩᠭᠥ᠎ᠶ᠋ᠢ ᠳᠡᠭᠡᠭ᠌ᠰᠢᠯᠡᠭᠦᠯᠦᠨ᠎ᠡ᠃ ᠭᠤᠸᠠᠩᠳᠦ᠋ᠩ᠂ ᠭᠤᠸᠠᠩᠰᠢ᠂ ᠱᠠᠨ ᠰᠢ ᠵᠡᠷᠭᠡ ᠭᠠᠵᠠᠷ᠎ᠤᠨ ᠬᠢᠨ ᠴᠥᠮ ᠳᠤᠮᠳᠠ ᠳᠤᠤᠷ᠎ᠠ ᠣᠷᠣᠯᠭ᠎ᠠ᠎ᠲᠠᠶ ᠬᠥᠮᠦᠰ᠎ᠦᠨ ᠣᠷᠣᠯᠭ᠎ᠠ ᠵᠢ ᠨᠡᠮᠡᠭ᠌ᠳᠡᠭᠦᠯᠦᠨ ᠳᠠᠷᠤᠭᠠᠰᠤ ᠵᠢ ᠬᠥᠩᠭᠡᠷᠡᠭᠦᠯᠬᠦ᠌᠎ᠶ᠋ᠢ ᠠᠬᠢᠭᠤᠯᠤᠨ᠎ᠠ ᠭᠡᠵᠦ᠍ ᠳᠤᠷᠠᠳᠴᠠᠶ; ᠭᠤᠸᠠᠩᠰᠢ ᠡᠨᠡ ᠬᠦ᠌ ᠰᠠᠭᠤᠷᠢᠨ ᠳᠡᠭᠡᠷ᠎ᠡ ᠪᠠᠰᠠ ᠬᠥᠳᠡᠯᠮᠦᠷᠢᠴᠢᠳ᠎ᠦᠨ ᠴᠠᠯᠢᠩ ᠢ᠋ ᠦᠰᠭᠡᠬᠦ ᠬᠡᠪ ᠤ᠋ᠨ ᠲᠣᠭ᠍ᠲᠡᠴᠡ᠎ᠶ᠋ᠢ ᠲᠡᠭᠦᠯᠳᠡᠷᠵᠢᠭᠦᠯᠬᠦ᠌ ᠬᠡᠷᠡᠭ᠌ᠲᠡᠢ ᠭᠡᠵᠦ᠍ ᠲᠣᠳᠣᠷᠬᠠᠢᠯᠠᠪᠠ᠃
ᠬᠠᠢᠨᠠᠨ ᠮᠤᠵᠢ᠎ᠶ᠋ᠢᠨ ᠤᠯᠤᠰ ᠲᠥᠷᠥ᠎ᠶ᠋ᠢᠨ ᠵᠥᠪᠯᠡᠯᠭᠡᠨ᠎ᠦ ᠪᠠᠢᠩᠭᠤ᠎ᠶ᠋ᠢᠨ ᠭᠡᠱᠢᠭᠦᠨ᠂ ᠬᠠᠢᠨᠠᠨ ᠮᠤᠵᠢ᠎ᠶ᠋ᠢᠨ ᠲᠠᠷᠢᠶᠠᠯᠠᠩ᠎ᠤᠨ ᠰᠣᠯᠢᠯᠴᠠᠭᠠᠨ᠎ᠤ ᠨᠡᠢᠭᠡᠮᠯᠢᠭ᠎ᠦᠨ ᠲᠡᠷᠢᠭᠦᠯᠡᠭ᠌ᠴᠢ ᠵᠧᠸ᠋ ᠳ᠋ᠡ ᠸᠧᠶ᠂ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠎ᠳᠦ ᠰᠠᠭᠤᠭᠠᠯᠢ ᠠᠷᠠᠳ᠎ᠤᠨ ᠣᠷᠣᠯᠭ᠎ᠠ᠎ᠶ᠋ᠢᠨ ᠨᠡᠮᠡᠭ᠌ᠳᠡᠯ᠎ᠦᠨ ᠬᠤᠷᠳᠤᠴᠠ᠎ᠶ᠋ᠢ ᠲᠣᠳᠣᠷᠬᠠᠶ ᠲᠣᠭ᠍ᠲᠠᠭᠠᠭ᠍ᠰᠠᠨ ᠨᠢ 《ᠠᠯᠢᠪᠠ ᠪᠦᠬᠦᠨ᠎ᠳᠦ ᠠᠷᠠᠳ ᠲᠦᠮᠡᠨ᠎ᠢᠶᠡᠷ ᠭᠤᠤᠯ ᠪᠣᠯᠭᠠᠬᠤ》ᠣᠢᠯᠠᠭᠠᠭ᠍ᠳᠠᠬᠤᠨ ᠢ ᠢᠯᠡᠷᠡᠭᠦᠯᠵᠤ᠂ ᠬᠣᠶᠠᠳᠠᠬᠢ ᠬᠤᠪᠢᠶᠠᠷᠢᠯᠠᠯᠲᠠ᠎ᠪᠠᠷ ᠳᠠᠮᠵᠢᠭᠤᠯᠤᠨ᠂ ᠬᠣᠲᠠ ᠪᠠᠯᠭᠠᠰᠤ ᠪᠠ ᠬᠥᠳᠡᠭᠡ ᠲᠣᠰᠭᠣᠨ᠎ᠤ ᠰᠠᠭᠤᠭᠠᠯᠢ ᠠᠷᠠᠳ᠎ᠤᠨ ᠣᠷᠣᠯᠭ᠎ᠠ᠎ᠶ᠋ᠢᠨ ᠵᠣᠬᠢᠴᠠᠩᠭᠤᠶ ᠨᠡᠮᠡᠭ᠌ᠳᠡᠯ᠎ᠢ ᠠᠬᠢᠭᠤᠯᠬᠤ ᠬᠡᠷᠡᠭ᠌ᠲᠡᠶ ᠭᠡᠪᠡ᠃
ᠬᠡᠷᠡᠭ᠌ᠯᠡᠭᠡ᠎ᠶ᠋ᠢ ᠥᠷᠭᠡᠳᠭᠡᠬᠦ᠌᠄ 《ᠬᠣᠶᠠᠷ ᠱᠢᠨ᠎ᠡ 》 ᠲᠥᠷᠥ᠎ᠶ᠋ᠢᠨ ᠪᠣᠳᠣᠯᠭ᠎ᠠ᠎ᠶ᠋ᠢᠨ ᠬᠡᠪᠴᠢᠶ᠎ᠡ᠎ᠶ᠋ᠢ ᠥᠷᠭᠡᠳᠭᠡᠨ ᠲᠠᠰ ᠳᠡᠪᠱᠢᠭᠦᠯᠵᠤ ᠠᠱᠢᠭ ᠭᠥᠷᠳᠡᠭᠡᠬᠦ ᠬᠡᠪᠴᠢᠶ᠎ᠠ ᠨᠢ ᠴᠤ᠌ ᠥᠷᠭᠡᠳᠬᠦ᠌ ᠪᠣᠯᠤᠨ᠎ᠠ
2024 ᠣᠨ᠎ᠳᠤ᠂ ᠶᠡᠬᠡ ᠬᠡᠪᠴᠢᠶᠡᠨ᠎ᠦ ᠲᠣᠨᠣᠭ ᠲᠥᠬᠥᠭᠡᠷᠦᠮᠵᠢ ᠵᠢ ᠰᠢᠨᠡᠳᠭᠡᠬᠦ ᠪᠠ ᠬᠡᠷᠡᠭ᠌ᠯᠡᠭᠡᠨ ᠤ᠋ ᠵᠦᠶ᠋ᠯ᠎ᠦᠨ ᠬᠠᠭᠤᠴᠢᠨ᠎ᠢᠶᠠᠷ ᠱᠢᠨ᠎ᠡ᠎ᠶ᠋ᠢ ᠰᠣᠯᠢᠬᠤ ᠠᠵᠢᠯᠯᠠᠭ᠎ᠠ᠎ᠶ᠋ᠢ ᠬᠡᠷᠡᠭ᠌ᠵᠢᠭᠦᠯᠬᠦ᠌᠎ᠶ᠋ᠢ ᠳᠠᠭᠠᠯᠳᠤᠨ᠂ ᠨᠠᠩ ᠣᠯᠠᠨ ᠴᠢᠨᠠᠷ ᠰᠠᠢᠲᠠᠶ ᠬᠡᠷᠡᠭ᠌ᠯᠡᠭᠡᠨ᠎ᠦ ᠵᠦᠶ᠋ᠯ ᠲᠦᠭ ᠲᠦᠮᠡᠨ ᠠᠢᠯ ᠡᠷᠦᠬᠡ᠎ᠳᠦ ᠣᠷᠣᠵᠤ᠂ ᠦᠨᠡᠨ ᠪᠣᠳᠠᠲᠠᠶ ᠬᠠᠷᠠᠭᠠᠯᠵᠠᠯ᠎ᠢ ᠠᠷᠠᠳ ᠣᠯᠠᠨ ᠳ᠋ᠤ ᠬᠦᠷᠳᠡᠭᠡᠪᠡ᠃ ᠡᠨᠡ ᠵᠢᠯ᠂ 《ᠬᠣᠶᠠᠷ ᠱᠢᠨ᠎ᠡ 》 ᠲᠥᠷᠥ᠎ᠶ᠋ᠢᠨ ᠪᠣᠳᠣᠯᠭ᠎ᠠ ᠶᠠᠮᠠᠷ ᠴᠢᠭ᠌ᠯᠡᠯ᠎ᠲᠡᠶ ᠪᠣᠶ?
