ᠦᠪᠤᠷ ᠮᠤᠩᠭᠤᠯ᠎ᠤᠨ ᠦᠪᠡᠷᠳᠡᠭᠡᠠ ᠵᠡᠰᠡᠬᠤ ᠤᠷᠦᠠ᠎ᠤ ᠠᠷᠡᠦᠠ᠎ᠤᠨ ᠲᠦᠯᠦᠭᠡᠯᠡᠭᠴᠢᠦᠠ᠎ᠤᠨ ᠶᠡᠭᠡ ᠬᠤᠷᠡᠯ᠎ᠤᠨ ᠪᠠᠶ᠋ᠢᠩᠭᠤ᠎ᠶᠢᠨ ᠬᠤᠷᠢᠶᠡᠠ᠎ᠤ ᠠᠵᠢᠯ᠎ᠤᠨ ᠮᠡᠳᠡᠬᠦᠯᠦᠯᠳᠠ
2025-01-25 12:17:18
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

— 2025 ᠤᠠ᠎ᠤ 1 ᠰᠡᠷ᠎ᠠ᠎ᠶᠢᠨ 16᠎ᠤ᠋ ᠡᠳᠦᠷ ᠦᠪᠦᠷ ᠮᠤᠩᠭᠤᠯ᠎ᠤᠨ ᠦᠪᠡᠷᠳᠡᠭᠡᠠ ᠵᠡᠰᠡᠬᠤ ᠤᠷᠦᠠ᠎ᠤ ᠠᠷᠪᠡᠠ ᠳᠦᠷᠪᠡᠳᠦᠭᠡᠷ ᠬᠤᠭᠤᠴᠡᠭᠠᠠ᠎ᠤ ᠠᠷᠡᠦᠠ᠎ᠤᠨ ᠲᠦᠯᠦᠭᠡᠯᠡᠭᠴᠢᠦᠠ᠎ᠤᠨ ᠶᠡᠭᠡ ᠬᠤᠷᠡᠯ᠎ᠤᠨ ᠭᠤᠷᠪᠠᠳᠤᠭᠠᠷ ᠬᠤᠷᠡᠯ ᠲᠡᠭᠡᠷ᠎ᠠ


ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠲᠦᠯᠦᠬᠡᠯᠡᠭᠴᠢᠳ᠎ᠤᠨ ᠶᠡᠬᠡ ᠬᠤᠷᠠᠯ᠎ᠤᠨ ᠪᠠᠢᠩᠭᠤ ᠵᠢᠨ ᠬᠤᠷᠢᠶ᠎ᠠ ᠵᠢᠨ ᠳᠡᠳ᠋  ᠡᠷᠬᠢᠯᠡᠭᠴᠢ    ᠵᠠᠩ ᠱᠤᠤ ᠴᠦᠨ 


ᠲᠥᠯᠥᠭᠡᠯᠡᠭᠴᠢᠳ ᠡ᠄ 

ᠪᠢ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ᠎ᠤᠨ ᠪᠠᠶ᠋ᠢᠩᠭᠤ᠎ᠶᠢᠨ ᠬᠤᠷᠢᠶᠠᠨ᠎ᠤ ᠨᠠᠶ᠋ᠢᠳᠠᠯᠭ᠎ᠠ ᠪᠠᠷ ᠶᠡᠭᠡ ᠬᠤᠷᠠᠯ᠎ᠳᠤ ᠠᠵᠢᠯ᠎ᠢᠶᠠᠨ ᠮᠡᠳᠡᠭᠦᠯᠦᠶ᠎ᠡ᠂ ᠬᠢᠨᠠᠨ ᠵᠥᠪᠯᠡᠬᠦ᠌ ᠪᠣᠯᠪᠠᠤ᠃ 

ᠥᠩᠭᠡᠷᠡᠭᠰᠡᠨ ᠨᠢᠭᠡ ᠵᠢᠯ᠎ᠤᠨ ᠭᠤᠣᠯ ᠠᠵᠢᠯ 

2024 ᠣᠨ ᠪᠣᠯ ᠪᠦᠬᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ ᠪᠠᠶ᠋ᠢᠭᠤᠯᠤᠭᠳᠠᠭᠰᠠᠨ 75 ᠵᠢᠯ᠎ᠤᠨ ᠤᠢ᠂ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ᠎ᠤᠨ ᠪᠠᠶ᠋ᠢᠭᠤᠯᠤᠯ ᠪᠠᠶ᠋ᠢᠭᠤᠯᠤᠭᠳᠠᠭᠰᠠᠨ 70 ᠵᠢᠯ᠎ᠤᠨ ᠤᠢ ᠪᠣᠯᠤᠨ᠎ᠠ᠂ ᠮᠥᠨᠴᠦ᠍ ᠣᠷᠣᠨ ᠨᠤᠲᠤᠭ᠎ᠤᠨ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ᠎ᠤᠨ ᠪᠠᠶ᠋ᠢᠩᠭᠤ᠎ᠶᠢᠨ ᠬᠤᠷᠢᠶ᠎ᠠ ᠪᠠᠶ᠋ᠢᠭᠤᠯᠤᠭᠳᠠᠭᠰᠠᠨ 45 ᠵᠢᠯ᠎ᠤᠨ ᠤᠢ ᠪᠣᠯᠤᠨ᠎ᠠ᠃ ᠨᠢᠭᠡ ᠵᠢᠯ᠎ᠤᠨ ᠲᠤᠷᠰᠢ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ᠎ᠤᠨ ᠪᠠᠶ᠋ᠢᠩᠭᠤ᠎ᠶᠢᠨ ᠬᠤᠷᠢᠶ᠎ᠠ ᠰᠢ᠎ᠶᠢᠨ ᠫᠢᠩ᠎ᠤᠨ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠤᠯᠭᠠᠵᠦ᠍᠂ ᠰᠢ᠎ᠶᠢᠨ ᠫᠢᠩ᠎ᠤᠨ ᠬᠠᠤᠯᠢᠵᠢᠯ᠎ᠤᠨ ᠦᠵᠡᠯ ᠰᠠᠨᠠᠭ᠎ᠠ᠂ ᠶᠡᠷᠦᠩᠬᠡᠢ ᠱᠦᠵᠢ ᠰᠢ᠎ᠶᠢᠨ ᠫᠢᠩ᠎ᠤᠨ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ᠎ᠤᠨ ᠪᠠᠶ᠋ᠢᠭᠤᠯᠤᠯ᠎ᠢ ᠪᠠᠷᠢᠮᠲᠠᠯᠠᠨ ᠲᠡᠭᠦᠯᠳᠡᠷᠵᠢᠭᠦᠯᠬᠦ᠌ ᠲᠤᠬᠠᠢ ᠴᠢᠬᠤᠯᠠ ᠦᠵᠡᠯ ᠰᠠᠨᠠᠭ᠎ᠠ᠎ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠦ᠍᠂ ᠶᠡᠷᠦᠩᠬᠡᠢ ᠱᠦᠵᠢ ᠰᠢ᠎ᠶᠢᠨ ᠫᠢᠩ᠎ᠤᠨ ᠥᠪᠥᠷ ᠮᠣᠩᠭᠤᠯ᠎ᠤᠨ ᠳᠤᠬᠠᠢ ᠴᠢᠬᠤᠯᠠ ᠵᠢᠭᠠᠪᠤᠷᠢ᠎ᠶᠢᠨ ᠵᠣᠷᠢᠭ ᠰᠠᠨᠠᠭ᠎ᠠ᠎ᠶᠢ ᠪᠦᠬᠦ᠌ ᠲᠠᠯ᠎ᠠ᠎ᠪᠠᠷ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠪᠦᠬᠦ᠌ ᠶᠠᠪᠤᠴᠠ᠎ᠶᠢᠨ ᠠᠷᠠᠳ᠎ᠤᠨ ᠠᠷᠠᠳᠴᠢᠯᠠᠯ᠎ᠤᠨ ᠴᠢᠬᠤᠯᠠ ᠶᠡᠭᠡ ᠤᠢ᠌ᠯᠠᠭᠠᠭᠳᠠᠬᠤᠨ᠎ᠢ ᠭᠦᠨᠵᠡᠭᠡᠢ ᠦᠢᠯᠡᠳᠦᠯᠭᠡᠵᠢᠭᠦᠯᠵᠦ᠍᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶᠠᠨ᠎ᠤ ᠪᠠᠲᠤ᠌ ᠴᠢᠩᠭ᠎ᠠ ᠤᠳᠤᠷᠢᠳᠤᠯᠭ᠎ᠠ ᠳᠣᠣᠷ᠎ᠠ 《ᠨᠢᠭᠡ ᠭᠤᠣᠯ ᠰᠢᠵᠢᠮ᠎ᠢ ᠲᠤᠭᠤᠰᠢᠯᠠᠭᠤᠯᠵᠦ᠍᠂ ᠬᠤᠶᠠᠷ ᠶᠡᠭᠡ ᠶᠠᠪᠤᠳᠠᠯ᠎ᠢ ᠰᠠᠶ᠋ᠢᠲᠤᠷ ᠬᠢᠵᠦ᠍᠂ ᠮᠣᠩᠭᠤᠯ ᠮᠤᠷᠢᠨ᠎ᠤ ᠵᠣᠷᠢᠭ ᠰᠠᠨᠠᠭ᠎ᠠ᠎ᠶᠢ ᠪᠠᠳᠠᠷᠠᠭᠤᠯᠵᠤ᠂ ᠰᠢᠨ᠎ᠡ ᠵᠠᠮ ᠨᠡᠬᠡᠬᠡᠨ ᠳᠤᠮᠳᠠ᠎ᠶᠢᠨ ᠲᠥᠪᠰᠢᠨ᠎ᠳᠤ ᠤᠷᠤᠬᠤ》 ᠭᠤᠤᠯᠳᠠᠯᠭ᠎ᠠ ᠪᠠ ᠶᠡᠭᠡ ᠲᠠᠯ᠎ᠠ᠎ᠲᠠᠢ ᠨᠢᠭᠲᠠ ᠤᠶᠠᠯᠳᠣᠭᠤᠯᠵᠦ᠍᠂ ᠦᠨᠳᠦᠰᠦᠨ ᠬᠠᠤᠯᠢ ᠬᠠᠤᠯᠢ ᠴᠠᠭᠠᠵᠠ᠎ᠠᠴᠠ ᠣᠯᠭᠤᠭᠰᠠᠨ ᠲᠤᠰᠢᠶᠠᠯ ᠬᠠᠷᠢᠭᠤᠴᠠᠯᠭ᠎ᠠ᠎ᠪᠠᠨ ᠨᠠᠷᠢᠨ ᠬᠢᠨᠠᠮᠠᠭᠠᠢ ᠭᠦᠢᠴᠡᠳᠬᠡᠵᠦ᠍᠂ ᠲᠣᠭᠲᠠᠭᠤᠨ᠎ᠤ ᠳᠤᠮᠳᠠ ᠤᠷᠤᠭᠰᠢᠯᠠᠬᠤ᠂ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ᠎ᠤᠨ ᠠᠵᠢᠯ᠎ᠤᠨ ᠴᠢᠨᠠᠷ ᠰᠠᠶ᠋ᠢᠲᠠᠢ ᠬᠥᠭᠵᠢᠯᠲᠡ᠎ᠶᠢ ᠲᠥᠯᠬᠢᠨ ᠠᠬᠢᠭᠤᠯᠪᠠ᠃

ᠨᠢᠭᠡ᠂ ᠨᠠᠮ᠎ᠤᠨ ᠪᠦᠬᠦ᠌ ᠲᠠᠯ᠎ᠠ᠎ᠶᠢᠨ ᠤᠳᠤᠷᠢᠳᠤᠯᠭ᠎ᠠ᠎ᠶᠢ ᠪᠠᠷᠢᠮᠲᠠᠯᠠᠵᠤ᠂ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ᠎ᠤᠨ ᠠᠵᠢᠯ᠎ᠤᠨ ᠤᠯᠤᠰ ᠲᠦᠷᠦ᠎ᠶᠢᠨ ᠵᠥᠪ ᠴᠢᠭᠯᠡᠯ᠎ᠢ ᠪᠠᠲᠤ᠌ ᠡᠵᠡᠮᠳᠡᠪᠡ 

ᠰᠢ᠎ᠶᠢᠨ ᠫᠢᠩ ᠨᠥᠬᠦᠷ᠎ᠢᠶᠠᠷ ᠭᠤᠤᠯ ᠪᠤᠯᠭᠠᠭᠰᠠᠨ ᠨᠠᠮ᠎ᠤᠨ ᠲᠥᠪ ᠬᠤᠷᠢᠶᠠᠨ᠎ᠤ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠪᠣᠯ ᠠᠯᠢᠪᠠ ᠠᠵᠢᠯ᠎ᠢ ᠰᠠᠶ᠋ᠢᠲᠤᠷ ᠬᠢᠬᠦ᠌᠎ᠶᠢᠨ ᠦᠨᠳᠦᠰᠦᠨ ᠪᠠᠲᠤᠯᠠᠭ᠎ᠠ ᠮᠥᠨ᠃ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ᠎ᠤᠨ ᠪᠠᠶ᠋ᠢᠩᠭᠤ᠎ᠶᠢᠨ ᠬᠤᠷᠢᠶ᠎ᠠ ᠲᠤᠭ ᠲᠡᠮᠳᠡᠭ ᠲᠣᠳᠣᠷᠬᠠᠢ᠎ᠪᠠᠷ ᠤᠯᠤᠰ ᠲᠦᠷᠦ᠎ᠶᠢ ᠡᠷᠬᠢᠮᠯᠡᠬᠦ᠌᠎ᠶᠢ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ᠎ᠤᠨ ᠠᠵᠢᠯ᠎ᠤᠨ ᠡᠯ᠎ᠡ ᠲᠠᠯ᠎ᠠ᠎ᠶᠢᠨ ᠪᠦᠬᠦ᠌ ᠶᠠᠪᠤᠴᠠ᠎ᠳᠤ ᠲᠤᠭᠤᠰᠢᠯᠠᠭᠤᠯᠵᠦ᠍᠂ ᠪᠣᠳᠠᠲᠤ᠌ ᠠᠵᠢᠯᠯᠠᠭ᠎ᠠ ᠪᠠᠷ᠎ᠢᠶᠠᠨ 《ᠬᠤᠶᠠᠷ᠎ᠢ ᠲᠤᠭᠳᠠᠭᠠᠭᠰᠠᠨ》᠎ᠢ᠋ ᠦᠨᠡᠨᠴᠢ᠎ᠪᠠᠷ ᠬᠦᠷᠢᠶᠡᠯᠡᠵᠦ᠍᠂ 《ᠬᠤᠶᠠᠷ᠎ᠢ ᠬᠠᠮᠠᠭᠠᠯᠠᠬᠤ》 ᠵᠢ ᠡᠷᠡᠰ ᠪᠡᠶᠡᠯᠡᠭᠦᠯᠪᠡ᠃ 

ᠨᠢᠭᠡ᠎ᠳᠤ ᠰᠢ᠎ᠶᠢᠨ ᠫᠢᠩ᠎ᠤᠨ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠰᠡᠳᠬᠢᠯ ᠰᠠᠨᠠᠭ᠎ᠠ᠎ᠪᠠᠨ ᠨᠢᠭᠳᠠᠷᠠᠭᠤᠯᠵᠦ᠍᠂ ᠰᠦᠭ ᠰᠦᠨᠡᠰᠦ ᠪᠠᠨ ᠱᠤᠭᠤᠬᠤ᠎ᠶᠢ ᠴᠥᠭᠦᠷᠡᠰᠢ ᠥᠬᠡᠢ ᠪᠠᠷᠢᠮᠳᠠᠯᠠᠪᠠ᠃ ᠨᠠᠮ᠎ᠤᠨ ᠰᠢᠨ᠎ᠡ᠎ᠶᠢ ᠡᠭᠦᠳᠬᠦ᠌ ᠤᠨᠤᠯ᠎ᠢᠶᠠᠷ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ᠎ᠤᠨ ᠠᠵᠢᠯ᠎ᠢ ᠪᠦᠬᠦ᠌ ᠲᠠᠯ᠎ᠠ᠎ᠪᠠᠷ ᠡᠵᠡᠮᠳᠡᠭᠦᠯᠬᠦ᠌ ᠪᠠ ᠵᠢᠯᠣᠭᠤᠳᠤᠭᠤᠯᠬᠤ᠎ᠶᠢ ᠪᠠᠷᠢᠮᠲᠠᠯᠠᠵᠤ᠂ ᠶᠡᠷᠦᠩᠬᠡᠢ ᠱᠦᠵᠢ ᠰᠢ᠎ᠶᠢᠨ ᠫᠢᠩ᠎ᠤᠨ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ᠎ᠤᠨ ᠪᠠᠶ᠋ᠢᠭᠤᠯᠤᠯ᠎ᠢ ᠪᠠᠷᠢᠮᠲᠠᠯᠠᠨ ᠲᠡᠭᠦᠯᠳᠡᠷᠵᠢᠭᠦᠯᠬᠦ᠌ ᠲᠤᠬᠠᠢ ᠴᠢᠬᠤᠯᠠ ᠦᠵᠡᠯ ᠰᠠᠨᠠᠭ᠎ᠠ᠎ᠶᠢ ᠭᠦᠨᠵᠡᠭᠡᠢ ᠰᠤᠷᠤᠯᠴᠠᠨ ᠨᠡᠪᠲᠡᠷᠡᠲᠡᠯ᠎ᠡ ᠣᠢ᠌ᠯᠠᠭᠠᠬᠤ᠎ᠪᠠᠷ ᠦᠨᠳᠦᠰᠦᠨ ᠪᠣᠯᠪᠠᠰᠤᠷᠠᠯ ᠪᠠ ᠵᠠᠪᠠᠯ ᠰᠤᠷᠬᠤ ᠬᠢᠴᠢᠶᠡᠯ ᠪᠣᠯᠭᠠᠵᠤ᠂ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ᠎ᠤᠨ ᠪᠠᠶ᠋ᠢᠭᠤᠯᠤᠯ᠎ᠢ ᠬᠡᠷᠡᠭᠵᠢᠭᠦᠯᠬᠦ᠌ ᠲᠡᠦᠬᠡ᠎ᠶᠢᠨ ᠯᠣᠭᠢᠭ᠂ ᠤᠨᠤᠯ᠎ᠤᠨ ᠯᠣᠭᠢᠭ᠂ ᠦᠢᠯᠡᠳᠦᠯᠭᠡ᠎ᠶᠢᠨ ᠯᠣᠭᠢᠭ᠎ᠢ ᠭᠦᠨᠵᠡᠭᠡᠢ ᠠᠳᠬᠤᠵᠤ᠂ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ᠎ᠤᠨ ᠠᠵᠢᠯ᠎ᠤᠨ ᠶᠡᠭᠡ ᠴᠢᠭᠯᠡᠯ᠂ ᠶᠡᠭᠡ ᠵᠠᠷᠴᠢᠮ᠂ ᠶᠡᠭᠡ ᠶᠣᠰᠣ᠎ᠶᠢ ᠪᠠᠲᠤ᠌ ᠰᠠᠬᠢᠵᠤ᠂ ᠦᠨᠠᠨ ᠭᠦ᠌ ᠨᠠᠮ᠎ᠤᠨ ᠰᠢᠨ᠎ᠡ᠎ᠶᠢ ᠡᠭᠦᠳᠬᠦ᠌ ᠤᠨᠤᠯ᠎ᠢᠶᠠᠷ ᠦᠵᠡᠯ ᠰᠠᠨᠠᠭ᠎ᠠ᠎ᠪᠠᠨ ᠨᠢᠭᠡᠳᠬᠡᠵᠦ᠍᠂ ᠵᠣᠷᠢᠭ ᠰᠠᠨᠠᠭ᠎ᠠ᠎ᠪᠠᠨ ᠨᠢᠭᠡᠳᠬᠡᠵᠦ᠍᠂ ᠦᠢᠯᠡ ᠠᠵᠢᠯᠯᠠᠭ᠎ᠠ ᠪᠠᠨ ᠨᠢᠭᠡᠳᠭᠡᠪᠡ᠃ 

ᠬᠤᠶᠠᠷ᠎ᠲᠤ᠌ ᠥᠭᠡᠷᠡᠴᠢᠯᠡᠯᠲᠡ᠎ᠶᠢ ᠤᠯᠠᠮ ᠨᠢᠭᠡ ᠠᠯᠬᠤᠮ ᠪᠦᠬᠦ᠌ ᠲᠠᠯ᠎ᠠ᠎ᠪᠠᠷ ᠭᠦᠨᠵᠡᠭᠡᠶ᠋ᠢᠷᠡᠭᠦᠯᠬᠦ᠌ ᠤᠯᠤᠰ ᠲᠦᠷᠦ᠎ᠶᠢᠨ ᠬᠠᠷᠢᠭᠤᠴᠠᠯᠭ᠎ᠠ᠎ᠶᠢ ᠭᠤᠶ᠋ᠢᠪᠢᠰᠢ ᠥᠬᠡᠢ ᠡᠭᠦᠷᠭᠡᠯᠡᠪᠡ᠃ ᠥᠭᠡᠷᠡᠴᠢᠯᠡᠯᠲᠡ ᠬᠢᠬᠦ᠌ ᠪᠠ ᠬᠠᠤᠯᠢ᠎ᠪᠠᠷ ᠵᠠᠰᠠᠬᠤ᠎ᠶᠢ ᠨᠢᠭᠡᠳᠬᠡᠬᠦ᠌᠎ᠶᠢ ᠪᠠᠷᠢᠮᠲᠠᠯᠠᠵᠤ᠂ ᠥᠭᠡᠷᠡᠴᠢᠯᠡᠯᠲᠡ᠎ᠶᠢᠨ ᠬᠠᠷᠰᠢ ᠰᠠᠭᠠᠳ᠎ᠢ ᠠᠷᠢᠯᠭᠠᠬᠤ᠂ ᠥᠭᠡᠷᠡᠴᠢᠯᠡᠯᠲᠡ᠎ᠶᠢᠨ ᠦᠷ᠎ᠡ ᠪᠦᠲᠦᠭᠡᠯ᠎ᠢ ᠪᠠᠬᠢᠵᠢᠭᠦᠯᠬᠦ᠌᠎ᠳᠤ ᠬᠠᠤᠯᠢ᠎ᠪᠠᠷ ᠵᠠᠰᠠᠬᠤ᠎ᠶᠢᠨ ᠢᠳᠡᠪᠬᠢ ᠦᠢᠯᠡᠳᠦᠯ᠎ᠢ ᠨᠡᠩ ᠰᠠᠶ᠋ᠢᠲᠤᠷ ᠪᠠᠳᠠᠷᠠᠭᠤᠯᠪᠠ᠃ 《ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ᠎ᠤᠨ ᠪᠠᠶ᠋ᠢᠩᠭᠤ᠎ᠶᠢᠨ ᠬᠤᠷᠢᠶᠠᠨ᠎ᠤ ᠮᠤᠵᠢ᠎ᠶᠢᠨ ᠱᠠᠲᠤᠨ᠎ᠤ ᠤᠳᠣᠷᠢᠳᠣᠯᠭ᠎ᠠ ᠨᠠᠷ ᠠᠵᠢᠯ ᠲᠥᠷᠥᠯ᠎ᠢᠶᠠᠷ᠎ᠢᠶᠠᠨ ᠥᠭᠡᠷᠡᠴᠢᠯᠡᠯᠲᠡ᠎ᠶᠢ ᠠᠬᠢᠭᠤᠯᠬᠤ ᠡᠭᠦᠷᠭᠡ᠎ᠶᠢ ᠨᠠᠶ᠋ᠢᠳᠠᠪᠤᠷᠢᠵᠢᠭᠤᠯᠬᠤ ᠲᠣᠭᠲᠠᠴᠠ》 ᠪᠠ 《ᠠᠵᠢᠯ᠎ᠤᠨ ᠲᠥᠰᠦᠯ》 ᠢ᠋ ᠲᠣᠭᠲᠠᠭᠠᠵᠤ᠂ ᠪᠠᠶ᠋ᠢᠩᠭᠤ᠎ᠶᠢᠨ ᠬᠤᠷᠢᠶᠠᠨ᠎ᠤ ᠤᠳᠤᠷᠢᠳᠤᠯᠭ᠎ᠠ ᠴᠡᠷᠢᠭ ᠬᠤᠪᠢᠶᠠᠨ ᠪᠣᠭᠤᠮᠲᠠ ᠰᠠᠬᠢᠬᠤ᠂ ᠠᠯᠪᠠᠨ ᠲᠢᠩᠬᠢᠮ ᠨᠢᠭᠡᠳᠦᠯᠲᠡᠢ ᠲᠥᠯᠥᠪᠯᠡᠨ ᠵᠣᠬᠢᠴᠠᠭᠤᠯᠬᠤ᠂ ᠲᠤᠰᠬᠠᠢ ᠠᠵᠢᠯ᠎ᠤᠨ ᠵᠥᠪᠯᠡᠯ ᠲᠣᠰ ᠲᠣᠰ᠎ᠤᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ᠌ ᠠᠵᠢᠯ᠎ᠤᠨ ᠲᠣᠭᠲᠠᠴᠠ᠎ᠶᠢ ᠪᠣᠢ ᠪᠣᠯᠭᠠᠵᠤ᠂ ᠠᠯᠳᠠᠭ᠎ᠠ ᠪᠤᠷᠤᠭᠤ᠎ᠪᠠᠨ ᠵᠠᠯᠠᠷᠠᠭᠤᠯᠬᠤ᠂ ᠲᠣᠭᠲᠠᠴᠠ᠎ᠪᠠᠨ ᠥᠭᠡᠷᠡᠴᠢᠯᠡᠬᠦ᠂ ᠪᠠᠶ᠋ᠢᠷᠢᠰᠢᠭᠤᠯᠤᠯᠲᠠ᠎ᠪᠠᠨ ᠥᠭᠡᠷᠡᠴᠢᠯᠡᠬᠦ᠂ ᠰᠤᠷᠲᠠᠯ᠎ᠢᠶᠠᠨ ᠰᠠᠶ᠋ᠢᠵᠢᠷᠠᠭᠤᠯᠬᠤ᠎ᠶᠢ ᠨᠢᠭᠡ ᠴᠣᠭᠴᠠᠵᠢᠭᠤᠯᠣᠨ ᠠᠬᠢᠭᠤᠯᠵᠤ᠂ ᠥᠭᠡᠷᠡᠴᠢᠯᠡᠯᠲᠡ᠎ᠶᠢᠨ ᠲᠤᠬᠠᠢ ᠨᠠᠮ᠎ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶᠠᠨ᠎ᠤ ᠪᠠᠶ᠋ᠢᠷᠢᠯᠠᠭᠤᠯᠤᠯᠲᠠ ᠱᠠᠭᠠᠷᠳᠠᠯᠭ᠎ᠠ᠎ᠶᠢ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ᠎ᠤᠨ ᠬᠠᠥᠯᠢ ᠲᠣᠭᠲᠠᠭᠠᠬᠤ᠂ ᠬᠢᠨᠠᠯᠲᠠ ᠲᠠᠯᠪᠢᠬᠤ᠂ ᠲᠥᠯᠥᠭᠡᠯᠡᠭᠴᠢ᠎ᠶᠢᠨ ᠠᠵᠢᠯ ᠵᠡᠷᠭᠡ ᠡᠯ᠎ᠡ ᠵᠦᠢᠯ᠎ᠤᠨ ᠠᠵᠢᠯ᠎ᠳᠤ᠎ᠪᠠᠨ ᠥᠨᠡᠨ ᠬᠦ᠌ ᠠᠭᠤᠰᠤᠯᠴᠠᠭᠤᠯᠪᠠ᠃ ᠥᠭᠡᠷᠡᠴᠢᠯᠡᠯᠲᠡ ᠪᠠ ᠬᠥᠭᠵᠢᠯᠲᠡ᠎ᠶᠢᠨ ᠬᠡᠷᠡᠭᠴᠡᠭᠡ᠎ᠳᠤ ᠰᠠᠨᠠᠭᠠᠴᠢᠯᠠᠭ᠎ᠠ᠎ᠠᠴᠠ᠎ᠪᠠᠨ ᠵᠣᠬᠢᠴᠠᠵᠤ᠂ ᠣᠷᠣᠨ ᠨᠤᠲᠤᠭ᠎ᠤᠨ ᠴᠢᠨᠠᠷᠲᠠᠢ ᠬᠠᠤᠯᠢ ᠲᠣᠭᠲᠠᠭᠠᠯ᠎ᠢ ᠲᠣᠭᠲᠠᠭᠠᠬᠤ ᠵᠠᠰᠠᠪᠤᠷᠢ ᠣᠷᠣᠭᠤᠯᠬᠤ ᠬᠦᠴᠦᠨ ᠦᠭᠡᠢ ᠪᠣᠯᠭᠠᠬᠤ ᠠᠵᠢᠯ᠎ᠢ ᠨᠢᠭᠡᠳᠦᠯᠲᠡᠢ ᠲᠥᠯᠦᠪᠯᠡᠨ ᠰᠠᠶ᠋ᠢᠲᠤᠷ ᠬᠢᠵᠦ᠍᠂ ᠥᠭᠡᠷᠡᠴᠢᠯᠡᠯᠲᠡ᠎ᠳᠤ ᠴᠢᠩᠭ᠎ᠠ ᠬᠦᠴᠦᠲᠡᠢ ᠬᠠᠤᠯᠢᠵᠢᠯ᠎ᠤᠨ ᠪᠠᠲᠤᠯᠠᠭ᠎ᠠ ᠬᠠᠩᠭᠠᠬᠤ᠎ᠪᠠᠷ ᠴᠢᠷᠮᠠᠶ᠋ᠢᠪᠠ᠃ 《ᠲᠥᠰᠦᠪ᠎ᠤᠨ ᠠᠮᠵᠢᠯᠲᠠ ᠪᠦᠲᠦᠮᠵᠢ᠎ᠶᠢᠨ ᠬᠠᠮᠢᠶᠠᠷᠤᠯᠲᠠ᠎ᠶᠢᠨ ᠲᠦᠷᠢᠮ》᠂ 《ᠠᠮᠢ ᠠᠬᠤᠢ ᠣᠷᠴᠢᠨ ᠲᠤᠭᠤᠷᠢᠨ᠎ᠤ ᠬᠠᠮᠠᠭᠠᠯᠠᠯᠲᠠ᠎ᠶᠢᠨ ᠲᠦᠷᠢᠮ》 ᠤ᠋ᠨ ᠬᠠᠤᠯᠢ ᠲᠣᠭᠲᠠᠭᠠᠬᠤ ᠡᠭᠦᠷᠭᠡ᠎ᠶᠢ ᠨᠢᠭᠡᠨᠲᠡ ᠪᠡᠶᠡᠯᠡᠭᠦᠯᠵᠦ᠍᠂ 《ᠵᠠᠰᠠᠭ᠎ᠤᠨ ᠣᠷᠳᠣᠨ᠎ᠤ ᠥᠷᠢ ᠥᠭᠴᠡᠭᠡ᠎ᠶᠢᠨ ᠬᠠᠮᠢᠶᠠᠷᠤᠯᠲᠠ᠎ᠶᠢᠨ ᠪᠠᠶ᠋ᠢᠳᠠᠯ᠎ᠢᠶᠠᠨ ᠮᠡᠳᠡᠭᠦᠯᠬᠦ᠌ ᠲᠦᠷᠢᠮ᠎ᠢ ᠪᠠᠶ᠋ᠢᠭᠤᠯᠤᠨ ᠲᠡᠭᠦᠯᠳᠡᠷᠵᠢᠭᠦᠯᠬᠦ᠌ ᠲᠤᠬᠠᠢ ᠬᠡᠷᠡᠭᠵᠢᠭᠦᠯᠬᠦ᠌ ᠠᠷᠭ᠎ᠠ》 ᠵᠢ ᠲᠣᠭᠲᠠᠭᠠᠪᠠ᠃ 

ᠭᠤᠷᠪᠠ᠎ᠳᠤ ᠳᠤᠮᠳᠠᠳᠤ᠎ᠶᠢᠨ ᠦᠨᠳᠦᠰᠦᠲᠡᠨ᠎ᠤ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠳᠣ ᠴᠤᠬᠴᠠᠯᠠᠬᠤ ᠠᠵᠢᠯ᠎ᠤᠨ ᠭᠤᠣᠯ ᠰᠢᠵᠢᠮ᠎ᠢ ᠪᠦᠬᠦ᠌ ᠲᠠᠯ᠎ᠠ᠎ᠪᠠᠷ ᠲᠤᠭᠤᠰᠢᠯᠠᠭᠤᠯᠪᠠ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶᠠᠨ᠎ᠤ 《ᠳᠤᠮᠳᠠᠳᠤ᠎ᠶᠢᠨ ᠦᠨᠳᠦᠰᠦᠲᠡᠨ᠎ᠤ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠳᠣ ᠴᠤᠬᠴᠠᠯᠠᠬᠤ ᠭᠤᠤᠯ ᠰᠢᠵᠢᠮ᠎ᠢ ᠪᠦᠬᠦ᠌ ᠲᠠᠯ᠎ᠠ᠎ᠪᠠᠷ ᠲᠤᠭᠤᠰᠢᠯᠠᠭᠤᠯᠬᠤ ᠲᠤᠬᠠᠢ ᠠᠷᠭ᠎ᠠ ᠬᠡᠮᠵᠢᠶ᠎ᠡ᠎ᠨᠦᠭᠦᠳ》 ᠢ᠋ ᠭᠦᠨᠵᠡᠭᠡᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠳᠤᠮᠳᠠᠳᠤ᠎ᠶᠢᠨ ᠦᠨᠳᠦᠰᠦᠲᠡᠨ᠎ᠤ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠳᠣ ᠴᠤᠬᠴᠠᠯᠠᠬᠤ᠎ᠶᠢ ᠣᠷᠣᠨ ᠨᠤᠲᠤᠭ᠎ᠤᠨ ᠴᠢᠨᠠᠷᠲᠠᠢ ᠬᠠᠥᠯᠢ ᠲᠣᠭᠲᠠᠭᠠᠯ ᠲᠣᠭᠲᠠᠭᠠᠬᠤ᠎ᠶᠢᠨ ᠤᠷᠢᠳᠠᠴᠢ ᠬᠢᠨᠠᠨ ᠬᠠᠷᠭᠤᠭᠤᠯᠬᠤ ᠨᠥᠬᠦᠴᠡᠯ᠂ ᠳᠡᠩᠰᠡᠯᠡᠵᠦ᠍ ᠬᠢᠨᠠᠨ ᠪᠠᠶ᠋ᠢᠴᠠᠭᠠᠬᠤ ᠴᠢᠬᠤᠯᠠ ᠠᠭᠤᠯᠭ᠎ᠠ ᠪᠣᠯᠭᠠᠵᠤ᠂ ᠥᠪᠡᠷᠲᠡᠭᠡᠨ ᠵᠠᠰᠠᠬᠤ ᠣᠷᠣᠨ᠎ᠤ ᠲᠣᠰ ᠱᠠᠲᠤᠨ᠎ᠤ ᠣᠷᠣᠨ ᠨᠤᠲᠤᠭ᠎ᠤᠨ ᠴᠢᠨᠠᠷᠲᠠᠢ ᠬᠠᠥᠯᠢ ᠲᠣᠭᠲᠠᠭᠠᠯ᠎ᠢ ᠪᠥᠬᠦ᠌ ᠲᠠᠯ᠎ᠠ᠎ᠪᠠᠷ ᠵᠢᠭᠰᠠᠭᠠᠨ ᠪᠠᠶ᠋ᠢᠴᠠᠭᠠᠵᠦ᠍᠂ ᠴᠡᠪᠡᠷᠯᠡᠭᠰᠡᠨ ᠪᠥᠭᠡᠳ ᠲᠣᠭᠤᠷᠢᠭ᠎ᠲᠠᠢ ᠬᠤᠲᠠ᠎ᠶᠢ ᠱᠠᠯᠠᠪᠳᠠᠭᠤᠯᠤᠨ ᠵᠡᠷᠭᠡ᠎ᠳᠤ᠎ᠨᠢ ᠴᠡᠪᠡᠷᠯᠡᠭᠦᠯᠪᠡ᠃ ᠭᠤᠷᠪᠠᠨ ᠥᠪᠡᠷᠲᠡᠭᠡᠨ ᠵᠠᠰᠠᠬᠤ ᠬᠤᠰᠢᠭᠤᠨ᠎ᠤ ᠥᠪᠡᠷᠲᠡᠭᠡᠨ ᠵᠠᠰᠠᠬᠤ ᠲᠦᠷᠢᠮ᠎ᠳᠤ ᠵᠠᠰᠠᠪᠤᠷᠢ ᠣᠷᠣᠭᠤᠯᠬᠤ ᠠᠵᠢᠯ᠎ᠢ ᠰᠠᠶ᠋ᠢᠲᠤᠷ ᠬᠢᠬᠦ᠌᠎ᠶᠢ ᠨᠠᠷᠢᠨ ᠬᠢᠨᠠᠮᠠᠭᠠᠢ ᠵᠢᠯᠣᠭᠤᠳᠴᠤ᠌᠂ ᠣᠯᠠᠨ ᠤᠳᠠᠭ᠎ᠠ ᠲᠤᠰᠬᠠᠢ ᠰᠡᠳᠦᠪᠲᠦ᠍ ᠬᠤᠷᠠᠯ ᠬᠤᠷᠠᠯᠳᠤᠭᠤᠯᠵᠤ ᠭᠦᠨᠵᠡᠭᠡᠢ ᠰᠤᠳᠤᠯᠤᠨ ᠨᠤᠲᠠᠯᠠᠵᠤ᠂ ᠬᠠᠮᠢᠶ᠎ᠠ ᠪᠥᠬᠦᠢ ᠶᠠᠪᠤᠳᠠᠯ᠎ᠤᠨ ᠲᠤᠬᠠᠢ ᠪᠥᠬᠦ᠌ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ᠎ᠳᠤ ᠮᠡᠳᠡᠭᠦᠯᠦᠨ᠂ ᠱᠠᠭᠠᠷᠳᠠᠯᠭ᠎ᠠ᠎ᠶᠢ ᠴᠢᠩᠭ᠎ᠠ ᠵᠢᠷᠤᠮᠯᠠᠨ ᠵᠣᠬᠢᠶᠠᠨ ᠪᠠᠶ᠋ᠢᠭᠤᠯᠵᠤ ᠵᠠᠰᠠᠪᠤᠷᠢ ᠣᠷᠣᠭᠤᠯᠤᠨ ᠲᠡᠭᠦᠯᠳᠡᠷᠵᠢᠭᠦᠯᠪᠡ᠃ ᠭᠤᠤᠯ ᠰᠢᠵᠢᠮ᠎ᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ ᠲᠠᠯ᠎ᠠ᠎ᠳᠠᠬᠢ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ᠎ᠤᠨ ᠬᠢᠨᠠᠯᠲᠠ᠎ᠶᠢᠨ ᠳᠠᠪᠬᠤᠷᠳᠠᠭᠤᠯᠤᠨ ᠬᠦᠴᠦᠯᠡᠬᠦ᠌ ᠦᠢᠯᠡᠳᠦᠯ᠎ᠢ ᠪᠠᠳᠠᠷᠠᠭᠤᠯᠵᠤ᠂ 《ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ᠎ᠤᠨ ᠲᠦᠷᠢᠮ》 ᠤ᠋ᠨ ᠬᠠᠥᠯᠢ ᠬᠡᠷᠡᠭᠵᠢᠭᠦᠯᠦᠯᠲᠡ᠎ᠶᠢᠨ ᠪᠠᠶ᠋ᠢᠴᠠᠭᠠᠯᠲᠠ᠎ᠶᠢ ᠥᠷᠨᠢᠭᠦᠯᠵᠦ᠍᠂ ᠳᠤᠮᠳᠠᠳᠤ᠎ᠶᠢᠨ ᠦᠨᠳᠦᠰᠦᠲᠡᠨ᠎ᠤ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠳᠣ ᠴᠤᠬᠴᠠᠯᠠᠬᠤ᠎ᠶᠢ ᠤᠯᠤᠰ ᠠᠷᠠᠳ᠎ᠤᠨ ᠰᠤᠷᠭᠠᠨ ᠬᠥᠮᠦᠵᠢᠯ᠎ᠳᠤ ᠠᠭᠤᠰᠤᠯᠴᠠᠭᠤᠯᠤᠭᠰᠠᠨ ᠪᠠᠶ᠋ᠢᠳᠠᠯ ᠵᠡᠷᠭᠡ 5 ᠲᠤᠰᠬᠠᠢ ᠠᠵᠢᠯ᠎ᠤᠨ ᠮᠡᠳᠡᠭᠦᠯᠦᠯᠲᠡ᠎ᠶᠢ ᠰᠣᠨᠣᠰᠴᠤ᠌ ᠬᠢᠨᠠᠨ ᠵᠥᠪᠯᠡᠪᠡ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶᠠᠨ᠎ᠤ 28 ᠵᠤᠷᠪᠤᠰ ᠠᠷᠭ᠎ᠠ ᠬᠡᠮᠵᠢᠶ᠎ᠡ᠎ᠶᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ ᠪᠣᠳᠠᠲᠠᠢ ᠠᠷᠭ᠎ᠠ᠎ᠶᠢ ᠲᠣᠭᠲᠠᠭᠠᠵᠤ᠂ ᠳᠤᠮᠳᠠᠳᠤ᠎ᠶᠢᠨ ᠦᠨᠳᠦᠰᠦᠲᠡᠨ᠎ᠤ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠳᠣ ᠴᠤᠬᠴᠠᠯᠠᠬᠤ᠎ᠶᠢ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ᠎ᠤᠨ ᠲᠥᠯᠥᠭᠡᠯᠡᠭᠴᠢ᠂ ᠪᠦᠷᠢᠯᠳᠦᠬᠦᠨ᠂ ᠨᠠᠮ᠎ᠤᠨ ᠭᠡᠰᠢᠭᠦᠨ ᠺᠠᠳ᠋ᠷᠴᠤᠳ᠎ᠤᠨ ᠬᠥᠮᠦᠵᠢᠯ ᠪᠣᠯᠪᠠᠰᠤᠷᠠᠯ᠎ᠳᠤ ᠣᠷᠣᠭᠤᠯᠵᠤ᠂ ᠪᠠᠶ᠋ᠢᠭᠤᠯᠭ᠎ᠠ᠎ᠶᠢᠨ ᠣᠲᠣ᠎ᠶᠢᠨ ᠬᠡᠷᠡᠭᠵᠢᠭᠦᠯᠵᠦ᠍ ᠪᠠᠶ᠋ᠢᠭ᠎ᠠ ᠲᠦᠷᠢᠮ ᠪᠠ ᠪᠢᠴᠢᠭ ᠮᠠᠲ᠋ᠧᠷᠢᠶᠠᠯ᠎ᠢ ᠪᠥᠬᠦ᠌ ᠲᠠᠯ᠎ᠠ᠎ᠪᠠᠷ ᠡᠮᠬᠢᠯᠡᠨ ᠳᠢᠭᠯᠡᠵᠦ᠍᠂ ᠵᠠᠰᠠᠪᠤᠷᠢ ᠣᠷᠣᠭᠤᠯᠵᠤ᠂ ᠭᠤᠥᠯ ᠰᠢᠵᠢᠮ᠎ᠤᠨ ᠱᠠᠭᠠᠷᠳᠠᠯᠭ᠎ᠠ᠎ᠶᠢ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ᠎ᠤᠨ ᠠᠵᠢᠯ ᠳᠤᠮᠳᠠ ᠪᠥᠬᠦ᠌ ᠲᠠᠯ᠎ᠠ᠎ᠪᠠᠷ ᠲᠤᠭᠤᠰᠢᠯᠠᠭᠤᠯᠬᠤ ᠪᠠ ᠪᠦᠲᠦᠮᠵᠢᠲᠡᠢ ᠭᠡᠷᠡᠭᠵᠢᠭᠦᠯᠭᠦ᠎ᠶᠢ ᠲᠦᠷᠢᠮ᠎ᠢᠶᠠᠷ ᠪᠠᠳᠤᠯᠠᠪᠠ᠃ 

ᠲᠦᠷᠪᠡ᠎ᠳᠤ ᠨᠠᠮ᠎ᠠᠴᠠ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ᠎ᠤᠨ ᠠᠵᠢᠯ᠎ᠢ ᠤᠳᠣᠷᠢᠳᠬᠤ ᠲᠦᠷᠢᠮ᠎ᠢ ᠴᠢᠩᠭ᠎ᠠ ᠭᠡᠷᠡᠭᠵᠢᠭᠦᠯᠪᠡ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶᠠᠨ᠎ᠤ ᠤᠳᠤᠷᠢᠳᠤᠯᠭ᠎ᠠ ᠳᠣᠥᠷ᠎ᠠ ᠠᠵᠢᠯ᠎ᠢᠶᠠᠨ ᠥᠷᠨᠢᠭᠦᠯᠬᠦ᠌᠎ᠶᠢ ᠪᠠᠷᠢᠮᠲᠠᠯᠠᠵᠤ᠂ ᠪᠠᠶ᠋ᠢᠩᠭᠤ᠎ᠶᠢᠨ ᠬᠤᠷᠢᠶᠠᠨ᠎ᠤ ᠠᠵᠢᠯ᠎ᠤᠨ ᠭᠤᠥᠯᠳᠠᠯᠭ᠎ᠠ᠂ ᠬᠠᠥᠯᠢ ᠲᠣᠭᠲᠠᠭᠠᠬᠤ ᠲᠥᠯᠥᠪᠯᠡᠭᠡ᠂ ᠴᠢᠬᠤᠯᠠ ᠬᠠᠥᠯᠢ ᠲᠣᠭᠲᠠᠭᠠᠬᠤ ᠲᠥᠷᠥᠯ ᠵᠦᠢᠯ ᠵᠢᠴᠢ ᠠᠵᠢᠯ᠎ᠤᠨ ᠳᠤᠮᠳᠠᠬᠢ ᠴᠢᠬᠤᠯᠠ ᠶᠡᠭᠡ ᠠᠰᠠᠭᠤᠳᠠᠯ᠂ ᠴᠢᠬᠤᠯᠠ ᠶᠡᠭᠡ ᠶᠠᠪᠤᠳᠠᠯ᠂ ᠴᠢᠬᠤᠯᠠ ᠪᠠᠶ᠋ᠢᠳᠠᠯ ᠵᠡᠷᠭᠡ᠎ᠶᠢ ᠴᠠᠭ ᠲᠤᠬᠠᠢ᠎ᠳᠤ᠎ᠨᠢ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶᠠᠨ᠎ᠳᠤ ᠮᠡᠳᠡᠭᠦᠯᠵᠦ᠍ ᠵᠢᠭᠠᠪᠤᠷᠢ ᠠᠪᠬᠤ᠎ᠶᠢᠨ ᠬᠠᠮᠳᠤ ᠱᠠᠭᠠᠷᠳᠠᠯᠭ᠎ᠠ ᠶᠤᠰᠣᠭᠠᠷ ᠠᠵᠢᠯ᠎ᠤᠨ ᠨᠠᠶ᠋ᠢᠳᠠᠪᠤᠷᠢᠵᠢᠭᠤᠯᠤᠯᠲᠠ᠎ᠶᠢ ᠴᠢᠩᠭ᠎ᠠ ᠠᠳᠬᠤᠪᠠ᠃ ᠨᠠᠮ᠎ᠠᠴᠠ ᠺᠠᠳ᠋ᠷ᠎ᠢ ᠬᠠᠮᠢᠶᠠᠷᠬᠤ ᠪᠠ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ᠎ᠤᠨ ᠬᠠᠥᠯᠢ ᠶᠣᠰᠣᠭᠠᠷ ᠺᠠᠳ᠋ᠷ᠎ᠢ ᠲᠣᠮᠢᠯᠠᠵᠤ ᠪᠠᠭᠤᠯᠭᠠᠬᠤ᠎ᠶᠢ ᠤᠶᠠᠯᠳᠣᠭᠤᠯᠬᠤ᠎ᠶᠢ ᠪᠠᠷᠢᠮᠲᠠᠯᠠᠵᠤ᠂ ᠥᠪᠡᠷᠲᠡᠭᠡᠨ ᠵᠠᠰᠠᠬᠤ ᠣᠷᠣᠨ᠎ᠤ ᠲᠥᠷᠥ᠎ᠶᠢᠨ ᠪᠠᠶ᠋ᠢᠭᠤᠯᠭ᠎ᠠ᠎ᠶᠢᠨ 270 ᠠᠵᠢᠯᠲᠠᠨ᠎ᠢ ᠲᠣᠮᠢᠯᠠᠵᠤ ᠪᠠᠭᠤᠯᠭᠠᠵᠤ᠂ ᠨᠠᠮ᠎ᠤᠨ ᠵᠣᠬᠢᠶᠠᠨ ᠪᠠᠶ᠋ᠢᠭᠤᠯᠤᠯᠲᠠ᠎ᠠᠴᠠ ᠲᠠᠨᠢᠯᠴᠠᠭᠤᠯᠤᠭᠰᠠᠨ ᠵᠢᠱ᠌ᠢᠭᠳᠡᠭᠴᠢ᠎ᠶᠢᠨ ᠬᠠᠥᠯᠢ᠎ᠳᠤ ᠲᠣᠭᠲᠠᠭᠠᠭᠰᠠᠨ ᠳᠠᠷᠠᠭᠠᠯᠠᠯ᠎ᠢᠶᠠᠷ ᠵᠠᠰᠠᠭ᠎ᠤᠨ ᠡᠷᠬᠡᠲᠦ᠍ ᠪᠠᠶ᠋ᠢᠭᠤᠯᠭ᠎ᠠ᠎ᠶᠢᠨ ᠤᠳᠤᠷᠢᠳᠤᠯᠭ᠎ᠠ ᠪᠣᠯᠬᠤ᠎ᠶᠢ ᠥᠨᠡᠨ ᠬᠦ᠌ ᠪᠠᠳᠤᠯᠠᠪᠠ᠃ ᠪᠠᠶ᠋ᠢᠩᠭᠤ᠎ᠶᠢᠨ ᠬᠤᠷᠢᠶᠠᠨ᠎ᠤ ᠤᠳᠤᠷᠢᠳᠤᠯᠭ᠎ᠠ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶᠠᠨ᠎ᠤ ᠠᠵᠢᠯ᠎ᠤᠨ ᠲᠣᠬᠢᠷᠠᠭᠤᠯᠤᠯᠲᠠ ᠪᠠ ᠱᠠᠭᠠᠷᠳᠠᠯᠭ᠎ᠠ᠎ᠶᠢ ᠨᠠᠷᠢᠨ ᠬᠢᠨᠠᠮᠠᠭᠠᠢ ᠨᠠᠶ᠋ᠢᠳᠠᠪᠤᠷᠢᠵᠢᠭᠤᠯᠵᠤ᠂ ᠦᠨᠳᠦᠰᠦᠨ ᠱᠠᠲᠤᠨ᠎ᠳᠤ ᠭᠦᠨᠵᠡᠭᠡᠶ᠋ᠢᠷᠡᠨ᠂ ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ ᠠᠵᠢᠯ᠎ᠢ ᠵᠢᠯᠣᠭᠤᠳᠬᠤ᠂ ᠵᠠᠬᠢᠳᠠᠯ ᠰᠣᠷᠪᠤᠯᠵᠢᠯᠠᠯ᠎ᠤᠨ ᠬᠡᠷᠡᠭ᠎ᠢ ᠨᠠᠮᠬᠠᠳᠬᠠᠬᠤ ᠪᠠ ᠠᠷᠠᠳ᠎ᠠᠴᠠ ᠡᠵᠡᠩᠨᠡᠭᠰᠡᠨ ᠠᠵᠤ ᠠᠬᠤᠢ᠌ᠯᠠᠯ᠂ ᠲᠤᠰᠬᠠᠢ ᠮᠡᠷᠭᠡᠵᠢᠯᠲᠡᠨ ᠡᠷᠳᠡᠮᠳᠡᠳ᠎ᠲᠠᠢ ᠬᠠᠷᠢᠯᠴᠠᠬᠤ ᠵᠡᠷᠭᠡ ᠠᠵᠢᠯ᠎ᠢ ᠯᠠᠪᠳᠠᠭᠤᠨ ᠪᠠᠲᠤᠲᠠᠢ ᠰᠠᠶ᠋ᠢᠲᠤᠷ ᠬᠢᠪᠠ᠃ 

ᠬᠤᠶᠠᠷ᠂ ᠭᠤᠣᠯᠳᠠᠯᠭ᠎ᠠ᠎ᠲᠠᠢ ᠬᠦᠷᠢᠶ᠎ᠡ ᠴᠠᠷᠠᠭ᠎ᠠ᠂ ᠰᠢᠨ᠎ᠡ᠎ᠪᠠᠷ ᠬᠥᠭᠵᠢᠭᠰᠡᠨ ᠬᠦᠷᠢᠶ᠎ᠡ ᠴᠠᠷᠠᠭ᠎ᠠ᠂ ᠪᠠᠴᠢᠮ ᠬᠡᠷᠡᠭᠴᠡᠭᠡ᠎ᠲᠠᠢ ᠬᠦᠷᠢᠶ᠎ᠡ ᠴᠠᠷᠠᠭᠠᠨ᠎ᠤ ᠬᠠᠤᠯᠢ ᠲᠣᠭᠲᠠᠭᠠᠯᠲᠠ᠎ᠶᠢ  ᠴᠢᠩᠭᠠᠳᠬᠠᠵᠤ᠂ ᠬᠠᠤᠯᠢᠵᠢᠯ᠎ᠢᠶᠠᠷ ᠬᠥᠲᠥᠯᠥᠨ ᠳᠠᠭᠠᠭᠤᠯᠬᠤ ᠪᠠ ᠪᠠᠳᠤᠯᠠᠭ᠎ᠠ᠎ᠶᠢᠨ ᠦᠢᠯᠡᠳᠦᠯ᠎ᠢ ᠨᠡᠩ ᠰᠠᠶ᠋ᠢᠲᠤᠷ ᠪᠠᠳᠠᠷᠠᠭᠤᠯᠪᠠ 

ᠰᠢᠨᠵᠢᠯᠡᠬᠦ᠌ ᠤᠬᠠᠭᠠᠨᠴᠢ ᠪᠠᠷ ᠬᠠᠤᠯᠢ ᠲᠣᠭᠲᠠᠭᠠᠬᠤ᠂ ᠠᠷᠠᠳᠴᠢᠯᠠᠯ᠎ᠢᠶᠠᠷ ᠬᠠᠤᠯᠢ ᠲᠣᠭᠲᠠᠭᠠᠬᠤ᠂ ᠬᠠᠤᠯᠢ ᠶᠣᠰᠣᠭᠠᠷ ᠬᠠᠤᠯᠢ ᠲᠣᠭᠲᠠᠭᠠᠬᠤ᠎ᠶᠢ ᠭᠦᠨᠵᠡᠭᠡᠢ ᠲᠦᠯᠬᠢᠨ ᠠᠬᠢᠭᠤᠯᠵᠤ᠂ ᠪᠦᠬᠦ᠌ ᠵᠢᠯ᠎ᠳᠤ ᠣᠷᠣᠨ ᠨᠤᠲᠤᠭ᠎ᠤᠨ ᠴᠢᠨᠠᠷᠲᠠᠢ ᠬᠠᠤᠯᠢ ᠲᠣᠭᠲᠠᠭᠠᠯ᠎ᠢ 9 ᠲᠣᠭᠲᠠᠭᠠᠵᠤ᠂ 16 ᠬᠤᠪᠢ ᠬᠠᠤᠯᠢ ᠳᠤᠬᠳᠠᠭᠠᠯ ᠎ᠳᠤ ᠵᠠᠰᠠᠪᠤᠷᠢ ᠤᠷᠤᠭᠤᠯᠬᠤ ᠪᠠ ᠬᠦᠴᠦᠨ ᠦᠭᠡᠢ ᠪᠣᠯᠭᠠᠵᠤ᠂ 76 ᠬᠤᠪᠢ ᠬᠠᠤᠯᠢ ᠲᠣᠭᠲᠠᠭᠠᠯ᠎ᠢ ᠬᠢᠨᠠᠨ ᠪᠠᠶ᠋ᠢᠴᠠᠭᠠᠵᠤ ᠵᠥᠪᠰᠢᠶᠡᠷᠡᠪᠡ᠃ 

ᠨᠢᠭᠡ᠎ᠳᠤ ᠭᠤᠣᠯᠳᠠᠯᠭ᠎ᠠ᠎ᠲᠠᠢ ᠬᠦᠷᠢᠶ᠎ᠡ ᠴᠠᠷᠠᠭ᠎ᠠ᠂ ᠰᠢᠨ᠎ᠡ᠎ᠪᠠᠷ ᠬᠥᠭᠵᠢᠭᠰᠡᠨ ᠬᠦᠷᠢᠶ᠎ᠡ ᠴᠠᠷᠠᠭᠠᠨ᠎ᠳᠠᠬᠢ ᠬᠠᠤᠯᠢ ᠲᠤᠭᠳᠠᠭᠠᠬᠤ ᠠᠵᠢᠯ᠎ᠢ ᠯᠠᠪᠳᠠᠭᠤᠨ᠎ᠢᠶᠠᠷ ᠲᠥᠯᠬᠢᠨ ᠠᠬᠢᠭᠤᠯᠪᠠ᠃ 《ᠨᠡᠶ᠋ᠢᠭᠡᠮ᠎ᠤᠨ ᠢᠲᠡᠭᠡᠮᠵᠢ᠎ᠶᠢᠨ ᠲᠦᠷᠢᠮ》 ᠢ᠋ ᠲᠣᠭᠲᠠᠭᠠᠵᠤ᠂ ᠨᠡᠶ᠋ᠢᠭᠡᠮ᠎ᠤᠨ ᠢᠲᠡᠭᠡᠮᠵᠢ᠎ᠶᠢᠨ ᠬᠢᠨᠠᠯᠲᠠ ᠬᠠᠮᠢᠶᠠᠷᠤᠯᠲᠠ᠎ᠶᠢ ᠤᠯᠠᠮ ᠨᠢᠭᠡ ᠠᠯᠬᠤᠮ ᠵᠢᠷᠤᠮᠵᠢᠭᠤᠯᠤᠨ᠂ ᠲᠦᠷᠢᠮ᠎ᠢᠶᠠᠷ ᠦᠨᠡᠨᠴᠢ ᠢᠲᠡᠭᠡᠮᠵᠢ᠎ᠶᠢᠨ ᠪᠠᠶ᠋ᠢᠭᠤᠯᠤᠯᠲᠠ᠎ᠶᠢᠨ ᠢᠨᠵᠧᠨᠧᠷᠢᠩ᠎ᠢ ᠦᠷᠭᠦᠯᠵᠢᠯᠡᠨ ᠭᠦᠨᠵᠡᠭᠡᠶ᠋ᠢᠷᠡᠭᠦᠯᠦᠨ ᠠᠬᠢᠭᠤᠯᠬᠤ᠎ᠶᠢ ᠪᠠᠳᠤᠯᠠᠪᠠ᠃ 《ᠲᠤᠭᠠᠵᠢᠭᠤᠯᠤᠯᠳᠠ᠎ᠶᠢᠨ ᠠᠵᠤ ᠠᠬᠤᠢ᠎ᠶᠢ ᠠᠬᠢᠭᠤᠯᠬᠤ ᠲᠦᠷᠢᠮ》 ᠢ᠋ ᠲᠣᠭᠲᠠᠭᠠᠵᠤ᠂ ᠰᠠᠭᠤᠷᠢ ᠲᠥᠬᠦᠭᠡᠷᠦᠮᠵᠢ᠎ᠶᠢᠨ ᠪᠦᠳᠦᠭᠡᠨ ᠪᠠᠶ᠋ᠢᠭᠤᠯᠤᠯᠲᠠ᠂ ᠲᠤᠭᠠᠵᠢᠭᠤᠯᠤᠯᠳᠠ᠎ᠶᠢᠨ ᠡᠬᠢ ᠪᠠᠶᠠᠯᠢᠭ᠎ᠢ ᠨᠡᠭᠡᠭᠡᠨ ᠠᠰᠢᠭᠯᠠᠬᠤ᠂ ᠲᠤᠭᠠᠵᠢᠭᠤᠯᠤᠯᠳᠠ᠎ᠶᠢ ᠠᠵᠤ ᠦᠢᠯᠡᠰᠵᠢᠭᠦᠯᠬᠦ᠌ ᠵᠡᠷᠭᠡ᠎ᠳᠤ ᠪᠦᠬᠦ᠌ ᠲᠠᠯ᠎ᠠ᠎ᠶᠢᠨ ᠲᠣᠭᠲᠠᠭᠠᠯ ᠭᠠᠷᠭᠠᠪᠠ᠃ 《ᠲᠥᠰᠦᠪ᠎ᠤᠨ ᠠᠮᠵᠢᠯᠲᠠ ᠪᠦᠲᠦᠮᠵᠢ᠎ᠶᠢᠨ ᠬᠠᠮᠢᠶᠠᠷᠤᠯᠲᠠ᠎ᠶᠢᠨ ᠲᠦᠷᠢᠮ》 ᠢ᠋ ᠲᠣᠭᠲᠠᠭᠠᠵᠤ᠂ ᠲᠥᠰᠦᠪ᠎ᠤᠨ ᠠᠮᠵᠢᠯᠲᠠ ᠪᠦᠲᠦᠮᠵᠢ᠎ᠶᠢᠨ ᠬᠠᠮᠢᠶᠠᠷᠤᠯᠲᠠ᠎ᠶᠢᠨ ᠵᠠᠷᠴᠢᠮ᠂ ᠭᠤᠥᠯ ᠴᠣᠭᠴᠠ᠂ ᠠᠭᠤᠯᠭ᠎ᠠ ᠵᠢᠴᠢ ᠬᠠᠷᠢᠭᠤᠴᠠᠯᠭ᠎ᠠ ᠵᠡᠷᠭᠡ᠎ᠳᠤ ᠲᠣᠭᠲᠠᠭᠠᠯ ᠭᠠᠷᠭᠠᠵᠤ᠂ ᠮᠠᠨ᠎ᠤ ᠣᠷᠣᠨ᠎ᠤ ᠪᠥᠬᠦ᠌ ᠲᠠᠯ᠎ᠠ᠎ᠶᠢᠨ᠂ ᠪᠥᠬᠦ᠌ ᠶᠠᠪᠤᠴᠠ᠎ᠶᠢᠨ᠂ ᠪᠦᠬᠦᠨ᠎ᠢ ᠬᠠᠮᠤᠷᠤᠭᠰᠠᠨ ᠲᠥᠰᠦᠪ᠎ᠤᠨ ᠠᠮᠵᠢᠯᠲᠠ ᠪᠦᠲᠦᠮᠵᠢ᠎ᠶᠢᠨ ᠬᠠᠮᠢᠶᠠᠷᠤᠯᠲᠠ᠎ᠶᠢᠨ ᠲᠤᠭᠳᠠᠯᠴᠠᠭ᠎ᠠ᠎ᠶᠢ ᠲᠦᠷᠭᠡᠳᠬᠡᠨ ᠪᠠᠶ᠋ᠢᠭᠤᠯᠬᠤ᠎ᠳᠤ ᠬᠠᠤᠯᠢᠵᠢᠯ᠎ᠤᠨ ᠪᠠᠲᠤᠯᠠᠭ᠎ᠠ ᠬᠠᠩᠭᠠᠪᠠ᠃ ᠠᠩᠬ᠎ᠠ ᠤᠳᠠᠭ᠎ᠠ ᠵᠡᠭᠦᠨ ᠬᠤᠶ᠋ᠢᠲᠤ᠎ᠶᠢᠨ ᠭᠤᠷᠪᠠᠨ ᠮᠤᠵᠢ᠎ᠶᠢᠨ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ᠎ᠤᠨ ᠪᠠᠶ᠋ᠢᠩᠭᠤ᠎ᠶᠢᠨ ᠬᠤᠷᠢᠶ᠎ᠠ᠎ᠲᠠᠢ ᠣᠷᠣᠨ ᠪᠦᠰᠡ᠎ᠪᠠᠷ ᠬᠠᠮᠵᠢᠯᠴᠠᠨ ᠬᠠᠤᠯᠢ ᠲᠣᠭᠲᠠᠭᠠᠬᠤ ᠠᠵᠢᠯ᠎ᠢ ᠥᠷᠨᠢᠭᠦᠯᠵᠦ᠍᠂ 《ᠬᠠᠷ᠎ᠠ ᠬᠥᠷᠥᠰᠥ᠎ᠶᠢ ᠬᠠᠮᠠᠭᠠᠯᠠᠬᠤ ᠲᠦᠷᠢᠮ》 ᠢ᠋ ᠨᠡᠶ᠋ᠢᠲᠡᠯᠡᠵᠦ᠍᠂ 《ᠵᠢᠭᠤᠯᠴᠢᠯᠠᠯ᠎ᠤᠨ ᠦᠢᠯᠡᠰ᠎ᠤᠨ ᠬᠠᠮᠵᠢᠯᠴᠠᠨ ᠬᠥᠭᠵᠢᠬᠦ᠌᠎ᠶᠢ ᠠᠬᠢᠭᠤᠯᠬᠤ ᠲᠤᠬᠠᠢ ᠲᠣᠭᠲᠠᠭᠠᠯ》 ᠢ᠋ ᠲᠣᠭᠲᠠᠭᠠᠪᠠ᠃ 

ᠬᠤᠶᠠᠷ᠎ᠲᠤ᠌ ᠠᠮᠢ ᠠᠬᠤᠢ ᠣᠷᠴᠢᠨ ᠲᠤᠭᠤᠷᠢᠨ᠎ᠤ ᠬᠦᠷᠢᠶ᠎ᠡ ᠴᠠᠷᠠᠭ᠎ᠠ᠎ᠳᠠᠬᠢ ᠬᠠᠤᠯᠢ ᠲᠤᠭᠳᠠᠭᠠᠬᠤ ᠠᠵᠢᠯ᠎ᠢ ᠴᠢᠩᠭᠠᠳᠬᠠᠪᠠ᠃ 《ᠠᠮᠢ ᠠᠬᠤᠢ ᠣᠷᠴᠢᠨ ᠲᠣᠭᠤᠷᠢᠨ᠎ᠤ ᠬᠠᠮᠠᠭᠠᠯᠠᠯᠲᠠ᠎ᠶᠢᠨ ᠲᠦᠷᠢᠮ》᠂ 《ᠬᠤᠲᠠ ᠪᠠᠯᠭᠠᠰᠤᠨ᠎ᠤ ᠨᠣᠭᠤᠭᠠᠷᠠᠭᠤᠯᠤᠯᠲᠠ᠎ᠶᠢᠨ ᠲᠦᠷᠢᠮ》 ᠢ᠋ ᠲᠣᠭᠲᠠᠭᠠᠵᠤ᠂ ᠠᠮᠢ ᠠᠬᠤᠢ ᠣᠷᠴᠢᠨ ᠲᠣᠭᠤᠷᠢᠨ᠎ᠤ ᠬᠠᠮᠠᠭᠠᠯᠠᠯᠲᠠ᠎ᠶᠢᠨ ᠬᠦᠷᠢᠶ᠎ᠡ ᠴᠠᠷᠠᠭᠠᠨ᠎ᠳᠠᠬᠢ ᠬᠠᠤᠯᠢᠵᠢᠯ᠎ᠤᠨ ᠪᠠᠶ᠋ᠢᠭᠤᠯᠤᠯᠲᠠ᠎ᠶᠢ ᠨᠢᠬᠡ ᠴᠤᠬᠴᠠᠵᠢᠭᠤᠯᠤᠨ ᠲᠥᠯᠬᠢᠨ ᠠᠬᠢᠭᠤᠯᠪᠠ᠃ 《ᠭᠠᠵᠠᠷ ᠳᠣᠥᠷᠠᠬᠢ ᠣᠰᠣᠨ᠎ᠤ ᠬᠠᠮᠠᠭᠠᠯᠠᠯᠳᠠ ᠪᠠ ᠬᠠᠮᠢᠶᠠᠷᠤᠯᠳᠠ᠎ᠶᠢᠨ ᠲᠦᠷᠢᠮ》᠂ 《ᠬᠥᠷᠥᠰᠥ᠍ ᠰᠢᠷᠣᠢ᠎ᠶᠢ ᠬᠠᠮᠠᠭᠠᠯᠠᠬᠤ ᠲᠦᠷᠢᠮ》 ᠳ᠋ᠤ ᠵᠠᠰᠠᠪᠤᠷᠢ ᠣᠷᠣᠭᠤᠯᠵᠤ᠂ 《ᠨᠤᠭᠤ ᠭᠠᠵᠠᠷ᠎ᠤᠨ ᠬᠠᠮᠠᠭᠠᠯᠠᠯᠳᠠ᠎ᠶᠢᠨ ᠲᠦᠷᠢᠮ (ᠵᠠᠰᠠᠪᠤᠷᠢ ᠣᠷᠣᠭᠤᠯᠤᠭᠰᠠᠨ ᠨᠣᠥᠷᠠᠭ)》 ᠢ᠋ ᠬᠢᠨᠠᠨ ᠵᠥᠪᠯᠡᠵᠦ᠍᠂ ᠬᠠᠮᠤᠭ᠎ᠤᠨ ᠴᠢᠩᠭ᠎ᠠ ᠠᠷᠭ᠎ᠠ ᠬᠡᠮᠵᠢᠶ᠎ᠡ᠂ ᠬᠠᠮᠤᠭ᠎ᠤᠨ ᠨᠢᠭᠲᠠ ᠬᠠᠥᠯᠢ᠎ᠪᠠᠷ ᠵᠠᠰᠠᠬᠤ᠎ᠪᠠᠷ ᠠᠮᠢ ᠠᠬᠤᠢ ᠣᠷᠴᠢᠨ ᠲᠣᠭᠤᠷᠢᠨ᠎ᠢ ᠬᠠᠮᠠᠭᠠᠯᠠᠪᠠ᠃ 

ᠭᠤᠷᠪᠠ᠎ᠳᠤ ᠠᠷᠠᠳ᠎ᠤᠨ ᠠᠮᠢᠳᠤᠷᠠᠯ ᠪᠠ ᠨᠡᠶ᠋ᠢᠭᠡᠮ᠎ᠤᠨ ᠬᠦᠷᠢᠶ᠎ᠡ ᠴᠠᠷᠠᠭᠠᠨ᠎ᠳᠠᠬᠢ ᠬᠠᠤᠯᠢ ᠲᠣᠭᠲᠠᠭᠠᠬᠤ ᠠᠵᠢᠯ᠎ᠢ ᠢᠳᠡᠪᠬᠢᠲᠡᠢ ᠥᠷᠨᠢᠭᠦᠯᠪᠡ᠃ 《ᠠᠳᠠᠯ ᠠᠬᠤᠢ᠎ᠶᠢᠨ ᠬᠠᠮᠢᠶᠠᠷᠤᠯᠲᠠ᠎ᠶᠢᠨ ᠲᠦᠷᠢᠮ》 ᠳ᠋ᠤ ᠵᠠᠰᠠᠪᠤᠷᠢ ᠣᠷᠣᠭᠤᠯᠵᠤ᠂ 《ᠲᠥᠷᠥᠯᠬᠢ ᠵᠡᠷᠡᠮᠳᠡᠭ᠎ᠢ ᠰᠡᠷᠭᠡᠶ᠋ᠢᠯᠡᠨ ᠵᠠᠰᠠᠬᠤ ᠲᠦᠷᠢᠮ》 ᠢ᠋ ᠲᠣᠭᠲᠠᠭᠠᠵᠤ᠂ 《ᠬᠥᠯᠥᠰᠥᠨ ᠠᠵᠢᠯᠴᠢᠨ᠎ᠤ ᠴᠠᠯᠢᠩ ᠮᠥᠩᠭᠦ᠎ᠶᠢ ᠪᠠᠲᠤᠯᠠᠬᠤ ᠲᠦᠷᠢᠮ》 ᠤ᠋ᠨ ᠲᠤᠬᠠᠢ ᠬᠠᠤᠯᠢ ᠲᠣᠭᠲᠠᠭᠠᠬᠤ ᠪᠠᠶ᠋ᠢᠴᠠᠭᠠᠨ ᠰᠤᠳᠤᠯᠤᠯᠲᠠ ᠬᠢᠵᠦ᠍᠂ ᠠᠷᠠᠳ᠎ᠤᠨ ᠠᠮᠢᠳᠤᠷᠠᠯ᠎ᠤᠨ ᠠᠩᠬᠠᠷᠴᠣ ᠪᠠᠶ᠋ᠢᠭ᠎ᠠ ᠠᠰᠠᠭᠤᠳᠠᠯ᠎ᠳᠤ ᠢᠳᠡᠪᠬᠢᠲᠡᠢ᠎ᠪᠠᠷ ᠬᠠᠷᠢᠭᠤᠯᠲᠠ ᠥᠭᠪᠡ᠃ 《ᠵᠥᠷᠢᠴᠡᠯ ᠵᠠᠭᠤᠷᠠᠯᠳᠤᠭᠠᠨ᠎ᠢ ᠤᠯᠠᠨ ᠡᠰᠢᠵᠢᠯ᠎ᠢᠶᠠᠷ ᠰᠢ᠌ᠳᠪᠦᠷᠢᠯᠡᠬᠦ᠌ ᠲᠦᠷᠢᠮ》 ᠢ᠋ ᠲᠣᠭᠲᠠᠭᠠᠵᠤ᠂ 《ᠵᠠᠰᠠᠭ ᠵᠠᠬᠢᠷᠭᠠᠨ᠎ᠤ ᠲᠠᠬᠢᠨ ᠵᠥᠪᠯᠡᠭᠦ᠌ ᠬᠠᠤᠯᠢ》 ᠵᠢ ᠬᠡᠷᠡᠭᠵᠢᠭᠦᠯᠬᠦ᠌ ᠠᠷᠭ᠎ᠠ ᠪᠠ 《ᠳᠣᠲᠣᠭᠠᠳᠤ᠎ᠶᠢ ᠬᠠᠮᠠᠭᠠᠯᠠᠬᠤ ᠪᠠᠶ᠋ᠢᠭᠤᠯᠭ᠎ᠠ᠎ᠶᠢᠨ ᠴᠠᠭᠳᠠᠭᠠᠨ᠎ᠤ ᠶᠠᠪᠤᠳᠠᠯ᠎ᠤᠨ ᠲᠤᠰᠠᠯᠠᠭᠴᠢ ᠴᠠᠭᠳᠠᠭᠠᠨ᠎ᠤ ᠲᠦᠷᠢᠮ》 ᠳ᠋ᠤ ᠵᠠᠰᠠᠪᠤᠷᠢ ᠣᠷᠣᠭᠤᠯᠵᠤ᠂ ᠨᠡᠶ᠋ᠢᠭᠡᠮ᠎ᠤᠨ ᠡᠶ᠎ᠡ ᠵᠣᠬᠢᠴᠠᠯ ᠪᠠ ᠲᠣᠭᠲᠠᠭᠤᠨ ᠪᠠᠶ᠋ᠢᠳᠠᠯ᠎ᠢ ᠠᠬᠢᠭᠤᠯᠪᠠ᠃ 

ᠲᠦᠷᠪᠡ᠎ᠳᠤ ᠤᠯᠤᠰ᠎ᠤᠨ ᠬᠠᠤᠯᠢᠵᠢᠯ᠎ᠤᠨ ᠨᠢᠭᠡᠳᠦᠯ᠎ᠢ ᠦᠨᠡᠨ ᠬᠦ᠌ ᠬᠠᠮᠠᠭᠠᠯᠠᠪᠡ᠃ 《ᠬᠠᠤᠯᠢ ᠲᠣᠭᠲᠠᠭᠠᠬᠤ ᠲᠦᠷᠢᠮ》 ᠪᠠ 《ᠲᠥᠷᠢᠮᠵᠢᠯ᠎ᠤᠨ ᠴᠢᠨᠠᠷᠲᠠᠢ ᠪᠢᠴᠢᠭ ᠮᠠᠲ᠋ᠧᠷᠢᠶᠠᠯ᠎ᠢ ᠲᠠᠩᠰᠠᠯᠠᠵᠤ ᠬᠢᠨᠠᠨ ᠪᠠᠶ᠋ᠢᠴᠠᠭᠠᠬᠤ ᠲᠦᠷᠢᠮ》 ᠳ᠋ᠤ ᠵᠠᠰᠠᠪᠤᠷᠢ ᠣᠷᠣᠭᠤᠯᠵᠤ᠂ 53 ᠬᠤᠪᠢ ᠲᠥᠷᠢᠮᠵᠢᠯ᠎ᠤᠨ ᠴᠢᠨᠠᠷᠲᠠᠢ ᠪᠢᠴᠢᠭ ᠮᠠᠲ᠋ᠧᠷᠢᠶᠠᠯ᠎ᠳᠤ ᠬᠢᠨᠠᠨ ᠪᠠᠶ᠋ᠢᠴᠠᠭᠠᠯᠲᠠ ᠬᠢᠵᠦ᠍᠂ ᠬᠠᠳᠤᠨ ᠭᠤᠣᠯ᠎ᠤᠨ ᠰᠠᠪᠠ ᠭᠠᠵᠠᠷ᠎ᠤᠨ ᠬᠠᠮᠠᠭᠠᠯᠠᠯᠲᠠ᠂ ᠵᠠᠰᠠᠭ ᠵᠠᠬᠢᠷᠭᠠᠨ᠎ᠤ ᠲᠠᠬᠢᠨ ᠵᠥᠪᠯᠡᠬᠦ᠌ ᠬᠠᠤᠯᠢ᠂ ᠠᠵᠤ ᠠᠬᠤᠢ᠌ᠯᠠᠯ᠎ᠳᠤ ᠬᠤᠯᠪᠣᠭᠳᠠᠬᠤ ᠬᠠᠤᠯᠢ ᠲᠣᠭᠲᠠᠭᠠᠯ ᠪᠠ ᠢᠯᠡᠳᠲᠡ ᠬᠤᠴᠣᠷᠴᠤ᠌ ᠪᠠᠶ᠋ᠢᠭ᠎ᠠ ᠬᠠᠤᠯᠢ ᠲᠣᠭᠲᠠᠭᠠᠯ᠎ᠢ ᠲᠥᠪᠯᠡᠷᠡᠭᠦᠯᠦᠨ ᠡᠮᠬᠢᠯᠡᠨ ᠴᠡᠪᠡᠷᠯᠡᠬᠦ᠌ ᠠᠵᠢᠯ᠎ᠢ ᠪᠡᠶᠡᠯᠡᠭᠦᠯᠪᠡ᠃ ᠬᠠᠤᠯᠢ ᠲᠣᠭᠲᠠᠭᠠᠬᠤ ᠠᠵᠢᠯ᠎ᠤᠨ ᠳᠤᠮᠳᠠ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ᠎ᠤᠨ ᠪᠠᠶ᠋ᠢᠩᠭᠤ᠎ᠶᠢᠨ ᠬᠤᠷᠢᠶ᠎ᠠ ᠬᠠᠤᠯᠢ ᠲᠣᠭᠲᠠᠭᠠᠬᠤ ᠶᠠᠰᠤ ᠴᠢᠨᠠᠷ᠎ᠢ ᠳᠡᠭᠡᠭᠰᠢᠯᠡᠭᠦᠯᠬᠦ᠌ ᠡᠨᠡ ᠭᠦ᠌ ᠵᠠᠩᠭᠢᠯᠠᠭ᠎ᠠ᠎ᠶᠢ ᠠᠳᠬᠤᠵᠤ᠂ ᠲᠣᠭᠲᠠᠭᠤᠨ᠎ᠤ ᠳᠤᠮᠳᠠ ᠤᠷᠤᠭᠰᠢᠯᠠᠬᠤ᠂ ᠬᠠᠤᠯᠢ ᠲᠣᠭᠲᠠᠭᠠᠬᠤ ᠠᠵᠢᠯ᠎ᠤᠨ ᠴᠢᠨᠠᠷ ᠰᠠᠶ᠋ᠢᠲᠠᠢ ᠬᠥᠭᠵᠢᠯᠲᠡ᠎ᠶᠢ ᠠᠬᠢᠭᠤᠯᠪᠠ᠃ ᠬᠠᠤᠯᠢ ᠲᠣᠭᠲᠠᠭᠠᠬᠤ ᠠᠵᠢᠯ᠎ᠳᠠᠬᠢ ᠨᠠᠮ᠎ᠤᠨ ᠪᠦᠬᠦ᠌ ᠲᠠᠯ᠎ᠠ᠎ᠶᠢᠨ ᠤᠳᠤᠷᠢᠳᠤᠯᠭ᠎ᠠ᠎ᠶᠢ ᠪᠠᠷᠢᠮᠲᠠᠯᠠᠵᠤ᠂ ᠬᠠᠤᠯᠢ ᠲᠣᠭᠲᠠᠭᠠᠬᠤ ᠠᠵᠢᠯ᠎ᠤᠨ ᠤᠯᠤᠰ ᠲᠦᠷᠦ᠎ᠶᠢᠨ ᠵᠥᠪ ᠴᠢᠭᠯᠡᠯ᠎ᠢ ᠪᠠᠲᠤ᠌ ᠡᠵᠡᠮᠳᠡᠭᠦ᠎ᠶᠢ ᠪᠠᠷᠢᠮᠳᠠᠯᠠᠪᠠ᠃ ᠬᠠᠤᠯᠢ ᠲᠣᠭᠲᠠᠭᠠᠬᠤ᠎ᠳᠤ᠎ᠪᠠᠨ ᠠᠷᠠᠳ ᠲᠦᠮᠡᠨ᠎ᠤ ᠲᠥᠯᠥᠭᠡ ᠪᠠᠶ᠋ᠢᠬᠤ᠂ ᠠᠷᠠᠳ ᠲᠦᠮᠡᠨ᠎ᠳᠤ ᠲᠦᠰᠢᠭᠯᠡᠬᠦ᠌᠎ᠶᠢ ᠪᠠᠷᠢᠮᠲᠠᠯᠠᠵᠤ᠂ ᠬᠠᠤᠯᠢ᠎ᠪᠠᠷ ᠵᠠᠰᠠᠬᠤ ᠠᠷᠭ᠎ᠠ ᠮᠠᠶᠢᠭ᠎ᠢᠶᠠᠷ ᠤᠯᠠᠨ ᠲᠦᠮᠡᠨ᠎ᠤ ᠬᠠᠮᠤᠭ᠎ᠠᠴᠠ ᠠᠩᠬᠠᠷᠴᠤ᠌ ᠪᠠᠶ᠋ᠢᠭ᠎ᠠ ᠬᠠᠮᠤᠭ᠎ᠤᠨ ᠰᠢᠭᠤᠳ ᠬᠠᠮᠤᠭ᠎ᠤᠨ ᠪᠣᠳᠠᠲᠠᠢ ᠠᠰᠢᠭ ᠲᠤᠰᠠ᠎ᠶᠢᠨ ᠠᠰᠠᠭᠤᠳᠠᠯ᠎ᠢ ᠰᠢ᠌ᠳᠪᠦᠷᠢᠯᠡᠬᠦ᠌᠎ᠶᠢ ᠲᠦᠯᠬᠢᠨ ᠠᠬᠢᠭᠤᠯᠪᠠ᠃ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ᠎ᠤᠨ ᠬᠠᠤᠯᠢ ᠲᠣᠭᠲᠠᠭᠠᠬᠤ ᠶᠠᠪᠤᠴᠠ᠎ᠳᠠᠬᠢ ᠭᠤᠣᠯᠯᠠᠬᠤ ᠦᠢᠯᠡᠳᠦᠯ᠎ᠢ ᠪᠠᠳᠠᠷᠠᠭᠤᠯᠬᠤ᠎ᠶᠢ ᠪᠠᠷᠢᠮᠲᠠᠯᠠᠵᠤ᠂ ᠬᠤᠯᠪᠣᠭᠳᠠᠯ ᠪᠦᠬᠦᠢ ᠲᠠᠯ᠎ᠠ᠎ᠶᠢᠨ᠎ᠬᠢᠨ᠎ᠲᠠᠢ ᠠᠵᠢᠯ᠎ᠤᠨ ᠬᠠᠮᠲᠤᠷᠠᠯ ᠬᠦᠴᠦᠨ᠎ᠢ ᠪᠦᠷᠢᠯᠳᠦᠭᠦᠯᠵᠦ᠍᠂ ᠶᠠᠰᠤ ᠴᠢᠨᠠᠷ᠎ᠢ ᠦᠨᠡᠨ ᠬᠦ᠌ ᠪᠠᠲᠤᠯᠠᠭᠰᠠᠨ ᠤᠷᠢᠲᠠᠯ ᠳᠣᠣᠷ᠎ᠠ ᠬᠠᠤᠯᠢ ᠲᠣᠭᠲᠠᠭᠠᠬᠤ ᠠᠯᠬᠤᠴᠠ᠎ᠪᠠᠨ ᠲᠥᠷᠬᠡᠳᠭᠡᠭᠦ᠎ᠶᠢ ᠪᠠᠷᠢᠮᠳᠠᠯᠠᠪᠠ᠃ 《ᠲᠤᠭᠳᠠᠭᠠᠬᠤ ᠪᠠ ᠵᠠᠰᠠᠪᠤᠷᠢ ᠣᠷᠣᠭᠤᠯᠬᠤ᠎ᠶᠢ ᠵᠡᠷᠭᠡ ᠪᠡᠷ ᠴᠢᠬᠤᠯᠠᠴᠢᠯᠠᠬᠤ》 ᠵᠢ ᠪᠠᠷᠢᠮᠳᠠᠯᠠᠵᠤ᠂ ᠲᠣᠭᠲᠠᠭᠠᠬᠤ᠂ ᠵᠠᠰᠠᠪᠤᠷᠢ ᠣᠷᠣᠭᠤᠯᠬᠤ᠂ ᠬᠦᠴᠦᠨ ᠥᠬᠡᠢ ᠪᠣᠯᠭᠠᠬᠤ᠎ᠶᠢ ᠨᠢᠭᠡᠳᠦᠯᠲᠡᠢ ᠲᠥᠯᠥᠪᠯᠡᠨ ᠠᠬᠢᠭᠤᠯᠵᠤ᠂ ᠬᠠᠥᠯᠢ ᠲᠣᠭᠲᠠᠭᠠᠯ ᠲᠦᠷᠢᠮ ᠲᠣᠭᠲᠠᠭᠠᠯ᠎ᠤᠨ ᠳᠤᠲᠠᠭᠤᠳᠠᠯ ᠪᠠᠭᠤᠷᠠᠢ ᠲᠠᠯ᠎ᠠ᠎ᠶᠢ ᠨᠦᠭᠦᠪᠦᠷᠢᠯᠡᠭᠦ᠎ᠶᠢ ᠲᠦᠷᠭᠡᠳᠭᠡᠪᠡ᠃ ᠪᠦᠲᠦᠭᠡᠯᠴᠢ ᠴᠢᠨᠠᠷᠲᠠᠢ᠎ᠪᠠᠷ ᠬᠠᠤᠯᠢ ᠲᠣᠭᠲᠠᠭᠠᠬᠤ ᠠᠵᠢᠯ᠎ᠢ ᠥᠷᠨᠢᠭᠦᠯᠵᠤ᠂ 《ᠵᠢᠵᠢᠭ ᠬᠠᠷᠠᠭᠠᠰᠣ》᠂ 《ᠵᠢᠵᠢᠭ ᠲᠦᠷᠭᠡᠨ ᠱᠠᠯᠠᠮᠠᠭᠠᠢ》 ᠪᠠᠷ ᠬᠠᠤᠯᠢ ᠲᠣᠭᠲᠠᠭᠠᠬᠤ᠎ᠶᠢ ᠢᠳᠡᠪᠬᠢᠲᠡᠢ᠎ᠪᠠᠷ ᠲᠦᠯᠬᠢᠨ ᠠᠬᠢᠭᠤᠯᠬᠤ᠎ᠶᠢ ᠪᠠᠷᠢᠮᠳᠠᠯᠠᠪᠠ᠃ ᠠᠷᠠᠳᠴᠢᠯᠠᠯ᠎ᠢᠶᠠᠷ ᠬᠠᠤᠯᠢ ᠲᠣᠭᠲᠠᠭᠠᠬᠤ᠂ ᠡᠭᠦᠳᠡ᠎ᠪᠠᠨ ᠨᠡᠭᠡᠭᠡᠵᠦ᠍ ᠬᠠᠤᠯᠢ ᠲᠣᠭᠲᠠᠭᠠᠬᠤ᠎ᠶᠢ ᠪᠠᠷᠢᠮᠲᠠᠯᠠᠵᠤ᠂ ᠦᠨᠳᠦᠰᠦᠨ ᠱᠠᠲᠤᠨ᠎ᠤ ᠬᠠᠤᠯᠢ ᠲᠣᠭᠲᠠᠭᠠᠬᠤ ᠬᠠᠷᠢᠯᠴᠠᠬᠤ ᠴᠡᠭ᠎ᠢ ᠰᠠᠶ᠋ᠢᠲᠤᠷ ᠪᠠᠶ᠋ᠢᠭᠤᠯᠤᠨ ᠰᠠᠶ᠋ᠢᠲᠤᠷ ᠬᠡᠷᠡᠭᠯᠡᠵᠦ᠍᠂ ᠬᠠᠤᠯᠢ ᠲᠣᠭᠲᠠᠭᠠᠬᠤ᠎ᠳᠤ ᠠᠷᠠᠳ᠎ᠤᠨ ᠰᠠᠨᠠᠭ᠎ᠠ᠎ᠶᠢ ᠰᠢᠭᠤᠳ ᠣᠷᠣᠭᠤᠯᠬᠤ᠎ᠶᠢ ᠠᠭᠢᠭᠤᠯᠪᠠ᠃

ᠭᠤᠷᠪᠠ᠂ ᠦᠨᠳᠦᠰᠦᠨ ᠬᠠᠤᠯᠢ ᠪᠠ ᠬᠠᠤᠯᠢ ᠴᠠᠭᠠᠵᠠ᠎ᠠᠴᠠ ᠣᠯᠭᠤᠭᠰᠠᠨ ᠬᠢᠨᠠᠯᠲᠠ ᠲᠠᠯᠪᠢᠬᠤ ᠲᠤᠰᠢᠶᠠᠯ ᠬᠠᠷᠢᠭᠤᠴᠠᠯᠭ᠎ᠠ᠎ᠪᠠᠨ ᠰᠠᠶ᠋ᠢᠲᠤᠷ ᠭᠦᠢᠴᠡᠳᠬᠡᠵᠦ᠍᠂ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ᠎ᠤᠨ ᠬᠢᠨᠠᠯᠲᠠ᠎ᠶᠢᠨ ᠬᠠᠳᠠᠨ ᠴᠢᠨᠠᠷ ᠪᠠ ᠪᠣᠳᠠᠲᠤ᠌ ᠦᠷ᠎ᠡ ᠪᠦᠲᠦᠮᠵᠢ᠎ᠶᠢ ᠲᠠᠰᠤᠷᠠᠯᠲᠠ ᠦᠭᠡᠢ ᠲᠡᠭᠡᠭᠰᠢᠯᠡᠭᠦᠯᠪᠡ 

ᠪᠦᠬᠦ᠌ ᠵᠢᠯ᠎ᠳᠤ 6 ᠤᠳᠠᠭ᠎ᠠ ᠬᠠᠤᠯᠢ ᠬᠡᠷᠡᠭᠵᠢᠭᠦᠯᠦᠯᠲᠡ᠎ᠶᠢᠨ ᠪᠠᠶ᠋ᠢᠴᠠᠭᠠᠯᠲᠠ᠎ᠶᠢ ᠵᠣᠬᠢᠶᠠᠨ ᠪᠠᠶ᠋ᠢᠭᠤᠯᠵᠤ᠂ ᠲᠤᠰᠬᠠᠢ ᠠᠵᠢᠯ᠎ᠤᠨ ᠮᠡᠳᠡᠭᠦᠯᠦᠯᠲᠡ 42᠎ᠢ᠋ ᠰᠣᠨᠣᠰᠤᠨ ᠬᠢᠨᠠᠨ ᠵᠥᠪᠯᠡᠵᠦ᠍᠂ ᠲᠤᠰᠬᠠᠢ ᠰᠡᠳᠦᠪ᠎ᠢᠶᠠᠷ ᠯᠠᠪᠯᠠᠨ ᠠᠰᠠᠭᠤᠬᠤ᠂ ᠬᠠᠨᠤᠮᠵᠢ᠎ᠶᠢᠨ ᠬᠡᠮᠵᠢᠶ᠎ᠡ᠎ᠶᠢ ᠰᠢᠯᠭᠠᠨ ᠥᠨᠡᠯᠡᠭᠦ᠎ᠶᠢ 5 ᠤᠳᠠᠭ᠎ᠠ ᠥᠷᠨᠢᠭᠦᠯᠪᠡ᠃ 6 ᠬᠤᠪᠢ ᠲᠣᠭᠲᠠᠭᠠᠯ ᠪᠠ ᠰᠢ᠌ᠳᠪᠦᠷᠢ ᠭᠠᠷᠭᠠᠪᠠ᠃ 

ᠨᠢᠭᠡ᠎ᠳᠤ ᠭᠤᠣᠯᠳᠠᠯᠭ᠎ᠠ ᠪᠠ ᠶᠡᠭᠡ ᠲᠠᠯ᠎ᠠ᠎ᠶᠢᠨ ᠠᠵᠢᠯ᠎ᠳᠤ ᠠᠩᠬᠠᠷᠤᠯ᠎ᠢᠶᠠᠨ ᠲᠥᠪᠯᠡᠷᠡᠭᠦᠯᠦᠨ ᠬᠢᠨᠠᠯᠲᠠ ᠲᠠᠯᠪᠢᠪᠠ᠃ ᠲᠠᠪᠤᠨ ᠶᠡᠭᠡ ᠡᠭᠦᠷᠭᠡ ᠪᠣᠯᠤᠨ 《ᠵᠢᠱ᠌ᠢᠶᠡᠴᠢ ᠥᠪᠡᠷᠲᠡᠭᠡᠨ ᠵᠠᠰᠠᠬᠤ ᠣᠷᠣᠨ》 ᠢ᠋ ᠪᠦᠬᠦ᠌ ᠲᠠᠯ᠎ᠠ᠎ᠪᠠᠷ ᠪᠦᠲᠦᠭᠡᠨ ᠪᠠᠶ᠋ᠢᠭᠤᠯᠬᠤ 6 ᠠᠬᠢᠭᠤᠯᠬᠤ ᠳᠦᠷᠢᠮ᠎ᠢ ᠬᠡᠷᠡᠭᠵᠢᠭᠦᠯᠦᠭᠰᠡᠨ ᠪᠠᠶ᠋ᠢᠳᠠᠯ᠎ᠤᠨ ᠮᠡᠳᠡᠭᠦᠯᠦᠯᠲᠡ᠎ᠶᠢ ᠰᠤᠨᠤᠰᠤᠨ ᠬᠢᠨᠠᠨ ᠵᠥᠪᠯᠡᠵᠦ᠍᠂ ᠲᠦᠷᠦ᠎ᠶᠢᠨ ᠪᠤᠳᠤᠯᠭ᠎ᠠ᠎ᠶᠢ ᠨᠠᠶ᠋ᠢᠳᠠᠪᠤᠷᠢᠵᠢᠭᠤᠯᠬᠤ ᠢᠨᠵᠧᠨᠧᠷᠢᠩ᠂ ᠡᠯᠡᠰᠥᠷᠭᠡᠭᠵᠢᠯ᠎ᠢ ᠰᠡᠷᠭᠡᠶ᠋ᠢᠯᠡᠨ ᠡᠯᠡᠰᠦ᠎ᠶᠢ ᠵᠠᠰᠠᠬᠤ ᠪᠠ ᠰᠠᠯᠬᠢᠨ ᠬᠦᠴᠦᠨ᠎ᠤ ᠴᠠᠬᠢᠯᠭᠠᠨ ᠭᠡᠷᠡᠯᠴᠢ ᠴᠡᠨᠡᠭ᠎ᠢ ᠨᠢᠭᠡ ᠴᠤᠭᠴᠠᠵᠢᠭᠤᠯᠬᠤ ᠢᠨᠵᠧᠨᠧᠷᠢᠩ᠂ ᠲᠤᠯᠠᠭᠠᠯᠠᠭ᠎ᠠ᠎ᠶᠢᠨ ᠢᠨᠵᠧᠨᠧᠷᠢᠩ᠂ ᠦᠨᠡᠨᠴᠢ ᠢᠲᠡᠭᠡᠮᠵᠢ᠎ᠶᠢᠨ ᠪᠠᠶ᠋ᠢᠭᠤᠯᠤᠯᠲᠠ᠎ᠶᠢᠨ ᠢᠨᠵᠧᠨᠧᠷᠢᠩ᠂ ᠰᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠤᠨ 《ᠪᠦᠰᠡᠯᠡᠯᠲᠡ ᠰᠢᠪᠲᠤᠯᠬᠤ》 ᠢᠨᠵᠧᠨᠧᠷᠢᠩ᠎ᠢ ᠬᠡᠷᠡᠭᠵᠢᠭᠦᠯᠦᠭᠰᠡᠨ ᠪᠠᠶ᠋ᠢᠳᠠᠯ᠎ᠤᠨ ᠲᠤᠬᠠᠢ ᠮᠡᠳᠡᠭᠦᠯᠦᠯᠲᠡ᠎ᠶᠢ ᠰᠣᠨᠣᠰᠤᠨ ᠬᠢᠨᠠᠨ ᠵᠥᠪᠯᠡᠵᠦ᠍᠂ ᠴᠢᠯᠥᠭᠡᠲᠦ᠍ ᠠᠷᠠᠯᠵᠢᠶᠠᠨ᠎ᠤ ᠣᠷᠣᠨ᠎ᠢ ᠡᠭᠦᠳᠦᠨ ᠪᠠᠶ᠋ᠢᠭᠤᠯᠬᠤ ᠢᠨᠵᠧᠨᠧᠷᠢᠩ᠎ᠤᠨ ᠲᠤᠬᠠᠢ ᠪᠠᠶ᠋ᠢᠴᠠᠭᠠᠨ ᠰᠤᠳᠤᠯᠤᠯᠲᠠ ᠬᠢᠵᠦ᠍᠂ ᠦᠨᠡᠨᠴᠢ ᠢᠲᠡᠭᠡᠮᠵᠢ᠎ᠶᠢᠨ ᠪᠠᠶ᠋ᠢᠭᠤᠯᠤᠯᠲᠠ᠎ᠶᠢᠨ ᠢᠨᠵᠧᠨᠧᠷᠢᠩ᠎ᠢ ᠬᠡᠷᠡᠭᠵᠢᠭᠦᠯᠦᠭᠰᠡᠨ ᠪᠠᠶ᠋ᠢᠳᠠᠯ᠎ᠤᠨ ᠲᠤᠬᠠᠢ ᠲᠤᠰᠬᠠᠢ ᠰᠡᠳᠦᠪᠲᠦ᠍ ᠯᠠᠪᠯᠠᠨ ᠠᠰᠠᠭᠤᠬᠤ ᠠᠵᠢᠯ᠎ᠢ ᠥᠷᠨᠢᠭᠦᠯᠪᠡ᠃ ᠥᠪᠥᠷ ᠮᠣᠩᠭᠤᠯ᠎ᠤᠨ ᠴᠢᠨᠠᠷ ᠰᠠᠶ᠋ᠢᠲᠠᠢ ᠬᠥᠭᠵᠢᠯᠲᠡ᠎ᠶᠢ ᠳᠡᠮᠵᠢᠬᠦ᠌ ᠲᠥᠷᠥ᠎ᠶᠢᠨ ᠶᠠᠪᠤᠳᠠᠯ᠎ᠤᠨ ᠬᠤᠷᠢᠶᠠᠨ᠎ᠤ 《ᠰᠠᠨᠠᠯ》 ᠢ᠋ ᠨᠠᠶ᠋ᠢᠳᠠᠪᠤᠷᠢᠵᠢᠭᠤᠯᠬᠤ᠎ᠶᠢᠨ ᠲᠣᠭᠤᠷᠢᠨ᠎ᠳᠤ  ᠪᠠᠶ᠋ᠢᠩᠭᠤ᠎ᠶᠢᠨ ᠬᠤᠷᠢᠶᠠᠨ᠎ᠤ 《ᠭᠤᠥᠯᠳᠠᠯᠭ᠎ᠠ᠎ᠲᠠᠢ ᠬᠢᠨᠠᠯᠲᠠ ᠲᠠᠯᠪᠢᠬᠤ ᠠᠵᠢᠯ᠎ᠤᠨ ᠠᠵᠢᠯᠯᠠᠭᠠᠨ᠎ᠤ ᠲᠥᠰᠦᠯ》 ᠢ᠋ ᠲᠣᠭᠲᠠᠭᠠᠵᠤ᠂ ᠤᠯᠤᠰ᠎ᠤᠨ ᠳᠡᠮᠵᠢᠯᠭᠡ᠎ᠶᠢᠨ ᠲᠥᠷᠥ᠎ᠶᠢᠨ ᠪᠣᠳᠣᠯᠭ᠎ᠠ᠎ᠶᠢ ᠲᠦᠷᠬᠡᠨ ᠨᠠᠶ᠋ᠢᠳᠠᠪᠤᠷᠢᠵᠢᠭᠤᠯᠬᠤ᠎ᠶᠢ ᠠᠬᠢᠭᠤᠯᠪᠠ᠃ ᠬᠡᠯᠪᠡᠷᠢᠴᠢ ᠦᠵᠡᠯ᠎ᠢ ᠴᠡᠭᠴᠡᠯᠡᠨ ᠵᠠᠰᠠᠵᠤ ᠦᠨᠳᠦᠰᠦᠨ ᠱᠠᠲᠤᠨ᠎ᠤ ᠳᠠᠷᠤᠭᠠᠰᠤ᠎ᠶᠢ ᠬᠥᠩᠭᠡᠷᠡᠭᠦᠯᠬᠦ᠌ ᠠᠵᠢᠯ᠎ᠤᠨ ᠳᠤᠮᠳᠠ ᠣᠷᠣᠰᠢᠵᠤ ᠪᠠᠶ᠋ᠢᠭ᠎ᠠ ᠲᠣᠪᠤᠶ᠋ᠢᠮ᠎ᠠ ᠠᠰᠠᠭᠤᠳᠠᠯ᠎ᠢ ᠬᠠᠥᠯᠢ ᠲᠣᠭᠲᠠᠭᠠᠯ ᠲᠦᠷᠢᠮ ᠲᠣᠭᠲᠠᠭᠠᠯ᠎ᠢᠶᠠᠷ ᠰᠢ᠌ᠳᠪᠦᠷᠢᠯᠡᠬᠦ᠌᠎ᠶᠢ ᠠᠬᠢᠭᠤᠯᠵᠤ᠂ ᠴᠠᠭ᠂ ᠭᠥᠴᠥ᠎ᠪᠠᠨ ᠲᠥᠪᠯᠡᠷᠡᠭᠦᠯᠦᠨ ᠲᠤᠰᠬᠠᠢ ᠰᠡᠳᠦᠪᠲᠦ᠍ ᠪᠠᠶ᠋ᠢᠴᠠᠭᠠᠨ ᠰᠤᠳᠤᠯᠤᠯᠲᠠ᠎ᠶᠢ ᠥᠷᠨᠢᠭᠦᠯᠵᠦ᠍᠂ ᠪᠠᠶ᠋ᠢᠴᠠᠭᠠᠨ ᠰᠤᠳᠤᠯᠤᠯᠲᠠ᠎ᠶᠢᠨ ᠮᠡᠳᠡᠭᠦᠯᠦᠯᠲᠡ᠎ᠶᠢ ᠪᠦᠷᠢᠯᠳᠦᠭᠦᠯᠵᠦ᠍᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶᠠᠨ᠎ᠳᠤ ᠮᠡᠳᠡᠭᠦᠯᠪᠡ᠃ 

ᠬᠤᠶᠠᠷ᠎ᠲᠤ᠌ ᠴᠢᠨᠠᠷ ᠰᠠᠶ᠋ᠢᠲᠠᠢ ᠬᠥᠭᠵᠢᠯᠲᠡ᠎ᠶᠢ ᠠᠬᠢᠭᠤᠯᠬᠤ᠎ᠳᠤ ᠠᠩᠬᠠᠷᠤᠯ᠎ᠢᠶᠠᠨ ᠲᠥᠪᠯᠡᠷᠡᠭᠦᠯᠤᠨ ᠬᠢᠨᠠᠯᠲᠠ ᠲᠠᠯᠪᠢᠪᠠ᠃ ᠬᠤᠳᠠᠯᠳᠤᠭ᠎ᠠ ᠡᠷᠬᠢᠯᠡᠬᠦ᠌ ᠣᠷᠴᠢᠨ ᠨᠥᠬᠦᠴᠡᠯ᠎ᠢ ᠰᠢᠯᠢᠳᠡᠭᠵᠢᠭᠦᠯᠬᠦ᠂ ᠠᠷᠠᠳ᠎ᠠᠴᠠ ᠡᠵᠡᠩᠨᠡᠭᠰᠡᠨ ᠠᠵᠤ ᠠᠬᠤᠢ᠎ᠶᠢᠨ ᠬᠥᠭᠵᠢᠯᠲᠡ᠎ᠶᠢ ᠠᠬᠢᠭᠤᠯᠬᠤ᠎ᠶᠢ ᠴᠢᠩᠭ᠎ᠠ ᠠᠳᠬᠤᠬᠤ᠎ᠶᠢᠨ ᠬᠠᠮᠳᠣ ᠦᠷᠭᠦᠯᠵᠢᠯᠡᠨ ᠬᠢᠨᠠᠯᠲᠠ ᠲᠠᠯᠪᠢᠵᠤ᠂ ᠵᠠᠰᠠᠭ᠎ᠤᠨ ᠣᠷᠳᠣᠨ᠎ᠤ ᠭᠡᠷ᠎ᠡ᠎ᠪᠠᠨ ᠭᠦᠢᠴᠡᠳᠬᠡᠵᠦ᠍ ᠠᠮᠠᠯᠠᠯᠲᠠ᠎ᠪᠠᠨ ᠪᠡᠶᠡᠯᠡᠭᠦᠯᠬᠦ᠌᠎ᠶᠢ ᠱᠠᠯᠠᠪᠳᠠᠭᠤᠯᠤᠨ ᠱᠠᠭᠠᠷᠳᠠᠵᠤ᠂ ᠠᠵᠤ ᠠᠬᠤᠢ᠌ᠯᠠᠯ᠎ᠳᠤ ᠬᠤᠯᠪᠣᠭᠳᠠᠭᠰᠠᠨ ᠬᠠᠤᠯᠢ ᠬᠡᠷᠡᠭᠵᠢᠭᠦᠯᠦᠯᠲᠡ᠎ᠶᠢ ᠵᠢᠷᠤᠮᠵᠢᠭᠤᠯᠵᠤ᠂ ᠵᠠᠰᠠᠭ᠎ᠤᠨ ᠶᠠᠪᠤᠳᠠᠯ᠎ᠤᠨ ᠦᠢᠯᠡᠳᠦᠯ ᠴᠢᠳᠠᠪᠬᠢ᠎ᠶᠢ ᠳᠡᠭᠡᠭᠰᠢᠯᠡᠭᠦᠯᠦᠨ᠂ ᠵᠠᠬ᠎ᠠ ᠳᠡᠯᠭᠡᠭᠦᠷ᠎ᠤᠨ ᠭᠤᠣᠯ ᠴᠣᠭᠴᠠ᠎ᠶᠢᠨ ᠴᠢᠨᠠᠷ᠎ᠢᠶᠠᠨ ᠳᠡᠭᠡᠭᠰᠢᠯᠡᠭᠦᠯᠦᠨ ᠲᠤᠭ᠎ᠠ᠎ᠪᠠᠨ ᠨᠡᠮᠡᠭᠳᠡᠭᠦᠯᠬᠦ᠌᠎ᠳᠤ ᠬᠦᠴᠦᠨ ᠨᠡᠮᠡᠷᠢᠯᠡᠪᠡ᠃ 《ᠲᠠᠷᠢᠶᠠᠯᠠᠩ᠎ᠤᠨ ᠬᠠᠥᠯᠢ》 ᠵᠢᠨ ᠬᠠᠥᠯᠢ ᠬᠡᠷᠡᠭᠵᠢᠭᠦᠯᠦᠯᠲᠡ᠎ᠶᠢᠨ ᠪᠠᠶ᠋ᠢᠴᠠᠭᠠᠯᠲᠠ᠎ᠶᠢ ᠥᠷᠨᠢᠭᠦᠯᠵᠦ᠍᠂ ᠰᠥ᠎ᠶᠢᠨ ᠦᠢᠯᠡᠰ᠎ᠤᠨ ᠪᠥᠬᠦ᠌ ᠠᠵᠤ ᠦᠢᠯᠡᠰ᠎ᠤᠨ ᠬᠡᠯᠬᠢᠶ᠎ᠡ᠎ᠶᠢᠨ ᠴᠢᠨᠠᠷ ᠰᠠᠶ᠋ᠢᠲᠠᠢ ᠬᠥᠭᠵᠢᠯᠲᠡ᠂ ᠲᠠᠷᠢᠶᠠᠯᠠᠩ᠎ᠤᠨ ᠶᠡᠭᠡ ᠭᠡᠪᠴᠢᠶ᠎ᠠ᠎ᠪᠠᠷ ᠪᠣᠭᠢᠷᠳᠣᠬᠤ᠎ᠶᠢ ᠰᠡᠷᠭᠡᠶ᠋ᠢᠯᠡᠨ ᠵᠠᠰᠠᠬᠤ᠂ ᠠᠮᠢᠲᠠᠨ᠎ᠤ ᠬᠢᠵᠢᠭ᠎ᠢ ᠰᠡᠷᠭᠡᠶ᠋ᠢᠯᠡᠭᠰᠡᠨ ᠵᠡᠷᠭᠡ ᠠᠵᠢᠯ᠎ᠤᠨ ᠪᠠᠶ᠋ᠢᠳᠠᠯ᠎ᠤᠨ ᠮᠡᠳᠡᠭᠦᠯᠦᠯᠲᠡ᠎ᠶᠢ ᠰᠣᠨᠣᠰᠴᠤ᠌ ᠬᠢᠨᠠᠨ ᠵᠥᠪᠯᠡᠪᠡ᠃ ᠵᠠᠰᠠᠭ᠎ᠤᠨ ᠣᠷᠳᠣᠨ᠎ᠤ ᠥᠷᠢ ᠥᠭᠴᠡᠭᠡ᠎ᠶᠢᠨ ᠬᠠᠮᠢᠶᠠᠷᠤᠯᠲᠠ᠎ᠶᠢᠨ ᠪᠠᠶ᠋ᠢᠳᠠᠯ᠎ᠤᠨ ᠲᠤᠬᠠᠢ ᠮᠡᠳᠡᠭᠦᠯᠦᠯᠲᠡ ᠪᠠ ᠮᠥᠩᠭᠦᠨ ᠭᠦᠢᠯᠭᠡᠭᠡᠨ᠎ᠤ ᠲᠦᠭᠰᠢᠭᠦᠷᠢ᠎ᠶᠢ ᠰᠡᠷᠭᠡᠶ᠋ᠢᠯᠡᠨ ᠠᠷᠢᠯᠭᠠᠬᠤ ᠠᠵᠢᠯ᠎ᠤᠨ ᠪᠠᠶ᠋ᠢᠳᠠᠯ᠎ᠤᠨ ᠲᠤᠬᠠᠢ ᠮᠡᠳᠡᠭᠦᠯᠦᠯᠲᠡ᠎ᠶᠢ ᠰᠣᠨᠣᠰᠤᠨ ᠬᠢᠨᠠᠨ ᠵᠥᠪᠯᠡᠵᠦ᠍᠂ ᠵᠠᠰᠠᠭ᠎ᠤᠨ ᠣᠷᠳᠣᠨ᠎ᠤ ᠥᠷᠢ ᠥᠭᠴᠡᠭᠡ᠎ᠶᠢ ᠠᠷᠢᠯᠭᠠᠬᠤ ᠪᠠᠶ᠋ᠢᠷᠢᠯᠠᠭᠤᠯᠤᠯᠲᠠ᠎ᠶᠢᠨ ᠱᠠᠭᠠᠷᠳᠠᠯᠭ᠎ᠠ᠎ᠶᠢ ᠴᠢᠩᠭ᠎ᠠ ᠨᠠᠶ᠋ᠢᠳᠠᠪᠤᠷᠢᠵᠢᠭᠤᠯᠵᠤ᠂ ᠮᠥᠩᠭᠦᠨ ᠭᠦᠢᠯᠭᠡᠭᠡᠨ᠎ᠤ ᠬᠦᠷᠢᠶ᠎ᠡ ᠴᠠᠷᠠᠭᠠᠨ᠎ᠤ ᠠᠮᠤᠷ ᠲᠦᠪᠰᠢᠨ᠎ᠢ ᠦᠨᠡᠨ ᠬᠦ᠌ ᠬᠠᠮᠠᠭᠠᠯᠠᠪᠠ᠃ ᠲᠥᠯᠥᠪᠯᠡᠭᠡ ᠪᠠ ᠲᠥᠰᠦᠪ᠎ᠤᠨ ᠭᠦᠢᠴᠡᠳᠬᠡᠯ᠎ᠤᠨ ᠮᠡᠳᠡᠭᠦᠯᠦᠯᠲᠡ᠎ᠶᠢ ᠰᠣᠨᠣᠰᠤᠨ ᠬᠢᠨᠠᠨ ᠵᠥᠪᠯᠡᠵᠦ᠍᠂ ᠬᠢᠨᠠᠨ ᠪᠤᠳᠤᠯᠳᠠ᠎ᠪᠠᠷ ᠪᠠᠶ᠋ᠢᠴᠠᠭᠠᠵᠤ ᠭᠠᠷᠭᠠᠭᠰᠠᠨ ᠠᠰᠠᠭᠤᠳᠠᠯ᠎ᠢ ᠴᠡᠭᠴᠡᠯᠡᠨ ᠰᠠᠶ᠋ᠢᠵᠢᠷᠠᠭᠤᠯᠤᠭᠰᠠᠨ ᠪᠠᠶ᠋ᠢᠳᠠᠯ᠎ᠤᠨ ᠮᠡᠳᠡᠭᠦᠯᠦᠯᠲᠡ᠎ᠶᠢ ᠰᠣᠨᠣᠰᠤᠨ ᠬᠢᠨᠠᠨ ᠵᠥᠪᠯᠡᠭᠦ᠎ᠶᠢᠨ ᠬᠠᠮᠲᠤ᠌ ᠬᠠᠨᠤᠮᠵᠢ᠎ᠶᠢᠨ ᠬᠡᠮᠵᠢᠶ᠎ᠡ᠎ᠶᠢ ᠰᠢᠯᠭᠠᠨ ᠦᠨᠡᠯᠡᠵᠦ᠍᠂ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ ᠲᠥᠰᠦᠪ ᠪᠠ ᠲᠥᠰᠦᠪ᠎ᠤᠨ ᠭᠦᠢᠴᠡᠳᠬᠡᠯ᠎ᠢ ᠬᠢᠨᠠᠨ ᠪᠠᠶ᠋ᠢᠴᠠᠭᠠᠵᠤ ᠬᠢᠨᠠᠯᠲᠠ ᠲᠠᠯᠪᠢᠬᠤ ᠪᠠ ᠮᠥᠩᠭᠦᠨ ᠭᠦᠢᠯᠭᠡᠭᠡᠨ᠎ᠤ ᠠᠵᠤ ᠠᠬᠤᠢ᠌ᠯᠠᠯ᠎ᠤᠨ ᠤᠯᠤᠰ᠎ᠤᠨ ᠥᠮᠴᠢᠯᠠᠯᠳᠣ ᠡᠳ᠋ ᠬᠦᠷᠦᠩᠭᠡ᠎ᠶᠢᠨ ᠬᠠᠮᠢᠶᠠᠷᠤᠯᠲᠠ᠎ᠳᠤ ᠬᠢᠨᠠᠯᠳᠠ ᠲᠠᠯᠪᠢᠬᠤ᠎ᠪᠠᠨ ᠴᠢᠩᠭᠠᠳᠬᠠᠪᠠ᠃ 

ᠭᠤᠷᠪᠠ᠎ᠳᠤ ᠦᠵᠡᠰᠬᠦᠯᠡᠩᠲᠦ᠍ ᠰᠠᠶ᠋ᠢᠬᠠᠨ ᠥᠪᠥᠷ ᠮᠣᠩᠭᠤᠯ᠎ᠤᠨ ᠪᠦᠳᠦᠬᠡᠨ ᠪᠠᠶ᠋ᠢᠭᠤᠯᠤᠯᠳᠠ᠎ᠳᠤ ᠠᠩᠬᠠᠷᠤᠯ᠎ᠢᠶᠠᠨ ᠲᠥᠪᠯᠡᠷᠡᠭᠦᠯᠦᠨ ᠬᠢᠨᠠᠯᠲᠠ ᠲᠠᠯᠪᠢᠪᠠ᠃ 《ᠬᠠᠳᠤᠨ ᠭᠤᠣᠯ᠎ᠤᠨ ᠬᠠᠮᠠᠭᠠᠯᠠᠯᠲᠠ᠎ᠶᠢᠨ ᠬᠠᠤᠯᠢ》᠂ 《ᠭᠠᠵᠠᠷ ᠳᠣᠣᠷᠠᠬᠢ ᠤᠰᠤᠨ᠎ᠤ ᠬᠠᠮᠠᠭᠠᠯᠠᠯᠳᠠ ᠪᠠ ᠬᠠᠮᠢᠶᠠᠷᠤᠯᠳᠠ᠎ᠶᠢᠨ ᠲᠦᠷᠢᠮ》 ᠳ᠋ᠤ ᠬᠠᠤᠯᠢ ᠬᠡᠷᠡᠭᠵᠢᠭᠦᠯᠦᠯᠲᠡ᠎ᠶᠢᠨ ᠪᠠᠶ᠋ᠢᠴᠠᠭᠠᠯᠲᠠ ᠥᠷᠨᠢᠭᠦᠯᠪᠡ᠃ 《ᠮᠠᠯ ᠪᠡᠯᠴᠢᠭᠡᠷ᠎ᠢ ᠲᠡᠩᠴᠡᠭᠦᠷᠢ᠎ᠲᠠᠢ ᠪᠠᠶ᠋ᠢᠯᠭᠠᠬᠤ ᠪᠠ ᠪᠡᠯᠴᠢᠭᠡᠷᠯᠡᠭᠦᠯᠬᠦ᠌᠎ᠶᠢ ᠴᠠᠭᠠᠵᠠᠯᠠᠬᠤ ᠪᠡᠯᠴᠢᠭᠡᠷ᠎ᠢ ᠠᠮᠠᠷᠠᠭᠤᠯᠬᠤ ᠲᠦᠷᠢᠮ》 ᠳ᠋ᠤ ᠬᠠᠥᠯᠢ ᠬᠡᠷᠡᠭᠵᠢᠭᠦᠯᠦᠯᠲᠡ᠎ᠶᠢᠨ ᠪᠠᠶ᠋ᠢᠴᠠᠭᠠᠯᠲᠠ ᠬᠢᠬᠦ᠌᠎ᠶᠢᠨ ᠬᠠᠮᠲᠤ᠌ ᠲᠤᠰᠬᠠᠢ ᠰᠡᠳᠦᠪ᠎ᠢᠶᠠᠷ ᠠᠰᠠᠭᠤᠨ ᠯᠠᠪᠯᠠᠵᠤ᠂ ᠭᠤᠥᠯᠳᠠᠯᠭ᠎ᠠ᠎ᠲᠠᠢ ᠪᠠᠶ᠋ᠢᠴᠠᠭᠠᠵᠤ᠂ ᠬᠡᠲᠦᠷᠡᠲᠡᠯ᠎ᠡ ᠮᠠᠯᠵᠢᠭᠰᠠᠨ᠂ ᠨᠤᠲᠤᠭ ᠪᠡᠯᠴᠢᠭᠡᠷ᠎ᠢ ᠡᠪᠳᠡᠭᠰᠡᠨ ᠵᠡᠷᠭᠡ ᠦᠢᠯᠡ ᠠᠵᠢᠯᠯᠠᠭ᠎ᠠ᠎ᠶᠢ ᠵᠠᠰᠠᠨ ᠰᠠᠶ᠋ᠢᠵᠢᠷᠠᠭᠤᠯᠬᠤ᠎ᠪᠠᠷ ᠱᠠᠯᠠᠪᠳᠠᠭᠤᠯᠪᠠ᠃ ᠬᠤᠵᠢᠷᠯᠢᠬ ᠭᠠᠵᠠᠷ᠎ᠢ ᠶᠡᠷᠦᠩᠬᠡᠶ᠋ᠢᠯᠡᠨ ᠠᠰᠢᠭᠯᠠᠭᠰᠠᠨ ᠪᠠᠶ᠋ᠢᠳᠠᠯ᠎ᠤᠨ ᠲᠤᠬᠠᠢ ᠮᠡᠳᠡᠭᠦᠯᠦᠯᠲᠡ᠎ᠶᠢ ᠰᠣᠨᠣᠰᠴᠤ᠌ ᠬᠢᠨᠠᠨ ᠵᠥᠪᠯᠡᠭᠦ᠎ᠶᠢᠨ ᠬᠠᠮᠲᠤ᠌ ᠲᠤᠰᠬᠠᠢ ᠰᠡᠳᠦᠪᠲᠦ᠍ ᠯᠠᠪᠯᠠᠨ ᠠᠰᠠᠭᠤᠬᠤ ᠠᠵᠢᠯ᠎ᠢ ᠥᠷᠨᠢᠭᠦᠯᠪᠡ᠃ 《ᠭᠤᠷᠪᠠᠨ ᠨᠠᠭᠤᠷ》 ᠵᠢᠴᠢ ᠴᠠᠭᠠᠨᠨᠠᠭᠤᠷ᠎ᠤᠨ ᠠᠮᠢ ᠠᠬᠤᠢ ᠣᠷᠴᠢᠨ ᠲᠣᠭᠤᠷᠢᠨ᠎ᠢ ᠶᠡᠷᠦᠩᠬᠡᠶ᠋ᠢᠯᠡᠨ ᠵᠠᠰᠠᠬᠤ᠂ ᠤᠰᠤᠨ᠎ᠤ ᠡᠬᠢ ᠪᠠᠶᠠᠯᠢᠭ᠎ᠤᠨ ᠬᠤᠪᠢᠶᠠᠷᠢᠯᠠᠯᠲᠠ ᠪᠠ ᠬᠠᠮᠢᠶᠠᠷᠤᠯᠲᠠ᠂ ᠦᠬᠠᠢ ᠵᠢᠴᠢ ᠡᠷᠬᠢᠨ ᠲᠣᠭᠤᠷᠢᠨ᠎ᠤ ᠭᠠᠵᠠᠷ ᠣᠷᠣᠨ᠎ᠤ ᠠᠭᠠᠷ ᠮᠠᠨᠳᠠᠯ᠎ᠤᠨ ᠪᠣᠬᠢᠷᠲᠤᠯ᠎ᠢ ᠬᠠᠮᠳᠤᠷᠠᠨ ᠰᠡᠷᠭᠡᠶ᠋ᠢᠯᠡᠵᠦ᠍ ᠬᠠᠮᠳᠤᠷᠡᠨ ᠡᠵᠡᠮᠳᠡᠬᠦ᠌ ᠵᠢᠴᠢ ᠠᠮᠢ ᠠᠬᠤᠢ ᠣᠷᠴᠢᠨ ᠲᠣᠭᠤᠷᠢᠨ ᠪᠠ ᠡᠬᠢ ᠪᠠᠶᠠᠯᠢᠭ᠎ᠤᠨ ᠬᠠᠮᠠᠭᠠᠯᠠᠯᠲᠠ᠎ᠶᠢ ᠪᠠᠶ᠋ᠢᠴᠠᠭᠠᠭᠰᠠᠨ ᠪᠠᠶ᠋ᠢᠳᠠᠯ ᠵᠡᠷᠭᠡ ᠲᠤᠰᠬᠠᠢ ᠠᠵᠢᠯ᠎ᠤᠨ ᠮᠡᠳᠡᠭᠦᠯᠦᠯᠲᠡ᠎ᠶᠢ ᠰᠣᠨᠣᠰᠤᠨ ᠬᠢᠨᠠᠨ ᠵᠥᠪᠯᠡᠵᠦ᠍᠂ ᠠᠮᠢ ᠠᠬᠤᠢ ᠣᠷᠴᠢᠨ ᠲᠣᠭᠤᠷᠢᠨ᠎ᠤ ᠵᠠᠰᠠᠯᠲᠠ᠎ᠶᠢᠨ ᠳᠤᠮᠳᠠᠬᠢ ᠲᠣᠪᠤᠶ᠋ᠢᠮ᠎ᠠ ᠠᠰᠠᠭᠤᠳᠠᠯ᠎ᠢ ᠰᠠᠶ᠋ᠢᠲᠤᠷ ᠰᠢ᠌ᠳᠪᠦᠷᠢᠯᠡᠬᠦ᠌᠎ᠶᠢ ᠳᠥᠯᠭᠢᠨ ᠠᠬᠢᠭᠤᠯᠪᠠ᠃ 

ᠲᠦᠷᠪᠡ᠎ᠳᠤ ᠠᠷᠠᠳ᠎ᠤᠨ ᠠᠮᠢᠳᠤᠷᠠᠯ ᠨᠡᠶ᠋ᠢᠭᠡᠮ᠎ᠤᠨ ᠬᠦᠷᠢᠶ᠎ᠡ ᠴᠠᠷᠠᠭᠠᠨ᠎ᠤ ᠭᠤᠣᠯᠳᠠᠯᠭ᠎ᠠ᠎ᠲᠠᠢ ᠬᠦᠴᠢᠷ ᠲᠦᠪᠡᠭᠲᠡᠢ ᠠᠰᠠᠭᠤᠳᠠᠯ᠎ᠳᠤ ᠠᠩᠬᠠᠷᠤᠯ᠎ᠢᠶᠠᠨ ᠲᠥᠪᠯᠡᠷᠡᠭᠦᠯᠦᠨ ᠬᠢᠨᠠᠯᠲᠠ ᠲᠠᠯᠪᠢᠪᠠ᠃ ᠠᠵᠢᠯ ᠣᠯᠭᠤᠯᠲᠠ᠎ᠶᠢ ᠠᠬᠢᠭᠤᠯᠬᠤ 《ᠨᠢᠭᠡ ᠬᠠᠤᠯᠢ ᠨᠢᠭᠡ ᠲᠦᠷᠢᠮ》 ᠤ᠋ᠨ ᠬᠠᠤᠯᠢ ᠬᠡᠷᠡᠭᠵᠢᠭᠦᠯᠦᠯᠲᠡ᠎ᠶᠢᠨ ᠪᠠᠶ᠋ᠢᠴᠠᠭᠠᠯᠲᠠ᠎ᠶᠢ ᠥᠷᠨᠢᠭᠦᠯᠵᠦ᠍᠂ ᠠᠵᠢᠯ ᠣᠯᠭᠤᠯᠲᠠ᠎ᠶᠢ ᠲᠡᠷᠢᠭᠦᠨ᠎ᠳᠤ ᠲᠠᠯᠪᠢᠬᠤ ᠲᠦᠷᠦ᠎ᠶᠢᠨ ᠪᠤᠳᠤᠯᠭ᠎ᠠ᠎ᠶᠢ ᠨᠠᠶ᠋ᠢᠳᠠᠪᠤᠷᠢᠵᠢᠭᠤᠯᠬᠤ᠎ᠶᠢ ᠲᠦᠯᠬᠢᠨ ᠠᠬᠢᠭᠤᠯᠪᠠ᠃ ᠴᠢᠨᠠᠷ ᠰᠠᠶ᠋ᠢᠳᠠᠢ ᠡᠮᠴᠢᠯᠡᠭᠡᠨ᠎ᠤ ᠡᠬᠢ ᠪᠠᠶᠠᠯᠢᠭ᠎ᠢ ᠣᠷᠣᠭᠤᠯᠤᠨ ᠠᠪᠴᠢᠷᠡᠵᠦ᠍᠂ ᠤᠯᠤᠰ᠎ᠤᠨ ᠣᠷᠣᠨ ᠪᠦᠰᠡ᠎ᠶᠢᠨ ᠡᠮᠴᠢᠯᠡᠭᠡᠨ᠎ᠤ ᠲᠥᠪ᠎ᠤᠨ ᠪᠦᠳᠦᠭᠡᠨ ᠪᠠᠶ᠋ᠢᠭᠤᠯᠤᠯᠲᠠ᠎ᠶᠢ ᠠᠬᠢᠭᠤᠯᠤᠭᠰᠠᠨ ᠪᠠᠶ᠋ᠢᠳᠠᠯ᠎ᠤᠨ ᠲᠤᠬᠠᠢ ᠮᠡᠳᠡᠭᠦᠯᠦᠯᠲᠡ᠎ᠶᠢ ᠰᠣᠨᠣᠰᠤᠨ ᠬᠢᠨᠠᠨ ᠵᠥᠪᠯᠡᠵᠦ᠍᠂ ᠠᠷᠠᠳ ᠤᠯᠠᠨ᠎ᠢ ᠬᠡᠷ᠎ᠤᠨ ᠡᠭᠦᠳᠡᠨ᠎ᠳᠤ᠎ᠪᠠᠨ 《ᠡᠪᠡᠳᠴᠢᠨ ᠦᠵᠡᠭᠦᠯᠬᠦ᠌᠎ᠳᠤ ᠳᠥᠭᠦᠮ》᠂ 《ᠰᠠᠶ᠋ᠢᠨ ᠡᠮᠴᠢ᠎ᠪᠠᠷ ᠡᠪᠡᠳᠴᠢᠨ ᠦᠵᠡᠭᠦᠯᠬᠦ᠌》 ᠪᠤᠯᠭᠠᠪᠠ᠃ ᠨᠠᠰᠤᠵᠢᠯ᠎ᠤᠨ ᠠᠰᠠᠷᠠᠮᠵᠢ᠎ᠶᠢᠨ ᠦᠢᠯᠡᠰ ᠪᠠ ᠨᠠᠰᠤᠵᠢᠯ᠎ᠤᠨ ᠠᠰᠠᠷᠠᠮᠵᠢ᠎ᠶᠢᠨ ᠠᠵᠤ ᠦᠢᠯᠡᠰ᠎ᠢ ᠬᠥᠭᠵᠢᠭᠦᠯᠦᠭᠰᠡᠨ ᠪᠠᠶ᠋ᠢᠳᠠᠯ᠎ᠤᠨ ᠲᠤᠬᠠᠢ ᠮᠡᠳᠡᠭᠦᠯᠦᠯᠲᠡ᠎ᠶᠢ ᠰᠣᠨᠣᠰᠤᠨ ᠬᠢᠨᠠᠨ ᠵᠥᠪᠯᠡᠭᠦ᠎ᠶᠢᠨ ᠬᠠᠮᠲᠤ᠌ ᠲᠤᠰᠬᠠᠢ ᠰᠡᠳᠦᠪ᠎ᠢᠶᠠᠷ ᠯᠠᠪᠯᠠᠨ ᠠᠰᠠᠭᠤᠵᠤ᠂ ᠡᠮᠡᠭᠲᠡᠶ᠋ᠢᠴᠦᠳ ᠬᠡᠦᠬᠡᠳ᠎ᠤᠨ ᠬᠥᠭᠵᠢᠯᠲᠡ᠎ᠶᠢᠨ ᠬᠥᠲᠥᠯᠪᠦᠷᠢ᠎ᠶᠢ ᠨᠠᠶ᠋ᠢᠳᠠᠪᠤᠷᠢᠵᠢᠭᠤᠯᠤᠭᠰᠠᠨ ᠪᠠᠶ᠋ᠢᠳᠠᠯ᠎ᠤᠨ ᠲᠤᠬᠠᠢ ᠮᠡᠳᠡᠭᠦᠯᠦᠯᠲᠡ᠎ᠶᠢ ᠰᠤᠨᠤᠰᠤᠨ ᠬᠢᠨᠠᠨ ᠵᠥᠪᠯᠡᠵᠦ᠍᠂ ᠨᠠᠰᠤᠵᠢᠯ᠎ᠤᠨ ᠠᠰᠠᠷᠠᠮᠵᠢ ᠪᠠ ᠡᠮᠡᠭᠲᠡᠶ᠋ᠢᠴᠦᠳ ᠬᠡᠦᠬᠡᠳ᠎ᠤᠨ ᠦᠢᠯᠡᠰ᠎ᠤᠨ ᠲᠣᠭᠲᠠᠭᠤᠨ᠎ᠢᠶᠠᠷ ᠬᠥᠭᠵᠢᠬᠦ᠌᠎ᠶᠢ ᠲᠦᠯᠬᠢᠨ ᠠᠬᠢᠭᠤᠯᠪᠠ᠃ ᠠᠭᠤᠷᠬᠠᠢ᠎ᠶᠢᠨ ᠠᠶᠤᠯᠭᠦᠢ ᠦᠢᠯᠡᠳᠪᠦᠷᠢᠯᠡᠯ᠎ᠤᠨ ᠠᠵᠢᠯ᠎ᠢ ᠴᠢᠩᠭᠠᠳᠬᠠᠭᠰᠠᠨ ᠪᠠᠶ᠋ᠢᠳᠠᠯ᠎ᠤᠨ ᠲᠤᠬᠠᠢ ᠮᠡᠳᠡᠭᠦᠯᠦᠯᠲᠡ᠎ᠶᠢ ᠰᠣᠨᠣᠰᠤᠨ ᠬᠢᠨᠠᠨ ᠵᠥᠪᠯᠡᠭᠦ᠎ᠶᠢᠨ ᠬᠠᠮᠲᠤ᠌ ᠳᠤᠭᠤᠢ᠌ᠯᠠᠩ ᠬᠤᠪᠢᠶᠠᠨ ᠯᠠᠪᠯᠠᠨ ᠠᠰᠠᠭᠤᠬᠤ ᠠᠵᠢᠯ᠎ᠢ ᠥᠷᠨᠢᠭᠦᠯᠵᠦ᠍᠂ ᠠᠭᠤᠷᠬᠠᠢ᠎ᠶᠢᠨ ᠴᠢᠨᠠᠷ ᠰᠠᠶ᠋ᠢᠲᠠᠢ ᠬᠥᠭᠵᠢᠯᠲᠡ ᠪᠠ ᠥᠨᠳᠥᠷ ᠬᠢᠷᠢ ᠲᠦᠪᠰᠢᠨ ᠪᠦᠬᠦᠢ ᠠᠮᠤᠷ ᠲᠥᠪᠰᠢᠨ᠎ᠤ ᠲᠠᠯ᠎ᠠ᠎ᠶᠢᠨ ᠰᠠᠶ᠋ᠢᠨ ᠰᠠᠶ᠋ᠢᠬᠠᠨ ᠦᠢᠯᠡᠳᠦᠯᠴᠡᠯ᠎ᠢ ᠪᠡᠶᠡᠯᠡᠭᠦᠯᠬᠦ᠌ ᠬᠡᠷᠡᠭᠲᠡᠢ ᠭᠡᠵᠦ᠍ ᠳᠤᠷᠠᠳᠤᠨ ᠭᠠᠷᠭᠠᠪᠠ᠃ 2023 ᠣᠨ᠎ᠤ ᠬᠠᠤᠯᠢᠵᠢᠯ ᠵᠠᠰᠠᠭ᠎ᠤᠨ ᠣᠷᠳᠣᠨ᠎ᠤ ᠪᠠᠶ᠋ᠢᠭᠤᠯᠤᠯᠲᠠ᠎ᠶᠢᠨ ᠪᠠᠶ᠋ᠢᠳᠠᠯ ᠪᠠ ᠪᠥᠬᠦ᠌ ᠣᠷᠣᠨ᠎ᠤ ᠰᠢᠭᠦᠬᠦ᠌ ᠬᠤᠷᠢᠶᠠᠨ᠎ᠤ ᠵᠠᠰᠠᠭ ᠵᠠᠬᠢᠷᠭᠠᠨ᠎ᠤ ᠰᠢᠭᠦᠨ ᠲᠠᠰᠤᠯᠣᠯᠳᠠ᠎ᠶᠢᠨ ᠠᠵᠢᠯ᠎ᠤᠨ ᠪᠠᠶ᠋ᠢᠳᠠᠯ᠎ᠤᠨ ᠮᠡᠳᠡᠭᠦᠯᠦᠯᠲᠡ᠎ᠶᠢ ᠰᠣᠨᠣᠰᠤᠨ ᠬᠢᠨᠠᠨ ᠵᠥᠪᠯᠡᠵᠤ᠂ ᠬᠠᠤᠯᠢᠵᠢᠯ᠎ᠤᠨ ᠥᠪᠥᠷ ᠮᠣᠩᠭᠤᠯ᠎ᠤᠨ ᠪᠠᠶ᠋ᠢᠭᠤᠯᠤᠯᠲᠠ᠎ᠶᠢᠨ ᠶᠠᠰᠤ ᠴᠢᠨᠠᠷ᠎ᠢ ᠳᠡᠭᠡᠭᠰᠢᠯᠡᠭᠦᠯᠦᠨ ᠦᠷ᠎ᠡ ᠠᠰᠢᠭ᠎ᠢ ᠨᠡᠮᠡᠭᠳᠡᠭᠦᠯᠬᠦ᠌᠎ᠶᠢ ᠳᠥᠯᠭᠢᠨ ᠠᠬᠢᠭᠤᠯᠪᠠ᠃ 

ᠬᠢᠨᠠᠯᠲᠠ ᠲᠠᠯᠪᠢᠬᠤ ᠠᠵᠢᠯ᠎ᠤᠨ ᠳᠤᠮᠳᠠ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ᠎ᠤᠨ ᠪᠠᠶ᠋ᠢᠩᠭᠤ᠎ᠶᠢᠨ ᠬᠤᠷᠢᠶ᠎ᠠ ᠬᠢᠨᠠᠯᠲᠠ ᠲᠠᠯᠪᠢᠬᠤ ᠠᠷᠭ᠎ᠠ ᠮᠠᠶᠢᠭ᠎ᠤᠨ ᠰᠢᠨ᠎ᠡ᠎ᠶᠢ ᠡᠭᠦᠳᠴᠦ᠍᠂ ᠳᠤᠭᠤᠢ᠌ᠯᠠᠩ ᠬᠠᠮᠲᠤᠷᠠᠭᠰᠠᠨ ᠬᠤᠷᠠᠯᠳᠤᠭᠠᠨ᠎ᠢᠶᠠᠷ ᠲᠤᠰᠬᠠᠢ ᠰᠡᠳᠦᠪ᠎ᠢᠶᠠᠷ ᠯᠠᠪᠯᠠᠨ ᠠᠰᠠᠭᠤᠭᠰᠠᠨ ᠰᠠᠭᠤᠷᠢᠨ ᠳᠡᠭᠡᠷ᠎ᠡ᠂ ᠳᠤᠭᠤᠢ᠌ᠯᠠᠩ ᠬᠤᠪᠢᠶᠠᠨ ᠯᠠᠪᠯᠠᠨ ᠠᠰᠠᠭᠤᠬᠤ ᠭᠤᠭᠴᠤᠭ᠎ᠠ᠎ᠶᠢ ᠨᠡᠮᠡᠵᠦ᠍᠂ ᠪᠠᠶ᠋ᠢᠩᠭᠤ᠎ᠶᠢᠨ ᠬᠤᠷᠢᠶᠠᠨ᠎ᠤ ᠪᠦᠷᠢᠯᠳᠦᠬᠦᠨ ᠪᠠ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ᠎ᠤᠨ ᠲᠥᠯᠥᠭᠡᠯᠡᠭᠴᠢᠳ ᠮᠡᠳᠡᠭᠦᠯᠦᠯᠲᠡ᠎ᠶᠢ ᠬᠢᠨᠠᠨ ᠵᠥᠪᠯᠡᠭᠦ᠌ ᠦᠶ᠎ᠡ᠎ᠳᠤ᠂ ᠲᠤᠬᠠᠢ᠎ᠶᠢᠨ ᠲᠠᠯᠠᠪᠤᠷ᠎ᠲᠤ᠎ᠨᠢ ᠠᠰᠠᠭᠤᠯᠲᠠ ᠳᠤᠷᠠᠳᠴᠤ᠌᠂ ᠵᠠᠰᠠᠭ᠎ᠤᠨ ᠣᠷᠳᠣᠨ᠎ᠤ ᠬᠤᠯᠪᠣᠭᠳᠠᠯ ᠪᠥᠬᠦᠢ ᠰᠠᠯᠠᠭ᠎ᠠ ᠮᠥᠴᠢᠷ᠎ᠤᠨ ᠬᠠᠷᠢᠭᠤᠴᠠᠯᠭᠠᠳᠠᠳ ᠲᠤᠬᠠᠢ᠎ᠶᠢᠨ ᠲᠠᠯᠠᠪᠤᠷ᠎ᠲᠤ᠎ᠨᠢ ᠬᠠᠷᠢᠭᠤᠯᠲᠠ ᠥᠭᠴᠦ᠍᠂ ᠠᠰᠠᠭᠤᠯᠲᠠ᠎ᠳᠤ᠎ᠪᠠᠨ ᠠᠰᠠᠭᠤᠳᠠᠯ᠎ᠢ ᠰᠢᠭᠤᠳ ᠳᠤᠷᠠᠳᠴᠤ᠌᠂ ᠠᠰᠠᠭᠤᠳᠠᠯ᠎ᠠᠴᠠ ᠵᠠᠶ᠋ᠢᠯᠠᠰᠬᠢᠭᠦ᠌ ᠥᠬᠡᠢ ᠪᠠᠷ ᠦᠨᠡᠨ ᠬᠦ᠌ ᠬᠠᠷᠢᠭᠤᠴᠠᠯᠭ᠎ᠠ᠎ᠶᠢ᠎ᠨᠢ ᠠᠰᠠᠭᠤᠵᠤ ᠪᠠᠶ᠋ᠢᠭᠠᠳ ᠳᠠᠷᠤᠭᠠᠰᠤ ᠦᠭᠴᠦ᠍᠂ ᠵᠢᠩᠭᠢᠨᠢ ᠦᠷ᠎ᠡ ᠪᠦᠲᠦᠮᠵᠢ ᠭᠠᠷᠭᠠᠪᠠ᠃ ᠲᠤᠰᠬᠠᠢ ᠰᠡᠳᠦᠪᠲᠦ᠍ ᠰᠠᠭᠤᠳᠠᠯ᠎ᠤᠨ ᠬᠤᠷᠠᠯ᠎ᠢ ᠬᠤᠷᠠᠯᠳᠤᠭᠤᠯᠵᠤ᠂ ᠬᠢᠨᠠᠯᠲᠠ ᠲᠠᠯᠪᠢᠬᠤ ᠠᠵᠢᠯ᠎ᠤᠨ ᠳᠤᠮᠳᠠ ᠣᠷᠣᠰᠢᠵᠤ ᠪᠠᠶ᠋ᠢᠭ᠎ᠠ ᠠᠰᠠᠭᠤᠳᠠᠯ᠎ᠳᠤ ᠴᠢᠭᠯᠡᠭᠦᠯᠦᠨ ᠬᠠᠯᠠᠨ ᠰᠠᠶ᠋ᠢᠵᠢᠷᠠᠭᠤᠯᠬᠤ ᠠᠷᠭ᠎ᠠ ᠬᠡᠮᠵᠢᠶ᠎ᠡ᠎ᠶᠢ ᠳᠤᠷᠠᠳᠤᠨ ᠭᠠᠷᠭᠠᠪᠠ᠃ ᠠᠰᠠᠭᠤᠳᠠᠯ᠎ᠢᠶᠠᠷ ᠤᠳᠤᠷᠢᠳᠤᠮᠵᠢ ᠪᠣᠯᠭᠠᠬᠤ᠂ ᠦᠷ᠎ᠡ ᠳ᠋ᠦᠩ᠎ᠢᠶᠠᠷ ᠤᠳᠤᠷᠢᠳᠤᠮᠵᠢ ᠪᠣᠯᠭᠠᠬᠤ᠎ᠶᠢ ᠪᠠᠷᠢᠮᠲᠠᠯᠠᠵᠤ᠂ ᠬᠤᠳᠠᠯᠳᠤᠭ᠎ᠠ ᠡᠷᠬᠢᠯᠡᠬᠦ᠌ ᠣᠷᠴᠢᠨ ᠨᠥᠬᠦᠴᠡᠯ᠂ ᠠᠶᠤᠯᠭᠦᠢ ᠦᠢᠯᠡᠳᠪᠦᠷᠢᠯᠡᠯ᠎ᠢ ᠰᠢᠯᠢᠳᠡᠭᠵᠢᠭᠦᠯᠬᠦ᠂ ᠠᠷᠠᠳ᠎ᠤᠨ ᠡᠵᠡᠩᠨᠡᠯᠲᠡ᠎ᠶᠢᠨ ᠠᠵᠤ ᠠᠬᠤᠢ᠎ᠶᠢᠨ ᠬᠥᠭᠵᠢᠯᠲᠡ᠎ᠶᠢ ᠠᠬᠢᠭᠤᠯᠬᠤ ᠳᠤᠮᠳᠠ ᠣᠷᠣᠰᠢᠵᠤ ᠪᠠᠶ᠋ᠢᠭ᠎ᠠ ᠠᠰᠠᠭᠤᠳᠠᠯ᠎ᠤᠨ ᠲᠣᠭᠤᠷᠢᠨ᠎ᠳᠤ 《ᠡᠷᠬᠢᠨ ᠬᠠᠷᠠᠵᠦ᠍》᠂ 《ᠲᠠᠬᠢᠨ ᠬᠢᠨᠠᠯᠲᠠ》 ᠲᠠᠯᠪᠢᠪᠠ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶᠠᠨ᠎ᠤ ᠬᠢᠨᠠᠯᠲᠠ ᠲᠠᠯᠪᠢᠯᠲᠠ᠎ᠶᠢᠨ ᠨᠡᠪᠲᠡᠷᠡᠯᠴᠡᠭᠦᠯᠦᠨ ᠵᠣᠬᠢᠴᠠᠭᠤᠯᠬᠤ ᠲᠤᠭᠳᠠᠯᠴᠠᠭ᠎ᠠ᠎ᠶᠢ ᠨᠠᠶ᠋ᠢᠳᠠᠪᠤᠷᠢᠵᠢᠭᠤᠯᠵᠤ᠂ ᠬᠢᠨᠠᠯᠲᠠ ᠲᠠᠯᠪᠢᠬᠤ ᠠᠵᠢᠯ᠎ᠤᠨ ᠳᠤᠮᠳᠠ ᠢᠯᠡᠷᠡᠭᠦᠯᠦᠭᠰᠡᠨ ᠨᠡᠶ᠋ᠢᠳᠡᠮ᠎ᠤᠨ ᠴᠢᠨᠠᠷᠲᠠᠢ᠂ ᠨᠡᠶ᠋ᠢᠲᠡᠯᠢᠭ ᠴᠢᠨᠠᠷᠲᠠᠢ ᠠᠰᠠᠭᠤᠳᠠᠯ᠎ᠢ ᠴᠠᠭ ᠲᠤᠬᠠᠢ᠎ᠳᠤ᠎ᠨᠢ ᠳᠡᠪᠰᠢᠭᠦᠯᠦᠨ ᠲᠤᠰᠢᠶᠠᠵᠤ᠂ ᠬᠤᠯᠪᠣᠭᠳᠠᠯ ᠪᠥᠬᠦᠢ ᠰᠠᠯᠠᠭ᠎ᠠ ᠮᠥᠴᠢᠷ᠎ᠢ ᠱᠠᠯᠠᠪᠳᠠᠭᠤᠯᠵᠤ ᠴᠡᠭᠴᠡᠯᠡᠨ ᠰᠠᠶ᠋ᠢᠵᠢᠷᠠᠭᠤᠯᠬᠤ ᠡᠭᠦᠷᠭᠡ᠎ᠶᠢ ᠴᠠᠭ ᠲᠤᠬᠠᠢ᠎ᠳᠤ᠎ᠨᠢ ᠪᠡᠶᠡᠯᠡᠭᠦᠯᠪᠡ᠃