ᠾᠸᠪᠸᠢ ᠮᠤᠵᠢ᠎ᠶ᠋ᠢᠨ ᠬᠢᠨ᠂ 《ᠬᠣᠶᠠᠷ ᠱᠢᠨ᠎ᠡ》 ᠲᠥᠷᠥ᠎ᠶ᠋ᠢᠨ ᠪᠣᠳᠣᠯᠭ᠎ᠠ ᠵᠢᠨ ᠬᠡᠪᠴᠢᠶ᠎ᠠ ᠵᠢ ᠦᠷᠭᠡᠳᠭᠡᠨ ᠬᠡᠷᠡᠭᠵᠢᠭᠦᠯᠵᠤ᠂ ᠮᠠᠱᠢᠨ ᠲᠡᠷᠭᠡ᠂ ᠬᠡᠷ᠎ᠦᠨ ᠴᠠᠬᠢᠯᠭᠠᠨ ᠬᠡᠷᠡᠭ᠌ᠰᠡᠯ᠂ ᠣᠷᠣᠨ ᠰᠠᠭᠤᠴᠠ ᠵᠡᠷᠭᠡ ᠪᠦᠭᠡᠮ ᠬᠡᠷᠡᠭ᠌ᠯᠡᠭᠡ᠎ᠶ᠋ᠢ ᠠᠬᠢᠭᠤᠯᠤᠨ᠎ᠠ ᠭᠡᠵᠦ᠍ ᠳᠤᠷᠠᠳᠴᠠᠢ᠃ ᠵᠧᠵᠢᠶᠠᠩ ᠮᠤᠵᠢ᠂ ᠮᠠᠱᠢᠨ ᠲᠡᠷᠭᠡ᠂ ᠭᠠᠷ ᠤᠲᠠᠰᠤ᠂ ᠬᠡᠷ᠎ᠦᠨ ᠴᠠᠬᠢᠯᠭᠠᠨ ᠬᠡᠷᠡᠭ᠌ᠰᠡᠯ ᠪᠠ ᠬᠡᠷ᠎ᠦᠨ ᠡᠳ᠋ᠯᠡᠯ᠂ ᠴᠠᠬᠢᠯᠭᠠᠨ ᠳᠤᠭᠤᠶ ᠲᠡᠷᠭᠡ ᠵᠡᠷᠭᠡ ᠬᠡᠷᠡᠭ᠌ᠯᠡᠭᠡᠨ᠎ᠦ ᠵᠦᠶ᠋ᠯ᠎ᠦᠨ ᠬᠠᠭᠤᠴᠢᠨ᠎ᠢᠶᠠᠷ ᠱᠢᠨ᠎ᠡ᠎ᠶ᠋ᠢ ᠰᠣᠯᠢᠬᠤ ᠪᠠ ᠡᠮᠴᠢᠯᠡᠭᠡᠨ᠎ᠦ ᠲᠥᠬᠥᠭᠡᠷᠦᠮᠵᠢ᠂ ᠴᠠᠬᠢᠯᠭᠠᠨ ᠱᠠᠲᠤ ᠵᠡᠷᠭᠡ ᠲᠥᠬᠥᠭᠡᠷᠦᠮᠵᠢ᠎ᠶ᠋ᠢ ᠱᠢᠨᠡᠳᠭᠡᠬᠦ᠌᠎ᠶ᠋ᠢ ᠦᠷᠭᠦᠯᠵᠢᠯᠡᠨ ᠠᠬᠢᠭᠤᠯᠵᠤ᠂ ᠲᠥᠷᠥ᠎ᠶ᠋ᠢᠨ ᠪᠣᠳᠣᠯᠭ᠎ᠠ᠎ᠶ᠋ᠢᠨ ᠵᠢᠷᠤᠭ ᠲᠥᠯᠥᠪᠯᠡᠭᠡ᠂ ᠨᠥᠬᠥᠪᠥᠷᠢ ᠥᠭ᠌ᠬᠦ ᠳᠡᠰ ᠳᠠᠷᠠᠭᠠᠯᠠᠯ᠂ ᠲᠤᠭᠠᠴᠠᠭ᠎ᠠ ᠬᠢᠬᠦ ᠠᠷᠭ᠎ᠠ ᠮᠠᠶᠢᠭ᠎ᠢ ᠱᠢᠯᠢᠳᠡᠭ᠌ᠵᠢᠭᠦᠯᠦᠨ᠂ ᠲᠥᠷᠥ᠎ᠶ᠋ᠢᠨ ᠪᠣᠳᠣᠯᠭ᠎ᠠ᠎ᠶ᠋ᠢᠨ ᠠᠱᠢᠭ ᠭᠥᠷᠳᠡᠭᠡᠬᠦ᠌ ᠬᠡᠪᠴᠢᠶ᠎ᠡ᠎ᠶ᠋ᠢ ᠥᠷᠭᠡᠳᠭᠡᠨ᠎ᠡ ᠭᠡᠵᠤ ᠳᠤᠳᠤᠷᠬᠠᠢᠯᠠᠪᠠ᠃ ᠵᠢᠶᠠᠩᠰᠦ ᠮᠤᠵᠢ ᠴᠤ᠌《ᠬᠣᠶᠠᠷ ᠱᠢᠨ᠎ᠡ》 ᠲᠥᠷᠥ᠎ᠶ᠋ᠢᠨ ᠪᠣᠳᠣᠯᠭ᠎ᠠ ᠵᠢᠨ ᠬᠡᠪᠴᠢᠶ᠎ᠠ ᠵᠢ ᠦᠷᠭᠡᠳᠭᠡᠨ ᠨᠠᠢᠳᠠᠪᠤᠷᠢᠵᠢᠭᠤᠯᠵᠤ᠂ ᠨᠥᠬᠥᠪᠥᠷᠢ ᠥᠭ᠌ᠬᠦ ᠠᠷᠭ᠎ᠠ ᠮᠠᠶᠢᠭ᠎ᠢᠶᠠᠨ ᠱᠢᠯᠢᠳᠡᠭ᠌ᠵᠢᠭᠦᠯᠬᠦ᠌᠎ᠪᠡᠷ ᠪᠠᠢᠨ᠎ᠠ᠃ ᠬᠤᠨᠠᠨ ᠮᠤᠵᠢ ᠬᠡᠷᠡᠭ᠌ᠯᠡᠭᠡ᠎ᠶ᠋ᠢ ᠬᠥᠭ᠌ᠵᠢᠭᠡᠬᠦ᠌ ᠲᠤᠰᠭᠠᠢ ᠠᠵᠢᠯᠯᠠᠭ᠎ᠠ᠎ᠶ᠋ᠢ ᠠᠬᠢᠭᠤᠯᠵᠤ᠂ 《ᠬᠠᠭᠤᠴᠢᠨ᠎ᠢᠶᠠᠷ ᠱᠢᠨ᠎ᠡ᠎ᠶ᠋ᠢ ᠰᠣᠯᠢᠬᠤ》 ᠵᠡᠷᠭᠡ ᠱᠢᠷᠢᠰ ᠠᠵᠢᠯᠯᠠᠭ᠎ᠠ᠎ᠶ᠋ᠢ ᠦᠷᠭᠦᠯᠵᠢᠯᠡᠨ ᠬᠡᠷᠡᠭ᠌ᠵᠢᠭᠦᠯᠦᠨ᠎ᠠ᠃
ᠬᠥᠭ᠌ᠵᠢᠭᠦᠯᠦᠨ ᠮᠠᠨᠳᠤᠭᠤᠯᠬᠤ᠄ ᠶᠠᠳᠠᠭᠤ ᠡᠴᠡ ᠠᠩᠭᠢᠵᠢᠷᠠᠭᠤᠯᠬᠤ ᠪᠤᠭᠤᠮᠳᠠ ᠰᠢᠪᠳᠤᠯᠤᠭᠰᠠᠨ ᠦᠷ᠎ᠡ ᠪᠦᠲᠦᠭᠡᠯ᠎ᠢ ᠦᠷᠭᠦᠯᠵᠢᠯᠡᠨ ᠪᠡᠬᠢᠵᠢᠭᠦᠯᠦᠨ ᠥᠷᠭᠡᠳᠭᠡᠨ᠎ᠡ
2025 ᠣᠨ ᠪᠣᠯ ᠶᠠᠳᠠᠭᠤ᠎ᠡᠴᠡ ᠠᠩᠭᠢᠵᠢᠷᠠᠭᠤᠯᠬᠤ ᠪᠣᠭᠣᠮᠲᠠ ᠱᠢᠪᠲᠤᠯᠤᠭᠰᠠᠨ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠭᠡᠬᠦ᠌ ᠪᠠ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ᠎ᠶ᠋ᠢ ᠵᠤᠯᠭᠠᠭᠤᠯᠬᠤ 5 ᠵᠢᠯ᠎ᠦᠨ ᠱᠢᠯᠵᠢᠯᠲᠡ᠎ᠶ᠋ᠢᠨ ᠬᠤᠭᠤᠴᠠᠭ᠎ᠠ ᠵᠢᠨ ᠡᠴᠦᠰ᠎ᠦᠨ ᠨᠢᠭᠡ ᠵᠢᠯ ᠪᠣᠯᠤᠨ᠎ᠠ᠂ ᠡᠯ᠎ᠡ ᠭᠠᠵᠠᠷ᠎ᠤᠨ᠎ᠬᠢᠨ ᠬᠥᠭ᠌ᠵᠢᠭᠦᠯᠦᠨ ᠮᠠᠨᠳᠤᠭᠤᠯᠬᠤ᠎ᠶ᠋ᠢ ᠠᠬᠢᠭᠤᠯᠬᠤ ᠱᠢᠨ᠎ᠡ ᠠᠷᠭ᠎ᠠ ᠬᠡᠮᠵᠢᠶ᠎ᠡ᠎ᠶ᠋ᠢ ᠵᠠᠯᠭᠠᠭ᠎ᠠ᠎ᠪᠠᠷ ᠲᠤᠭᠳᠠᠭᠠᠪᠠ᠃
ᠱᠠᠨᠰᠢ ᠮᠤᠵᠢ᠎ᠶ᠋ᠢᠨ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠎ᠳᠦ᠂ ᠬᠥᠳᠡᠭᠡ ᠲᠣᠰᠭᠣᠨ᠎ᠢ ᠪᠥᠬᠥ᠌ ᠲᠠᠯ᠎ᠠ᠎ᠪᠠᠷ ᠬᠥᠭ᠌ᠵᠢᠭᠦᠯᠦᠨ ᠮᠠᠨᠳᠤᠭᠤᠯᠬᠤ᠎ᠶ᠋ᠢ ᠠᠬᠢᠭᠤᠯᠵᠤ᠂ 《ᠮᠢᠩᠭ᠎ᠠ ᠲᠦᠮᠡ᠎ᠶ᠋ᠢᠨ ᠢᠨᠵᠧᠨᠧᠷᠢᠩ》 ᠤ᠋ᠨ ᠵᠢᠱ᠌ᠢᠶ᠎ᠡ ᠦᠵᠡᠭᠦᠯᠬᠦ᠌ ᠲᠣᠰᠭᠣᠨ᠎ᠢ 500 ᠪᠠᠢᠭᠤᠯᠤᠨ᠎ᠠ ᠭᠡᠵᠦ᠍ ᠳᠤᠷᠠᠳᠪᠠ᠃ ᠵᠢᠶᠠᠩᠰᠢ ᠮᠤᠵᠢ ᠤᠯᠤᠰ᠎ᠤᠨ ᠬᠤᠳᠠ ᠬᠥᠳᠡᠭᠡ᠎ᠶ᠋ᠢ ᠠᠭᠤᠰᠤᠯᠴᠠᠭᠤᠯᠤᠨ ᠬᠥᠭ᠌ᠵᠢᠭᠦᠯᠬᠦ᠌ ᠲᠤᠷᠱᠢᠯᠲᠠ᠎ᠶ᠋ᠢᠨ ᠣᠷᠣᠨ᠎ᠤ ᠪᠦᠳᠦᠬᠡᠨ ᠪᠠᠢᠭᠤᠯᠤᠯᠲᠠ᠎ᠶ᠋ᠢ ᠭᠦᠨᠵᠡᠭᠡᠢᠷᠡᠭᠦᠯᠵᠦ᠍᠂ ᠬᠤᠳᠠ ᠪᠠᠯᠭᠠᠰᠤᠨ᠎ᠤ ᠰᠠᠭᠤᠷᠢ ᠲᠥᠬᠥᠭᠡᠷᠦᠮᠵᠢ ᠪᠣᠯᠤᠨ ᠤᠯᠠᠨ ᠨᠡᠢᠲᠡ᠎ᠶ᠋ᠢᠨ ᠦᠢᠯᠡᠴᠢᠯᠡᠭᠡ᠎ᠶ᠋ᠢ ᠬᠥᠳᠡᠭᠡ ᠲᠣᠰᠭᠣᠨ ᠲᠡᠢᠰᠢ ᠤᠷᠳᠤᠳᠬᠠᠬᠤ ᠵᠢ ᠠᠬᠢᠭᠤᠯᠤᠨ᠎ᠠ᠃
ᠱᠢᠨᠵᠢᠶᠠᠩ ᠤ᠋ᠨ ᠬᠢᠨ᠂ ᠬᠥᠳᠡᠭᠡ ᠲᠣᠰᠭᠣᠨ᠎ᠤ ᠤᠨᠴᠠᠯᠢᠬ᠍ᠳᠤ ᠡᠬᠢ ᠪᠠᠶᠠᠯᠢᠭ᠎ᠢ ᠭᠦᠨᠵᠡᠭᠡᠢ ᠠᠭᠤᠳᠠᠯᠵᠤ᠂ ᠲᠦᠷᠦᠯ ᠲᠡᠮᠳᠡᠭ᠎ᠦᠨ ᠪᠠᠢᠯᠳᠤᠬᠤ ᠪᠤᠳᠤᠯᠭ᠎ᠠ᠎ᠶ᠋ᠢ ᠬᠡᠷᠡᠭ᠌ᠵᠢᠭᠦᠯᠵᠦ᠍᠂ ᠬᠥᠳᠡᠭᠡ ᠲᠣᠰᠭᠣᠨ᠎ᠤ ᠱᠢᠨ᠎ᠡ ᠠᠵᠤ ᠦᠢᠯᠡᠰ ᠱᠢᠨ᠎ᠡ ᠡᠵᠡᠩᠨᠡᠯᠲᠡ᠎ᠶ᠋ᠢᠨ ᠬᠡᠯᠪᠡᠷᠢ᠎ᠶ᠋ᠢ ᠪᠣᠢᠵᠢᠭᠤᠯᠵᠤ᠂ ᠶᠠᠳᠠᠭᠤ᠎ᠡᠴᠡ ᠠᠩᠭᠢᠵᠢᠷᠠᠭᠤᠯᠬᠤ ᠪᠣᠭᠣᠮᠲᠠ ᠱᠢᠪᠲᠤᠯᠤᠭ᠍ᠰᠠᠨ ᠦᠷ᠎ᠡ ᠪᠦᠲᠦᠭᠡᠯ ᠢ ᠦᠷᠭᠦᠯᠵᠢᠯᠡᠨ ᠪᠡᠬᠢᠵᠢᠭᠦᠯᠦᠨ ᠥᠷᠭᠡᠳᠭᠡᠵᠦ᠍᠂ ᠠᠷᠭ᠎ᠠ ᠪᠦᠬᠦᠨ᠎ᠢ ᠰᠦᠪᠡᠭ᠌ᠴᠢᠯᠡᠨ ᠲᠠᠷᠢᠶᠠᠴᠢᠳ ᠤᠨ ᠣᠷᠣᠯᠭ᠎ᠠ᠎ᠶ᠋ᠢ ᠨᠡᠮᠡᠭ᠌ᠳᠡᠭᠦᠯᠬᠦ᠌ ᠠᠷᠭ᠎ᠠ ᠵᠠᠮ᠎ᠢ ᠥᠷᠭᠡᠳᠭᠡᠨ᠎ᠡ ᠭᠡᠵᠦ᠍ ᠳᠤᠷᠠᠳᠪᠠ᠃ ᠬᠤᠨᠠᠨ ᠮᠤᠵᠢ᠎ᠶ᠋ᠢᠨ ᠬᠢᠨ᠂ ᠲᠠᠷᠢᠶᠠᠴᠢᠳ᠎ᠤᠨ ᠣᠷᠣᠯᠭ᠎ᠠ᠎ᠶ᠋ᠢ ᠨᠡᠮᠡᠭ᠌ᠳᠡᠭᠦᠯᠵᠦ᠍ ᠬᠠᠮᠲᠤ᠎ᠪᠠᠷ ᠪᠠᠶᠠᠵᠢᠬᠤ᠎ᠶ᠋ᠢ ᠠᠬᠢᠭᠤᠯᠵᠤ᠂ ᠶᠠᠳᠠᠭᠤ᠎ᠡᠴᠡ ᠠᠩᠭᠢᠵᠢᠷᠠᠭᠤᠯᠬᠤ ᠪᠣᠭᠣᠮᠲᠠ ᠱᠢᠪᠲᠤᠯᠤᠭ᠍ᠰᠠᠨ ᠦᠷ᠎ᠡ ᠪᠦᠲᠦᠭᠡᠯ᠎ᠢ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ᠎ᠯᠤᠭ᠎ᠠ ᠪᠦᠲᠦᠮᠵᠢᠲᠡᠢ ᠵᠣᠯᠭᠠᠭᠤᠯᠬᠤ᠎ᠶ᠋ᠢ ᠦᠷᠭᠦᠯᠵᠢᠯᠡᠨ ᠪᠡᠬᠢᠵᠢᠭᠦᠯᠦᠨ ᠥᠷᠭᠡᠳᠭᠡᠨ᠎ᠡ ᠭᠡᠵᠦ᠍ ᠳᠤᠷᠠᠳᠪᠠ᠃ ᠶᠦᠨᠨᠠᠨ ᠮᠤᠵᠢ᠎ᠶ᠋ᠢᠨ ᠬᠢᠨ ᠪᠠᠰᠠ᠂ ᠱᠢᠨ᠎ᠡ ᠨᠢᠭᠡ ᠡᠭᠡᠯᠵᠢ᠎ᠶ᠋ᠢᠨ ᠲᠠᠷᠢᠶᠠᠴᠢᠳ ᠤ᠋ᠨ ᠣᠷᠣᠯᠭ᠎ᠠ᠎ᠶ᠋ᠢ ᠨᠡᠮᠡᠭ᠌ᠳᠡᠭᠦᠯᠬᠦ᠌ ᠭᠤᠷᠪᠠᠨ ᠵᠢᠯ᠎ᠦᠨ ᠠᠵᠢᠯᠯᠠᠭ᠎ᠠ᠎ᠶ᠋ᠢ ᠬᠡᠷᠡᠭ᠌ᠵᠢᠭᠦᠯᠵᠦ᠍᠂ ᠶᠠᠳᠠᠭᠤ᠎ᠡᠴᠡ ᠠᠩᠭᠢᠵᠢᠷᠠᠭᠤᠯᠤᠭᠰᠠᠨ ᠬᠥᠳᠡᠯᠮᠦᠷᠢ ᠬᠦᠴᠦᠨ᠎ᠢ ᠱᠢᠯᠵᠢᠭᠦᠯᠦᠨ ᠠᠵᠢᠯ ᠣᠯᠭᠣᠬᠤ ᠬᠡᠪᠴᠢᠶ᠎ᠠ᠎ᠶ᠋ᠢ 320 ᠲᠦᠮᠡ ᠭᠠᠷᠤᠢ ᠬᠥᠮᠦᠨ᠎ᠳᠦ ᠬᠦᠷᠭᠡᠨ᠎ᠡ ᠭᠡᠵᠦ᠍ ᠳᠤᠷᠠᠳᠴᠠᠢ᠃
(ᠱᠢᠨᠬᠤᠸᠠ ᠬᠣᠷᠢᠶ᠎ᠠ ᠵᠢᠨ ᠪᠡᠭᠡᠵᠢᠩ᠎ᠦᠨ 1 ᠰᠠᠷ᠎ᠠ᠎ᠶ᠋ᠢᠨ 22 ᠤ᠋ᠨ ᠴᠠᠬᠢᠯᠭᠠᠨ ᠮᠡᠳᠡᠭᠡ ᠡᠴᠡ)