ᠲᠦᠷᠪᠡ᠂ ᠲᠥᠯᠥᠭᠡᠯᠡᠭᠴᠢᠳ᠎ᠤᠨ ᠠᠵᠢᠯ᠎ᠤᠨ ᠴᠢᠳᠠᠪᠤᠷᠢ᠎ᠶᠢᠨ ᠪᠠᠶ᠋ᠢᠭᠤᠯᠤᠯᠲᠠ᠎ᠶᠢ ᠴᠢᠩᠭᠠᠳᠬᠠᠵᠤ᠂ ᠲᠥᠯᠥᠬᠡᠯᠡᠭᠴᠢ᠎ᠶᠢᠨ ᠲᠤᠰᠢᠶᠠᠯ ᠬᠠᠷᠢᠭᠤᠴᠠᠯᠭ᠎ᠠ᠎ᠪᠠᠨ ᠨᠡᠩ ᠰᠠᠶ᠋ᠢᠨ ᠭᠦᠢᠴᠡᠳᠬᠡᠬᠦ᠂ ᠦᠢᠯᠡᠳᠦᠯ᠎ᠢᠶᠠᠨ ᠨᠡᠩ ᠰᠠᠶ᠋ᠢᠨ ᠪᠠᠳᠠᠷᠠᠭᠤᠯᠬᠤ᠎ᠶᠢ ᠲᠡᠮᠵᠢᠨ ᠪᠠᠲᠤᠯᠠᠪᠠ 

《ᠬᠤᠶᠠᠷ ᠬᠠᠷᠢᠯᠴᠠᠭ᠎ᠠ》 ᠪᠠᠷ ᠭᠠᠷᠳᠠᠴᠠ ᠪᠣᠯᠭᠠᠬᠤ᠎ᠶᠢ ᠪᠠᠷᠢᠮᠲᠠᠯᠠᠵᠤ᠂ ᠲᠥᠯᠥᠭᠡᠯᠡᠭᠴᠢᠦᠨ᠎ᠤᠨ ᠠᠵᠢᠯ᠎ᠢ ᠲᠠᠰᠤᠷᠠᠯᠳᠠ ᠦᠭᠡᠢ ᠭᠦᠨᠵᠡᠭᠡᠶ᠋ᠢᠷᠡᠭᠦᠯᠦᠨ ᠥᠷᠭᠡᠳᠬᠡᠵᠦ᠍᠂ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ᠎ᠤᠨ ᠲᠥᠯᠥᠭᠡᠯᠡᠭᠴᠢᠳ᠎ᠤᠨ ᠤᠯᠤᠰ ᠲᠦᠷᠦ᠎ᠶᠢᠨ ᠵᠣᠭᠰᠣᠯᠲᠠ᠎ᠪᠠᠨ ᠪᠠᠲᠤᠳᠬᠠᠵᠤ᠂ ᠬᠠᠤᠯᠢ᠎ᠪᠠᠷ ᠲᠣᠭᠲᠠᠭᠠᠭᠰᠠᠨ ᠲᠤᠰᠢᠶᠠᠯ ᠬᠠᠷᠢᠭᠤᠴᠠᠯᠭ᠎ᠠ᠎ᠪᠠᠨ ᠭᠦᠢᠴᠡᠳᠬᠡᠬᠦ᠌᠎ᠶᠢ ᠬᠥᠲᠥᠯᠥᠨ ᠵᠢᠯᠣᠭᠤᠳᠴᠤ᠌᠂ ᠨᠠᠮ ᠪᠠ ᠤᠯᠤᠰ᠎ᠤᠨ ᠠᠷᠠᠳ ᠤᠯᠠᠨ᠎ᠲᠠᠢ ᠬᠠᠷᠢᠯᠴᠠᠬᠤ ᠬᠥᠭᠦᠷᠭᠡ ᠬᠤᠯᠪᠣᠭᠠᠰᠤ᠎ᠶᠢᠨ ᠣᠢ᠌ᠯᠡᠳᠣᠯ᠎ᠢ ᠰᠠᠶ᠋ᠢᠳᠣᠷ ᠪᠠᠳᠠᠷᠠᠭᠤᠯᠪᠠ᠃ 

ᠨᠢᠭᠡ᠎ᠳᠤ ᠪᠠᠶ᠋ᠢᠩᠭᠤ᠎ᠶᠢᠨ ᠬᠤᠷᠢᠶᠠᠨ᠎ᠤ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ᠎ᠤᠨ ᠲᠥᠯᠥᠭᠡᠯᠡᠭᠴᠢᠳ ᠲᠠᠢ ᠬᠠᠷᠢᠯᠴᠠᠬᠤ ᠠᠵᠢᠯ᠎ᠢ ᠰᠠᠶ᠋ᠢᠳᠥᠷ ᠬᠢᠪᠡ᠃ ᠪᠠᠶ᠋ᠢᠩᠭᠤ᠎ᠶᠢᠨ ᠬᠤᠷᠢᠶᠠᠨ᠎ᠤ ᠤᠳᠣᠷᠢᠳᠣᠯᠭ᠎ᠠ ᠨᠠᠷ ᠲᠠᠶ᠋ᠢᠴᠢᠯᠠᠨ ᠦᠨᠳᠦᠰᠦᠨ ᠱᠠᠲᠤᠨ᠎ᠤ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ᠎ᠤᠨ ᠲᠥᠯᠥᠭᠡᠯᠡᠭᠴᠢᠳ᠎ᠲᠠᠢ ᠬᠠᠷᠢᠯᠴᠠᠵᠤ᠂ ᠲᠥᠯᠥᠭᠡᠯᠡᠭᠴᠢᠳ ᠰᠤᠯᠠ ᠣᠷᠣᠯᠴᠠᠭᠰᠠᠨ ᠰᠠᠭᠤᠳᠠᠯ᠎ᠤᠨ ᠬᠤᠷᠠᠯ᠎ᠢ ᠪᠠᠶ᠋ᠢᠩᠭᠤᠵᠢᠭᠤᠯᠤᠨ ᠬᠤᠷᠠᠯᠳᠤᠭᠤᠯᠵᠤ᠂ ᠰᠠᠨᠠᠯ ᠰᠠᠨᠠᠭᠤᠯᠭ᠎ᠠ᠎ᠶᠢ᠎ᠨᠢ ᠬᠢᠨᠠᠮᠠᠭᠠᠢ ᠰᠣᠨᠣᠰᠪᠠ᠃ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ᠎ᠤᠨ ᠲᠥᠯᠥᠭᠡᠯᠡᠭᠴᠢᠳ᠎ᠢ ᠵᠣᠬᠢᠶᠠᠨ ᠪᠠᠶ᠋ᠢᠭᠤᠯᠤᠨ ᠬᠠᠤᠯᠢ ᠴᠠᠭᠠᠵᠠ᠎ᠶᠢᠨ ᠲᠥᠰᠦᠯ᠎ᠢ ᠰᠤᠳᠤᠯᠤᠨ ᠤᠩᠰᠢᠭᠤᠯᠵᠤ᠂ ᠲᠥᠪᠯᠡᠷᠡᠭᠦᠯᠦᠨ ᠠᠵᠢᠯ ᠪᠠᠶ᠋ᠢᠴᠠᠭᠠᠬᠤ᠂ ᠲᠤᠰᠬᠠᠢ ᠰᠡᠳᠦᠪᠲᠦ᠍ ᠪᠠᠶ᠋ᠢᠴᠠᠭᠠᠨ ᠰᠤᠳᠤᠯᠤᠯᠲᠠ ᠬᠢᠬᠦ᠌ ᠵᠡᠷᠭᠡ ᠠᠵᠢᠯᠯᠠᠭ᠎ᠠ᠎ᠶᠢ ᠥᠷᠨᠢᠭᠦᠯᠪᠡ᠃ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ᠎ᠤᠨ ᠲᠥᠯᠥᠭᠡᠯᠡᠭᠴᠢᠳ᠎ᠢ ᠵᠣᠬᠢᠶᠠᠨ ᠪᠠᠶ᠋ᠢᠭᠤᠯᠤᠨ 《ᠵᠢᠷᠭᠤᠭᠠᠨ ᠢᠨᠵᠧᠨᠧᠷᠢᠩ》 ᠢ᠋ ᠬᠡᠷᠡᠭᠵᠢᠭᠦᠯᠦᠭᠰᠡᠨ ᠪᠠᠶ᠋ᠢᠳᠠᠯ᠎ᠤᠨ ᠲᠣᠭᠤᠷᠢᠨ᠎ᠳᠤ ᠲᠣᠰ ᠲᠣᠰ ᠬᠠᠮᠲᠤ᠎ᠪᠠᠷ ᠠᠵᠢᠯ ᠪᠠᠶ᠋ᠢᠴᠠᠭᠠᠬᠤ᠎ᠶᠢ ᠥᠷᠨᠢᠭᠦᠯᠵᠦ᠍᠂ ᠠᠵᠢᠯ ᠪᠠᠶ᠋ᠢᠴᠠᠭᠠᠯᠲᠠ᠎ᠶᠢᠨ ᠮᠡᠳᠡᠭᠦᠯᠦᠯᠲᠡ᠎ᠶᠢ ᠪᠦᠷᠢᠯᠳᠦᠭᠦᠯᠵᠦ᠍᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶᠠᠨ᠎ᠳᠤ ᠮᠡᠳᠡᠭᠦᠯᠪᠡ᠃ ᠲᠥᠯᠥᠭᠡᠯᠡᠭᠴᠢᠳ᠎ᠤᠨ ᠪᠠᠶ᠋ᠢᠩᠭᠤ᠎ᠶᠢᠨ ᠬᠤᠷᠢᠶᠠᠨ᠎ᠤ ᠠᠵᠢᠯ᠎ᠳᠤ ᠣᠷᠣᠯᠴᠠᠬᠤ ᠥᠷᠭᠡᠴᠡ ᠪᠠ ᠭᠦᠨᠴᠡ᠎ᠶᠢ ᠲᠠᠰᠤᠷᠠᠯᠳᠠ ᠦᠭᠡᠢ ᠨᠡᠮᠡᠭᠳᠡᠭᠦᠯᠵᠦ᠍᠂ ᠲᠥᠯᠥᠭᠡᠯᠡᠭᠴᠢᠳ᠎ᠤᠨ ᠪᠠᠶ᠋ᠢᠩᠭᠤ᠎ᠶᠢᠨ ᠬᠤᠷᠢᠶᠠᠨ᠎ᠤ ᠬᠤᠷᠠᠯᠳᠤᠭᠠᠨ᠎ᠳᠤ ᠰᠤᠯᠠ ᠣᠷᠣᠯᠴᠠᠬᠤ ᠬᠥᠮᠦᠨ᠎ᠤ ᠲᠤᠭ᠎ᠠ᠎ᠶᠢ ᠨᠡᠮᠡᠭᠳᠡᠭᠦᠯᠵᠦ᠍᠂ ᠲᠥᠯᠥᠬᠡᠯᠡᠭᠴᠢ᠎ᠶᠢᠨ ᠢᠳᠡᠪᠬᠢᠲᠡᠢ᠎ᠪᠠᠷ ᠠᠰᠠᠭᠤᠯᠲᠠ ᠳᠤᠷᠠᠳᠬᠤ᠎ᠶᠢ ᠵᠣᠷᠢᠭᠵᠢᠭᠤᠯᠵᠤ᠂ ᠲᠥᠯᠥᠬᠡᠯᠡᠭᠴᠢ᠎ᠶᠢ ᠤᠷᠢᠵᠤ ᠬᠠᠤᠯᠢ ᠲᠣᠭᠲᠠᠭᠠᠬᠤ ᠪᠠᠶ᠋ᠢᠴᠠᠭᠠᠨ ᠰᠤᠳᠤᠯᠤᠯᠲᠠ᠂ ᠬᠠᠤᠯᠢ ᠬᠡᠷᠡᠭᠵᠢᠭᠦᠯᠦᠯᠲᠡ᠎ᠶᠢᠨ ᠪᠠᠶ᠋ᠢᠴᠠᠭᠠᠯᠲᠠ᠂ ᠲᠤᠰᠬᠠᠢ ᠰᠡᠳᠦᠪᠲᠦ᠍ ᠯᠠᠪᠯᠠᠨ ᠠᠰᠠᠭᠤᠬᠤ ᠵᠡᠷᠭᠡ ᠠᠵᠢᠯ᠎ᠳᠤ 170 ᠬᠥᠮᠦᠨ ᠤᠳᠠᠭ᠎ᠠ ᠣᠷᠣᠯᠴᠠᠭᠤᠯᠪᠠ᠃ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ᠎ᠤᠨ ᠲᠥᠯᠥᠭᠡᠯᠡᠭᠴᠢ᠎ᠶᠢᠨ ᠪᠣᠯᠪᠠᠰᠤᠷᠠᠯ᠎ᠤᠨ ᠠᠩᠭᠢ᠎ᠶᠢ 4 ᠬᠤᠭᠤᠴᠠᠭ᠎ᠠ ᠡᠷᠭᠢᠯᠡᠵᠦ᠍᠂ ᠲᠥᠯᠥᠭᠡᠯᠡᠭᠴᠢᠳ᠎ᠤᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ᠌ ᠴᠢᠳᠠᠪᠣᠷᠢ᠎ᠶᠢ᠎ᠨᠢ ᠲᠡᠭᠡᠭᠰᠢᠯᠡᠭᠦᠯᠪᠠ᠃ 

ᠬᠤᠶᠠᠷ᠎ᠲᠤ᠌ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ᠎ᠤᠨ ᠲᠥᠯᠥᠭᠡᠯᠡᠭᠴᠢᠳ᠎ᠤᠨ ᠠᠷᠠᠳ ᠤᠯᠠᠨ᠎ᠲᠠᠢ ᠬᠠᠷᠢᠯᠴᠠᠬᠤ ᠠᠭᠤᠯᠭ᠎ᠠ ᠪᠠ ᠬᠡᠯᠪᠡᠷᠢ᠎ᠶᠢ ᠪᠠᠶᠠᠯᠢᠭᠵᠢᠭᠤᠯᠪᠠ᠃ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ᠎ᠤᠨ ᠲᠥᠯᠥᠭᠡᠯᠡᠭᠴᠢ᠎ᠶᠢᠨ ᠦᠨᠳᠦᠰᠦᠨ ᠱᠠᠲᠤᠨ᠎ᠤ ᠵᠠᠰᠠᠯᠲᠠ ᠳᠤᠮᠳᠠᠬᠢ ᠵᠢᠱ᠌ᠢᠶ᠎ᠡ ᠦᠵᠡᠭᠦᠯᠵᠦ᠍ ᠬᠥᠲᠥᠯᠥᠨ ᠳᠠᠭᠠᠭᠤᠯᠬᠤ ᠦᠢᠯᠡᠳᠦᠯ᠎ᠢ ᠭᠦᠢᠴᠡᠳ ᠪᠠᠳᠠᠷᠠᠭᠤᠯᠵᠤ᠂ ᠲᠦᠷᠪᠡᠨ ᠵᠦᠢᠯ᠎ᠤᠨ ᠰᠢᠨ᠎ᠡ ᠲᠣᠭᠲᠠᠴᠠ᠎ᠶᠢ ᠤᠯᠠᠮ ᠨᠢᠭᠡ ᠠᠯᠬᠤᠮ ᠨᠠᠷᠢᠯᠢᠭᠵᠢᠭᠤᠯᠬᠤ᠎ᠶᠢ ᠲᠦᠯᠬᠢᠨ ᠠᠬᠢᠭᠤᠯᠪᠠ᠃ 《ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ᠎ᠤᠨ ᠲᠥᠯᠥᠭᠡᠯᠡᠭᠴᠢ᠎ᠶᠢᠨ ᠵᠠᠭᠠᠯᠳᠤᠯᠭ᠎ᠠ᠎ᠠᠴᠠ ᠡᠮᠦᠨᠡᠬᠢ ᠡᠶᠡᠳᠡᠭᠦᠯᠭᠡ᠎ᠳᠤ ᠣᠷᠣᠯᠴᠠᠬᠤ ᠠᠵᠢᠯ᠎ᠢ ᠪᠦᠬᠦ᠌ ᠲᠠᠯ᠎ᠠ᠎ᠪᠠᠷ ᠥᠷᠨᠢᠭᠦᠯᠬᠦ᠌ ᠲᠥᠰᠦᠯ》 ᠢ᠋ ᠨᠡᠶ᠋ᠢᠲᠡᠯᠡᠵᠦ᠍᠂ ᠪᠦᠬᠦ᠌ ᠣᠷᠣᠨ᠎ᠤ ᠬᠡᠪᠴᠢᠶᠡᠨ᠎ᠳᠤ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ᠎ᠤᠨ ᠲᠥᠯᠥᠭᠡᠯᠡᠭᠴᠢᠳ᠎ᠤᠨ ᠵᠠᠭᠠᠯᠳᠤᠯᠭ᠎ᠠ᠎ᠠᠴᠠ ᠡᠮᠦᠨᠡᠬᠢ ᠡᠶᠡᠳᠡᠭᠦᠯᠭᠡ᠎ᠳᠤ ᠣᠷᠣᠯᠴᠠᠬᠤ ᠠᠵᠢᠯ᠎ᠢ ᠳᠡᠯᠭᠡᠷᠡᠭᠦᠯᠪᠡ᠃ ᠲᠥᠯᠥᠭᠡᠯᠡᠭᠴᠢᠳ᠎ᠢ ᠵᠣᠬᠢᠶᠠᠨ ᠪᠠᠶ᠋ᠢᠭᠤᠯᠤᠨ ᠵᠠᠬᠢᠳᠠᠯ ᠰᠤᠷᠪᠤᠯᠵᠢᠯᠠᠯ᠎ᠢ ᠣᠷᠣᠯᠠᠨ ᠭᠦᠢᠴᠡᠳᠬᠡᠬᠦ᠌ ᠲᠤᠰᠬᠠᠢ ᠰᠡᠳᠦᠪᠲᠦ᠍ ᠪᠣᠯᠪᠠᠰᠤᠷᠠᠯ᠎ᠳᠤ ᠣᠷᠣᠯᠴᠠᠭᠤᠯᠵᠤ᠂ ᠲᠥᠯᠥᠭᠡᠯᠡᠭᠴᠢᠳ᠎ᠤᠨ ᠤᠯᠠᠨ ᠲᠦᠮᠡᠨ᠎ᠤ ᠵᠠᠬᠢᠳᠠᠯ ᠰᠤᠷᠪᠤᠯᠵᠢᠯᠠᠯ᠎ᠤᠨ ᠵᠦᠢᠯᠡᠰ᠎ᠢ ᠲᠤᠰᠬᠠᠬᠤ᠂ ᠰᠢ᠌ᠳᠪᠦᠷᠢᠯᠡᠬᠦ᠌ ᠴᠢᠳᠠᠪᠤᠷᠢ ᠬᠢᠷᠢ ᠬᠡᠮᠵᠢᠶ᠎ᠡ᠎ᠶᠢ ᠲᠠᠰᠤᠷᠠᠯᠳᠠ ᠦᠭᠡᠢ ᠳᠡᠭᠡᠭᠰᠢᠯᠡᠭᠦᠯᠪᠡ᠃ ᠠᠷᠠᠳ᠎ᠤᠨ ᠠᠮᠢᠳᠤᠷᠠᠯ᠎ᠤᠨ ᠪᠣᠳᠠᠲᠤ᠌ ᠶᠠᠪᠤᠳᠠᠯ᠎ᠤᠨ ᠵᠦᠢᠯᠡᠰ᠎ᠢ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ᠎ᠤᠨ ᠲᠥᠯᠥᠭᠡᠯᠡᠭᠴᠢ᠎ᠶᠢᠨ ᠪᠢᠯᠧᠲ᠎ᠢᠶᠠᠷ ᠲᠣᠭᠲᠠᠭᠠᠬᠤ ᠳᠦᠷᠢᠮ᠎ᠤᠨ ᠠᠵᠢᠯ᠎ᠢ ᠦᠷᠭᠦᠯᠵᠢᠯᠡᠨ ᠰᠠᠶ᠋ᠢᠲᠤᠷ ᠬᠢᠵᠦ᠍᠂ ᠠᠷᠠᠳ᠎ᠤᠨ ᠠᠮᠢᠳᠤᠷᠠᠯ᠎ᠤᠨ 3520 ᠲᠥᠷᠥᠯ ᠵᠥᠢᠯ᠎ᠢ ᠭᠥᠢᠴᠡᠳᠭᠡᠪᠡ᠃ 

ᠭᠤᠷᠪᠠ᠎ᠳᠤ ᠰᠠᠨᠠᠯ ᠵᠥᠪᠯᠡᠯᠭᠡ ᠰᠠᠨᠠᠭᠤᠯᠭ᠎ᠠ᠎ᠶᠢ ᠭᠥᠢᠴᠡᠳᠭᠡᠭᠦ᠌ ᠠᠵᠢᠯ᠎ᠢ ᠰᠠᠶ᠋ᠢᠲᠤᠷ ᠬᠢᠪᠡ᠃ ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭᠠᠨ᠎ᠤ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ᠎ᠤᠨ ᠬᠤᠶᠠᠳᠤᠭᠠᠷ ᠬᠤᠷᠡᠯᠳᠣᠭᠠᠨ᠎ᠠᠴᠠ ᠲᠤᠷᠡᠳᠣᠬᠰᠠᠨ 9 ᠬᠤᠪᠢ ᠰᠠᠨᠠᠯ ᠵᠥᠪᠯᠡᠯᠭᠡ᠂ 728 ᠬᠤᠪᠢ ᠰᠠᠨᠠᠭᠤᠯᠭ᠎ᠠ ᠪᠠ ᠲᠥᠯᠥᠭᠡᠯᠡᠭᠴᠢᠳ᠎ᠤᠨ ᠰᠠᠭᠤᠳᠠᠯ᠎ᠤᠨ ᠬᠤᠷᠠᠯ᠎ᠢᠶᠠᠷ ᠳᠤᠷᠠᠳᠤᠭᠰᠠᠨ 72 ᠬᠤᠪᠢ ᠰᠠᠨᠠᠭᠤᠯᠭ᠎ᠠ᠎ᠶᠢ ᠪᠥᠭᠦᠳᠡ᠎ᠶᠢ ᠭᠦᠢᠴᠡᠳᠭᠡᠵᠦ᠍ ᠳᠠᠭᠤᠰᠬᠠᠭᠠᠳ᠂ ᠨᠢᠭᠡ ᠪᠦᠯᠦᠭ ᠬᠠᠯᠠᠮᠰᠢᠯ ᠠᠰᠠᠭᠤᠳᠠᠯ ᠪᠠ ᠲᠦᠪᠡᠭᠲᠡᠢ ᠠᠰᠠᠭᠤᠳᠠᠯ᠎ᠢ ᠰᠢ᠌ᠳᠪᠦᠷᠢᠯᠡᠬᠦ᠌᠎ᠶᠢ ᠳᠥᠯᠭᠢᠨ ᠠᠬᠢᠭᠤᠯᠵᠤ᠂ ᠲᠥᠯᠥᠭᠡᠯᠡᠭᠴᠢᠳ᠎ᠤᠨ ᠬᠠᠨᠤᠮᠵᠢᠲᠠᠢ ᠪᠠᠶ᠋ᠢᠬᠤ ᠨᠣᠷᠮ᠎ᠠ 95.7%᠎ᠳᠤ ᠬᠥᠷᠪᠡ᠃ 

ᠲᠥᠯᠥᠭᠡᠯᠡᠭᠴᠢᠳ᠎ᠤᠨ ᠠᠵᠢᠯ ᠳᠤᠮᠳᠠ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ᠎ᠤᠨ ᠪᠠᠶ᠋ᠢᠩᠭᠤ᠎ᠶᠢᠨ ᠬᠤᠷᠢᠶ᠎ᠠ ᠲᠥᠯᠥᠭᠡᠯᠡᠭᠴᠢᠳ᠎ᠤᠨ ᠤᠯᠤᠰ ᠲᠥᠷᠥ᠍᠂ ᠦᠵᠡᠯ ᠰᠠᠨᠠᠭ᠎ᠠ᠂ ᠰᠤᠷᠲᠠᠯ᠎ᠤᠨ ᠪᠠᠶ᠋ᠢᠭᠤᠯᠤᠯᠲᠠ᠎ᠶᠢ ᠬᠦᠴᠦᠯᠡᠨ ᠴᠢᠩᠭᠠᠳᠬᠠᠵᠤ᠂ ᠲᠥᠯᠥᠭᠡᠯᠡᠭᠴᠢᠳ᠎ᠤᠨ ᠦᠨᠳᠦᠰᠦᠨ ᠬᠠᠥᠯᠢ ᠪᠠ ᠬᠠᠥᠯᠢ ᠴᠠᠭᠠᠵᠠ᠎ᠶᠢ ᠵᠢᠱ᠌ᠢᠶᠡᠴᠢ᠎ᠪᠠᠷ ᠵᠢᠷᠤᠮᠯᠠᠨ ᠰᠠᠬᠢᠬᠤ᠎ᠶᠢ ᠬᠥᠲᠥᠯᠦᠨ ᠵᠢᠯᠣᠭᠤᠳᠴᠤ᠌᠂ ᠨᠠᠮ᠎ᠤᠨ ᠲᠥᠪ ᠬᠤᠷᠢᠶᠠᠨ᠎ᠤ ᠰᠢ᠌ᠳᠪᠦᠷᠢᠲᠦ᠍ ᠪᠣᠳᠣᠯᠭ᠎ᠠ ᠪᠠᠶ᠋ᠢᠷᠢᠯᠠᠭᠤᠯᠤᠯᠲᠠ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶᠠᠨ᠎ᠤ ᠠᠵᠢᠯ᠎ᠤᠨ ᠱᠠᠭᠠᠷᠳᠠᠯᠭ᠎ᠠ᠎ᠶᠢ ᠲᠦᠷᠦᠭᠦᠯᠡᠨ ᠲᠤᠭᠤᠰᠢᠯᠠᠭᠤᠯᠤᠨ ᠨᠠᠶ᠋ᠢᠳᠠᠪᠤᠷᠢᠵᠢᠭᠤᠯᠪᠠ᠃ ᠠᠷᠠᠳ᠎ᠤᠨ ᠲᠥᠯᠥᠭᠡᠯᠡᠭᠴᠢᠳ᠎ᠤᠨ ᠪᠦᠬᠦ᠌ ᠶᠠᠪᠤᠴᠠ᠎ᠶᠢᠨ ᠠᠷᠠᠳ᠎ᠤᠨ ᠠᠷᠠᠳᠴᠢᠯᠠᠯ᠎ᠢ ᠦᠢᠯᠡᠳᠦᠯᠭᠡᠵᠢᠭᠦᠯᠬᠦ᠌ ᠳᠤᠮᠳᠠᠬᠢ ᠴᠢᠬᠤᠯᠠ ᠦᠢᠯᠡᠳᠦᠯ᠎ᠢ ᠭᠦᠢᠴᠡᠳ ᠪᠠᠳᠠᠷᠠᠭᠤᠯᠵᠤ᠂ ᠲᠥᠯᠥᠬᠡᠯᠡᠭᠴᠢ᠎ᠶᠢᠨ ᠲᠤᠰᠢᠶᠠᠯ᠎ᠢᠶᠠᠨ ᠭᠦᠢᠴᠡᠳᠬᠡᠬᠦ᠌᠎ᠳᠤ ᠦᠢᠯᠡᠴᠢᠯᠡᠭᠡᠨ᠎ᠤ ᠪᠠᠲᠤᠯᠠᠭ᠎ᠠ᠎ᠶᠢ ᠴᠢᠩᠭᠠᠳᠬᠠᠵᠤ᠂ ᠲᠥᠯᠥᠭᠡᠯᠡᠭᠴᠢᠳ᠎ᠲᠤ᠌ ᠴᠢᠩᠭ᠎ᠠ ᠲᠦᠰᠢᠭᠯᠡᠨ᠂ ᠤᠬᠠᠮᠰᠠᠷ᠎ᠠᠴᠠ᠎ᠪᠠᠨ ᠲᠥᠯᠥᠭᠡᠯᠡᠭᠴᠢᠳ᠎ᠲᠤ᠌ ᠦᠢᠯᠡᠴᠢᠯᠡᠵᠦ᠍᠂ ᠲᠥᠯᠥᠭᠡᠯᠡᠭᠴᠢᠳ᠎ᠲᠠᠢ ᠨᠢᠭᠲᠠ ᠬᠠᠷᠢᠯᠴᠠᠵᠤ᠂ ᠲᠥᠯᠥᠭᠡᠯᠡᠭᠴᠢᠳ᠎ᠤᠨ ᠠᠵᠢᠯ᠎ᠤᠨ ᠪᠣᠳᠠᠲᠤ᠌ ᠦᠷ᠎ᠡ ᠪᠦᠲᠦᠮᠵᠢ᠎ᠶᠢ ᠲᠠᠰᠤᠷᠠᠯᠳᠠ ᠦᠭᠡᠢ ᠳᠡᠭᠡᠭᠰᠢᠯᠡᠭᠦᠯᠵᠦ᠍᠂ ᠲᠥᠯᠥᠭᠡᠯᠡᠭᠴᠢᠳ᠎ᠤᠨ ᠲᠤᠰᠢᠶᠠᠯ ᠬᠠᠷᠢᠭᠤᠴᠠᠯᠭ᠎ᠠ᠎ᠪᠠᠨ ᠭᠦᠢᠴᠡᠳᠬᠡᠬᠦ᠂ ᠤᠯᠠᠨ ᠲᠦᠮᠡᠨ ᠲᠠᠢ ᠬᠠᠷᠢᠯᠴᠠᠬᠤ᠂ ᠦᠢᠯᠡᠳᠦᠯ᠎ᠢᠶᠠᠨ ᠪᠠᠳᠠᠷᠠᠭᠤᠯᠬᠤ᠎ᠳᠤ ᠠᠮᠢᠵᠢᠷᠠᠯ᠎ᠤᠨ ᠬᠦᠴᠦᠨ ᠪᠠ ᠬᠥᠳᠡᠯᠭᠡᠬᠦ᠌ ᠬᠦᠴᠦᠨ ᠨᠡᠮᠡᠷᠢᠯᠡᠪᠡ᠃

ᠲᠠᠪᠤ᠂ 《ᠲᠦᠷᠪᠡᠨ ᠪᠠᠶ᠋ᠢᠭᠤᠯᠭ᠎ᠠ》 ᠵᠢᠨ ᠪᠠᠶ᠋ᠢᠷᠢ ᠲᠣᠭᠲᠠᠭᠠᠯᠲᠠ᠎ᠶᠢᠨ ᠱᠠᠭᠠᠷᠳᠠᠯᠭ᠎ᠠ᠎ᠶᠢ ᠨᠠᠶ᠋ᠢᠳᠠᠪᠤᠷᠢᠵᠢᠭᠤᠯᠵᠤ᠂ ᠪᠠᠶ᠋ᠢᠩᠭᠤ᠎ᠶᠢᠨ ᠬᠤᠷᠢᠶᠠᠨ᠎ᠤ ᠲᠤᠰ ᠪᠡᠶ᠎ᠡ᠎ᠶᠢᠨ ᠪᠠᠶ᠋ᠢᠭᠤᠯᠤᠯᠲᠠ᠎ᠪᠠᠨ ᠪᠦᠬᠦ᠌ ᠲᠠᠯ᠎ᠠ᠎ᠪᠠᠷ ᠴᠢᠩᠭᠠᠳᠬᠠᠪᠠ 

ᠤᠯᠤᠰ ᠲᠦᠷᠦ᠎ᠶᠢᠨ ᠪᠠᠶ᠋ᠢᠭᠤᠯᠤᠯᠲᠠ᠎ᠪᠠᠷ ᠶᠡᠷᠦᠩᠬᠡᠶ᠋ᠢᠯᠡᠨ ᠵᠢᠯᠣᠭᠤᠳᠣᠭᠤᠯᠬᠤ᠎ᠶᠢ ᠪᠠᠷᠢᠮᠲᠠᠯᠠᠵᠤ᠂ ᠨᠠᠮ ᠰᠠᠨᠠᠭ᠎ᠠ ᠠᠮᠤᠷ᠂ ᠠᠷᠠᠳ ᠲᠦᠮᠡᠨ ᠬᠠᠨᠤᠮᠵᠢᠲᠠᠢ ᠪᠠᠶ᠋ᠢᠬᠤ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ᠎ᠤᠨ ᠪᠠᠶ᠋ᠢᠭᠤᠯᠭ᠎ᠠ᠎ᠶᠢ ᠴᠢᠷᠮᠠᠶ᠋ᠢᠨ ᠪᠠᠶ᠋ᠢᠭᠤᠯᠪᠠ᠃ 

ᠨᠢᠭᠡ᠎ᠳᠤ ᠪᠦᠬᠦ᠌ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠎ᠶᠢ ᠭᠦᠨᠵᠡᠭᠡᠶ᠋ᠢᠷᠡᠭᠦᠯᠦᠨ ᠠᠬᠢᠭᠤᠯᠪᠠ᠃ ᠪᠠᠶ᠋ᠢᠩᠭᠤ᠎ᠶᠢᠨ ᠬᠤᠷᠢᠶᠠᠨ᠎ᠤ ᠨᠠᠮ᠎ᠤᠨ ᠤᠳᠤᠷᠢᠳᠬᠤ ᠳᠤᠭᠤᠢ᠌ᠯᠠᠩ ᠨᠠᠮ᠎ᠢᠶᠠᠨ ᠬᠠᠮᠢᠶᠠᠷᠴᠣ ᠨᠠᠮ᠎ᠢᠶᠠᠨ ᠵᠠᠰᠠᠬᠤ ᠤᠯᠤᠰ ᠲᠦᠷᠦ᠎ᠶᠢᠨ ᠬᠠᠷᠢᠭᠤᠴᠠᠯᠭ᠎ᠠ᠎ᠶᠢ ᠤᠬᠠᠮᠰᠠᠷ᠎ᠠᠴᠠ᠎ᠪᠠᠨ ᠡᠭᠦᠷᠭᠡᠯᠡᠵᠦ᠍᠂ ᠴᠢᠭᠯᠡᠯ᠎ᠢ ᠡᠵᠡᠮᠳᠡᠬᠦ᠂ ᠶᠡᠭᠡ ᠲᠠᠯ᠎ᠠ᠎ᠶᠢ ᠬᠠᠮᠢᠶᠠᠷᠬᠤ᠂ ᠨᠠᠶ᠋ᠢᠳᠠᠪᠤᠷᠢᠵᠢᠭᠤᠯᠤᠯᠲᠠ᠎ᠶᠢ ᠪᠠᠲᠤᠯᠠᠬᠤ ᠴᠢᠬᠤᠯᠠ ᠦᠢᠯᠡᠳᠦᠯ᠎ᠢᠶᠠᠨ ᠭᠦᠢᠴᠡᠳ ᠪᠠᠳᠠᠷᠠᠭᠤᠯᠵᠤ᠂ ᠵᠢᠯ ᠪᠦᠷᠢ ᠪᠠᠶ᠋ᠢᠭᠤᠯᠭ᠎ᠠ᠎ᠶᠢᠨ ᠨᠠᠮ᠎ᠤᠨ ᠤᠳᠤᠷᠢᠳᠬᠤ ᠳᠤᠭᠤᠢ᠌ᠯᠠᠩ᠂ ᠲᠤᠰᠬᠠᠢ ᠵᠥᠪᠯᠡᠯ᠎ᠤᠨ ᠬᠤᠪᠢᠶᠡᠷᠢ ᠲᠤᠭᠤᠢ᠌ᠯᠡᠩ᠎ᠤᠨ ᠠᠵᠢᠯ᠎ᠤᠨ ᠬᠠᠷᠢᠭᠤ ᠮᠡᠳᠡᠭᠦᠯᠦᠯᠲᠡ᠎ᠶᠢ ᠰᠣᠨᠣᠰᠬᠤ᠎ᠶᠢ ᠪᠠᠷᠢᠮᠲᠠᠯᠠᠵᠤ᠂ ᠨᠠᠮ᠎ᠤᠨ ᠪᠠᠶ᠋ᠢᠭᠤᠯᠤᠯᠲᠠ᠂ ᠨᠠᠮ᠎ᠤᠨ ᠰᠤᠷᠲᠠᠯ ᠴᠢᠬᠡᠴᠢ ᠵᠠᠰᠠᠭ᠎ᠤᠨ ᠪᠠᠶ᠋ᠢᠭᠤᠯᠤᠯᠲᠠ᠂ ᠦᠵᠡᠯ ᠤᠬᠠᠮᠰᠠᠷ᠎ᠤᠨ ᠬᠡᠯᠪᠡᠷᠢ ᠵᠡᠷᠭᠡ ᠠᠵᠢᠯ᠎ᠢ ᠲᠣᠭᠲᠠᠮᠠᠯ ᠬᠤᠭᠤᠴᠠᠭ᠎ᠠ᠎ᠲᠠᠢ᠎ᠪᠠᠷ ᠰᠤᠳᠤᠯᠵᠤ᠂ ᠪᠦᠬᠦ᠌ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠪᠠᠶ᠋ᠢᠷᠢᠯᠠᠭᠤᠯᠤᠯᠲᠠ ᠱᠠᠭᠠᠷᠳᠠᠯᠭ᠎ᠠ᠎ᠶᠢ ᠨᠠᠶ᠋ᠢᠳᠠᠪᠤᠷᠢᠵᠢᠭᠤᠯᠤᠨ ᠪᠣᠳᠠᠲᠠᠶ᠋ᠢᠵᠢᠭᠤᠯᠬᠤ᠎ᠶᠢ ᠲᠦᠯᠬᠢᠨ ᠠᠬᠢᠭᠤᠯᠪᠠ᠃ ᠨᠠᠮ᠎ᠤᠨ ᠰᠠᠬᠢᠯᠭ᠎ᠠ᠎ᠶᠢᠨ ᠰᠤᠷᠤᠯᠴᠠᠯᠭ᠎ᠠ ᠬᠥᠮᠦᠵᠢᠯ᠎ᠢ ᠪᠠᠶ᠋ᠢᠩᠭᠤᠵᠢᠭᠤᠯᠬᠤ ᠠᠵᠢᠯ᠎ᠢ ᠯᠠᠪᠳᠠᠭᠤᠨ ᠪᠠᠲᠤᠲᠠᠢ ᠥᠷᠨᠢᠭᠦᠯᠵᠦ᠍᠂ ᠨᠠᠮ᠎ᠤᠨ ᠭᠡᠰᠢᠭᠦᠨ ᠺᠠᠳ᠋ᠷᠴᠤᠳ᠎ᠤᠨ ᠰᠠᠬᠢᠯᠭ᠎ᠠ ᠪᠠᠲᠤ᠎ᠶᠢ ᠰᠤᠷᠤᠯᠴᠠᠵᠤ ᠮᠡᠳᠡᠵᠦ᠍ ᠣᠢ᠌ᠯᠠᠭᠠᠵᠤ ᠰᠠᠬᠢᠬᠤ᠎ᠶᠢ ᠬᠥᠮᠦᠵᠢᠭᠦᠯᠦᠨ ᠬᠦᠳᠦᠯᠦᠨ ᠵᠢᠯᠣᠭᠤᠳᠴᠤ᠌᠂ ᠴᠢᠩᠭ᠎ᠠ ᠬᠦᠭ ᠠᠶᠠᠰ᠂ ᠴᠢᠩᠭ᠎ᠠ ᠠᠷᠭ᠎ᠠ ᠬᠡᠮᠵᠢᠶ᠎ᠠ᠂ ᠴᠢᠩᠭ᠎ᠠ ᠠᠭᠤᠷ ᠠᠮᠢᠰᠬᠤᠯ᠎ᠢ ᠤᠷᠳᠤ ᠬᠤᠭᠤᠴᠠᠭ᠎ᠠ᠎ᠪᠠᠷ ᠪᠠᠷᠢᠮᠳᠠᠯᠠᠪᠠ᠃ 

ᠬᠤᠶᠠᠷ᠎ᠲᠤ᠌ ᠴᠢᠳᠠᠪᠤᠷᠢ ᠬᠢᠭᠡᠳ ᠰᠤᠷᠲᠠᠯ᠎ᠤᠨ ᠪᠠᠶ᠋ᠢᠭᠤᠯᠤᠯᠲᠠ᠎ᠶᠢ ᠲᠠᠰᠤᠷᠠᠯᠲᠠ ᠦᠭᠡᠢ ᠭᠦᠨᠵᠡᠭᠡᠶ᠋ᠢᠷᠡᠭᠦᠯᠪᠡ᠃ 《ᠣᠷᠣᠨ ᠨᠤᠲᠤᠭ᠎ᠤᠨ ᠵᠣᠬᠢᠶᠠᠨ ᠪᠠᠶ᠋ᠢᠭᠤᠯᠬᠤ ᠬᠠᠤᠯᠢ》 ᠵᠢᠨ ᠬᠠᠤᠯᠢ ᠬᠡᠷᠡᠭᠵᠢᠭᠦᠯᠦᠯᠲᠡ᠎ᠶᠢᠨ ᠪᠠᠶ᠋ᠢᠴᠠᠭᠠᠯᠲᠠ᠎ᠶᠢ ᠥᠷᠨᠢᠭᠦᠯᠵᠦ᠍᠂ ᠡᠯ᠎ᠡ ᠱᠠᠲᠤᠨ᠎ᠤ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ ᠪᠣᠯᠣᠨ ᠵᠠᠰᠠᠭ᠎ᠤᠨ ᠣᠷᠳᠣᠨ᠎ᠤ ᠬᠠᠤᠯᠢ᠎ᠪᠠᠷ ᠲᠣᠭᠲᠠᠭᠠᠭᠰᠠᠨ ᠡᠷᠬᠡ᠎ᠶᠢᠨ ᠬᠡᠪᠴᠢᠶ᠎ᠡ ᠪᠠ ᠵᠢᠷᠤᠮ ᠶᠣᠰᠣᠭᠠᠷ ᠡᠷᠬᠡ᠎ᠪᠠᠨ ᠬᠡᠷᠡᠭᠵᠢᠭᠦᠯᠬᠦ᠌᠎ᠶᠢ ᠲᠦᠯᠬᠢᠨ ᠠᠬᠢᠭᠤᠯᠪᠠ᠃ ᠨᠠᠮ᠎ᠤᠨ ᠲᠥᠪ ᠬᠤᠷᠢᠶᠠᠨ᠎ᠤ ᠨᠠᠢ᠍ᠮᠠᠨ ᠵᠣᠷᠪᠣᠰ ᠲᠣᠭᠲᠠᠭᠠᠯ ᠵᠢᠴᠢ ᠲᠡᠭᠦᠨ᠎ᠢ ᠬᠡᠷᠡᠭᠵᠢᠭᠦᠯᠬᠦ᠌ ᠨᠠᠷᠢᠨ ᠲᠦᠷᠢᠮ᠎ᠤᠨ ᠵᠣᠷᠢᠭ ᠰᠠᠨᠠᠭ᠎ᠠ ᠪᠠ ᠬᠡᠯᠪᠡᠷᠢᠴᠢ ᠦᠵᠡᠯ᠎ᠢ ᠴᠡᠭᠴᠡᠯᠡᠨ ᠵᠠᠰᠠᠵᠤ ᠦᠨᠳᠦᠰᠦᠨ ᠱᠠᠲᠤᠨ᠎ᠤ ᠳᠠᠷᠤᠭᠠᠰᠤ᠎ᠶᠢ ᠬᠥᠩᠭᠡᠷᠡᠭᠦᠯᠬᠦ᠌ ᠲᠣᠭᠲᠠᠭᠠᠯ᠎ᠤᠳ᠎ᠢ ᠴᠢᠩᠭ᠎ᠠ ᠨᠠᠶ᠋ᠢᠳᠠᠪᠤᠷᠢᠵᠢᠭᠤᠯᠵᠤ᠂ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ᠎ᠤᠨ ᠪᠠᠶ᠋ᠢᠭᠤᠯᠭ᠎ᠠ᠎ᠶᠢᠨ ᠬᠡᠯᠪᠡᠷᠢᠴᠢ ᠦᠵᠡᠯ᠎ᠢ ᠴᠡᠭᠴᠡᠯᠡᠨ ᠵᠠᠰᠠᠵᠤ ᠦᠨᠳᠦᠰᠦᠨ ᠱᠠᠲᠤᠨ᠎ᠤ ᠳᠠᠷᠤᠭᠠᠰᠤ᠎ᠶᠢ ᠬᠥᠩᠭᠡᠷᠡᠭᠦᠯᠬᠦ᠌ ᠬᠡᠷᠡᠭᠵᠢᠭᠦᠯᠬᠦ᠌ ᠠᠷᠭ᠎ᠠ᠎ᠶᠢ ᠲᠣᠭᠲᠠᠭᠠᠵᠤ᠂ ᠪᠢᠴᠢᠭ ᠮᠠᠲ᠋ᠧᠷᠢᠶᠠᠯ ᠪᠠ ᠬᠤᠷᠠᠯ᠎ᠢ ᠤᠯᠠᠮ ᠨᠢᠭᠡ ᠠᠯᠬᠤᠮ ᠴᠣᠮᠬᠠᠳᠬᠠᠵᠤ᠂ ᠭᠠᠳᠠᠭᠰᠢ ᠭᠠᠷᠴᠤ᠌ ᠪᠠᠶ᠋ᠢᠴᠠᠭᠠᠨ ᠰᠤᠳᠤᠯᠤᠯᠲᠠ ᠬᠢᠬᠦ᠌ ᠠᠵᠢᠯᠯᠠᠭ᠎ᠠ᠎ᠶᠢ ᠬᠢᠨᠠᠨ ᠵᠥᠪᠰᠢᠶᠡᠷᠡᠬᠦ᠌᠎ᠶᠢ ᠴᠢᠩᠳᠠᠯᠠᠵᠤ᠂ ᠦᠨᠳᠦᠰᠦᠨ ᠱᠠᠲᠤᠨ᠎ᠤ ᠳᠠᠷᠤᠭᠠᠰᠤ᠎ᠶᠢ ᠬᠥᠩᠭᠡᠷᠡᠭᠦᠯᠬᠦ᠌ ᠪᠠ 《ᠭᠤᠷᠪᠠᠨ ᠤᠯᠠᠨ ᠭᠤᠷᠪᠠᠨ ᠴᠥᠭᠡᠨ ᠭᠤᠷᠪᠠᠨ ᠤᠳᠠᠭᠠᠨ》 《ᠤᠳᠠᠭᠠᠨ ᠪᠦᠳᠦᠭᠦᠯᠢᠭ ᠬᠤᠭᠤᠰᠣᠨ》ᠠᠰᠠᠭᠤᠳᠠᠯ᠎ᠢ ᠴᠡᠭᠴᠡᠯᠡᠨ ᠵᠠᠰᠠᠬᠤ᠎ᠶᠢ ᠨᠢᠭᠡ ᠴᠤᠭᠴᠠᠵᠢᠭᠤᠯᠤᠨ ᠲᠦᠯᠬᠢᠨ ᠠᠬᠢᠭᠤᠯᠪᠠ᠃ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ᠎ᠤᠨ ᠺᠠᠳ᠋ᠷ᠎ᠤᠨ ᠡᠩᠨᠡᠭᠡᠨ᠎ᠤ ᠪᠠᠶ᠋ᠢᠭᠤᠯᠤᠯᠲᠠ᠎ᠶᠢ ᠴᠢᠩᠭᠠᠳᠬᠠᠵᠤ᠂ 《ᠺᠠᠳ᠋ᠷᠴᠤᠳ᠎ᠤᠨ ᠬᠠᠷᠢᠭᠤᠴᠠᠯᠭ᠎ᠠ ᠡᠭᠦᠷᠭᠡᠯᠡᠨ ᠦᠢᠯᠡᠰ ᠪᠣᠰᠬᠠᠬᠤ᠎ᠶᠢ ᠤᠷᠮᠠᠰᠢᠭᠤᠯᠤᠨ ᠵᠣᠷᠢᠭᠵᠢᠭᠤᠯᠬᠤ ᠠᠷᠭ᠎ᠠ》 ᠵᠢ ᠲᠣᠭᠲᠠᠭᠠᠵᠤ᠂ ᠤᠯᠤᠰ ᠲᠦᠷᠦ᠎ᠶᠢᠨ ᠵᠣᠭᠰᠣᠯᠳᠠ ᠪᠠᠲᠤ᠌ ᠴᠢᠩᠭ᠎ᠠ᠂ ᠠᠷᠠᠳ ᠲᠦᠮᠡᠨ᠎ᠳᠤ ᠦᠢᠯᠡᠴᠢᠯᠡᠳᠡᠭ᠂ ᠬᠠᠤᠯᠢ᠎ᠪᠠᠷ ᠵᠠᠰᠠᠬᠤ᠎ᠶᠢ ᠬᠦᠨᠳᠦᠳᠬᠡᠳᠡᠭ᠂ ᠠᠷᠠᠳᠴᠢᠯᠠᠯ᠎ᠢ ᠪᠠᠳᠠᠷᠠᠭᠤᠯᠳᠠᠭ᠂ ᠬᠢᠴᠢᠶᠡᠨ ᠴᠢᠷᠮᠠᠶ᠋ᠢᠵᠤ ᠬᠠᠷᠢᠭᠤᠴᠠᠯᠭ᠎ᠠ᠎ᠪᠠᠨ ᠭᠦᠢᠴᠡᠳᠬᠡᠳᠡᠭ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ᠎ᠤᠨ ᠠᠵᠢᠯ᠎ᠤᠨ ᠡᠩᠨᠡᠭᠡ᠎ᠶᠢ ᠬᠦᠴᠦᠯᠡᠨ ᠪᠠᠶ᠋ᠢᠭᠤᠯᠪᠠ᠃ ᠠᠶ᠋ᠢᠮᠠᠭ ᠬᠤᠲᠠ᠎ᠶᠢᠨ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ᠎ᠯᠤᠭ᠎ᠠ᠎ᠶᠢᠨ ᠨᠡᠪᠲᠡᠷᠡᠯᠴᠡᠭᠡ ᠬᠠᠷᠢᠯᠴᠠᠭ᠎ᠠ᠎ᠪᠠᠨ ᠨᠢᠭᠲᠠᠷᠠᠭᠤᠯᠵᠤ᠂ ᠬᠠᠮᠵᠢᠯᠴᠠᠨ ᠬᠠᠮᠲᠤᠷᠠᠯᠴᠠᠬᠤ᠎ᠶᠢ ᠴᠢᠩᠭᠠᠳᠬᠠᠨ᠂ ᠠᠳᠠᠯᠢ ᠴᠢᠭᠯᠡᠯ᠎ᠢᠶᠠᠷ ᠬᠦᠴᠦᠯᠡᠵᠦ᠍᠂ ᠠᠳᠠᠯᠢ ᠰᠡᠳᠦᠪ᠎ᠢ ᠬᠠᠮᠲᠤ ᠪᠠᠷ ᠬᠠᠷᠢᠭᠤᠯᠬᠤ᠎ᠶᠢ ᠪᠡᠶᠡᠯᠡᠭᠦᠯᠪᠡ᠃ 

ᠭᠤᠷᠪᠠ᠎ᠳᠤ ᠦᠢᠯᠡᠴᠢᠯᠡᠭᠡᠨ᠎ᠤ ᠪᠠᠲᠤᠯᠠᠭ᠎ᠠ᠎ᠶᠢᠨ ᠴᠢᠳᠠᠪᠤᠷᠢ᠎ᠶᠢᠨ ᠪᠠᠶ᠋ᠢᠭᠤᠯᠤᠯᠲᠠ᠎ᠶᠢ ᠦᠷᠭᠦᠯᠵᠢᠯᠡᠨ ᠲᠦᠯᠬᠢᠨ ᠠᠬᠢᠭᠤᠯᠪᠠ᠃ ᠠᠷᠪᠠᠨ ᠳᠥᠷᠪᠡᠳᠦᠭᠡᠷ ᠬᠤᠭᠤᠴᠠᠭᠠᠨ᠎ᠤ ᠪᠥᠬᠦ᠌ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ᠎ᠤᠨ ᠬᠤᠶᠠᠳᠤᠭᠠᠷ ᠬᠤᠷᠠᠯᠳᠤᠭᠠᠨ᠎ᠤ ᠬᠤᠭᠤᠴᠠᠭᠠᠨ᠎ᠳᠠᠬᠢ ᠥᠪᠥᠷ ᠮᠣᠩᠭᠤᠯ᠎ᠤᠨ ᠲᠥᠯᠥᠭᠡᠯᠡᠭᠴᠢᠳ᠎ᠤᠨ ᠪᠦᠯᠬᠦᠮ᠎ᠤᠨ ᠦᠢᠯᠡᠴᠢᠯᠡᠭᠡᠨ᠎ᠤ ᠪᠠᠲᠤᠯᠠᠭ᠎ᠠ᠎ᠶᠢ ᠢᠳᠡᠪᠬᠢᠲᠡᠢ ᠰᠠᠶ᠋ᠢᠲᠤᠷ ᠬᠢᠵᠦ᠍᠂ ᠲᠥᠯᠥᠭᠡᠯᠡᠭᠴᠢᠳ᠎ᠤᠨ ᠪᠦᠯᠬᠦᠮ᠎ᠤᠨ ᠵᠠᠭᠤᠴᠢᠯᠠᠭᠤᠷ᠎ᠤᠨ ᠨᠡᠭᠡᠭᠡᠯᠲᠡ᠎ᠶᠢᠨ ᠡᠳᠦᠷ᠎ᠤᠨ ᠠᠵᠢᠯᠯᠠᠭ᠎ᠠ᠎ᠶᠢ ᠰᠠᠶ᠋ᠢᠲᠤᠷ ᠵᠣᠬᠢᠶᠠᠨ ᠪᠠᠶ᠋ᠢᠭᠤᠯᠵᠤ᠂ ᠥᠪᠥᠷ ᠮᠣᠩᠭᠤᠯ᠎ᠤᠨ ᠭᠥᠴᠢᠷ᠎ᠢ ᠲᠡᠰᠪᠦᠷᠢᠯᠡᠨ ᠰᠢᠨ᠎ᠡ ᠵᠠᠮ ᠨᠡᠭᠡᠭᠡᠨ᠂ ᠴᠤᠴᠠᠯᠲᠠ ᠥᠬᠡᠢ ᠤᠷᠤᠭᠰᠢᠯᠠᠵᠤ ᠳᠤᠮᠳᠠ᠎ᠶᠢᠨ ᠲᠥᠪᠰᠢᠨ᠎ᠳᠤ ᠤᠷᠤᠬᠤ ᠵᠣᠷᠢᠭ ᠰᠠᠨᠠᠭᠠᠨ᠎ᠤ ᠳᠦᠷᠢ ᠲᠥᠷᠬᠦ᠌᠎ᠶᠢ ᠭᠦᠢᠴᠡᠳ ᠢᠯᠡᠷᠡᠭᠦᠯᠪᠡ᠃ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ᠎ᠤᠨ ᠪᠠᠶ᠋ᠢᠭᠤᠯᠤᠯ᠂ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ᠎ᠤᠨ ᠠᠵᠢᠯ ᠪᠠ ᠲᠥᠯᠥᠭᠡᠯᠡᠭᠴᠢᠳ᠎ᠤᠨ ᠲᠤᠰᠢᠶᠠᠯ᠎ᠵᠢᠡᠨ ᠭᠦᠢᠴᠡᠳᠬᠡᠬᠦ᠌ ᠤᠬᠠᠭᠤᠯᠭ᠎ᠠ᠎ᠶᠢ ᠴᠢᠩᠭᠠᠳᠬᠠᠵᠤ᠂ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ᠎ᠤᠨ ᠬᠠᠤᠯᠢ ᠴᠠᠭᠠᠵᠠ᠎ᠶᠢᠨ ᠶᠡᠷᠦ᠎ᠶᠢᠨ ᠮᠡᠳᠡᠯᠭᠡ᠎ᠶᠢ ᠲᠦᠭᠡᠮᠡᠯᠵᠢᠭᠦᠯᠦᠨ ᠤᠬᠠᠭᠤᠯᠬᠤ ᠠᠵᠢᠯ᠎ᠨᠢ ᠬᠠᠤᠯᠢ ᠴᠠᠭᠠᠵᠠ᠎ᠶᠢᠨ ᠶᠠᠮᠤᠨ᠂ ᠪᠦᠬᠦ᠌ ᠤᠯᠤᠰ᠎ᠤᠨ ᠬᠠᠤᠯᠢ ᠲᠦᠭᠡᠮᠡᠯᠵᠢᠭᠦᠯᠬᠦ᠌ ᠠᠯᠪᠠᠨ ᠭᠡᠷ᠎ᠤᠨ ᠰᠠᠶ᠋ᠢᠰᠢᠶᠠᠯ᠎ᠢ ᠭᠦᠷᠳᠡᠪᠡ᠃ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ᠎ᠤᠨ ᠠᠵᠢᠯ᠎ᠤᠨ ᠥᠭᠡᠷᠡᠴᠢᠯᠡᠯᠲᠡ ᠬᠢᠵᠦ᠍ ᠰᠢᠨ᠎ᠡ᠎ᠶᠢ ᠡᠭᠦᠳᠬᠦ᠌᠎ᠶᠢ ᠠᠬᠢᠭᠤᠯᠵᠤ᠂ ᠬᠤᠶᠠᠷ ᠵᠦᠢᠯ᠎ᠤᠨ ᠥᠭᠡᠷᠡᠴᠢᠯᠡᠯᠲᠡ᠎ᠶᠢᠨ ᠡᠭᠦᠷᠭᠡ ᠪᠥᠬᠦ᠌ ᠣᠷᠣᠨ᠎ᠤ ᠥᠭᠡᠷᠡᠴᠢᠯᠡᠯᠲᠡ᠎ᠶᠢᠨ ᠰᠢᠯᠢᠳᠡᠭ ᠵᠢᠱ᠌ᠢᠶ᠎ᠡ᠎ᠪᠠᠷ ᠰᠣᠩᠭᠤᠭᠳᠠᠪᠠ᠃ 《ᠲᠤᠭᠠᠵᠢᠭᠤᠯᠤᠯᠳᠠ᠎ᠶᠢᠨ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ》 ᠤ᠋ᠨ ᠪᠠᠶ᠋ᠢᠭᠤᠯᠤᠯᠲᠠ᠎ᠶᠢ ᠲᠦᠷᠭᠡᠳᠬᠡᠵᠦ᠍᠂ ᠬᠠᠤᠯᠢ ᠲᠣᠭᠲᠠᠭᠠᠯ ᠲᠦᠷᠢᠮ ᠲᠣᠭᠲᠠᠭᠠᠯ ᠲᠥᠷᠢᠮᠵᠢᠯ᠎ᠤᠨ ᠴᠢᠨᠠᠷᠲᠠᠢ ᠪᠢᠴᠢᠭ ᠮᠠᠲ᠋ᠧᠷᠢᠶᠠᠯ᠎ᠤᠨ ᠳ᠋ᠠᠶ᠋ᠢᠲ᠋ᠠ ᠬᠥᠮᠥᠷᠭᠡ᠎ᠶᠢ ᠨᠡᠪᠳᠡᠷᠡᠭᠦᠯᠵᠦ᠍᠂ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ᠎ᠤᠨ ᠲᠥᠯᠥᠭᠡᠯᠡᠭᠴᠢ᠎ᠶᠢᠨ ᠲᠤᠰᠢᠶᠠᠯ ᠵᠢᠡᠨ  ᠭᠦᠢᠴᠡᠳᠬᠡᠬᠦ᠌ ᠲᠠᠪᠴᠠᠩ᠂ OA᠎ᠪᠠᠷ ᠠᠵᠢᠯᠯᠠᠬᠤ ᠪᠠ ᠴᠠᠭᠠᠰᠤ ᠬᠡᠷᠡᠭᠯᠡᠬᠦ᠌ ᠦᠭᠡᠢ᠎ᠪᠠᠷ ᠬᠤᠷᠠᠯᠳᠤᠬᠤ ᠰᠢᠰᠲ᠋ᠧᠮ᠎ᠢ ᠪᠠᠶ᠋ᠢᠭᠤᠯᠪᠠ᠃     

ᠲᠥᠯᠥᠭᠡᠯᠡᠭᠴᠢᠳ ᠡ! 

2024 ᠣᠨ᠎ᠤ 9 ᠰᠠᠷ᠎ᠠ᠎ᠳᠤ᠂ ᠶᠡᠷᠦᠩᠬᠡᠢ ᠱᠦᠵᠢ ᠰᠢ᠎ᠶᠢᠨ ᠫᠢᠩ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ ᠪᠠᠶ᠋ᠢᠭᠤᠯᠤᠭᠳᠠᠭᠰᠠᠨ 70 ᠵᠢᠯ᠎ᠤᠨ ᠣᠢ᠎ᠶᠢ ᠪᠡᠯᠭᠡᠯᠡᠬᠦ᠌ ᠶᠡᠭᠡ ᠬᠤᠷᠠᠯ ᠳᠡᠭᠡᠷ᠎ᠡ ᠴᠢᠬᠤᠯᠠ ᠶᠠᠷᠢᠶ᠎ᠠ ᠲᠠᠯᠪᠢᠵᠤ᠂ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ᠎ᠤᠨ ᠪᠠᠶ᠋ᠢᠭᠤᠯᠤᠯ᠎ᠤᠨ ᠢᠯᠡᠷᠬᠡᠢ ᠤᠯᠤᠰ ᠲᠦᠷᠦ᠎ᠶᠢᠨ ᠳᠠᠪᠠᠭᠤᠯᠢᠭ᠎ᠢ ᠭᠦᠨᠵᠡᠭᠡᠢ ᠲᠣᠳᠣᠷᠬᠠᠢ᠌ᠯᠠᠨ ᠥᠭᠦᠯᠡᠵᠦ᠍᠂ ᠰᠢᠨ᠎ᠡ ᠴᠠᠭ ᠦᠶ᠎ᠡ᠎ᠶᠢᠨ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ᠎ᠤᠨ ᠪᠠᠶ᠋ᠢᠭᠤᠯᠤᠯ᠎ᠤᠨ ᠤᠨᠤᠯ ᠪᠣᠯᠤᠨ ᠦᠢᠯᠡᠳᠦᠯᠭᠡ᠎ᠶᠢᠨ ᠰᠢᠨ᠎ᠡ᠎ᠶᠢ ᠡᠭᠦᠳᠦᠭᠰᠡᠨ ᠴᠢᠬᠤᠯᠠ ᠶᠡᠭᠡ ᠦᠷ᠎ᠡ ᠪᠦᠲᠦᠭᠡᠯ᠎ᠢ ᠰᠢᠰᠲ᠋ᠧᠮ᠎ᠲᠠᠢ ᠳ᠋ᠦᠩᠨᠡᠵᠦ᠍᠂ ᠰᠢᠨ᠎ᠡ ᠴᠠᠭ ᠦᠶ᠎ᠡ᠎ᠶᠢᠨ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ᠎ᠤᠨ ᠠᠵᠢᠯ᠎ᠤᠨ ᠴᠢᠨᠠᠷ ᠰᠠᠶ᠋ᠢᠲᠠᠢ ᠬᠥᠭᠵᠢᠯᠲᠡ᠎ᠶᠢ ᠠᠬᠢᠭᠤᠯᠬᠤ᠎ᠳᠤ ᠰᠢᠨᠵᠢᠯᠡᠬᠦ᠌ ᠤᠬᠠᠭᠠᠨᠴᠢ ᠵᠢᠯᠤᠭᠤᠳᠤᠯᠭ᠎ᠠ ᠪᠣᠯᠤᠨ ᠦᠨᠳᠦᠰᠦᠨ ᠵᠢᠷᠤᠮᠯᠠᠯ ᠬᠠᠩᠭᠠᠵᠠᠢ᠃ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ᠎ᠤᠨ ᠪᠠᠶ᠋ᠢᠩᠭᠤ᠎ᠶᠢᠨ ᠬᠤᠷᠢᠶ᠎ᠠ ᠶᠡᠷᠦᠩᠬᠡᠢ ᠱᠦᠵᠢ᠎ᠶᠢᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠦ᠍᠂ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ᠎ᠤᠨ ᠪᠠᠶ᠋ᠢᠭᠤᠯᠤᠯ ᠪᠠᠶ᠋ᠢᠭᠤᠯᠤᠭᠳᠠᠭᠰᠠᠨ 70 ᠵᠢᠯ᠎ᠤᠨ ᠤᠢ᠎ᠶᠢ ᠪᠡᠯᠭᠡᠯᠡᠬᠦ᠌ ᠰᠠᠭᠤᠳᠠᠯ᠎ᠤᠨ ᠬᠤᠷᠠᠯ᠎ᠢ ᠵᠣᠬᠢᠶᠠᠨ ᠪᠠᠶ᠋ᠢᠭᠤᠯᠤᠨ ᠬᠤᠷᠠᠯᠳᠤᠭᠤᠯᠵᠤ᠂ ᠰᠦᠨ ᠱᠤᠤ ᠴᠧᠩ ᠨᠥᠬᠦᠷ ᠬᠤᠷᠠᠯ᠎ᠳᠤ ᠣᠷᠣᠯᠴᠠᠨ ᠶᠠᠷᠢᠶ᠎ᠠ ᠲᠠᠯᠪᠢᠵᠤ᠂ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ᠎ᠤᠨ ᠬᠠᠤᠯᠢ ᠲᠣᠭᠲᠠᠭᠠᠬᠤ᠂ ᠬᠢᠨᠠᠯᠲᠠ ᠲᠠᠯᠪᠢᠬᠤ᠂ ᠲᠥᠯᠥᠭᠡᠯᠡᠭᠴᠢ᠎ᠶᠢᠨ ᠠᠵᠢᠯ ᠵᠡᠷᠭᠡ ᠡᠯ᠎ᠡ ᠵᠦᠢᠯ᠎ᠤᠨ ᠠᠵᠢᠯ᠎ᠢ ᠰᠠᠶ᠋ᠢᠲᠤᠷ ᠬᠢᠬᠦ᠌ ᠲᠤᠬᠠᠢ ᠲᠣᠳᠣᠷᠬᠠᠢ ᠱᠠᠭᠠᠷᠳᠠᠯᠭ᠎ᠠ ᠳᠤᠷᠠᠳᠴᠠᠢ᠃ ᠪᠠᠰᠠ ᠠᠯᠢ ᠤᠯᠠᠨ ᠤᠬᠠᠭᠤᠯᠭ᠎ᠠ᠎ᠶᠢᠨ ᠠᠵᠢᠯᠯᠠᠭ᠎ᠠ᠎ᠶᠢ ᠵᠣᠬᠢᠶᠠᠨ ᠪᠠᠶ᠋ᠢᠭᠤᠯᠤᠨ ᠥᠷᠨᠢᠭᠦᠯᠵᠦ᠍᠂ 70 ᠵᠢᠯ᠎ᠤᠨ ᠲᠤᠷᠰᠢᠬᠢ ᠢᠯᠠᠩᠭᠤᠶ᠎ᠠ ᠨᠠᠮ᠎ᠤᠨ ᠠᠷᠪᠠᠨ ᠨᠠᠢ᠍ᠮᠠᠳᠤᠭᠠᠷ ᠶᠡᠭᠡ ᠬᠤᠷᠠᠯ᠎ᠠᠴᠠ ᠨᠠᠭᠠᠰᠢᠭᠢ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ᠎ᠤᠨ ᠠᠵᠢᠯ᠎ᠤᠨ ᠣᠯᠤᠭᠰᠠᠨ ᠰᠢᠨ᠎ᠡ ᠠᠬᠢᠴᠠ ᠰᠢᠨ᠎ᠡ ᠦᠷ᠎ᠡ ᠪᠦᠲᠦᠮᠵᠢ᠎ᠶᠢ ᠳ᠋ᠦᠩᠨᠡᠨ ᠡᠷᠭᠢᠴᠡᠭᠦᠯᠵᠦ᠍᠂ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ᠎ᠤᠨ ᠪᠠᠶ᠋ᠢᠭᠤᠯᠤᠯ᠎ᠤᠨ ᠥᠪᠥᠷ ᠮᠣᠩᠭᠤᠯ᠎ᠳᠠᠬᠢ ᠠᠮᠢᠳᠤᠯᠢᠭ ᠦᠢᠯᠡᠳᠦᠯᠭᠡ᠎ᠶᠢ ᠳᠡᠯᠭᠡᠨ ᠦᠵᠡᠭᠦᠯᠵᠡᠢ᠃ ᠰᠢᠨ᠎ᠡ ᠠᠶᠠᠨ ᠵᠠᠮ᠎ᠳᠤ᠂ ᠪᠢᠳᠡ ᠰᠢ᠎ᠶᠢᠨ ᠫᠢᠩ ᠨᠥᠬᠦᠷ᠎ᠢᠶᠠᠷ ᠭᠤᠣᠯ ᠪᠣᠯᠭᠠᠭᠰᠠᠨ ᠨᠠᠮ᠎ᠤᠨ ᠲᠥᠪ ᠬᠤᠷᠢᠶᠠᠨ᠎ᠤ ᠲᠣᠭᠤᠷᠢᠨ᠎ᠳᠤ ᠨᠡᠩ ᠢᠯᠡᠭᠦᠦ ᠨᠢᠭᠲᠠᠷᠠᠨ ᠪᠦᠯᠬᠦᠮᠳᠡᠵᠦ᠍᠂ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ᠎ᠤᠨ ᠪᠠᠶ᠋ᠢᠭᠤᠯᠤᠯ᠎ᠤᠨ ᠲᠡᠦᠬᠡ᠎ᠶᠢᠨ ᠵᠠᠶ᠋ᠢᠯᠠᠰᠢ ᠦᠭᠡᠢ ᠴᠢᠨᠠᠷ ᠪᠣᠯᠤᠨ ᠢᠯᠡᠷᠬᠡᠢ ᠤᠯᠤᠰ ᠲᠦᠷᠦ᠎ᠶᠢᠨ ᠳᠠᠪᠠᠭᠤᠯᠢᠭ᠎ᠢ ᠭᠦᠨᠵᠡᠭᠡᠢ ᠲᠠᠨᠢᠵᠤ᠂ ᠤᠯᠤᠰ᠎ᠤᠨ ᠦᠨᠳᠦᠰᠦᠨ ᠤᠯᠤᠰ ᠲᠦᠷᠦ᠎ᠶᠢᠨ ᠪᠠᠶ᠋ᠢᠭᠤᠯᠤᠯ᠎ᠤᠨ ᠢᠲᠡᠭᠡᠯ᠎ᠢᠶᠠᠨ ᠪᠠᠲᠤᠳᠬᠠᠵᠤ᠂ ᠲᠣᠭᠲᠠᠭᠤᠨ᠎ᠤ ᠳᠤᠮᠳᠠ ᠤᠷᠤᠭᠰᠢᠯᠠᠵᠤ᠂ ᠰᠢᠨ᠎ᠡ ᠴᠠᠭ ᠦᠶ᠎ᠡ᠎ᠶᠢᠨ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ᠎ᠤᠨ ᠠᠵᠢᠯ᠎ᠤᠨ ᠴᠢᠨᠠᠷ ᠰᠠᠶ᠋ᠢᠲᠠᠢ ᠬᠥᠭᠵᠢᠯᠲᠡ᠎ᠶᠢ ᠠᠬᠢᠭᠤᠯᠪᠠ᠃

ᠲᠥᠯᠥᠭᠡᠯᠡᠭᠴᠢᠳ ᠡ! 

ᠥᠩᠭᠡᠷᠡᠭᠰᠡᠨ ᠨᠢᠭᠡ ᠵᠢᠯ᠎ᠳᠤ ᠪᠠᠶ᠋ᠢᠩᠭᠤ᠎ᠶᠢᠨ ᠬᠤᠷᠢᠶᠠᠨ᠎ᠤ ᠠᠵᠢᠯ ᠠᠮᠵᠢᠯᠲᠠ ᠪᠦᠲᠦᠮᠵᠢ ᠤᠯᠤᠭᠰᠠᠨ᠎ᠨᠢ ᠰᠢ᠎ᠶᠢᠨ ᠫᠢᠩ᠎ᠤᠨ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭᠠᠨ᠎ᠤ ᠵᠢᠯᠣᠭᠤᠳᠣᠯᠭ᠎ᠠ ᠳᠣᠣᠷ᠎ᠠ᠂ 《ᠬᠤᠶᠠᠷ᠎ᠢ ᠲᠤᠭᠳᠠᠭᠠᠭᠰᠠᠨ》 ᠢ᠋ ᠯᠠᠪᠳᠠᠭᠤᠨ ᠪᠠᠳᠤᠳᠠᠢ ᠬᠦᠷᠢᠶᠡᠯᠡᠵᠦ᠍᠂ 《ᠬᠤᠶᠠᠷ᠎ᠢ ᠬᠠᠮᠠᠭᠠᠯᠠᠬᠤ》 ᠵᠢ ᠡᠷᠡᠰ ᠪᠡᠶᠡᠯᠡᠭᠦᠯᠦᠭᠰᠡᠨ᠎ᠤ ᠦᠷ᠎ᠡ ᠳ᠋ᠦᠩ ᠮᠥᠨ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶᠠᠨ᠎ᠤ ᠪᠠᠳᠣ ᠴᠢᠩᠭ᠎ᠠ ᠤᠳᠤᠷᠢᠳᠤᠭᠰᠠᠨ᠎ᠤ ᠦᠷ᠎ᠡ ᠳ᠋ᠦᠩ ᠮᠥᠨ᠂ ᠪᠥᠬᠦ᠌ ᠲᠥᠯᠥᠭᠡᠯᠡᠭᠴᠢᠳ᠎ᠤᠨ ᠣᠶᠤᠨ ᠤᠬᠠᠭᠠᠨ ᠬᠦᠴᠦᠨ ᠴᠢᠳᠠᠯ ᠪᠤᠯᠤᠨ ᠰᠢᠷᠭᠠᠭᠤ ᠴᠢᠷᠮᠠᠶ᠋ᠢᠯᠭ᠎ᠠ ᠰᠢᠩᠭᠡᠵᠦ᠍ ᠪᠣᠢ᠂ ᠮᠦᠨᠴᠦ᠍ ᠥᠪᠡᠷᠲᠡᠭᠡᠨ ᠵᠠᠰᠠᠬᠤ ᠣᠷᠣᠨ᠎ᠤ 《ᠨᠢᠭᠡ ᠣᠷᠳᠣᠨ ᠨᠢᠬᠡ ᠵᠥᠪᠯᠡᠯ ᠬᠤᠶᠠᠷ ᠬᠤᠷᠢᠶ᠎ᠠ》᠂ ᠪᠥᠬᠦ᠌ ᠣᠷᠣᠨ᠎ᠤ ᠡᠯ᠎ᠡ ᠱᠠᠲᠤᠨ᠎ᠤ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ ᠵᠢᠴᠢ ᠨᠡᠶ᠋ᠢᠭᠡᠮ᠎ᠤᠨ ᠡᠯ᠎ᠡ ᠲᠠᠯ᠎ᠠ᠎ᠶᠢᠨ᠎ᠬᠢᠨ᠎ᠤ ᠬᠦᠴᠦᠲᠡᠢ ᠳᠡᠮᠵᠢᠯᠭᠡ᠎ᠠᠴᠠ ᠰᠠᠯᠵᠤ ᠴᠢᠳᠠᠬᠤ ᠥᠬᠡᠢ ᠶᠤᠮ᠃ ᠠᠳᠡ ᠪᠢ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ᠎ᠤᠨ ᠪᠠᠶ᠋ᠢᠩᠭᠤ᠎ᠶᠢᠨ ᠬᠤᠷᠢᠶ᠎ᠠ᠎ᠶᠢ ᠲᠥᠯᠥᠭᠡᠯᠡᠨ᠂ ᠲᠥᠯᠥᠭᠡᠯᠡᠭᠴᠢᠳ ᠪᠣᠯᠤᠨ ᠡᠯ᠎ᠡ ᠬᠤᠯᠪᠣᠭᠳᠠᠯ ᠪᠦᠬᠦᠢ ᠲᠠᠯ᠎ᠠ᠎ᠶᠢᠨ᠎ᠬᠢᠨ᠎ᠳᠤ ᠡᠷᠬᠢᠮ ᠳᠡᠭᠡᠳᠦ ᠬᠦᠨᠳᠦᠳᠬᠡᠯ ᠪᠣᠯᠤᠨ ᠴᠢᠩ ᠰᠡᠳᠬᠢᠯ᠎ᠤᠨ ᠲᠠᠯᠠᠷᠬᠠᠯ᠎ᠢᠶᠠᠨ ᠳᠡᠪᠰᠢᠭᠦᠯᠦᠶ᠎ᠡ! 

ᠪᠢᠳᠡ ᠪᠠᠶ᠋ᠢᠩᠭᠤ᠎ᠶᠢᠨ ᠬᠤᠷᠢᠶᠠᠨ᠎ᠤ ᠠᠵᠢᠯ᠎ᠤᠨ ᠳᠤᠮᠳᠠ ᠪᠠᠰᠠ ᠵᠠᠷᠢᠮ ᠠᠰᠠᠭᠤᠳᠠᠯ ᠪᠠ ᠬᠦᠷᠦᠯᠴᠡᠬᠦ᠌ ᠦᠭᠡᠢ ᠲᠠᠯ᠎ᠠ ᠣᠷᠣᠰᠢᠵᠤ ᠪᠠᠶ᠋ᠢᠬᠤ ᠪᠠᠨ ᠲᠤᠳᠣᠷᠬᠠᠢ ᠲᠠᠨᠢᠵᠦ᠍ ᠪᠤᠢ᠃ ᠭᠤᠣᠯᠳᠠᠭᠤ᠄ ᠬᠠᠤᠯᠢ ᠲᠣᠭᠲᠠᠭᠠᠯᠲᠠ᠎ᠨᠢ ᠥᠭᠡᠷᠡᠴᠢᠯᠡᠯᠲᠡ᠎ᠶᠢᠨ ᠬᠡᠷᠡᠭᠴᠡᠭᠡ᠂ ᠬᠥᠭᠵᠢᠯᠲᠡ᠎ᠶᠢᠨ ᠬᠡᠷᠡᠭᠴᠡᠭᠡ᠂ ᠠᠷᠠᠳ᠎ᠤᠨ ᠠᠮᠢᠳᠤᠷᠠᠯ᠎ᠤᠨ ᠬᠦᠰᠡᠯ ᠡᠷᠡᠮᠡᠯᠵᠡᠯ᠎ᠳᠤ ᠬᠠᠷᠢᠭᠤ ᠲᠤᠰᠬᠠᠬᠤ ᠲᠠᠯ᠎ᠠ᠎ᠪᠠᠷ ᠲᠡᠶ᠋ᠢᠮᠦ᠍ ᠨᠢᠭᠲᠠ ᠪᠢᠰᠢ ᠪᠠᠶ᠋ᠢᠵᠤ᠂ ᠵᠠᠷᠢᠮ ᠬᠦᠷᠢᠶ᠎ᠡ ᠴᠠᠷᠠᠭᠠᠨ᠎ᠳᠠᠬᠢ ᠬᠠᠤᠯᠢ ᠲᠣᠭᠲᠠᠭᠠᠯᠲᠠ᠎ᠳᠤ ᠲᠣᠳᠠᠭᠤᠳᠠᠯ ᠣᠷᠣᠰᠢᠵᠤ ᠪᠠᠶ᠋ᠢᠨ᠎ᠠ; ᠬᠢᠨᠠᠯᠲᠠ᠎ᠶᠢᠨ ᠬᠠᠨᠳᠤᠯᠭᠠᠲᠤ᠌ ᠴᠢᠨᠠᠷ᠂ ᠪᠣᠳᠠᠲᠤ᠌ ᠪᠦᠲᠦᠮᠵᠢᠲᠦ᠍ ᠴᠢᠨᠠᠷ᠎ᠢᠶᠠᠷ ᠳᠤᠲᠠᠮᠠᠭ ᠪᠠᠶ᠋ᠢᠵᠤ᠂ ᠵᠢᠷᠤᠮ᠎ᠤᠨ ᠴᠢᠨᠠᠷᠲᠠᠢ ᠬᠢᠨᠠᠯᠲᠠ ᠤᠯᠠᠨ ᠪᠠᠶ᠋ᠢᠵᠤ᠂ ᠪᠣᠳᠠᠲᠤ᠌ ᠴᠣᠭᠴᠠ᠎ᠶᠢᠨ ᠴᠢᠨᠠᠷᠲᠠᠢ ᠬᠢᠨᠠᠯᠲᠠ ᠴᠥᠭᠡᠨ ᠪᠠᠶ᠋ᠢᠵᠤ᠂ ᠬᠠᠷᠢᠮᠠᠬᠠᠢ ᠴᠢᠨᠠᠷᠲᠠᠢ ᠬᠢᠨᠠᠯᠲᠠ ᠤᠯᠠᠨ ᠪᠠᠶ᠋ᠢᠵᠤ᠂ ᠬᠠᠳᠠᠨ ᠴᠢᠨᠠᠷᠲᠠᠢ ᠬᠢᠨᠠᠯᠲᠠ ᠴᠥᠭᠡᠨ ᠪᠠᠶ᠋ᠢᠬᠤ ᠠᠰᠠᠭᠤᠳᠠᠯ ᠣᠷᠣᠰᠢᠵᠤ ᠪᠠᠶ᠋ᠢᠨ᠎ᠠ; ᠲᠥᠯᠥᠭᠡᠯᠡᠭᠴᠢᠳ᠎ᠤᠨ ᠲᠤᠰᠢᠶᠠᠯ᠎ᠢᠶᠠᠨ ᠭᠦᠢᠴᠡᠳᠬᠡᠬᠦ᠌᠎ᠳᠤ ᠣᠢ᠌ᠯᠠᠴᠢᠯᠡᠭᠡᠨ᠎ᠤ ᠪᠠᠳᠣᠯᠠᠭ᠎ᠠ᠎ᠶᠢᠨ ᠴᠢᠳᠠᠪᠤᠷᠢ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠬᠦ᠌ ᠴᠢᠬᠤᠯᠠᠲᠠᠢ ᠪᠠᠶ᠋ᠢᠵᠤ᠂ ᠲᠥᠯᠥᠭᠡᠯᠡᠭᠴᠢᠳ᠎ᠤᠨ ᠦᠢᠯᠡᠳᠦᠯ᠎ᠢᠶᠠᠨ ᠪᠠᠳᠠᠷᠠᠭᠤᠯᠬᠤ᠎ᠶᠢ ᠳᠡᠮᠵᠢᠬᠦ᠌ ᠰᠡᠳᠬᠢᠴᠡ ᠪᠠ ᠠᠷᠭ᠎ᠠ᠎ᠶᠢ ᠤᠯᠠᠮ ᠨᠢᠭᠡ ᠠᠯᠬᠤᠮ ᠬᠠᠶ᠋ᠢᠨ ᠰᠦᠪᠡᠭᠴᠢᠯᠡᠵᠦ᠍ ᠰᠢᠨ᠎ᠡ᠎ᠶᠢ ᠡᠭᠦᠳᠬᠦ᠌ ᠴᠢᠬᠤᠯᠠᠲᠠᠢ ᠪᠠᠶ᠋ᠢᠨ᠎ᠠ; ᠪᠠᠶ᠋ᠢᠩᠭᠤ᠎ᠶᠢᠨ ᠬᠤᠷᠢᠶᠠᠨ᠎ᠤ ᠲᠤᠰ ᠪᠡᠶ᠎ᠡ᠎ᠶᠢᠨ ᠪᠠᠶ᠋ᠢᠭᠤᠯᠤᠯᠲᠠ᠎ᠪᠠᠨ ᠮᠥᠨ ᠯᠡ ᠪᠠᠶ᠋ᠢᠩᠭᠤ ᠠᠳᠬᠤᠬᠤ ᠴᠢᠬᠤᠯᠠᠲᠠᠢ ᠪᠠᠶ᠋ᠢᠬᠤ ᠵᠡᠷᠭᠡ ᠪᠣᠯᠤᠨ᠎ᠠ᠃ ᠪᠢᠳᠡ ᠡᠳᠡᠭᠡᠷ ᠠᠰᠠᠭᠤᠳᠠᠯ᠎ᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠨ ᠦᠵᠡᠵᠦ᠍᠂ ᠲᠥᠯᠥᠭᠡᠯᠡᠭᠴᠢᠳ ᠪᠠ ᠡᠯ᠎ᠡ ᠲᠠᠯ᠎ᠠ᠎ᠶᠢᠨ᠎ᠬᠢᠨ᠎ᠤ ᠰᠠᠨᠠᠯ ᠰᠠᠨᠠᠭᠤᠯᠭ᠎ᠠ᠎ᠶᠢ ᠳᠠᠷᠤᠤ ᠬᠢᠴᠢᠶᠡᠩᠭᠦᠢ᠎ᠪᠠᠷ ᠰᠣᠨᠣᠰᠴᠤ᠌᠂ ᠠᠷᠠᠳ ᠲᠦᠮᠡᠨ᠎ᠤ ᠬᠢᠨᠠᠯᠲᠠ᠎ᠶᠢ ᠤᠬᠠᠮᠰᠠᠷ᠎ᠠᠴᠠ᠎ᠪᠠᠨ ᠬᠦᠯᠢᠶᠡᠵᠦ᠍᠂ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ᠎ᠤᠨ ᠠᠵᠢᠯ᠎ᠢᠶᠠᠨ ᠲᠠᠰᠤᠷᠠᠯᠲᠠ ᠦᠭᠡᠢ ᠴᠢᠩᠭᠠᠳᠬᠠᠨ ᠰᠠᠶ᠋ᠢᠵᠢᠷᠠᠭᠤᠯᠤᠨ᠎ᠠ᠃

ᠬᠤᠶ᠋ᠢᠰᠢᠳᠠ᠎ᠶᠢᠨ ᠨᠢᠭᠡ ᠵᠢᠯ᠎ᠤᠨ ᠭᠤᠣᠯ ᠡᠭᠦᠷᠭᠡ 

2025 ᠣᠨ ᠪᠣᠯ ᠠᠷᠪᠠᠨ ᠳᠥᠷᠪᠡᠳᠦᠭᠡᠷ ᠲᠠᠪᠤᠨ ᠵᠢᠯ᠎ᠤᠨ ᠲᠥᠯᠥᠪᠵᠢᠭᠦᠯᠭᠡ᠎ᠶᠢᠨ ᠲᠡᠭᠦᠰᠬᠡᠯ᠎ᠤᠨ ᠵᠢᠯ ᠪᠣᠯᠤᠨ᠎ᠠ᠃ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ᠎ᠤᠨ ᠪᠠᠶ᠋ᠢᠩᠭᠤ᠎ᠶᠢᠨ ᠬᠤᠷᠢᠶ᠎ᠠ ᠰᠢ᠎ᠶᠢᠨ ᠫᠢᠩ᠎ᠤᠨ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠤᠳᠤᠯᠭ᠎ᠠ ᠪᠣᠯᠭᠠᠵᠤ᠂ ᠨᠠᠮ᠎ᠤᠨ ᠬᠤᠷᠢᠳᠤᠭᠠᠷ ᠶᠡᠭᠡ ᠬᠤᠷᠠᠯ ᠪᠣᠯᠤᠨ ᠬᠤᠷᠢᠳᠤᠭᠠᠷ ᠬᠤᠭᠤᠴᠠᠭᠠᠨ᠎ᠤ ᠲᠥᠪ ᠬᠤᠷᠢᠶᠠᠨ᠎ᠤ ᠬᠤᠶᠠᠳᠤᠭᠠᠷ᠂ ᠭᠤᠷᠪᠠᠳᠤᠭᠠᠷ ᠪᠦᠭᠦᠳᠡ ᠬᠤᠷᠠᠯ᠎ᠤᠨ ᠵᠣᠷᠢᠭ ᠰᠠᠨᠠᠭ᠎ᠠ᠎ᠶᠢ ᠪᠦᠬᠦ᠌ ᠲᠠᠯ᠎ᠠ᠎ᠪᠠᠷ ᠲᠤᠭᠤᠰᠢᠯᠠᠭᠤᠯᠵᠦ᠍᠂ ᠰᠢ᠎ᠶᠢᠨ ᠫᠢᠩ᠎ᠤᠨ ᠬᠠᠤᠯᠢᠵᠢᠯ᠎ᠤᠨ ᠦᠵᠡᠯ ᠰᠠᠨᠠᠭ᠎ᠠ᠂ ᠶᠡᠷᠦᠩᠬᠡᠢ ᠱᠦᠵᠢ ᠰᠢ᠎ᠶᠢᠨ ᠫᠢᠩ᠎ᠤᠨ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ᠎ᠤᠨ ᠪᠠᠶ᠋ᠢᠭᠤᠯᠤᠯ᠎ᠢ ᠪᠠᠷᠢᠮᠲᠠᠯᠠᠨ ᠲᠡᠭᠦᠯᠳᠡᠷᠵᠢᠭᠦᠯᠬᠦ᠌ ᠲᠤᠬᠠᠢ ᠴᠢᠬᠤᠯᠠ ᠦᠵᠡᠯ ᠰᠠᠨᠠᠭ᠎ᠠ᠎ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠦ᠍᠂ ᠨᠠᠮ᠎ᠤᠨ ᠤᠳᠤᠷᠢᠳᠤᠯᠭ᠎ᠠ᠂ ᠠᠷᠠᠳ ᠲᠦᠮᠡᠨ ᠡᠷᠬᠡ ᠮᠡᠳᠡᠵᠦ᠍ ᠡᠵᠡᠨ ᠰᠠᠭᠤᠬᠤ᠂ ᠬᠠᠤᠯᠢ ᠶᠣᠰᠣᠭᠠᠷ ᠤᠯᠤᠰ᠎ᠢᠶᠠᠨ ᠵᠠᠰᠠᠬᠤ᠎ᠶᠢᠨ ᠣᠷᠭᠠᠨᠢᠭ ᠨᠢᠭᠡᠳᠦᠯ᠎ᠢ ᠪᠠᠷᠢᠮᠲᠠᠯᠠᠵᠤ᠂ ᠪᠥᠬᠦ᠌ ᠶᠠᠪᠤᠴᠠ᠎ᠶᠢᠨ ᠠᠷᠠᠳ᠎ᠤᠨ ᠠᠷᠠᠳᠴᠢᠯᠠᠯ᠎ᠢ ᠲᠠᠰᠤᠷᠠᠯᠲᠠ ᠥᠬᠡᠢ ᠬᠥᠭᠵᠢᠭᠦᠯᠵᠦ᠍᠂ 《ᠨᠢᠭᠡ ᠭᠤᠥᠯ ᠰᠢᠵᠢᠮ᠎ᠢ ᠲᠤᠭᠤᠰᠢᠯᠠᠭᠤᠯᠬᠤ᠂ ᠬᠤᠶᠠᠷ ᠶᠡᠭᠡ ᠶᠠᠪᠤᠳᠠᠯ᠎ᠢ ᠰᠠᠶ᠋ᠢᠲᠤᠷ ᠬᠢᠬᠦ᠂ ᠮᠣᠩᠭᠤᠯ ᠮᠣᠷᠢᠨ᠎ᠤ ᠵᠣᠷᠢᠭ ᠰᠠᠨᠠᠭ᠎ᠠ᠎ᠶᠢ ᠪᠠᠳᠠᠷᠠᠭᠤᠯᠬᠤ᠂ ᠰᠢᠨ᠎ᠡ ᠵᠠᠮ ᠨᠡᠬᠡᠬᠡᠨ ᠲᠤᠮᠳᠠ᠎ᠶᠢᠨ ᠲᠥᠪᠰᠢᠨ᠎ᠳᠤ ᠣᠷᠣᠬᠤ》 ᠭᠤᠣᠯᠳᠠᠯᠭ᠎ᠠ ᠪᠠ ᠶᠡᠭᠡ ᠲᠠᠯ᠎ᠠ᠎ᠶᠢᠨ ᠲᠣᠭᠤᠷᠢᠨ᠎ᠳᠤ 《ᠵᠢᠷᠭᠤᠭᠠᠨ ᠢᠨᠵᠧᠨᠧᠷᠢᠩ》 ᠢ᠋ ᠦᠷᠭᠦᠯᠵᠢᠯᠡᠨ ᠬᠡᠷᠡᠭᠵᠢᠭᠦᠯᠵᠦ᠍᠂ 《ᠵᠢᠷᠭᠤᠭᠠᠨ ᠠᠵᠢᠯᠯᠠᠭ᠎ᠠ》 ᠵᠢ ᠳᠥᠯᠭᠢᠨ ᠠᠬᠢᠭᠤᠯᠵᠤ᠂ ᠳᠤᠮᠳᠠᠳᠤ ᠤᠯᠤᠰ᠎ᠤᠨ ᠮᠠᠶᠢᠭ᠎ᠤᠨ ᠤᠳᠤᠬᠢᠴᠢᠯᠠᠯᠳᠠ᠎ᠶᠢᠨ ᠥᠪᠥᠷ ᠮᠣᠩᠭᠤᠯ᠎ᠤᠨ ᠰᠢᠨ᠎ᠡ ᠬᠠᠭᠤᠳᠠᠰᠤ᠎ᠶᠢ ᠪᠢᠴᠢᠭᠯᠡᠬᠦ᠌᠎ᠳᠤ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ᠎ᠤᠨ ᠬᠦᠴᠦᠨ ᠴᠢᠳᠠᠯ᠎ᠢᠶᠠᠨ ᠡᠷᠭᠦᠬᠦ᠌᠎ᠪᠠᠷ ᠴᠢᠷᠮᠠᠶ᠋ᠢᠶ᠎ᠠ᠃ 

ᠨᠢᠭᠡ᠎ᠳᠤ ᠬᠠᠤᠯᠢ ᠲᠣᠭᠲᠠᠭᠠᠯᠲᠠ᠎ᠶᠢᠨ ᠴᠢᠨᠠᠷ ᠪᠠ ᠦᠷ᠎ᠡ ᠪᠦᠲᠦᠮᠵᠢ᠎ᠶᠢ ᠤᠯᠠᠮ ᠨᠢᠭᠡ ᠠᠯᠬᠤᠮ ᠴᠢᠩᠭᠠᠳᠬᠠᠨ᠎ᠠ᠃ ᠥᠭᠡᠷᠡᠴᠢᠯᠡᠯᠲᠡ ᠬᠢᠬᠦ᠌ ᠪᠠ ᠬᠠᠤᠯᠢ᠎ᠪᠠᠷ ᠵᠠᠰᠠᠬᠤ᠎ᠶᠢ ᠨᠢᠭᠡᠳᠬᠡᠬᠦ᠌᠎ᠶᠢ ᠪᠠᠷᠢᠮᠲᠠᠯᠠᠵᠤ᠂ ᠥᠭᠡᠷᠡᠴᠢᠯᠡᠯᠲᠡ᠎ᠶᠢᠨ ᠡᠭᠦᠷᠭᠡ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠭᠤᠣᠯᠳᠠᠯᠭ᠎ᠠ᠎ᠲᠠᠢ ᠬᠦᠷᠢᠶ᠎ᠡ ᠴᠠᠷᠠᠭ᠎ᠠ᠂ ᠪᠠᠴᠢᠮ ᠬᠡᠷᠡᠭᠴᠡᠭᠡ ᠲᠠᠢ ᠬᠦᠷᠢᠶ᠎ᠡ ᠴᠠᠷᠠᠭᠠᠨ᠎ᠳᠠᠬᠢ ᠬᠠᠤᠯᠢ ᠲᠣᠭᠲᠠᠭᠠᠯᠲᠠ᠎ᠶᠢ ᠴᠢᠩᠭᠠᠳᠬᠠᠨ᠎ᠠ᠃ 《ᠠᠷᠠᠳ᠎ᠠᠴᠠ ᠡᠵᠡᠩᠨᠡᠭᠰᠡᠨ ᠠᠵᠤ ᠠᠬᠤᠢ᠎ᠶᠢᠨ ᠬᠥᠭᠵᠢᠯᠲᠡ᠎ᠶᠢ ᠠᠬᠢᠭᠤᠯᠬᠤ ᠳᠦᠷᠢᠮ》᠂ 《ᠬᠥᠯᠥᠰᠥᠨ ᠠᠵᠢᠯᠴᠢᠨ᠎ᠤ ᠴᠠᠯᠢᠩ ᠮᠥᠩᠭᠦ᠎ᠶᠢ ᠪᠠᠲᠤᠯᠠᠬᠤ ᠳᠦᠷᠢᠮ》 ᠵᠡᠷᠭᠡ ᠣᠷᠣᠨ ᠨᠤᠲᠤᠭ᠎ᠤᠨ ᠴᠢᠨᠠᠷᠲᠠᠢ ᠬᠠᠤᠯᠢ ᠲᠣᠭᠲᠠᠭᠠᠯ᠎ᠢ 13 ᠬᠤᠪᠢ ᠲᠣᠭᠲᠠᠭᠠᠵᠤ᠂ 《ᠤᠰᠤ᠎ᠶᠢ ᠠᠷᠪᠢᠯᠠᠨ ᠬᠡᠷᠡᠭᠯᠡᠬᠦ᠌ ᠲᠦᠷᠢᠮ》᠂ 《ᠮᠠᠯ ᠪᠡᠯᠴᠢᠭᠡᠷ᠎ᠢ ᠲᠡᠩᠴᠡᠭᠦᠷᠢ᠎ᠲᠠᠢ ᠪᠠᠶ᠋ᠢᠯᠭᠠᠬᠤ ᠪᠠ ᠪᠡᠯᠴᠢᠭᠡᠷᠯᠡᠭᠦᠯᠬᠦ᠌᠎ᠶᠢ ᠴᠠᠭᠠᠵᠠᠯᠠᠬᠤ ᠪᠡᠯᠴᠢᠭᠡᠷ᠎ᠢ ᠠᠮᠠᠷᠠᠭᠤᠯᠬᠤ ᠲᠦᠷᠢᠮ》᠂ 《ᠲᠠᠯᠠᠨ ᠬᠠᠷ᠎ᠠ ᠠᠭᠤᠯᠠ᠎ᠶᠢᠨ ᠤᠯᠤᠰ᠎ᠤᠨ ᠲᠡᠰ᠎ᠤᠨ ᠪᠠᠶ᠋ᠢᠭᠠᠯᠢ᠎ᠶᠢᠨ ᠬᠠᠮᠠᠭᠠᠯᠠᠯᠲᠠ᠎ᠶᠢᠨ ᠣᠷᠣᠨ᠎ᠤ ᠲᠦᠷᠢᠮ》᠂ 《ᠤᠯᠠᠭᠠᠨᠮᠥᠢ᠍ᠴᠢᠷ᠎ᠤᠨ ᠲᠦᠷᠢᠮ》 ᠵᠡᠷᠭᠡ 27 ᠬᠤᠪᠢ ᠣᠷᠣᠨ ᠨᠤᠲᠤᠭ᠎ᠤᠨ ᠴᠢᠨᠠᠷᠲᠠᠢ ᠬᠠᠤᠯᠢ ᠲᠣᠭᠲᠠᠭᠠᠯ᠎ᠳᠤ ᠵᠠᠰᠠᠪᠤᠷᠢ ᠣᠷᠣᠭᠤᠯᠬᠤ ᠪᠠᠷ ᠲᠥᠯᠥᠪᠯᠡᠵᠦ᠍᠂ 《ᠣᠷᠣᠨ ᠨᠤᠲᠤᠭ᠎ᠤᠨ ᠮᠥᠩᠭᠦᠨ ᠭᠦᠢᠯᠭᠡᠭᠡᠨ᠎ᠤ ᠬᠢᠨᠠᠯᠲᠠ ᠬᠠᠮᠢᠶᠠᠷᠤᠯᠲᠠ᠎ᠶᠢᠨ ᠲᠦᠷᠢᠮ》᠂ 《ᠵᠡᠭᠡᠯᠢ ᠭᠤᠳᠤᠮᠵᠢ᠎ᠶᠢᠨ ᠬᠡᠷᠡᠭ ᠡᠷᠬᠢᠯᠡᠬᠦ᠌ ᠭᠠᠵᠠᠷ᠎ᠤᠨ ᠠᠵᠢᠯ᠎ᠤᠨ ᠲᠦᠷᠢᠮ》᠂ 《ᠲᠠᠬᠢᠨ ᠡᠭᠦᠰᠴᠦ᠍ ᠪᠣᠯᠬᠤ ᠡᠨᠧᠷᠭᠢ᠎ᠶᠢᠨ ᠰᠤᠷᠪᠤᠯᠵᠢ᠎ᠶᠢᠨ ᠲᠦᠷᠢᠮ》᠂ 《ᠬᠠᠳᠤᠨ ᠭᠤᠣᠯ᠎ᠤᠨ ᠰᠠᠪᠠ ᠭᠠᠵᠠᠷ᠎ᠤᠨ ᠠᠮᠢ ᠠᠬᠤᠢ᠎ᠶᠢᠨ ᠬᠠᠮᠠᠭᠠᠯᠠᠯᠲᠠ ᠪᠠ ᠴᠢᠨᠠᠷ ᠰᠠᠶ᠋ᠢᠲᠠᠢ ᠬᠥᠭᠵᠢᠯᠲᠡ᠎ᠶᠢᠨ ᠲᠦᠷᠢᠮ》 ᠵᠡᠷᠭᠡ᠎ᠶᠢᠨ ᠲᠤᠬᠠᠢ ᠬᠠᠤᠯᠢ ᠲᠣᠭᠳᠠᠭᠠᠯᠳᠠ᠎ᠶᠢᠨ ᠪᠠᠶ᠋ᠢᠴᠠᠭᠠᠨ ᠰᠤᠳᠤᠯᠤᠯᠲᠠ ᠥᠷᠨᠢᠭᠦᠯᠤᠨ᠎ᠠ᠃ ᠣᠷᠣᠨ ᠪᠦᠰᠡ ᠬᠠᠮᠵᠢᠯᠴᠠᠨ ᠬᠠᠤᠯᠢ ᠲᠣᠭᠲᠠᠭᠠᠬᠤ᠎ᠶᠢ ᠴᠢᠩᠭᠠᠳᠬᠠᠵᠤ᠂ 《ᠬᠤᠳᠠᠯᠳᠤᠭ᠎ᠠ ᠡᠷᠬᠢᠯᠡᠬᠦ᠌ ᠣᠷᠴᠢᠨ ᠨᠥᠬᠦᠴᠡᠯ᠎ᠢ ᠤᠯᠠᠮ ᠨᠢᠭᠡ ᠠᠯᠬᠤᠮ ᠰᠢᠯᠢᠳᠡᠭᠵᠢᠭᠦᠯᠬᠦ᠌ ᠲᠣᠭᠲᠠᠭᠠᠯ》 ᠳ᠋ᠤ ᠵᠠᠰᠠᠪᠤᠷᠢ ᠣᠷᠣᠭᠤᠯᠤᠨ᠎ᠠ᠃ ᠠᠷᠠᠳ ᠤᠯᠠᠨ᠎ᠤ ᠬᠠᠤᠯᠢ ᠲᠣᠭᠲᠠᠭᠠᠬᠤ᠎ᠳᠤ ᠣᠷᠣᠯᠴᠠᠬᠤ ᠪᠦᠲᠦᠮᠵᠢᠲᠡᠢ ᠠᠷᠭ᠎ᠠ ᠵᠠᠮ᠎ᠢ ᠢᠳᠡᠪᠬᠢᠲᠡᠢ᠎ᠪᠠᠷ ᠰᠦᠪᠡᠭᠴᠢᠯᠡᠨ ᠥᠷᠭᠡᠳᠬᠡᠵᠦ᠍᠂ ᠬᠠᠤᠯᠢ ᠲᠣᠭᠲᠠᠭᠠᠬᠤ᠎ᠳᠤ ᠠᠷᠠᠳ᠎ᠤᠨ ᠰᠠᠨᠠᠭ᠎ᠠ᠎ᠶᠢ ᠨᠡᠩ ᠰᠠᠶ᠋ᠢᠲᠤᠷ ᠰᠢᠩᠭᠡᠭᠡᠨ ᠠᠪᠴᠤ᠌᠂ ᠠᠷᠠᠳ᠎ᠤᠨ ᠤᠶᠤᠨ ᠤᠬᠠᠭᠠᠨ᠎ᠢ ᠨᠡᠩ ᠰᠠᠶ᠋ᠢᠲᠤᠷ ᠬᠤᠷᠠᠮᠳᠤᠭᠤᠯᠵᠤ᠂ ᠬᠠᠤᠯᠢ ᠲᠣᠭᠲᠠᠭᠠᠬᠤ ᠠᠵᠢᠯ᠎ᠢ ᠠᠷᠠᠳ᠎ᠤᠨ ᠰᠠᠨᠠᠭᠠᠨ᠎ᠤ ᠪᠠᠲᠤ᠌ ᠪᠠᠬᠢ ᠰᠠᠭᠤᠷᠢᠨ ᠳᠡᠭᠡᠷ᠎ᠡ ᠪᠠᠶ᠋ᠢᠭᠤᠯᠬᠤ᠎ᠶᠢ ᠦᠨᠡᠨ ᠬᠦ᠌ ᠪᠠᠲᠤᠯᠠᠨ᠎ᠠ᠃ 

ᠬᠤᠶᠠᠷ᠎ᠲᠤ᠌ ᠬᠢᠨᠠᠯᠲᠠ ᠲᠠᠯᠪᠢᠬᠤ ᠠᠵᠢᠯ᠎ᠤᠨ ᠬᠠᠨᠳᠤᠯᠭᠠᠲᠤ᠌ ᠴᠢᠨᠠᠷ᠂ ᠪᠣᠳᠠᠲᠤ᠌ ᠪᠦᠲᠦᠮᠵᠢᠲᠦ᠍ ᠴᠢᠨᠠᠷ᠎ᠢ ᠲᠠᠰᠤᠷᠠᠯᠳᠠ ᠦᠭᠡᠢ ᠳᠡᠭᠡᠭᠰᠢᠯᠡᠭᠦᠯᠤᠨ᠎ᠠ᠃ ᠦᠨᠳᠦᠰᠦᠨ ᠬᠠᠤᠯᠢ ᠬᠠᠤᠯᠢ ᠴᠠᠭᠠᠵᠠ᠎ᠠᠴᠠ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ᠎ᠳᠤ ᠣᠯᠭᠤᠭᠰᠠᠨ ᠬᠢᠨᠠᠯᠲᠠ ᠲᠠᠯᠪᠢᠬᠤ ᠡᠷᠬᠡ ᠲᠤᠰᠢᠶᠠᠯ᠎ᠢ ᠰᠠᠶ᠋ᠢᠲᠤᠷ ᠭᠦᠢᠴᠡᠳᠬᠡᠵᠦ᠍᠂ 《ᠠᠷᠪᠠᠨ ᠶᠡᠭᠡ ᠬᠢᠨᠠᠯᠲᠠ》 ᠵᠢ ᠲᠤᠭᠤᠰᠢᠯᠠᠭᠤᠯᠤᠨ ᠵᠣᠬᠢᠴᠠᠭᠤᠯᠬᠤ ᠲᠣᠭᠲᠠᠴᠠ᠎ᠶᠢ ᠰᠠᠶ᠋ᠢᠲᠤᠷ ᠬᠡᠷᠡᠭᠯᠡᠨ᠂ ᠭᠤᠣᠯᠳᠠᠯᠭ᠎ᠠ᠎ᠲᠠᠢ ᠤᠶᠠᠯᠳᠤᠭᠤᠯᠤᠨ᠂ ᠶᠡᠭᠡ ᠲᠠᠯ᠎ᠠ᠎ᠳᠤ ᠦᠢᠯᠡᠴᠢᠯᠡᠬᠦ᠂ ᠭᠤᠣᠯᠳᠠᠯᠭ᠎ᠠ᠎ᠶᠢ ᠲᠤᠪᠤᠶ᠋ᠢᠯᠭᠠᠬᠤ᠎ᠶᠢ ᠪᠠᠷᠢᠮᠲᠠᠯᠠᠵᠤ᠂ ᠬᠢᠨᠠᠯᠲᠠ ᠲᠠᠯᠪᠢᠬᠤ ᠠᠷᠭ᠎ᠠ ᠬᠡᠯᠪᠡᠷᠢ᠎ᠶᠢᠨ ᠲᠠᠯ᠎ᠠ ᠪᠠᠷ ᠲᠠᠰᠤᠷᠠᠯᠳᠠ ᠦᠭᠡᠢ ᠰᠢᠨ᠎ᠡ᠎ᠶᠢ ᠡᠭᠦᠳᠴᠦ᠍᠂ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ᠎ᠤᠨ ᠬᠢᠨᠠᠯᠲᠠ᠎ᠶᠢᠨ ᠬᠠᠳᠠᠨ ᠴᠢᠨᠠᠷ ᠪᠠ ᠪᠣᠳᠠᠲᠤ᠌ ᠦᠷ᠎ᠡ ᠪᠦᠲᠦᠮᠵᠢ᠎ᠶᠢ ᠦᠨᠡᠨ ᠬᠦ᠌ ᠳᠡᠭᠡᠭᠰᠢᠯᠡᠭᠦᠯᠦᠨ᠎ᠡ᠃ ᠪᠦᠬᠦ᠌ ᠵᠢᠯ᠎ᠳᠤ 48 ᠵᠦᠢᠯ᠎ᠤᠨ ᠬᠢᠨᠠᠯᠲᠠ ᠲᠠᠯᠪᠢᠬᠤ ᠠᠵᠢᠯ᠎ᠢ ᠲᠣᠬᠢᠷᠠᠭᠤᠯᠬᠤ᠎ᠪᠠᠷ ᠲᠥᠯᠥᠪᠯᠡᠵᠦ᠍᠂ 《ᠨᠡᠶ᠋ᠢᠭᠡᠮ᠎ᠤᠨ ᠢᠲᠡᠭᠡᠮᠵᠢ᠎ᠶᠢᠨ ᠲᠦᠷᠢᠮ》 ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ᠎ᠢ ᠬᠡᠷᠡᠭᠵᠢᠭᠦᠯᠦᠭᠰᠡᠨ ᠪᠠᠶ᠋ᠢᠳᠠᠯ᠎ᠳᠤ ᠬᠠᠤᠯᠢ ᠬᠡᠷᠡᠭᠵᠢᠭᠦᠯᠦᠯᠲᠡ᠎ᠶᠢᠨ ᠪᠠᠶ᠋ᠢᠴᠠᠭᠠᠯᠲᠠ ᠬᠢᠨ᠎ᠠ᠃ ᠴᠢᠬᠤᠯᠠ ᠶᠡᠭᠡ ᠲᠥᠷᠥᠯ ᠵᠦᠢᠯ᠎ᠢ ᠤᠬᠠᠭᠠᠯᠠᠨ ᠲᠥᠯᠥᠪᠯᠡᠬᠦ᠌ ᠠᠵᠢᠯᠯᠠᠭ᠎ᠠ᠂ ᠠᠵᠤ ᠠᠬᠤᠢ᠌ᠯᠠᠯ᠎ᠢ ᠲᠤᠰᠠᠯᠠᠬᠤ ᠠᠵᠢᠯᠯᠠᠭ᠎ᠠ᠂ ᠠᠵᠢᠯ ᠣᠯᠭᠤᠯᠲᠠ᠎ᠶᠢ ᠠᠬᠢᠭᠤᠯᠬᠤ ᠠᠵᠢᠯᠯᠠᠭ᠎ᠠ᠂ ᠤᠰᠤ ᠠᠷᠪᠢᠯᠠᠬᠤ ᠠᠵᠢᠯᠯᠠᠭ᠎ᠠ᠂ ᠣᠷᠣᠨ ᠪᠦᠰᠡ᠎ᠶᠢᠨ ᠬᠠᠮᠲᠤᠷᠠᠯᠴᠠᠭ᠎ᠠ᠎ᠶᠢ ᠭᠦᠨᠵᠡᠭᠡᠶ᠋ᠢᠷᠡᠭᠦᠯᠬᠦ᠌ ᠠᠵᠢᠯᠯᠠᠭ᠎ᠠ᠎ᠶᠢ ᠦᠷᠨᠢᠭᠦᠯᠦᠭᠰᠡᠨ ᠪᠠᠶ᠋ᠢᠳᠠᠯ᠎ᠤᠨ ᠲᠤᠬᠠᠢ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠮᠡᠳᠡᠭᠦᠯᠦᠯᠲᠡ᠎ᠶᠢ ᠲᠣᠰ ᠲᠣᠰ ᠰᠣᠨᠣᠰᠴᠤ᠌ ᠬᠢᠨᠠᠨ ᠵᠥᠪᠯᠡᠨ᠎ᠡ᠃ ᠤᠮᠠᠷᠠᠲᠤ᠌ ᠬᠢᠯᠢ᠎ᠶᠢᠨ ᠰᠣᠶᠣᠯ᠎ᠤᠨ ᠪᠠᠶ᠋ᠢᠭᠤᠯᠤᠯᠲᠠ᠎ᠶᠢ ᠳᠡᠭᠡᠭᠰᠢᠯᠡᠭᠦᠯᠦᠭᠰᠡᠠ ᠠᠵᠢᠯᠯᠠᠭ᠎ᠠ᠎ᠶᠢᠨ ᠪᠠᠶ᠋ᠢᠳᠠᠯ᠎ᠳᠤ ᠲᠤᠰᠬᠠᠢ ᠰᠡᠳᠦᠪᠲᠦ᠍ ᠪᠠᠶ᠋ᠢᠴᠠᠭᠠᠨ ᠰᠤᠳᠤᠯᠤᠯᠲᠠ ᠬᠢᠨ᠎ᠠ᠃ ᠳᠤᠮᠳᠠᠳᠤ᠎ᠶᠢᠨ ᠦᠨᠳᠦᠰᠦᠲᠡᠨ᠎ᠤ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠳᠣ ᠴᠤᠬᠴᠠᠯᠠᠬᠤ ᠠᠵᠢᠯ᠎ᠤᠨ ᠭᠤᠣᠯ ᠰᠢᠵᠢᠮ᠎ᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠤᠭᠰᠠᠨ᠂ ᠪᠦᠬᠦ᠌ ᠣᠷᠣᠨ᠎ᠤ ᠰᠢᠨ᠎ᠡ᠎ᠪᠠᠷ ᠨᠡᠮᠡᠭᠳᠡᠭᠰᠡᠨ ᠲᠠᠷᠢᠶᠠᠨ ᠭᠠᠵᠠᠷ᠎ᠢ ᠵᠢᠷᠤᠮᠵᠢᠭᠤᠯᠤᠨ ᠬᠠᠮᠢᠶᠠᠷᠴᠤ᠌ ᠠᠰᠢᠭᠯᠠᠭᠰᠠᠨ᠂ ᠠᠶᠤᠯᠭᠦᠢ ᠦᠢᠯᠡᠳᠪᠦᠷᠢᠯᠡᠯ᠎ᠤᠨ ᠬᠠᠷᠢᠭᠤᠴᠠᠯᠭ᠎ᠠ᠎ᠶᠢᠨ ᠲᠦᠷᠢᠮ᠎ᠢ ᠨᠠᠶ᠋ᠢᠳᠠᠪᠤᠷᠢᠵᠢᠭᠤᠯᠤᠭᠰᠠᠨ ᠵᠡᠷᠭᠡ ᠪᠠᠶ᠋ᠢᠳᠠᠯ᠎ᠳᠤ ᠬᠢᠨᠠᠯᠲᠠ ᠲᠠᠯᠪᠢᠨ᠎ᠡ᠃ ᠮᠠᠯ ᠪᠡᠯᠴᠢᠭᠡᠷ᠎ᠢ ᠲᠡᠩᠴᠡᠭᠦᠷᠢ᠎ᠲᠠᠢ ᠪᠠᠶ᠋ᠢᠯᠭᠠᠬᠤ ᠪᠠ ᠪᠡᠯᠴᠢᠭᠡᠷᠯᠡᠭᠦᠯᠬᠦ᠌᠎ᠶᠢ ᠴᠠᠭᠠᠵᠠᠯᠠᠬᠤ ᠪᠡᠯᠴᠢᠭᠡᠷ᠎ᠢ ᠠᠮᠠᠷᠠᠭᠤᠯᠬᠤ᠂ ᠭᠠᠵᠠᠷ ᠳᠣᠥᠷᠠᠬᠢ ᠤᠰᠤ᠎ᠶᠢ ᠬᠠᠮᠠᠭᠠᠯᠠᠬᠤ ᠪᠠ ᠬᠠᠮᠢᠶᠠᠷᠬᠤ ᠵᠡᠷᠭᠡ ᠭᠤᠥᠯᠳᠠᠯᠭ᠎ᠠ᠎ᠲᠠᠢ ᠠᠵᠢᠯ᠎ᠳᠤ ᠮᠥᠷᠳᠡᠨ ᠬᠢᠨᠠᠯᠲᠠ ᠲᠠᠯᠪᠢᠬᠤ᠎ᠶᠢ ᠥᠷᠨᠢᠭᠦᠯᠦᠨ᠎ᠡ᠃ ᠰᠢᠨ᠎ᠡ᠎ᠪᠠᠷ ᠵᠠᠰᠠᠪᠤᠷᠢ ᠣᠷᠣᠭᠤᠯᠤᠭᠰᠠᠨ ᠬᠢᠨᠠᠯᠲᠠ ᠲᠠᠯᠪᠢᠬᠤ ᠬᠠᠤᠯᠢ᠎ᠶᠢ ᠪᠦᠬᠦ᠌ ᠲᠠᠯ᠎ᠠ᠎ᠪᠠᠷ ᠲᠤᠭᠤᠰᠢᠯᠠᠭᠤᠯᠤᠨ ᠬᠡᠷᠡᠭᠵᠢᠭᠦᠯᠵᠦ᠍᠂ ᠤᠯᠠᠨ ᠲᠦᠮᠡᠨ᠎ᠤ ᠰᠠᠨᠠᠭᠠᠰᠢᠷᠠᠵᠤ ᠬᠦᠰᠡᠵᠦ᠍ ᠡᠷᠡᠮᠡᠯᠵᠡᠵᠦ᠍ ᠪᠠᠶ᠋ᠢᠭ᠎ᠠ ᠵᠦᠢᠯ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠠᠵᠤ ᠠᠬᠤᠢ ᠨᠡᠶ᠋ᠢᠭᠡᠮ᠎ᠤᠨ ᠬᠥᠭᠵᠢᠯᠲᠡ᠎ᠶᠢ ᠬᠢᠵᠠᠭᠠᠷᠯᠠᠵᠤ ᠪᠠᠶ᠋ᠢᠭ᠎ᠠ ᠲᠤᠪᠤᠶ᠋ᠢᠮ᠎ᠠ ᠵᠥᠷᠢᠴᠡᠯ ᠪᠠ ᠠᠰᠠᠭᠤᠳᠠᠯ᠎ᠢ ᠰᠢ᠌ᠳᠪᠦᠷᠢᠯᠡᠬᠦ᠌᠎ᠶᠢ ᠲᠦᠯᠬᠢᠨ ᠠᠬᠢᠭᠤᠯᠵᠤ᠂ ᠲᠦᠷᠦ᠎ᠶᠢᠨ ᠪᠠᠶ᠋ᠢᠭᠤᠯᠭ᠎ᠠ᠎ᠨᠤᠭᠤᠳ᠎ᠤᠨ ᠬᠠᠤᠯᠢ ᠶᠣᠰᠣᠭᠠᠷ ᠡᠷᠬᠡ᠎ᠪᠠᠨ ᠬᠡᠷᠡᠭᠵᠢᠭᠦᠯᠬᠦ᠌᠎ᠳᠤ ᠬᠢᠨᠠᠯᠲᠠ ᠲᠠᠯᠪᠢᠵᠤ᠂ ᠠᠷᠠᠳ ᠤᠯᠠᠨ᠎ᠤ ᠬᠠᠤᠯᠢ ᠶᠣᠰᠣᠨ᠎ᠤ ᠡᠷᠬᠡ ᠠᠰᠢᠭ᠎ᠢ ᠬᠠᠮᠠᠭᠠᠯᠠᠨ ᠪᠡᠶᠡᠯᠡᠭᠦᠯᠦᠨ᠎ᠡ᠃ 

ᠭᠤᠷᠪᠠ᠎ᠳᠤ ᠲᠥᠯᠥᠬᠡᠯᠡᠭᠴᠢ᠎ᠶᠢᠨ ᠲᠤᠰᠢᠶᠠᠯ᠎ᠵᠢᠡᠨ ᠭᠦᠢᠴᠡᠳᠬᠡᠬᠦ᠌ ᠲᠠᠪᠴᠠᠩ᠎ᠢ ᠪᠠᠶ᠋ᠢᠭᠤᠯᠤᠨ᠎ᠠ᠃ ᠠᠷᠪᠠᠨ ᠲᠠᠪᠤᠳᠤᠭᠠᠷ ᠲᠠᠪᠤᠨ ᠵᠢᠯ᠎ᠤᠨ ᠲᠥᠯᠥᠪᠵᠢᠭᠦᠯᠭᠡ᠎ᠶᠢ ᠨᠠᠶ᠋ᠢᠷᠠᠭᠤᠯᠤᠨ ᠵᠣᠬᠢᠶᠠᠬᠤ᠂ ᠠᠮᠢ ᠠᠬᠤᠢ ᠣᠷᠴᠢᠨ ᠲᠤᠭᠤᠷᠢᠨ᠎ᠤ ᠬᠠᠮᠠᠭᠠᠯᠠᠯᠲᠠ ᠪᠠ ᠰᠣᠶᠣᠯ ᠵᠢᠭᠤᠯᠴᠢᠯᠠᠯ᠎ᠤᠨ ᠠᠵᠤ ᠦᠢᠯᠡᠰ᠎ᠤᠨ ᠬᠥᠭᠵᠢᠯᠲᠡ ᠵᠡᠷᠭᠡ ᠭᠤᠣᠯ ᠰᠡᠳᠦᠪ᠎ᠲᠠᠢ ᠤᠶᠠᠯᠳᠤᠭᠤᠯᠤᠨ᠂ ᠠᠵᠢᠯ ᠪᠠᠶ᠋ᠢᠴᠠᠭᠠᠬᠤ᠂ ᠲᠤᠰᠬᠠᠢ ᠰᠡᠳᠦᠪᠲᠦ᠍ ᠪᠠᠶ᠋ᠢᠴᠠᠭᠠᠨ ᠰᠤᠳᠤᠯᠤᠯᠲᠠ ᠬᠢᠬᠦ᠌ ᠪᠠ ᠲᠥᠯᠥᠭᠡᠯᠡᠭᠴᠢᠳ᠎ᠤᠨ ᠳᠤᠭᠤᠢ᠌ᠯᠠᠩ᠎ᠤᠨ ᠠᠵᠢᠯᠯᠠᠭ᠎ᠠ᠎ᠶᠢ ᠥᠷᠨᠢᠭᠦᠯᠵᠦ᠍᠂ ᠲᠥᠯᠥᠬᠡᠯᠡᠭᠴᠢ᠎ᠶᠢᠨ ᠪᠠᠶ᠋ᠢᠩᠭᠤ᠎ᠶᠢᠨ ᠬᠤᠷᠢᠶᠠᠨ᠎ᠤ ᠠᠵᠢᠯ᠎ᠳᠤ ᠣᠷᠣᠯᠴᠠᠬᠤ᠎ᠳᠤ ᠳᠡᠮᠵᠢᠯᠭᠡ ᠦᠵᠡᠭᠦᠯᠵᠦ᠍᠂ ᠨᠥᠬᠦᠴᠡᠯ ᠪᠦᠷᠢᠯᠳᠦᠭᠦᠯᠵᠦ᠍ ᠥᠭᠭᠦᠨ᠎ᠡ᠃ ᠲᠥᠯᠥᠬᠡᠯᠡᠭᠴᠢ᠎ᠶᠢᠨ ᠪᠣᠯᠪᠠᠰᠤᠷᠠᠯ᠎ᠤᠨ ᠬᠡᠯᠪᠡᠷᠢ᠎ᠶᠢᠨ ᠲᠠᠯ᠎ᠠ᠎ᠪᠠᠷ ᠰᠢᠨ᠎ᠡ᠎ᠶᠢ ᠡᠭᠦᠳᠴᠦ᠍᠂ ᠲᠥᠯᠥᠬᠡᠯᠡᠭᠴᠢ᠎ᠶᠢᠨ ᠪᠣᠯᠪᠠᠰᠤᠷᠠᠯ᠎ᠤᠨ ᠬᠠᠨᠳᠤᠯᠭᠠᠲᠤ᠌ ᠴᠢᠨᠠᠷ᠂ ᠪᠣᠳᠠᠲᠤ᠌ ᠪᠦᠲᠦᠮᠵᠢᠲᠦ᠍ ᠴᠢᠨᠠᠷ᠎ᠢ ᠨᠡᠮᠡᠭᠳᠡᠭᠦᠯᠦᠨ᠎ᠡ᠃ ᠲᠥᠯᠥᠬᠡᠯᠡᠭᠴᠢ᠎ᠶᠢᠨ ᠰᠠᠨᠠᠯ ᠵᠥᠪᠯᠡᠯᠭᠡ ᠪᠠ ᠰᠠᠨᠠᠭᠤᠯᠭ᠎ᠠ᠎ᠶᠢ ᠭᠦᠢᠴᠡᠳᠬᠡᠬᠦ᠌ ᠠᠵᠢᠯ᠎ᠤᠨ ᠡᠷᠴᠢᠮ᠎ᠢᠶᠠᠨ ᠴᠢᠩᠭᠠᠷᠠᠭᠤᠯᠵᠤ᠂ ᠰᠠᠨᠠᠭᠤᠯᠭ᠎ᠠ᠎ᠶᠢ ᠭᠦᠢᠴᠡᠳᠬᠡᠬᠦ᠌ ᠬᠠᠨᠤᠮᠵᠢ᠎ᠶᠢᠨ ᠨᠤᠷᠮ᠎ᠠ᠎ᠶᠢ ᠲᠠᠰᠤᠷᠠᠯᠳᠠ ᠦᠭᠡᠢ ᠲᠡᠭᠡᠭᠰᠢᠯᠡᠭᠦᠯᠣᠨ᠎ᠡ᠃ 《ᠲᠥᠯᠥᠭᠡᠯᠡᠭᠴᠢ᠎ᠶᠢᠨ ᠬᠠᠤᠯᠢ᠎ᠶᠢ ᠬᠡᠷᠡᠭᠵᠢᠭᠦᠯᠬᠦ᠌ ᠠᠷᠭ᠎ᠠ》 ᠵᠡᠷᠭᠡ ᠬᠤᠯᠪᠣᠭᠳᠠᠯ ᠪᠦᠬᠦᠢ ᠬᠠᠤᠯᠢ ᠲᠣᠭᠲᠠᠭᠠᠯ ᠲᠦᠷᠢᠮ ᠲᠣᠭᠲᠠᠭᠠᠯ᠎ᠳᠤ ᠵᠠᠰᠠᠪᠤᠷᠢ ᠣᠷᠣᠭᠤᠯᠵᠤ᠂ ᠲᠥᠯᠥᠭᠡᠯᠡᠭᠴᠢᠳ᠎ᠤᠨ ᠠᠵᠢᠯ᠎ᠤᠨ ᠳᠦᠷᠢᠮᠵᠢᠯᠲᠡ ᠪᠠ ᠵᠢᠷᠤᠮᠵᠢᠯᠲᠠ᠎ᠶᠢ ᠲᠦᠯᠬᠢᠨ ᠠᠬᠢᠭᠤᠯᠵᠤ᠂ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ᠎ᠤᠨ ᠲᠥᠯᠥᠭᠡᠯᠡᠭᠴᠢ᠎ᠶᠢᠨ ᠦᠢᠯᠡᠳᠦᠯ᠎ᠢ ᠨᠡᠩ ᠭᠦᠢᠴᠡᠳ ᠪᠦᠬᠦ᠌ ᠲᠠᠯ᠎ᠠ᠎ᠪᠠᠷ ᠪᠠᠳᠠᠷᠠᠭᠤᠯᠤᠨ᠎ᠠ᠃ 

ᠳᠦᠷᠪᠡ᠎ᠳᠤ ᠲᠤᠰ ᠪᠡᠶ᠎ᠡ᠎ᠶᠢᠨ ᠪᠠᠶ᠋ᠢᠭᠤᠯᠤᠯᠲᠠ᠎ᠪᠠᠨ ᠪᠦᠬᠦ᠌ ᠲᠠᠯ᠎ᠠ᠎ᠪᠠᠷ ᠴᠢᠩᠭᠠᠳᠬᠠᠨ᠎ᠡ᠃ ᠪᠦᠬᠦ᠌ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠱᠠᠭᠠᠷᠳᠠᠯᠭ᠎ᠠ᠎ᠶᠢ ᠨᠠᠶ᠋ᠢᠳᠠᠪᠤᠷᠢᠵᠢᠭᠤᠯᠵᠤ᠂ ᠤᠯᠤᠰ ᠲᠦᠷᠦ᠎ᠶᠢᠨ ᠪᠠᠶ᠋ᠢᠭᠤᠯᠤᠯᠲᠠ᠂ ᠦᠵᠡᠯ ᠰᠠᠨᠠᠭᠠᠨ᠎ᠤ ᠪᠠᠶ᠋ᠢᠭᠤᠯᠤᠯᠲᠠ᠂ ᠵᠣᠬᠢᠶᠠᠨ ᠪᠠᠶ᠋ᠢᠭᠤᠯᠤᠯᠲᠠ᠎ᠶᠢᠨ ᠪᠠᠶ᠋ᠢᠭᠤᠯᠤᠯᠲᠠ᠂ ᠰᠤᠷᠲᠠᠯ᠎ᠤᠨ ᠪᠠᠶ᠋ᠢᠭᠤᠯᠤᠯᠲᠠ᠂ ᠰᠠᠬᠢᠯᠭ᠎ᠠ ᠪᠠᠲᠤ᠎ᠶᠢᠨ ᠪᠠᠶ᠋ᠢᠭᠤᠯᠤᠯᠲᠠ᠎ᠶᠢ ᠲᠠᠰᠤᠷᠠᠯᠲᠠ ᠦᠭᠡᠢ ᠴᠢᠩᠭᠠᠳᠬᠠᠨ᠎ᠠ᠃ ᠨᠠᠮ᠎ᠤᠨ ᠤᠳᠤᠷᠢᠳᠬᠤ ᠳᠤᠭᠤᠢ᠌ᠯᠠᠩ᠎ᠤᠨ ᠬᠠᠮᠲᠤ᠎ᠶᠢᠨ ᠰᠤᠷᠤᠯᠴᠠᠯᠭ᠎ᠠ᠂ ᠪᠠᠶ᠋ᠢᠩᠭᠤ᠎ᠶᠢᠨ ᠬᠤᠷᠢᠶᠠᠨ᠎ᠤ ᠲᠤᠰᠬᠠᠢ ᠰᠡᠳᠦᠪᠲᠦ᠍ ᠲᠠᠶ᠋ᠢᠯᠤᠮᠵᠢ ᠬᠢᠬᠦ᠌ ᠵᠡᠷᠭᠡ ᠲᠦᠷᠢᠮ᠎ᠢ ᠪᠠᠷᠢᠮᠲᠠᠯᠠᠨ ᠲᠡᠭᠦᠯᠳᠡᠷᠵᠢᠭᠦᠯᠵᠦ᠍᠂ ᠨᠠᠮ᠎ᠤᠨ ᠰᠢᠨ᠎ᠡ᠎ᠶᠢ ᠡᠭᠦᠳᠥᠭᠰᠡᠨ ᠤᠨᠤᠯ᠎ᠢᠶᠠᠷ ᠵᠡᠪᠰᠡᠭᠯᠡᠬᠦ᠌᠎ᠶᠢ ᠡᠳᠦᠷ ᠲᠤᠳᠤᠮ᠎ᠤᠨ ᠠᠵᠢᠯ᠎ᠳᠤ᠎ᠪᠠᠨ ᠠᠭᠤᠰᠬᠠᠵᠤ᠂ ᠪᠠᠶ᠋ᠢᠩᠭᠤ ᠠᠳᠬᠤᠨ᠎ᠠ᠃ ᠨᠠᠮ᠎ᠤᠨ ᠰᠠᠬᠢᠯᠭ᠎ᠠ ᠪᠠᠲᠤ᠎ᠶᠢᠨ ᠰᠤᠷᠤᠯᠴᠠᠯᠭ᠎ᠠ ᠬᠥᠮᠦᠵᠢᠯ᠎ᠢ ᠪᠠᠶ᠋ᠢᠩᠭᠤᠵᠢᠭᠤᠯᠬᠤ ᠪᠠ ᠤᠷᠳᠤ ᠬᠤᠭᠤᠴᠠᠭ᠎ᠠ᠎ᠪᠠᠷ ᠪᠦᠲᠦᠮᠵᠢᠲᠡᠢ ᠪᠠᠶ᠋ᠢᠯᠭᠠᠬᠤ᠎ᠶᠢ ᠯᠠᠪᠳᠠᠭᠤᠨ ᠪᠠᠲᠤᠲᠠᠢ ᠠᠬᠢᠭᠤᠯᠵᠤ᠂ ᠲᠦᠷᠢᠮ ᠲᠣᠭᠲᠠᠭᠠᠯ᠎ᠢ ᠵᠢᠷᠤᠮᠯᠠᠨ ᠰᠠᠬᠢᠯᠭ᠎ᠠ ᠪᠠᠲᠤ᠎ᠶᠢ ᠰᠠᠬᠢᠬᠤ᠂ ᠠᠵᠢᠯ ᠬᠢᠵᠦ᠍ ᠦᠢᠯᠡᠰ ᠪᠤᠰᠬᠠᠬᠤ ᠰᠠᠶ᠋ᠢᠨ ᠰᠠᠶ᠋ᠢᠬᠠᠨ ᠠᠭᠤᠷ ᠠᠮᠢᠰᠬᠤᠯ᠎ᠢ ᠪᠦᠷᠢᠯᠳᠦᠭᠦᠯᠬᠦ᠌᠎ᠶᠢ ᠬᠦᠴᠦᠯᠡᠨ ᠠᠬᠢᠭᠤᠯᠤᠨ᠎ᠠ᠃ ᠪᠠᠶ᠋ᠢᠴᠠᠭᠠᠨ ᠰᠤᠳᠤᠯᠤᠯᠲᠠ᠎ᠶᠢᠨ ᠠᠵᠢᠯ᠎ᠢ ᠴᠢᠩᠭᠠᠳᠬᠠᠨ ᠰᠠᠶ᠋ᠢᠵᠢᠷᠠᠭᠤᠯᠵᠤ᠂ ᠬᠡᠯᠪᠡᠷᠢᠴᠢ ᠦᠵᠡᠯ᠎ᠢ ᠴᠡᠭᠴᠡᠯᠡᠨ ᠵᠠᠰᠠᠵᠤ ᠦᠨᠳᠦᠰᠦᠨ ᠱᠠᠲᠤᠨ᠎ᠤ ᠳᠠᠷᠤᠭᠠᠰᠤ᠎ᠶᠢ ᠬᠥᠩᠭᠡᠷᠡᠭᠦᠯᠬᠦ᠌᠎ᠶᠢ ᠦᠷᠭᠦᠯᠵᠢᠯᠡᠨ ᠲᠦᠯᠬᠢᠨ ᠠᠬᠢᠭᠤᠯᠤᠨ᠎ᠠ᠃ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ᠎ᠤᠨ ᠠᠵᠢᠯ᠎ᠤᠨ ᠰᠡᠳᠬᠢᠴᠡ ᠠᠷᠭ᠎ᠠ᠎ᠶᠢ ᠲᠠᠰᠤᠷᠠᠯᠲᠠ ᠥᠬᠡᠢ ᠰᠢᠨ᠎ᠡ᠎ᠪᠠᠷ ᠡᠭᠦᠳᠴᠦ᠍᠂ ᠥᠭᠡᠷᠡᠴᠢᠯᠡᠯᠲᠡ ᠬᠢᠵᠦ᠍ ᠰᠢᠨ᠎ᠡ᠎ᠶᠢ ᠡᠭᠦᠳᠬᠦ᠌ ᠵᠣᠷᠢᠭ ᠰᠠᠨᠠᠭ᠎ᠠ᠎ᠪᠠᠷ ᠥᠭᠡᠷᠡᠴᠢᠯᠡᠯᠲᠡ᠎ᠶᠢᠨ ᠡᠭᠦᠷᠭᠡ᠎ᠶᠢ ᠨᠠᠶ᠋ᠢᠳᠠᠪᠤᠷᠢᠵᠢᠭᠤᠯᠤᠨ ᠦᠷ᠎ᠡ ᠪᠦᠲᠦᠮᠵᠢ ᠤᠯᠬᠤ᠎ᠶᠢ ᠠᠬᠢᠭᠤᠯᠵᠤ᠂ ᠪᠥᠬᠦ᠌ ᠣᠷᠣᠨ᠎ᠤ ᠥᠭᠡᠷᠡᠴᠢᠯᠡᠯᠲᠡ᠎ᠶᠢ ᠤᠯᠠᠮ ᠨᠢᠭᠡ ᠠᠯᠬᠤᠮ ᠪᠥᠬᠦ᠌ ᠲᠠᠯ᠎ᠠ᠎ᠪᠠᠷ ᠭᠦᠨᠵᠡᠭᠡᠶ᠋ᠢᠷᠡᠭᠦᠯᠬᠦ᠌᠎ᠳᠤ ᠪᠠᠲᠤ᠌ ᠴᠢᠩᠭ᠎ᠠ ᠬᠠᠥᠯᠢᠵᠢᠯ᠎ᠤᠨ ᠪᠠᠲᠤᠯᠠᠭ᠎ᠠ ᠬᠠᠩᠭᠠᠨ᠎ᠠ᠃ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ᠎ᠤᠨ ᠲᠤᠰᠢᠶᠠᠯ᠎ᠢᠶᠠᠨ ᠭᠦᠢᠴᠡᠳᠬᠡᠬᠦ᠌ ᠲᠦᠷᠢᠮ᠎ᠤᠨ ᠪᠠᠶ᠋ᠢᠭᠤᠯᠤᠯᠲᠠ ᠪᠠ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ᠎ᠤᠨ ᠠᠵᠢᠯ᠎ᠤᠨ ᠡᠩᠨᠡᠭᠡ᠎ᠶᠢᠨ ᠪᠠᠶ᠋ᠢᠭᠤᠯᠤᠯᠲᠠ᠎ᠶᠢ ᠴᠢᠩᠭᠠᠳᠬᠠᠵᠤ᠂ ᠪᠠᠶ᠋ᠢᠩᠭᠤ᠎ᠶᠢᠨ ᠬᠤᠷᠢᠶᠠᠨ᠎ᠤ ᠪᠦᠷᠢᠯᠳᠦᠬᠦᠨ ᠪᠠ ᠡᠯ᠎ᠡ ᠲᠤᠰᠬᠠᠢ ᠵᠥᠪᠯᠡᠯ᠂ ᠠᠵᠢᠯ᠎ᠤᠨ ᠵᠥᠪᠯᠡᠯ᠎ᠤᠨ ᠦᠢᠯᠡᠳᠦᠯ᠎ᠢ ᠨᠡᠩ ᠰᠠᠶ᠋ᠢᠲᠤᠷ ᠪᠠᠳᠠᠷᠠᠭᠤᠯᠵᠤ᠂ ᠠᠶ᠋ᠢᠮᠠᠭ ᠬᠤᠳᠠ᠎ᠶᠢᠨ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ᠎ᠲᠠᠢ ᠬᠠᠷᠢᠯᠴᠠᠬᠤ᠂ ᠬᠠᠮᠵᠢᠯᠴᠠᠬᠤ᠂ ᠬᠤᠯᠪᠤᠭᠠᠯᠬᠠᠤ᠎ᠪᠠᠨ ᠴᠢᠩᠭᠠᠳᠬᠠᠵᠤ᠂ ᠪᠦᠬᠦ᠌ ᠣᠷᠣᠨ᠎ᠤ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ᠎ᠤᠨ ᠠᠵᠢᠯ᠎ᠤᠨ ᠪᠦᠬᠦᠯᠢ ᠴᠣᠭᠴᠠ᠎ᠶᠢᠨ ᠪᠣᠳᠠᠲᠤ᠌ ᠦᠷ᠎ᠡ ᠪᠦᠲᠦᠮᠵᠢ᠎ᠶᠢ ᠳᠡᠭᠡᠭᠰᠢᠯᠡᠭᠦᠯᠦᠨ᠎ᠡ᠃ 

ᠲᠥᠯᠥᠭᠡᠯᠡᠭᠴᠢᠳ ᠡ᠂ ᠪᠢᠳᠡ ᠰᠢ᠎ᠶᠢᠨ ᠫᠢᠩ ᠨᠥᠬᠦᠷ᠎ᠢᠶᠠᠷ ᠭᠤᠣᠯ ᠪᠣᠯᠭᠠᠭᠰᠠᠨ ᠨᠠᠮ᠎ᠤᠨ ᠲᠥᠪ ᠬᠤᠷᠢᠶᠠᠨ᠎ᠤ ᠲᠣᠭᠤᠷᠢᠨ᠎ᠳᠤ ᠨᠡᠩ ᠢᠯᠡᠭᠦᠦ ᠨᠢᠭᠲᠠᠷᠠᠨ ᠪᠦᠯᠬᠦᠮᠳᠡᠵᠦ᠍᠂ ᠰᠢ᠎ᠶᠢᠨ ᠫᠢᠩ᠎ᠤᠨ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠶᠢ ᠭᠦᠨᠵᠡᠭᠡᠢ ᠲᠤᠭᠤᠰᠢᠯᠠᠭᠤᠯᠵᠦ᠍᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶᠠᠨ᠎ᠤ ᠪᠠᠲᠤ᠌ ᠴᠢᠩᠭ᠎ᠠ ᠤᠳᠤᠷᠢᠳᠤᠯᠭ᠎ᠠ ᠳᠣᠣᠷ᠎ᠠ᠂ ᠬᠦᠰᠡᠯ ᠨᠠᠶ᠋ᠢᠳᠠᠯᠭ᠎ᠠ᠎ᠶᠢ ᠪᠠᠲᠤ᠌ ᠴᠡᠭᠡᠵᠢᠯᠡᠵᠦ᠍᠂ ᠠᠴᠢ ᠬᠠᠷᠢᠭᠤᠯᠠᠨ ᠡᠷᠡᠯᠬᠡᠭᠯᠡᠨ ᠤᠷᠤᠭᠰᠢᠯᠠᠵᠤ᠂ ᠦᠨᠳᠦᠰᠦᠨ ᠬᠠᠤᠯᠢ ᠬᠠᠤᠯᠢ ᠴᠠᠭᠠᠵᠠ᠎ᠠᠴᠠ ᠣᠯᠭᠤᠭᠰᠠᠨ ᠡᠯ᠎ᠡ ᠵᠦᠢᠯ᠎ᠤᠨ ᠲᠤᠰᠢᠶᠠᠯ ᠬᠠᠷᠢᠭᠤᠴᠠᠯᠭ᠎ᠠ᠎ᠪᠠᠨ ᠪᠦᠬᠦ᠌ ᠲᠠᠯ᠎ᠠ᠎ᠪᠠᠷ ᠭᠦᠢᠴᠡᠳᠬᠡᠵᠦ᠍᠂ ᠳᠤᠮᠳᠠᠳᠤ ᠤᠯᠤᠰ᠎ᠤᠨ ᠮᠠᠶᠢᠭ᠎ᠤᠨ ᠤᠳᠤᠬᠢᠴᠢᠯᠠᠯᠳᠠ᠎ᠶᠢᠨ ᠥᠪᠥᠷ ᠮᠣᠩᠭᠤᠯ᠎ᠤᠨ ᠰᠢᠨ᠎ᠡ ᠬᠠᠭᠤᠳᠠᠰᠤ᠎ᠶᠢ ᠴᠢᠷᠮᠠᠶ᠋ᠢᠨ ᠪᠢᠴᠢᠭᠯᠡᠬᠦ᠌᠎ᠳᠤ ᠨᠡᠩ ᠶᠡᠭᠡ ᠬᠤᠪᠢ ᠨᠡᠮᠡᠷᠢ᠎ᠪᠠᠨ ᠦᠵᠡᠭᠦᠯᠰᠦᠭᠡᠢ!

(ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠲᠦᠯᠦᠬᠡᠯᠡᠭᠴᠢᠳ᠎ᠤᠨ ᠶᠡᠬᠡ ᠬᠤᠷᠠᠯ᠎ᠤᠨ ᠪᠠᠢᠩᠭᠤ ᠵᠢᠨ ᠬᠤᠷᠢᠶ᠎ᠠ ᠵᠢᠨ ᠠᠯᠪᠠᠨ ᠲᠢᠩᠬᠢᠮ᠎ᠤᠨ ᠤᠷᠴᠢᠭᠤᠯᠭ᠎ᠠ ᠵᠢᠨ ᠭᠠᠵᠠᠷ ᠤᠷᠴᠢᠭᠤᠯᠪᠠ)

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号